ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ | ᠰᠠᠯᠠᠭ᠎ᠠ ᠮᠦᠴᠢᠷ ᠲᠤ᠄ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠰᠠᠭ ᠶᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ | ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ | ᠣᠷᠣᠨ᠂ ᠤᠯᠠᠭᠠᠨᠴᠠᠪ ᠬᠤᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠵᠢᠯ ᠤᠨ ᠬᠡᠷᠡᠭᠴᠡᠭᠡ ᠪᠠᠨ | ᠦᠨᠳᠦᠰᠦᠯᠡᠨ᠂ ᠰᠢᠩ ᠾᠧ ᠰᠢᠶᠠᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ | ᠪᠠᠭᠤᠯᠭᠠᠬᠤ ᠬᠠᠮᠢᠶᠠᠷᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠠᠬᠢᠭᠤᠯᠬᠤ ᠵᠤᠬᠢᠴᠠᠭᠤᠯᠬᠤ ᠤᠳᠤᠷᠢᠳᠬᠤ | ᠳᠤᠭᠤᠶᠢᠯᠠᠩ ︵ᠳᠣᠷᠣᠭᠰᠢ ᠵᠣᠬᠢᠴᠠᠭᠤᠯᠬᠤ ᠳᠤᠭᠤᠶᠢᠯᠠᠩ ᠭᠡᠵᠦ ᠲᠣᠪᠴᠢᠯᠠᠨ᠎ᠠ︶ ᠳᠤ ᠲᠤᠬᠢᠷᠠᠭᠤᠯᠤᠯᠳᠠ ᠬᠢᠬᠦ ᠪᠠᠷ | ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠬᠦᠨ ᠵᠢᠴᠢ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠪᠦᠷᠢᠯᠳᠦᠬᠦᠨ | ᠳᠤᠭᠤᠶᠢᠯᠠᠩ ᠤᠨ ᠳᠠᠷᠤᠭ᠎ᠠ᠄ ᠴᠠᠩ ᠳ᠋ᠠ ᠸᠧᠶ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠰᠢᠶᠠᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠯᠢᠦ ᠪᠦᠦ ᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ | ᠰᠢᠶᠣᠤ ᠹᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ | ᠯᠢ ᠹᠧᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠶᠠᠩ ᠵᠧᠨ ᠳ᠋ᠦᠩ ᠤᠨ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ | ᠵᠣᠤ ᠭᠤᠸᠠᠩ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ | ᠸᠠᠩ ᠯᠢ ᠰᠢᠨ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ | ᠵᠣᠣ ᠬᠤᠶ ᠵᠢᠤᠢ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠧᠩ ᠴᠢᠶᠠᠨ ᠱᠤᠸᠠᠢ | ᠭᠦᠩ ᠰᠢᠤ ᠯᠦᠩ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ | ᠳ᠋ᠦᠩ ᠬᠤᠩ ᠡᠤ ᠠᠵᠤ ᠦᠶ᠋ᠯᠡᠳᠪᠦᠷᠢ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠭᠡᠰᠢᠭᠦᠨ᠄ ᡁᠢ ᠬᠦᠶ ᠴᠢᠩ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ | ᠯᠢ ᠬᠤᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠯᠢ ᡁᠢ ᠪᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ | ᠯᠢ ᠸᠤᠨ ᠯᠢᠶᠠᠩ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠥᠪ ᠤᠨ ᠡᠷᠬᠢᠯᠡᠭᠴᠢ | ᠵᠠᠩ ᠰᠢᠶᠣᠤ ᠬᠤᠩ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ | ᠯᠢ ᠵᠢᠶᠦ᠋ᠨ ᠠᠵᠤ ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ | ᠬᠤᠸᠠᠩ ᠮᠤᠤ ᠱᠧᠩ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠵᠤᠤ ᠵᠢᠶᠦ᠋ᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ | ᠰᠦᠩ ᠪᠥᠸᠧ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠪᠠᠲᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠸᠧᠶ ᠵᠢᠶᠦ᠋ᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ | ᠸᠠᠩ ᠵᠢᠶᠠᠨ ᠴᠢᠶᠦ᠋ᠩ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠭᠤᠤ ᠷᠦᠢ ᠳ᠋ᠦᠩ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠵᠤ᠋ ᠬᠠᠢ ᠯᠦᠩ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠠᠷᠤᠭ᠎ᠠ | ᠯᠢᠦ ᠬᠠᠶ ᠢᠦᠶ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠴᠧᠨ ᠸᠠᠨ ᠯᠢᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ | ᠶᠠᠩ ᠵᠢᠶᠠᠨ ᠯᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠲᠢᠶᠠᠨ ᠢᠦᠶ ᠬᠤᠢ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠠᠷᠤᠭ᠎ᠠ | ᠰᠦᠨ ᠵᠢᠶᠠᠩ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ | ᠽᠦᠩ ᠮᠢᠩ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠯᠢ ᠵᠧᠨ ᠫᠢᠩ ᠭᠠᠶᠢᠯᠢ ᠶᠢᠨ ᠲᠣᠪᠴᠢᠶᠠᠨ ᠤ ᠳᠠᠷᠤᠭ᠎ᠠ | ᠯᠢᠦ ᠵᠢᠶᠠᠨ ᠣᠷᠣᠨ ᠲᠣᠭᠠᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠠᠵᠢᠯ ᠦᠢᠯᠡᠰ ᠤᠨ ᠨᠢᠭᠡᠴᠡ ᠶᠢᠨ | ᠳᠡᠭᠰᠡᠯᠡᠨ ᠬᠠᠮᠢᠶᠠᠷᠬᠤ ᠲᠣᠪᠴᠢᠶᠠᠨ ᠤ ᠳᠠᠷᠤᠭ᠎ᠠ | ᠵᠦ ᠬᠠᠨ ᠪᠢᠩ ᠮᠥᠩᠭᠦᠨ ᠭᠦᠶ᠋ᠯᠭᠡᠭᠡᠨ ᠤ ᠠᠯᠪᠠᠨ ᠭᠡᠷ ᠤᠨ ᠡᠷᠬᠢᠯᠡᠭᠴᠢ᠂ ᠲᠡᠳᠬᠦᠨ ᠪᠡᠯᠡ ᠣᠷᠣᠭᠤᠯᠬᠤ | ᠺᠣᠮᠫᠠᠨᠢ ᠶᠢᠨ ᠶᠡᠷᠦᠩᠬᠡᠶ ᠳᠠᠭᠠᠭᠠᠮᠠᠯ | ᠭᠦᠸᠧ ᠵᠢᠶᠠᠨ ᠵᠢᠶᠦ᠋ᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠠᠷᠤᠭ᠎ᠠ | ᠬᠤᠸᠠᠩ ᡁᠢ ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ | ᠵᠢᠶ ᠴᠢᠩ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ | ᠶᠠᠩ ᠳᠡᠯᠡᠬᠡᠶ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠳᠠᠷᠤᠭ᠎ᠠ | ᠵᠤᠤ ᠵᠢᠶᠠᠨ ᠰᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠦ᠋ ᠪᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ | ᠸᠠᠩ ᠸᠧᠨ ᠵᠢᠶᠧ ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠯᠢᠦ ᠨᠢᠩ ᠤᠨ ᠠᠷᠠᠳ ᠤᠨ ᠪᠠᠩᠬᠢ ᠶᠢᠨ ᠳᠠᠷᠤᠭ᠎ᠠ | ᠵᠠᠶ ᠸᠤᠨ ᠪᠢᠨ ᠪᠠᠩᠬᠢ ᠶᠢᠨ ᠬᠢᠨᠠᠨ ᠬᠠᠮᠢᠶᠠᠷᠬᠤ ᠠᠯᠪᠠᠨ ᠭᠡᠷ ᠤᠨ ᠡᠷᠬᠢᠯᠡᠭᠴᠢ | ᠹᠧᠩ ᠰᠢᠶᠣᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ | ᠵᠠᠩ ᠡᠯ ᠳ᠋ᠦᠩ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠶᠢᠨ ᠳᠠᠷᠤᠭ᠎ᠠ | ᠵᠢᠶᠠ ᠫᠧᠶ ᠱᠧᠩ ᠴᠧᠩ ᠭᠤᠸᠠᠨ ᠪᠠᠯᠭᠠᠰᠤᠨ ᠤ ᠳᠠᠷᠤᠭ᠎ᠠ | ᠸᠠᠩ ᠯᠢᠨ ᠳ᠋ᠢᠶᠠᠨ ᠽᠢ ᠪᠠᠯᠭᠠᠰᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ | ᠸᠠᠩ ᠯᠦ ᠵᠠᠩ ᠭᠤᠤ ᠪᠠᠯᠭᠠᠰᠤᠨ ᠤ ᠳᠠᠷᠤᠭ᠎ᠠ | ᠼᠦᠢ ᠳ᠋ᠦᠸᠧ ᠧ ᠡᠯ ᠳ᠋ᠦᠩ ᠪᠠᠯᠭᠠᠰᠤᠨ ᠤ ᠳᠠᠷᠤᠭ᠎ᠠ | ᠮᠠ ᠨᠢᠩ ᠰᠠᠶᠢᠨ ᠤᠰᠤ ᠪᠠᠯᠭᠠᠰᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ | ᠵᠤᠤ ᠷᠦᠢ ᠸᠠᠩ ᠳ᠋ᠠ ᠺᠥ᠋ ᠯᠢᠶᠠᠨ ᠰᠢᠶᠠᠩ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ | ᠪᠦᠦ ᠸᠧᠨ ᠰᠢ ᠰᠢᠶᠠᠩ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠲᠠᠢ ᠪᠦᠯᠬᠦᠮᠳᠡᠪᠡ | ᠬᠤᠤ ᠶᠠᠨ ᠵᠢᠶᠦ᠋ᠨ ᠳ᠋ᠡ ᠲᠦᠩ ᠶᠣᠣ ᠰᠢᠶᠠᠩ ᠤᠨ ᠳᠠᠷᠤᠭ᠎ᠠ | ᠵᠠᠩ ᠭᠤᠸᠠᠩ ᠡᠤ ᠬᠥ᠋ ᠴᠢᠤᠸᠠᠨ ᠰᠢᠶᠠᠩ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ | ︵ᠬᠤᠶᠠᠷ︶ ᠭᠤᠤᠯ ᠡᠭᠦᠷᠭᠡ ᠬᠠᠷᠢᠭᠤᠴᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯ᠎ᠡ ᠰᠢᠶᠠᠩ | ᠪᠠᠯᠭᠠᠰᠤ᠂ ᠡᠯ᠎ᠡ ᠰᠠᠯᠠᠭ᠎ᠠ ᠮᠥᠴᠢᠷ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ | ᠭᠦᠨᠵᠡᠭᠡᠶᠢᠷᠡᠭᠦᠯᠦᠭᠰᠡᠨ ᠰᠠᠭᠤᠷᠢᠨ ᠳᠡᠭᠡᠷ᠎ᠡ᠂ ᠮᠠᠨ ᠤ ᠰᠢᠶᠠᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠭᠤᠣᠯᠳᠠᠯᠭ ᠠ ᠲᠠᠢ | ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ ᠴᠢᠬᠤᠯᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢ ᠶᠡ ᠶᠢ | ᠨᠢᠭᠡᠳᠦᠯᠲᠡᠶ ᠲᠥᠯᠥᠪᠯᠡᠨ ᠰᠤᠳᠤᠯᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯᠳᠤᠭᠠᠨ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠪᠠᠷ ᠪᠠᠶᠢᠭ᠎ᠠ ᠬᠤᠯᠪᠣᠭᠳᠠᠯ ᠪᠦᠬᠦᠢ ᠴᠢᠬᠤᠯᠠ ᠵᠦᠢᠯᠡᠰ ᠢ | ᠰᠤᠳᠤᠯᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠤᠷᠢᠯᠡᠬᠦ ᠶᠢ ᠵᠣᠬᠢᠴᠠᠭᠤᠯᠤᠨ ᠠᠬᠢᠭᠤᠯᠵᠤ᠂ ᠡᠯ᠎ᠡ | ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠠᠶ᠃ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠩ ᠶᠡᠭᠡ ᠬᠡᠮᠵᠢᠶ᠎ᠡ ᠪᠠᠷ ᠬᠥᠭᠵᠢᠭᠡᠨ᠎ᠡ᠃ | ᠵᠣᠬᠢᠴᠠᠭᠤᠯᠬᠤ ᠳᠤᠭᠤᠶᠢᠯᠠᠩ ᠤᠨ ᠳᠣᠤᠷ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠤᠭᠤᠶᠢᠯᠠᠩ ᠢ | ᠴᠤᠮᠬᠠᠳᠬᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤᠭᠤᠶᠢᠯᠠᠩ᠂ ᠠᠳᠠᠯ ᠤᠶᠢᠯᠡᠰ | ᠴᠤᠭᠴᠠᠯᠠᠵᠤ ᠰᠢᠨ᠎ᠡ ᠶᠢ ᠡᠭᠦᠳᠬᠦ ᠶᠢ ᠤᠷᠮᠠᠰᠢᠭᠤᠯᠬᠤ ᠳᠤᠭᠤᠶᠢᠯᠠᠩ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠭᠤᠶᠢᠯᠠᠩ᠂ ᠨᠡᠶᠢᠭᠡᠮ ᠤᠨ ᠤᠶᠢᠯᠡᠴᠢᠯᠡᠭᠡᠨ ᠤ ᠳᠤᠭᠤᠶᠢᠯᠠᠩ ᠵᠡᠷᠭᠡ 5 | ᠲᠤᠰᠬᠠᠶ ᠰᠡᠳᠦᠪᠲᠦ ᠳᠤᠭᠤᠶᠢᠯᠠᠩ ᠪᠠ ᠶᠡᠷᠦᠩᠬᠡᠶᠢᠯᠡᠭᠰᠡᠨ ᠳᠤᠭᠤᠶᠢᠯᠠᠩ᠂ ᠬᠠᠤᠯᠢ ᠪᠠᠷ ᠵᠠᠰᠠᠬᠤ ᠳᠤᠭᠤᠶᠢᠯᠠᠩ᠂ | ᠰᠢᠪᠠᠳᠠᠨ ᠪᠠᠶᠢᠴᠠᠭᠠᠬᠤ ᠳᠤᠭᠤᠶᠢᠯᠠᠩ ᠵᠡᠷᠭᠡ 3 ᠪᠠᠲᠤᠯᠠᠭ᠎ᠠ ᠶᠢᠨ ᠳᠤᠭᠤᠶᠢᠯᠠᠩ ᠭᠠᠷᠭᠠᠪᠠ᠃ | ᠬᠤᠶᠠᠷ᠂ ᠵᠣᠬᠢᠴᠠᠭᠤᠯᠬᠤ ᠳᠤᠭᠤᠶᠢᠯᠠᠩ ᠤᠨ ᠡᠯ᠎ᠡ ᠲᠤᠰᠬᠠᠶ ᠰᠡᠳᠦᠪᠲᠦ ᠳᠤᠭᠤᠶᠢᠯᠠᠩ ᠵᠢᠴᠢ ᠭᠤᠤᠯ | ᠡᠭᠦᠷᠭᠡ ᠬᠠᠷᠢᠭᠤᠴᠠᠯᠭ᠎ᠠ | ︵ᠨᠢᠭᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠤᠭᠤᠶᠢᠯᠠᠩ ᠢ ᠴᠣᠮᠬᠠᠳᠬᠠᠬᠤ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠯᠢ | ᠹᠤᠩ ᠡᠭᠦᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠵᠠᠰᠠᠭ ᠤᠨ ᠶᠠᠪᠤᠳᠠᠯ ᠤᠨ | ᠤᠶᠢᠯᠡᠴᠢᠯᠡᠭᠡᠨ ᠤ ᠲᠣᠪᠴᠢᠶᠠᠨ ᠤ ᠳᠠᠷᠤᠭ᠎ᠠ ᠯᠢ ᡁᠢ ᠪᠢᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠡᠷᠬᠢᠯᠡᠭᠴᠢ ᠰᠥᠩ ᠪᠥᠸᠧ᠂ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠵᠠᠩ ᠰᠢᠶᠤᠤ ᠬᠤᠩ᠂ ᠣᠷᠣᠨ | ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠯᠢᠦ ᠬᠠᠶ ᠢᠦᠶ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠬᠤᠸᠠᠩ ᠮᠤᠤ ᠱᠧᠩ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶᠠᠨ ᠤ ᠳᠠᠷᠤᠭ᠎ᠠ ᠭᠤᠤ ᠷᠦᠢ ᠳ᠋ᠦᠩ ᠡᠭᠦᠷᠭᠡᠯᠡᠪᠡ᠃ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ | ᠦᠭᠡᠷᠡᠴᠢᠯᠡᠯᠲᠡ᠂ ᠪᠡᠯᠡ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ᠂ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠲᠦᠷᠦᠭ ᠦᠯᠡᠨ ᠠᠬᠢᠭᠤᠯᠬᠤ ᠶᠢ ᠬᠠᠷᠢᠭᠤᠴᠠᠨ᠎ᠠ᠃ ᠡᠷᠬᠡ ᠶᠢ ᠳᠣᠷᠣᠭᠰᠢ ᠪᠠᠭᠤᠯᠭᠠᠬᠤ | ᠲᠠᠯ᠎ᠠ ᠪᠠᠷ᠂ ᠡᠯ᠎ᠡ ᠲᠥᠷᠥᠯ ᠤᠨ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠬᠠᠮᠢᠶᠠᠷᠤᠯᠲᠠ ᠶᠢᠨ ᠵᠤᠶᠢᠯᠡᠰ ᠢ | ᠢᠯᠭᠠᠷᠠᠭᠤᠯᠤᠨ ᠵᠢᠷᠤᠮᠵᠢᠭᠤᠯᠬᠤ ᠠᠵᠢᠯ ᠢ ᠵᠣᠬᠢᠴᠠᠭᠤᠯᠤᠨ ᠠᠬᠢᠭᠤᠯᠵᠤ᠂ ᠪᠡᠯᠡ ᠣᠷᠣᠭᠤᠯᠤᠯᠲᠠ ᠶᠢᠨ ᠲᠥᠷᠥᠯ | ᠵᠤᠶᠢᠯ ᠢ ᠬᠢᠨᠠᠨ ᠵᠥᠪᠰᠢᠶᠡᠷᠡᠬᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠬᠢᠨᠠᠨ | ᠵᠥᠪᠰᠢᠶᠡᠷᠡᠬᠦ᠂ ᠬᠢᠨᠠᠨ ᠵᠥᠪᠰᠢᠶᠡᠷᠡᠬᠦ ᠵᠡᠷᠭᠡ ᠵᠤᠶᠢᠯᠡᠰ ᠢ ᠦᠷᠭᠦᠯᠵᠢᠯᠡᠨ ᠢᠯᠭᠠᠷᠠᠭᠤᠯᠤᠨ ᠴᠣᠮᠬᠠᠳᠬᠠᠵᠤ᠂ ᠣᠷᠣᠨ | ᠪᠦᠰᠡ ᠶᠢᠨ ᠦᠨᠡᠯᠡᠨ ᠵᠢᠱᠢᠬᠦ᠂ ᠬᠠᠮᠲᠤᠷᠠᠨ ᠬᠢᠨᠠᠨ ᠲᠣᠭᠲᠠᠭᠠᠬᠤ᠂ ᠨᠡᠶᠢᠯᠡᠭᠦᠯᠦᠨ ᠬᠤᠯᠪᠤᠭᠠᠯᠠᠵᠤ ᠬᠢᠨᠠᠨ | ᠵᠥᠪᠰᠢᠶᠡᠷᠡᠬᠦ ᠵᠡᠷᠭᠡ ᠶᠢ ᠬᠡᠷᠡᠭᠵᠢᠭᠦᠯᠦᠨ᠎ᠡ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠠᠵᠢᠯᠯᠠᠭ᠎ᠠ ᠶᠢ ᠵᠢᠷᠤᠮᠵᠢᠭᠤᠯᠵᠤ᠂ ᠳᠣᠷᠣᠭᠰᠢ ᠪᠠᠭᠤᠯᠭᠠᠬᠤ ᠬᠢᠨᠠᠨ ᠵᠥᠪᠰᠢᠶᠡᠷᠡᠬᠦ ᠵᠤᠶᠢᠯᠡᠰ ᠢ ᠬᠦᠴᠦᠨ | ᠥᠬᠡᠶ ᠪᠣᠯᠭᠠᠬᠤ ᠶᠠᠪᠤᠳᠠᠯ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠬᠢᠨᠠᠨ | ᠬᠠᠷᠭᠤᠭᠤᠯᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠦᠢᠯᠡᠴᠢᠯᠡᠭᠡᠨ ᠤ ᠲᠠᠯ᠎ᠠ ᠪᠠᠷ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠷᠢᠮᠵᠢᠶᠠᠵᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠪᠦᠬᠦ ᠰᠢᠶᠠᠨ ᠤ | ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠦᠬᠦ ᠣᠷᠣᠨ᠂ ᠪᠦᠬᠦ ᠬᠤᠲᠠ ᠶᠢᠨ ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠡᠯ ᠤᠨ ᠦᠢᠯᠡᠴᠢᠯᠡᠭᠡᠨ ᠤ ᠲᠠᠪᠴᠠᠩ ᠲᠠᠢ ᠵᠣᠯᠭᠠᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠷᠠᠳ ᠲᠤ | ᠳᠥᠭᠦᠮ ᠦᠵᠡᠭᠦᠯᠬᠦ ᠶᠢ ᠠᠬᠢᠭᠤᠯᠵᠤ᠂ ᠦᠨᠡᠮᠯᠡᠯ ᠢ ᠬᠠᠰᠤᠵᠤ ᠠᠷᠠᠳ ᠲᠤ ᠲᠥᠬᠦᠮ ᠦᠵᠡᠭᠦᠯᠬᠦ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠵᠠᠰᠠᠭ ᠤᠨ ᠣᠷᠳᠣᠨ ᠤ ᠤᠶᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | ︵ᠬᠤᠶᠠᠷ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠡᠷᠬᠢᠯᠡᠭᠴᠢ ᠰᠦᠩ ᠪᠥᠸᠧ ᠡᠭᠦᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ ᠷᠧᠨ ᠹᠦ᠋᠂ ᠡᠳ᠋ ᠤᠨ ᠵᠠᠰᠠᠭ ᠤᠨ | ᠲᠣᠪᠴᠢᠶᠠᠨ ᠤ ᠳᠡᠳ᠋ ᠳᠠᠷᠤᠭ᠎ᠠ ᠵᠣᠣ ᠱᠦ᠋᠂ ᠪᠠᠶᠢᠭᠠᠯᠢ ᠶᠢᠨ ᠡᠬᠢ ᠪᠠᠶᠠᠯᠢᠭ ᠤᠨ ᠳᠡᠳ᠋ ᠳᠠᠷᠤᠭ᠎ᠠ ᠶᠠᠩ ᠾᠧᠩ ᠢ᠂ | ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ ᠯᠢ ᠱᠧᠩ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠯᠢ ᠯᠢ ᠰᠢᠶᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠹᠠᠨ ᠶᠧ᠂ ᠠᠷᠠᠳ ᠤᠨ ᠪᠠᠩᠬᠢ ᠶᠢᠨ | ᠰᠢᠩ ᠾᠧ ᠰᠠᠯᠪᠤᠷᠢ ᠪᠠᠩᠬᠢ ᠶᠢᠨ ᠳᠠᠷᠤᠭ᠎ᠠ ᠯᠢᠦ ᠨᠢᠩ᠂ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢ | ᠵᠦ ᠬᠠᠨ ᠪᠢᠩ ᠡᠭᠦᠷᠭᠡᠯᠡᠪᠡ᠃ | ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠲᠦᠷᠦᠭᠦᠯᠡᠨ ᠬᠠᠷᠢᠭᠤᠴᠠᠵᠤ᠂ | ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠣᠶ | ᠪᠣᠯᠭᠠᠨ᠎ᠠ᠃ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ | ᠨᠠᠵᠠᠭᠠᠶ ᠲᠠᠯ᠎ᠠ ᠶᠢᠨ ᠨᠢᠭᠡᠳᠦᠯᠲᠡᠶ ᠲᠣᠳᠣᠷᠬᠠᠶ ᠬᠠᠭᠤᠳᠠᠰᠤ ᠶᠢᠨ ᠲᠦᠷᠢᠮ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ | ᠂ ᠨᠢᠭᠡᠳᠤᠯᠲᠠᠢ ᠵᠠᠬ᠎ᠠ ᠳᠡᠯᠭᠡᠭᠦᠷ ᠪᠠ ᠭᠤᠤᠯᠴᠢ ᠪᠠᠷ ᠥᠷᠢᠰᠥᠯᠳᠦᠬᠦ ᠶᠢ ᠬᠠᠷᠰᠢᠯᠠᠬᠤ ᠡᠯ᠎ᠡ ᠵᠤᠶᠢᠯ ᠤᠨ ᠲᠣᠭᠲᠠᠭᠠᠯ | ᠪᠠ ᠠᠷᠭ᠎ᠠ ᠬᠢᠳᠡᠯ ᠢ ᠴᠡᠪᠡᠷᠯᠡᠨ ᠬᠦᠴᠦᠨ ᠦᠭᠡᠢ ᠪᠣᠯᠭᠠᠨ᠎ᠠ᠃ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠢ ᠥᠷᠭᠡᠳᠬᠡᠵᠦ᠂ ᠠᠷᠠᠳ ᠤᠨ ᠪᠡᠯᠡ ᠤᠷᠤᠭᠤᠯᠤᠯᠲᠠ ᠶᠢ ᠠᠬᠢᠭᠤᠯᠵᠤ᠂ ᠠᠷᠠᠯᠵᠢᠶ᠎ᠠ ᠶᠢ | ᠳᠥᠭᠦᠮᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠨᠠᠨ ᠬᠠᠮᠢᠶᠠᠷᠬᠤ ᠲᠠᠯ᠎ᠠ ᠪᠠᠷ᠂ ᠬᠢᠨᠠᠨ ᠵᠥᠪᠰᠢᠶᠡᠷᠡᠬᠦ | ᠵᠠᠭᠤᠴᠢ ᠦᠢᠯᠡᠴᠢᠯᠡᠭᠡ ᠶᠢ ᠢᠯᠭᠠᠷᠠᠭᠤᠯᠤᠨ ᠵᠢᠷᠤᠮᠵᠢᠭᠤᠯᠵᠤ᠂ ᠨᠠᠷᠢᠨ ᠳᠠᠩᠰᠠ ᠶᠣᠰᠣᠭᠠᠷ ᠰᠦᠢᠳᠬᠡᠯ | ᠬᠤᠷᠢᠶᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠦᠢᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢᠨ | ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨᠰᠦ᠋ᠢᠳᠬᠡᠯ ᠬᠤᠷᠢᠶᠠᠯᠲᠠ ᠶᠢ ᠦᠷᠭᠦᠯᠵᠢᠯᠡᠨ | ᠢᠯᠭᠠᠷᠠᠭᠤᠯᠤᠨ ᠵᠢᠷᠤᠮᠵᠢᠭᠤᠯᠤᠨ᠎ᠠ᠃ ᠤᠶᠢᠯᠡᠴᠢᠯᠡᠭᠡᠨ ᠤ ᠲᠠᠯ᠎ᠠ ᠪᠠᠷ᠂ ᠥᠮᠴᠢᠯᠡᠬᠦ ᠡᠷᠬᠡ ᠶᠢᠨ ᠬᠠᠮᠠᠭᠠᠯᠠᠯᠲᠠ ᠶᠢ | ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠭᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮᠵᠢ ᠶᠢ | ᠪᠦᠷᠢᠨᠰᠢᠭᠦᠯᠬᠦ ᠶᠢ ᠠᠬᠢᠭᠤᠯᠤᠨ᠎ᠠ᠃ ᠤᠰᠤ᠂ ᠴᠠᠬᠢᠯᠭᠠᠨ᠂ ᠬᠡᠢ ᠳᠤᠯᠠᠭᠠᠨ᠂ ᠪᠠᠩᠬᠢ ᠵᠡᠷᠭᠡ ᠨᠡᠶᠢᠲᠡ ᠶᠢᠨ | ᠬᠡᠷᠡᠭᠯᠡᠭᠡᠨ ᠤ ᠠᠵᠢᠯ ᠤᠶᠢᠯᠡᠰ ᠤᠨ ᠬᠦᠷᠢᠶᠡᠨ ᠤ ᠥᠭᠡᠷᠡᠴᠢᠯᠡᠯᠲᠡ ᠶᠢ ᠲᠦᠷᠭᠡᠳᠬᠡᠵᠦ᠂ ᠤᠶᠢᠯᠡᠴᠢᠯᠡᠭᠡᠨ ᠤ ᠶᠠᠰᠤ | ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠯᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ | ︵ᠭᠤᠷᠪᠠ︶ ᠠᠳᠠᠯ ᠤᠶᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠤᠷᠮᠠᠰᠢᠭᠤᠯᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠡᠷᠬᠢᠯᠡᠭᠴᠢ ᠰᠦᠩ ᠪᠥᠸᠧ ᠡᠭᠦᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ | ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ᠵᠤᠤ ᠱᠦ᠋᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ ᠮᠠ ᠸᠠᠨ ᠱᠧᠩ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶᠠᠨ ᠤ ᠳᠡᠳ᠋ ᠳᠠᠷᠤᠭ᠎ᠠ ᠬᠤ᠋ ᠹᠦ᠋᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ | ᠳᠠᠷᠤᠭ᠎ᠠ ᠸᠠᠩ ᠯᠢ ᠶᠦᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠡᠳ᠋ ᠳᠠᠷᠤᠭ᠎ᠠ ᠯᠢ ᠵᠢᠶᠦ᠋ᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠳᠡᠳ᠋ ᠳᠠᠷᠤᠭ᠎ᠠ ᠯᠦ ᠮᠧᠢ ᠷᠦᠩ᠂ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ ᠤᠨ | ᠡᠷᠬᠢᠯᠡᠭᠴᠢ ᠵᠠᠢ ᠸᠤᠨ ᠪᠢᠨ ᠡᠭᠦᠷᠭᠡᠯᠡᠪᠡ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠡᠬᠦ ᠶᠢ ᠲᠦᠷᠦᠭᠦᠯᠡᠨ ᠠᠬᠢᠭᠤᠯᠬᠤ ᠶᠢ ᠬᠠᠷᠢᠭᠤᠴᠠᠵᠤ᠂ ᠪᠥᠬᠦᠳᠡ ᠤᠯᠠᠨ ᠢᠶᠠᠷ ᠢᠶᠠᠨ ᠠᠳᠠᠯ ᠤᠶᠢᠯᠡᠰ | ᠴᠣᠭᠴᠠᠯᠠᠬᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠳᠡᠰ ᠳᠡᠪᠰᠢᠭᠰᠡᠨ ᠬᠡᠪ ᠢ ᠪᠤᠢ ᠪᠣᠯᠭᠠᠵᠤ᠂ ᠰᠢᠨ᠎ᠡ | ᠬᠠᠭᠤᠴᠢᠨ ᠬᠥᠳᠡᠯᠭᠡᠭᠴᠢ ᠡᠨᠧᠷᠭᠢ ᠶᠢᠨ ᠵᠠᠯᠭᠠᠯᠳᠤᠨ ᠰᠣᠯᠢᠭᠳᠠᠬᠤ ᠶᠢ ᠠᠬᠢᠭᠤᠯᠤᠨ᠎ᠠ᠃ ᠡᠷᠬᠡ ᠶᠢ ᠳᠣᠷᠣᠭᠰᠢ | ᠪᠠᠭᠤᠯᠭᠠᠬᠤ ᠲᠠᠯ᠎ᠠ ᠪᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠬᠡᠷᠡᠭᠯᠡᠬᠦ ᠪᠠ ᠬᠠᠮᠢᠶᠠᠷᠤᠯᠲᠠ ᠶᠢᠨ | ᠠᠷᠭ᠎ᠠ ᠮᠠᠶ᠋ᠢᠭ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠬᠢᠴᠠᠭᠤᠯᠤᠨ ᠠᠬᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠲᠠᠳ ᠲᠤ ᠨᠡᠩ ᠶᠡᠭᠡ ᠡᠵᠡᠮᠳᠡᠬᠦ ᠡᠷᠬᠡ ᠣᠯᠭᠤᠵᠤ᠂ ᠰᠢᠨ᠎ᠡ ᠶᠢ ᠡᠭᠦᠳᠬᠦ ᠦᠷ᠎ᠡ | ᠪᠦᠲᠦᠭᠡᠯ ᠢ ᠬᠤᠪᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠳᠠᠯ ᠤᠶᠢᠯᠡᠰ ᠴᠣᠭᠴᠠᠯᠠᠵᠤ ᠰᠢᠨ᠎ᠡ ᠶᠢ | ᠡᠭᠦᠳᠬᠦ ᠠᠮᠢᠳᠤᠯᠢᠭ ᠬᠦᠴᠦᠨ ᠢ ᠬᠥᠭᠵᠢᠭᠡᠨ᠎ᠡ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠰᠢᠨ᠎ᠡ ᠪᠠᠷ | ᠬᠥᠭᠵᠢᠭᠰᠡᠨ ᠠᠵᠤ ᠤᠶᠢᠯᠡᠰ ᠤᠨ ᠪᠡᠶ᠎ᠡ ᠳᠤᠨᠢ ᠲᠣᠬᠢᠷᠠᠭᠤᠯᠤᠨ ᠲᠣᠭᠲᠠᠭᠠᠨ ᠲᠣᠭᠲᠠᠭᠠᠵᠤ ᠪᠠᠭᠲᠠᠭᠠᠮᠵᠢᠲᠠᠢ ᠬᠢᠨᠠᠭᠤᠷ | ᠪᠣᠯᠭᠤᠮᠵᠢᠲᠠᠶ ᠬᠢᠨᠠᠨ ᠬᠠᠮᠢᠶᠠᠷᠬᠤ ᠵᠠᠭᠪᠤᠷ ᠪᠠ ᠪᠠᠷᠢᠮᠵᠢᠶ᠎ᠠ ᠵᠢᠷᠤᠮᠵᠢᠯ ᠢ ᠲᠣᠭᠲᠠᠭᠠᠨ᠂ ᠠᠮᠤᠷ ᠲᠦᠪᠰᠢᠨ ᠪᠠ ᠶᠠᠰᠤ | ᠴᠢᠨᠠᠷ ᠤᠨ ᠬᠢᠵᠠᠭᠠᠷ ᠱᠤᠭᠤᠮ ᠢ ᠪᠠᠲᠤ ᠰᠠᠬᠢᠨ᠎ᠠ᠃ ᠤᠶᠢᠯᠡᠴᠢᠯᠡᠭᠡᠨ ᠤ ᠲᠠᠯ᠎ᠠ ᠪᠠᠷ᠂ ᠡᠯ᠎ᠡ ᠲᠥᠷᠥᠯ ᠤᠨ ᠭᠤᠤᠯ | ᠴᠣᠭᠴᠠ ᠶᠢᠨ ᠭᠦᠢᠯᠭᠡᠭᠡᠨ ᠰᠢᠨ᠎ᠡ ᠶᠢ ᠡᠭᠦᠳᠬᠦ ᠶᠢ ᠵᠣᠬᠢᠴᠠᠭᠤᠯᠤᠨ ᠠᠬᠢᠭᠤᠯᠵᠤ᠂ ᠠᠳᠠᠯ ᠤᠶᠢᠯᠡᠰ ᠴᠣᠭᠴᠠᠯᠠᠵᠤ | ᠰᠢᠨ᠎ᠡ ᠶᠢ ᠡᠭᠦᠳᠬᠦ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠤᠷᠢᠯᠡᠨ᠎ᠡ᠃ ᠬᠤᠪᠢᠶᠠᠷᠢᠯᠠᠯᠲᠠ ᠶᠢᠨ | ᠲᠣᠭᠲᠠᠴᠠ ᠶᠢ ᠥᠭᠡᠷᠡᠴᠢᠯᠡᠵᠦ᠂ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠴᠢᠳᠠᠪᠤᠷᠢᠲᠠᠨ ᠤ ᠵᠦᠶ | ᠵᠣᠬᠢᠰᠲᠠᠶ ᠪᠠᠷ ᠰᠢᠯᠵᠢᠬᠦ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠬᠢᠷᠢ ᠬᠡᠮ ᠤᠨ ᠬᠠᠮᠢᠶᠠᠷᠤᠯᠲᠠ ᠶᠢᠨ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠠᠵᠢᠯ ᠣᠯᠭᠤᠯᠲᠠ ᠪᠠ ᠤᠷ᠎ᠠ ᠴᠢᠳᠠᠪᠤᠷᠢ ᠶᠢᠨ | ᠤᠶᠢᠯᠡᠴᠢᠯᠡᠭᠡ ᠶᠢ ᠴᠢᠩᠭᠠᠳᠬᠠᠵᠤ᠂ ᠰᠢᠨ᠎ᠡ ᠡᠵᠡᠩᠨᠡᠯᠲᠡ ᠶᠢᠨ ᠪᠠᠶᠢᠳᠡᠯ ᠢ ᠳᠡᠮᠵᠢᠬᠦ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠎ᠡ᠃ | ︵ ᠳᠦᠷᠪᠡ︶ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ | ᠠᠨ ᠤ ᠳᠠᠷᠤᠭ᠎ᠠ ᠬᠤᠸᠠᠩ ᠮᠤᠤ ᠱᠧᠩ ᠡᠭᠦᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ | ᠥᠭᠡᠷᠡᠴᠢᠯᠡᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠯᠢ ᠶᠤᠸᠠᠢ ᠵᠥᠩ᠂ ᠬᠠᠤᠯᠢ ᠴᠠᠭᠠᠵᠠ ᠶᠢᠨ | ᠲᠤᠪᠴᠢᠶᠠᠨ ᠤ ᠳᠡᠳ᠋ ᠳᠠᠷᠤᠭ᠎ᠠ ᠴᠢᠶᠣᠤ ᠵᠢᠶᠦ᠋ᠨ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ ᠶᠢᠨ ᠳᠡᠳ᠋ ᠳᠠᠷᠤᠭ᠎ᠠ ᠯᠢ ᠱᠧᠩ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠠᠤᠯᠢ | ᠬᠡᠷᠡᠭᠵᠢᠭᠦᠯᠬᠦ ᠠᠩᠭᠢ ᠶᠢᠨ ᠳᠠᠷᠤᠭ᠎ᠠ ᠸᠠᠩ ᠷᠦᠨ ᠬᠤᠸᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠳᠡᠳ᠋ | ᠳᠠᠷᠤᠭ᠎ᠠ ᠵᠠᠩ ᠵᠥᠩ ᠳᠤ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠸᠤᠨ ᠿᠢ | ᠵᠢᠶᠦ᠋ᠨ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠴᠢᠩ ᠶᠦᠨ᠂ ᠵᠠᠮ ᠬᠠᠷᠢᠯᠴᠠᠭᠠᠨ ᠤ | ᠲᠣᠪᠴᠢᠶ᠎ᠠ ᠶᠢᠨ ᠳᠡᠳ᠋ ᠳᠠᠷᠤᠭ᠎ᠠ ᠶᠢᠨ ᠭᠦᠸᠧ ᠬᠤᠸᠠ ᠡᠭᠦᠷᠭᠡᠯᠡᠪᠡ᠃ | ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠦᠭᠦᠯᠡᠨ | ᠬᠠᠷᠢᠭᠤᠴᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠭᠤᠤᠯᠴᠢ | ᠥᠷᠢᠰᠥᠯᠳᠦᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠡᠷᠬᠡ ᠶᠢ ᠳᠣᠷᠣᠭᠰᠢ ᠪᠠᠭᠤᠯᠭᠠᠬᠤ | ᠲᠠᠯ᠎ᠠ ᠪᠠᠷ᠂ ᠠᠵᠤ ᠠᠬᠤᠶᠢᠯᠠᠯ ᠡᠷᠬᠢᠯᠡᠬᠦ ᠴᠠᠭ ᠢ ᠪᠠᠭᠠᠰᠬᠠᠵᠤ᠂ ︽ᠦᠨᠡᠮᠯᠡᠯ ᠪᠠ ᠭᠡᠷᠡᠴᠢ ᠶᠢ ᠰᠠᠯᠭᠠᠬᠤ︾ | ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠣᠯᠠᠨ ᠦᠨᠡᠮᠯᠡᠯ ᠢ ᠨᠢᠭᠡᠳᠬᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠤ ᠤᠶᠢᠯᠡᠳᠪᠤᠷᠢ ᠶᠢᠨ ᠤᠶᠢᠯᠡᠳᠭᠦᠨ ᠤ ᠤᠶᠢᠯᠡᠳᠪᠤᠷᠢᠯᠡᠯ ᠤᠨ ᠵᠥᠪᠰᠢᠶᠡᠷᠡᠯ ᠤᠨ | ᠦᠨᠡᠮᠯᠡᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠳᠥᠭᠦᠮᠬᠡᠨ ᠢᠶᠠᠷ ᠬᠦᠴᠦᠨ ᠦᠭᠡᠢ | ᠪᠣᠯᠭᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ︽ᠬᠤᠶᠠᠷ ᠢ | ᠲᠠᠰᠢᠷᠠᠮ ᠳᠠᠭᠠᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠᠷ ᠦᠨᠳᠦᠰᠦᠨ ᠠᠷᠭ᠎ᠠ ᠪᠠᠷᠢᠯ | ᠪᠣᠯᠭᠠᠭᠰᠠᠨ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠳᠡᠭᠡᠮᠵᠢ ᠶᠢᠨ ᠬᠢᠨᠠᠯᠲᠠ | ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠵᠦ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ ᠪᠠ ︽ᠢᠨᠲ᠋ᠧᠷ ᠰᠦᠯᠵᠢᠶ᠎ᠡ + | ᠬᠢᠨᠠᠯᠲᠠ ᠬᠠᠮᠢᠶᠠᠷᠤᠯᠲᠠ︾ ᠶᠢ ᠠᠬᠢᠭᠤᠯᠤᠨ᠎ᠠ᠃ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠪᠠ ᠴᠢᠯᠥᠭᠡᠲᠦ | ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ᠎ᠠ᠃ ᠤᠶᠢᠯᠡᠴᠢᠯᠡᠭᠡᠨ ᠤ ᠲᠠᠯ᠎ᠠ ᠪᠠᠷ᠂ ᠪᠠᠷᠢᠮᠵᠢᠶ᠎ᠠ ᠶᠢᠨ ᠬᠥᠲᠥᠯᠥᠨ | ᠳᠠᠭᠠᠭᠤᠯᠬᠤ ᠪᠠ ᠵᠢᠷᠤᠮᠵᠢᠭᠤᠯᠬᠤ ᠤᠶᠢᠯᠡᠳᠤᠯ ᠢ ᠪᠠᠳᠠᠷᠠᠭᠤᠯᠵᠤ᠂ ᠪᠠᠷᠢᠮᠵᠢᠶ᠎ᠠ ᠶᠢᠨ ᠰᠢᠰᠲ᠋ᠧᠮᠵᠢ ᠶᠢ | ᠴᠢᠩᠭᠠᠷᠠᠭᠤᠯᠤᠨ᠂ ᠭᠡᠷᠡᠴᠢᠯᠡᠵᠦ ᠵᠥᠪᠰᠢᠶᠡᠷᠡᠬᠦ ᠪᠠᠶᠢᠴᠠᠭᠠᠨ ᠰᠢᠯᠭᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ | ︵ᠲᠠᠪᠤ︶ ᠨᠡᠶᠢᠭᠡᠮ ᠤᠨ ᠤᠶᠢᠯᠡᠴᠢᠯᠡᠭᠡᠨ ᠤ ᠳᠤᠭᠤᠶᠢᠯᠠᠩ ᠢ ᠰᠠᠶᠢᠵᠢᠷᠠᠭᠤᠯᠤᠨ᠎ᠠ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ | ᠳᠠᠷᠤᠭ᠎ᠠ ᠯᠢ ᠬᠤᠤ ᠡᠭᠦᠷᠭᠡᠯᠡᠵᠦ᠂ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠰᠢᠶᠤᠤ | ᠬᠤᠶ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ ᠯᠢᠦ ᠭᠤᠤ ᠶᠤᠸᠠᠢ᠂ | ᠳᠤᠲᠤᠭᠠᠲᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠴᠠᠩ ᠰᠢᠶᠠᠩ᠂ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠯᠢ ᠶᠦᠨ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ | ᠳᠠᠷᠤᠭ᠎ᠠ ᠮᠠ ᠶᠢᠨ ᠷᠦᠢ᠂ ᠬᠠᠤᠯᠢ ᠴᠠᠭᠠᠵᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠰᠢᠤᠸᠠᠢ ᡁᠢ ᠯᠢ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢ ᠵᠢᠶᠦ᠋ᠨ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠴᠢᠶᠣᠤ ᠬᠤᠸᠠ ᠫᠢᠩ ᠡᠭᠦᠷᠭᠡᠯᠡᠪᠡ᠃ | ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠨᠠᠰᠤᠵᠢᠯ᠂ ᠨᠡᠶᠢᠭᠡᠮ ᠤᠨ ᠪᠠᠲᠤᠯᠠᠭ᠎ᠠ ᠵᠢᠴᠢ | ᠨᠡᠶᠢᠭᠡᠮ ᠤᠨ ᠬᠠᠮᠢᠶᠠᠷᠤᠯᠲᠠ ᠵᠡᠷᠭᠡ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠵᠣᠬᠢᠴᠠᠭᠤᠯᠤᠨ ᠠᠬᠢᠭᠤᠯᠬᠤ ᠶᠢ ᠲᠦᠷᠦᠭᠦᠯᠡᠨ ᠬᠠᠷᠢᠭᠤᠴᠠᠵᠤ᠂ ᠠᠷᠠᠳ ᠣᠯᠠᠨ ᠳᠤ ᠳᠥᠭᠦᠮ ᠳᠥᠲᠡ ᠪᠥᠭᠡᠳ | ᠥᠨᠳᠥᠷ ᠪᠦᠲᠦᠮᠵᠢᠲᠡᠶ᠂ ᠲᠥᠪ ᠭᠤᠤᠯᠴᠢ ᠪᠥᠭᠡᠳ ᠬᠦᠷᠦᠯᠴᠡᠬᠦ᠋ᠢᠴᠡ ᠣᠯᠠᠨ ᠨᠠᠶᠢᠲᠡ ᠶᠢᠨ ᠤᠶᠢᠯᠡᠴᠢᠯᠡᠭᠡ | ᠬᠠᠩᠭᠠᠨ᠎ᠠ᠃ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ ᠤᠶᠢᠯᠡᠴᠢᠯᠡᠭᠡᠨ ᠤ ᠤᠶᠢᠯᠡᠰ ᠤᠨ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠪᠣᠯᠭᠠᠬᠤ ᠶᠢ ᠵᠣᠬᠢᠴᠠᠭᠤᠯᠤᠨ ᠠᠬᠢᠭᠤᠯᠵᠤ᠂ ᠵᠠᠬ᠎ᠠ | ᠳᠡᠯᠭᠡᠭᠦᠷ ᠤᠨ ᠬᠦᠴᠦᠨ ᠢ ᠳᠠᠶᠢᠴᠢᠯᠡᠨ ᠣᠯᠠᠨ ᠨᠡᠶᠢᠲᠡ ᠶᠢᠨ ᠦᠨᠳᠦᠰᠦᠨ ᠪᠤᠰᠤ ᠤᠶᠢᠯᠡᠴᠢᠯᠡᠭᠡᠨ ᠤ ᠬᠠᠩᠭᠠᠯᠭ᠎ᠠ ᠶᠢ | ᠨᠡᠮᠡᠭᠳᠡᠭᠦᠯᠦᠨ᠎ᠡ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠵᠠᠰᠠᠭ ᠤᠨ ᠣᠷᠳᠣᠨ ᠤ ᠴᠣᠩᠬᠤᠪᠴᠢ | ᠦᠶ᠋ᠯᠡᠴᠢᠯᠡᠭᠡᠨ ᠤ ᠬᠢᠨᠠᠯᠲᠠ ᠲᠠ ᠯᠪᠢᠬᠤ ᠶᠢ ᠴᠢᠩᠭᠠᠳᠬᠠᠵᠤ᠂ ᠣᠯᠠᠨ ᠨᠡᠶᠢᠲᠡ ᠶᠢᠨ ᠦᠶ᠋ᠯᠡᠴᠢᠯᠡᠭᠡᠨ ᠤ ᠶᠠᠰᠤ | ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠶᠢᠯᠡᠴᠢᠯᠡᠭᠡᠨ ᠤ ᠲᠠᠯ᠎ᠠ ᠪᠠᠷ᠂ ᠠᠷᠠᠳ ᠤᠨ | ᠠᠮᠢᠳᠤᠷᠠᠯ ᠤᠨ ᠵᠤᠶᠢᠯᠡᠰ ᠢ ᠭᠦᠢᠴᠡᠳᠭᠡᠬᠦ ᠴᠤᠪᠤᠷᠠᠯ ᠪᠠ ᠭᠠᠷᠳᠠᠮ ᠢ ᠳᠥᠭᠦᠮᠴᠢᠯᠡᠨ ᠰᠢᠯᠢᠳᠡᠭᠵᠢᠭᠦᠯᠵᠦ᠂ | ᠨᠠᠰᠤᠵᠢᠯ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠵᠡᠷᠭᠡ ᠵᠤᠶᠢᠯᠡᠰ ᠢ ᠣᠨᠳᠣᠤ ᠭᠠᠵᠠᠷ ᠲᠤ | ᠰᠦᠯᠵᠢᠶᠡᠵᠢᠭᠦᠯᠦᠨ ᠭᠦᠢᠴᠡᠳᠭᠡᠬᠦ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾᠂ ︽ | ᠢᠨᠲ᠋ᠧᠷ ᠰᠦᠯᠵᠢᠶ᠎ᠡ + ᠡᠮᠴᠢᠯᠡᠭᠡ︾ ᠵᠡᠷᠭᠡ ᠵᠠᠭᠪᠤᠷ ᠢ ᠭᠦᠢᠴᠡᠳ ᠬᠡᠷᠡᠭᠯᠡᠵᠦ᠂ ᠴᠢᠨᠠᠷ ᠰᠠᠶᠢᠲᠠᠶ ᠣᠯᠠᠨ | ᠨᠡᠶᠢᠲᠡ ᠶᠢᠨ ᠤᠶᠢᠯᠡᠴᠢᠯᠡᠭᠡᠨ ᠤ ᠡᠬᠢ ᠪᠠᠶᠠᠯᠢᠭ ᠤᠨ ᠰᠠᠴᠤᠷᠠᠯᠲᠠ ᠶᠢᠨ ᠤᠶᠢᠯᠡᠳᠤᠯ ᠢ ᠴᠢᠩᠭᠠᠳᠬᠠᠨ᠎ᠠ᠃ | ᠡᠯ᠎ᠡ ᠲᠤᠰᠬᠠᠶ ᠰᠡᠳᠦᠪᠲᠦ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠳᠤᠭᠤᠶᠢᠯᠠᠩ ᠤᠨ ᠳᠠᠷᠤᠭ᠎ᠠ | ᠨᠢᠭᠡᠴᠡ ᠡᠭᠦᠷᠭᠡᠯᠡᠨ᠎ᠡ᠃ ᠡᠯ᠎ᠡ ᠲᠤᠰᠬᠠᠶ ᠰᠡᠳᠦᠪᠲᠦ ᠳᠤᠭᠤᠶᠢᠯᠠᠩ ᠲᠤᠰ ᠬᠦᠷᠢᠶ᠎ᠡ ᠬᠡᠪᠴᠢᠶᠡᠨ ᠳᠠᠬᠢ ᠨᠡᠶᠢᠭᠡᠮ ᠤᠨ | ᠲᠤᠰᠬᠠᠯ ᠶᠡᠭᠡ᠂ ᠣᠯᠠᠨ ᠲᠦᠮᠡᠨ ᠤ ᠰᠠᠨᠠᠯ ᠲᠥᠪᠯᠡᠷᠡᠭᠰᠡᠨ ᠠᠰᠠᠭᠤᠳᠠᠯ ᠢ ᠪᠠᠶᠢᠴᠠᠭᠠᠨ ᠰᠤᠳᠤᠯᠵᠤ᠂ ᠬᠠᠮᠢᠶ᠎ᠠ ᠪᠥᠬᠦᠶ | ᠰᠢᠶᠠᠩ ᠪᠠᠯᠭᠠᠰᠤ᠂ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠭᠤᠤᠯᠳᠠᠯᠭ᠎ᠠ ᠲᠠᠢ ᠬᠦᠴᠢᠷ ᠠᠰᠠᠭᠤᠳᠠᠯ ᠤᠨ | ᠲᠠᠯ᠎ᠠ ᠪᠠᠷ ᠬᠠᠮᠲᠤᠷᠠᠨ ᠪᠣᠭᠤᠮᠲᠠ ᠰᠢᠪᠲᠤᠯᠵᠤ᠂ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠤᠨ᠎ᠠ᠃ ᠡᠯ᠎ᠡ ᠲᠤᠰᠬᠠᠶ | ᠰᠡᠳᠦᠪᠲᠦ ᠳᠤᠭᠤᠶᠢᠯᠠᠩ ᠤᠨ ᠥᠭᠡᠷᠡᠴᠢᠯᠡᠯᠲᠡ ᠶᠢᠨ ᠰᠠᠨᠠᠭᠤᠯᠭ᠎ᠠ ᠨᠢ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠵᠢᠭᠠᠪᠤᠷᠢ ᠠᠪᠴᠤ ᠵᠥᠪᠰᠢᠶᠡᠷᠡᠭᠰᠡᠨ ᠤ ᠳᠠᠷᠠᠭ᠎ᠠ᠂ ᠳᠡᠰ ᠳᠠᠷᠠᠭᠠᠯᠠᠯ | ᠶᠣᠰᠣᠭᠠᠷ ᠵᠣᠬᠢᠴᠠᠭᠤᠯᠬᠤ ᠳᠤᠭᠤᠶᠢᠯᠠᠩ ᠤᠨ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠤᠨ᠎ᠠ᠃ | ᠭᠤᠷᠪᠠ᠂ ᠵᠣᠬᠢᠴᠠᠭᠤᠯᠬᠤ ᠳᠤᠭᠤᠶᠢᠯᠠᠩ ᠤᠨ ᠡᠯ᠎ᠡ ᠪᠠᠲᠤᠯᠠᠭ᠎ᠠ ᠶᠢᠨ ᠳᠤᠭᠤᠶᠢᠯᠠᠩ ᠵᠢᠴᠢ ᠭᠤᠤᠯ ᠡᠭᠦᠷᠭᠡ | ᠬᠠᠷᠢᠭᠤᠴᠠᠯᠭ᠎ᠠ | ︵ᠨᠢᠭᠡ︶ ᠶᠡᠷᠦᠩᠬᠡᠶᠢᠯᠡᠭᠰᠡᠨ ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶᠠᠨ ᠤ ᠳᠠᠷᠤᠭ᠎ᠠ ᠯᠢ ᡁᠢ ᠪᠢᠨ ᠡᠭᠦᠷᠭᠡᠯᠡᠪᠡ᠃ | ᠵᠣᠬᠢᠴᠠᠭᠤᠯᠬᠤ ᠳᠤᠭᠤᠶᠢᠯᠠᠩ ᠵᠢᠴᠢ ᠲᠡᠭᠦᠨ ᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ | ᠬᠠᠷᠢᠭᠤᠴᠠᠨ᠎ᠠ︔ ᠡᠯ᠎ᠡ ᠲᠤᠰᠬᠠᠶ ᠰᠡᠳᠦᠪᠲᠦ ᠳᠤᠭᠤᠶᠢᠯᠠᠩ᠂ ᠪᠠᠲᠤᠯᠠᠭ᠎ᠠ ᠶᠢᠨ ᠳᠤᠭᠤᠶᠢᠯᠠᠩ ᠤᠨ ᠠᠵᠢᠯ ᠢ | ᠬᠠᠷᠢᠭᠤᠴᠠᠨ᠂ ᠡᠯ᠎ᠡ ᠰᠢ ᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ | ᠥᠭᠡᠷᠡᠴᠢᠯᠡᠯᠲᠡ ᠶᠢᠨ ᠠᠵᠢᠯ ᠤᠨ ᠲᠣᠭᠲᠠᠴᠠ ᠲᠠᠢ ᠬᠠᠷᠢᠯᠴᠠᠨ᠎ᠠ︔ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ | ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠴᠢᠬᠤᠯᠠ ᠶᠡᠭᠡ | ᠠᠰᠠᠭᠤᠳᠠᠯ ᠢ ᠪᠠᠶᠢᠴᠠᠭᠠᠨ ᠰᠤᠳᠤᠯᠵᠤ᠂ ᠵᠣᠬᠢᠴᠠᠭᠤᠯᠬᠤ ᠳᠤᠭᠤᠶᠢᠯᠠᠩ ᠳᠤ ᠠᠵᠢᠯ ᠤᠨ ᠰᠠᠨᠠᠭᠤᠯᠭ᠎ᠠ ᠳᠤᠷᠠᠳᠤᠨ᠎ᠠ︔ | ᠬᠠᠮᠢᠶ᠎ᠠ ᠪᠥᠬᠦᠶ ᠮᠡᠳᠡᠭᠡ ᠵᠠᠩᠭᠢ ᠶᠢᠨ ᠮᠠᠲ᠋ᠧᠷᠢᠶᠠᠯ ᠢ ᠴᠤᠭᠯᠠᠭᠤᠯᠤᠨ ᠬᠤᠷᠢᠶᠠᠩᠭᠤᠶᠢᠯᠠᠵᠤ᠂ ᠠᠵᠢᠯ ᠤᠨ ᠲᠣᠪᠴᠢ | ᠮᠡᠳᠡᠭᠡ ᠶᠢ ᠨᠠᠶᠢᠷᠠᠭᠤᠯᠤᠨ ᠨᠡᠶᠢᠲᠡᠯᠡᠨ᠎ᠡ︔ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠷᠢᠯᠴᠠᠵᠤ | ᠵᠠᠭᠤᠴᠢᠯᠠᠭᠤᠷ ᠤᠳ ᠢ ᠵᠣᠬᠢᠶᠠᠨ ᠪᠠᠶᠢᠭᠤᠯᠤᠨ ᠲ᠊ ᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ | ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵ᠬᠤᠶᠠᠷ︶ ᠬᠠᠤᠯᠢ ᠪᠠᠷ ᠵᠠᠰᠠᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠵᠠᠩ ᠰᠢᠶᠤᠤ | ᠬᠤᠩ ᠡᠭᠦᠷᠭᠡᠯᠡᠪᠡ᠃ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠠᠤᠯᠢ ᠴᠠᠭᠠᠵᠠ ᠶᠢᠨ ᠬᠢᠨᠠᠨ ᠬᠠᠷᠭᠤᠭᠤᠯᠬᠤ ᠶᠢ | ᠬᠠᠷᠢᠭᠤᠴᠠᠵᠤ᠂ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠵᠠᠰᠠᠭ ᠤᠨ ᠣᠷᠳᠣᠨ ᠤ | ᠳᠦᠷᠢᠮ ᠲᠣᠭᠲᠠᠭᠠᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠰᠠᠨᠠᠭᠤᠯᠭ᠎ᠠ ᠶᠢᠨ ᠲᠥᠰᠦᠯ ᠢ ᠴᠠᠭ ᠲᠤᠬᠠᠶ ᠳᠤᠨᠢ | ᠳᠤᠷᠠᠳᠴᠤ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠳᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ | ᠣᠷᠣᠭᠤᠯᠬᠤ ᠬᠦᠴᠦᠨ ᠦᠭᠡ ᠢ ᠪᠣᠯᠭᠠᠬᠤ ᠲᠠᠶᠢᠯᠪᠤᠷᠢᠯᠠᠬᠤ ᠠᠵᠢᠯ ᠢ ᠲᠦᠯᠬᠢᠨ ᠠᠬᠢᠭᠤᠯᠵᠤ᠂ ᠪᠣᠯᠪᠠᠰᠤᠷᠠᠩᠭᠤᠶ | ᠪᠣᠯᠤᠭᠰᠠᠨ ᠥᠭᠡᠷᠡᠴᠢᠯᠡᠯᠲᠡ ᠶᠢᠨ ᠲᠤᠷᠰᠢᠯᠭ᠎ᠠ ᠶᠢ ᠴᠠᠭ ᠲᠤᠬᠠᠶ ᠳᠤᠨᠢ ᠳᠦᠷᠢᠮᠵᠢᠭᠦᠯᠬᠦ ᠵᠡᠷᠭᠡ ᠪᠣᠯᠤᠨ᠎ᠠ᠃ | ︵ᠭᠤᠷᠪᠠ︶ ᠰᠢᠮᠳᠠᠭᠤᠯᠤᠨ ᠪᠠᠶᠢᠴᠠᠭᠠᠬᠤ ᠳᠤᠭᠤᠶᠢᠯᠠᠩ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ | ᠡᠷᠬᠢᠯᠡᠭᠴᠢ ᡁᠢ ᠬᠦᠶ ᠴᠢᠩ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠢᠳᠠᠪᠤᠷᠢᠵᠢᠭᠤᠯᠬᠤ | ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠡᠯ᠎ᠡ ᠲᠤᠰᠬᠠᠶ ᠰᠡᠳᠦᠪᠲᠦ ᠳᠤᠭᠤᠶᠢᠯᠠᠩ ᠤᠨ ᠳᠤᠷᠠᠳᠤᠭᠰᠠᠨ | ᠰᠢᠶᠠᠩ ᠪᠠᠯᠭᠠᠰᠤ ᠪᠠ ᠰᠠᠯᠠᠭ᠎ᠠ ᠮᠥᠴᠢᠷ ᠤᠨ ᠥᠭᠡᠷᠡᠴᠢᠯᠡᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ | ᠬᠢᠨᠠᠨ ᠪᠠᠶᠢᠴᠠᠭᠠᠵᠤ ᠰᠢᠪᠠᠳᠠᠨ ᠰᠢᠢᠳᠪᠤᠷᠢᠯᠡᠵᠤ᠂ ᠵᠢᠴᠢ ᠨᠡᠶᠢᠭᠡᠮ ᠤᠨ ᠬᠤᠯᠪᠣᠭᠳᠠᠯ ᠪᠦᠬᠦᠢ ᠥᠭᠡᠷᠡᠴᠢᠯᠡᠯᠲᠡ ᠳᠤ | ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠪᠣᠯᠤᠨ᠎ᠠ᠃ | ᠳᠦᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠴᠠᠭᠤᠯᠬᠤ ᠳᠤᠭᠤᠶᠢᠯᠠᠩ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠰᠢᠶᠠᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ | ᠠᠬᠢᠭᠤᠯᠬᠤ ᠶᠢᠨ ᠨᠢᠭᠡᠳᠦᠯᠲᠡᠶ ᠲᠥᠯᠥᠪᠯᠡᠨ ᠵᠢᠯᠣᠭᠤᠳᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠤᠶᠢᠯᠡᠳᠤᠯ ᠢ | ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠶ᠃ ᠡᠯ᠎ᠡ ᠲᠤᠰᠬᠠᠶ ᠰᠡᠳᠦᠪᠲᠦ ᠳᠤᠭᠤᠶᠢᠯᠠᠩ ᠪᠣᠯᠤᠨ ᠪᠠᠲᠤᠯᠭᠠᠨ ᠤ | ᠳᠤᠭᠤᠶᠢᠯᠠᠩ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠠᠯ ᠢ ᠦᠨᠳᠦᠰᠦᠯᠡᠨ ᠬᠠᠷᠠᠯᠲᠠ ᠡᠭᠦᠷᠭᠡ ᠪᠠᠨ | ᠲᠣᠳᠣᠷᠬᠠᠶᠢᠯᠠᠨ᠎ᠠ᠃ ᠵᠠᠮ ᠱᠤᠭᠤᠮ ᠤᠨ ᠵᠢᠷᠤᠭ ᠪᠠ ᠴᠠᠭ ᠤᠨ ᠬᠦᠰᠦᠨᠦᠭᠲᠦ ᠶᠢ ᠲᠣᠭᠲᠠᠭᠠᠵᠤ᠂ ︽ᠬᠦᠴᠢᠷ | ᠠᠰᠠᠭᠤᠳᠠᠯ ᠢ ᠰᠢᠢᠳᠪᠤᠷᠢᠯᠡᠬᠦ︾ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ᠂ ᠲᠤᠰ ᠲᠤᠰ ᠤᠨ ᠬᠦᠷᠢᠶᠡᠨ ᠳᠠᠬᠢ | ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠬᠦ ᠠᠵᠢᠯ ᠢ ᠰᠠᠶᠢᠲᠤᠷ ᠠᠳᠬᠤᠵᠤ᠂ ᠡᠯ᠎ᠡ ᠵᠤᠶᠢᠯ ᠤᠨ | ᠥᠭᠡᠷᠡᠴᠢᠯᠡᠯᠲᠡ ᠶᠢ ᠬᠠᠮᠵᠢᠯᠴᠠᠨ ᠪᠦᠷᠢᠳᠦᠭᠦᠯᠬᠦ᠂ ᠪᠦᠬᠦᠯᠢ ᠴᠣᠭᠴᠠ ᠪᠠᠷ ᠠᠬᠢᠭᠤᠯᠬᠤ ᠶᠢ ᠦᠨᠡᠨᠬᠦ ᠪᠠᠲᠤᠯᠠᠨ᠎ᠠ᠃ | ᠬᠦᠷᠢᠶ᠎ᠡ ᠬᠡᠪᠴᠢᠶ᠎ᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠱᠠᠲᠤ ᠠᠯᠤᠰᠯᠠᠭᠰᠠᠨ ᠴᠢᠬᠤᠯᠠ | ᠶᠡᠭᠡ ᠠᠰᠠᠭᠤᠳᠠᠯ ᠢ ᠰᠤᠳᠤᠯᠤᠨ ᠰᠢᠢᠳᠪᠤᠷᠢᠯᠡᠬᠦ ᠶᠢ ᠴᠢᠬᠤᠯᠠᠴᠢᠯᠠᠵᠤ᠂ ᠵᠢᠯᠣᠭᠤᠳᠬᠤ᠂ ᠵᠣᠬᠢᠴᠠᠭᠤᠯᠬᠤ᠂ | ᠰᠢᠪᠠᠳᠠᠬᠤ ᠡᠷᠴᠢᠮ ᠢᠶᠠᠨ ᠴᠢᠩᠭᠠᠷᠠᠭᠤᠯᠵᠤ᠂ ᠥᠭᠡᠷᠡᠴᠢᠯᠡᠯᠲᠡ ᠶᠢᠨ ᠲᠠᠰᠤᠷᠠᠯᠳᠠ ᠦᠭᠡᠢ ᠪᠣᠳᠠᠲᠤ ᠠᠬᠢᠴᠠ ᠲᠠᠢ | ᠪᠣᠯᠬᠤ ᠶᠢ ᠲᠦᠯᠬᠢᠨ ᠠᠬᠢᠭᠤᠯᠤᠨ᠎ᠠ᠃ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ | ᠬᠦᠨᠳᠦᠳᠬᠡᠵᠦ᠂ ᠦᠨᠳᠦᠰᠦᠨ ᠱᠠᠲᠤᠨ ᠤ ᠨᠡᠶᠢᠲᠡᠯᠢᠭ ᠲᠤᠷᠰᠢᠯᠭ᠎ᠠ ᠬᠢᠳᠡᠯ ᠢ ᠳ᠋ᠦᠩᠨᠡᠨ ᠳᠡᠯᠭᠡᠷᠡᠭᠦᠯᠬᠦ ᠶᠢ | ᠴᠢᠬᠤᠯᠠᠴᠢᠯᠠᠬᠤ ᠬᠡᠷᠡᠭᠲᠡᠶ᠃ | ︵ᠬᠤᠶᠠᠷ︶ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ | ᠥᠭᠡᠷᠡᠴᠢᠯᠡᠯᠲᠡ ᠶᠢᠨ ᠬᠦᠨᠳᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠦᠯᠢᠭᠡᠷ ᠳᠠᠭᠤᠷᠢᠶᠠᠯ ᠪᠣᠯᠵᠤ᠂ ᠲᠤᠰ ᠰᠢᠶᠠᠩ ᠪᠠᠯᠭᠠᠰᠤ᠂ | ᠲᠤᠰ ᠰᠠᠯᠠᠭ᠎ᠠ ᠮᠥᠴᠢᠷ ᠤᠨ ᠥᠭᠡᠷᠡᠴᠢᠯᠡᠯᠲᠡ ᠶᠢᠨ ᠡᠭᠦᠷᠭᠡ ᠶᠢ ᠡᠷᠲᠡᠬᠡᠨ ᠨᠠᠶᠢᠳᠠᠪᠤᠷᠢᠵᠢᠭᠤᠯᠵᠤ᠂ ᠡᠷᠬᠡ ᠶᠢ | ᠳᠣᠷᠣᠭᠰᠢ ᠪᠠᠭᠤᠯᠭᠠᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠶ᠃ ᠬᠢᠨᠠᠯᠲᠠ ᠬᠠᠮᠢᠶᠠᠷᠤᠯᠲᠠ ᠶᠢᠨ | ᠲᠠᠯ᠎ᠠ ᠪᠠᠷ ᠰᠢᠨ᠎ᠡ ᠶᠢ ᠡᠭᠦᠳᠴᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠣᠷᠴᠢᠨ ᠲᠣᠭᠤᠷᠢᠨ ᠢ ᠲᠠᠰᠤᠷᠠᠯᠲᠠ | ᠥᠬᠡᠶ ᠰᠢᠯᠢᠳᠡᠭᠵᠢᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ | ᠨᠡᠮᠡᠭᠳᠡᠭᠦᠯᠦᠨ᠎ᠡ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠪᠣᠳᠠᠲᠠᠶ ᠬᠦᠴᠢᠷᠳᠡᠯ ᠪᠠ ᠠᠰᠠᠭᠤᠳᠠᠯ ᠢ | ᠰᠠᠨᠠᠭᠠᠴᠢᠯᠠᠭ᠎ᠠ ᠠᠴᠠ ᠪᠠᠨ ᠬᠠᠪᠰᠤᠷᠤᠨ ᠰᠢᠢᠳᠪᠤᠷᠢᠯᠡᠵᠤ᠂ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠤᠷᠢᠳᠠᠪᠠᠷ | ᠬᠢᠵᠦ ᠤᠷᠢᠳᠠᠪᠠᠷ ᠲᠤᠷᠰᠢᠬᠤ ᠶᠢ ᠳᠡᠮᠵᠢᠬᠦ ᠬᠡᠷᠡᠭᠲᠡᠶ᠃ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠨᠥᠬᠦᠳ ᠤᠳᠤᠷᠢᠳᠬᠤ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠪᠠᠶᠢᠷᠢᠯᠠᠭᠤᠯᠤᠯᠲᠠ᠂ | ᠵᠣᠬᠢᠴᠠᠭᠤᠯᠭ᠎ᠠ ᠪᠠ ᠨᠠᠶᠢᠳᠠᠪᠤᠷᠢᠵᠢᠭᠤᠯᠤᠯᠲᠠ ᠶᠢ ᠪᠡᠶ᠎ᠡ ᠪᠠᠷ ᠢᠶᠠᠨ ᠰᠠᠶᠢᠲᠤᠷ ᠠᠳᠬᠤᠬᠤ ᠬᠡᠷᠡᠭᠲᠡᠶ᠃ | ︵ᠭᠤᠷᠪᠠ︶ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ | ᠲᠣᠭᠲᠠᠴᠠ ᠶᠢ ᠯᠠᠪᠯᠠᠯᠲᠠ ᠪᠣᠯᠭᠠᠨ ᠪᠠᠶᠢᠭᠤᠯᠤᠨ ᠲᠡᠭᠦᠯᠳᠡᠷᠵᠢᠭᠦᠯᠵᠦ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠤᠬᠢᠷᠠᠭᠤᠯᠤᠨ᠂ ᠢᠳᠡᠪᠬᠢᠲᠡᠢ ᠰᠦᠪᠡᠭᠴᠢᠯᠡᠵᠦ᠂ ᠰᠠᠨᠠᠭᠠᠴᠢᠠᠯᠭᠠᠡᠴᠠ ᠪᠠᠨ ᠠᠵᠢᠯ ᠬᠢᠵᠦ᠂ ᠨᠠᠩ | ᠣᠯᠠᠨ ᠲᠤᠰᠠᠲᠠᠶ ᠪᠥᠭᠡᠳ ᠶᠠᠪᠤᠭᠳᠠᠭᠤᠰᠢᠲᠠᠶ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠡᠭᠦᠳᠬᠦ ᠬᠡᠷᠡᠭᠲᠡᠶ᠃ | ᠰᠠᠨᠠᠭᠠᠴᠢᠯᠠᠭ᠎ᠠ ᠠᠴᠠ ᠪᠠᠨ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠬᠠᠷᠢᠯᠴᠠᠨ ᠰᠤᠷᠤᠯᠴᠠᠨ ᠯᠠᠪᠯᠠᠯᠲᠠ ᠪᠣᠯ ᠭᠠᠵᠤ᠂ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠳᠣᠲᠣᠭᠠᠳᠤ ᠬᠥᠳᠡᠯᠭᠡᠬᠦ | ᠬᠦᠴᠦᠨ ᠢ ᠨᠡᠮᠡᠭᠳᠡᠭᠦᠯᠵᠦ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠪᠦᠬᠦ ᠰᠢᠶᠠᠨ ᠤ | ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃ | ᠲᠠᠪᠤ᠂ ᠪᠤᠰᠤᠳ ᠵᠤᠶᠢᠯ ᠤᠳ | ︵ᠨᠢᠭᠡ︶ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠢ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠲᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠰᠢᠶᠠᠨ ᠤ ᠵᠠᠰᠠᠭ ᠤᠨ ᠣᠷᠳᠣᠨ ᠤ | ᠠᠯᠪᠠᠨ ᠭᠡᠷ ᠤᠨ ᠡᠷᠬᠢᠯᠡᠭᠴᠢ ᠯᠢ ᠹᠤᠩ ᠨᠥᠬᠦᠷ ᠬᠠᠪᠰᠤᠷᠭᠠᠨ ᠡᠭᠦᠷᠭᠡᠯᠡᠨ᠎ᠡ᠃ | ︵ᠬᠤᠶᠠᠷ︶ ᠬᠤᠶᠢᠰᠢᠳᠠ᠂ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠬᠦᠨ ᠵᠢᠴᠢ ᠡᠯ᠎ᠡ ᠲᠤᠰᠬᠠᠶ | ᠰᠡᠳᠦᠪᠲᠦ ᠳᠤᠭᠤᠶᠢᠯᠠᠩ᠂ ᠪᠠᠲᠤᠯᠠᠬᠤ ᠲᠤ ᠭᠤᠶᠢᠯᠠᠩ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠴᠢᠬᠤᠯᠠᠲᠠᠶ | ᠪᠣᠯ ᠵᠣᠬᠢᠴᠠᠭᠤᠯᠬᠤ ᠳᠤᠭᠤᠶᠢᠯᠠᠩ ᠠᠴᠠ ᠵᠢᠷᠤᠮ ᠶᠣᠰᠣᠭᠠᠷ ᠥᠪᠡᠰᠦᠪᠡᠨ ᠲᠣᠬᠢᠷᠠᠭᠤᠯᠤᠯᠲᠠ ᠬᠢᠵᠦ᠂ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠰᠲᠠᠭᠠᠨ ᠪᠢᠴᠢᠭ ᠮᠠᠲ᠋ᠧᠷᠢᠶᠠᠯ ᠶᠠᠪᠤᠭᠤᠯᠬᠤ ᠦᠭᠡᠢ᠃ | ︵ᠭᠤᠷᠪᠠ︶ ᠵᠣᠬᠢᠴᠠᠭᠤᠯᠬᠤ ᠳᠤᠭᠤᠶᠢᠯᠠᠩ ᠪᠠᠶᠢᠭᠤᠯᠤᠭᠳᠠᠭᠰᠠᠨ ᠤ ᠳᠠᠷᠠᠭ᠎ᠠ᠂ ᠤᠤᠯ ᠤᠨ ᠰᠢᠶᠠᠨ ᠤ | ᠵᠠᠰᠠᠭ ᠤᠨ ᠤᠷᠳᠤᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ | ᠥᠭᠡᠷᠡᠴᠢᠯᠡᠯᠲᠡ ᠶᠢ ᠠᠬᠢᠭᠤᠯᠬᠤ ᠶᠢᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠥᠪᠡᠷ ᠢᠶᠠᠨ ᠬᠦᠴᠦᠨ ᠥᠬᠡᠶ | ᠪᠣᠯᠭᠠᠪᠠ᠃ | | | ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 6 ᠰᠠᠷ᠎ᠠ ᠶᠢᠨ 10 ᠤ ᠡᠳᠦᠷ | | | ᠣᠷᠴᠢᠭᠤᠯᠤᠭᠴᠢ᠄ ᠨᠠᠷᠠᠰᠤ ᠡᠷᠳᠡᠨᠢᠭᠤᠸ᠎ᠠ |