ᠪᠣᠳᠠᠲᠠᠶ ᠳᠤ ᠰᠠᠭᠤᠷᠢᠯᠠᠨ ᠠᠷᠭ᠎ᠠ ᠬᠡᠮᠵᠢᠶ᠎ᠡ ᠪᠠᠨ ᠴᠢᠩᠭᠠᠳᠬᠠᠵᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2020/6/10
ᠭᠤᠣᠯ ᠰᠡᠳᠦᠪ :      ᠪᠣᠳᠠᠲᠠᠶ ᠳᠤ ᠰᠠᠭᠤᠷᠢᠯᠠᠨ ᠠᠷᠭ᠎ᠠ ᠬᠡᠮᠵᠢᠶ᠎ᠡ ᠪᠠᠨ ᠴᠢᠩᠭᠠᠳᠬᠠᠵᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠨ᠎ᠠᠰᠤᠷᠪᠤᠯᠵᠢᠯᠠᠭᠰᠠᠨ ᠴᠠᠭ  ᠄      2020 ᠣᠨ ᠤ 6 ᠰᠠᠷ᠎ᠠ ᠶᠢᠨ 11᠎ ᠤ ᠡᠳᠦᠷᠰᠤᠷᠪᠤᠯᠵᠢᠯᠠᠭ᠎ᠠ ᠬᠦᠯᠢᠶᠠᠩᠴᠢ  ᠄      ᠰᠢᠩ ᠾᠧ ᠰᠢᠶᠠᠨ ᠤ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠶᠰᠤᠷᠪᠤᠯᠵᠢᠯᠠᠭ᠎ᠠ ᠶᠢᠨ ᠲᠤᠪᠴᠢ ᠲᠠᠨᠢᠯᠴᠠᠭᠤᠯᠭ᠎ᠠ᠄      2020᠎ ᠤᠨ ᠳᠤ ᠰᠢᠩ ᠾᠧ ᠰᠢᠶᠠᠨ ᠪᠣᠳᠠᠲᠠᠶ ᠳᠤ ᠰᠠᠭᠤᠷᠢᠯᠠᠵᠤ ᠠᠷᠭ᠎ᠠ ᠬᠡᠮᠵᠢᠶ᠎ᠡ ᠪᠠᠨ ᠴᠢᠩᠭᠠᠳᠬᠠᠵᠠᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠴᠦᠰ ᠤᠨ ᠢᠯᠠᠯᠲᠠ ᠶᠢ ᠣᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠨ᠎ᠠ᠃              ᠰᠤᠷᠪᠤᠯᠵᠢᠯᠠᠭ᠎ᠠ ᠶᠢᠨ ᠪᠤᠳᠤᠲᠤ ᠲᠡᠮᠳᠡᠭᠯᠡᠯᠰᠤᠷᠪᠤᠯᠵᠢᠯᠠᠭᠴᠢ᠄      ᠴᠠᠩ ᠰᠢᠶᠠᠨ ᠤ ᠳᠠᠷᠤᠭ᠎ᠠ ᠲᠠ ᠰᠠᠶᠢᠨ ᠤᠤ᠂ 2020᠎ ᠤᠨ ᠰᠢᠩ ᠾᠧ ᠰᠢᠶᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠶᠠᠷᠢᠯᠴᠠᠬᠤ ᠪᠣᠯᠪᠠ ᠤᠤ︖ᠴᠠᠩ ᠳ᠋ᠠ ᠸᠧᠶ  ᠄      2020᠎ ᠤᠨ ᠳᠤ ᠰᠢᠩ ᠾᠧ ᠰᠢᠶᠠᠨ ᠪᠣᠳᠠᠲᠠᠶ ᠳᠤ ᠰᠠᠭᠤᠷᠢᠯᠠᠵᠤ ᠠᠷᠭ᠎ᠠ ᠬᠡᠮᠵᠢᠶ᠎ᠡ ᠪᠠᠨ ᠴᠢᠩᠭᠠᠳᠬᠠᠵᠠᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠴᠦᠰ ᠤᠨ ᠢᠯᠠᠯᠲᠠ ᠶᠢ ᠣᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠨ᠎ᠠ᠃      ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠡᠷᠬᠡᠪᠰᠢ ᠳᠠᠪᠠᠭ᠋ᠤ ᠪᠣᠭᠤᠮᠲᠠ ᠪᠣᠯᠤᠨ᠎ᠠ᠃ ᠰᠢᠩ ᠾᠧ ᠰᠢᠶᠠᠨ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ ᠃ ᠡᠩ ᠲᠡᠷᠢᠭᠦᠨ ᠳᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ᠂ ᠡᠳ᠋ ᠬᠥᠷᠥᠩᠭᠡ ᠶᠢ ᠳᠠᠬᠢᠨ ᠵᠣᠬᠢᠶᠠᠨ ᠪᠠᠶᠢᠭᠤᠯᠬᠤ᠂ ᠢᠲᠡᠭᠡᠮᠵᠢᠲᠦ ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠬᠤ᠂ ᠡᠬᠢ ᠪᠠᠶᠠᠯᠢᠭ ᠢ ᠠᠮᠢᠳᠤᠯᠢᠭ ᠪᠣᠯᠭᠠᠬᠤ᠂ ᠤᠯᠤᠰ ᠠᠴᠠ ᠦᠮᠴᠢᠯᠡᠯ ᠤᠨ ᠡᠳ᠋ ᠬᠥᠷᠥᠩᠭᠡ ᠶᠢᠨ ᠡᠵᠡᠩᠨᠡᠯᠲᠡ ᠶᠢᠨ ︽ᠬᠠᠮ ᠠᠷᠭ᠎ᠠ ᠬᠡᠮᠵᠢᠶ᠎ᠡ︾᠎ ᠶᠢ ᠰᠠᠶᠢᠲᠤᠷ ᠬᠢᠵᠦ᠂ ᠥᠷᠢ ᠰᠢᠷᠢ ᠠᠷᠢᠯᠭᠠᠬᠤ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠳᠠᠷᠠᠭᠠᠯᠠᠪᠠᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠨ᠎ᠠ᠃ ︽ᠳᠥᠷᠪᠡ ᠶᠢ ᠠᠷᠢᠯᠭᠠᠬᠤ ᠦᠭᠡᠢ︾ ᠶᠡᠷᠦᠩᠬᠡᠶ ᠱᠠᠭᠠᠷᠳᠠᠯᠭ᠎ᠠ ᠶᠣᠰᠣᠭᠠᠷ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠲᠣᠪᠦ᠋ᠮ᠎ᠠ ᠠᠰᠠᠭᠤᠳᠠᠯ ᠢ ᠲᠦᠢᠯᠪᠤᠷᠢᠲᠠᠢ ᠰᠢᠢᠳᠪᠤᠷᠢᠯᠡᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠳᠡᠮᠴᠡᠨ ᠣᠯᠪᠠ᠃ ᠭᠤᠷᠪᠠᠳᠤᠭᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠤᠷᠢᠳᠠᠴᠢ ︽ᠬᠠᠭᠠᠯᠲᠠ︾ ᠪᠣᠯᠭᠠᠵᠤ᠂ ᠴᠠᠭ ᠮᠥᠴᠡ ᠶᠢ ᠵᠠᠪᠳᠤᠵᠤ ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ︽ᠳᠠᠩᠰᠠ ᠲᠤᠰᠢᠶᠠᠬᠤ︾ ︽ᠪᠦᠬᠦᠨ ᠢ ᠢᠯᠭᠠᠷᠠᠭᠤᠯᠬᠤ︾᠎ ᠶᠢ ᠪᠠᠲᠤᠯᠠᠨ᠎ᠠ᠃      ᠰᠢᠨ᠎ᠡ ᠴᠠᠭ ᠦᠶ᠎ᠡ ᠰᠢᠨ᠎ᠡ ᠠᠶᠠᠨ ᠢᠶᠠᠨ ᠡᠬᠢᠯᠡᠭᠦᠯᠵᠦ᠂ ᠰᠢᠨ᠎ᠡ ᠬᠠᠷᠠᠯᠲᠠ ᠰᠢᠨ᠎ᠡ ᠬᠦᠰᠡᠯ ᠡᠷᠡᠮᠡᠯᠵᠡᠯ ᠢᠶᠠᠨ ᠢᠯᠡᠷᠬᠡᠶᠢᠯᠡᠪᠡ᠃ ᠰᠢᠩ ᠾᠧ ᠰᠢᠶᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠦᠪᠯᠡᠷᠡᠭᠦᠯᠤᠨ᠎ᠡ  ᠃ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠪᠠᠷ᠂ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠠᠷ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠤᠶᠢᠯᠡᠳᠪᠤᠷᠢ ᠶᠢᠨ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠪᠠᠷ᠂ ︽ᠨᠢᠭᠡ ᠬᠠᠷ᠎ᠠ ᠨᠢᠭᠡ ᠬᠤᠭᠤᠰᠣᠨ︾ ᠡᠬᠢ ᠪᠠᠶᠠᠯᠢᠭ ᠤᠨ ᠳᠠᠪᠠᠭᠤᠯᠢᠭ ᠢᠶᠠᠷ ᠭᠤᠣᠯᠳᠠᠯᠭ᠎ᠠ ᠪᠣᠯᠭᠠᠵᠤ᠂ ︽ᠡᠬᠢ ᠪᠠᠶᠠᠯᠢᠭ ᠤᠨ ᠫᠠᠶᠢᠰᠠ︾᠎ ᠶᠢ ᠰᠠᠶᠢᠲᠤᠷ ᠬᠢᠬᠦ ᠶᠢ ᠪᠠᠷᠢᠮᠲᠠᠯᠠᠵᠤ᠂ ᠰᠢᠨ᠎ᠡ ᠮᠠᠲ᠋ᠧᠷᠢᠶᠠᠯ ᠤᠨ ᠰᠢᠨ᠎ᠡ ᠡᠨᠧᠷᠭᠢ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠡᠬᠢ ᠪᠠᠶᠠᠯᠢᠭ ᠢ ᠣᠨᠳᠣᠣᠰᠢᠭᠤᠯᠤᠨ ᠥᠷᠲᠡᠭ ᠨᠡᠮᠡᠭᠳᠡᠭᠦᠯᠬᠦ ᠠᠵᠢᠯ ᠢ ᠰᠠᠶᠢᠲᠤᠷ ᠬᠢᠵᠦ᠂ ᠢᠦᠢ ᠴᠧᠩ ᠤᠨ ᠭᠤᠤ ᠯᠢᠩ ᠰᠢᠷᠣᠢ᠂ ᠶᠢᠩ ᠰᠢᠶᠠᠩ ᠨᠡᠭᠦᠷᠡᠰᠦᠲᠥ᠋ᠷᠥᠭᠴᠢ ᠶᠢᠨ ᠡᠯᠧᠮᠧᠨ᠋ᠲ᠂ ᠷᠦᠢ ᠱᠧᠩ ᠨᠡᠭᠦᠷᠡᠰᠦᠲᠥ᠋ᠷᠥᠭᠴᠢ ᠶᠢᠨ ᠡᠯᠧᠮᠧᠨ᠋ᠲ᠂ ᠲᠢᠶᠠᠨ ᠾᠧ ᠨᠡᠭᠦᠷᠡᠰᠦᠳᠦᠷᠦᠭᠴᠢᠵᠢᠯ᠂ ᠴᠢᠩ ᠱᠠᠨ ᠣᠨᠴᠠᠭᠠᠢ ᠨᠡᠭᠦᠷᠡᠰᠦᠲᠥ᠋ᠷᠥᠭᠴᠢ ᠵᠡᠷᠭᠡ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃      ᠳ᠋ᠠ ᠳᠠᠩ ᠤᠨ ᠸᠠᠨ ᠶᠤᠸᠠᠨ 50 ᠰᠠᠶ᠎ᠠ ᠸᠠᠲ ᠰᠠᠯᠬᠢᠨ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠵᠢᠯ ᠤᠨ ᠡᠴᠦᠰ ᠠᠴᠠ ᠡᠮᠦᠨ᠎ᠡ ᠴᠠᠬᠢᠯᠭᠠᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠴᠢᠷᠮᠠᠶᠢᠨ᠎ᠠ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠡᠳ᠋ ᠪᠠᠷᠠᠭ᠎ᠠ ᠶᠢᠨ ᠭᠦᠢᠯᠭᠡᠭᠡᠨ ᠤ ᠦᠢᠯᠡᠰ ᠨᠢ ᠤᠯᠠᠭᠠᠨᠴᠠᠪ ᠤᠨ ᠶᠡᠷᠦᠩᠬᠡᠶᠢᠯᠡᠭᠰᠡᠨ ᠡᠳ᠋ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠢ ᠵᠣᠬᠢᠰᠲᠠᠢ ᠪᠠᠶᠢᠷᠢᠯᠠᠭᠤᠯᠬᠤ ᠬᠡᠷᠡᠭᠲᠡᠢ᠃ ᠪᠥᠸᠧ ᠶᠤᠸᠠᠨ ᠤ ᠲᠣᠭᠠᠴᠢᠯᠠᠭᠰᠠᠨ ᠨᠡᠭᠦᠷᠡᠰᠦᠨ ᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂᠎ ᠶᠢᠨ ᠰᠢᠩ ᠭᠠᠩ ᠥᠩᠭᠡᠲᠦ ᠲᠡᠮᠦᠷᠯᠢᠭ ᠤᠨ ᠠᠭᠤᠷᠬᠠᠢ ᠶᠢᠨ ᠨᠡᠭᠦᠷᠡᠰᠦ ᠳᠠᠬᠢᠨ ᠢᠷᠡᠵᠦ ᠳᠠᠬᠢᠨ ᠲᠡᠭᠡᠭᠡᠪᠦᠷᠢᠯᠡᠬᠦ ᠪᠠ ᠨᠡᠭᠦᠷᠡᠰᠦ ᠤᠬᠢᠶᠠᠵᠤ ᠰᠣᠩᠭᠤᠨ ᠲᠣᠬᠢᠷᠠᠭᠤᠯᠬᠤ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ ᠂ ᠮᠣᠩ ᠭᠤᠯ ᠤᠯᠤᠰ ᠠᠴᠠ ᠬᠡᠦᠷᠡᠰᠦᠨ ᠨᠡᠭᠦᠷᠡᠰᠦ ᠶᠢ ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠤᠬᠢᠶᠠᠵᠤ ᠰᠢᠯᠢᠬᠦ᠂ ᠨᠠᠷᠢᠯᠢᠭ ᠪᠣᠯᠪᠠᠰᠤᠷᠠᠭᠤᠯᠬᠤ ᠪᠠᠷ ᠢᠳᠡᠪᠬᠢᠲᠠᠢ ᠴᠢᠷᠮᠠᠶᠢᠨ᠎ᠠ᠃ ᠵᠢᠭᠤᠯᠴᠢᠯᠠᠯ ᠤᠨ ᠦᠢᠯᠡᠰ ᠨᠢ ︽ᠢᠨᠲ᠋ᠧᠷ ᠰᠦᠯᠵᠢᠶ᠎ᠡ +︾ ᠡᠵᠡᠩᠨᠡᠯᠲᠡ ᠶᠢᠨ ᠵᠠᠭᠪᠤᠷ ᠢ ᠬᠡᠷᠡᠭᠯᠡᠵᠦ᠂ ᠰᠤᠮᠤᠨ ᠠᠭᠤᠯᠠ᠂ ᠴᠠᠷᠭᠤ ᠨᠠᠭᠤᠷ᠂ ᠳ᠋ᠠ ᠨᠠᠨ ᠱᠠᠨ ᠤ ᠬᠤᠪᠢᠰᠬᠠᠯᠲᠤ ᠲᠡᠮᠡᠴᠡᠯ ᠤᠨ ᠲᠡᠤᠬᠡ ᠶᠢᠨ ᠣᠷᠳᠣᠨ᠂ ᠰᠦᠮᠦ ᠱᠠᠨ ᠤ ᠤᠶᠢᠯᠡᠰ ᠪᠣᠰᠬᠠᠭᠰᠠᠨ ᠲᠡᠤᠬᠡ ᠶᠢᠨ ᠣᠷᠳᠣᠨ ᠵᠡᠷᠭᠡ ᠠᠭᠤᠯᠠ ᠤᠰᠤ ᠶᠢᠨ ᠬᠤᠪᠢᠰᠬᠠᠯ ᠤᠨ ᠵᠢᠭᠤᠯᠴᠢᠯᠠᠯ ᠤᠨ ᠡᠬᠢ ᠪᠠᠶᠠᠯᠢᠭ ᠢ ᠠᠭᠤᠳᠠᠯᠵᠤ᠂ ᠲᠦᠷᠭᠡᠨ ᠲᠡᠷᠭᠡ ᠰᠣᠯᠢᠬᠤ ᠵᠢᠭᠤᠯᠴᠢᠯᠠᠯ ᠤᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠵᠡᠶ᠃ ᠵᠢᠭᠤᠯᠴᠢᠯᠠᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠬᠥᠭᠵᠢᠭᠦᠯᠦᠨ ᠮᠠᠨᠳᠤᠭᠤᠯᠬᠤ ᠪᠠ ᠵᠢᠭᠤᠯᠴᠢᠯᠠᠯ ᠤᠨ ᠤᠶᠢᠯᠡᠰ ᠢ ᠬᠥᠭᠵᠢᠭᠦᠯᠦᠨ᠎ᠡ᠃      ᠠᠷᠠᠳ ᠤᠨ ᠬᠡᠷᠡᠭᠴᠡᠭᠡ ᠶᠢ ᠯᠡ ᠬᠠᠩᠭᠠᠪᠠᠯ ᠰᠠᠶ᠋ᠢ ᠠᠷᠠᠳ ᠤᠨ ᠠᠮᠢᠳᠤᠷᠠᠯ ᠤᠨ ᠳᠤᠯᠠᠭᠠᠨ ᠤ ᠬᠡᠮᠵᠢᠶ᠎ᠡ ᠶᠢ ᠢᠯᠡᠷᠡ ᠭᠦᠯᠵᠦ ᠴᠢᠳᠠᠨ᠎ᠠ᠃ ᠰᠢᠩ ᠾᠧ ᠰᠢᠶᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ︽ᠭᠤᠷᠪᠠᠨ ᠣᠷᠣᠨ ᠢ ᠬᠠᠮᠲᠤ ᠳᠤᠨᠢ ᠪᠦᠲᠦᠭᠡᠨ ᠪᠠᠶᠢᠭᠤᠯᠬᠤ︾ ᠠᠯᠬᠤᠴᠠ ᠶᠢ ᠲᠦᠷᠭᠡᠳᠬᠡᠵᠦ ᠂ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠢ ᠤᠶᠠᠯᠳᠤᠭᠤᠯᠤᠨ᠂ ᠡᠨᠡ ᠵᠢᠯ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠴᠢᠳᠠᠪᠤᠷᠢ ᠪᠠ ᠦᠷ᠎ᠡ ᠪᠦᠲᠦᠮᠵᠢ ᠶᠢ ᠭᠤᠤᠯᠳᠠᠯᠭ᠎ᠠ ᠲᠠᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠬᠥᠳᠡᠭᠡ ᠲᠣᠰᠬᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ︽ᠵᠣᠷᠯᠣᠩ ᠤᠨ ᠬᠤᠪᠢᠰᠬᠠᠯ︾᠎ ᠢ ᠬᠡᠷᠡᠭᠵᠢᠭᠦᠯᠦᠨ᠎ᠡ᠃ ᠰᠤᠷᠭᠠᠨ ᠬᠥᠮᠦᠵᠢᠯ᠂ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠣᠷᠤᠭ ᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠠᠷᠠᠳ ᠤᠯᠠᠨ ᠤ ᠴᠢᠨᠡᠭᠡᠯᠢᠭ ᠠᠮᠢᠳᠤᠷᠠᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠭᠠᠨ᠎ᠠ᠃      ᠬᠦᠴᠦᠯᠡᠨ ᠲᠡᠮᠡᠴᠡᠵᠦ᠂ ᠠᠶᠠᠨ ᠵᠠᠮ ᠳᠤ ᠬᠦᠯ ᠳᠣᠣᠷ᠎ᠠ᠂ ᠵᠠᠮ ᠤᠨ ᠤᠷᠲᠤ ᠠᠴᠠ ᠠᠶᠤᠬᠤ ᠦᠭᠡᠢ᠃ ᠰᠢᠩ ᠾᠧ ᠰᠢᠶᠠᠨ ᠬᠤᠶᠢᠰᠢᠳᠠ ᠶᠢᠨ ᠠᠵᠢᠯ ᠤᠨ ᠳᠤᠮᠳᠠ ᠳᠤᠲᠠᠭᠤᠳᠠᠯ ᠪᠠᠭᠤᠷᠠᠶ ᠲᠠᠯ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠢᠪᠲᠤᠯᠵᠤ᠂ ᠡᠯ᠎ᠡ ᠠᠵᠢᠯ ᠲᠥᠷᠥᠯ᠂ ᠡᠯ᠎ᠡ ᠬᠦᠷᠢᠶᠡᠨ ᠤ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠦᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠠᠬᠢᠭᠤᠯᠵᠠᠶ᠃ ᠴᠢᠨᠡᠭᠡᠯᠢᠭ ᠨᠡᠶᠢᠭᠡᠮ ᠢ ᠴᠢᠨᠠᠷ ᠰᠠᠶᠢᠲᠠᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠨ᠎ᠠ᠃ᠰᠤᠷᠪᠤᠯᠵᠢᠯᠠᠭᠴᠢ᠄        ᠵᠠ᠂ ᠴᠠᠩ ᠰᠢᠶᠠᠨ ᠤ ᠳᠠᠷᠤᠭ᠎ᠠ ᠪᠢᠳᠡᠨ ᠤ ᠰᠤᠷᠪᠤᠯᠵᠢᠯᠠᠭ᠎ᠠ ᠶᠢ ᠬᠦᠯᠢᠶᠡᠨ ᠠᠪᠤᠭᠰᠠᠨ ᠳᠤ ᠪᠠᠶᠠᠷᠯᠠᠯ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠪᠡ᠂ ᠰᠦᠯᠵᠢᠶᠡᠨ ᠠᠨᠳᠠ ᠨᠠᠷ ᠳᠠᠷᠠᠭ᠎ᠠ ᠤᠳᠠᠭ᠎ᠠ ᠳᠠᠬᠢᠨ ᠠᠭᠤᠯᠵᠠᠶ᠎ᠠ᠃                                     ᠣᠷᠴᠢᠭᠤᠯᠤᠭᠴᠢ  ᠄  ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3