ᠰᠢᠩ ᠾᠧ ᠰᠢᠶᠠᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠬᠤ ᠪᠠ ︽ᠲᠠᠯᠪᠢᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/6/10
     ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠤ᠄      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠰᠠᠭ ᠶᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠰᠢᠩ ᠾᠧ ᠰᠢᠶᠠᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤ‌‍ᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠠᠬᠢᠭᠤᠯᠬᠤ ᠵᠤᠬᠢᠴᠠᠭᠤᠯᠬᠤ ᠤᠳᠤᠷᠢᠳᠬᠤ ᠳᠤᠭᠤᠶᠢᠯᠠᠩ ︵ᠳᠣᠷᠣᠭᠰᠢ ᠵᠣᠬᠢᠴᠠᠭᠤᠯᠬᠤ ᠳᠤᠭᠤᠶᠢᠯᠠᠩ ᠭᠡᠵᠦ ᠲᠣᠪᠴᠢᠯᠠᠨ᠎ᠠ︶ ᠳᠤ ᠲᠤᠬᠢᠷᠠᠭᠤᠯᠤᠯᠳᠠ ᠬᠢᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄       ᠨᠢᠭᠡ᠂ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠬᠦᠨ ᠵᠢᠴᠢ ᠭᠤᠤᠯ ᠡᠭᠦᠷᠭᠡ ᠬᠠᠷᠢᠭᠤᠴᠠᠯᠭ᠎ᠠ       ︵ᠨᠢᠭᠡ︶ ᠪᠦᠷᠢᠯᠳᠦᠬᠦᠨ      ᠳᠤᠭᠤᠶᠢᠯᠠᠩ ᠤᠨ ᠳᠠᠷᠤᠭ᠎ᠠ᠄ ᠴᠠᠩ ᠳ᠋ᠠ ᠸᠧᠶ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠯᠢᠦ ᠪᠦᠦ ᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ      ᠰᠢᠶᠣᠤ ᠹᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ      ᠯᠢ ᠹᠧᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ      ᠶᠠᠩ ᠵᠧᠨ ᠳ᠋ᠦᠩ ᠤᠨ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ      ᠵᠣᠤ ᠭᠤᠸᠠᠩ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ      ᠸᠠᠩ ᠯᠢ ᠰᠢᠨ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ      ᠵᠣᠣ ᠬᠤᠶ ᠵᠢᠤᠢ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ      ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠧᠩ ᠴᠢᠶᠠᠨ ᠱᠤᠸᠠᠢ      ᠭᠦᠩ ᠰᠢᠤ ᠯᠦᠩ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ      ᠳ᠋ᠦᠩ ᠬᠤᠩ ᠡᠤ ᠠᠵᠤ ᠦᠶ᠋ᠯᠡᠳᠪᠦᠷᠢ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ      ᠭᠡᠰᠢᠭᠦᠨ᠄ ᡁᠢ ᠬᠦᠶ ᠴᠢᠩ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ      ᠯᠢ ᠬᠤᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠯᠢ ᡁᠢ ᠪᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ      ᠯᠢ ᠸᠤᠨ ᠯᠢᠶᠠᠩ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠥᠪ ᠤᠨ ᠡᠷᠬᠢᠯᠡᠭᠴᠢ      ᠵᠠᠩ ᠰᠢᠶᠣᠤ ᠬᠤᠩ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ      ᠯᠢ ᠵᠢᠶᠦ᠋ᠨ ᠠᠵᠤ  ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ      ᠬᠤᠸᠠᠩ ᠮᠤᠤ ᠱᠧᠩ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠵᠤᠤ ᠵᠢᠶᠦ᠋ᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ      ᠰᠦᠩ ᠪᠥᠸᠧ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠪᠠᠲᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠸᠧᠶ ᠵᠢᠶᠦ᠋ᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ      ᠸᠠᠩ ᠵᠢᠶᠠᠨ ᠴᠢᠶᠦ᠋ᠩ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ      ᠭᠤᠤ ᠷᠦᠢ ᠳ᠋ᠦᠩ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ      ᠵᠤ᠋ ᠬᠠᠢ ᠯᠦᠩ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠠᠷᠤᠭ᠎ᠠ      ᠯᠢᠦ ᠬᠠᠶ ᠢᠦᠶ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ      ᠴᠧᠨ ᠸᠠᠨ ᠯᠢᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ      ᠶᠠᠩ ᠵᠢᠶᠠᠨ ᠯᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ      ᠲᠢᠶᠠᠨ ᠢᠦᠶ ᠬᠤᠢ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠠᠷᠤᠭ᠎ᠠ      ᠰᠦᠨ ᠵᠢᠶᠠᠩ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ      ᠽᠦᠩ ᠮᠢᠩ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ      ᠯᠢ ᠵᠧᠨ ᠫᠢᠩ ᠭᠠᠶᠢᠯᠢ ᠶᠢᠨ ᠲᠣᠪᠴᠢᠶᠠᠨ ᠤ ᠳᠠᠷᠤᠭ᠎ᠠ      ᠯᠢᠦ ᠵᠢᠶᠠᠨ ᠣᠷᠣᠨ ᠲᠣᠭᠠᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠠᠵᠢᠯ ᠦᠢᠯᠡᠰ ᠤᠨ ᠨᠢᠭᠡᠴᠡ ᠶᠢᠨ ᠳᠡᠭᠰᠡᠯᠡᠨ ᠬᠠᠮᠢᠶᠠᠷᠬᠤ ᠲᠣᠪᠴᠢᠶᠠᠨ ᠤ ᠳᠠᠷᠤᠭ᠎ᠠ      ᠵᠦ ᠬᠠᠨ ᠪᠢᠩ ᠮᠥᠩᠭᠦᠨ ᠭᠦᠶ᠋ᠯᠭᠡᠭᠡᠨ ᠤ ᠠᠯᠪᠠᠨ ᠭᠡᠷ ᠤᠨ ᠡᠷᠬᠢᠯᠡᠭᠴᠢ᠂ ᠲᠡᠳᠬᠦᠨ ᠪᠡᠯᠡ ᠣᠷᠣᠭᠤᠯᠬᠤ ᠺᠣᠮᠫᠠᠨᠢ ᠶᠢᠨ ᠶᠡᠷᠦᠩᠬᠡᠶ ᠳᠠᠭᠠᠭᠠᠮᠠᠯ      ᠭᠦᠸᠧ ᠵᠢᠶᠠᠨ ᠵᠢᠶᠦ᠋ᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ      ᠬᠤᠸᠠᠩ ᡁᠢ ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ      ᠵᠢᠶ ᠴᠢᠩ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ      ᠶᠠᠩ ᠳᠡᠯᠡᠬᠡᠶ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠳᠠᠷᠤᠭ᠎ᠠ      ᠵᠤᠤ ᠵᠢᠶᠠᠨ ᠰᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠦ᠋ ᠪᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ      ᠸᠠᠩ ᠸᠧᠨ ᠵᠢᠶᠧ ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠯᠢᠦ ᠨᠢᠩ ᠤᠨ ᠠᠷᠠᠳ ᠤᠨ ᠪᠠᠩᠬᠢ ᠶᠢᠨ ᠳᠠᠷᠤᠭ᠎ᠠ      ᠵᠠᠶ ᠸᠤᠨ ᠪᠢᠨ ᠪᠠᠩᠬᠢ ᠶᠢᠨ ᠬᠢᠨᠠᠨ ᠬᠠᠮᠢᠶᠠᠷᠬᠤ ᠠᠯᠪᠠᠨ ᠭᠡᠷ ᠤᠨ ᠡᠷᠬᠢᠯᠡᠭᠴᠢ      ᠹᠧᠩ ᠰᠢᠶᠣᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ      ᠵᠠᠩ ᠡᠯ ᠳ᠋ᠦᠩ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠶᠢᠨ ᠳᠠᠷᠤᠭ᠎ᠠ      ᠵᠢᠶᠠ ᠫᠧᠶ ᠱᠧᠩ ᠴᠧᠩ ᠭᠤᠸᠠᠨ ᠪᠠᠯᠭᠠᠰᠤᠨ ᠤ ᠳᠠᠷᠤᠭ᠎ᠠ      ᠸᠠᠩ ᠯᠢᠨ ᠳ᠋ᠢᠶᠠᠨ ᠽᠢ ᠪᠠᠯᠭᠠᠰᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ      ᠸᠠᠩ ᠯᠦ ᠵᠠᠩ ᠭᠤᠤ ᠪᠠᠯᠭᠠᠰᠤᠨ ᠤ ᠳᠠᠷᠤᠭ᠎ᠠ      ᠼᠦᠢ ᠳ᠋ᠦᠸᠧ ᠧ ᠡᠯ ᠳ᠋ᠦᠩ ᠪᠠᠯᠭᠠᠰᠤᠨ ᠤ ᠳᠠᠷᠤᠭ᠎ᠠ      ᠮᠠ ᠨᠢᠩ ᠰᠠᠶᠢᠨ ᠤᠰᠤ ᠪᠠᠯᠭᠠᠰᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ      ᠵᠤᠤ ᠷᠦᠢ ᠸᠠᠩ ᠳ᠋ᠠ ᠺᠥ᠋ ᠯᠢᠶᠠᠨ ᠰᠢᠶᠠᠩ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ      ᠪᠦᠦ ᠸᠧᠨ ᠰᠢ ᠰᠢᠶᠠᠩ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠲᠠᠢ ᠪᠦᠯᠬᠦᠮᠳᠡᠪᠡ      ᠬᠤᠤ ᠶᠠᠨ ᠵᠢᠶᠦ᠋ᠨ ᠳ᠋ᠡ ᠲᠦᠩ ᠶᠣᠣ ᠰᠢᠶᠠᠩ ᠤᠨ ᠳᠠᠷᠤᠭ᠎ᠠ      ᠵᠠᠩ ᠭᠤᠸᠠᠩ ᠡᠤ ᠬᠥ᠋ ᠴᠢᠤᠸᠠᠨ ᠰᠢᠶᠠᠩ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ        ︵ᠬᠤᠶᠠᠷ︶ ᠭᠤᠤᠯ ᠡᠭᠦᠷᠭᠡ ᠬᠠᠷᠢᠭᠤᠴᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠰᠠᠭᠤᠷᠢᠨ ᠳᠡᠭᠡᠷ᠎ᠡ᠂ ᠮᠠᠨ ᠤ ᠰᠢᠶᠠᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠭᠤᠣᠯᠳᠠᠯᠭ ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ ᠴᠢᠬᠤᠯᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢ ‍ᠶ᠎ᠡ ᠶᠢ ᠨᠢᠭᠡᠳᠦᠯᠲᠡᠶ ᠲᠥᠯᠥᠪᠯᠡᠨ ᠰᠤᠳᠤᠯᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠪᠠᠷ ᠪᠠᠶᠢᠭ᠎ᠠ ᠬᠤᠯᠪᠣᠭᠳᠠᠯ ᠪᠦᠬᠦᠢ ᠴᠢᠬᠤᠯᠠ ᠵᠦᠢᠯᠡᠰ ᠢ ᠰᠤᠳᠤᠯᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠤᠷᠢᠯᠡᠬᠦ ᠶᠢ ᠵᠣᠬᠢᠴᠠᠭᠤᠯᠤᠨ ᠠᠬᠢᠭᠤᠯᠵᠤ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠠᠶ᠃ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠩ ᠶᠡᠭᠡ ᠬᠡᠮᠵᠢᠶ᠎ᠡ ᠪᠠᠷ ᠬᠥᠭᠵᠢᠭᠡᠨ᠎ᠡ᠃      ᠵᠣᠬᠢᠴᠠᠭᠤᠯᠬᠤ ᠳᠤᠭᠤᠶᠢᠯᠠᠩ ᠤᠨ ᠳᠣᠤᠷ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠤᠭᠤᠶᠢᠯᠠᠩ ᠢ ᠴᠤᠮᠬᠠᠳᠬᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤᠭᠤᠶᠢᠯᠠᠩ᠂ ᠠᠳᠠᠯ ᠤᠶᠢᠯᠡᠰ ᠴᠤᠭᠴᠠᠯᠠᠵᠤ ᠰᠢᠨ᠎ᠡ ᠶᠢ ᠡᠭᠦᠳᠬᠦ ᠶᠢ ᠤᠷᠮᠠᠰᠢᠭᠤᠯᠬᠤ ᠳᠤᠭᠤᠶᠢᠯᠠᠩ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠭᠤᠶᠢᠯᠠᠩ᠂ ᠨᠡᠶᠢᠭᠡᠮ ᠤᠨ ᠤᠶᠢᠯᠡᠴᠢᠯᠡᠭᠡᠨ ᠤ ᠳᠤᠭᠤᠶᠢᠯᠠᠩ ᠵᠡᠷᠭᠡ 5 ᠲᠤᠰᠬᠠᠶ ᠰᠡᠳᠦᠪᠲᠦ ᠳᠤᠭᠤᠶᠢᠯᠠᠩ ᠪᠠ ᠶᠡᠷᠦᠩᠬᠡᠶᠢᠯᠡᠭᠰᠡᠨ ᠳᠤᠭᠤᠶᠢᠯᠠᠩ᠂ ᠬᠠᠤᠯᠢ ᠪᠠᠷ ᠵᠠᠰᠠᠬᠤ ᠳᠤᠭᠤᠶᠢᠯᠠᠩ᠂ ᠰᠢᠪᠠᠳᠠᠨ ᠪᠠᠶᠢᠴᠠᠭᠠᠬᠤ ᠳᠤᠭᠤᠶᠢᠯᠠᠩ ᠵᠡᠷᠭᠡ 3 ᠪᠠᠲᠤᠯᠠᠭ᠎ᠠ ᠶᠢᠨ ᠳᠤᠭᠤᠶᠢᠯᠠᠩ ᠭᠠᠷᠭᠠᠪᠠ᠃      ᠬᠤᠶᠠᠷ᠂ ᠵᠣᠬᠢᠴᠠᠭᠤᠯᠬᠤ ᠳᠤᠭᠤᠶᠢᠯᠠᠩ ᠤᠨ ᠡᠯ᠎ᠡ ᠲᠤᠰᠬᠠᠶ ᠰᠡᠳᠦᠪᠲᠦ ᠳᠤᠭᠤᠶᠢᠯᠠᠩ ᠵᠢᠴᠢ ᠭᠤᠤᠯ ᠡᠭᠦᠷᠭᠡ ᠬᠠᠷᠢᠭᠤᠴᠠᠯᠭ᠎ᠠ      ︵ᠨᠢᠭᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠤᠭᠤᠶᠢᠯᠠᠩ  ᠢ ᠴᠣᠮᠬᠠᠳᠬᠠᠬᠤ      ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠯᠢ ᠹᠤᠩ ᠡᠭᠦ‌‍ᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶᠠᠨ ᠤ ᠳᠠᠷᠤᠭ᠎ᠠ ᠯᠢ ᡁᠢ ᠪᠢᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠰᠥᠩ ᠪᠥᠸᠧ᠂ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠵᠠᠩ ᠰᠢᠶᠤᠤ ᠬᠤᠩ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠯᠢᠦ ᠬᠠᠶ ᠢᠦᠶ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠬᠤᠸᠠᠩ ᠮᠤᠤ ᠱᠧᠩ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ ᠭᠤᠤ ᠷᠦᠢ ᠳ᠋ᠦᠩ ᠡᠭᠦᠷᠭᠡᠯᠡᠪᠡ᠃      ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ᠂ ᠪᠡᠯᠡ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠦᠷᠦᠭ ᠦᠯᠡᠨ ᠠᠬᠢᠭᠤᠯᠬᠤ ᠶᠢ ᠬᠠᠷᠢᠭᠤᠴᠠᠨ᠎ᠠ᠃ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ ᠡᠯ᠎ᠡ ᠲᠥᠷᠥᠯ ᠤᠨ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠬᠠᠮᠢᠶᠠᠷᠤᠯᠲᠠ ᠶᠢᠨ  ᠵᠤᠶᠢᠯᠡᠰ ᠢ ᠢᠯᠭᠠᠷᠠᠭᠤᠯᠤᠨ ᠵᠢᠷᠤᠮᠵᠢᠭᠤᠯᠬᠤ ᠠᠵᠢᠯ ᠢ ᠵᠣᠬᠢᠴᠠᠭᠤᠯᠤᠨ ᠠᠬᠢᠭᠤᠯᠵᠤ᠂ ᠪᠡᠯᠡ ᠣᠷᠣᠭᠤᠯᠤᠯᠲᠠ ᠶᠢᠨ ᠲᠥᠷᠥᠯ ᠵᠤᠶᠢᠯ ᠢ ᠬᠢᠨᠠᠨ ᠵᠥᠪᠰᠢᠶᠡᠷᠡᠬᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠬᠢᠨᠠᠨ ᠵᠥᠪᠰᠢᠶᠡᠷᠡᠬᠦ᠂ ᠬᠢᠨᠠᠨ ᠵᠥᠪᠰᠢᠶᠡᠷᠡᠬᠦ ᠵᠡᠷᠭᠡ ᠵᠤᠶᠢᠯᠡᠰ ᠢ ᠦᠷᠭᠦᠯᠵᠢᠯᠡᠨ ᠢᠯᠭᠠᠷᠠᠭᠤᠯᠤᠨ ᠴᠣᠮᠬᠠᠳᠬᠠᠵᠤ᠂ ᠣᠷᠣᠨ ᠪᠦᠰᠡ ᠶᠢᠨ ᠦᠨᠡᠯᠡᠨ ᠵᠢᠱᠢᠬᠦ᠂ ᠬᠠᠮᠲᠤᠷᠠᠨ ᠬᠢᠨᠠᠨ ᠲᠣᠭᠲᠠᠭᠠᠬᠤ᠂ ᠨᠡᠶᠢᠯᠡᠭᠦᠯᠦᠨ ᠬᠤᠯᠪᠤᠭᠠᠯᠠᠵᠤ ᠬᠢᠨᠠᠨ ᠵᠥᠪᠰᠢᠶᠡᠷᠡᠬᠦ ᠵᠡᠷᠭᠡ ᠶᠢ ᠬᠡᠷᠡᠭᠵᠢᠭᠦᠯᠦᠨ᠎ᠡ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠯᠠᠭ᠎ᠠ ᠶᠢ ᠵᠢᠷᠤᠮᠵᠢᠭᠤᠯᠵᠤ᠂ ᠳᠣᠷᠣᠭᠰᠢ ᠪᠠᠭᠤᠯᠭᠠᠬᠤ ᠬᠢᠨᠠᠨ ᠵᠥᠪᠰᠢᠶᠡᠷᠡᠬᠦ ᠵᠤᠶᠢᠯᠡᠰ ᠢ ᠬᠦᠴᠦᠨ ᠥᠬᠡᠶ ᠪᠣᠯᠭᠠᠬᠤ ᠶᠠᠪᠤᠳᠠᠯ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠬᠢᠨᠠᠨ ᠬᠠᠷᠭᠤᠭᠤᠯᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠦᠢᠯᠡᠴᠢᠯᠡᠭᠡᠨ ᠤ ᠲᠠᠯ᠎ᠠ ᠪᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠷᠢᠮᠵᠢᠶᠠᠵᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠪᠦᠬᠦ ᠰᠢᠶᠠᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠦᠬᠦ ᠣᠷᠣᠨ᠂ ᠪᠦᠬᠦ ᠬᠤᠲᠠ ᠶᠢᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠡᠯ ᠤᠨ ᠦᠢᠯᠡᠴᠢᠯᠡᠭᠡᠨ ᠤ ᠲᠠᠪᠴᠠᠩ ᠲᠠᠢ ᠵᠣᠯᠭᠠᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠶᠢ ᠠᠬᠢᠭᠤᠯᠵᠤ᠂ ᠦᠨᠡᠮᠯᠡᠯ ᠢ ᠬᠠᠰᠤᠵᠤ ᠠᠷᠠᠳ ᠲᠤ ᠲᠥᠬᠦᠮ ᠦᠵᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠠᠰᠠᠭ ᠤᠨ ᠣ‌‍ᠷᠳᠣᠨ ᠤ ᠤᠶᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ︵ᠬᠤᠶᠠᠷ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤᠭᠤᠶᠢᠯᠠᠩ      ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠰᠦᠩ ᠪᠥᠸᠧ ᠡᠭᠦᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ ᠷᠧᠨ ᠹᠦ᠋᠂ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ᠵᠣᠣ ᠱᠦ᠋᠂ ᠪᠠᠶᠢᠭᠠᠯᠢ ᠶᠢᠨ ᠡᠬᠢ ᠪᠠᠶᠠᠯᠢᠭ ᠤᠨ ᠳᠡᠳ᠋ ᠳᠠᠷᠤᠭ᠎ᠠ ᠶᠠᠩ ᠾᠧᠩ ᠢ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ ᠯᠢ ᠱᠧᠩ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠯᠢ ᠯᠢ ᠰᠢᠶᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠹᠠᠨ ᠶᠧ᠂ ᠠᠷᠠᠳ ᠤᠨ ᠪᠠᠩᠬᠢ ᠶᠢᠨ ᠰᠢᠩ ᠾᠧ ᠰᠠᠯᠪᠤᠷᠢ ᠪᠠᠩᠬᠢ ᠶᠢᠨ ᠳᠠᠷᠤᠭ᠎ᠠ ᠯᠢᠦ ᠨᠢᠩ᠂ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢ ᠵᠦ ᠬᠠᠨ ᠪᠢᠩ ᠡᠭᠦᠷᠭᠡᠯᠡᠪᠡ᠃      ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠲᠦᠷᠦᠭᠦᠯᠡᠨ ᠬᠠᠷᠢᠭᠤᠴᠠᠵᠤ᠂ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠣᠶ ᠪᠣᠯᠭᠠᠨ᠎ᠠ᠃ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠢᠭᠡᠳᠦᠯᠲᠡᠶ ᠲᠣᠳᠣᠷᠬᠠᠶ ᠬᠠᠭᠤᠳᠠᠰᠤ ᠶᠢᠨ ᠲᠦᠷᠢᠮ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ ᠂ ᠨᠢᠭᠡᠳᠤᠯᠲᠠᠢ ᠵᠠᠬ᠎ᠠ ᠳᠡᠯᠭᠡᠭᠦᠷ ᠪᠠ ᠭᠤᠤᠯᠴᠢ ᠪᠠᠷ ᠥᠷᠢᠰᠥᠯᠳᠦᠬᠦ ᠶᠢ ᠬᠠᠷᠰᠢᠯᠠᠬᠤ ᠡᠯ᠎ᠡ ᠵᠤᠶᠢᠯ ᠤᠨ ᠲᠣᠭᠲᠠᠭᠠᠯ ᠪᠠ ᠠᠷᠭ᠎ᠠ ᠬᠢᠳᠡᠯ ᠢ ᠴᠡᠪᠡᠷᠯᠡᠨ ᠬᠦᠴᠦᠨ ᠦᠭᠡᠢ ᠪᠣᠯᠭᠠᠨ᠎ᠠ᠃ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ᠂ ᠠᠷᠠᠳ ᠤᠨ ᠪᠡᠯᠡ ᠤᠷᠤᠭᠤᠯᠤᠯᠲᠠ ᠶᠢ ᠠᠬᠢᠭᠤᠯᠵᠤ᠂ ᠠᠷᠠᠯᠵᠢᠶ᠎ᠠ ᠶᠢ ᠳᠥᠭᠦᠮᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠨᠠᠨ ᠬᠠᠮᠢᠶᠠᠷᠬᠤ ᠲᠠᠯ᠎ᠠ ᠪᠠᠷ᠂ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡ ᠶᠢ ᠢᠯᠭᠠᠷᠠᠭᠤᠯᠤᠨ ᠵᠢᠷᠤᠮᠵᠢᠭᠤᠯᠵᠤ᠂ ᠨᠠᠷᠢᠨ ᠳᠠᠩᠰᠠ ᠶᠣᠰᠣᠭᠠᠷ ᠰᠦᠢᠳᠬᠡᠯ ᠬᠤᠷᠢᠶᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠦᠢᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ‌‍ᠰᠦ᠋ᠢᠳᠬᠡᠯ ᠬᠤᠷᠢᠶᠠᠯᠲᠠ ᠶᠢ ᠦᠷᠭᠦᠯᠵᠢᠯᠡᠨ ᠢᠯᠭᠠᠷᠠᠭᠤᠯᠤᠨ ᠵᠢᠷᠤᠮᠵᠢᠭᠤᠯᠤᠨ᠎ᠠ᠃ ᠤᠶᠢᠯᠡᠴᠢᠯᠡᠭᠡᠨ ᠤ ᠲᠠᠯ᠎ᠠ ᠪᠠᠷ᠂ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠭᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠬᠦ ᠶᠢ ᠠᠬᠢᠭᠤᠯᠤᠨ᠎ᠠ᠃ ᠤᠰᠤ᠂ ᠴᠠᠬᠢᠯᠭᠠᠨ᠂ ᠬᠡᠢ ᠳᠤᠯᠠᠭᠠᠨ᠂ ᠪᠠᠩᠬᠢ ᠵᠡᠷᠭᠡ ᠨᠡᠶᠢᠲᠡ ᠶᠢᠨ ᠬᠡᠷᠡᠭᠯᠡᠭᠡᠨ ᠤ ᠠᠵᠢᠯ  ᠤᠶᠢᠯᠡᠰ ᠤᠨ ᠬᠦᠷᠢᠶᠡᠨ ᠤ ᠥᠭᠡᠷᠡᠴᠢᠯᠡᠯᠲᠡ ᠶᠢ ᠲᠦᠷᠭᠡᠳᠬᠡᠵᠦ᠂ ᠤᠶᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      ︵ᠭᠤᠷᠪᠠ︶ ᠠᠳᠠᠯ ᠤᠶᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠤᠷᠮᠠᠰᠢᠭᠤᠯᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠰᠦᠩ ᠪᠥᠸᠧ ᠡᠭᠦᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ᠵᠤᠤ ᠱᠦ᠋᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ ᠮᠠ ᠸᠠᠨ ᠱᠧᠩ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠡᠳ᠋ ᠳᠠᠷᠤᠭ᠎ᠠ ᠬᠤ᠋ ᠹᠦ᠋᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠸᠠᠩ ᠯᠢ ᠶᠦᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠯᠢ ᠵᠢᠶᠦ᠋ᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠯᠦ ᠮᠧᠢ ᠷᠦᠩ᠂ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠵᠠᠢ ᠸᠤᠨ ᠪᠢᠨ ᠡᠭᠦᠷᠭᠡᠯᠡᠪᠡ᠃    ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠡᠬᠦ ᠶᠢ ᠲᠦᠷᠦᠭᠦᠯᠡᠨ ᠠᠬᠢᠭᠤᠯᠬᠤ ᠶᠢ ᠬᠠᠷᠢᠭᠤᠴᠠᠵᠤ᠂ ᠪᠥᠬᠦᠳᠡ ᠤᠯᠠᠨ ᠢᠶᠠᠷ ᠢᠶᠠᠨ ᠠᠳᠠᠯ ᠤᠶᠢᠯᠡᠰ ᠴᠣᠭᠴᠠᠯᠠᠬᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠳᠡᠰ ᠳᠡᠪᠰᠢᠭᠰᠡᠨ ᠬᠡᠪ ᠢ ᠪᠤᠢ ᠪᠣᠯᠭᠠᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠵᠠᠯᠭᠠᠯᠳᠤᠨ ᠰᠣᠯᠢᠭᠳᠠᠬᠤ ᠶᠢ ᠠᠬᠢᠭᠤᠯᠤᠨ᠎ᠠ᠃ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠬᠡᠷᠡᠭᠯᠡᠬᠦ ᠪᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠬᠢᠴᠠᠭᠤᠯᠤᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤ ᠨᠡᠩ ᠶᠡᠭᠡ ᠡᠵᠡᠮᠳᠡᠬᠦ ᠡᠷᠬᠡ ᠣᠯᠭᠤᠵᠤ᠂ ᠰᠢᠨ᠎ᠡ ᠶᠢ ᠡᠭᠦᠳᠬᠦ ᠦᠷ᠎ᠡ ᠪᠦᠲᠦᠭᠡᠯ ᠢ ᠬᠤᠪᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠳᠠᠯ ᠤᠶᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠬᠥᠭᠵᠢᠭᠡᠨ᠎ᠡ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠰᠢᠨ᠎ᠡ ᠪᠠᠷ ᠬᠥᠭᠵᠢᠭᠰᠡᠨ ᠠᠵᠤ ᠤᠶᠢᠯᠡᠰ ᠤᠨ ᠪᠡᠶ᠎ᠡ ᠳᠤᠨᠢ ᠲᠣᠬᠢᠷᠠᠭᠤᠯᠤᠨ ᠲᠣᠭᠲᠠᠭᠠᠨ ᠲᠣᠭᠲᠠᠭᠠᠵᠤ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠶ ᠬᠢᠨᠠᠨ ᠬᠠᠮᠢᠶᠠᠷᠬᠤ ᠵᠠᠭᠪᠤᠷ ᠪᠠ ᠪᠠᠷᠢᠮᠵᠢᠶ᠎ᠠ ᠵᠢᠷᠤᠮᠵᠢᠯ ᠢ ᠲᠣᠭᠲᠠᠭᠠᠨ᠂ ᠠᠮᠤᠷ ᠲᠦᠪᠰᠢᠨ ᠪᠠ ᠶᠠᠰᠤ ᠴᠢᠨᠠᠷ ᠤᠨ ᠬᠢᠵᠠᠭᠠᠷ ᠱᠤᠭᠤᠮ ᠢ ᠪᠠᠲᠤ ᠰᠠᠬᠢᠨ᠎ᠠ᠃  ᠤᠶᠢᠯᠡᠴᠢᠯᠡᠭᠡᠨ ᠤ ᠲᠠᠯ᠎ᠠ ᠪᠠᠷ᠂ ᠡᠯ᠎ᠡ ᠲᠥᠷᠥᠯ ᠤᠨ ᠭᠤᠤᠯ ᠴᠣᠭᠴᠠ ᠶᠢᠨ ᠭᠦᠢᠯᠭᠡᠭᠡᠨ ᠰᠢᠨ᠎ᠡ ᠶᠢ ᠡᠭᠦᠳᠬᠦ ᠶᠢ ᠵᠣ‌‍ᠬᠢᠴᠠᠭᠤᠯᠤᠨ ᠠᠬᠢᠭᠤᠯᠵᠤ᠂ ᠠᠳᠠᠯ ᠤᠶᠢᠯᠡᠰ ᠴᠣᠭᠴᠠᠯᠠᠵᠤ ᠰᠢᠨ᠎ᠡ ᠶᠢ ᠡᠭᠦᠳᠬᠦ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠤᠷᠢᠯᠡᠨ᠎ᠡ᠃ ᠬᠤᠪᠢᠶᠠᠷᠢᠯᠠᠯᠲᠠ ᠶᠢᠨ ᠲᠣᠭᠲᠠᠴᠠ ᠶᠢ ᠥᠭᠡᠷᠡᠴᠢᠯᠡᠵᠦ᠂ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠴᠢᠳᠠᠪᠤᠷᠢᠲᠠᠨ ᠤ ᠵᠦᠶ ᠵᠣᠬᠢᠰᠲᠠᠶ ᠪᠠᠷ ᠰᠢᠯᠵᠢᠬᠦ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠠᠵᠢᠯ ᠣᠯᠭᠤᠯᠲᠠ ᠪᠠ ᠤᠷ᠎ᠠ ᠴᠢᠳᠠᠪᠤᠷᠢ ᠶᠢᠨ ᠤᠶᠢᠯᠡᠴᠢᠯᠡᠭᠡ ᠶᠢ ᠴᠢᠩᠭᠠᠳᠬᠠᠵᠤ᠂ ᠰᠢᠨ᠎ᠡ ᠡᠵᠡᠩᠨᠡᠯᠲᠡ ᠶᠢᠨ ᠪᠠᠶᠢᠳᠡᠯ ᠢ ᠳᠡᠮᠵᠢᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃      ︵ ᠳᠦᠷᠪᠡ︶ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠭᠤᠶᠢᠯᠠᠩ      ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ ᠠᠨ ᠤ ᠳᠠᠷᠤᠭ᠎ᠠ ᠬᠤᠸᠠᠩ ᠮᠤᠤ ᠱᠧᠩ ᠡᠭᠦᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠥᠭᠡᠷᠡᠴᠢᠯᠡᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠯᠢ ᠶᠤᠸᠠᠢ ᠵᠥᠩ᠂ ᠬᠠᠤᠯᠢ ᠴᠠᠭᠠᠵᠠ ᠶᠢᠨ ᠲᠤᠪᠴᠢᠶᠠᠨ ᠤ ᠳᠡᠳ᠋ ᠳᠠᠷᠤᠭ᠎ᠠ ᠴᠢᠶᠣᠤ ᠵᠢᠶᠦ᠋ᠨ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ ᠯᠢ ᠱᠧᠩ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠸᠠᠩ ᠷᠦᠨ ᠬᠤᠸᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠵᠥᠩ ᠳᠤ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠸᠤᠨ ᠿᠢ ᠵᠢᠶᠦ᠋ᠨ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠴᠢᠩ ᠶᠦᠨ᠂ ᠵᠠᠮ ᠬᠠᠷᠢᠯᠴᠠᠭᠠᠨ ᠤ ᠲᠣᠪᠴᠢᠶ᠎ᠠ ᠶᠢᠨ ᠳᠡᠳ᠋ ᠳᠠᠷᠤᠭ᠎ᠠ ᠶᠢᠨ ᠭᠦᠸᠧ ᠬᠤᠸᠠ ᠡᠭᠦᠷᠭᠡᠯᠡᠪᠡ᠃      ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠦᠭᠦᠯᠡᠨ ᠬᠠᠷᠢᠭᠤᠴᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠭᠤᠤᠯᠴᠢ ᠥᠷᠢᠰᠥᠯᠳᠦᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ ᠠᠵᠤ ᠠᠬᠤᠶᠢᠯᠠᠯ ᠡᠷᠬᠢᠯᠡᠬᠦ ᠴᠠᠭ ᠢ ᠪᠠᠭᠠᠰᠬᠠᠵᠤ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠣᠯᠠᠨ ᠦᠨᠡᠮᠯᠡᠯ ᠢ ᠨᠢᠭᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠤᠶᠢᠯᠡᠳᠪᠤᠷᠢ ᠶᠢᠨ ᠤᠶᠢᠯᠡᠳᠭᠦᠨ ᠤ ᠤᠶᠢᠯᠡᠳᠪᠤᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠳᠥᠭᠦᠮᠬᠡᠨ ᠢᠶᠠᠷ ᠬᠦᠴᠦᠨ ᠦᠭᠡᠢ ᠪᠣᠯᠭᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ︽ᠬᠤᠶᠠᠷ ᠢ ᠲᠠᠰᠢᠷᠠᠮ ᠳᠠᠭᠠᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠᠷ ᠦᠨᠳᠦᠰᠦᠨ ᠠᠷᠭ᠎ᠠ ᠪᠠᠷᠢᠯ ᠪᠣᠯᠭᠠᠭᠰᠠᠨ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠳᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠠᠬᠢᠭᠤᠯᠤᠨ᠎ᠠ᠃ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠪᠠ ᠴᠢᠯᠥᠭᠡᠲᠦ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ᠎ᠠ᠃ ᠤᠶᠢᠯᠡᠴᠢᠯᠡᠭᠡᠨ ᠤ ᠲᠠᠯ᠎ᠠ ᠪᠠᠷ᠂ ᠪᠠᠷᠢᠮᠵᠢᠶ᠎ᠠ ᠶᠢᠨ ᠬᠥᠲᠥᠯᠥᠨ ᠳᠠᠭᠠᠭᠤᠯᠬᠤ ᠪᠠ ᠵᠢᠷᠤᠮᠵᠢᠭᠤᠯᠬᠤ  ᠤᠶᠢᠯᠡᠳᠤᠯ ᠢ ᠪᠠᠳᠠᠷᠠᠭᠤᠯᠵᠤ᠂ ᠪᠠᠷᠢᠮᠵᠢᠶ᠎ᠠ ᠶᠢᠨ ᠰᠢᠰᠲ᠋ᠧᠮᠵᠢ ᠶᠢ ᠴᠢᠩᠭᠠᠷᠠᠭᠤᠯᠤᠨ᠂ ᠭᠡᠷᠡᠴᠢᠯᠡᠵᠦ ᠵᠥᠪᠰᠢᠶᠡᠷᠡᠬᠦ  ᠪᠠᠶᠢᠴᠠᠭᠠᠨ ᠰᠢᠯᠭᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃      ︵ᠲᠠᠪᠤ︶ ᠨᠡᠶᠢᠭᠡᠮ ᠤᠨ ᠤᠶᠢᠯᠡᠴᠢᠯᠡᠭᠡᠨ ᠤ ᠳᠤᠭᠤᠶᠢᠯᠠᠩ ᠢ ᠰᠠᠶᠢᠵᠢᠷᠠᠭᠤᠯᠤᠨ᠎ᠠ      ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠳᠠᠷᠤᠭ᠎ᠠ ᠯᠢ ᠬᠤᠤ ᠡᠭᠦᠷᠭᠡᠯᠡᠵᠦ᠂ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠰᠢᠶᠤᠤ ᠬᠤᠶ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ ᠯᠢᠦ ᠭᠤᠤ ᠶᠤᠸᠠᠢ᠂ ᠳᠤᠲᠤᠭᠠᠲᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠴᠠᠩ ᠰᠢᠶᠠᠩ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠯᠢ ᠶᠦᠨ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠮᠠ ᠶᠢᠨ ᠷᠦᠢ᠂ ᠬᠠᠤᠯᠢ ᠴᠠᠭᠠᠵᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠰᠢᠤᠸᠠᠢ ᡁᠢ ᠯᠢ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢ ᠵᠢᠶᠦ᠋ᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠴᠢᠶᠣᠤ ᠬᠤᠸᠠ ᠫᠢᠩ ᠡᠭᠦᠷᠭᠡᠯᠡᠪᠡ᠃      ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠨᠠᠰᠤᠵᠢᠯ᠂ ᠨᠡᠶᠢᠭᠡᠮ ᠤᠨ ᠪᠠᠲᠤᠯᠠᠭ᠎ᠠ ᠵᠢᠴᠢ ᠨᠡᠶᠢᠭᠡᠮ ᠤᠨ ᠬᠠᠮᠢᠶᠠᠷᠤᠯᠲᠠ ᠵᠡᠷᠭᠡ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠬᠤ ᠶᠢ ᠲᠦᠷᠦᠭᠦᠯᠡᠨ ᠬᠠᠷᠢᠭᠤᠴᠠᠵᠤ᠂ ᠠᠷᠠᠳ ᠣᠯᠠᠨ ᠳᠤ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ᠂ ᠲᠥᠪ ᠭᠤᠤᠯᠴᠢ ᠪᠥᠭᠡᠳ ᠬᠦᠷᠦᠯᠴᠡᠬᠦ᠋ᠢᠴᠡ ᠣᠯᠠᠨ ᠨᠠᠶᠢᠲᠡ ᠶᠢᠨ ᠤᠶᠢᠯᠡᠴᠢᠯᠡᠭᠡ ᠬᠠᠩᠭᠠᠨ᠎ᠠ᠃ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂  ᠤᠶᠢᠯᠡᠴᠢᠯᠡᠭᠡᠨ ᠤ ᠤᠶᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠪᠣᠯᠭᠠᠬᠤ ᠶᠢ ᠵᠣᠬᠢᠴᠠᠭᠤᠯᠤᠨ ᠠᠬᠢᠭᠤᠯᠵᠤ᠂ ᠵᠠᠬ᠎ᠠ ᠳᠡᠯᠭᠡᠭᠦᠷ ᠤᠨ ᠬᠦᠴᠦᠨ ᠢ ᠳᠠᠶᠢᠴᠢᠯᠡᠨ ᠣᠯᠠᠨ ᠨᠡᠶᠢᠲᠡ ᠶᠢᠨ ᠦᠨᠳᠦᠰᠦᠨ ᠪᠤᠰᠤ ᠤᠶᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠵᠠᠰᠠᠭ ᠤᠨ ᠣᠷᠳᠣᠨ ᠤ ᠴᠣᠩᠬᠤᠪᠴᠢ ᠦᠶ᠋ᠯᠡᠴᠢᠯᠡᠭᠡᠨ ᠤ ᠬᠢᠨᠠᠯᠲᠠ ᠲᠠ ᠯᠪᠢᠬᠤ ᠶᠢ ᠴᠢᠩᠭᠠᠳᠬᠠᠵᠤ᠂ ᠣᠯᠠᠨ ᠨᠡᠶᠢᠲᠡ ᠶᠢᠨ ᠦᠶ᠋ᠯᠡᠴᠢᠯᠡᠭᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠶᠢᠯᠡᠴᠢᠯᠡᠭᠡᠨ ᠤ ᠲᠠᠯ᠎ᠠ ᠪᠠᠷ᠂ ᠠᠷᠠᠳ ᠤᠨ ᠠᠮᠢᠳᠤᠷᠠᠯ ᠤᠨ ᠵᠤᠶᠢᠯᠡᠰ ᠢ ᠭᠦᠢᠴᠡᠳᠭᠡᠬᠦ ᠴᠤᠪᠤᠷᠠᠯ ᠪᠠ ᠭᠠᠷᠳᠠᠮ ᠢ ᠳᠥᠭᠦᠮᠴᠢᠯᠡᠨ ᠰᠢᠯᠢᠳᠡᠭᠵᠢᠭᠦᠯᠵᠦ᠂ ᠨᠠᠰᠤᠵᠢᠯ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠵᠡᠷᠭᠡ ᠵᠤᠶᠢᠯᠡᠰ ᠢ ᠣᠨᠳᠣᠤ ᠭᠠᠵᠠᠷ ᠲᠤ ᠰᠦᠯᠵᠢᠶᠡᠵᠢᠭᠦᠯᠦᠨ ᠭᠦᠢᠴᠡᠳᠭᠡᠬᠦ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾᠂ ︽ᠢᠨᠲ᠋ᠧᠷ ᠰᠦᠯᠵᠢᠶ᠎ᠡ + ᠡᠮᠴᠢᠯᠡᠭᠡ︾ ᠵᠡᠷᠭᠡ ᠵᠠᠭᠪᠤᠷ ᠢ ᠭᠦᠢᠴᠡᠳ ᠬᠡᠷᠡᠭᠯᠡᠵᠦ᠂ ᠴᠢᠨᠠᠷ ᠰᠠᠶᠢᠲᠠᠶ ᠣᠯᠠᠨ ᠨᠡᠶᠢᠲᠡ ᠶᠢᠨ ᠤᠶᠢᠯᠡᠴᠢᠯᠡᠭᠡᠨ ᠤ ᠡᠬᠢ ᠪᠠᠶᠠᠯᠢᠭ ᠤᠨ ᠰᠠᠴᠤᠷᠠᠯᠲᠠ ᠶᠢᠨ ᠤᠶᠢᠯᠡᠳᠤᠯ ᠢ ᠴᠢᠩᠭᠠᠳᠬᠠᠨ᠎ᠠ᠃      ᠡᠯ᠎ᠡ ᠲᠤᠰᠬᠠᠶ ᠰᠡᠳᠦᠪᠲᠦ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠳᠤᠭᠤᠶᠢᠯᠠᠩ ᠤᠨ ᠳᠠᠷᠤᠭ᠎ᠠ ᠨᠢᠭᠡᠴᠡ ᠡᠭᠦᠷᠭᠡᠯᠡᠨ᠎ᠡ᠃ ᠡᠯ᠎ᠡ ᠲᠤᠰᠬᠠᠶ ᠰᠡᠳᠦᠪᠲᠦ ᠳᠤᠭᠤᠶᠢᠯᠠᠩ ᠲᠤᠰ ᠬᠦᠷᠢᠶ᠎ᠡ ᠬᠡᠪᠴᠢᠶᠡᠨ ᠳᠠᠬᠢ ᠨᠡᠶᠢᠭᠡᠮ ᠤᠨ ᠲᠤᠰᠬᠠᠯ ᠶᠡᠭᠡ᠂ ᠣᠯᠠᠨ ᠲᠦᠮᠡᠨ ᠤ ᠰᠠᠨᠠᠯ ᠲᠥᠪᠯᠡᠷᠡᠭᠰᠡᠨ ᠠᠰᠠᠭᠤᠳᠠᠯ ᠢ ᠪᠠᠶᠢᠴᠠᠭᠠᠨ ᠰᠤᠳᠤᠯᠵᠤ᠂ ᠬᠠᠮᠢᠶ᠎ᠠ ᠪᠥᠬᠦᠶ ᠰᠢᠶᠠᠩ ᠪᠠᠯᠭᠠᠰᠤ᠂ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠭᠤᠤᠯᠳᠠᠯᠭ᠎ᠠ ᠲᠠᠢ ᠬᠦᠴᠢᠷ ᠠᠰᠠᠭᠤᠳᠠᠯ ᠤᠨ ᠲᠠᠯ᠎ᠠ ᠪᠠᠷ ᠬᠠᠮᠲᠤᠷᠠᠨ ᠪᠣᠭᠤᠮᠲᠠ ᠰᠢᠪᠲᠤᠯᠵᠤ᠂ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠤᠨ᠎ᠠ᠃ ᠡᠯ᠎ᠡ ᠲᠤᠰᠬᠠᠶ ᠰᠡᠳᠦᠪᠲᠦ ᠳᠤᠭᠤᠶᠢᠯᠠᠩ ᠤᠨ ᠥᠭᠡᠷᠡᠴᠢᠯᠡᠯᠲᠡ ᠶᠢᠨ ᠰᠠᠨᠠᠭᠤᠯᠭ᠎ᠠ ᠨᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠵᠢᠭᠠᠪᠤᠷᠢ ᠠᠪᠴᠤ ᠵᠥᠪᠰᠢᠶᠡᠷᠡᠭᠰᠡᠨ ᠤ ᠳᠠᠷᠠᠭ᠎ᠠ᠂ ᠳᠡᠰ ᠳᠠᠷᠠᠭᠠᠯᠠᠯ ᠶᠣᠰᠣᠭᠠᠷ ᠵᠣᠬᠢᠴᠠᠭᠤᠯᠬᠤ ᠳᠤᠭᠤᠶᠢᠯᠠᠩ ᠤᠨ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠤᠨ᠎ᠠ᠃      ᠭᠤᠷᠪᠠ᠂ ᠵᠣᠬᠢᠴᠠᠭᠤᠯᠬᠤ ᠳᠤᠭᠤᠶᠢᠯᠠᠩ ᠤᠨ ᠡᠯ᠎ᠡ ᠪᠠᠲᠤᠯᠠᠭ᠎ᠠ ᠶᠢᠨ ᠳᠤᠭᠤᠶᠢᠯᠠᠩ ᠵᠢᠴᠢ ᠭᠤᠤᠯ ᠡᠭᠦᠷᠭᠡ ᠬᠠᠷᠢᠭᠤᠴᠠᠯᠭ᠎ᠠ      ︵ᠨᠢᠭᠡ︶ ᠶᠡᠷᠦᠩᠬᠡᠶᠢᠯᠡᠭᠰᠡᠨ ᠳᠤᠭᠤᠶᠢᠯᠠᠩ      ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ ᠯᠢ ᡁᠢ ᠪᠢᠨ ᠡᠭᠦᠷᠭᠡᠯᠡᠪᠡ᠃      ᠵᠣᠬᠢᠴᠠᠭᠤᠯᠬᠤ ᠳᠤᠭᠤᠶᠢᠯᠠᠩ ᠵᠢᠴᠢ ᠲᠡᠭᠦᠨ ᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ︔ ᠡᠯ᠎ᠡ ᠲᠤᠰᠬᠠᠶ ᠰᠡᠳᠦᠪᠲᠦ ᠳᠤᠭᠤᠶᠢᠯᠠᠩ᠂ ᠪᠠᠲᠤᠯᠠᠭ᠎ᠠ ᠶᠢᠨ ᠳᠤᠭᠤᠶᠢᠯᠠᠩ ᠤᠨ ᠠᠵᠢᠯ ᠢ ᠬᠠᠷᠢᠭᠤᠴᠠᠨ᠂ ᠡᠯ᠎ᠡ ᠰᠢ ᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢᠨ ᠠᠵᠢᠯ ᠤᠨ ᠲᠣᠭᠲᠠᠴᠠ ᠲᠠᠢ ᠬᠠᠷᠢᠯᠴᠠᠨ᠎ᠠ︔ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠰᠤᠳᠤᠯᠵᠤ᠂ ᠵᠣᠬᠢᠴᠠᠭᠤᠯᠬᠤ ᠳᠤᠭᠤᠶᠢᠯᠠᠩ ᠳᠤ ᠠᠵᠢᠯ ᠤᠨ ᠰᠠᠨᠠᠭᠤᠯᠭ᠎ᠠ ᠳᠤᠷᠠᠳᠤᠨ᠎ᠠ︔ ᠬᠠᠮᠢᠶ᠎ᠠ ᠪᠥᠬᠦᠶ ᠮᠡᠳᠡᠭᠡ ᠵᠠᠩᠭᠢ ᠶᠢᠨ ᠮᠠᠲ᠋ᠧᠷᠢᠶᠠᠯ ᠢ ᠴᠤᠭᠯᠠᠭᠤᠯᠤᠨ ᠬᠤᠷᠢᠶᠠᠩᠭᠤᠶᠢᠯᠠᠵᠤ᠂ ᠠᠵᠢᠯ ᠤᠨ ᠲᠣᠪᠴᠢ ᠮᠡᠳᠡᠭᠡ ᠶᠢ ᠨᠠᠶᠢᠷᠠᠭᠤᠯᠤᠨ ᠨᠡᠶᠢᠲᠡᠯᠡᠨ᠎ᠡ︔ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠷᠢᠯᠴᠠᠵᠤ ᠵᠠᠭᠤᠴᠢᠯᠠᠭᠤᠷ ᠤᠳ ᠢ ᠵᠣᠬᠢᠶᠠᠨ ᠪᠠᠶᠢᠭᠤᠯᠤᠨ ᠲ᠊ ᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ᠃      ︵ᠬᠤᠶᠠᠷ︶ ᠬᠠᠤᠯᠢ ᠪᠠᠷ ᠵᠠᠰᠠᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠵᠠᠩ ᠰᠢᠶᠤᠤ ᠬᠤᠩ ᠡᠭᠦᠷᠭᠡᠯᠡᠪᠡ᠃      ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠠᠤᠯᠢ ᠴᠠᠭᠠᠵᠠ ᠶᠢᠨ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠰᠠᠨᠠᠭᠤᠯᠭ᠎ᠠ ᠶᠢᠨ ᠲᠥᠰᠦᠯ ᠢ ᠴᠠᠭ ᠲᠤᠬᠠᠶ ᠳᠤᠨᠢ ᠳᠤᠷᠠᠳᠴᠤ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠳᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡ ᠢ ᠪᠣᠯᠭᠠᠬᠤ ᠲᠠᠶᠢᠯᠪᠤᠷᠢᠯᠠᠬᠤ ᠠᠵᠢᠯ ᠢ ᠲᠦᠯᠬᠢᠨ ᠠᠬᠢᠭᠤᠯᠵᠤ᠂ ᠪᠣᠯᠪᠠᠰᠤᠷᠠᠩᠭᠤᠶ ᠪᠣᠯᠤᠭᠰᠠᠨ ᠥᠭᠡᠷᠡᠴᠢᠯᠡᠯᠲᠡ ᠶᠢᠨ ᠲᠤᠷᠰᠢᠯᠭ᠎ᠠ ᠶᠢ ᠴᠠᠭ ᠲᠤᠬᠠᠶ ᠳᠤᠨᠢ ᠳᠦᠷᠢᠮᠵᠢᠭᠦᠯᠬᠦ ᠵᠡᠷᠭᠡ ᠪᠣᠯᠤᠨ᠎ᠠ᠃      ︵ᠭᠤᠷᠪᠠ︶ ᠰᠢᠮᠳᠠᠭᠤᠯᠤᠨ ᠪᠠᠶᠢᠴᠠᠭᠠᠬᠤ ᠳᠤᠭᠤᠶᠢᠯᠠᠩ      ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᡁᠢ ᠬᠦᠶ ᠴᠢᠩ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃      ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠢᠳᠠᠪᠤᠷᠢᠵᠢᠭᠤᠯᠬᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠡᠯ᠎ᠡ ᠲᠤᠰᠬᠠᠶ ᠰᠡᠳᠦᠪᠲᠦ ᠳᠤᠭᠤᠶᠢᠯᠠᠩ ᠤᠨ ᠳᠤᠷᠠᠳᠤᠭᠰᠠᠨ ᠰᠢᠶᠠᠩ ᠪᠠᠯᠭᠠᠰᠤ ᠪᠠ ᠰᠠᠯᠠᠭ᠎ᠠ ᠮᠥᠴᠢᠷ ᠤᠨ ᠥᠭᠡᠷᠡᠴᠢᠯᠡᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠢᠨᠠᠨ ᠪᠠᠶᠢᠴᠠᠭᠠᠵᠤ ᠰᠢᠪᠠᠳᠠᠨ ᠰᠢᠢᠳᠪᠤᠷᠢᠯᠡᠵᠤ᠂ ᠵᠢᠴᠢ ᠨᠡᠶᠢᠭᠡᠮ ᠤᠨ ᠬᠤᠯᠪᠣᠭᠳᠠᠯ ᠪᠦᠬᠦᠢ ᠥᠭᠡᠷᠡᠴᠢᠯᠡᠯᠲᠡ ᠳᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠪᠣᠯᠤᠨ᠎ᠠ᠃       ᠳᠦᠷᠪᠡ᠂ ᠠᠵᠢᠯ ᠤᠨ ᠱᠠᠭᠠᠷᠳᠠᠯᠭ᠎ᠠ       ︵ᠨᠢᠭᠡ︶ ᠵᠣᠬᠢᠴᠠᠭᠤᠯᠬᠤ ᠳᠤᠭᠤᠶᠢᠯᠠᠩ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣ‌‍ᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠶᠢᠨ ᠨᠢᠭᠡᠳᠦᠯᠲᠡᠶ ᠲᠥᠯᠥᠪᠯᠡᠨ ᠵᠢᠯᠣᠭᠤᠳᠬᠤ ᠪᠠ ᠰᠢᠮᠳᠠᠭᠤᠯᠤᠨ  ᠨᠠᠶᠢᠳᠠᠪᠤᠷᠢᠵᠢᠭᠤᠯᠬᠤ ᠤᠶᠢᠯᠡᠳᠤᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠶ᠃ ᠡᠯ᠎ᠡ ᠲᠤᠰᠬᠠᠶ ᠰᠡᠳᠦᠪᠲᠦ ᠳᠤᠭᠤᠶᠢᠯᠠᠩ ᠪᠣᠯᠤᠨ ᠪᠠᠲᠤᠯᠭᠠᠨ ᠤ ᠳᠤᠭᠤᠶᠢᠯᠠᠩ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠠᠯ ᠢ ᠦᠨᠳᠦᠰᠦᠯᠡᠨ ᠬᠠᠷᠠᠯᠲᠠ ᠡᠭᠦᠷᠭᠡ ᠪᠠᠨ ᠲᠣᠳᠣᠷᠬᠠᠶᠢᠯᠠᠨ᠎ᠠ᠃ ᠵᠠᠮ ᠱᠤᠭᠤᠮ ᠤᠨ ᠵᠢᠷᠤᠭ ᠪᠠ ᠴᠠᠭ ᠤᠨ ᠬᠦᠰᠦᠨᠦᠭᠲᠦ ᠶᠢ ᠲᠣᠭᠲᠠᠭᠠᠵᠤ᠂ ︽ᠬᠦᠴᠢᠷ ᠠᠰᠠᠭᠤᠳᠠᠯ ᠢ ᠰᠢᠢᠳᠪᠤᠷᠢᠯᠡᠬᠦ︾ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ᠂ ᠲᠤᠰ ᠲᠤᠰ ᠤᠨ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠬᠦ ᠠᠵᠢᠯ ᠢ ᠰᠠᠶᠢᠲᠤᠷ ᠠᠳᠬᠤᠵᠤ᠂  ᠡᠯ᠎ᠡ ᠵᠤᠶᠢᠯ ᠤᠨ ᠥᠭᠡᠷᠡᠴᠢᠯᠡᠯᠲᠡ ᠶᠢ ᠬᠠᠮᠵᠢᠯᠴᠠᠨ ᠪᠦᠷᠢᠳᠦᠭᠦᠯᠬᠦ᠂ ᠪᠦᠬᠦᠯᠢ ᠴᠣᠭᠴᠠ ᠪᠠᠷ ᠠᠬᠢᠭᠤᠯᠬᠤ ᠶᠢ ᠦᠨᠡᠨᠬᠦ ᠪᠠᠲᠤᠯᠠᠨ᠎ᠠ᠃ ᠬᠦᠷᠢᠶ᠎ᠡ ᠬᠡᠪᠴᠢᠶ᠎ᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠱᠠᠲᠤ ᠠᠯᠤᠰᠯᠠᠭᠰᠠᠨ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠤᠷᠢᠯᠡᠬᠦ ᠶᠢ ᠴᠢᠬᠤᠯᠠᠴᠢᠯᠠᠵᠤ᠂ ᠵᠢᠯᠣᠭᠤᠳᠬᠤ᠂ ᠵᠣᠬᠢᠴᠠᠭᠤᠯᠬᠤ᠂ ᠰᠢᠪᠠᠳᠠᠬᠤ ᠡᠷᠴᠢᠮ ᠢᠶᠠᠨ ᠴᠢᠩᠭᠠᠷᠠᠭᠤᠯᠵᠤ᠂ ᠥᠭᠡᠷᠡᠴᠢᠯᠡᠯᠲᠡ ᠶᠢᠨ ᠲᠠᠰᠤᠷᠠᠯᠳᠠ ᠦᠭᠡᠢ ᠪᠣᠳᠠᠲᠤ ᠠᠬᠢᠴᠠ ᠲᠠᠢ ᠪᠣᠯᠬᠤ ᠶᠢ ᠲᠦᠯᠬᠢᠨ ᠠᠬᠢᠭᠤᠯᠤᠨ᠎ᠠ᠃ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠦᠨᠳᠦᠰᠦᠨ ᠱᠠᠲᠤᠨ ᠤ ᠨᠡᠶᠢᠲᠡᠯᠢᠭ ᠲᠤᠷᠰᠢᠯᠭ᠎ᠠ ᠬᠢᠳᠡᠯ ᠢ ᠳ᠋ᠦᠩᠨᠡᠨ ᠳᠡᠯᠭᠡᠷᠡᠭᠦᠯᠬᠦ ᠶᠢ ᠴᠢᠬᠤᠯᠠᠴᠢᠯᠠᠬᠤ ᠬᠡᠷᠡᠭᠲᠡᠶ᠃         ︵ᠬᠤᠶᠠᠷ︶ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠥᠭᠡᠷᠡᠴᠢᠯᠡᠯᠲᠡ ᠶᠢᠨ ᠬᠦᠨᠳᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠦᠯᠢᠭᠡᠷ ᠳᠠᠭᠤᠷᠢᠶᠠᠯ ᠪᠣᠯᠵᠤ᠂ ᠲᠤᠰ ᠰᠢᠶᠠᠩ ᠪᠠᠯᠭᠠᠰᠤ᠂ ᠲᠤᠰ ᠰᠠᠯᠠᠭ᠎ᠠ ᠮᠥᠴᠢᠷ ᠤᠨ ᠥᠭᠡᠷᠡᠴᠢᠯᠡᠯᠲᠡ ᠶᠢᠨ ᠡᠭᠦᠷᠭᠡ ᠶᠢ ᠡᠷᠲᠡᠬᠡᠨ ᠨᠠᠶᠢᠳᠠᠪᠤᠷᠢᠵᠢᠭᠤᠯᠵᠤ᠂ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠶ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠪᠣᠳᠠᠲᠠᠶ ᠬᠦᠴᠢᠷᠳᠡᠯ ᠪᠠ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠰᠢᠢᠳᠪᠤᠷᠢᠯᠡᠵᠤ᠂ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠤᠷᠢᠳᠠᠪᠠᠷ ᠬᠢᠵᠦ ᠤᠷᠢᠳᠠᠪᠠᠷ ᠲᠤᠷᠰᠢᠬᠤ ᠶᠢ ᠳᠡᠮᠵᠢᠬᠦ ᠬᠡᠷᠡᠭᠲᠡᠶ᠃ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠤᠳᠤᠷᠢᠳᠬᠤ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠪᠠᠶᠢᠷᠢᠯᠠᠭᠤᠯᠤᠯᠲᠠ᠂ ᠵᠣᠬᠢᠴᠠᠭᠤᠯᠭ᠎ᠠ ᠪᠠ ᠨᠠᠶᠢᠳᠠᠪᠤᠷᠢᠵᠢᠭᠤᠯᠤᠯᠲᠠ ᠶᠢ ᠪᠡᠶ᠎ᠡ ᠪᠠᠷ ᠢᠶᠠᠨ ᠰᠠᠶᠢᠲᠤᠷ ᠠᠳᠬᠤᠬᠤ ᠬᠡᠷᠡᠭᠲᠡᠶ᠃       ︵ᠭᠤᠷᠪᠠ︶ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠲᠣᠭᠲᠠᠴᠠ ᠶᠢ ᠯᠠᠪᠯᠠᠯᠲᠠ ᠪᠣᠯᠭᠠᠨ ᠪᠠᠶᠢᠭᠤᠯᠤᠨ ᠲᠡᠭᠦᠯᠳᠡᠷᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠢᠳᠡᠪᠬᠢᠲᠡᠢ ᠰᠦᠪᠡᠭᠴᠢᠯᠡᠵᠦ᠂ ᠰᠠᠨᠠᠭᠠᠴᠢᠠᠯᠭ᠎ᠠ‌ᠡᠴᠠ ᠪᠠᠨ ᠠᠵᠢᠯ ᠬᠢᠵᠦ᠂ ᠨᠠᠩ ᠣᠯᠠᠨ ᠲᠤᠰᠠᠲᠠᠶ ᠪᠥᠭᠡᠳ ᠶᠠᠪᠤᠭᠳᠠᠭᠤᠰᠢᠲᠠᠶ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠡᠭᠦᠳᠬᠦ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠬᠠᠷᠢᠯᠴᠠᠨ ᠰᠤᠷᠤᠯᠴᠠᠨ ᠯᠠᠪᠯᠠᠯᠲᠠ ᠪᠣᠯ ᠭᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠪᠦᠬᠦ  ᠰᠢᠶᠠᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃      ᠲᠠᠪᠤ᠂ ᠪᠤᠰᠤᠳ ᠵᠤᠶᠢᠯ ᠤᠳ      ︵ᠨᠢᠭᠡ︶ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠯᠢ ᠹᠤᠩ ᠨᠥᠬᠦᠷ ᠬᠠᠪᠰᠤᠷᠭᠠᠨ ᠡᠭᠦᠷᠭᠡᠯᠡᠨ᠎ᠡ᠃      ︵ᠬᠤᠶᠠᠷ︶ ᠬᠤᠶᠢᠰᠢᠳᠠ᠂ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠬᠦᠨ ᠵᠢᠴᠢ ᠡᠯ᠎ᠡ ᠲᠤᠰᠬᠠᠶ ᠰᠡᠳᠦᠪᠲᠦ ᠳᠤᠭᠤᠶᠢᠯᠠᠩ᠂ ᠪᠠᠲᠤᠯᠠᠬᠤ ᠲᠤ ᠭᠤᠶᠢᠯᠠᠩ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠴᠢᠬᠤᠯᠠᠲᠠᠶ ᠪᠣᠯ ᠵᠣᠬᠢᠴᠠᠭᠤᠯᠬᠤ ᠳᠤᠭᠤᠶᠢᠯᠠᠩ ᠠᠴᠠ ᠵᠢᠷᠤᠮ ᠶᠣᠰᠣᠭᠠᠷ ᠥᠪᠡᠰᠦᠪᠡᠨ ᠲᠣᠬᠢᠷᠠᠭᠤᠯᠤᠯᠲᠠ ᠬᠢᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠰᠲᠠᠭᠠᠨ ᠪᠢᠴᠢᠭ ᠮᠠᠲ᠋ᠧᠷᠢᠶᠠᠯ ᠶᠠᠪᠤᠭᠤᠯᠬᠤ ᠦᠭᠡᠢ᠃      ︵ᠭᠤᠷᠪᠠ︶ ᠵᠣᠬᠢᠴᠠᠭᠤᠯᠬᠤ ᠳᠤᠭᠤᠶᠢᠯᠠᠩ ᠪᠠᠶᠢᠭᠤᠯᠤᠭᠳᠠᠭᠰᠠᠨ ᠤ ᠳᠠᠷᠠᠭ᠎ᠠ᠂ ᠤᠤᠯ ᠤᠨ ᠰᠢᠶᠠᠨ ᠤ ᠵᠠᠰᠠᠭ ᠤᠨ ᠤᠷᠳᠤᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠶᠢᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠥᠪᠡᠷ ᠢᠶᠠᠨ ᠬᠦᠴᠦᠨ ᠥᠬᠡᠶ ᠪᠣᠯᠭᠠᠪᠠ᠃                                                ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2020 ᠣᠨ ᠤ 6 ᠰᠠᠷ᠎ᠠ ᠶᠢᠨ 10 ᠤ ᠡᠳᠦᠷ                                                                                                                ᠣᠷᠴᠢᠭᠤᠯᠤᠭᠴᠢ᠄ ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3