︽ᠰᠤᠮᠤ ᠰᠢᠶᠠᠩ ᠪᠠᠯᠭᠠᠰᠤ ᠪᠣᠯᠤᠨ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠡᠷᠬᠡ ᠵᠢᠨ‌ᠵᠦ᠋ᠢᠯᠡᠰ ᠢ ᠳᠣᠷᠣᠭᠰᠢ ᠪᠠᠭᠤᠯᠭᠠᠬᠤ ᠲᠤᠬᠠᠶ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020-06-10
    2020 ᠣᠨ ᠤ 6 ᠰᠠᠷ᠎ᠠ ᠶᠢᠨ 4 ᠤ ᠡᠳᠦᠷ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽︵ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ︶ ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠳᠣᠷᠣᠭᠰᠢ ᠪᠠᠭᠤᠯᠭᠠᠬᠤ ᠠᠵᠢᠯ ᠤᠨ ᠲᠤᠬᠠᠶ ᠮᠡᠳᠡᠭᠳᠡᠯ︾ ︵ᠰᠢᠩ ᠵᠠᠰᠠᠭ ᠠᠯᠪᠠᠨ ᠲᠠᠷᠬᠠᠭᠠᠭᠰᠠᠨ ︹ 2020 ︺ 20 ᠳ᠋ᠤᠭᠠᠷ ᠲᠣᠭᠠᠲᠤ︶ ᠢ ᠳᠠᠷᠤᠮᠯᠠᠨ ᠲᠠᠷᠬᠠᠭᠠᠵᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ᠃ ᠰᠢᠶᠠᠨ ᠤ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ︽ᠮᠡᠳᠡᠭᠳᠡᠯ︾ ᠤᠨ ᠬᠠᠮᠢᠶ᠎ᠠ ᠪᠥᠬᠦᠶ ᠠᠭᠤᠯᠭ᠎ᠠ ᠶᠢᠨ ᠲᠣᠬᠠᠢ ᠲᠠᠶᠢᠯᠤᠮᠵᠢ ᠬᠢᠪᠠ᠃      ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠵᠣᠷᠢᠯᠭ᠎ᠠ    ᠡᠷᠬᠡ ᠶᠢ ᠳᠣᠷᠣᠭᠰᠢ ᠪᠠᠭᠤᠯᠭᠠᠬᠤ ᠪᠠ ᠬᠦᠯᠢᠶᠡᠨ ᠠᠪᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ ᠱᠠᠭᠠᠷᠳᠠᠯᠭ᠎ᠠ ᠶᠣᠰᠣᠭᠠᠷ 5 ᠨᠠᠮ ᠵᠠᠰᠠᠭ ᠤᠨ ᠪᠠᠶᠢᠭᠤᠯᠤᠮᠵᠢ ︵ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ︶᠂ 3 ᠳᠡᠳ᠋ ᠰᠠᠯᠠᠭᠠᠨ ᠤ ᠲᠡᠰ ᠤᠨ ᠠᠵᠢᠯ ᠦᠢᠯᠡᠰ ᠤᠨ ᠨᠢᠭᠡᠴᠡ ︵ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ︶ ᠪᠠᠶᠢᠭᠤᠯᠵᠤ᠂ ᠠᠯᠪᠠᠨ ᠭᠡᠷ᠂ ᠲᠣᠪᠴᠢᠶ᠎ᠠ᠂ ᠲᠥᠪ ᠤᠨ ᠬᠠᠷᠢᠭᠤᠴᠠᠯᠭᠠᠲᠠᠨ ᠪᠠ ᠠᠵᠢᠯᠲᠠᠨ ᠢ ᠪᠦᠷᠢᠨ ᠲᠤᠬᠢᠷᠠᠭᠤᠯᠵᠠᠢ᠃ ᠠᠵᠢᠯᠯᠠᠬᠤ ᠲᠠᠯᠠᠪᠤᠷ ᠭᠠᠵᠠᠷ᠂ ᠠᠵᠢᠯᠯᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠪᠣᠳᠠᠲᠠᠶᠢᠵᠢᠭᠤᠯᠵᠤ᠂ ᠡᠷᠬᠡ ᠶᠢ ᠳᠠᠭᠠᠭᠠᠨ ᠠᠪᠬᠤ ᠨᠥᠬᠦᠴᠡᠯ ᠢ ᠪᠦᠷᠢᠯᠳᠦᠭᠦᠯᠪᠡ᠃    2020 ᠣᠨ ᠤ 6 ᠰᠠᠷ᠎ᠠ ᠶᠢᠨ 4 ᠤ ᠡᠳᠦᠷ 12 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠰᠤᠳᠤᠯᠵᠤ᠂ ᠰᠢᠶᠠᠩ ᠪᠠᠯᠭᠠᠰᠤᠨ ᠳᠤ ᠣᠯᠭᠤᠭᠰᠠᠨ 99 ᠵᠦᠢᠯ ᠤᠨ ᠡᠷᠬᠡ ᠶᠢᠨ ᠲᠤᠬᠠᠢ ᠲᠦᠷᠦᠭᠦᠦ ᠪᠦᠯᠦᠭ 76 ᠵᠦᠢᠯ ᠢ ᠳᠣᠷᠣᠭᠰᠢ ᠪᠠᠭᠤᠯᠭᠠᠬᠤ ᠪᠠᠷ ᠲᠣᠭᠲᠠᠪᠠ᠂ ᠳᠣᠷᠣᠭᠰᠢ ᠪᠠᠭᠤᠯᠭᠠᠬᠤ ᠵᠦᠢᠯᠡᠰ ᠲᠤ ᠵᠠᠰᠠᠭ ᠵᠠᠬᠢᠷᠭᠠᠨ ᠤ ᠵᠥᠪᠰᠢᠶᠡᠷᠡᠯ 10 ᠵᠦᠢᠯ᠂ ᠵᠠᠰᠠᠭ ᠵᠠᠬᠢᠷᠭᠠᠨ ᠤ ᠥᠭᠭᠦᠯᠲᠡ 2 ᠵᠦᠢᠯ᠂ ᠵᠠᠰᠠᠭ ᠵᠠᠬᠢᠷᠭᠠᠨ ᠤ ᠰᠢᠢᠳᠬᠡᠯ 64 ᠵᠦᠢᠯ᠂ ᠪᠤᠰᠤᠳ 23 ᠵᠦᠢᠯ ᠢ ᠨᠢ ᠲᠦᠷ ᠬᠤᠶᠢᠰᠢᠯᠠᠭᠤᠯᠵᠤ ᠳᠣᠷᠣᠭᠰᠢ ᠪᠠᠭᠤᠯᠭᠠᠨ᠎ᠠ᠃ ᠲᠦᠷ ᠬᠤᠶᠢᠰᠢᠯᠠᠭᠤᠯᠬᠤ ᠵᠦᠢᠯᠡᠰ ᠲᠤ ᠵᠠᠰᠠᠭ ᠵᠠᠬᠢᠷᠭᠠᠨ ᠤ ᠵᠥᠪᠰᠢᠶᠡᠷᠡᠯ 3 ᠵᠦᠢᠯ᠂ ᠵᠠᠰᠠᠭ ᠵᠠᠬᠢᠷᠭᠠᠨ ᠤ ᠥᠭᠭᠦᠯᠲᠡ 3  ᠵᠦᠢᠯ᠂ ᠵᠠᠰᠠᠭ ᠵᠠᠬᠢᠷᠭᠠᠨ ᠤ ᠨᠤᠲᠠᠯᠠᠯᠲᠠ 1 ᠵᠦᠢᠯ᠂ ᠵᠠᠰᠠᠭ ᠵᠠᠬᠢᠷᠭᠠᠨ ᠤ ᠰᠢᠳᠬᠡᠯ 16 ᠵᠦᠢᠯ ᠪᠠᠭᠲᠠᠨ᠎ᠠ᠃    ᠬᠤᠶᠠᠷ᠂ ︽ᠮᠡᠳᠡᠭᠳᠡᠯ︾ ᠤᠨ ᠠᠩᠬᠠᠷᠬᠤ ᠵᠦᠢᠯ    1. ᠡᠯ᠎ᠡ ᠰᠢᠶᠠᠩ ᠪᠠᠯᠭᠠᠰᠤ ᠨᠢ ᠳᠣᠷᠣᠭᠰᠢ ᠪᠠᠭᠤᠯᠭᠠᠭᠰᠠᠨ ᠡᠷᠬᠡ ᠪᠠ ᠬᠡᠷᠡᠭ ᠶᠠᠪᠤᠳᠠᠯ ᠤᠨ ᠲᠠᠯ᠎ᠠ ᠪᠠᠷ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ᠂ ᠠᠵᠢᠯ ᠶᠠᠪᠤᠳᠠᠯ  ᠭᠦᠢᠴᠡᠳᠬᠡᠬᠦ ᠵᠦᠭᠯᠡᠭᠦᠷ᠂ ᠠᠵᠢᠯ ᠤᠨ ᠴᠤᠪᠤᠷᠠᠯ ᠢ ᠨᠠᠶᠢᠷᠠᠭᠤᠯᠵᠤ᠂ ᠡᠭᠦᠨ ᠤ ᠬᠠᠮᠲᠤ ᠲᠥᠷᠥᠯ ᠬᠤᠪᠢᠶᠠᠨ ᠡᠮᠬᠢᠯᠡᠵᠦ᠂ ︽ᠳᠥᠷᠪᠡ ᠶᠢ ᠭᠦᠶ᠋ᠴᠡᠳᠬᠡᠬᠦ︾ ᠨᠠᠷᠢᠨ ᠬᠠᠭᠤᠳᠠᠰᠤ ᠶᠢ ᠢᠯᠡ ᠪᠣᠯᠭᠠᠨ᠂ ᠵᠦᠢᠯᠡᠰ ᠢ ᠲᠠᠨᠢᠵᠤ ᠠᠪᠬᠤ ᠬᠡᠷᠡᠭᠲᠡᠶ᠃ ᠲᠣᠰᠬᠤᠨ ᠤ ᠱᠠᠲᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠣᠷᠣᠯᠠᠨ ᠲᠤᠰᠢᠶᠠᠵᠤ ᠣᠷᠣᠯᠠᠨ ᠭᠦᠢᠴᠡᠳᠬᠡᠬᠦ ᠪᠠ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠲᠦᠷᠭᠡᠨ ᠬᠦᠷᠭᠡᠬᠦ᠂ ᠣᠷᠣᠯᠠᠨ ᠭᠦᠢᠴᠡᠳᠬᠡᠵᠦ ᠬᠦᠷᠭᠡᠬᠦ ᠵᠡᠷᠭᠡ ᠠᠷᠠᠳ ᠲᠤ ᠳᠥᠭᠦᠮ ᠦᠵᠡᠭᠦᠯᠬᠦ ᠦᠶ᠋ᠯᠡᠴᠢᠯᠡᠭᠡᠨ ᠢ ᠥᠷᠨᠢᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠵᠦᠢᠯᠡᠰ ᠢ ᠵᠠᠰᠠᠭ ᠵᠠᠬᠢᠷᠭᠠᠨ ᠤ ᠲᠣᠰᠬᠤᠨ ᠪᠠ ᠨᠡᠶᠢᠭᠡᠮ ᠲᠤᠭᠤᠷᠢᠭ ᠤᠨ  ᠦᠢᠯᠡᠴᠢᠯᠡᠭᠡᠨ ᠤ ᠥᠷᠲᠡᠭᠡ ᠴᠢᠭ ᠲᠤ ᠣᠷᠣᠵᠤ ᠭᠦᠢᠴᠡᠳᠬᠡᠨ᠎ᠡ᠃    2. ᠡᠯ᠎ᠡ ᠰᠠᠯᠠᠭ᠎ᠠ ᠮᠥᠴᠢᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠵᠢᠯ ᠢ ᠰᠠᠶᠢᠲᠤᠷ ᠬᠢᠵᠦ᠂ ᠰᠢᠶᠠᠩ ᠪᠠᠯᠭᠠᠰᠤ ᠶᠢ ᠬᠠᠪᠰᠤᠷᠴᠤ ᠪᠠᠶᠢᠭᠠᠳ ᠵᠠᠰᠠᠭ ᠵᠠᠬᠢᠷᠭᠠᠨ ᠤ ᠡᠷᠬᠡ ᠪᠠᠨ ᠬᠡᠷᠡᠭᠵᠢᠭᠦᠯᠬᠦ ᠦᠶ᠎ᠡ ᠳᠤ ᠲᠤᠯᠭᠠᠷᠠᠭᠰᠠᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠶ᠂ ᠶᠠᠭᠠᠬᠢᠭᠰᠠᠨ ᠴᠤ ︽ᠪᠠᠭᠤᠯᠭᠠᠴᠢᠬᠠᠭᠠᠳ ᠬᠠᠮᠢᠶᠡᠷᠬᠤ ᠪᠠᠨ ᠪᠠᠶᠢᠴᠢᠬᠠᠵᠤ︾ ᠪᠣᠯᠬᠤ ᠦᠭᠡᠢ᠃                                                                     ᠣᠷᠴᠢᠭᠤᠯᠤᠭᠴᠢ᠄ ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3