2020 ᠣᠨ ᠤ ᠰᠢᠩ ᠾᠧ ᠰᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2020/6/14
ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠢᠴᠢᠭ ᠮᠠᠲ᠋ᠧᠷᠢᠶᠠᠯ ︵ᠠᠷᠪᠠ︶ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠊᠊᠊᠊᠊᠊᠊᠊᠊᠊᠊᠊᠊᠊᠊᠊ 2020 ᠣᠨ ᠤ 4 ᠰᠠᠷ᠎ᠠ ᠶᠢᠨ 23᠎ ᠤ ᠡᠳᠦᠷ ᠰᠢᠩ ᠾᠧ ᠰᠢᠶᠠᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ     ᠴᠠᠩ ᠳ᠋ᠠ ᠸᠧᠢ ᠲᠦᠯᠦᠭᠡᠯᠡᠭᠴᠢᠳ ᠡ᠄      ᠣᠳᠣ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠥᠯᠲᠡ ᠬᠢᠶ᠎ᠡ᠃ ᠬᠢᠨᠠᠨ ᠵᠦᠪᠯᠡᠬᠦ ᠪᠣᠯᠪᠠᠣ᠂ ᠲᠡᠷᠡᠴᠢᠯᠡᠨ ᠰᠢᠶᠠᠨ ᠤ ᠣᠯᠣᠰ ᠲᠦᠷᠤ ᠶᠢᠨ ᠵᠦᠪᠯᠡᠯᠭᠡᠨ ᠤ ᠡᠯ᠎ᠡ ᠭᠡᠰᠢᠬᠦᠳ ᠪᠣᠯᠤᠨ ᠬᠤᠷᠠᠯ ᠳᠤ ᠣᠷᠣᠯᠴᠠᠭᠰᠠᠨ ᠨᠦᠭᠦᠳ ᠰᠠᠨᠠᠯ ᠢᠶᠠᠨ ᠳᠤᠷᠠᠳᠬᠤ ᠪᠣᠯᠪᠠᠣ᠃     ᠨᠢᠭᠡ᠂ 2019 ᠣᠨ ᠤ ᠠᠵᠢᠯ ᠤᠨ ᠡᠷᠭᠢᠴᠡᠬᠦᠯᠦᠯ      2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠠᠶᠢᠵᠣ᠂ ᠮᠥᠨ ᠴᠦ ᠮᠠᠨ ᠤ ᠰᠢᠶᠠᠨ ᠤ ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠦᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠥ ᠶᠢᠨ ᠵᠦᠪᠯᠡᠯᠭᠡᠨ ᠤ ᠬᠢᠨᠠᠯᠲᠠ ᠪᠠ ᠵᠣᠷᠢᠭᠵᠢᠭᠤᠯᠣᠯ ᠳᠣᠣᠷ᠎ᠠ᠂ ᠰᠢᠶᠠᠨ ᠤ ᠵᠠᠰᠠᠭ ᠤᠨ ᠣᠷᠳᠣᠨ ᠪᠦᠬᠦ ᠰᠢᠶᠠᠨ ᠤ ᠡᠯ᠎ᠡ ᠦᠨᠳᠦᠰᠦᠲᠡᠨ ᠤ ᠠᠷᠠᠳ ᠲᠦᠮᠡᠨ ᠳᠤ ᠲᠦᠰᠢᠭᠯᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠲᠣ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠤᠳᠤᠷᠢᠳᠤᠮᠵᠢ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠣᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠣᠭᠲᠠᠭᠤᠨ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠢ ᠡᠷᠡᠰ ᠰᠠᠶᠢᠲᠤᠷ ᠬᠢᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠪᠥᠬᠦ ᠰᠢᠶᠠᠨ ᠳᠤ ᠠᠵᠤ ᠠᠬᠤᠶ ᠳᠣᠭᠲᠠᠭᠤᠨ ᠢᠶᠠᠷ ᠬᠥᠭᠵᠢᠭᠰᠡᠨ᠂ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠭᠰᠠᠨ᠂ ᠨᠡᠶᠢᠭᠡᠮ ᠡᠶ᠎ᠡ ᠵᠣᠬᠢᠴᠠᠯ ᠠᠮᠣᠭᠤᠯᠠᠩ ᠲᠣᠭᠲᠠᠭᠤᠨ᠂ ᠠᠷᠠᠳ ᠲᠦᠮᠡᠨ ᠠᠮᠤᠷ ᠲᠠᠶᠢᠪᠤᠩ ᠰᠠᠶᠢᠨ ᠰᠠᠶᠢᠬᠠᠨ ᠪᠠᠶᠢᠳᠠᠯ ᠲᠠᠢ ᠪᠣᠯᠪᠠ᠃ ᠪᠦᠬᠦ ᠵᠢᠯ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 53.6 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 4.9 %᠎ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠲᠡᠭ 9 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 23 %᠎ ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 12.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 13.1 %᠎ ᠪᠠᠷ ᠨᠡᠮᠡᠭᠳᠡᠵᠦ᠂ ᠣᠯᠠᠨ ᠨᠡᠶᠢᠲᠡ ᠶᠢᠨ ᠡᠩ ᠤᠨ ᠳᠦᠰᠦᠪ ᠤᠨ ᠣᠷᠣᠯᠭ᠎ᠠ 1.6 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 1.1 %᠎ ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠣᠭᠰᠠᠨ ᠶᠡᠷᠦᠩᠬᠡᠢ ᠦᠷᠲᠡᠭ 36.8 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 5.5 %᠎ ᠪᠠᠷ ᠨᠡᠮᠡᠭᠳᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠲᠣᠰᠪᠦᠷᠢ 29277 ᠲᠦᠭᠦᠷᠢᠭ ᠪᠣᠯᠣᠨ 10812 ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 6.8 % ᠪᠤᠯᠤᠨ 11.3 %᠎ ᠪᠠᠷ ᠨᠡᠮᠡᠭᠳᠡᠵᠡᠢ᠃      ______ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠦᠨᠡᠨ ᠪᠣᠳᠠᠲᠠᠢ ᠦᠷ᠎ᠡ ᠪᠦᠲᠦᠮᠵᠢ ᠤᠯᠪᠠ      ᠶᠠᠳᠠᠭᠤ ᠬᠦᠴᠢᠷᠳᠡᠯᠲᠡᠢ ᠰᠢᠶᠠᠨ ᠤᠷᠤᠭᠰᠢᠲᠠᠢ ᠪᠠᠷ ᠶᠠᠳᠠᠭᠤ ᠠᠴᠠ ᠠᠩᠭᠢᠵᠢᠷᠠᠪᠠ᠃ ᠣᠨᠴᠠ ᠶᠠᠳᠠᠭᠤ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠶᠢ ᠲᠡᠳᠬᠦᠬᠦ ᠬᠦᠴᠦᠨ ᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠡᠶᠢᠲᠡ 11.1 ᠳ᠋ᠦᠩᠰᠢᠭᠤᠷ ᠲᠥᠭᠦᠷᠢᠭ ᠣᠷᠣᠭᠤᠯᠵᠤ᠂ ︽ᠪᠦᠬᠦᠨ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾᠎ ᠶᠢᠨ ᠳᠣᠪᠣᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠪᠦᠬᠦ ᠰᠢᠶᠠᠨ ᠤ 87 ᠶᠠᠳᠠᠭᠤ ᠬᠦᠴᠢᠷᠳᠡᠯᠲᠡᠢ ᠲᠣᠰᠬᠤᠨ ᠪᠦᠬᠦᠨ ᠢᠶᠠᠷ ᠢᠶᠠᠨ ᠤᠬᠤᠷᠢᠨ ᠭᠠᠷᠴᠤ᠂ 2.05 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠦᠯᠡᠳᠡᠭᠰᠡᠨ 143 ᠡᠷᠦᠬᠡ ᠶᠢᠨ 327 ᠶᠠᠳᠠᠭᠤ ᠬᠦᠴᠢᠷᠳᠡᠯᠲᠡᠢ ᠬᠥᠮᠦᠨ ᠠᠮᠠ ᠶᠢ ᠡᠨᠡ ᠵᠢᠯ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠶᠠᠳᠠᠭᠤᠷᠠᠯ ᠤᠨ ᠨᠣᠷᠮ᠎ᠠ ᠨᠢ 2013 ᠣᠨ ᠤ ᠡᠴᠦᠰ ᠤᠨ 13.02 % ᠪᠠᠶᠢᠭᠰᠠᠨ ᠠᠴᠠ ᠪᠠᠨ 0.12 % ᠪᠣᠯᠵᠣ ᠪᠠᠭᠤᠷᠠᠪᠠ᠃ ᠥᠪᠡᠷᠲᠡᠭᠡᠨ ᠵᠠᠰᠠᠬᠤ ᠣᠷᠣᠨ ᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠰᠢᠯᠭᠠᠨ ᠠᠪᠬᠤ ᠶᠠᠪᠣᠴᠠ ᠶᠢ ᠤᠷᠤᠭᠰᠢᠲᠠᠶ ᠦᠩᠭᠡᠷᠡᠭᠦᠯᠵᠦ᠂ ᠲᠥᠪ ᠤᠨ ᠲᠣᠭᠤᠷᠢᠨ ᠪᠠᠶᠢᠴᠠᠭᠠᠬᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠯᠳᠠᠭᠤᠷ ᠰᠣᠷᠪᠣᠯᠵᠢᠯᠠᠬᠤ ᠳᠤ ᠰᠠᠶᠢᠨ ᠦᠨᠡᠯᠡᠯᠲᠡ ᠣᠯᠵᠣ᠂ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠰᠢᠶᠠᠨ ᠤ ᠲᠠᠰ ᠳᠠᠷᠠᠭᠠᠯᠠᠯ ᠠᠴᠠ ᠤᠬᠤᠷᠢᠨ ᠭᠠᠷᠪᠠ᠃        ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ︽ᠡᠷᠬᠢᠵᠦ ᠪᠠᠶᠢᠴᠠᠭᠠᠬᠤ︾ ᠠᠵᠢᠯ ᠤᠨ ᠵᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠨᠢᠭᠡ ᠲᠠᠰᠤᠭ ᠰᠢᠭᠠᠷᠤ ᠰᠢᠢᠳᠪᠦᠷᠢᠯᠡᠬᠦ ᠲᠠᠯᠠᠪᠣᠷ ᠠᠰᠢᠭᠯᠠᠯᠲᠠ ᠳᠤ ᠣᠷᠣᠵᠦ᠂ ᠾᠧᠦ ᠵᠢᠶᠠ ᠼᠦᠨ ᠲᠣᠰᠬᠤᠨ ᠤ ᠰᠢᠭᠠᠷᠤ ᠰᠢᠢᠳᠪᠦᠷᠢᠯᠡᠬᠦ ᠲᠠᠯᠠᠪᠣᠷ ᠪᠠᠷᠢᠯᠭ᠎ᠠ ᠳᠠᠭᠤᠰᠴᠦ ᠰᠢᠯᠭᠠᠨ ᠠᠪᠴᠤ᠂ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ ᠶᠢᠨ ᠡᠮᠬᠢ ᠵᠢᠷᠦᠮ ᠦᠭᠡᠢ ᠪᠠᠷ ᠣᠪᠣᠭᠠᠯᠠᠨ ᠲᠠᠯᠪᠢᠬᠤ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃ ᠠᠵᠤ ᠦᠢᠯᠡᠳᠪᠦᠷᠢ ᠶᠢᠨ ᠲᠣᠭᠤᠷᠢᠭ᠂ ᠴᠧᠩ ᠭᠤᠸᠠᠨ ᠪᠠᠯᠭᠠᠰᠤᠨ ᠤ ᠲᠠᠷᠢᠶᠠᠯᠠᠩ ᠠᠵᠤ ᠠᠬᠤᠶᠢᠯᠠᠯ ᠤᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠶ᠋ᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠪᠠ ᠃ ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠲᠣᠭᠤᠷᠢᠭ ᠤᠨ 47 ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠶ︾ ᠠᠵᠤ ᠠᠬᠤᠶᠢᠯᠠᠯ ᠢ ᠪᠦᠬᠦᠨ ᠢ ᠴᠡᠭᠴᠡᠯᠡᠪᠡ᠃ ᠪᠡᠭᠡᠵᠢᠩ ᠲᠢᠶᠠᠨᠵᠢᠨ ᠤ ᠰᠠᠯᠬᠢ ᠰᠢᠭᠤᠷᠭ᠎ᠠ ᠶᠢᠨ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠶᠢ ᠰᠡᠷᠭᠦᠭᠡᠬᠦ᠂ ᠣᠨᠴᠠᠯᠢᠭᠲᠤ ᠠᠵᠤ ᠠᠬᠤᠢ ᠶᠢᠨ ᠣᠢ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠲᠠ ᠎ ᠨᠢ 5.3 ᠲᠦᠮᠡᠨ ᠮᠤ᠋ ᠶᠢ ᠪᠡᠶᠡᠯᠡᠭᠦᠯᠪᠡ᠃      ᠠᠷᠭ᠎ᠠ ᠪᠦᠬᠦᠨ ᠢ ᠰᠦᠪᠡᠭᠴᠢᠯᠡᠨ 2019 ᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠪᠡ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠦᠷᠦᠭᠦᠯᠡᠨ ︽ᠭᠠᠮᠨᠠᠬᠤ︾᠎ ᠶᠢ ᠡᠷᠬᠢᠮᠯᠡᠵᠦ᠂ ᠡᠩ ᠤᠨ ᠴᠢᠨᠠᠷᠲᠠᠶ ᠵᠠᠷᠤᠯᠭ᠎ᠠ ᠶᠢ 2416 ᠲᠦᠮᠡᠨ ᠲᠥᠭᠦᠷᠢᠭ ᠪᠠᠭᠠᠰᠬᠠᠪᠠ᠃ ᠲᠥᠷᠥᠯ ᠵᠦᠢᠯ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠠᠷᠭᠤᠭᠤᠯᠵᠤ ᠪᠣᠭᠤᠮᠲᠠ ᠶᠢ ᠴᠢᠩᠭ᠎ᠠ ᠡᠵᠡᠮᠳᠡᠵᠦ᠂ ᠳᠠᠯᠳᠠ ᠥᠷᠢ ᠥᠭᠴᠡᠭᠡ ᠶᠢᠨ ᠨᠡᠮᠡᠭᠳᠡᠯ ᠢ ᠡᠷᠡᠰ ᠬᠢᠵᠠᠭᠠᠷᠯᠠᠪᠠ᠃ ᠵᠢᠭᠡᠯᠡᠯᠭᠡ ᠶᠢᠨ ᠲᠡᠮᠳᠡᠭᠲᠦ ᠪᠡᠯᠡ ᠮᠥᠩᠭᠦ ᠶᠢ ᠢᠳᠡᠪᠬᠢᠲᠠᠢ ᠲᠡᠮᠡᠴᠡᠨ ᠣᠯᠵᠣ᠂ ᠡᠳ᠋ ᠬᠦᠷᠦᠩᠭᠡ ᠪᠠᠷ ᠣᠷᠣᠯᠠᠨ ᠦᠭᠬᠦ᠂ ᠭᠠᠵᠠᠷ ᠰᠢᠷᠣᠶ ᠶᠢ ᠰᠢᠯᠵᠢᠭᠦᠯᠦᠨ ᠥᠭᠬᠦ ᠵᠡᠷᠭᠡ ᠶᠡᠷᠦᠩᠬᠡᠶᠢᠯᠡᠭᠰᠡᠨ ᠴᠢᠨᠠᠷᠲᠠᠶ ᠠᠷᠭ᠎ᠠ ᠬᠡᠮᠵᠢᠶ᠎ᠡ ᠶᠢ ᠠᠪᠴᠤ᠂ ᠪᠦᠬᠦ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠳᠡ 8.14 ᠳ᠋ᠦᠩᠰᠢᠭᠤᠷ ᠲᠥᠭᠦᠷᠢᠭ ᠶᠢ ᠠᠷᠢᠯᠭᠠᠵᠤ᠂ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢᠨ 156%᠎ ᠶᠢ ᠪᠡᠶᠡᠯᠡᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠮᠦᠩᠭᠦ ᠶᠢ 4.4 ᠳ᠋ᠦᠩᠰᠢᠭᠤᠷ ᠲᠥᠭᠦᠷᠢᠭ ᠠᠷᠢᠯᠭᠠᠵᠦ᠂ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃      ______ᠭᠤᠷᠪᠠᠨ ᠠᠵᠤ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠪᠠ      ᠳᠠᠷᠢᠵᠤ ᠲᠡᠵᠢᠭᠡᠬᠦ ᠪᠦᠲᠦᠴᠡ ᠨᠢ ᠲᠠᠰᠤᠷᠠᠯᠲᠠ ᠥᠬᠡᠶ ᠰᠢᠯᠢᠳᠡᠭᠵᠢᠪᠡ᠃ ᠲᠥᠮᠥᠰᠥ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠬᠤᠯᠢᠮᠠᠭ ᠠᠮᠤ ᠬᠤᠯᠢᠮᠠᠭ ᠪᠣᠷᠴᠠᠭ ᠤᠨ ᠲᠠᠷᠢᠮᠠᠯ ᠤᠨ ᠲᠠᠯᠠᠪᠠᠢ ᠶᠢ ᠲᠣᠰ ᠲᠣᠰ 39 ᠲᠦᠮᠡᠨ ᠮᠦ᠂ 8 ᠲᠦᠮᠡᠨ ᠮᠦ ᠪᠠ 16 ᠲᠦᠮᠡᠨ ᠮᠦ ᠳᠤ ᠲᠣᠭᠲᠠᠪᠤᠷᠢᠵᠢᠭᠤᠯᠵᠤ᠂ ᠶᠡᠷᠦᠩᠬᠡᠢ ᠤᠨᠠᠯᠲᠠ ᠨᠢ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠪᠦᠬᠦ ᠵᠢᠯ ᠳᠤ 14.6 ᠳ᠋ᠦᠩᠰᠢᠭᠤᠷ ᠵᠢᠩ ᠳᠤ ᠬᠦᠷᠴᠦ᠂ ᠨᠢᠳᠤᠨᠤᠨ ᠤ ᠬᠢ ᠠᠴᠠ 17.7 %᠎ ᠪᠠᠷ ᠨᠡᠮᠡᠭᠳᠡᠪᠡ᠃ ᠬᠡᠪᠴᠢᠶᠡᠵᠢᠯ ᠤᠨ ᠲᠡᠵᠢᠭᠡᠨ ᠦᠷᠡᠵᠢᠭᠦᠯᠬᠦ ᠦᠷ᠎ᠡ ᠠᠰᠢᠭ ᠨᠢ ᠳᠣᠪᠣᠶᠢᠮ᠎ᠠ ᠪᠠᠶᠢᠵᠦ᠂ ᠮᠢᠬᠠᠨ ᠤ ᠦᠬᠡᠷ᠂ ᠮᠢᠬᠠᠨ ᠤ ᠡᠯᠵᠢᠭᠡ᠂ ᠮᠢᠬᠠᠨ ᠤ ᠬᠤᠨᠢ᠂ ᠭᠠᠭ᠋ᠠᠶ ᠵᠡᠷᠭᠡ ᠮᠠᠯ ᠤᠨ ᠲᠡᠵᠢᠭᠡᠨ ᠦᠷᠡᠵᠢᠭᠦᠯᠬᠦ ᠶᠡᠷᠦᠩᠬᠡᠶ ᠬᠡᠮᠵᠢᠶ᠎ᠡ ᠨᠢ 125.9 ᠲᠦᠮᠡᠨ ᠲᠣᠯᠣᠭᠠᠢ ᠳᠤ ᠬᠦᠷᠴᠦ᠂ ᠮᠢᠬᠠᠨ ᠤ ᠲᠥᠷᠥᠯ ᠤᠨ ᠶᠡᠷᠦᠩᠬᠡᠶ ᠭᠠᠷᠤᠯᠲᠠ ᠎ ᠨᠢ 9150.5 ᠲᠣᠨ ᠪᠣᠯᠪᠠ᠃ ᠳ᠋ᠦᠩ ᠢ ᠳ᠋ᠡ᠂ ᠢ ᠸᠧᠢ᠂ ᠳ᠋ᠠ ᠪᠧᠢ ᠨᠦᠩ᠂ ᠫᠦ᠋ ᠢᠦᠢ ᠵᠡᠷᠭᠡ ᠨᠢᠭᠡ ᠪᠦᠯᠦᠭ ᠲᠣᠯᠣᠭᠠᠶᠢᠯᠠᠭᠴᠢ ᠠᠵᠤ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠳ᠋ᠦᠩ ᠢ ᠳ᠋ᠡ ᠨᠢ1500 ᠡᠯᠵᠢᠭᠡ ᠲᠡᠵᠢᠭᠡᠨ ᠦᠷᠡᠵᠢᠭᠦᠯᠵᠦ᠂ ᠳ᠋ᠠ ᠪᠧᠶ ᠨᠦᠩ᠂ ᠫᠦ᠋ ᠢᠦᠢ ᠨᠢ 1.4 ᠲᠦᠮᠡᠨ ᠰᠠᠭᠤᠷᠢ ᠮᠡᠭᠡᠵᠢ ᠲᠡᠵᠢᠭᠡᠨ ᠦᠷᠡᠵᠢᠭᠦᠯᠪᠡ᠃ ᠰᠢᠦ᠋ᠩ ᠹᠧᠩ᠂ ᠾᠧ ᠱᠢ᠂ ᠲᠦᠩ ᠾᠧᠩ ᠵᠡᠷᠭᠡ ᠲᠠᠷᠢᠶᠠᠯᠠᠩ ᠤᠨ ᠬᠤᠷᠰᠢᠶᠠᠵᠢᠯ ᠤᠨ ᠬᠡᠪᠴᠢᠶ᠎ᠡ ᠨᠢ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠳᠠᠶᠢᠴᠢᠯᠠᠬᠤ ᠴᠢᠳᠠᠪᠤᠷᠢ ᠨᠢ ᠴᠦ ᠢᠯᠡᠳᠲᠡ ᠴᠢᠩᠭᠠᠷᠠᠪᠠ᠃      ᠠᠵᠤ ᠦᠢᠯᠡᠳᠪᠦᠷᠢ ᠶᠢᠨ ᠲᠤᠯᠭᠠᠭᠤᠷᠢᠯᠠᠬᠤ ᠬᠦᠴᠦᠨ ᠦᠷᠭᠦᠯᠵᠢᠯᠡᠨ ᠴᠢᠩᠭᠠᠷᠠᠪᠠ᠃ ᠪᠦᠬᠦ ᠵᠢᠯ ᠳᠤ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6.7 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 15 ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠠᠵᠣ ᠠᠬᠤᠶᠢᠯᠠᠯ ᠨᠢ 42.7 ᠳ᠋ᠦᠩᠰᠢᠭᠤᠷ ᠲᠦᠭᠦᠷᠢᠭ ᠤᠨ ᠶᠡᠷᠥᠩᠬᠡᠢ ᠦᠷᠲᠡᠭ ᠢ ᠪᠡᠶᠡᠯᠡᠭᠦᠯᠵᠦ᠂ ᠭᠠᠶᠢᠯᠢ ᠲᠠᠲᠠᠪᠤᠷᠢ ᠨᠢ ᠪᠦᠬᠦ ᠵᠢᠯ ᠤᠨ 43.8%᠎ ᠶᠢ ᠡᠵᠡᠯᠡᠪᠡ᠃ ᠰᠢᠨ ᠲᠠᠢ᠂ ᠱᠠᠨ ᠾᠧ᠂ ᠯᠦᠩ ᠱᠧᠩ᠂ ᠴᠢᠶᠠᠨ ᠹᠧᠩ ᠵᠡᠷᠭᠡ ᠲᠡᠮᠦᠷᠯᠢᠭ ᠪᠣᠯᠪᠠᠰᠤᠷᠠᠭᠤᠯᠬᠤ ᠠᠵᠤ ᠠᠬᠤᠶᠢᠯᠠᠯ ᠨᠢ ᠦᠷᠭᠦᠯᠵᠢᠯᠡᠨ ᠰᠠᠶᠢᠵᠢᠷᠠᠪᠠ᠃ 2019 ᠣᠨ ᠳᠤ ᠪᠠᠰᠠ ᠨᠢᠭᠡ ᠪᠦᠯᠦᠭ ᠲᠥᠷᠥᠯ ᠵᠦᠢᠯ ᠢ ᠰᠢᠨ᠎ᠡ ᠪᠠᠷ ᠣᠷᠣᠭᠤᠯᠤᠨ ᠠᠪᠴᠢᠷᠠᠵᠤ᠂ ᠠᠵᠤ ᠦᠢᠯᠡᠳᠪᠦᠷᠢ ᠠᠵᠤ ᠦᠢᠯᠡᠰ ᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠬᠦ ᠳᠤ ᠵᠣᠬᠢᠬᠤ ᠰᠠᠭᠤᠷᠢ ᠶᠢ ᠲᠠᠯᠪᠢᠪᠠ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠰᠢᠪᠲᠤᠯᠤᠯᠲᠠ ᠲᠠᠢ ᠪᠣᠯᠪᠠ᠃ ᠯᠦᠩ ᠰᠢᠩ ᠭᠤᠤ ᠯᠢᠩ ᠰᠢᠷᠣᠢ ᠬᠦᠪᠰᠦᠭᠡᠷ ᠬᠦᠷᠦᠰᠦ ᠶᠢ ᠨᠠᠷᠢᠯᠢᠭ ᠪᠣᠯᠪᠠᠰᠤᠷᠠᠭᠤᠯᠬᠤ ᠲᠥᠷᠦᠯ ᠵᠦᠢᠯ᠂ ᠰᠢᠨ ᠶᠤᠸᠠᠨ ᠨᠡᠭᠦᠷᠡᠰᠦᠳᠦᠷᠦᠭᠴᠢ ᠶᠢᠨ 6000 ᠲᠣᠨ ᠨᠡᠭᠦᠷᠡᠰᠦᠲᠥ᠋ᠷᠥᠭᠴᠢᠲᠦ ᠡᠳ᠋ ᠤᠨ ᠦᠢᠯᠡᠳᠬᠦᠨ ᠢ ᠳᠡᠰ ᠳᠡᠪᠰᠢᠭᠦᠯᠦᠨ ᠥᠭᠡᠷᠡᠴᠢᠯᠡᠬᠦ ᠲᠥᠷᠦᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠰᠢᠨ ᠱᠧᠩ 35 ᠲᠦᠮᠡᠨ ᠲᠣᠨ ᠣᠷᠭᠠᠨᠢᠭ ᠪᠤᠰᠤ ᠰᠢᠷᠬᠡᠭᠯᠢᠭ ᠤᠨ ᠦᠢᠯᠡᠳᠪᠦᠷᠢᠯᠡᠯ ᠤᠨ ᠱᠤᠭᠤᠮ᠂ ᠢᠦᠢ ᠴᠧᠩ ᠭᠤᠤ ᠯᠢᠩ ᠰᠢᠷᠣᠢ ᠶᠢ ᠨᠠᠷᠢᠯᠢᠭ ᠪᠣᠯᠪᠠᠰᠤᠷᠠᠭᠤᠯᠬᠤ ᠵᠡᠷᠭᠡ ᠲᠥᠷᠦᠯ ᠵᠦᠢᠯ ᠪᠠ ᠭᠤᠸᠠᠩ ᠬᠤᠸᠠ ᠵᠢᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠢ ᠡᠬᠢᠯᠡᠨ ᠪᠦᠲᠦᠭᠡᠨ ᠪᠠᠶᠢᠭᠤᠯᠪᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠦᠷᠭᠦᠯᠵᠢᠯᠡᠨ ᠲᠦᠷᠭᠡᠳᠪᠡ᠃ ᠰᠢᠩ ᠵᠢᠶᠧ ᠪᠠᠶᠢᠭᠠᠯᠢ ᠶᠢᠨ ᠰᠢᠲᠠᠮᠠᠬᠠᠶ ᠬᠡᠢ ᠶᠢ ᠰᠢᠩᠭᠡᠨᠵᠢᠭᠦᠯᠦᠨ ᠬᠠᠳᠠᠭᠠᠯᠠᠵᠤ ᠲᠣᠬᠢᠷᠠᠭᠤᠯᠬᠤ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ 50.9 ᠰᠠᠶ᠎ᠠ ᠸᠠᠲ ᠭᠡᠷᠡᠯᠯᠢᠭ ᠴᠡᠨᠡᠭ ᠢᠶᠠᠷ ᠶᠠᠳᠠᠭᠤ ᠶᠢ ᠲᠡᠳᠬᠦᠬᠦ ᠲᠣᠰᠬᠤᠨ ᠤ ᠱᠠᠲᠤᠨ ᠤ ᠴᠠᠬᠢᠯᠭᠠᠨ ᠥᠷᠲᠡᠭᠡ ᠨᠢ ᠪᠥᠬᠦ ᠪᠠᠭᠲᠠᠭᠠᠮᠵᠢ ᠪᠠᠷ ᠴᠠᠬᠢᠯᠭᠠᠨ ᠭᠠᠷᠭᠠᠪᠠ᠃ ᠪᠣᠯᠪᠠᠰᠤᠷᠠᠭᠤᠯᠤᠨ ᠦᠢᠯᠡᠳᠬᠦ ᠦᠢᠯᠡᠰ ᠲᠣᠭᠲᠠᠭᠤᠨ ᠢᠶᠠᠷ ᠰᠠᠶᠢᠵᠢᠷᠠᠪᠠ᠃ ᠱᠦᠨ ᠪᠠᠢ ᠨᠢᠶᠠᠨ᠂ ᠲᠢᠶᠠᠨ ᠮᠠ᠂ ᠯᠠᠩ ᠽᠧ ᠵᠡᠷᠭᠡ ᠨᠢᠭᠡ ᠪᠦᠯᠦᠭ ᠪᠣᠬᠢᠷᠲᠤᠯ ᠥᠬᠡᠶ᠂ ᠠᠷᠢᠭᠤᠨ ᠴᠡᠪᠡᠷ᠂ ᠳᠣᠣᠷ᠎ᠠ ᠨᠡᠭᠦᠷᠡᠰᠦᠳᠦᠷᠦᠭᠴᠢᠲᠦ ᠬᠡᠷ ᠤᠨ ᠡᠳ᠋ᠯᠡᠯ ᠬᠡᠷᠡᠭᠰᠡᠯ ᠤᠨ ᠠᠵᠤ ᠠᠬᠤᠶᠢᠯᠠᠯ ᠨᠢ ᠰᠢᠮᠳᠠᠨ ᠪᠥᠲᠥᠭᠡᠨ ᠪᠠᠶᠢᠭᠤᠯᠵᠤ ᠪᠠᠶᠢᠨ᠎ᠠ᠃      ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠯᠠᠪᠳᠠᠭᠤᠨ ᠢᠶᠠᠷ ᠠᠬᠢᠪᠠ᠃ ᠶᠢᠨ ᠰᠢᠩ ᠭᠠᠩ ᠬᠦᠳᠡᠷ ᠨᠡᠭᠦᠷᠡᠰᠦ ᠶᠢᠨ ᠳᠠᠬᠢᠨ ᠲᠡᠭᠡᠭᠡᠪᠦᠷᠢᠯᠡᠬᠦ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠪᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠳᠠᠯ ᠦᠢᠯᠡᠰ ᠴᠣᠭᠴᠠᠯᠠᠨ ᠨᠡᠪᠴᠢᠭᠦᠯᠬᠦ ᠰᠠᠭᠤᠷᠢᠨ ᠭᠠᠵᠠᠷ ᠵᠢᠴᠢ ᠲᠦᠷᠦᠭᠦᠤ ᠪᠦᠯᠦᠭ ᠤᠨ 29 ᠰᠢᠶᠠᠩ ᠪᠠᠯᠭᠠᠰᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠦᠷᠲᠡᠭᠡᠨ ᠴᠢᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠯᠦ ᠵᠢᠶᠠ ᠶᠢᠩ ᠠᠷᠠᠳ ᠤᠨ ᠪᠠᠭᠤᠳᠠᠯ ᠤᠨ ᠵᠤᠭᠠᠴᠠᠯ ᠵᠡᠷᠭᠡ ᠰᠢᠨ᠎ᠡ ᠪᠠᠷ ᠮᠠᠨᠳᠤᠭᠰᠠᠨ ᠵᠤᠭᠠᠴᠠᠯ ᠤᠨ ᠲᠥᠷᠥᠯ ᠵᠦᠢᠯ ᠳᠤ ᠠᠰᠢᠭᠲᠠᠢ ᠬᠠᠶᠢᠨ ᠰᠦᠪᠡᠭᠴᠢᠯᠡᠯᠳᠡ ᠪᠠ ᠲᠤᠷᠰᠢᠯᠲᠠ ᠬᠢᠵᠦ᠂ ᠰᠣᠮᠣᠨ ᠠᠭᠤᠯᠠ᠂ ᠴᠠᠷᠠᠰᠣᠨ ᠨᠠᠭᠤᠷ ᠬᠤᠶᠠᠷ ᠶᠡᠭᠡ ᠦᠵᠡᠮᠵᠢ ᠶᠢᠨ ᠣᠷᠣᠨ ᠤ ᠬᠦᠯᠢᠶᠡᠨ ᠠᠪᠬᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ᠵᠢᠯ ᠤᠨ ᠳᠣᠲᠣᠷ᠎ᠠ᠂ 51 ᠲᠦᠮᠡᠨ ᠵᠤᠭᠠᠴᠠᠭᠰᠠᠳ ︵ᠤᠳᠠᠭ᠎ᠠ︶᠎ ᠢ ᠭᠥᠯᠢᠶᠡᠨ ᠠᠪᠴᠤ᠂ 3000 ᠭᠠᠷᠤᠶ ᠲᠦᠮᠡᠨ ᠲᠦᠭᠦᠷᠢᠭ ᠬᠦᠷᠴᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠣᠨ ᠨᠤᠲᠤᠭ ᠲᠤ ᠦᠢᠯᠡᠴᠢᠯᠡᠬᠦ ᠦᠢᠯᠡᠳᠦᠯ ᠨᠢ ᠣᠯᠠᠮ ᠨᠢᠭᠡ ᠠᠯᠬᠤᠮ ᠢᠯᠡᠷᠬᠡᠢ ᠪᠣᠯᠪᠠ᠃      ______ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠲᠦᠪᠰᠢᠨ ᠠᠯᠬᠤᠮ ᠠᠯᠬᠤᠮ ᠢᠶᠠᠷ ᠳᠡᠭᠡᠭᠰᠢᠯᠡᠪᠡ      ᠪᠢᠳᠡ ᠴᠢᠳᠠᠯ ᠤᠨ ᠢᠶᠠᠨ ᠬᠢᠷᠢ ᠪᠠᠷ ᠬᠢᠵᠦ᠂ ᠴᠢᠳᠠᠯ ᠢᠶᠠᠷ ᠢᠶᠠᠨ ᠬᠢᠷᠢ ᠪᠠᠷ ᠴᠢᠷᠮᠠᠶᠢᠬᠤ ᠶᠢ ᠪᠠᠷᠢᠮᠲᠠᠯᠠᠵᠤ᠂ ᠠᠷᠠᠳ ᠤᠨ ᠠᠮᠢᠳᠣᠷᠠᠯ ᠢ ᠪᠦᠬᠦ ᠬᠦᠴᠦᠨ ᠢᠶᠠᠷ ᠢᠶᠠᠨ ᠪᠠᠲᠤᠯᠠᠪᠠ᠃ ᠪᠦᠬᠦ ᠵᠢᠯ ᠤᠨ ᠠᠷᠠᠳ ᠤᠨ ᠠᠮᠢᠳᠤᠷᠠᠯ ᠤᠨ ᠦᠢᠯᠡᠰ ᠲᠤ 22.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠦᠬᠦ ᠡᠳ᠋ ᠤᠨ ᠵᠠᠰᠠᠭ ᠤᠨ ᠵᠠᠷᠤᠯᠭ᠎ᠠ ᠶᠢᠨ 80%᠎ ᠶᠢ ᠡᠵᠡᠯᠡᠪᠡ᠃ ᠠᠷᠠᠳ ᠣᠯᠠᠨ ᠤ ᠵᠣᠯ ᠵᠢᠷᠭᠠᠯ ᠤᠨ ᠮᠡᠳᠡᠷᠡᠮᠵᠢ ᠤᠯᠠᠮ ᠨᠢᠭᠡ ᠠᠯᠬᠤᠮ ᠳᠡᠭᠡᠭᠰᠢᠯᠡᠪᠡ᠃ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠰᠢᠨ᠎ᠡ ᠬᠠᠭᠤᠴᠢᠨ ᠬᠤᠲᠠ ᠶᠢᠨ ᠲᠣᠭᠤᠷᠢᠭ ᠤᠨ ᠠᠭᠤᠳᠠᠮ ᠲᠠᠯᠠᠪᠠᠢ ᠶᠢ ᠰᠡᠯᠪᠢᠨ ᠵᠠᠰᠠᠬᠤ ᠶᠢ ᠪᠡᠶᠡᠯᠡᠭᠦᠯᠪᠡ᠃ ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ᠂ ᠶᠠᠪᠠᠭᠠᠨ ᠬᠥᠮᠦᠨ ᠤ ᠵᠠᠮ ᠢ 7 ᠲᠦᠮᠡᠨ ᠲᠡᠭᠰᠢ ᠳᠥᠷᠪᠡᠯᠵᠢᠨ ᠮᠧᠲᠷ ᠬᠠᠲᠠᠭᠤᠷᠠᠯᠲᠠ ᠬᠢᠪᠡ᠃ ᠰᠢᠨ᠎ᠡ ᠪᠠᠷ 6 ᠰᠠᠭᠤᠷᠢ ᠢᠯᠴᠢ ᠬᠠᠩᠭᠠᠬᠤ ᠥᠷᠲᠡᠭᠡ ᠶᠢ ᠪᠠᠶᠢᠭᠤᠯᠵᠣ᠂ ᠢᠯᠴᠢ ᠬᠠᠩᠭᠠᠬᠤ ᠬᠤᠭᠤᠯᠠᠢ ᠲᠣᠣᠷ ᠢ 3.8 ᠺᠢᠯᠣᠮᠧᠲᠷ ᠦᠭᠡᠷᠡᠴᠢᠯᠡᠪᠡ᠃ ᠰᠢᠨ᠎ᠡ ᠲᠦᠭᠡᠭᠡᠯ ᠤᠰᠤᠨ ᠤ ᠦᠢᠯᠡᠳᠪᠦᠷᠢ ᠠᠰᠢᠭᠯᠠᠯᠲᠠ ᠳᠤ ᠣᠷᠣᠪᠠ᠃ ᠤᠯᠤᠰ ᠤᠨ ᠳᠡᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠪᠡᠭᠡᠵᠢᠩ ᠠᠴᠠ ᠬᠥᠬᠡᠬᠤᠲᠠ ᠬᠥᠷᠬᠦ ᠦᠨᠳᠦᠷ ᠬᠤᠷᠳᠤᠴᠠᠲᠤ ᠲᠡᠮᠦᠷ ᠵᠠᠮ ᠨᠡᠪᠲᠡᠷᠡᠪᠡ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠪᠡ᠃ ᠰᠢᠨ᠎ᠡ ᠪᠠᠷ ᠬᠦᠳᠡᠭᠡ ᠲᠣᠰᠬᠤᠨ ᠤ ᠣᠣᠭᠤᠬᠤ ᠤᠰᠤᠨ ᠤ ᠠᠶᠤᠯᠭᠦᠶ ᠢᠨᠵᠧᠨᠧᠷᠢᠩ ᠤᠨ ᠲᠤᠭ᠎ᠠ 65᠎ ᠶᠢ ᠪᠡᠶᠡᠯᠡᠭᠦᠯᠵᠦ᠂ 6438 ᠬᠦᠮᠦᠨ ᠠᠰᠢᠭ ᠬᠦᠷᠲᠡᠪᠡ᠃ ᠬᠥᠳᠡᠭᠡ ᠲᠣᠰᠬᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ ᠢ 117.9 ᠺᠢᠯᠣᠮᠧᠲᠷ ᠬᠡᠷᠡᠭᠵᠢᠭᠦᠯᠪᠡ᠃ ᠬᠥᠳᠡᠭᠡ ᠲᠣᠰᠬᠤᠨ ᠤ 1.3 ᠲᠦᠮᠡᠨ ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠣᠷᠢᠭᠵᠢᠭᠤᠯᠤᠯ ᠰᠠᠶᠢᠰᠢᠶᠠᠯ ᠢ ᠤᠯᠪᠠ᠃ ᠳ᠋ᠢᠶᠠᠨ ᠽᠢ ᠪᠠᠯᠭᠠᠰᠤᠨ ᠤ ᠵᠦ ᠵᠢᠶᠠ ᠶᠢᠩ ᠲᠣᠰᠬᠤᠨ ᠵᠡᠷᠭᠡ 6 ᠲᠣᠰᠬᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤᠨ ᠳᠤ ᠰᠣᠩᠭᠤᠭᠳᠠᠪᠠ᠃ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠤᠯᠠᠮ ᠨᠢᠭᠡ ᠠᠯᠬᠤᠮ ᠲᠡᠭᠦᠯᠳᠡᠷᠵᠢᠪᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠲᠥᠪᠬᠢᠨᠡᠭᠦᠯᠬᠦ ᠲᠦᠷᠦ ᠶᠢᠨ ᠪᠤᠳᠤᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠪᠠ᠃ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠭᠤᠭᠰᠠᠨ ᠬᠦᠮᠦᠨ ᠤ ᠲᠤᠭ᠎ᠠ 990 ᠪᠠᠶᠢᠵᠦ᠂ ᠠᠵᠢᠯ ᠠᠯᠳᠠᠭᠰᠠᠳ ᠤᠨ ᠳᠠᠬᠢᠨ ᠠᠵᠢᠯ ᠣᠯᠭᠤᠭᠰᠠᠨ ᠬᠦᠮᠦᠨ ᠤ ᠲᠤᠭ᠎ᠠ 253 ᠪᠠᠶᠢᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠠᠴᠠ ᠰᠢᠯᠵᠢᠭᠦᠯᠦᠨ ᠠᠵᠢᠯ ᠣᠯᠭᠤᠭᠰᠠᠨ ᠬᠦᠮᠦᠨ ᠤ ᠲᠤᠭ᠎ᠠ 3.8 ᠲᠦᠮᠡ ᠬᠦᠷᠴᠦ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ 104 ᠤᠳᠠᠭ᠎ᠠ ᠶᠠᠪᠤᠭᠳᠠᠪᠠ᠃ ᠱᠦ ᠭᠤᠸᠠᠩ ᠪᠠᠭ᠎ᠠ ᠰᠤᠷᠭᠠᠭᠤᠯᠢ᠂ ᠵᠢᠩ ᠮᠧᠩ ᠬᠡᠦᠬᠡᠳ ᠤᠨ ᠴᠡᠴᠡᠷᠯᠢᠭ ᠠᠰᠢᠭᠯᠠᠯᠲᠠ ᠳᠤ ᠣᠷᠣᠪᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ᠂ ᠰᠤᠷᠭᠠᠭᠤᠯᠢ ᠶᠢᠨ ᠪᠡᠶ᠎ᠡ ᠶᠢᠨ ᠲᠠᠮᠢᠷ ᠢ ᠵᠣᠬᠢᠴᠠᠩᠭᠤᠶ ᠪᠠᠷ ᠠᠬᠢᠭᠤᠯᠪᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠵᠡᠷᠭᠡ ᠪᠠᠲᠤᠯᠠᠭ᠎ᠠ ᠶᠢᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ 6.05 ᠲᠦᠮᠡᠨ ᠣᠨᠴᠠ ᠬᠦᠴᠢᠷᠳᠡᠯᠲᠡᠶ ᠬᠠᠮᠲᠤᠯᠢᠭ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 16.3 ᠲᠦᠮᠡ ᠳᠤ ᠬᠦᠷᠴᠦ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠥᠭᠬᠦ ᠬᠢᠵᠠᠭᠠᠷ ᠢ 3 ᠲᠦᠮᠡᠨ ᠲᠥᠭᠦᠷᠢᠭ ᠠᠴᠠ 1.4 ᠲᠦᠮᠡᠨ ᠲᠥᠭᠦᠷᠢᠭ ᠪᠣᠯᠵᠣ ᠪᠠᠭᠤᠷᠠᠪᠠ᠃ ᠡᠮᠡᠭᠲᠡᠶᠢᠴᠦᠳ᠂ ᠬᠡᠤᠬᠡᠳ ᠪᠠᠭᠠᠴᠣᠣᠳ᠂ ᠵᠡᠮᠳᠡᠭᠴᠦᠳ ᠤᠨ ᠦᠨᠳᠦᠰᠦᠨ ᠡᠷᠬᠡ ᠠᠰᠢᠭ ᠢ ᠪᠦᠲᠦᠮᠵᠢᠲᠡᠶ ᠪᠠᠲᠤᠯᠠᠵᠤ᠂ ᠵᠢᠯ ᠤᠨ ᠳᠣᠲᠣᠷ᠎ᠠ ᠨᠡᠶᠢᠲᠡ 1195 ᠲᠦᠮᠡᠨ ᠲᠥᠭᠦᠷᠢᠭ ᠤᠨ ᠨᠥᠬᠦᠪᠥᠷᠢ ᠮᠥᠩᠭᠦ ᠶᠢ ᠲᠠᠷᠬᠠᠭᠠᠪᠠ᠃ ᠠᠷᠠᠳ ᠣᠯᠠᠨ ᠤ ᠠᠶᠣᠯ ᠦᠭᠡᠢ ᠶᠢᠨ ᠰᠡᠳᠬᠢᠭᠲᠡᠯ ᠤᠯᠠᠮ ᠨᠢᠭᠡ ᠠᠯᠬᠤᠮ ᠳᠡᠭᠡᠭᠰᠢᠯᠡᠪᠡ᠃ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ ᠬᠢᠵᠢᠭ ᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠢ ᠭᠦᠨᠵᠡᠭᠡᠶ ᠠᠬᠢᠭᠤᠯᠵᠤ᠂ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ ᠬᠦᠴᠦᠨ ᠢ ᠬᠠᠤᠯᠢ ᠴᠠᠭᠠᠵᠠ ᠪᠠᠷ ᠰᠢᠳᠬᠡᠪᠡ᠃ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠷᠠᠭᠤᠯᠵᠣ᠂ ᠠᠶᠤᠯ ᠥᠬᠡᠶ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ︽ᠳᠣᠯᠣᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠠᠬᠢᠭᠤᠯᠪᠠ᠃ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠵᠠᠭᠤᠷᠠᠯᠳᠤᠭᠠᠨ ᠢ ᠢᠳᠡᠪᠬᠢᠲᠡᠢ ᠰᠢᠢᠳᠪᠦᠷᠢᠯᠡᠵᠦ᠂ ᠣᠯᠣᠰ ᠤᠨ ᠪᠠᠶᠠᠷ ᠤᠨ ᠳᠠᠯᠠᠨ ᠵᠢᠯ ᠤᠨ ᠤᠢ ᠶᠢᠨ ᠵᠠᠬᠢᠳᠠᠯ ᠰᠤᠷᠪᠤᠯᠵᠢᠯᠠᠭ᠎ᠠ ᠶᠢᠨ ᠠᠮᠤᠷ ᠲᠦᠪᠰᠢᠨ ᠪᠠ ᠳᠣᠭᠲᠠᠭᠤᠨ ᠪᠠᠶᠢᠳᠠᠯ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠤᠨ ᠶᠡᠷᠦᠩᠬᠡᠢ ᠪᠠᠶᠢᠳᠠᠯ ᠡᠶ᠎ᠡ ᠵᠣᠬᠢᠴᠠᠩᠭᠤᠢ ᠲᠣᠭᠲᠠᠭᠤᠨ ᠪᠠᠶᠢᠨ᠎ᠠ᠃ ᠱᠠᠰᠢᠨ ᠰᠤᠷᠲᠠᠬᠤᠨ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ᠂ ᠴᠠᠭ ᠠᠭᠤᠷ᠂ ᠳᠠᠩᠰᠠ ᠡᠪᠬᠡᠮᠡᠯ᠂ ᠲᠡᠤᠬᠡ ᠣᠶᠢᠯᠠᠯᠭ᠎ᠠ᠂ ᠲᠤᠭ᠎ᠠ ᠪᠦᠷᠢᠳᠬᠡᠯ᠂ ᠠᠮᠤ ᠪᠤᠳᠠᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠤᠨ ᠦᠷ᠎ᠡ ᠪᠦᠲᠦᠮᠵᠢ ᠢᠯᠡᠷᠬᠡᠶ ᠪᠠᠶᠢᠨ᠎ᠠ᠃      ______ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ      ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠳᠥᠷᠪᠡᠨ ᠤᠬᠠᠮᠰᠠᠷ︾᠎ ᠢ ᠤᠯᠠᠮ ᠨᠢᠭᠡ ᠠᠯᠬᠤᠮ ᠴᠢᠩᠭᠠᠳᠬᠠᠵᠦ᠂ ︽ᠳᠥᠷᠪᠡᠨ ᠢᠲᠡᠭᠡᠯ︾᠎ ᠢ ᠤᠯᠠᠮ ᠨᠢᠭᠡ ᠠᠯᠬᠤᠮ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠤᠯᠠᠮ ᠨᠢᠭᠡ ᠠᠯᠬᠤᠮ ᠪᠡᠶᠡᠯᠡᠭᠦᠯᠦᠨ᠎ᠡ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾᠎ ᠢ ᠰᠢᠨᠲᠠᠷᠠᠰᠢ ᠥᠬᠡᠶ ᠴᠡᠭᠴᠡᠯᠡᠨ ᠵᠠᠰᠠᠨ᠎ᠠ᠃ ︽ᠵᠠᠰᠠᠭ ᠢ ᠴᠣᠮᠣᠳᠬᠠᠵᠣ ᠡᠷᠬᠡ ᠶᠢ ᠰᠣᠯᠠᠯᠠᠨ᠂ ᠰᠣᠯᠠᠯᠵᠣ ᠬᠠᠮᠢᠶᠠᠷᠣᠬᠤ ᠶᠢ ᠤᠶᠠᠯᠳᠣᠭᠤᠯᠣᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾᠎ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠤᠢ ᠪᠦᠬᠦᠢ ᠲᠦᠷᠦᠯ ᠵᠦᠢᠯ᠂ ᠪᠡᠯᠡ ᠮᠥᠩᠭᠦ ᠶᠢ ᠴᠥᠮ ᠬᠠᠮᠲᠤ ᠪᠠᠷ ᠰᠤᠳᠤᠯᠬᠤ ︽ᠬᠤᠶᠠᠷ 100%︾ ᠪᠠᠶᠢᠬᠤ ᠶᠢ ᠪᠡᠶᠡᠯᠡᠭᠦᠯᠪᠡ᠃ ᠪᠥᠬᠦ ᠬᠦᠴᠦᠨ ᠢᠶᠠᠷ ᠢᠶᠠᠨ ᠪᠢᠴᠢᠭ ᠮᠠᠲ᠋ᠧᠷᠢᠶᠠᠯ ᠢ ᠴᠣᠮᠬᠠᠳᠬᠠᠨ ᠬᠤᠷᠠᠯ ᠢ ᠪᠠᠭᠠᠰᠬᠠᠵᠣ᠂ ᠡᠯ᠎ᠡ ᠲᠥᠷᠥᠯ ᠤᠨ ᠪᠢᠴᠢᠭ ᠮᠠᠲ᠋ᠧᠷᠢᠶᠠᠯ᠂ ᠬᠤᠷᠠᠯ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 38.4%᠂ 39.2%᠎ ᠢᠶᠠᠷ ᠪᠠᠭᠠᠰᠬᠠᠪᠠ᠃ ᠠᠷᠠᠳ ᠤᠨ ᠠᠮᠢᠳᠤᠷᠠᠯ ᠤᠨ ᠨᠥᠬᠦᠪᠥᠷᠢ ᠶᠢ ᠢᠯᠡ ᠨᠡᠶᠢᠲᠡᠯᠡᠬᠦ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠪᠠ ᠶᠠᠳᠠᠭᠤ ᠶᠢ ᠲᠡᠳᠬᠦᠬᠦ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠨᠠᠩ ᠢᠯᠡ ᠲᠣᠳᠣ ᠪᠣᠯᠭᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠠᠵᠢᠯ ᠤᠨ ᠬᠥᠳᠡᠯᠦᠯ ᠪᠠᠶᠢᠳᠠᠯ ᠢ ᠭᠠᠷᠠᠭ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠳᠤ ᠮᠡᠳᠡᠭᠦᠯᠦᠨ᠎ᠡ᠃ ᠪᠦᠬᠦ ᠵᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ᠂ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠭᠰᠠᠨ ᠳᠤᠷᠠᠳᠤᠯᠭ᠎ᠠ ᠶᠢ 115 ᠬᠤᠪᠢ ᠰᠢᠢᠳᠪᠦᠷᠢᠯᠡᠵᠦ᠂ ᠬᠠᠷᠢᠭᠤ ᠥᠭᠭᠦᠭᠰᠡᠨ ᠨᠤᠷᠮ᠎ᠠ ᠨᠢ 100%᠎ ᠳᠤ ᠬᠦᠷᠴᠡᠶ᠃        ᠲᠦᠯᠦᠭᠡᠯᠡᠭᠴᠢᠳ ᠡ︕      2019 ᠣᠨ ᠳᠤ ᠣᠯᠣᠭᠰᠠᠨ ᠠᠮᠵᠢᠯᠲᠠ ᠪᠦᠲᠦᠮᠵᠢ ᠪᠣᠯ ᠬᠢᠯᠪᠠᠷ ᠪᠤᠰᠤ ᠶᠤᠮ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠳᠣᠲᠣᠨᠣᠴᠢᠯᠠᠨ ᠬᠠᠯᠠᠮᠵᠢᠯᠠᠭᠰᠠᠨ ᠤ ᠦᠷ᠎ᠡ ᠳ᠋ᠦᠩ ᠮᠥᠨ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠯᠠᠮᠵᠢᠯᠠᠨ ᠳᠡᠮᠵᠢᠵᠦ᠂ ᠬᠦᠴᠦᠯᠡᠨ ᠬᠠᠪᠰᠤᠷᠤᠭᠰᠠᠨ ᠤ ᠦᠷ᠎ᠡ ᠳ᠋ᠦᠩ ᠮᠥᠨ᠂ ᠨᠡᠩ ᠴᠤ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠭ ᠰᠠᠨᠠᠭ᠎ᠠ ᠪᠠᠨ ᠦᠯᠦ ᠮᠠᠷᠲᠠᠨ᠂ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠢᠩ ᠾᠧ ᠰᠢᠶᠠᠨ ᠤ ᠥᠭᠡᠷᠡᠴᠢᠯᠡᠯᠲᠡ ᠬᠥᠭᠵᠢᠯᠲᠡ ᠳᠤ ᠳᠡᠮᠵᠢᠯᠡᠭᠡ ᠦᠵᠡᠭᠦᠯᠦᠭᠰᠡᠨ ᠪᠠ ᠣᠷᠣᠯᠴᠠᠭᠰᠠᠨ ᠡᠯ᠎ᠡ ᠡᠳᠡᠭᠡᠳ ᠤᠨ ᠨᠠᠶᠢᠵᠠ ᠨᠠᠷ ᠲᠠᠭᠠᠨ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠬᠠᠮᠲᠤ᠂ ᠵᠠᠰᠠᠭ ᠤᠨ ᠣᠷᠳᠣᠨ ᠤ ᠠᠵᠢᠯ ᠳᠤ ᠪᠠᠰᠠ ᠪᠠᠭ᠎ᠠ ᠪᠤᠰᠤ ᠰᠠᠶᠢᠵᠢᠷᠠᠭᠤᠯᠬᠤ ᠴᠢᠬᠤᠯᠠᠲᠠᠢ ᠭᠠᠵᠠᠷ ᠪᠠᠶᠢᠨ᠎ᠠ᠂ ᠠᠵᠤ ᠠᠬᠤᠢ ᠨᠡᠶᠢᠭᠡᠮ ᠵᠡᠷᠭᠡ ᠡᠯ᠎ᠡ ᠵᠦᠢᠯ ᠤᠨ ᠠᠵᠢᠯ ᠦᠢᠯᠡᠰ ᠤᠨ ᠬᠦᠭᠵᠢᠯᠲᠡ ᠳᠤ ᠪᠠᠰᠠ ᠵᠠᠷᠢᠮ ᠬᠦᠴᠢᠷᠳᠡᠯ ᠪᠠ ᠳᠤᠲᠠᠭᠤᠳᠠᠯ ᠣᠷᠣᠰᠢᠵᠤ ᠪᠣᠢ᠃ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠳᠣᠪᠣᠶᠢᠮ᠎ᠠ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠲᠦᠯᠦᠬᠦ ᠪᠠ ᠠᠷᠠᠳ ᠤᠨ ᠠᠮᠢᠳᠤᠷᠠᠯ ᠤᠨ ᠭᠤᠣᠯᠲᠠᠯᠭ᠎ᠠ ᠲᠠᠢ ᠦᠢᠯᠡᠰ ᠵᠡᠷᠭᠡ ᠡᠷᠬᠡᠪᠰᠢ ᠪᠠᠲᠣᠯᠠᠬᠤ ᠵᠠᠷᠤᠯᠭ᠎ᠠ ᠶᠢᠨ ᠳᠠᠷᠤᠯᠲᠠ ᠶᠡᠭᠡ ᠪᠠᠶᠢᠨ᠎ᠠ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠪᠠᠰᠠ ᠲᠡᠭᠦᠯᠳᠡᠷᠵᠢᠭᠡᠳᠦᠶ᠂ ᠠᠷᠠᠳ ᠤᠨ ᠠᠮᠢᠳᠤᠷᠠᠯ ᠤᠨ ᠥᠷᠢ ᠥᠭᠴᠡᠭᠡ ᠪᠠᠰᠠ ᠨᠡᠯᠢᠶᠡᠳ ᠤᠯᠠᠨ ᠪᠠᠶᠢᠨ᠎ᠠ᠂ ᠵᠠᠰᠠᠭ ᠤᠨ ᠣᠷᠳᠣᠨ ᠤ ᠠᠵᠢᠯᠲᠠᠳ ᠬᠠᠤᠯᠢ ᠪᠠᠷ ᠵᠠᠰᠠᠬᠤ ᠰᠡᠳᠬᠢᠬᠦᠶ ᠪᠠ ᠦᠢᠯᠡᠴᠢᠯᠡᠭᠡᠨ ᠤ ᠤᠬᠠᠮᠰᠠᠷ ᠵᠡᠷᠭᠡ ᠲᠠᠯ᠎ᠠ ᠪᠠᠷ ᠪᠠᠰᠠ ᠴᠥᠭᠡᠨ ᠪᠤᠰᠤ ᠪᠠᠭᠤᠷᠠᠶ ᠲᠠᠯ᠎ᠠ ᠣᠷᠣᠰᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠠᠰᠠ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ᠃ ᠡᠭᠦᠨ ᠳᠤ ᠪᠢᠳᠡ ᠯᠠᠪᠲᠠᠶ ᠠᠰᠠᠭᠤᠳᠠᠯ ᠳᠤ ᠵᠥᠪ ᠢᠶᠠᠷ ᠬᠠᠨᠳᠤᠵᠤ᠂ ᠥᠷᠢᠰᠥᠯᠳᠦᠭᠡᠨ ᠳᠤ ᠰᠢᠭᠤᠳ ᠬᠠᠨᠳᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠶ ᠰᠢᠢᠳᠪᠦᠷᠢᠯᠡᠬᠦ ᠪᠣᠯᠤᠨ᠎ᠠ᠃     ᠬᠤᠶᠠᠷ᠄ 2020 ᠤᠨ ᠤ ᠠᠵᠢᠯ ᠤᠨ ᠲᠤᠬᠢᠷᠠᠭᠤᠯᠤᠯᠲᠠ      2020᠎ ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠲᠡᠭᠦᠰᠬᠦ ᠵᠢᠯ ᠪᠣᠯᠬᠤ ᠪᠥᠭᠡᠳ ᠪᠢᠳᠡ ᠡᠳᠦᠭᠡ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠣ‌‍ᠷᠢᠭᠯᠠᠨ ᠴᠣᠬᠢᠬᠤ ᠪᠠᠶᠢᠯᠳᠤᠭᠠᠨ ᠢ ᠥᠩᠭᠡᠷᠡᠭᠡᠵᠦ ᠪᠠᠶᠢᠨ᠎ᠠ᠃ ᠡᠨᠡ ᠵᠢᠯ᠂ ᠵᠠᠰᠠᠭ ᠤᠨ ᠣᠷᠳᠣᠨ ᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠳᠦᠷᠪᠡᠨ ᠤᠬᠠᠮᠰᠠᠷ︾᠎ ᠶᠢ ᠴᠢᠩᠭᠠᠳᠬᠠᠵᠤ᠂ ︽ᠳᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ︽ᠭᠤᠷᠪᠠᠨ ᠣ‌‍ᠷᠣᠨ ᠢ ᠬᠠᠮᠲᠤ ᠪᠠᠷ ᠪᠠᠶᠢᠭᠤᠯᠬᠤ︾ ᠠᠯᠬᠤᠴᠠ ᠪᠠᠨ ᠲᠦᠷᠭᠡᠳᠬᠡᠵᠦ᠂ ︽ᠳᠦᠷᠪᠡᠨ ᠶᠡᠭᠡ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠤ ᠢᠯᠠᠯᠲᠠ ᠶᠢ ᠡᠷᠡᠰ ᠲᠡᠮᠡᠴᠡᠨ ᠣᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠬᠤ ᠪᠠᠷ ᠴᠢᠷᠮᠠᠶᠢᠬᠤ ᠬᠡᠷᠡᠭᠲᠡᠢ᠃      ᠡᠨᠡ ᠵᠢᠯ ᠳᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠲᠦᠰᠦᠪᠯᠡᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6.2% ᠣᠷᠴᠢᠮ ᠨᠡᠮᠡᠭᠳᠡᠭᠦᠯᠦᠨ᠎ᠡ ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 16 % ᠣᠷᠴᠢᠮ ᠨᠡᠮᠡᠭᠳᠡᠭᠦᠯᠦᠨ᠎ᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 16 % ᠣᠷᠴᠢᠮ ᠨᠡᠮᠡᠭᠳᠡᠭᠦᠯᠦᠨ᠎ᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ 4 % ᠣᠷᠴᠢᠮ ᠨᠡᠮᠡᠭᠳᠡᠭᠦᠯᠦᠨ᠎ᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰᠪᠣᠷᠢ 6.2 % ᠪᠠ 8.3 % ᠣᠷᠴᠢᠮ ᠨᠡᠮᠡᠭᠳᠡᠭᠦᠯᠦᠨ᠎ᠡ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢᠨ 3.9 %᠎ ᠶᠢᠨ ᠳᠣᠲᠣᠷ᠎ᠠ ᠬᠢᠵᠠᠭᠠᠷᠯᠠᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠪᠠ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠵᠢᠴᠢ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠢᠯᠠᠯᠳᠤᠭᠠᠨ ᠤ ᠱᠠᠲᠤ ᠦᠶ᠎ᠡ ᠶᠢᠨ ᠴᠢᠨᠠᠷᠲᠠᠶ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠵᠢᠭᠠᠯᠲᠠ ᠲᠤᠭ᠎ᠠ ᠶᠢ ᠦᠨᠳᠦᠰᠦᠨ ᠳᠡᠭᠡᠨ ᠪᠠᠷᠢᠮᠵᠢᠶ᠎ᠠ ᠳᠤ ᠬᠦᠷᠭᠡᠨ᠎ᠡ᠃      ᠡᠨᠡ ᠵᠢᠯ ᠤᠨ ᠲᠦᠰᠦᠪᠯᠡᠭᠰᠡᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠰᠢᠨ᠎ᠡ ᠪᠠᠶᠢᠷᠢ ᠲᠣᠭᠲᠠᠭᠠᠯᠲᠠ ᠪᠠᠨ ᠣᠨᠣᠪᠴᠢ ᠲᠠᠢ ᠡᠷᠢᠬᠦ ᠬᠡᠷᠡᠭᠲᠡᠢ᠃ ᠤᠯᠤᠰ ᠠᠴᠠ ︽ᠨᠢᠭᠡ ᠪᠦᠰᠡ ᠨᠢᠭᠡ ᠵᠠᠮ︾᠂ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾᠂ ᠪᠡᠭᠡᠵᠢᠩ ᠲᠢᠶᠠᠨᠵᠢᠨ ᠾᠧᠪᠧᠶ ᠶᠢ ᠬᠠᠮᠵᠢᠯᠴᠠᠨ ᠬᠥᠭᠵᠢᠭᠦᠯᠬᠦ ᠵᠡᠷᠭᠡ ᠨᠡᠭᠡᠭᠡᠯᠲᠡ ᠬᠢᠵᠦ ᠬᠠᠮᠵᠢᠯᠴᠠᠬᠤ ᠪᠠᠶᠢᠯᠳᠤᠬᠤ ᠪᠣᠳᠣᠯᠭ᠎ᠠ ᠶᠢᠨ ᠭᠦᠨᠵᠡᠭᠡᠶ ᠬᠡᠷᠡᠭᠵᠢᠭᠦᠯᠬᠦ ᠶᠢ ᠳᠠᠭᠠᠯᠳᠤᠨ᠂ ᠮᠠᠨ ᠤ ᠰᠢᠶᠠᠨ ᠤ ᠪᠡᠭᠡᠵᠢᠩ ᠲᠢᠶᠠᠨᠵᠢᠨ ᠾᠧᠪᠧᠶ᠂ ᠬᠥᠬᠡᠬᠤᠲᠠ ᠪᠤᠭᠤᠲᠤ ᠣᠷᠳᠣᠰ ᠬᠤᠶᠠᠷ ᠶᠡᠭᠡ ᠠᠵᠤ ᠠᠬᠤᠢ ᠶᠢᠨ ᠬᠦᠷᠢᠶᠡᠨ ᠤ ᠳᠠᠪᠬᠤᠴᠠᠭᠰᠠᠨ ᠣᠷᠣᠨ ᠪᠠᠶᠢᠷᠢ ᠶᠢᠨ ᠳᠠᠪᠠᠭᠤᠯᠢᠭ ᠨᠢ ᠨᠠᠩ ᠳᠣᠪᠣᠶᠢᠮ᠎ᠠ ᠪᠣᠯᠵᠤ᠂ ᠪᠢᠳᠡ ᠡᠷᠬᠡᠪᠰᠢ ᠦᠷᠭᠦᠯᠵᠢᠯᠡᠨ ︽ᠨᠡᠶᠢᠰᠯᠡᠯ ᠢᠶᠠᠷ ᠭᠤᠣᠯᠳᠠᠭᠤᠯᠵᠤ᠂ ᠨᠡᠶᠢᠰᠯᠡᠯ ᠳᠤ ᠲᠦᠰᠢᠭᠯᠡᠨ᠂ ᠨᠡᠶᠢᠰᠯᠡᠯ ᠢ ᠪᠠᠲᠣᠯᠠᠵᠣ᠂ ᠨᠡᠶᠢᠰᠯᠡᠯ ᠳᠤ ᠦᠢᠯᠡᠴᠢᠯᠡᠵᠦ᠂ ᠨᠡᠶᠢᠰᠯᠡᠯ ᠠᠴᠠ ᠠᠰᠢᠭ ᠬᠦᠷᠲᠡᠬᠦ︾ ᠭᠡᠬᠦ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠠᠳᠬᠤᠵᠤ᠂ ᠬᠥᠭᠵᠢᠯᠲᠡ ᠶᠢᠨ ᠠᠰᠢᠭᠲᠠᠢ ᠪᠠᠶᠢᠷᠢ ᠶᠢ ᠢᠳᠡᠪᠬᠢᠲᠡᠢ ᠡᠵᠡᠯᠡᠬᠦ ᠬᠡᠷᠡᠭᠲᠡᠢ᠃ ᠪᠢᠳᠡ ᠰᠢᠨ᠎ᠡ ᠠᠵᠠ ᠲᠣᠬᠢᠶᠠᠯ ᠢ ᠡᠵᠡᠮᠳᠡᠬᠦ ᠬᠡᠷᠡᠭᠲᠡᠶ᠃ ᠲᠥᠪ ᠠᠴᠠ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠢ ᠳᠡᠮᠵᠢᠬᠦ ᠬᠠᠮ ᠲᠥᠷᠥ ᠶᠢᠨ ᠪᠣᠳᠣᠯᠭ᠎ᠠ ᠨᠢ ᠬᠠᠷᠢᠯᠴᠠᠨ ᠳᠠᠪᠬᠤᠴᠠᠵᠤ᠂ ᠪᠢᠳᠡᠨ ᠳᠤ ᠤᠷᠢᠳ ᠪᠠᠶᠢᠭ᠎ᠠ ᠦᠭᠡᠢ ᠲᠦᠷᠦ ᠶᠢᠨ ᠪᠤᠳᠤᠯᠭ᠎ᠠ ᠶᠢᠨ ᠣᠷᠴᠢᠨ ᠨᠥᠬᠦᠴᠡᠯ ᠢ ᠬᠠᠩᠭᠠᠪᠠ᠃ ᠪᠡᠭᠡᠵᠢᠩ ᠠᠴᠠ ᠬᠥᠬᠡᠬᠤᠲᠠ ᠬᠥᠷᠬᠦ ᠦᠨᠳᠦᠷ ᠬᠤᠷᠳᠤᠴᠠᠲᠤ ᠲᠡᠮᠦᠷ ᠵᠠᠮ ᠨᠢ ᠲᠡᠷᠭᠡ ᠨᠡᠪᠲᠡᠷᠡᠬᠦ ᠶᠢ ᠳᠠᠭᠠᠯᠳᠤᠨ᠂ ᠡᠳᠦᠷ ᠢᠷᠡᠬᠦᠶ᠎ᠡ ᠲᠣᠪᠤᠶᠢᠮ᠎ᠠ ᠪᠣᠯᠵᠣ ᠪᠠᠶᠢᠭ᠎ᠠ ᠵᠠᠮ ᠬᠠᠷᠢᠯᠴᠠᠭᠠᠨ ᠤ ᠳᠠᠪᠠᠭᠤᠯᠢᠭ ᠨᠢ ᠮᠠᠨ ᠤ ᠰᠢᠶᠠᠨ ︽ᠤᠯᠠᠭᠠᠨᠴᠠᠪ ᠳ᠋ᠠᠲ᠋ᠥᠩ ᠵᠠᠩ ᠵᠢᠶᠠ ᠵᠢᠶᠧ︾᠎ ᠳᠤ ᠲᠦᠰᠢᠭᠯᠡᠨ᠂ ᠪᠡᠭᠡᠵᠢᠩ ᠲᠢᠶᠠᠨᠵᠢᠨ ᠾᠧᠪᠧᠶ ᠳᠤ ᠠᠭᠤᠰᠤᠯᠴᠠᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠳᠤ ᠠᠰᠢᠭᠲᠠᠶ ᠨᠥᠬᠦᠴᠡᠯ ᠢ ᠪᠣᠶ ᠪᠣᠯᠭᠠᠵᠤ ᠥᠭᠴᠡᠶ᠃ ᠪᠢᠳᠡ ᠵᠠᠪᠠᠯ ᠠᠵᠠ ᠲᠣᠬᠢᠶᠠᠯ ᠢ ᠡᠵᠡᠮᠳᠡᠵᠦ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠰᠢᠨ᠎ᠡ ᠬᠥᠭᠵᠢᠯᠲᠡ ᠶᠢ ᠠᠬᠢᠭᠤᠯᠤᠨ᠎ᠠ ᠪᠢᠳᠡ ᠰᠢᠨ᠎ᠡ ᠵᠠᠮ ᠢ ᠬᠠᠶᠢᠨ ᠰᠦᠪᠡᠭᠴᠢᠯᠡᠬᠦ ᠬᠡᠷᠡᠭᠲᠡᠶ᠃ ᠰᠢᠨ᠎ᠡ ᠬᠡᠯᠪᠡᠷᠢ ᠶᠢᠨ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠰᠢᠯᠭᠠᠯᠲᠠ ᠪᠣᠯᠤᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠠᠵᠤ ᠠᠬᠤᠶ ᠶᠢᠨ ᠣᠷᠴᠢᠨ ᠲᠣᠭᠤᠷᠢᠨ ᠵᠢᠴᠢ ᠡᠳᠦᠷ ᠢᠷᠡᠬᠦᠶ᠎ᠡ ᠬᠦᠨᠳᠦ ᠨᠦᠰᠡᠷ ᠦᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠪᠢᠳᠡ ᠵᠠᠪᠠᠯ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠥᠭᠡᠷᠡᠴᠢᠯᠡᠯᠲᠡ ᠪᠠᠷ ᠪᠣᠭᠤᠮᠲᠠ ᠶᠢ ᠰᠢᠪᠲᠤᠯᠵᠤ᠂ ᠰᠢᠨ᠎ᠡ ᠶᠢ ᠡᠭᠦᠳᠬᠦ ᠪᠠᠷ ᠲᠣᠬᠢᠶᠠᠯ ᠢ ᠠᠮᠵᠢᠵᠤ᠂ ᠪᠣᠳᠠᠲᠠᠢ ᠠᠵᠢᠯᠯᠠᠬᠤ ᠪᠠᠷ ᠳᠠᠮᠵᠢᠨ᠂ ᠰᠢᠩ ᠾᠧ ᠰᠢᠶᠠᠨ ᠢᠶᠠᠨ ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃     ᠡᠨᠡ ᠵᠢᠯ ᠪᠢᠳᠡ ᠳᠣᠤᠷᠠᠬᠢ ᠭᠤᠷᠪᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠄    ︵ᠨᠢᠭᠡ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠭᠤᠷᠪᠠᠨ ᠶᠡᠭᠡ ᠪᠣᠭᠤᠮᠲᠠ‌‍ᠰᠢᠪᠲᠤᠯᠬᠤ ᠳᠠᠶᠢᠯᠠᠯᠳᠤᠭᠠᠨ︾᠎ ᠢ ᠰᠠᠶᠢᠲᠤᠷ ᠬᠢᠬᠦ ᠬᠡᠷᠡᠭᠲᠡᠶ     ᠡᠩ ᠲᠡᠷᠢᠭᠦᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠢ᠃ ︽ᠳᠥᠷᠪᠡ ᠶᠢ ᠠᠷᠢᠯᠭᠠᠬᠤ ᠦᠭᠡᠢ︾ ᠶᠡᠷᠦᠩᠬᠡᠶ ᠱᠠᠭᠠᠷᠳᠠᠯᠭ᠎ᠠ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠲᠣᠪᠦ᠋ᠮ᠎ᠠ ᠠᠰᠠᠭᠤᠳᠠᠯ ᠢ ᠲᠦᠢᠯᠪᠤᠷᠢᠲᠠᠢ ᠰᠢᠢᠳᠪᠤᠷᠢᠯᠡᠵᠤ᠂ ᠶᠠᠳᠠᠭᠤ ᠡᠴᠠ‌ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠠᠳᠤᠶ 143 ᠡᠷᠦᠬᠡ ᠶᠢᠨ 327 ᠬᠥᠮᠦᠨ ᠢ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠲᠤᠯᠠᠵᠤ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠠᠬᠢᠨ ᠶᠠᠳᠠᠭᠤᠷᠠᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠵᠠᠬ᠎ᠠ ᠬᠢᠵᠠᠭᠠᠷ ᠣᠷᠣᠨ ᠤ ᠡᠷᠦᠬᠡ ᠶᠠᠳᠠᠭᠤᠷᠠᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠶᠠᠳᠠᠭᠤ ᠬᠦᠴᠢᠷᠳᠡᠯᠲᠠᠢ ᠬᠥᠮᠦᠨ ᠠᠮᠠ ᠶᠢᠨ ᠰᠢᠨ᠎ᠡ ᠪᠠᠷ ᠨᠡᠮᠡᠭᠳᠡᠬᠦ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠶᠠᠳᠠᠭᠤ ᠬᠦᠴᠢᠷᠳᠡᠯᠲᠡᠢ ᠰᠢᠶᠠᠨ ᠤ ᠶᠠᠳᠠᠭᠤ ᠠᠴᠠ ᠠᠩᠭᠢᠵᠢᠷᠠᠬᠤ ᠶᠢ ᠦᠨᠡᠨᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠡᠷᠭᠢᠨ ᠬᠠᠷᠠᠬᠤ︾᠎ ᠶᠢ ᠥᠷᠨᠢᠭᠦᠯᠵᠦ᠂ ᠫᠠᠶᠢᠰᠠ ᠡᠯᠭᠦᠨ ᠪᠠᠶᠢᠯᠳᠤᠬᠤ ᠠᠵᠢᠯ ᠢ ᠰᠠᠶᠢᠲᠤᠷ ᠬᠢᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠤᠳᠠᠭ᠎ᠠ ᠪᠦᠷᠢ ᠶᠢᠨ ᠲᠣᠭᠤᠷᠢᠨ ᠪᠠᠶᠢᠴᠠᠭᠠᠬᠤ᠂ ᠦᠷ᠎ᠡ ᠪᠦᠲᠤᠮᠵᠢ ᠶᠢ ᠬᠢᠨᠠᠨ ᠰᠢᠯᠭᠠᠬᠤ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠬᠠᠷᠢᠭᠤ ᠲᠤᠰᠬᠠᠭᠰᠠᠨ ᠰᠠᠨᠠᠯ ᠪᠠ ᠰᠢᠶᠠᠨ ᠤ ᠥᠪᠡᠰᠦᠪᠡᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠪᠤᠳᠠᠲᠠᠶᠢᠵᠢᠭᠤᠯᠪᠠ᠃ ᠬᠥᠮᠥᠷᠭᠡ ᠴᠡᠪᠡᠷᠯᠡᠬᠦ ᠳᠤ ᠢᠷᠣᠭᠠᠷ ᠨᠢ ᠲᠣᠳᠣᠷᠠᠨ᠎ᠠ᠃ ᠡᠨᠡ ᠵᠢᠯ ᠵᠢᠱᠢᠯᠲᠡ ᠪᠠᠷ ᠪᠠᠰᠠ ᠡᠯ᠎ᠡ ᠱᠠᠲᠤᠨ ᠤ ᠡᠯ᠎ᠡ ᠲᠥᠷᠥᠯ ᠤᠨ ᠠᠵᠤ ᠤᠶᠢᠯᠡᠰ ᠢ ᠬᠥᠭᠵᠢᠭᠦᠯᠬᠦ ᠪᠡᠯᠡ ᠮᠥᠩᠭᠦ 2 ᠳ᠋ᠦᠩᠰᠢᠭᠤᠷ ᠲᠥᠭᠦᠷᠢᠭ ᠣᠷᠣᠭᠤᠯᠬᠤ ᠪᠣᠯᠤᠨ᠎ᠠ᠃ ᠪᠡᠯᠡ ᠮᠥᠩᠭᠦ ᠶᠢ ᠬᠡᠷᠬᠢᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠪᠤᠢ ᠭᠡᠳᠡᠭ ᠪᠣᠯ ᠮᠠᠨ ᠤ ᠣᠳᠣᠬᠠᠨ ᠤ ᠪᠠ ᠬᠤᠶᠢᠰᠢᠳᠠ ᠶᠢᠨ ᠨᠢᠭᠡᠨ ᠴᠢᠬᠤᠯᠠ ᠶᠡᠭᠡ ᠰᠡᠳᠦᠪ ᠮᠥᠨ᠃ ᠪᠢᠳᠡ ︽ᠬᠥᠲᠥᠴᠢ ᠠᠵᠤ ᠠᠬᠤᠶᠢᠯᠠᠯ + ᠬᠤᠷᠰᠢᠶ᠎ᠠ + ᠴᠢᠳᠠᠪᠤᠷᠢᠲᠠᠨ ᠶᠡᠭᠡ ᠡᠷᠦᠬᠡ + ᠶᠠᠳᠠᠭᠤ ᠬᠦᠴᠢᠷᠳᠡᠯᠲᠡᠶ ᠡᠷᠦᠬᠡ︾᠎ ᠶᠢ ᠰᠢᠯᠢᠳᠡᠭᠵᠢᠭᠦᠯᠬᠦ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠵᠠᠭᠪᠤᠷ ᠢ ᠦᠷᠭᠦᠯᠵᠢᠯᠡᠨ ᠲᠡᠭᠦᠯᠳᠡᠷᠵᠢᠭᠤᠯᠵᠤ᠂ ᠲᠣᠭᠲᠠᠭᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠡᠨ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠲᠣᠰᠬᠤᠨ ᠤ ᠱᠠᠲᠤᠨ ᠤ ᠴᠠᠬᠢᠯᠭᠠᠨ ᠥᠷᠲᠡᠭᠡᠨ ᠤ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠵᠤ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠣᠨᠳᠣᠣ ᠭᠠᠵᠠᠷ ᠲᠤ ᠨᠡᠭᠦᠯᠭᠡᠬᠦ ᠵᠠᠯᠭᠠᠮᠵᠢ ᠠᠵᠤ ᠦᠢᠯᠡᠰ ᠢ ᠶᠡᠬᠡᠪᠡᠷ ᠪᠤᠶᠢᠵᠢᠭᠤᠯᠵᠤ᠂ ᠲᠣᠭᠲᠠᠭᠤᠨ ᠪᠠᠶᠢᠯᠭᠠᠬᠤ᠂ ᠠᠵᠢᠯ ᠣᠯᠭᠤᠬᠤ᠂ ᠠᠯᠬᠤᠮ ᠠᠯᠬᠤᠮ ᠢᠶᠠᠷ ᠪᠠᠶᠠᠵᠢᠬᠤ ᠶᠢ ᠦᠨᠡᠨᠬᠦ ᠪᠠᠲᠤᠯᠠᠵᠤ᠂ ︽ᠬᠤᠶᠠᠷ ᠲᠡᠰᠢ ᠭᠦᠶᠦᠬᠦ︾᠎ ᠶᠢᠨ ᠠᠰᠠᠭᠤᠳᠠᠯ ᠢ ᠲᠦᠢᠯᠪᠤᠷᠢᠲᠠᠶ ᠰᠢᠢᠳᠪᠤᠷᠢᠯᠡᠨ᠎ᠡ᠃ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠪᠦᠲᠦᠮᠵᠢᠲᠡᠶ ᠠᠮᠢᠳᠤᠯᠢᠭ ᠪᠣᠯᠭᠠᠵᠤ᠂ ᠲᠣᠰᠬᠤᠨ ᠤ ᠬᠠᠮᠲᠤ ᠶᠢᠨ ᠲᠦᠷᠦᠯ ᠵᠤᠶᠢᠯ ᠢ ᠶᠡᠬᠡᠪᠡᠷ ᠬᠥᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ᠎ᠠ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠶᠢᠨ ᠠᠷᠭ᠎ᠠ ᠶᠢ ᠲᠣᠭᠲᠠᠭᠠᠵᠤ᠂ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠭᠠᠭᠤᠯᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠴᠥᠭᠡᠳᠬᠡᠬᠦ ᠦᠷ᠎ᠡ ᠠᠰᠢᠭ ᠢᠯᠡᠷᠬᠡᠶ ᠪᠠᠶᠢᠨ᠎ᠠ᠃ ︽ᠢᠨᠲ᠋ᠧᠷ ᠰᠦᠯᠵᠢᠶ᠎ᠡ +︾ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠢᠳᠡᠪᠬᠢᠲᠡᠢ ᠪᠠᠶᠢᠭᠤᠯᠵᠤ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠶᠢ ᠦᠨᠡᠨᠬᠦ ᠠᠬᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠣᠶᠤᠨ ᠤᠬᠠᠭᠠᠨ ᠵᠣᠷᠢᠭ ᠬᠤᠣᠰᠯᠠᠨ ᠲᠡᠳᠬᠦᠬᠦ ᠶᠢ ᠪᠠᠷᠢᠮᠲᠠᠯᠠᠵᠤ᠂ ︽ᠬᠤᠭᠤᠯᠠᠨ ᠭᠡᠷ ᠤᠨ ᠬᠡᠯᠪᠡᠷᠢ︾᠎ ᠪᠠᠷ ᠶᠠᠳᠠᠭᠤ ᠶᠢ ᠲᠡᠳᠬᠦᠬᠦ ᠪᠠ ᠵᠣᠷᠢᠭᠵᠢᠭᠤᠯᠬᠤ ᠬᠡᠲᠦ ᠳᠡᠯᠭᠡᠭᠦᠷ ᠢ ᠰᠠᠶᠢᠳᠤᠷ ᠠᠰᠢᠭᠯᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠰᠢᠯᠵᠢᠭᠦᠯᠦᠨ ᠠᠵᠢᠯ ᠣᠯᠭᠤᠬᠤ ᠶᠢ ᠣᠯᠠᠨ ᠠᠷᠭ᠎ᠠ ᠵᠠᠮ ᠢᠶᠠᠷ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠥᠪᠡᠷ ᠢ ᠪᠠᠨ ᠬᠥᠭᠵᠢᠭᠦᠯᠬᠦ ᠦᠵᠡᠯ ᠤᠬᠠᠮᠰᠠᠷ ᠪᠠ ᠳᠣᠲᠣᠭᠠᠳᠤ ᠬᠥᠳᠡᠯᠭᠡᠬᠦ ᠬᠦᠴᠦᠨ ᠢ ᠬᠦᠴᠦᠯᠡᠨ ᠴᠢᠩᠭᠠᠷᠠᠭᠤᠯᠤᠨ᠎ᠠ᠃ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ᠂ ᠣᠷᠣᠨ ᠰᠠᠭᠤᠴᠠ᠂ ᠨᠡᠶᠢᠭᠡᠮ ᠤᠨ ᠪᠠᠲᠤᠯᠠᠭ᠎ᠠ᠂ ᠠᠮᠢ ᠠᠬᠤᠶ ᠪᠠᠷ ᠶᠠᠳᠠᠭᠤ ᠶᠢ ᠲᠡᠳᠬᠦᠬᠦ ᠵᠡᠷᠭᠡ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠢᠳᠠᠪᠤᠷᠢᠵᠢᠭᠤᠯᠬᠤ᠂ ︽ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠬᠦ︾ ᠠᠵᠢᠯ ᠢ ᠥᠷᠨᠢᠭᠦᠯᠵᠦ᠂ ᠨᠡᠶᠢᠭᠡᠮ ᠤᠨ ᠦᠨᠳᠦᠰᠦᠨ ᠵᠤᠶᠢᠯ ᠢ ᠪᠠᠲᠤᠯᠠᠬᠤ ᠲᠣᠣᠷ ᠢ ᠪᠠᠬᠢᠵᠢᠭᠦᠯᠦᠨ᠎ᠡ᠃ ᠵᠠᠬ᠎ᠠ ᠬᠢᠵᠠᠭᠠᠷ ᠡᠷᠦᠬᠡ᠂ ᠶᠠᠳᠠᠭᠤ ᠠᠴᠠ ᠠᠩᠭᠢᠵᠢᠷᠠᠭᠤᠯᠬᠤ ᠶᠢ ᠬᠢᠨᠠᠨ ᠬᠡᠮᠵᠢᠬᠦ ᠡᠷᠦᠬᠡ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠨ᠎ᠡ᠃  ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠶᠠᠨᠴᠢᠩ ᠲᠣᠭᠤᠷᠢᠭ ᠲᠠᠢ ᠵᠣᠯᠭᠠᠯᠴᠠᠨ ᠰᠣᠯᠢᠯᠴᠠᠬᠤ ᠶᠢ ᠴᠢᠩᠭᠠᠳᠬᠠᠵᠤ᠂ ᠪᠦᠬᠦ ᠤᠯᠤᠰ ᠠᠴᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭ ᠡᠷᠬᠢᠯᠡᠭᠴᠢᠳ ᠤᠨ ᠬᠤᠷᠠᠯ᠂ ᠤᠷᠤᠨ ᠬᠤᠲᠠ ᠬᠤᠶᠠᠷ ᠱᠠᠲᠤᠨ ᠤ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ ᠤᠨ ᠬᠠᠪᠰᠤᠷᠤᠨ ᠲᠡᠳᠬᠦᠵᠦ ᠬᠠᠷᠢᠯᠴᠠᠬᠤ ᠠᠵᠠ ᠲᠣᠬᠢᠶᠠᠯ ᠢ ᠭᠦᠢᠴᠡᠳ ᠠᠰᠢᠭᠯᠠ᠂ ᠨᠠᠩ ᠣᠯᠠᠨ ᠲᠥᠷᠥᠯ ᠵᠤᠶᠢᠯ ᠪᠣᠯᠤᠨ ᠪᠡᠯᠡ ᠮᠥᠩᠭᠦ ᠶᠢᠨ ᠳᠡᠮᠵᠢᠯᠭᠡ ᠣᠯᠬᠤ ᠪᠠᠷ ᠴᠢᠷᠮᠠᠶᠢᠬᠤ ᠬᠡᠷᠡᠭᠲᠡᠶ᠃        ᠳᠠᠷᠠᠭᠠᠯᠠᠪᠠᠯ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠤᠷᠢᠳᠠᠴᠢ ︽ᠬᠠᠭᠠᠯᠲᠠ︾ ᠪᠣᠯᠭᠠᠵᠤ᠂ ᠬᠠᠷᠠᠯᠲᠠ ᠡᠭᠦᠷᠭᠡ ᠬᠤᠪᠢᠷᠠᠬᠤ ᠦᠭᠡᠢ᠂ ᠴᠠᠭ ᠤᠨ ᠬᠢᠵᠠᠭᠠᠷ ᠱᠠᠭᠠᠷᠳᠠᠯᠭ᠎ᠠ ᠬᠤᠪᠢᠷᠠᠬᠤ ᠦᠭᠡᠢ ᠪᠠᠶᠢᠬᠤ ᠶᠢ ᠪᠠᠷᠢᠮᠳᠠᠯᠠᠵᠤ᠂ ᠴᠠᠭ ᠮᠥᠴᠡ ᠶᠢ ᠵᠠᠪᠳᠤᠵᠤ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ︽ᠳᠠᠩᠰᠠ ᠲᠤᠰᠢᠶᠠᠬᠤ︾ ︽ᠪᠦᠬᠦᠨ ᠢ ᠢᠯᠭᠠᠷᠠᠭᠤᠯᠬᠤ︾᠎ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠡᠯ᠎ᠡ ᠲᠥᠷᠥᠯ ᠤᠨ ᠪᠠᠶᠢᠴᠠᠭᠠᠯᠲᠠ ᠬᠢᠬᠦ ᠳᠤ ᠵᠢᠭᠠᠵᠤ ᠭᠠᠷᠭᠠᠭᠰᠠᠨ ᠠᠰᠠᠭᠤᠳᠠᠯ ᠢ ᠦᠷᠭᠦᠯᠵᠢᠯᠡᠨ ᠰᠢᠢᠳᠪᠤᠷᠢᠯᠡᠵᠤ᠂ ᠢᠨᠵᠧᠨᠧᠷᠢᠩ ᠤᠨ ᠪᠤᠰᠤ ᠲᠥᠷᠥᠯ ᠤᠨ ᠠᠰᠠᠭᠤᠳᠠᠯ ᠢ 5 ᠰᠠᠷ᠎ᠠ ᠳᠤ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠶᠢ ᠦᠨᠡᠨᠬᠦ ᠪᠠᠲᠤᠯᠠᠵᠤ᠂ ᠢᠨᠵᠧᠨᠧᠷᠢᠩ ᠤᠨ ᠲᠥᠷᠥᠯ ᠤᠨ ᠠᠰᠠᠭᠤᠳᠠᠯ ᠢ 8 ᠰᠠᠷ᠎ᠠ ᠳᠤ ᠴᠡᠭᠴᠡᠯᠡᠨ ᠰᠠᠶᠢᠵᠢᠷᠠᠭᠤᠯᠵᠤ ᠳᠠᠭᠤᠰᠬᠠᠨ᠎ᠠ᠃ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠶᠢᠭᠤᠯᠤᠭᠰᠠᠨ ᠲᠣᠭᠤᠷᠢᠭ ᠤᠨ 10 ᠠᠭᠤᠷ ᠤᠨ ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ ᠵᠠᠯᠭᠠᠭ᠎ᠠ ᠪᠠᠷ ᠰᠢᠭᠰᠢᠭᠳᠡᠭᠦᠯᠪᠡ᠃ ᠪᠢᠳᠡ ᠡᠨᠡ ᠵᠢᠯ ᠪᠣᠬᠢᠷ ᠤᠰᠤ ᠶᠢ ᠰᠢᠢᠳᠪᠤᠷᠢᠯᠡᠬᠦ ᠤᠶᠢᠯᠡᠳᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠭᠡᠷᠡᠴᠢᠯᠡᠬᠦ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠲᠥᠷᠥᠯ ᠵᠤᠶᠢᠯ ᠢ ᠰᠠᠶᠢᠲᠤᠷ ᠬᠡᠷᠡᠭᠵᠢᠭᠦᠯᠵᠡᠶ᠃ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠪᠠ ᠴᠧᠩ ᠭᠤᠸᠠᠨ ᠪᠠᠯᠭᠠᠰᠤᠨ ᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ 9 ᠰᠠᠷ᠎ᠠ ᠶᠢᠨ ᠰᠡᠭᠦᠯᠴᠢ ᠠᠴᠠ ᠡᠮᠦᠨ᠎ᠡ ᠠᠰᠢᠭᠯᠠᠯᠲᠠ ᠳᠤ ᠣᠷᠣᠬᠤ ᠶᠢ ᠪᠠᠲᠤᠯᠠᠨ᠎ᠠ᠃ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠳᠤᠷ᠎ᠠ ᠪᠠᠷ ᠢᠶᠠᠨ ᠪᠠᠶᠢᠬᠤ︾ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠤᠰᠤ ᠬᠡᠷᠡᠭᠯᠡᠬᠦ ᠠᠵᠤ ᠠᠬᠤᠶᠢᠯᠠᠯ ᠤᠨ ᠤᠰᠤ ᠠᠪᠬᠤ ᠵᠥᠪᠰᠢᠶᠡᠷᠡᠯ ᠤᠨ ᠵᠢᠷᠤᠮᠵᠢᠯ ᠢ ᠴᠢᠩᠭᠠᠳᠬᠠᠵᠤ᠂ ᠬᠠᠶᠢᠷ᠂ ᠴᠢᠯᠠᠭᠤ᠂ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠪᠠ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ᠃ ᠡᠯ ᠳ᠋ᠤᠤ ᠭᠤᠣᠯ ᠤᠨ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠣᠯᠬᠤ ᠪᠠᠷ ᠢᠳᠡᠪᠬᠢᠲᠠᠢ ᠴᠢᠷᠮᠠᠶᠢᠨ᠎ᠠ᠃ ᠢ ᠵᠢᠶᠠᠨ ᠶᠣᠣ᠂ ᠾᠧᠦ ᠵᠢᠶᠠ ᠼᠦᠨ ᠲᠣᠰᠬᠤᠨ ᠤ ᠰᠢᠭᠠᠷᠤ ᠲᠠᠯᠠᠪᠠᠶ ᠶᠢ ᠰᠠᠶᠢᠲᠤᠷ ᠠᠵᠢᠯᠯᠠᠭᠤᠯᠵᠤ᠂ ᠠᠵᠤ ᠤᠶᠢᠯᠡᠳᠪᠤᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠮᠬᠢ ᠵᠢᠷᠤᠮ ᠥᠬᠡᠶ ᠣᠪᠣᠭᠠᠯᠠᠨ ᠲᠠᠯᠪᠢᠬᠤ ᠠᠰᠠᠭᠤᠳᠠᠯ ᠢ ᠲᠦᠢᠯᠪᠤᠷᠢᠲᠠᠶ  ᠰᠢᠢᠳᠪᠤᠷᠢᠯᠡᠨ᠎ᠡ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠲᠠᠷᠢᠶᠠᠯᠠᠩ ᠤᠨ ᠤᠰᠤᠨ ᠪᠣᠷᠳᠣᠭᠤᠷ ᠤᠨ ᠡᠮ ᠤᠨ ᠪᠦᠷᠬᠦᠭᠦᠯ ᠤᠨ ᠬᠡᠷᠡᠭᠯᠡᠬᠦ ᠬᠡᠮᠵᠢᠶ᠎ᠡ ᠶᠢ ᠦᠷᠭᠦᠯᠵᠢᠯᠡᠨ ︽ᠰᠥᠭᠡᠷᠭᠦ ᠨᠡᠮᠡᠭᠳᠡᠯ︾᠎ ᠢ ᠪᠠᠲᠤᠯᠠᠨ᠎ᠠ᠃ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠨᠤᠲᠤᠭ ᠪᠡᠯᠴᠢᠭᠡᠷ ᠢ ᠡᠪᠳᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃        ᠭᠤᠷᠪᠠᠳᠤᠭᠠᠷ ᠲᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠡᠩ ᠤᠨ ᠴᠢᠨᠠᠷᠲᠠᠶ ᠵᠠᠷᠤᠯᠭ᠎ᠠ ᠶᠢ ᠡᠷᠡᠰ ᠪᠠᠭᠠᠰᠬᠠᠵᠤ᠂ ᠲᠥᠷᠥᠯ ᠵᠤᠶᠢᠯ ᠤᠨ ᠥᠷᠢ ᠥᠭᠴᠡᠭᠡ ᠶᠢᠨ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠶᠢ ᠡᠷᠡᠰ ᠬᠤᠷᠢᠭᠯᠠᠨ᠎ᠠ᠃ ᠡᠨᠡ ᠵᠢᠯ᠂ ᠵᠢᠯ ᠤᠨ ᠡᠬᠢᠨ ᠤ ᠲᠥᠰᠦᠪ ᠲᠤ ᠣᠷᠣᠭᠤᠯᠤᠭᠠᠳᠤᠶ ᠰᠢᠨ᠎ᠡ ᠪᠠᠷ ᠨᠡᠮᠡᠭᠳᠡᠭᠰᠡᠨ ᠵᠠᠷᠤᠯᠭ᠎ᠠ ᠪᠦᠬᠦᠨ ᠴᠥᠮ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠶᠠᠷᠢᠯᠴᠠᠭᠤᠯᠤᠨ᠎ᠠ᠂ ᠪᠡᠯᠡ ᠮᠥᠩᠭᠦᠨ ᠤ ᠢᠷᠡᠯᠳᠡ ᠦᠭᠡᠢ ᠰᠢᠨ᠎ᠡ  ᠵᠤᠶᠢᠯᠡᠰ ᠢ ᠵᠠᠷᠴᠢᠮ ᠳᠡᠭᠡᠷ᠎ᠡ ᠪᠠᠨ ᠲᠠᠬᠢᠵᠤ ᠲᠤᠬᠢᠷᠠᠭᠤᠯᠬᠤ ᠦᠭᠡᠢ᠃ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ᠂ ᠡᠳ᠋ ᠬᠥᠷᠥᠩᠭᠡ ᠶᠢ ᠳᠠᠬᠢᠨ ᠵᠣᠬᠢᠶᠠᠨ ᠪᠠᠶᠢᠭᠤᠯᠬᠤ᠂  ᠢᠳᠡᠭᠡᠮᠵᠢᠲᠤ ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠬᠤ᠂ ᠡᠬᠢ ᠪᠠᠶᠠᠯᠢᠭ ᠢ ᠠᠮᠢᠳᠤᠯᠢᠭ ᠪᠣᠯᠭᠠᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠬᠠᠮᠰᠠᠯ ᠠᠷᠭ᠎ᠠ ᠪᠠᠷᠢᠯ ᠢ ᠰᠠᠶᠢᠲᠤᠷ ᠬᠢᠵᠦ᠂ 7.4 ᠳ᠋ᠦᠩᠰᠢᠭᠤᠷ ᠲᠥᠭᠦᠷᠢᠭ ᠤᠨ ᠥᠷᠢ ᠰᠢᠷᠢ ᠠᠷᠢᠯᠭᠠᠬᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠤ ᠵᠣᠭᠤᠰ ᠤᠨ ᠥᠷᠢ ᠰᠢᠷᠢ ᠶᠢ ᠢᠯᠭᠠᠷᠠᠭᠤᠯᠬᠤ ᠤᠨ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ᠬᠤᠲᠠ ᠶᠢᠨ ᠵᠠᠰᠠᠭ ᠤᠨ ᠣᠷᠳᠣᠨ ᠤ ᠲᠠᠷᠢᠶᠠᠯᠠᠩ ᠤᠨ ᠮᠡᠳᠡᠭᠡ ᠵᠠᠩᠭᠢᠵᠢᠯᠲᠠ ᠶᠢᠨ ᠬᠤᠷᠰᠢᠶ᠎ᠠ ᠶᠢᠨ ᠳᠦᠷᠢᠮ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠬᠤ ᠠᠵᠢᠯ ᠳᠤ ᠢᠳᠡᠪᠬᠢᠲᠡᠢ ᠬᠠᠮᠵᠢᠯᠴᠠᠨ᠎ᠠ᠃    ︵ᠬᠤᠶᠠᠷ︶ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠵᠤ᠂ ᠠᠵᠤ ᠤᠶᠢᠯᠡᠰ ᠤᠨ ᠲᠠᠰ ᠳᠡᠪᠰᠢᠬᠦ ᠶᠢ ᠬᠦᠴᠦᠯᠡᠨ ᠠᠬᠢᠭᠤᠯᠤᠨ᠎ᠠ    ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠪᠠᠷ᠃ ᠨᠡᠶᠢᠰᠯᠡᠯ ᠳᠤ ᠬᠠᠨᠳᠤᠭᠤᠯᠤᠭᠰᠠᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ‌ᠤᠶᠢᠯᠡᠳᠪᠤᠷᠢᠯᠡᠵᠤ ᠡᠳ᠋ᠰᠢᠭᠦᠯᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠪᠢᠳᠡ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ ᠶᠢᠨ ᠠᠵᠤ ᠤᠶᠢᠯᠡᠰ ᠤᠨ ᠳᠠᠪᠠᠭᠤᠯᠢᠭ ᠲᠤ ᠰᠠᠭᠤᠷᠢᠯᠠᠨ᠂ ᠠᠵᠤ ᠤᠶᠢᠯᠡᠳᠪᠤᠷᠢᠵᠢᠯᠲᠠ ᠶᠢᠨ ᠰᠡᠳᠬᠢᠬᠦᠶ ᠪᠠᠷ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ ᠲᠡᠵᠢᠭᠡᠨ ᠦᠷᠡᠵᠢᠭᠦᠯᠬᠦ ᠦᠢᠯᠡᠰ᠎ ᠨᠢ ᠤᠯᠤᠰ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠰᠢᠭᠲᠠᠢ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠵᠤ᠂ ᠦᠬᠡᠷ ᠤᠨ ᠠᠵᠤ ᠤᠶᠢᠯᠡᠰ ᠢ ᠭᠤᠤᠯᠳᠠᠯᠭ᠎ᠠ ᠲᠠᠢ ᠳᠠᠮᠵᠢᠵᠤ᠂ ᠠᠯᠠᠰᠢᠨ ᠬᠤᠨᠢ᠂ ᠠᠯᠠᠰᠢᠨ ᠡᠯᠵᠢᠭᠡ ᠶᠢᠨ ᠠᠵᠤ ᠤᠶᠢᠯᠡᠰ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠢᠭᠡ ᠦᠬᠡᠷ ᠬᠤᠶᠠᠷ ᠬᠤᠨᠢ ᠭᠤᠷᠪᠠᠨ ᠡᠯᠵᠢᠭᠡ ᠲᠠᠪᠤᠨ ᠭᠠᠭ᠋ᠠᠶ ᠲᠠᠬᠢᠶ᠎ᠠ ᠨᠤᠭᠤᠰᠤ ᠲᠡᠵᠢᠭᠡᠨ ᠦᠷᠡᠵᠢᠭᠦᠯᠬᠦ ᠪᠠᠶᠢᠷᠢᠰᠢᠯ ᠢ ᠠᠯᠬᠤᠮ ᠠᠯᠬᠤᠮ ᠢᠶᠠᠷ ᠪᠤᠢ ᠪᠣᠯᠭᠠᠨ᠎ᠠ᠃ ᠰᠠᠭᠠᠯᠢ ᠶᠢᠨ ᠦᠨᠢᠶᠡᠨ ᠤ ᠠᠯᠠᠰᠢᠨ ᠦᠬᠡᠷ᠂ ᠠᠯᠠᠰᠢᠨ ᠬᠤᠨᠢ᠂ ᠠᠯᠠᠰᠢᠨ ᠡᠯᠵᠢᠭᠡ᠂ ᠭᠠᠭ᠋ᠠᠢ ᠶᠢ ᠲᠤᠰ ᠲᠤᠰ 8 ᠲᠦᠮᠡ᠂ 60 ᠲᠦᠮᠡ᠂ 2 ᠲᠦᠮᠡ᠂ 20 ᠲᠦᠮᠡ ᠳᠤ ᠬᠦᠷᠭᠡᠬᠦ ᠪᠠᠷ ᠴᠢᠷᠮᠠᠶᠢᠨ᠎ᠠ᠃ ᠮᠢᠬᠠᠨ ᠤ ᠲᠥᠷᠥᠯ ᠤᠨ ᠶᠡᠷᠦᠩᠬᠡᠶ ᠭᠠᠷᠤᠯᠲᠠ 3.1 ᠲᠦᠮᠡᠨ ᠲᠣᠨ ᠳᠤ ᠬᠦᠷᠴᠦ᠂ ᠲᠦᠭᠦᠬᠡᠶ ᠰᠦ ᠶᠢᠨ ᠭᠠᠷᠤᠯᠲᠠ 5000 ᠲᠣᠨ ᠪᠣᠯᠪᠠ᠃ ᠰᠦ ᠶᠢᠨ ᠤᠶᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ ᠰᠠᠭᠠᠯᠢ ᠶᠢᠨ ᠦᠨᠢᠶ᠎ᠡ᠂ ᠰᠠᠭᠠᠯᠢ ᠶᠢᠨ ᠬᠤᠨᠢ᠂ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠢ ᠢᠳᠡᠪᠬᠢᠲᠡᠢ ᠣᠷᠣᠭᠤᠯᠵᠤ ᠢᠷᠡᠬᠦ᠂ ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠢ ᠶᠢ ᠥᠭᠡᠷᠡᠴᠢᠯᠡᠨ ᠳᠡᠰ ᠳᠡᠪᠰᠢᠭᠦᠯᠬᠦ᠂ ᠰᠠᠶᠢᠨ ᠡᠭᠦᠯᠳᠡᠷ ᠦᠷᠡᠵᠢᠭᠦᠯᠦᠨ ᠣᠷᠣᠭᠤᠯᠵᠤ ᠢᠷᠡᠬᠦ᠂ ᠲᠡᠵᠢᠭᠡᠨ ᠦᠷᠡᠵᠢᠭᠦᠯᠬᠦ ᠪᠡᠯᠡᠳᠬᠡᠮᠵᠢ ᠲᠣᠨᠤᠭ ᠲᠥᠬᠦᠭᠡᠷᠦᠮᠵᠢ ᠬᠤᠳᠠᠯᠳᠤᠨ ᠠᠪᠬᠤ᠂ ᠲᠡᠵᠢᠭᠡᠯ ᠡᠪᠡᠰᠦ ᠪᠣᠷᠳᠤᠭ᠎ᠠ ᠬᠤᠳᠠᠯᠳᠤᠨ ᠠᠪᠴᠤ ᠨᠥᠭᠡᠴᠡᠯᠡᠬᠦ᠂ ᠣᠨᠴᠠᠯᠢᠭᠲᠤ ᠴᠠᠭᠠᠨ ᠢᠳᠡᠭᠡᠨ ᠡᠳ᠋ᠰᠢᠭᠦᠯᠬᠦ ᠵᠡᠷᠭᠡ ᠡᠯ᠎ᠡ ᠵᠤᠶᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠨᠣᠭᠤᠭᠠᠨ ᠡᠬᠢ ᠶᠢᠨ ᠰᠠᠭᠠᠯᠢ ᠶᠢᠨ ᠦᠨᠢᠶ᠎ᠡ᠂ ᠢ ᠸᠧᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠪᠠ︔ ᠲᠡᠵᠢᠭᠡᠨ ᠦᠷᠡᠵᠢᠭᠦᠯᠬᠦ ᠤᠯᠠᠮᠵᠢᠯᠠᠯ ᠳᠤ ᠵᠣᠬᠢᠴᠠᠭᠤᠯᠤᠨ ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠶᠢ ᠲᠤᠭᠲᠠᠪᠤᠷᠢᠵᠢᠭᠤᠯᠬᠤ ᠬᠡᠷᠡᠭᠲᠡᠶ︔ ᠳ᠋ᠦᠩ ᠢ ᠳ᠋ᠠ ᠶᠢᠨ ᠠᠯᠠᠰᠢᠨ ᠡᠯᠵᠢᠭᠡ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠬᠦ ᠶᠢ ᠵᠤᠷᠢᠭᠵᠢᠭᠤᠯᠤᠨ᠎ᠠ︔ ᠳ᠋ᠠ ᠪᠧᠶ ᠨᠦᠩ᠂ ᠨᠡᠶᠢᠳᠡᠮ ᠪᠤᠶᠢᠵᠢᠭᠤᠯᠬᠤ ᠭᠠᠭ᠋ᠠᠶ ᠲᠡᠵᠢᠭᠡᠨ ᠦᠷᠡᠵᠢᠭᠦᠯᠬᠦ ᠲᠥᠷᠥᠯ ᠵᠤᠶᠢᠯ ᠤᠨ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠶ᠃ ᠳᠠᠬᠢᠶ᠎ᠠ ᠨᠤᠭᠤᠰᠤᠨ ᠤ ᠬᠥᠲᠥᠴᠢ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠵᠤ ᠢᠷᠡᠬᠦ᠂ ᠲᠡᠵᠢᠭᠡᠨ  ᠦᠷᠡᠵᠢᠭᠦᠯᠬᠦ ᠪᠦᠲᠦᠴᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠬᠡᠪᠴᠢᠶᠡᠲᠦ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠦᠬᠦᠨ ᠴᠥᠮ ᠢᠵᠢ ᠪᠦᠷᠢᠳᠦᠭᠦᠯᠦᠨ ᠭᠦᠨᠵᠡᠭᠡᠶ ᠡᠳ᠋ᠰᠢᠭᠦᠯᠵᠦ᠂ ᠤᠶᠢᠯᠡᠳᠭᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠳᠠᠷᠢᠵᠤ ᠲᠡᠵᠢᠭᠡᠬᠦ ᠮᠡᠷᠭᠡᠵᠢᠯ ᠤᠨ ᠴᠢᠳᠠᠪᠤᠷᠢ ᠪᠠ ᠬᠢᠵᠢᠭ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠮᠠᠯ ᠤᠨ ᠤᠶᠢᠯᠡᠰ᠎ ᠲᠤ ᠤᠰᠤ ᠠᠷᠪᠢᠯᠠᠬᠤ᠂ ᠡᠷᠴᠢᠮᠵᠢᠭᠦᠯᠬᠦ᠂ ᠥᠨᠳᠥᠷ ᠪᠦᠲᠦᠮᠵᠢᠲᠡᠶ ᠲᠠᠷᠢᠶᠠᠯᠠᠩ ᠢ ᠲᠣᠪᠦ᠋ᠮ᠎ᠠ ᠬᠥᠭᠵᠢᠭᠦᠯᠵᠦ᠂ ︽ᠤᠮᠠᠷᠠᠲᠤ ᠶᠢᠨ ᠲᠥᠮᠥᠰᠥ ᠳᠣᠲᠣᠷᠠᠬᠢ ᠢᠳᠡᠰᠢᠨ ᠨᠣᠭᠤᠭ᠎ᠠ ᠶᠢᠨ ᠡᠮᠦᠨᠡᠲᠦ ᠶᠢᠨ ᠬᠤᠯᠢᠮᠠᠭ ᠠᠮᠤ ︾᠎ ᠶᠢ ᠪᠠᠬᠢᠵᠢᠭ᠌ ᠦᠯᠦᠭᠰᠡᠨ ᠰᠠᠭᠤᠷᠢᠨ ᠳᠡᠭᠡᠷ᠎ᠡ᠂ ᠡᠷᠳᠡᠨᠢ ᠰᠢᠰᠢ᠂ ᠴᠠᠷᠭᠠᠰᠤ ᠵᠡᠷᠭᠡ ᠲᠡᠵᠢᠭᠡᠯ ᠡᠪᠡᠰᠦ ᠪᠣᠷᠳᠤᠭ᠎ᠠ ᠲᠠᠷᠢᠬᠤ ᠶᠢ ᠭᠤᠤᠯᠳᠠᠯᠭ᠎ᠠ ᠲᠠᠢ ᠳᠡᠮᠵᠢᠨ᠎ᠡ᠃ ᠵᠢᠯ ᠤᠨ ᠳᠣᠲᠣᠷ᠎ᠠ ᠡᠷᠳᠡᠨᠢ ᠰᠢᠰᠢ᠂ ᠲᠥᠮᠥᠰᠥ᠂ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ ᠲᠠᠷᠢᠬᠤ ᠲᠠᠯᠪᠠᠢ ᠶᠢ ᠲᠣᠰ ᠲᠣᠰ 20 ᠲᠦᠮᠡᠨ ᠮᠦ᠂ 40 ᠲᠦᠮᠡᠨ ᠮᠦ ᠂ 10 ᠲᠦᠮᠡᠨ ᠮᠦ᠂ 15 ᠲᠦᠮᠡᠨ ᠮᠦ ᠳᠤ ᠬᠦᠷᠦᠭᠦᠯᠬᠦ ᠪᠠᠷ ᠴᠢᠷᠮᠠᠶᠢᠨ᠎ᠠ᠃ ᠡᠷᠳᠡᠨᠢ ᠰᠢᠰᠢ ᠶᠢ ᠪᠦᠬᠦ ᠰᠢᠶᠠᠨ ᠤ ᠲᠡᠵᠢᠭᠡᠨ ᠦᠷᠡᠵᠢᠭᠦᠯᠬᠦ ᠪᠦᠲᠦᠴᠡ ᠶᠢᠨ ᠲᠣᠬᠢᠷᠠᠭᠤᠯᠤᠯᠲᠠ ᠲᠠᠢ ᠤᠶᠡᠯᠳᠤᠭᠤᠯᠵᠤ᠂ ᠡᠯ᠎ᠡ ᠲᠥᠷᠥᠯ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠭᠦᠢᠴᠡᠳ ᠠᠮᠢᠳᠤᠯᠢᠭ ᠬᠡᠷᠡᠭᠯᠡᠵᠦ᠂ ᠬᠤᠷᠰᠢᠶ᠎ᠠ᠂ ᠲᠠᠷᠢᠶᠠᠴᠢᠨ ᠡᠷᠦᠬᠡ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠲᠠᠷᠢᠮᠠᠯ ᠤᠨ ᠬᠡᠪᠴᠢᠶ᠎ᠡ ᠶᠢ ᠨᠢ ᠥᠷᠭᠡᠳᠬᠡᠨ᠎ᠡ᠃ ᠡᠷᠳᠡᠨᠢ ᠰᠢᠰᠢ᠂ ᠡᠪᠡᠰᠦ ᠪᠣᠷᠳᠤᠭ᠎ᠠ ᠲᠠᠷᠢᠵᠤ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠬᠥᠲᠥᠴᠢ ᠠᠵᠤ ᠠᠬᠤᠶᠢᠯᠡᠯ ᠢ ᠣᠷᠣᠭᠤᠯᠤᠨ ᠠᠪᠴᠢᠷᠠᠵᠤ᠂ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠲᠥᠮᠥᠰᠥ ᠶᠢ ᠳᠠᠩ ᠭᠠᠭᠴᠠ ᠲᠠᠸᠠᠷ ᠤᠨ ᠲᠥᠮᠥᠰᠥ ᠲᠠᠷᠢᠬᠤ ᠠᠴᠠ ᠦᠷ᠎ᠡ ᠶᠢᠨ ᠲᠥᠮᠥᠰᠥ ᠲᠠᠷᠢᠬᠤ ᠴᠢᠭᠯᠡᠯ ᠲᠡᠰᠢ ᠠᠯᠬᠤᠮ ᠠᠯᠬᠤᠮ ᠢᠶᠠᠷ ᠬᠥᠭᠵᠢᠭᠦᠯᠵᠦ᠂ ᠲᠥᠮᠥᠰᠥ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠲᠥᠮᠥᠰᠥᠨ ᠤ ᠪᠦᠬᠦ ᠨᠤᠨᠲᠠᠭ ᠪᠠ ᠴᠠᠷᠳᠠᠭᠤᠯ ᠪᠣᠯᠪᠠᠰᠤᠷᠠᠭᠤᠯᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ᠢᠳᠡᠰᠢᠨ ᠨᠣᠭᠤᠭ᠎ᠠ ᠶᠢᠨ ᠠᠵᠤ ᠤᠶᠢᠯᠡᠰ ᠰᠢᠨ᠎ᠡ ᠰᠣᠷᠭᠤᠭ ᠴᠡᠪᠡᠷ ᠨᠣᠭᠤᠭ᠎ᠠ᠂ ᠪᠦᠲᠦᠭᠡᠭᠳᠡᠬᠦᠨ᠂ ᠬᠠᠭᠠᠰ ᠪᠦᠲᠦᠭᠡᠭᠳ ᠡᠬᠦᠨ ᠢ ᠡᠳ᠋ᠰᠢᠭᠦᠯᠦᠨ ᠲᠤᠬᠢᠷᠠᠭᠤᠯᠤᠨ ᠬᠦᠷᠭᠡᠬᠦ ᠪᠠᠷ ᠭᠤᠤᠯ ᠪᠣᠯᠭᠠᠭᠰᠠᠨ ᠨᠡᠶᠢᠰᠯᠡᠯ ᠳᠤ ᠬᠠᠨᠳᠤᠭᠤᠯᠤᠭᠰᠠᠨ ︽ᠢᠳᠡᠰᠢᠨ ᠨᠣᠭᠤᠭ᠎ᠠ︾᠎ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃  ᠴᠠᠷ ᠨᠠᠭᠤᠷ ᠵᠡᠷᠭᠡ ᠳᠠᠭᠠᠭᠤᠯᠤᠭᠴᠢ ᠠᠵᠤ ᠠᠬᠤᠶᠢᠯᠠ ᠳᠤ ᠲᠦᠰᠢᠭᠯᠡᠨ ᠬᠡᠪᠴᠢᠶᠡᠵᠢᠭᠰᠡᠨ᠂ ᠣᠨᠴᠠᠯᠢᠭᠲᠤ ᠰᠢᠭᠦᠳᠡᠷᠢ ᠭᠠᠵᠠᠷ ᠤᠨ ᠢᠳᠡᠰᠢᠨ ᠨᠣᠭᠤᠭ᠎ᠠ ᠪᠣᠯᠤᠨ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠬᠡᠷᠡᠭᠲᠡᠶ᠃ ᠺᠠᠶᠢᠶᠤᠸᠠᠨ ᠤ ᠰᠧᠴᠤᠸᠠᠨ ᠤ ᠲᠦᠷᠭᠡᠨ ᠬᠥᠯᠳᠡᠭᠡᠭᠰᠡᠨ ᠡᠷᠳᠡᠨᠢ ᠰᠢᠰᠢ ᠵᠢᠴᠢ ᠵᠢᠮᠢᠰ ᠨᠣᠭᠤᠭ᠎ᠠ ᠶᠢ ᠭᠦᠨᠵᠡᠭᠡᠢ᠊ ᠡᠳ᠋ᠰᠢᠭᠦᠯᠬᠦ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠠᠢ᠃ ᠳᠤᠮᠳᠠᠳᠤ ᠤᠯᠤᠰ ᠢ ᠲᠤᠰᠠᠯᠠᠬᠤ ᠢᠳᠡᠰᠢᠨ ᠨᠣᠭᠤᠭ᠎ᠠ᠂ ᠡᠷᠳᠡᠨᠢ ᠰᠢᠰᠢ ᠶᠢ ᠨᠠᠷᠢᠯᠢᠭ ᠪᠣᠯᠪᠠᠰᠤᠷᠠᠭᠤᠯᠬᠤ ᠲᠥᠷᠥᠯ ᠵᠤᠶᠢᠯ ᠢ ᠠᠵᠢᠯ ᠡᠬᠢᠯᠡᠭᠦᠯᠬᠦ ᠶᠢ ᠬᠦᠴᠦᠯᠡᠨ ᠠᠬᠢᠭᠤᠯᠪᠠ᠃ ᠡᠯᠳᠡᠪ ᠠᠮᠤ ᠡᠯᠳᠡᠪ ᠪᠤᠷᠴᠠᠭ ᠲᠤ ᠨᠣᠬᠠᠶ ᠶᠢᠨ ᠬᠤᠰᠢᠭᠤ᠂ ᠨᠦᠢᠯᠠᠰᠤ᠂ ᠰᠢᠷ᠎ᠠ ᠪᠤᠷᠴᠠᠭ᠂ ᠠᠮᠤ ᠪᠤᠳᠠᠭ᠎ᠠ ᠲᠠᠷᠢᠬᠤ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠬᠦ ᠬᠡᠷᠡᠭᠲᠡᠶ᠃ ᠰᠢᠶᠦ᠋ᠩ ᠹᠧᠩ᠂ ᠾᠧ ᠣᠪᠣᠭᠲᠤ ᠶᠢᠨ ᠠᠮᠤ ᠲᠣᠰᠣ᠂ ᠲᠦᠩ ᠾᠧᠩ ᠠᠮᠤ ᠲᠣᠰᠣ᠂ ᠰᠢᠶᠠᠩ ᠶᠤᠸᠠᠢ ᠨᠢᠤ ᠦᠬᠡᠷ ᠵᠡᠷᠭᠡ ᠠᠵᠤ ᠠᠬᠤᠶᠢᠯᠠᠯ ᠢ ᠲᠡᠳᠬᠦᠵᠦ᠂ ᠵᠠᠬ᠎ᠠ ᠳᠡᠯᠭᠡᠭᠦᠷ ᠤᠨ ᠡᠵᠡᠯᠡᠬᠦ ᠬᠤᠪᠢ ᠶᠢ ᠥᠷᠭᠡᠳᠬᠡᠨ᠎ᠡ᠃ ᠱᠠᠨ ᠾᠧ ᠭᠤᠤᠯ ᠤᠨ ᠡᠪᠡᠰᠦᠨ ᠡᠮ ᠬᠢᠲᠠᠳ ᠡᠪᠡᠰᠦᠨ ᠡᠮ ᠢ ᠦᠷᠡᠵᠢᠭᠦᠯᠦᠨ ᠪᠤᠶᠢᠵᠢᠭᠤᠯᠬᠤ᠂ ᠲᠠᠷᠢᠬᠤ᠂ ᠡᠳ᠋ᠰᠢᠭᠦᠯᠦᠨ ᠪᠣᠯᠪᠠᠰᠤᠷᠠᠭᠤᠯᠬᠤ ᠶᠡᠷᠦᠩᠬᠡᠶᠢᠯᠡᠭᠰᠡᠨ ᠰᠠᠭᠤᠷᠢᠨ ᠭᠠᠵᠠᠷ ᠤᠨ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ 3 ᠲᠦᠮᠡᠨ ᠮᠦ᠂ ᠲᠠᠷᠢᠶᠠᠨ ᠭᠠᠵᠠᠷ ᠤᠨ ᠤᠰᠤᠯᠠᠯᠲᠠ ᠶᠢ ᠬᠡᠮᠵᠢᠵᠦ ᠤᠭᠰᠠᠷᠠᠬᠤ ᠢᠨᠵᠧᠨᠧᠷᠢᠩ ᠢ 3 ᠲᠦᠮᠡᠨ ᠮᠦ ᠪᠡᠶᠡᠯᠡᠭᠦᠯᠦᠨ᠎ᠡ᠃ ᠰᠢᠩ ᠾᠧ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠶᠢᠲᠡ ᠶᠢᠨ ᠬᠡᠷᠡᠭᠯᠡᠭᠡᠨ ᠤ ᠨᠡᠷᠡᠲᠤ ᠲᠡᠮᠳᠡᠭ ᠢ ᠡᠭᠦᠳᠴᠦ᠂ ᠨᠢᠭᠡ ᠪᠦᠯᠦᠭ ᠭᠠᠵᠠᠷ ᠣᠷᠣᠨ ᠤ ᠣᠨᠴᠠᠯᠢᠭ ᠪᠦᠬᠦᠢ ︽ᠰᠢᠩ ᠾᠧ ᠰᠠᠭᠠᠭ ᠤᠨ ᠲᠠᠷᠢᠶ᠎ᠠ︾᠂ ︽ᠰᠢᠩ ᠾᠧ ᠨᠣᠬᠠᠶ ᠶᠢᠨ ᠬᠤᠰᠢᠭᠤ︾᠂ ︽ᠰᠢᠩ ᠾᠧ ᠨᠦᠢᠯᠠᠰᠤ︾᠂ ︽ᠰᠢᠩ ᠾᠧ ᠳ᠋ᠧᠦᠹᠦ᠋︾᠂ ︽ᠰᠢᠩ ᠾᠧ ᠦᠬᠡᠷ︾ ᠵᠡᠷᠭᠡ ᠨᠡᠷᠡᠲᠦ ᠲᠡᠮᠳᠡᠭ ᠢ ᠡᠮᠬᠢᠯᠡᠨ ᠨᠡᠶᠢᠯᠡᠭᠦᠯᠵᠦ᠂ ᠪᠣᠬᠢᠷᠲᠤᠯ ᠦᠭᠡᠢ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠮ ᠢᠶᠠᠷ ᠵᠠᠮᠨᠠᠨ᠎ᠠ᠃ ᠰᠢᠶᠠᠨ᠂ ᠰᠢᠶᠠᠩ᠂ ᠲᠣᠰᠬᠤᠨ ᠤ ᠪᠠᠷᠠᠭ᠎ᠠ ᠶᠢᠨ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠤᠶᠢᠯᠡᠴᠢᠯᠡᠭᠡᠨ ᠤ ᠥᠷᠲᠡᠭᠡ ᠴᠢᠭ ᠤ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠲᠣᠮᠣ ᠬᠡᠯᠪᠡᠷᠢ ᠶᠢᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠲᠠᠢ ᠭᠦᠨᠵᠡᠭᠡᠶ ᠵᠣᠯᠭᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠦᠯᠵᠢᠶᠡᠨ ᠳᠡᠭᠡᠷᠡᠬᠢ ᠠᠶᠠᠯᠠᠯ ᠢ ᠠᠬᠢᠭᠤᠯᠵᠤ᠂ ᠨᠠᠩ ᠤᠯᠠᠨ ᠬᠥᠭᠵᠢᠭᠰᠡᠨ ᠪᠠ ᠴᠢᠨᠠᠷ ᠰᠠᠶᠢᠲᠠᠶ ᠦᠨ᠎ᠡ ᠬᠢᠮᠳᠠ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠦᠨ ᠮᠠᠨᠳᠤᠭᠤᠯᠵᠤ᠂ ᠪᠡᠭᠡᠵᠢᠩ ᠲᠢᠶᠠᠨᠵᠢᠨ ᠾᠧᠪᠧᠶ ᠳᠤ ᠣᠷᠣᠵᠤ᠂ ᠪᠥᠬᠦ ᠤᠯᠤᠰ ᠲᠤ ᠬᠥᠭᠵᠢᠭᠦᠯᠦᠨ᠎ᠡ᠃    ᠠᠵᠤ ᠦᠢᠯᠡᠳᠪᠦᠷᠢ ᠶᠢᠨ ᠠᠵᠤ ᠠᠬᠤᠶ ᠶᠢ ᠬᠥᠭᠵᠢᠭᠦᠯᠬᠦ ᠲᠠᠯ᠎ᠠ ᠪᠠᠷ  ᠂ ︽ᠡᠬᠢ ᠪᠠᠶᠠᠯᠢᠭ ᠤᠨ ᠫᠠᠶᠢᠰᠠ︾᠎ ᠶᠢ ᠰᠠᠶᠢᠲᠤᠷ ᠬᠢᠬᠦ ᠶᠢ ᠪᠠᠷᠢᠮᠲᠠᠯᠠᠵᠤ᠂ ᠰᠢᠨ᠎ᠡ ᠮᠠᠲ᠋ᠧᠷᠢᠶᠠᠯ ᠤᠨ ᠰᠢᠨ᠎ᠡ ᠡᠨᠧᠷᠭᠢ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ︽ᠡᠬᠢ ᠪᠠᠶᠠᠯᠢᠭ ᠤᠨ ᠳᠠᠪᠠᠭᠤᠯᠢᠭ︾᠎ ᠢ ︽ᠠᠵᠤ ᠦᠢᠯᠡᠰ ᠤᠨ ᠳᠠᠪᠠᠭᠤᠯᠢᠭ︾ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠡᠬᠢ ᠪᠠᠶᠠᠯᠢᠭ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ᠨᠢᠭᠡ ᠬᠠᠷ᠎ᠠ ᠨᠢᠭᠡ ᠴᠠᠭᠠᠨ︾ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠡᠬᠢ ᠪᠠᠶᠠᠯᠢᠭ ᠢ ᠬᠤᠪᠢᠷᠠᠭᠤᠯᠤᠨ ᠥᠷᠲᠡᠭ ᠨᠡᠮᠡᠭᠳᠡᠭᠦᠯᠬᠦ ᠠᠵᠢᠯ ᠢ ᠰᠠᠶᠢᠲᠤᠷ ᠬᠢᠨ᠎ᠡ᠃ ᠷᠦᠢ ᠱᠧᠩ ᠴᠢᠯᠠᠭᠤᠨ ᠪᠠᠯ ᠴᠢᠯᠠᠭᠤ ᠶᠢ ᠨᠡᠶᠢᠯᠡᠭᠦᠯᠦᠨ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠵᠤ᠂ ᠥᠪᠥᠷ ᠮᠣᠩᠭᠤᠯ ᠤᠨ ᠪᠠᠯ ᠴᠢᠯᠠᠭᠤ ︵ᠠᠯᠺᠧᠨ︶᠎ ᠶᠢᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠠᠰᠢᠭᠯᠠᠨ᠂ ᠪᠠᠯ ᠴᠢᠯᠠᠭᠤ ᠰᠢᠨ᠎ᠡ ᠮᠠᠲ᠋ᠧᠷᠢᠶᠠᠯ ᠤᠨ ᠦᠢᠯᠡᠳᠭᠦᠨ ᠢ ᠰᠤᠳᠤᠯᠤᠨ ᠨᠡᠭᠡᠭᠡᠬᠦ ᠪᠠ ᠬᠡᠷᠡᠭᠯᠡᠬᠦ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠥᠪᠰᠥᠭᠡᠷ ᠰᠢᠷᠣᠶ᠂ ᠭᠤᠤ ᠯᠢᠩ ᠰᠢᠷᠣᠶ ᠶᠢ ᠭᠦᠨᠵᠡᠭᠡᠶ ᠡᠳᠰᠢᠭᠦᠯᠬᠦ ᠠᠵᠤ ᠠᠬᠤᠶᠢᠯᠠᠯ ᠢ ᠦᠷᠭᠦᠯᠵᠢᠯᠡᠨ  ᠣᠷᠤᠭᠤᠯᠤᠨ᠎ᠠ᠃ ᠵᠢᠯ ᠤᠨ ᠳᠣᠲᠣᠷ᠎ᠠ ᠢᠦᠶ ᠴᠧᠩ ᠤᠨ ᠭᠤᠤ ᠯᠢᠩ ᠰᠢᠷᠣᠶ ᠶᠢᠨ ᠵᠢᠯ ᠳᠤ 20 ᠲᠦᠮᠡᠨ ᠲᠣᠨ ᠸᠠᠭᠠᠷ ᠱᠠᠭᠠᠵᠠᠩ ᠢ ᠣᠨᠣᠰᠢᠭᠤᠯᠤᠨ ᠦᠢᠯᠡᠳᠪᠦᠷᠢᠯᠡᠬᠦ ᠱᠤᠭᠤᠮ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠠᠢ᠃ ᠬᠤᠶᠠᠳᠤᠭᠠᠷ ᠬᠤᠭᠤᠴᠠᠭᠠᠨ ᠤ ᠰᠡᠭᠦᠯᠴᠢ ᠶᠢᠨ ᠬᠤᠭᠤᠴᠠᠭᠠᠨ ᠤ ᠦᠢᠯᠡᠳᠬᠦᠨ ᠦᠢᠯᠡᠳᠪᠦᠷᠢᠯᠡᠬᠦ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠯᠦᠩ ᠰᠢᠩ ᠭᠤᠤ ᠯᠢᠩ ᠰᠢᠷᠣᠢ ᠶᠢᠨ ᠬᠥᠭᠡᠯᠭᠡᠭᠰᠡᠨ ᠬᠥᠷᠥᠰᠥ ᠶᠢ ᠭᠦᠨᠵᠡᠭᠡᠢ ᠡᠳ᠋ᠰᠢᠭᠦᠯᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ ᠶᠢᠩ ᠰᠢᠶᠠᠩ ᠨᠡᠭᠦᠷᠡᠰᠦᠲᠥ᠋ᠷᠥᠭᠴᠢ ᠶᠢᠨ ᠡᠳ᠋ ᠤᠨ ᠵᠢᠯ ᠳᠤ 2 ᠲᠦᠮᠡᠨ ᠲᠣᠨ ᠬᠡᠲᠦ ᠥᠨᠳᠥᠷ ᠴᠢᠳᠠᠮᠵᠢᠲᠤ ᠪᠠᠯ ᠴᠢᠯᠠᠭᠤᠨ ᠴᠠᠬᠢᠯᠭᠠᠨ ᠲᠦᠢᠯ ᠵᠢᠴᠢ 1 ᠲᠦᠮᠡᠨ ᠲᠣᠨ ᠪᠢᠯᠢᠭ ᠲᠦᠯ ᠤᠨ ᠮᠠᠲ᠋ᠧᠷᠢᠶᠠᠯ᠂ ᠷᠦᠢ ᠱᠧᠩ ᠨᠡᠭᠦᠷᠡᠰᠦᠲᠥ᠋ᠷᠥᠭᠴᠢᠲᠦ ᠡᠳ᠋ ᠤᠨ ᠵᠢᠯ ᠳᠤ 4 ᠲᠦᠮᠡᠨ ᠲᠣᠨ ᠯᠢᠲ᠋ᠢ ᠢᠶᠣᠨ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ᠂ ᠲᠢᠶᠠᠨ ᠾᠧ ᠨᠡᠭᠦᠷᠡᠰᠦᠲᠥ᠋ᠷᠥᠭᠴᠢᠲᠦ ᠵᠢᠯ ᠳᠤ 2 ᠲᠦᠮᠡᠨ ᠲᠣᠨ ᠶᠡᠭᠡ ᠬᠡᠮᠵᠢᠶᠡᠨ ᠤ ᠬᠡᠲᠦ ᠥᠨᠳᠥᠷ ᠴᠢᠳᠠᠪᠤᠷᠢ ᠶᠢᠨ ᠴᠢᠯᠠᠭᠤᠨ ᠴᠠᠬᠢᠯᠭᠠᠨ ᠲᠦᠢᠯ᠂ ᠴᠢᠩ ᠱᠠᠨ ᠤ ᠣᠨᠴᠠ ᠨᠡᠭᠦᠷᠡᠰᠦᠲᠥ᠋ᠷᠥᠭᠴᠢᠲᠦ ᠪᠠᠯ ᠴᠢᠯᠠᠭᠤᠨ ᠬᠢᠮᠢ ᠶᠢᠨ ᠦᠢᠯᠡᠳᠪᠦᠷᠢ ᠶᠢᠨ ᠲᠠᠰᠤᠭ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ ᠠᠭᠤᠯᠠ ᠤᠰᠤ᠂ ᠯᠦᠩ ᠱᠧᠩ ᠠᠭᠤᠷᠬᠠᠢ ᠶᠢᠨ ᠬᠠᠯᠠᠭᠤᠨ ᠵᠤᠤᠬ᠎ᠠ ᠶᠢ ᠪᠢᠲᠡᠭᠦᠮᠵᠢᠯᠡᠬᠦ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠬᠠᠢ ᠲᠠᠢ ᠰᠢᠨ ᠨᠤᠩ ᠨᠢᠭᠡᠳᠦᠭᠡᠷ ᠬᠤᠭᠤᠴᠠᠭᠠᠨ ᠤ 1GW᠎ ᠲᠠᠢ ᠳᠠᠩ ᠲᠠᠯᠠᠰᠲᠤ ᠴᠠᠬᠢᠭᠤᠷ ᠤᠨ ᠢᠯᠲᠠᠰᠤ᠂ ᠰᠢᠨ ᠱᠧᠩ 35 ᠲᠦᠮᠡᠨ ᠲᠣᠨ ᠣᠷᠭᠠᠨᠢᠭ ᠪᠤᠰᠤ ᠰᠢᠷᠬᠡᠭ ᠵᠢᠴᠢ ᠲᠡᠭᠦᠨ ᠤ ᠪᠦᠲᠦᠭᠡᠭᠳᠡᠬᠦᠨ ᠤ ᠦᠢᠯᠡᠳᠪᠦᠷᠢᠯᠡᠯ ᠤᠨ ᠱᠤᠭᠤᠮ᠂ ᠬᠤᠩ ᠪᠦᠦ ᠯᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 700 ᠲᠠᠢᠸᠠᠨ ᠬᠤᠳᠠᠯᠳᠤᠭᠠᠴᠢᠨ ᠳᠤ ᠬᠡᠷᠡᠭᠯᠡᠬᠦ ᠦᠢᠯᠡᠴᠢᠯᠡᠭᠡᠨ ᠤ ᠬᠡᠯᠪᠡᠷᠢ ᠶᠢᠨ ᠮᠠᠰᠢᠨ ᠬᠥᠮᠦᠨ ᠦᠢᠯᠡᠳᠪᠦᠷᠢᠯᠡᠬᠦ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠭᠤᠸᠠᠩ ᠬᠤᠸᠠ ᠵᠢᠩ ᠰᠢᠩ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠣᠭᠤᠷᠢᠭ ᠤᠨ ᠪᠠᠷᠢᠯᠭ᠎ᠠ ᠡᠬᠢᠯᠡᠬᠦ ᠶᠢ ᠠᠬᠢᠭᠤᠯᠤᠨ᠎ᠠ᠃ ᠵᠢᠶᠠ ᠲᠠᠢ᠂ ᠶᠠᠨ ᠶᠠᠩ ᠤᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠱᠦᠨ ᠪᠠᠶ ᠨᠢᠶᠠᠨ᠂ ᠲᠢᠶᠠᠨ ᠮᠠ᠂ ᠯᠠᠩ ᠽᠤ᠋ ᠵᠡᠷᠭᠡ ᠭᠡᠷ ᠤᠨ ᠬᠡᠷᠡᠭᠰᠡᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠳ᠋ᠠ ᠳᠠᠩ ᠤᠨ ᠸᠠᠨ ᠶᠤᠸᠠᠨ 50 ᠰᠠᠶ᠎ᠠ ᠸᠠᠲ ᠰᠠᠯᠬᠢᠨ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠵᠢᠯ ᠤᠨ ᠡᠴᠦᠰ ᠠᠴᠠ ᠡᠮᠦᠨ᠎ᠡ ᠴᠠᠬᠢᠯᠭᠠᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠴᠢᠷᠮᠠᠶᠢᠨ᠎ᠠ᠃    ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠃ ᠪᠠᠷᠠᠭ᠎ᠠ ᠶᠢᠨ ᠭᠦᠢᠯᠭᠡᠭᠡᠨ ᠤ ᠦᠢᠯᠡᠰ᠎ ᠨᠢ ᠫᠷᠤᠰ ᠪᠦᠯᠦᠭᠯᠡᠯ ᠳᠤ ᠲᠦᠰᠢᠭᠯᠡᠨ᠂ ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠵᠦᠶ ᠵᠣᠬᠢᠰᠲᠠᠶ ᠪᠠᠶᠢᠷᠢᠯᠠᠭᠤᠯᠵᠤ᠂ ᠲᠣᠮᠣ ᠳᠤᠮᠳᠠ ᠵᠢᠵᠢᠭ ᠶᠢ ᠤᠶᠠᠯᠳᠤᠭᠤᠯᠤᠭᠰᠠᠨ ᠪᠠᠷᠠᠭᠠᠨ ᠤ ᠭᠦᠢᠯᠭᠡᠭᠡᠨ ᠤ ᠬᠥᠮᠥᠷᠭᠡ ᠶᠢ ᠬᠦᠴᠦᠯᠡᠨ ᠪᠠᠶᠢᠭᠤᠯᠤᠨ᠎ᠠ᠃ ᠪᠥᠸᠧ ᠶᠤᠸᠠᠨ ᠤ ᠲᠣᠭᠠᠴᠢᠯᠠᠭᠰᠠᠨ ᠨᠡᠭᠦᠷᠡᠰᠦ ᠬᠠᠳᠠᠭᠠᠯᠠᠵᠤ ᠲᠣᠬᠢᠷᠠᠭᠤᠯᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠶᠢᠨ ᠰᠢᠩ ᠭᠠᠩ ᠥᠩᠭᠡᠲᠦ ᠬᠦᠳᠡᠷ ᠪᠦᠬᠦᠢ ᠨᠡᠭᠦᠷᠡᠰᠦ ᠶᠢ ᠳᠠᠬᠢᠨ ᠲᠡᠭᠡᠭᠡᠪᠦᠷᠢᠯᠡᠬᠦ ᠪᠠ ᠨᠡᠭᠦᠷᠡᠰᠦ ᠤᠬᠢᠶᠠᠵᠤ ᠰᠣᠩᠭᠤᠨ ᠲᠣᠬᠢᠷᠠᠭᠤᠯᠬᠤ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠨᠢᠭᠡᠨᠲᠡ ᠮᠡᠳᠡᠭᠦᠯᠦᠨ ᠵᠥᠪᠰᠢᠶᠡᠷᠡᠭᠦᠯᠦᠭᠰᠡᠨ ᠭᠠᠵᠠᠷ ᠰᠢᠷᠣᠶ ᠶᠢ ᠠᠰᠢᠭᠯᠠᠵᠤ᠂ ᠨᠡᠭᠦᠷᠡᠰᠦ ᠬᠥᠮᠥᠷᠭᠡᠯᠡᠨ ᠬᠠᠳᠠᠭᠠᠯᠠᠬᠤ᠂ ᠳᠣᠭᠢᠷᠠᠭᠤᠯᠤᠨ ᠰᠣᠩᠭᠤᠬᠤ ᠶᠢ ᠪᠠᠷᠢᠮᠵᠢᠶᠠᠵᠢᠭᠤᠯᠤᠨ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠮᠣᠩᠭᠤᠯ ᠤᠯᠤᠰ ᠤᠨ ᠬᠡᠤᠷᠰᠢᠮᠡᠯ ᠨᠡᠭᠦᠷᠡᠰᠦ ᠶᠢ ᠤᠯᠠᠭᠠᠨᠴᠠᠪ ᠬᠤᠲᠠ ᠶᠢᠨ  ᠶᠡᠷᠥᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠤᠬᠢᠶᠠᠵᠤ ᠰᠢᠯᠢᠬᠦ᠂ ᠭᠦᠨᠵᠡᠭᠡᠶ ᠡᠳ᠋ᠰᠢᠭᠦᠯᠬᠦ ᠪᠠᠷ ᠢᠳᠡᠪᠬᠢᠲᠡᠶ ᠴᠢᠷᠮᠠᠶᠢᠨ᠎ᠠ᠃ ︽ᠢᠨᠲ᠋ᠧᠷ ᠰᠦᠯᠵᠢᠶ᠎ᠡ + ᠪᠠᠷᠠᠭ᠎ᠠ ᠶᠢᠨ ᠭᠦᠢᠯᠭᠡᠭᠡ︾᠎ ᠶᠢ ᠠᠰᠢᠭᠯᠠᠨ᠂ ᠰᠢᠶᠠᠨ ᠤ ᠳᠣᠲᠣᠷᠠᠬᠢ ᠲᠡᠭᠡᠭᠡᠪᠦᠷᠢ ᠶᠢᠨ ᠬᠦᠴᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠥᠭᠵᠢᠭᠦᠯᠦᠨ ᠮᠠᠨᠳᠤᠭᠤᠯᠬᠤ ᠶᠢ ᠴᠢᠬᠤᠯᠠᠴᠢᠯᠠᠬᠤ ᠪᠠ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠬᠡᠷᠡᠯ ᠰᠠᠴᠤᠷᠠᠩᠭᠤᠶ ᠦᠢᠯᠡᠰ ᠢ ᠪᠠᠶᠢᠭᠤᠯᠤᠨ᠎ᠠ᠃ ᠵᠤᠭᠠᠴᠠᠯ ᠤᠨ ᠦᠢᠯᠡᠰ ᠪᠡᠭᠡᠵᠢᠩ ᠵᠢᠴᠢ ᠡᠷᠭᠢᠨ ᠲᠣᠭᠤᠷᠢᠨ ᠤ ︽ᠨᠢᠭᠡ ᠡᠳᠦᠷ ᠤᠨ ᠵᠤᠭᠠᠴᠠᠯ︾ ︽ᠭᠠᠷᠠᠭ ᠤᠨ  ᠰᠡᠭᠦᠯᠴᠢ ᠶᠢᠨ ᠵᠤᠭᠠᠴᠠᠯ︾᠎ ᠤᠨ ᠬᠡᠷᠡᠭᠯᠡᠭᠡᠨ ᠤ ᠬᠠᠮᠲᠤᠯᠢᠭ ᠢ ᠴᠢᠩᠭ᠎ᠠ ᠠᠩᠬᠠᠷᠴᠤ᠂ ᠭᠡᠪᠡᠴᠦ ︽ᠠᠷᠢᠬᠢ ᠮᠢᠬ᠎ᠠ ᠭᠡᠳᠡᠰᠦ ᠪᠠᠨ ᠴᠤᠭᠤᠯᠬᠤ︾ ᠠᠰᠠᠭᠤᠳᠠᠯ ᠢ ᠰᠠᠶᠢᠲᠤᠷ  ᠰᠢᠢᠳᠪᠦᠷᠢᠯᠡᠬᠦ ᠬᠡᠷᠡᠭᠲᠡᠶ᠃ ᠣᠳᠣᠬᠠᠨ ᠳᠤ᠂ ᠬᠡᠷᠪᠡ ᠰᠢᠨ᠎ᠡ ᠪᠠᠷ ᠪᠠᠶᠢᠭᠤᠯᠤᠭᠰᠠᠨ ᠲᠣᠮᠣ ᠬᠡᠯᠪᠡᠷᠢ ᠶᠢᠨ ᠪᠠᠭᠤᠳᠠᠯ ᠢᠶᠠᠷ ᠵᠤᠭᠠᠴᠠᠭᠰᠠᠳ ᠤᠨ ᠨᠢᠭᠡ ᠬᠤᠶᠠᠷ ᠡᠳᠦᠷ ᠰᠠᠭᠤᠬᠤ ᠬᠡᠷᠡᠭᠴᠡᠭᠡ ᠶᠢ ᠬᠠᠩᠭᠠᠬᠤ ᠳᠤ ᠬᠦᠴᠢᠷ ᠪᠣᠯᠪᠠᠴᠤ ᠪᠢᠳᠡ ᠢᠨᠲ᠋ᠧᠷ ᠰᠦᠯᠵᠢᠶ᠎ᠡ +᠎ ᠶᠢᠨ ᠡᠵᠡᠩᠨᠡᠯᠲᠡ ᠶᠢᠨ ᠬᠡᠯᠪᠡᠷᠢ ᠶᠢ ᠬᠡᠷᠡᠭᠯᠡᠵᠦ ᠪᠣᠯᠤᠨ᠎ᠠ᠃ ᠰᠢᠶᠠᠨ ᠤ ᠬᠡᠪᠴᠢᠶᠡᠨ ᠳᠠᠬᠢ ᠲᠣᠮᠣ ᠳᠤᠮᠳᠠ ᠵᠢᠵᠢᠭ ᠪᠠᠭᠤᠳᠠᠯ᠂ ᠪᠠᠭᠤᠳᠠᠯ᠂ ᠭᠡᠷ ᠪᠦᠯᠢ ᠶᠢᠨ ᠪᠠᠭᠤᠳᠠᠯ᠂ ᠯᠦ ᠵᠢᠶᠠ ᠶᠢᠩ ᠪᠣᠯᠤᠨ ᠰᠢᠩ ᠬᠤᠸᠠ ᠭᠧᠦ ᠶᠢᠨ ᠠᠷᠠᠳ ᠤᠨ ᠪᠠᠭᠤᠳᠠᠯ᠂ ᠲᠠᠷᠢᠶᠠᠴᠢᠨ ᠠᠶᠢᠯ ᠤᠨ ᠬᠦᠷᠢᠶᠡᠯᠡᠩ᠂ ᠬᠤᠭᠤᠯᠠᠨ ᠭᠡᠷ᠂ ᠰᠡᠯᠡᠭᠦᠴᠡᠯ ᠤᠨ ᠰᠥᠨᠢ ᠶᠢᠨ ᠵᠠᠬ᠎ᠠ ᠵᠡᠷᠭᠡ ᠶᠢᠨ ᠬᠤᠭᠤᠯᠠ ᠬᠤᠨᠤᠭ ᠤᠨ ᠰᠠᠭᠤᠷᠢ ᠶᠢ ᠡᠮᠬᠢᠯᠡᠨ ᠨᠡᠶᠢᠯᠡᠭᠦᠯᠵᠦ᠂ ᠰᠤᠮᠤᠨ ᠠᠭᠤᠯᠠ᠂ ᠴᠠᠷᠠᠰᠤᠨ ᠨᠠᠭᠤᠷ᠂ ᠶᠡᠭᠡ ᠡᠮᠦᠨ᠎ᠡ ᠠᠭᠤᠯᠠ ᠶᠢᠨ ᠬᠤᠪᠢᠰᠬᠠᠯᠲᠤ ᠲᠡᠮᠡᠴᠡᠯ ᠤᠨ ᠲᠡᠤᠬᠡ ᠶᠢᠨ ᠣᠷᠳᠣᠨ᠂ ᠰᠤᠮᠤᠨ ᠠᠭᠤᠯᠠ ᠶᠢᠨ ᠦᠢᠯᠡᠰ ᠪᠣᠰᠬᠠᠭᠰᠠᠨ ᠲᠡᠤᠬᠡ ᠶᠢᠨ ᠣᠷᠳᠣᠨ ᠵᠡᠷᠭᠡ ᠠᠭᠤᠯᠠ ᠤᠰᠤ ᠶᠢᠨ ᠬᠤᠪᠢᠰᠬᠠᠯ ᠤᠨ ᠵᠢᠭᠤᠯᠴᠢᠯᠠᠯ ᠤᠨ ᠡᠬᠢ ᠪᠠᠶᠠᠯᠢᠭ ᠢ ᠠᠭᠤᠳᠠᠯᠵᠤ᠂ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡ ᠲᠦᠷᠭᠡᠨ ᠲᠡᠷᠭᠡ ᠰᠣᠯᠢᠬᠤ ᠵᠢᠭᠤᠯᠴᠢᠯᠠᠯ ᠤᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠶ ︵ᠨᠢᠭᠡᠨ ᠥᠨᠳᠥᠷ ᠪᠠᠷᠢᠮᠵᠢᠶᠠᠲᠤ ᠲᠣᠮᠤ ᠬᠡᠯᠪᠡᠷᠢ ᠶᠢᠨ ᠰᠢ ᠵᠦᠴᠦᠭᠡ᠂ ᠨᠢᠭᠡᠨ ᠥᠨᠳᠥᠷ ᠬᠢᠷᠢ ᠲᠦᠪᠰᠢᠨ ᠪᠥᠬᠦᠶ ᠵᠢᠭᠤᠯᠴᠢᠯᠠᠯ ᠤᠨ ᠥᠩᠭᠡ ᠦᠵᠡᠮᠵᠢ ᠶᠢᠨ ᠤᠬᠠᠭᠤᠯᠭ᠎ᠠ ᠶᠢᠨ ᠹᠢᠯᠢᠮ ᠢ ᠰᠢᠩᠭᠡᠭᠡᠨ ᠦᠢᠯᠡᠳᠬᠦ᠂ ᠥᠨᠳᠥᠷ ᠣᠶᠢᠯᠠᠭᠠᠮᠵᠢ ᠲᠠᠢ ᠤᠬᠠᠭᠤᠯᠭ᠎ᠠ ᠶᠢᠨ ᠳᠠᠭᠤᠤ ᠳᠠᠭᠤᠯᠠᠭᠤᠯᠵᠤ᠂ ᠥᠨᠳᠥᠷ ᠪᠠᠷᠢᠮᠵᠢᠶᠠᠲᠤ ᠵᠢᠭᠤᠯᠴᠢᠯᠠᠯ ᠤᠨ ᠤᠬᠠᠭᠤᠯᠭ᠎ᠠ ᠶᠢᠨ ᠳᠡᠪᠲᠡᠷ ᠢ ᠨᠠᠶᠢᠷᠠᠭᠤᠯᠤᠨ ᠵᠢᠭᠰᠠᠭᠠᠵᠤ᠂ ᠴᠢᠨᠠᠷ ᠰᠠᠶᠢᠲᠠᠶ ᠵᠢᠭᠤᠯᠴᠢᠯᠠᠯ ᠤᠨ ᠭᠠᠵᠠᠷ ᠤᠨ ᠵᠢᠷᠤᠭ ᠢ ᠳᠠᠷᠤᠮᠠᠯᠵᠤ︶᠂ ᠮᠠᠨ ᠤ ᠰᠢᠶᠠᠨ ᠤ ᠵᠢᠭᠤᠯᠴᠢᠯᠠᠯ ᠤᠨ ᠦᠢᠯᠡᠰ ᠢ ᠡᠳᠦᠷ ᠠᠴᠠ ᠡᠳᠦᠷ ᠬᠥᠭᠵᠢᠭᠦᠯᠬᠦ ᠪᠣᠯᠤᠨ᠎ᠠ᠃    ︵ᠭᠤᠷᠪᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠤᠯᠠᠨ ᠲᠦᠮᠡᠨ ᠳᠤ ᠬᠦᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠦᠨ᠎ᠡ    ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠬᠤᠳᠠ ᠪᠠᠯᠭᠠᠰᠤᠨ ᠤ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠭᠠᠵᠠᠷ ᠰᠢᠷᠣᠶ ᠶᠢ ᠡᠮᠬᠢᠯᠡᠨ ᠴᠡᠭᠴᠡᠯᠡᠬᠦ ᠲᠥᠷᠥᠯ ᠵᠦᠢᠯ ᠢ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠪᠠ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠭᠦᠢᠴᠢᠳ ᠣᠷᠣᠨ ᠵᠠᠶ ᠦᠯᠡᠳᠡᠭᠡᠵᠦ ᠥᠭᠬᠦ ᠬᠡᠷᠡᠭᠲᠡᠶ᠃ ︽ᠭᠤᠷᠪᠠᠨ ᠲᠣᠭᠤᠷᠢᠭ ᠢ ᠬᠠᠮᠲᠤᠪᠠᠷ ᠪᠠᠶᠢᠭᠤᠯᠬᠤ︾ ᠠᠯᠬᠤᠴᠠ ᠶᠢ ᠲᠦᠷᠭᠡᠳᠬᠡᠵᠦ᠂ ᠰᠢᠨ᠎ᠡ ᠬᠠᠭᠤᠴᠢᠨ ᠬᠤᠲᠠ ᠲᠣᠭᠤᠷᠢᠭ ᠵᠢᠴᠢ ᠳᠡᠭᠡᠲᠦ ᠬᠤᠷᠳᠤᠴᠠᠲᠤ ᠲᠡᠮᠦᠷ ᠵᠠᠮ ᠤᠨ ᠥᠷᠲᠡᠭᠡ ᠲᠣᠭᠤᠷᠢᠭ ᠤᠨ ᠢᠯᠴᠢ ᠬᠠᠩᠭᠠᠬᠤ ᠤᠰᠤ ᠪᠣᠷᠣᠭᠠᠨ ᠤ ᠪᠣᠬᠢᠷᠲᠤᠯ ᠤᠨ ᠬᠤᠭᠤᠯᠠᠶ ᠶᠢᠨ ᠲᠣᠤᠷ᠂ ᠤᠰᠤ ᠪᠠᠷ ᠤᠬᠢᠶᠠᠬᠤ ᠵᠣᠷᠯᠣᠩ᠂ ᠠᠷᠠᠳ ᠤᠨ ᠴᠡᠴᠡᠷᠯᠢᠭ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠴᠢᠷᠮᠠᠶᠢᠨ ᠠᠬᠢᠭᠤᠯᠤᠨ᠎ᠠ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠢ ᠤᠶᠠᠯᠳᠤᠭᠤᠯᠤᠨ᠂ ᠡᠨᠡ ᠵᠢᠯ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠴᠢᠳᠠᠪᠤᠷᠢ ᠪᠠ ᠦᠷ᠎ᠡ ᠪᠦᠲᠦᠮᠵᠢ ᠶᠢ ᠭᠤᠤᠯᠳᠠᠯᠭ᠎ᠠ ᠲᠠᠢ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ᠂ ᠲᠠᠷᠢᠶᠠᠯᠠᠬᠤ ᠶᠢ ᠵᠣᠭᠰᠣᠭᠠᠵᠤ ᠣᠢ ᠮᠣᠳᠣ ᠲᠠᠷᠢᠬᠤ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠦᠵᠡᠮᠵᠢ ᠶᠢᠨ ᠨᠣᠭᠤᠭᠠᠷᠠᠭᠤᠯᠤᠯᠲᠠ ᠵᠡᠷᠭᠡ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠪᠦᠬᠦᠯᠢ ᠴᠣᠭᠴᠠ ᠪᠠᠷ ᠲᠥᠯᠥᠪᠵᠢᠭᠦᠯᠵᠦ᠂ ᠲᠠᠷᠬᠠᠯᠲᠠ ᠶᠢ ᠬᠡᠷᠡᠭᠵᠢᠭᠦᠯᠦᠨ᠎ᠡ᠃ ᠳᠡᠭᠡᠲᠦ ᠬᠤᠷᠳᠤᠴᠠᠲᠤ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠨᠣᠭᠤᠭᠠᠷᠠᠭᠤᠯᠵᠤ ᠭᠤᠶᠣᠯᠠᠬᠤ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠵᠤ᠂ ᠬᠠᠷᠠᠭᠠᠨ ᠤ ᠬᠡᠪᠴᠢᠶᠡᠨ ᠳᠣᠲᠣᠷᠠᠬᠢ ᠨᠤᠷᠠᠭᠠᠬᠤ ᠶᠣᠰᠣᠲᠠᠶ ᠶᠢ ᠨᠢ ᠳᠤᠷ᠎ᠠ ᠪᠠᠷ ᠢᠶᠠᠨ ᠪᠠᠶᠢᠭᠤᠯᠵᠤ᠂ ᠨᠡᠭᠦᠯᠭᠡᠨ ᠬᠡᠷᠡᠭᠯᠡᠬᠦ ᠶᠣᠰᠣᠲᠠᠶ ᠶᠢ ᠨᠢ ᠨᠡᠭᠦᠯᠭᠡᠨ ᠬᠡᠷᠡᠭᠯᠡᠵᠦ᠂ ︽ᠬᠡᠨ ᠲᠥᠷᠥᠯ ᠵᠦᠢᠯ ᠢ ᠪᠠᠶᠢᠭᠤᠯᠬᠤ᠂ ᠬᠡᠨ ᠨᠣᠭᠤᠭᠠᠷᠠᠭᠤᠯᠬᠤ ᠵᠡᠷᠭᠡ ᠨᠡᠶᠢᠲᠡ ᠶᠢᠨ ᠠᠰᠠᠷᠠᠮᠵᠢ ᠶᠢᠨ ᠪᠡᠯᠡᠳᠬᠡᠮᠵᠢ ᠶᠢ ᠲᠤᠬᠢᠷᠠᠭᠤᠯᠤᠨ ᠪᠠᠶᠢᠭᠤᠯᠬᠤ︾ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠵᠠᠮ ᠢᠶᠠᠷ ᠬᠤᠭᠤᠰᠣᠨ ᠭᠠᠵᠠᠷ ᠢ ᠰᠤᠯᠠᠯᠠᠵᠤ ᠭᠠᠷᠭᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠᠷ ᠶᠡᠷᠦᠩᠬᠡᠶᠢᠯᠡᠨ ᠵᠢᠯᠣᠭᠤᠳᠴᠤ᠂ ᠬᠥᠳᠡᠭᠡ ᠲᠣᠰᠬᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ︽ᠵᠣᠷᠯᠣᠩ ᠤᠨ ᠬᠤᠪᠢᠰᠬᠠᠯ︾᠎ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠡᠷᠡᠭᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠰᠢᠶᠠᠩ ᠠᠴᠠ ᠲᠣᠰᠬᠤᠨ ᠬᠦᠷᠲᠡᠯ᠎ᠡ᠂ ᠬᠦᠷᠢᠶᠡᠨ ᠠᠴᠠ ᠬᠡᠷ ᠬᠦᠷᠲᠡᠯ᠎ᠡ ᠰᠦᠷ ᠳᠠᠯᠠᠶᠢᠴᠠᠲᠠᠶ᠂ ᠲᠦᠢᠯᠪᠤᠷᠢᠲᠠᠶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠦᠨ᠎ᠡ᠃    ᠠᠵᠢᠯ ᠣᠯᠭᠤᠬᠤ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠪᠠ ᠨᠤᠲᠤᠭ ᠲᠠᠭᠠᠨ ᠪᠤᠴᠠᠭᠰᠠᠨ ᠬᠥᠯᠥᠰᠥᠨ ᠠᠵᠢᠯᠴᠢᠨ ᠤ ᠠᠳᠠᠯ ᠦᠢᠯᠡᠰ ᠴᠣᠭᠴᠠᠯᠠᠬᠤ ᠶᠢ ᠲᠡᠮᠵᠢᠨ ᠵᠣᠷᠢᠭᠵᠢᠭᠤᠯᠵᠤ᠂ ᠪᠦᠬᠦ ᠵᠢᠯ ᠳᠤ ᠬᠤᠳᠠ ᠪᠠᠯᠭᠠᠰᠤᠨ ᠤ 1500᠎ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠦᠨᠡᠨ ᠬᠦ ᠪᠠᠲᠤᠯᠠᠨ᠎ᠠ᠃ ᠰᠤᠷᠭᠠᠨ ᠬᠥᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠢᠦᠶ ᠢᠩ ᠬᠡᠤᠬᠡᠳ ᠤᠨ ᠴᠡᠴᠡᠷᠯᠢᠭ᠂ ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂  ᠣᠨᠴᠠᠭᠠᠢ ᠰᠤᠷᠭᠠᠨ ᠬᠥᠮᠦᠵᠢᠯ ᠤᠨ ᠰᠣᠷᠭᠠᠭᠤᠯᠢ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠰᠢᠨ᠎ᠡ ᠰᠣᠷᠭᠤᠭ ᠬᠦᠴᠦᠨ ᠢ ᠨᠥᠬᠦᠪᠥᠷᠢᠯᠡᠵᠦ᠂ ᠪᠠᠭᠰᠢ ᠶᠢᠨ ᠡᠩᠨᠡᠭᠡᠨ ᠤ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠠᠭᠰᠢ ᠶᠢᠨ ᠬᠦᠴᠦᠨ ᠢ ᠴᠢᠩᠭᠠᠷᠠᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ︽ᠰᠢᠶᠠᠨ ᠢ ᠬᠠᠮᠢᠶᠠᠷᠴᠤ ᠰᠤᠷᠭᠠᠭᠤᠯᠢ ᠶᠢ ᠤᠷᠢᠵᠤ ᠬᠡᠷᠡᠭᠯᠡᠬᠦ︾ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠠᠭᠰᠢ ᠶᠢᠨ ᠵᠦᠶ ᠵᠣᠬᠢᠰᠲᠠᠢ ᠰᠢᠯᠵᠢᠬᠦ ᠳᠤ ᠲᠦᠷᠢᠮ ᠤᠨ ᠪᠠᠲᠤᠯᠠᠭ᠎ᠠ ᠬᠠᠩᠭᠠᠨ᠎ᠠ᠃ ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠨᠢᠳᠤᠨᠤᠨ ᠤ ᠠᠮᠵᠢᠯᠲᠠ ᠪᠦᠲᠦᠮᠵᠢ ᠶᠢᠨ ᠰᠠᠭᠤᠷᠢᠨ ᠳᠡᠭᠡᠷ᠎ᠡ 10% ᠳᠡᠭᠡᠭᠰᠢᠯᠡᠭᠦᠯᠵᠦ᠂ ᠰᠢᠯᠢᠳᠡᠭ ᠳᠤᠮᠳᠠ ᠶᠢᠨ ᠰᠢᠯᠢᠳᠡᠭ ᠢ ᠨᠢ ᠭᠤᠤᠯᠳᠠᠯᠭ᠎ᠠ ᠲᠠᠢ ᠤᠷᠮᠠᠰᠢᠭᠤᠯᠵᠠᠶ᠃ ᠬᠢᠶ᠎ᠡ ᠭᠡᠵᠦ ᠪᠤᠳᠤᠬᠰᠠᠨ᠂ ᠴᠢᠳᠠᠯ ᠲᠠᠢ᠂ ᠰᠠᠶᠢᠨ ᠬᠢᠭᠰᠡᠨ ᠨᠢᠭᠡᠳᠦᠭᠡᠷ ᠹᠷᠣᠨᠲ ᠤᠨ ᠪᠠᠭᠰᠢ ᠨᠠᠷ ᠲᠤ ᠣᠯᠪᠠᠰᠤ ᠵᠣᠬᠢᠬᠤ ᠬᠥᠯᠥᠰᠥ ᠣᠯᠭᠤᠮᠵᠢ ᠪᠠ ᠬᠦᠨᠳᠦᠳᠬᠡᠯ ᠣᠯᠭᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠵᠢᠯ ᠤᠨ ᠳᠣᠲᠣᠷ᠎ᠠ ᠰᠢᠶᠠᠨ ᠤ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭᠠᠨ ᠤ ᠲᠣᠮᠣ ᠠᠰᠠᠷ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ᠃ ᠰᠢᠶᠠᠨ ᠰᠢᠶᠠᠩ ᠲᠣᠰᠬᠤᠨ ︵ᠨᠡᠶᠢᠭᠡᠮ ᠲᠣᠭᠤᠷᠢᠭ︶᠎ ᠤ ᠡᠷᠡᠭᠦᠯ ᠬᠠᠮᠠᠭᠠᠯᠠᠯ ᠤᠨ ᠬᠤᠷᠢᠶ᠎ᠠ ︵ᠭᠡᠷ︶᠎ ᠶᠢᠨ ᠪᠡᠯᠡᠳᠬᠡᠮᠵᠢ ᠪᠣᠯᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ ᠬᠥᠳᠡᠭᠡ ᠲᠣᠰᠬᠤᠨ ᠤ ᠰᠣᠶᠣᠯ ᠤᠨ ᠲᠠᠯᠠᠪᠤᠷ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠠᠭᠠᠨᠮᠥ᠋ᠴᠢᠷ ᠤᠨ ᠠᠵᠢᠯ ᠦᠢᠯᠡᠰ ᠤᠨ ᠴᠡᠴᠡᠭᠯᠡᠨ ᠬᠥᠭᠵᠢᠬᠦ ᠶᠢ ᠳᠡᠮᠵᠢᠨ᠎ᠡ᠃ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠣᠷᠣᠨ ᠰᠠᠭᠤᠴᠠ ᠵᠡᠷᠭᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ ᠠᠬᠠᠮᠠᠳ ᠺᠠᠳ᠋ᠷᠴᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠲᠡᠮᠵᠢᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠱᠠᠰᠢᠨ ᠰᠤᠷᠲᠠᠬᠤᠨ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠪᠦᠷᠢᠳᠬᠡᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ᠂ ᠴᠠᠭ ᠠᠭᠤᠷ᠂ ᠭᠠᠯ ᠤᠨᠲᠠᠷᠠᠭᠠᠬᠤ᠂ ᠬᠠᠩᠭᠠᠨ ᠪᠣᠷᠣᠯᠠᠭᠤᠯᠬᠤ ᠵᠡᠷᠭᠡ ᠠᠵᠢᠯ ᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠦᠢᠯᠡᠰ ᠢ ᠳᠡᠮᠵᠢᠨ᠎ᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ 《ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ》᠎ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠨ᠎ᠠ᠃   ᠭᠤᠷᠪᠠ᠂ ᠵᠠᠰᠠᠭ ᠤᠨ ᠣᠷᠳᠣᠨ ᠤ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ    ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ᠂ ᠵᠠᠰᠠᠭ ᠤᠨ ᠣᠷᠳᠣᠨ ᠤ ᠤᠳᠤᠷᠢᠳᠬᠤ ᠪᠠᠭ ᠡᠷᠬᠡᠪᠰᠢ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠳᠤ ᠬᠠᠨᠤᠮᠵᠢᠲᠠᠢ ᠵᠠᠰᠠᠭ ᠤᠨ ᠣᠷᠳᠣᠨ ᠢ ᠪᠠᠶᠢᠭᠤᠯᠤᠨ᠎ᠠ᠃    ᠪᠢᠳᠡ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠡᠷᠡᠴᠢ ᠦᠨᠡᠮᠯᠡᠯ ᠢ ᠰᠠᠯᠭᠠᠬᠤ︾ ︽ᠣᠯᠠᠨ ᠦᠨᠡᠮᠯᠡᠯ ᠢ ᠨᠢᠭᠡᠳᠬᠡᠬᠦ︾᠎ ᠶᠢ ᠭᠦᠨᠵᠡᠭᠡᠶ ᠬᠡᠷᠡᠭᠵᠢᠭᠦᠯᠵᠦ᠂ ︽ᠨᠢᠭᠡ ᠴᠣᠩᠬᠤ ᠪᠠᠷ ᠭᠥᠯᠢᠶᠡᠨ ᠠᠪᠴᠤ  ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠪᠦᠬᠦ ᠶᠠᠪᠤᠴᠠ ᠳᠤ ᠣᠷᠣᠯᠠᠨ ᠬᠦᠢᠴᠡᠳᠬᠡᠬᠦ︾ ᠠᠵᠢᠯ ᠢ ᠰᠠᠶᠢᠲᠤᠷ ᠠᠳᠬᠤᠨ᠎ᠠ᠃ ︽ᠨᠢᠭᠡ ᠥᠷᠲᠡᠭᠡᠨ ᠤ ᠬᠡᠯᠪᠡᠷᠢ︾᠎ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ︽ᠥᠯᠵᠡᠶ︾᠎ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠠᠯᠠᠭᠠᠨ ᠳᠡᠭᠡᠷ᠎ᠡ ᠪᠠᠨ ᠦᠵᠡᠬᠦ᠂ ᠠᠯᠠᠭᠠᠨ ᠳᠡᠭᠡᠷ᠎ᠡ ᠪᠠᠨ ᠪᠠᠶᠢᠴᠠᠭᠠᠬᠤ᠂ ᠠᠯᠠᠭᠠᠨ ᠳᠡᠭᠡᠷ᠎ᠡ ᠪᠠᠨ ᠭᠦᠢᠴᠡᠳᠬᠡᠬᠦ︾᠎ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠠᠬᠢᠭᠤᠯᠬᠤ᠂ ᠠᠵᠤ ᠠᠬᠤᠶᠢᠯᠠᠯ ᠤᠨ ᠠᠵᠢᠯᠯᠠᠭᠠᠨ ᠤ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃    ᠪᠢᠳᠡ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠴᠢᠩᠭ᠎ᠠ ᠵᠢᠷᠤᠮᠯᠠᠨ ᠡᠷᠬᠡ ᠪᠠᠨ  ᠬᠡᠷᠡᠭᠵᠢᠭᠦᠯᠬᠦ᠂ ᠡᠭᠦᠷᠭᠡ ᠴᠢᠳᠠᠪᠤᠷᠢ ᠪᠠᠨ ᠬᠦᠢᠴᠡᠳᠬᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠪᠠ ᠲᠦᠷᠢᠮ ᠲᠣᠭᠲᠠᠭᠠᠯ ᠢ ᠢᠮᠠᠭᠲᠠ ᠲᠡᠷᠢᠭᠦᠨ ᠳᠤ ᠲᠠᠯᠪᠢᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ ᠤᠷᠲᠤ ᠬᠤᠭᠤᠴᠠᠭ᠎ᠠ ᠪᠠᠷ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠵᠠᠰᠠᠭ ᠵᠠᠬᠢᠷᠭᠠᠨ ᠤ ᠥᠪᠡᠷ ᠤᠨ ᠥᠷᠲᠡᠭ ᠢ  ᠦᠨᠡᠨᠬᠦ ᠪᠠᠭᠤᠷᠠᠭᠤᠯᠵᠤ᠂ ᠵᠢᠯ ᠤᠨ ᠳᠣᠲᠣᠷ᠎ᠠ ︽ᠭᠤᠷᠪᠠᠨ ᠵᠦᠢᠯ ᠤᠨ ᠠᠯᠪᠠᠨ ᠵᠠᠷᠤᠳᠠᠯ︾᠎ ᠢ 10%᠎ ᠪᠠᠷ ᠪᠠᠭᠠᠰᠬᠠᠬᠤ ᠶᠢ ᠪᠠᠲᠤᠯᠠᠨ᠎ᠠ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠣᠷᠣᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠬᠤ ᠠᠵᠢᠯ ᠢ ᠰᠠᠶᠢᠲᠤᠷ ᠠᠳᠬᠤᠵᠤ᠂ ᠤᠯᠤᠰ ᠠᠴᠠ ᠥᠮᠴᠢᠯᠡᠯᠲᠡ ᠡᠳ᠋ ᠬᠥᠷᠥᠩᠭᠡ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠪᠣᠯᠤᠨ ᠬᠢᠨᠠᠨ ᠪᠣᠳᠤᠵᠤ ᠬᠢᠨᠠᠨ ᠬᠠᠮᠢᠶᠠᠷᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠰᠢᠨᠲᠠᠷᠠᠰᠢ ᠦᠭᠡᠢ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾᠎ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠦᠴᠦᠯᠡᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠲᠤᠰᠢᠶᠠᠯ ᠬᠠᠷᠢᠭᠤᠴᠠᠯᠭ᠎ᠠ ᠶᠢ ᠬᠢᠴᠢᠶᠡᠩᠭᠦ᠋ᠢᠯᠡᠨ ᠵᠢᠷᠤᠮᠯᠠᠨ᠎ᠠ᠃ ᠣᠯᠠᠨ ᠲᠦᠮᠡᠨ ᠤ ᠳᠡᠷᠭᠡᠳᠡ ᠡᠭᠦᠰᠦᠭᠰᠡᠨ ᠡᠯ᠎ᠡ ᠵᠦᠢᠯ ᠤᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠵᠤ᠂ ᠠᠷᠢᠭᠤᠨ ᠴᠢᠬᠡᠴᠢ ᠪᠠᠷ ᠠᠵᠢᠯ ᠬᠢᠬᠦ᠂ ᠠᠷᠢᠭᠤᠨ ᠴᠢᠬᠡᠴᠢ ᠬᠡᠪ ᠰᠤᠷᠲᠠᠯ ᠲᠥᠪ ᠴᠢᠬᠡᠴᠢ ᠠᠳᠠᠯ ᠦᠢᠯᠡᠰ ᠴᠣᠭᠴᠠᠯᠠᠬᠤ ᠬᠥᠭᠵᠢᠯᠲᠡ ᠶᠢᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ᠃     ᠲᠥᠯᠥᠭᠡᠯᠡᠭᠴᠢᠳ ᠡ︕ ᠬᠥᠯᠥᠰᠥ ᠪᠠᠨ ᠤᠷᠤᠰᠬᠠᠵᠤ᠂ ᠰᠢᠷᠭᠠᠭᠤ ᠠᠵᠢᠯᠯᠠᠵᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠶ᠎ᠠ᠃ ᠥᠷᠯᠥᠭᠡ ᠦᠳᠡᠰᠢ ᠶᠢ ᠲᠡᠮᠡᠴᠡᠭᠡᠳ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠲᠡᠮᠡᠴᠡᠨ ᠣᠯᠵᠤ᠂ ︽13 · 5︾᠎ ᠶᠢᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢᠨ ᠲᠥᠯᠥᠭᠡ᠂ ᠬᠥᠭᠵᠢᠯ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠶ᠎ᠡ︕                        ᠣᠷᠴᠢᠭᠤᠯᠤᠭᠴᠢ᠄ ᠰᠣᠷᠭᠤᠭ  ᠨᠠᠷᠠᠰᠤ  ᠡᠷᠳᠡᠨᠢᠭᠤᠸ᠎ᠠ                                                            
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3