︽ᠰᠢᠩ ᠾᠧ ᠰᠢᠶᠠᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠳᠤ ᠬᠤᠪᠢᠷᠠᠭᠤᠯᠤᠯᠲᠠ ᠬᠢᠬᠦ ᠪᠠ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢᠨ ᠵᠣᠬᠢᠴᠠᠭᠤᠯᠤᠨ ᠤᠳᠤᠷᠢᠳᠬᠤ ᠳᠣᠭᠤᠶᠢᠯᠠᠩ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2020-06-15
    2020 ᠣᠨ ᠤ 6 ᠰᠠᠷ᠎ᠠ ᠶᠢᠨ 10᠎ ᠤ ᠡᠳᠦᠷ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠰᠢᠩ ᠾᠧ ᠰᠢᠶᠠᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠳᠤ ᠲᠣᠬᠢᠷᠠᠭᠤᠯᠤᠯᠲᠠ ᠬᠢᠵᠦ ᠬᠤᠪᠢᠷᠠᠭᠤᠯᠬᠤ ᠪᠠ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠤᠨ ᠲᠤᠬᠠᠶ ᠮᠡᠳᠡᠭᠳᠡᠯ︾ ︵ᠰᠢᠩ ᠵᠠᠰᠠᠭ ᠠᠯᠪᠠᠨ ᠲᠠᠷᠬᠠᠭᠠᠭᠰᠠᠨ ︹ 2020 ︺ 23 ᠳ᠋ᠤᠭᠠᠷ ᠲᠣᠭᠠᠲᠤ︶᠎ ᠢ ᠳᠠᠷᠤᠮᠯᠠᠨ ᠲᠠᠷᠬᠠᠭᠠᠵᠦ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ᠃ ᠰᠢᠶᠠᠨ ᠤ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ︽ᠮᠡᠳᠡᠭᠳᠡᠯ︾᠎ ᠤᠨ ᠬᠠᠮᠢᠶ᠎ᠠ ᠪᠥᠬᠦᠶ ᠠᠭᠤᠯᠭ᠎ᠠ ᠶᠢᠨ ᠲᠣᠬᠠᠢ ᠲᠠᠶᠢᠯᠤᠮᠵᠢ ᠬᠢᠪᠠ᠃    ᠨᠢᠭᠡ᠂ ︽ᠮᠡᠳᠡᠭᠳᠡᠯ︾᠎ ᠢ ᠨᠡᠶᠢᠲᠡᠯᠡᠭᠰᠡᠨ ᠵᠣᠷᠢᠯᠭ᠎ᠠ    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠰᠢᠩ ᠾᠧ ᠰᠢᠶᠠᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠠᠬᠢᠭᠤᠯᠵᠤ ᠵᠤᠬᠢᠴᠠᠭᠤᠯᠬᠤ ᠤᠳᠤᠷᠢᠳᠬᠤ ᠳᠤᠭᠤᠶᠢᠯᠠᠩ ᠳᠤ ᠲᠤᠬᠢᠷᠠᠭᠤᠯᠤᠯᠳᠠ ᠬᠢᠬᠦ ᠪᠠᠷ ᠲᠣᠭᠲᠠᠪᠠ᠃    ᠬᠤᠶᠠᠷ᠂ ︽ᠮᠡᠳᠡᠭᠳᠡᠯ︾᠎ ᠤᠨ ᠭᠤᠤᠯ ᠠᠭᠤᠯᠭ᠎ᠠ    1. ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠬᠦᠨ ᠵᠢᠴᠢ ᠭᠤᠤᠯ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ    2. ᠵᠣᠬᠢᠴᠠᠭᠤᠯᠬᠤ ᠳᠤᠭᠤᠶᠢᠯᠠᠩ ᠤᠨ ᠡᠯ᠎ᠡ ᠲᠤᠰᠬᠠᠶ ᠰᠡᠳᠦᠪᠲᠦ ᠳᠤᠭᠤᠶᠢᠯᠠᠩ ᠵᠢᠴᠢ ᠭᠤᠤᠯ ᠡᠭᠦᠷᠭᠡ ᠬᠠᠷᠢᠭᠤᠴᠠᠯᠭ ᠎ᠠ ᠶᠢ ᠲᠣᠳᠣᠷᠬᠠᠶᠢᠯᠠᠨ᠎ᠠ    3. ᠵᠣᠬᠢᠴᠠᠭᠤᠯᠬᠤ ᠳᠤᠭᠤᠶᠢᠯᠠᠩ ᠤᠨ ᠡᠯ᠎ᠡ ᠪᠠᠲᠤᠯᠠᠬᠤ ᠳᠤᠭᠤᠶᠢᠯᠠᠩ ᠵᠢᠴᠢ ᠭᠤᠤᠯ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ    4. ᠪᠤᠰᠤᠳ ᠠᠩᠬᠠᠷᠬᠤ ᠵᠦᠢᠯ    ︵ᠨᠢᠭᠡ︶ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠯᠢ ᠹᠤᠩ ᠨᠥᠬᠦᠷ ᠬᠠᠪᠰᠤᠷᠭᠠᠨ ᠡᠭᠦᠷᠭᠡᠯᠡᠨ᠎ᠡ᠃    ︵ᠬᠤᠶᠠᠷ︶ ᠬᠤᠶᠢᠰᠢᠳᠠ᠂ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠬᠦᠨ ᠵᠢᠴᠢ ᠡᠯ᠎ᠡ ᠲᠤᠰᠬᠠᠶ ᠰᠡᠳᠦᠪᠲᠦ ᠳᠤᠭᠤᠶᠢᠯᠠᠩ᠂ ᠪᠠᠲᠤᠯᠠᠬᠤ ᠳᠤᠭᠤᠶᠢᠯᠠᠩ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠴᠢᠬᠤᠯᠠᠲᠠᠶ ᠪᠣᠯ ᠵᠣᠬᠢᠴᠠᠭᠤᠯᠬᠤ ᠳᠤᠭᠤᠶᠢᠯᠠᠩ ᠠᠴᠠ ᠵᠢᠷᠤᠮ ᠶᠣᠰᠣᠭᠠᠷ ᠥᠪᠡᠰᠦᠪᠡᠨ ᠲᠣᠬᠢᠷᠠᠭᠤᠯᠤᠯᠲᠠ ᠬᠢᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠰᠲᠠᠭᠠᠨ ᠪᠢᠴᠢᠭ ᠮᠠᠲ᠋ᠧᠷᠢᠶᠠᠯ ᠶᠠᠪᠤᠭᠤᠯᠬᠤ ᠦᠭᠡᠢ᠃    ︵ᠭᠤᠷᠪᠠ︶ ᠵᠣᠬᠢᠴᠠᠭᠤᠯᠬᠤ ᠳᠤᠭᠤᠶᠢᠯᠠᠩ ᠪᠠᠶᠢᠭᠤᠯᠤᠭᠳᠠᠭᠰᠠᠨ ᠤ ᠳᠠᠷᠠᠭ᠎ᠠ᠂ ᠤᠤᠯ ᠤᠨ ᠰᠢᠶᠠᠨ ᠤ ᠵᠠᠰᠠᠭ ᠤᠨ ᠣᠷᠳᠤᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠠᠬᠢᠭᠤᠯᠬᠤ ᠶᠢᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠶᠢ ᠬᠦᠴᠦᠨ ᠥᠬᠡᠶ ᠪᠣᠯᠭᠠᠪᠠ᠃                                                                             ᠣᠷᠴᠢᠭᠤᠯᠤᠭᠴᠢ᠄ ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3