ᠰᠤᠮᠤ ᠰᠢᠶᠠᠩ ᠪᠠᠯᠭᠠᠰᠤ ᠪᠣᠯᠤᠨ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠡᠷᠬᠡ ᠶᠢᠨ ᠵᠤᠶᠢᠯᠡᠰ ᠢ ᠳᠣᠷᠣᠭᠰᠢ ᠪᠠᠭᠤᠯᠭᠠᠬᠤ ᠠᠵᠢᠯ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/6/4
     ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ ᠳᠤ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮ ᠶᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠤᠶᠢᠯᠡᠴᠢᠯᠡᠭᠡ ᠶᠢ ᠡᠮᠬᠢᠯᠡᠨ ᠨᠡᠶᠢᠯᠡᠭᠦᠯᠵᠦ ᠬᠠᠤᠯᠢ ᠬᠡᠷᠡᠭᠵᠢᠭᠦᠯᠬᠦ ᠬᠦᠴᠦᠨ ᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ︹ 2019 ︺ 22 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠳᠠᠷᠤᠮ ᠠᠯᠯᠠᠨ ᠲᠠᠷᠬᠠᠭᠠᠪᠠ᠃ ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠳᠤ 99 ᠵᠤᠶᠢᠯ ᠤᠨ ᠵᠠᠰᠠᠭ ᠵᠠᠬᠢᠷᠭᠠᠨ ᠤ ᠡᠷᠬᠡ ᠶᠢᠨ ᠵᠤᠶᠢᠯᠡᠰ ᠢ ᠣᠯᠭᠤᠪᠠ᠃ ᠡᠷᠬᠡ ᠶᠢ ᠳᠣᠷᠣᠭᠰᠢ ᠪᠠᠭᠤᠯᠭᠠᠬᠤ ᠪᠠ ᠬᠦᠯᠢᠶᠡᠨ ᠠᠪᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ ᠱᠠᠭᠠᠷᠳᠠᠯᠭ᠎ᠠ ᠶᠣᠰᠣᠭᠠᠷ 5 ᠨᠠᠮ ᠵᠠᠰᠠᠭ ᠤᠨ ᠪᠠᠶᠢᠭᠤᠯᠤᠮᠵᠢ ︵ᠨᠠ᠊ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ︶᠂ 3 ᠳᠡᠳ᠋ ᠰᠠᠯᠠᠭᠠᠨ ᠤ ᠲᠡᠰ ᠤᠨ ᠠᠵᠢᠯ ᠦᠢᠯᠡᠰ ᠤᠨ  ᠨᠢᠭᠡᠴᠡ ︵ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ︶ ᠪᠠᠶᠢᠭᠤᠯᠵᠤ᠂ ᠠᠯᠪᠠᠨ ᠭᠡᠷ᠂ ᠲᠣᠪᠴᠢᠶ᠎ᠠ᠂ ᠲᠥᠪ ᠤᠨ ᠬᠠᠷᠢᠭᠤᠴᠠᠯᠭᠠᠲᠠᠨ ᠪᠠ ᠠᠵᠢᠯᠲᠠᠨ ᠢ ᠪᠦᠷᠢᠨ ᠲᠤᠬᠢᠷᠠᠭᠤᠯᠵᠠᠢ᠃ ᠠᠵᠢᠯᠯᠠᠬᠤ ᠲᠠᠯᠠᠪᠤᠷ ᠭᠠᠵᠠᠷ᠂ ᠠᠵᠢᠯᠯᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠪᠣᠳᠠᠲᠠᠶᠢᠵᠢᠭᠤᠯᠵᠤ᠂ ᠡᠷᠬᠡ ᠶᠢ ᠳᠠᠭᠠᠭᠠᠨ ᠠᠪᠬᠤ ᠨᠥᠬᠦᠴᠡᠯ ᠢ ᠪᠦᠷᠢᠯᠳᠦᠭᠦᠯᠪᠡ᠃ 2020᠎ ᠤᠨ 6 ᠰᠠᠷ᠎ᠠ ᠶᠢᠨ 4᠎ ᠤ ᠡᠳᠦᠷ ᠤᠨ 12 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠰᠤᠳᠤᠯᠵᠤ᠂ ᠰᠢᠶᠠᠩ ᠪᠠᠯᠭᠠᠰᠤᠨ ᠳᠤ ᠣᠯᠭᠤᠭᠰᠠᠨ 99 ᠵᠦᠢᠯ ᠤᠨ ᠡᠷᠬᠡ ᠶᠢᠨ ᠲᠤᠬᠠᠢ ᠲᠦᠷᠦᠭᠦᠦ ᠪᠦᠯᠦᠭ 76 ᠵᠦᠢᠯ ᠢ ᠳᠣᠷᠣᠭᠰᠢ ᠪᠠᠭᠤᠯᠭᠠᠬᠤ ᠪᠠᠷ ᠲᠣᠭᠲᠠᠪᠠ᠂ ᠳᠣᠷᠣᠭᠰᠢ ᠪᠠᠭᠤᠯᠭᠠᠬᠤ  ᠵᠤᠶᠢᠯᠡᠰ ᠲᠤ ᠵᠠᠰᠠᠭ ᠵᠠᠬᠢᠷᠭᠠᠨ ᠤ ᠵᠥᠪᠰᠢᠶᠡᠷᠡᠯ 10 ᠵᠤᠶᠢᠯ᠂ ᠵᠠᠰᠠᠭ ᠵᠠᠬᠢᠷᠭᠠᠨ ᠤ ᠦᠭᠭᠦᠯᠲᠡ 2 ᠵᠤᠶᠢᠯ ᠦᠭᠭᠦᠯᠲᠡ᠂ ᠵᠠᠰᠠᠭ ᠵᠠᠬᠢᠷᠭᠠᠨ ᠤ ᠰᠢᠳᠭᠡᠯ 64 ᠵᠤᠶᠢᠯ᠂ ᠪᠤᠰᠤᠳ 23 ᠵᠤᠶᠢᠯ ᠢ ᠨᠢ ᠲᠦᠷ ᠬᠤᠶᠢᠰᠢᠯᠠᠭᠤᠯᠵᠤ ᠳᠣᠷᠣᠭᠰᠢ ᠪᠠᠭᠤᠯᠭᠠᠨ᠎ᠠ ᠃ ᠲᠦᠷ ᠬᠤᠶᠢᠰᠢᠯᠠᠭᠤᠯᠬᠤ ᠵᠤᠶᠢᠯᠡᠰ ᠲᠤ ᠵᠠᠰᠠᠭ ᠵᠠᠬᠢᠷᠭᠠᠨ ᠤ ᠵᠥᠪᠰᠢᠶᠡᠷᠡᠯ 3 ᠵᠤᠶᠢᠯ᠂ ᠵᠠᠰᠠᠭ ᠵᠠᠬᠢᠷᠭᠠᠨ ᠤ ᠦᠭᠭᠦᠯᠲᠡ 3 ᠵᠦᠢᠯ᠂ ᠵᠠᠰᠠᠭ ᠵᠠᠬᠢᠷᠭᠠᠨ ᠤ ᠨᠤᠲᠠᠯᠠᠯᠲᠠ 1 ᠵᠦᠶ᠋ᠯ᠂ ᠵᠠᠰᠠᠭ ᠵᠠᠬᠢᠷᠭᠠᠨ ᠤ ᠰᠢᠳᠬᠡᠯ 16 ᠵᠦᠢᠯ ᠪᠠᠭᠲᠠᠨ᠎ᠠ᠂ ︵ᠪᠣᠳᠠᠲᠠᠶ ᠳᠣᠷᠣᠭᠰᠢ ᠪᠠᠭᠤᠯᠭᠠᠬᠤ ᠪᠠ ᠲᠦᠷ ᠬᠤᠶᠢᠰᠢᠯᠠᠭᠤᠯᠬᠤ ᠵᠤᠶᠢᠯᠡᠰ ᠢ ᠠᠷᠤ ᠳᠤ ᠳᠠᠭᠠᠯᠳᠤᠭᠤᠯᠪᠠ︶᠃      ᠰᠢᠶᠠᠩ ᠪᠠᠯᠭᠠᠰᠤᠨ ᠤ ᠡᠭᠦᠷᠭᠡ ᠴᠢᠳᠠᠪᠤᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠨᠢᠭᠡᠨ ᠰᠢᠰᠲ᠋ᠧᠮᠲᠦ ᠴᠢᠨᠠᠷᠲᠠᠶ ᠥᠭᠡᠷᠡᠴᠢᠯᠡᠯᠲᠡ ᠪᠣᠯᠤᠨ᠎ᠠ᠃ ᠡᠯ᠎ᠡ ᠰᠠᠯᠠᠭ᠎ᠠ ᠮᠥᠴᠢᠷ ᠬᠦᠴᠦ ᠬᠠᠮᠲᠤᠷᠠᠨ ᠬᠠᠮᠵᠢᠯᠴᠠᠵᠤ᠂ ᠬᠠᠷᠢᠯᠴᠠᠨ ᠬᠠᠮᠵᠢᠯᠴᠠᠬᠤ ᠴᠢᠬᠤᠯᠠᠲᠠᠶ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠨᠦᠭᠦᠳ ᠵᠠᠰᠠᠭ ᠵᠠᠬᠢᠷᠭᠠᠨ ᠤ ᠡᠷᠬᠡ ᠶᠢᠨ ᠤᠴᠢᠷ ᠶᠠᠪᠤᠳᠠᠯ ᠢ ᠦᠨᠡᠨᠬᠦ ᠳᠣᠷᠣᠭᠰᠢ ᠪᠠᠭᠤᠯᠭᠠᠬᠤ ᠶᠢ ᠪᠠᠲᠤᠯᠠᠵᠤ᠂ ᠰᠢᠶᠠᠩ ᠪᠠᠯᠭᠠᠰᠤ ᠨᠤᠭᠤᠳ ᠬᠦᠯᠢᠶᠡᠨ ᠠᠪᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠵᠠᠪᠰᠠᠷ ᠦᠭᠡᠢ ᠪᠠᠷ  ᠵᠤᠯᠭᠠᠭᠤᠯᠵᠤ᠂ ᠡᠷᠬᠡ ᠶᠢᠨ ᠣᠷᠣᠨ ᠪᠠᠶᠢᠷᠢ ᠳᠤᠲᠠᠬᠤ ᠦᠭᠡᠢ᠂ ᠣᠷᠣᠨ ᠪᠠᠶᠢᠷᠢ ᠠᠴᠠ ᠳᠠᠪᠠᠭ᠋ᠤ ᠦᠭᠡᠢ᠂ ᠣᠷᠣᠨ ᠪᠠᠶᠢᠷᠢ ᠠᠴᠠ ᠳᠠᠪᠠᠭ᠋ᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠨᠢ ᠳᠣᠷᠣᠭᠰᠢ ᠪᠠᠭᠤᠯᠭᠠᠭᠰᠠᠨ ᠡᠷᠬᠡ ᠶᠢᠨ ᠤᠴᠢᠷ ᠶᠠᠪᠤᠳᠠᠯ ᠳᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ᠂ ᠠᠵᠢᠯ ᠤᠨ ᠴᠤᠪᠤᠷᠠᠯ ᠢ ᠭᠠᠷᠳᠠᠨ ᠨᠠᠶᠢᠲᠠᠭᠤᠯᠵᠤ᠂ ᠲᠡᠷᠡᠴᠢᠯᠡᠨ ᠳᠣᠷᠣᠭᠰᠢ ᠪᠠᠭᠤᠯᠭᠠᠭᠰᠠᠨ ᠡᠷᠬᠡ ᠪᠠ ᠤᠴᠢᠷ ᠶᠠᠪᠤᠳᠠᠯ ᠢ ︽ᠳᠠᠷᠦ᠋ᠢᠬᠠᠨ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ᠂ ᠦᠷ᠎ᠡ ᠬᠠᠪᠢ ᠳᠤᠨᠢ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ︾ ᠶᠤᠰᠤᠭᠠᠷ ᠲᠥᠷᠥᠯ ᠬᠤᠪᠢᠶᠠᠨ ᠡᠮᠬᠢᠯᠡᠵᠦ᠂ ᠡᠭᠦᠨ ᠤ ᠬᠠᠮᠲᠤ ︽ᠳᠥᠷᠪᠡᠨ ᠠᠯᠪᠠᠨ ᠬᠡᠷ︾᠎ ᠤᠨ ᠨᠠᠷᠢᠨ ᠲᠠᠩᠰᠠ ᠶᠢ ᠢᠯᠡ ᠪᠣᠯᠭᠠᠵᠤ᠂ ᠥᠪᠡᠷᠲᠡᠭᠡᠨ ᠵᠠᠰᠠᠬᠤ ᠤᠷᠤᠨ  ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠠᠪᠴᠠᠩ ︵http://59.196 23.140 /︶ ᠬᠡᠷᠡᠭ ᠶᠠᠪᠤᠳᠠᠯ ᠢ ᠲᠠᠨᠢᠵᠤ ᠠᠪᠴᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠤᠨ ︽ᠨᠢᠭᠡ ᠥᠷᠲᠡᠭᠡᠨ ᠤ ᠮᠠᠶ᠋ᠢᠭ ᠤᠨ ᠤᠶᠢᠯᠡᠴᠢᠯᠡᠭᠡ︾ ︽ᠨᠢᠭᠡ ᠯᠡ ᠬᠡᠷ ᠤᠨ ᠬᠡᠯᠪᠡᠷᠢ ᠪᠠᠷ ᠭᠦᠢᠴᠡᠳᠭᠡᠬᠦ︾᠎ ᠶᠢ ᠪᠡᠶᠡᠯᠡᠭᠦᠯᠤᠨ᠎ᠡ᠃ ᠲᠣᠰᠬᠤᠨ ᠤ ᠱᠠᠲᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠣᠷᠣᠯᠠᠨ ᠲᠤᠰᠢᠶᠠᠵᠤ ᠣᠷᠣᠯᠠᠨ ᠭᠦᠢᠴᠡᠳᠭᠡᠬᠦ ᠪᠠ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠲᠦᠷᠭᠡᠨ ᠬᠦᠷᠭᠡᠬᠦ᠂ ᠣᠷᠣᠯᠠᠨ ᠭᠦᠢᠴᠡᠳᠭᠡᠵᠤ ᠬᠦᠷᠭᠡᠬᠦ ᠵᠡᠷᠭᠡ ᠠᠷᠠᠳ ᠲᠤ ᠳᠥᠭᠦᠮ ᠦᠵᠡᠭᠦᠯᠬᠦ  ᠤᠶᠢᠯᠡᠴᠢᠯᠡᠭᠡᠨ ᠢ ᠥᠷᠨᠢᠭᠦᠯᠵᠦ᠂  ᠤᠯᠡᠨ᠊ ᠨᠡᠶᠢᠲᠡ ᠶᠢᠨ ᠦᠨᠳᠦᠰᠦᠨ ᠤᠶᠢᠯᠡᠴᠢᠯᠡᠭᠡᠨ ᠤ  ᠵᠤᠶᠢᠯᠡᠰ ᠢ ᠵᠠᠰᠠᠭ ᠵᠠᠬᠢᠷᠭᠠᠨ ᠤ ᠲᠣᠰᠬᠤᠨ ᠪᠠ ᠨᠡᠶᠢᠭᠡᠮ ᠲᠤᠭᠤᠷᠢᠨ ᠤᠨ  ᠤᠶᠢᠯᠡᠴᠢᠯᠡᠭᠡᠨ ᠤ ᠥᠷᠲᠡᠭᠡ ᠴᠢᠭ ᠲᠤ ᠣᠷᠣᠵᠤ ᠭᠦᠢᠴᠡᠳᠭᠡᠨ᠎ᠡ᠃      ᠡᠨᠡ ᠤᠳᠠᠭ᠎ᠠ ᠳᠣᠷᠣᠭᠰᠢ ᠪᠠᠭᠤᠯᠭᠠᠭᠰᠠᠨ ᠡᠷᠬᠡ ᠨᠢ ᠭᠠᠵᠠᠷ ᠰᠢᠷᠣᠶ᠂ ᠡᠷᠡᠭᠦᠯ ᠬᠠᠮᠠᠭᠠᠯᠠᠯ᠂ ᠣᠢ ᠰᠢᠭᠤᠶ ᠡᠪᠡᠰᠦ ᠪᠡᠯᠴᠢᠭᠡᠷ᠂ ᠬᠤᠲᠠ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠤᠴᠢᠷ ᠶᠠᠪᠤᠳᠠᠯ ᠳᠤ ᠬᠤᠯᠪᠣᠭᠳᠠᠵᠤ᠂ ᠬᠤᠯᠪᠣᠭᠳᠠᠬᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠤᠨ ᠲᠥᠷᠥᠯ ᠵᠤᠶᠢᠯ ᠨᠡᠯᠢᠶᠡᠳ ᠣᠯᠠᠨ ᠪᠠᠶᠢᠨ᠎ᠠ᠃ ᠡᠯ᠎ᠡ ᠰᠠᠯᠠᠭ᠎ᠠ ᠮᠥᠴᠢᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠵᠢᠯ ᠢ ᠰᠠᠶᠢᠲᠤᠷ ᠬᠢᠵᠦ᠂ ᠡᠮᠦᠨᠡᠬᠢ ᠬᠤᠭᠤᠴᠠᠭᠠᠨ ᠤ ︽ᠤᠯᠠᠮᠵᠢᠯᠠᠬᠤ᠂ ᠬᠠᠪᠰᠤᠷᠬᠤ᠂ ᠳᠠᠭᠠᠭᠤᠯᠬᠤ︾ ᠠᠵᠢᠯ ᠤᠨ ᠰᠠᠭᠤᠷᠢᠨ ᠳᠡᠭᠡᠷ᠎ᠡ᠂ ᠰᠢᠶᠠᠩ ᠪᠠᠯᠭᠠᠰᠤ ᠶᠢ ᠬᠠᠪᠰᠤᠷᠤᠨ ᠵᠠᠰᠠᠭ ᠵᠠᠬᠢᠷᠭᠠᠨ ᠤ ᠡᠷᠬᠡ ᠪᠠᠨ ᠬᠡᠷᠡᠭᠵᠢᠭᠦᠯᠬᠦ ᠣᠶᠢᠶ᠎ᠠ ᠳᠤ ᠲᠣᠬᠢᠶᠠᠯᠳᠤᠭᠰᠠᠨ ᠠᠰᠠᠭᠤᠳᠠᠯ ᠢ ᠨᠢ ᠰᠢᠶ᠋ᠳᠪᠦᠷᠢᠯᠡᠵᠦ ᠥᠭᠭᠦᠨ᠎ᠡ᠃ ᠶᠠᠭᠠᠬᠢᠭᠰᠠᠨ ᠴᠤ ︽ᠲᠠᠯᠪᠢᠴᠢᠬᠠᠭᠰᠠᠨ︾ ᠪᠠᠶᠢᠵᠤ ᠪᠣᠯᠬᠤ ᠦᠭᠡᠢ᠃ ᠬᠠᠤᠯᠢ ᠴᠠᠭᠠᠵᠠ ᠶᠢᠨ ᠰᠠᠯᠠᠭ᠎ᠠ ᠮᠥᠴᠢᠷ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠰᠢᠶᠠᠩ ᠪᠠᠯᠭᠠᠰᠤᠨ ᠳᠤ ᠰᠢᠯᠵᠢᠭᠦᠯᠦᠭᠰᠡᠨ ᠵᠠᠰᠠᠭ ᠵᠠᠬᠢᠷᠭᠠᠨ ᠤ ᠡᠷᠬᠡ ᠶᠢᠨ ᠤᠴᠢᠷ ᠶᠠᠪᠤᠳᠠᠯ ᠳᠤ ᠬᠠᠤᠯᠢ ᠬᠡᠷᠡᠭᠵᠢᠭᠦᠯᠬᠦ ᠪᠤᠯᠪᠠᠰᠤᠷᠠᠭᠤᠯᠤᠯ  ᠤᠨ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠰᠢᠶᠠᠩ ᠪᠠᠯᠭᠠᠰᠤᠨ ᠤ ᠠᠵᠢᠯᠲᠠᠨ ᠢ ᠠᠯᠢ ᠲᠦᠷᠭᠡᠨ ᠢᠶᠠᠷ ᠲᠤᠬᠠᠶᠢᠯᠠᠭᠰᠠᠨ ᠠᠵᠢᠯ ᠳᠠᠭᠠᠨ ᠪᠣᠯᠪᠠᠰᠤᠷᠠᠩᠭᠤᠶ ᠪᠤᠯᠭᠠᠵᠤ ᠂ ᠬᠠᠤᠯᠢ ᠴᠠᠭᠠᠵᠠ ᠶᠢᠨ ᠦᠨᠳᠦᠰᠦᠯᠡᠯ ᠬᠠᠤᠯᠢ ᠬᠡᠷᠡᠭᠵᠢᠭᠦᠯᠬᠦ ᠶᠠᠪᠤᠴᠠ ᠶᠢ ᠲᠣᠳᠣᠷᠬᠠᠶ ᠣᠶᠢᠯᠠᠭᠠᠬᠤ ᠶᠢᠨ ᠬᠠᠮᠲᠤ ᠰᠢᠶᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠬᠠᠤᠯᠢ ᠬᠡᠷᠡᠭᠵᠢᠭᠦᠯᠬᠦ ᠦᠨᠡᠮᠯᠡᠯ ᠣᠯᠭᠤᠬᠤ ᠶᠢ ᠳᠠᠷᠦ᠋ᠢᠬᠠᠨ ᠬᠠᠪᠰᠤᠷᠤᠨ᠎ᠠ᠃ ᠳᠣᠷᠣᠭᠰᠢ ᠪᠠᠭᠤᠯᠭᠠᠭᠰᠠᠨ ᠬᠠᠤᠯᠢ ᠬᠡᠷᠡᠭᠵᠢᠭᠦᠯᠬᠦ ᠵᠤᠶᠢᠯᠡᠰ ᠢ ᠦᠨᠡᠨᠬᠦ ᠥᠷᠨᠢᠭᠦᠯᠵᠦ᠂ ᠲᠣᠮᠢᠯᠠᠨ ᠰᠠᠭᠤᠯᠭᠠᠭᠰᠠᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠠᠤᠯᠢ ᠪᠠᠷᠢᠬᠤ ᠭᠠᠵᠠᠷ ᠨᠢ ᠰᠢᠶᠠᠩ ᠪᠠᠯᠭᠠᠰᠤ ᠶᠢᠨ ᠨᠢᠭᠡᠳᠦᠯᠲᠡᠶ ᠬᠠᠤᠯᠢ ᠬᠡᠷᠡᠭᠵᠢᠭᠦᠯᠬᠦ ᠰᠢᠰᠲ᠋ᠧᠮ ᠢ ᠬᠡᠷᠬᠢᠨ ᠪᠣᠶ ᠪᠣᠯᠭᠠᠵᠤ ᠪᠣᠳᠠᠲᠠᠶ ᠰᠠᠨᠠᠯ ᠢ ᠨᠠᠶᠢᠳᠡᠯᠨ ᠲᠣᠭᠲᠠᠭᠠᠬᠤ ᠶᠢ ᠪᠠᠲᠤᠯᠠᠬᠤ ᠬᠡᠷᠡᠭᠲᠡᠶ᠃        ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                               2020 ᠣᠨ ᠤ 6 ᠰᠠᠷ᠎ᠠ ᠶᠢᠨ 4᠎ ᠤ ᠡᠳᠦᠷ        ᠬᠠᠭᠤᠯᠤᠨ ᠬᠦᠷᠭᠡᠬᠦ᠄ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤ‌‍ᠷᠠᠯ ᠤᠨ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ                                                                                                  ᠣᠷᠴᠢᠭᠤᠯᠤᠭᠴᠢ᠄ ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3