ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ | ᠨᠢᠭᠡᠴᠢ ᠳᠤ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠰᠤᠮᠤ ᠰᠢᠶᠠᠩ ᠪᠠᠯᠭᠠᠰᠤ | ᠪᠠ ᠵᠡᠭᠡᠯᠢ ᠭᠤᠳᠤᠮ ᠶᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ | ᠤᠶᠢᠯᠡᠴᠢᠯᠡᠭᠡ ᠶᠢ ᠡᠮᠬᠢᠯᠡᠨ ᠨᠡᠶᠢᠯᠡᠭᠦᠯᠵᠦ ᠬᠠᠤᠯᠢ ᠬᠡᠷᠡᠭᠵᠢᠭᠦᠯᠬᠦ ᠬᠦᠴᠦᠨ ᠢ ᠠᠬᠢᠭᠤᠯᠬᠤ ᠲᠤᠬᠠᠶ ᠬᠡᠷᠡᠭᠵᠢᠭᠦᠯᠬᠦ | ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ︹ 2019 ︺ 22 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠳᠠᠷᠤᠮ ᠠᠯᠯᠠᠨ ᠲᠠᠷᠬᠠᠭᠠᠪᠠ᠃ ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠳᠤ 99 ᠵᠤᠶᠢᠯ ᠤᠨ | ᠵᠠᠰᠠᠭ ᠵᠠᠬᠢᠷᠭᠠᠨ ᠤ ᠡᠷᠬᠡ ᠶᠢᠨ ᠵᠤᠶᠢᠯᠡᠰ ᠢ ᠣᠯᠭᠤᠪᠠ᠃ ᠡᠷᠬᠡ ᠶᠢ ᠳᠣᠷᠣᠭᠰᠢ ᠪᠠᠭᠤᠯᠭᠠᠬᠤ ᠪᠠ ᠬᠦᠯᠢᠶᠡᠨ ᠠᠪᠬᠤ | ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ ᠱᠠᠭᠠᠷᠳᠠᠯᠭ᠎ᠠ ᠶᠣᠰᠣᠭᠠᠷ 5 | ᠨᠠᠮ ᠵᠠᠰᠠᠭ ᠤᠨ ᠪᠠᠶᠢᠭᠤᠯᠤᠮᠵᠢ ︵ᠨᠠ᠊ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠂ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠂ | ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ︶᠂ 3 | ᠳᠡᠳ᠋ ᠰᠠᠯᠠᠭᠠᠨ ᠤ ᠲᠡᠰ ᠤᠨ ᠠᠵᠢᠯ ᠦᠢᠯᠡᠰ ᠤᠨ ᠨᠢᠭᠡᠴᠡ ︵ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ | ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠶᠡᠷᠦᠩᠬᠡᠶᠢᠯᠡᠭᠰᠡᠨ ᠪᠠᠲᠤᠯᠠᠭ᠎ᠠ ᠪᠠ | ᠮᠡᠷᠭᠡᠵᠢᠯ ᠳᠡᠯᠭᠡᠷᠡᠭᠦᠯᠬᠦ ᠲᠥᠪ︶ ᠪᠠᠶᠢᠭᠤᠯᠵᠤ᠂ ᠠᠯᠪᠠᠨ ᠭᠡᠷ᠂ ᠲᠣᠪᠴᠢᠶ᠎ᠠ᠂ ᠲᠥᠪ ᠤᠨ ᠬᠠᠷᠢᠭᠤᠴᠠᠯᠭᠠᠲᠠᠨ ᠪᠠ | ᠠᠵᠢᠯᠲᠠᠨ ᠢ ᠪᠦᠷᠢᠨ ᠲᠤᠬᠢᠷᠠᠭᠤᠯᠵᠠᠢ᠃ ᠠᠵᠢᠯᠯᠠᠬᠤ ᠲᠠᠯᠠᠪᠤᠷ ᠭᠠᠵᠠᠷ᠂ ᠠᠵᠢᠯᠯᠠᠬᠤ ᠲᠥᠬᠦᠭᠡᠷᠦᠮᠵᠢ ᠶᠢᠨ | ᠲᠣᠬᠢᠷᠠᠭᠤᠯᠤᠯᠲᠠ ᠶᠢ ᠪᠣᠳᠠᠲᠠᠶᠢᠵᠢᠭᠤᠯᠵᠤ᠂ ᠡᠷᠬᠡ ᠶᠢ ᠳᠠᠭᠠᠭᠠᠨ ᠠᠪᠬᠤ ᠨᠥᠬᠦᠴᠡᠯ ᠢ ᠪᠦᠷᠢᠯᠳᠦᠭᠦᠯᠪᠡ᠃ | 2020 ᠤᠨ 6 ᠰᠠᠷ᠎ᠠ ᠶᠢᠨ 4 ᠤ ᠡᠳᠦᠷ ᠤᠨ 12 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠠᠴᠠ ᠰᠤᠳᠤᠯᠵᠤ᠂ ᠰᠢᠶᠠᠩ ᠪᠠᠯᠭᠠᠰᠤᠨ ᠳᠤ ᠣᠯᠭᠤᠭᠰᠠᠨ 99 ᠵᠦᠢᠯ ᠤᠨ ᠡᠷᠬᠡ ᠶᠢᠨ ᠲᠤᠬᠠᠢ ᠲᠦᠷᠦᠭᠦᠦ | ᠪᠦᠯᠦᠭ 76 ᠵᠦᠢᠯ ᠢ ᠳᠣᠷᠣᠭᠰᠢ ᠪᠠᠭᠤᠯᠭᠠᠬᠤ ᠪᠠᠷ ᠲᠣᠭᠲᠠᠪᠠ᠂ ᠳᠣᠷᠣᠭᠰᠢ ᠪᠠᠭᠤᠯᠭᠠᠬᠤ ᠵᠤᠶᠢᠯᠡᠰ ᠲᠤ ᠵᠠᠰᠠᠭ | ᠵᠠᠬᠢᠷᠭᠠᠨ ᠤ ᠵᠥᠪᠰᠢᠶᠡᠷᠡᠯ 10 ᠵᠤᠶᠢᠯ᠂ ᠵᠠᠰᠠᠭ ᠵᠠᠬᠢᠷᠭᠠᠨ ᠤ ᠦᠭᠭᠦᠯᠲᠡ 2 ᠵᠤᠶᠢᠯ ᠦᠭᠭᠦᠯᠲᠡ᠂ ᠵᠠᠰᠠᠭ | ᠵᠠᠬᠢᠷᠭᠠᠨ ᠤ ᠰᠢᠳᠭᠡᠯ 64 ᠵᠤᠶᠢᠯ᠂ ᠪᠤᠰᠤᠳ 23 ᠵᠤᠶᠢᠯ ᠢ ᠨᠢ ᠲᠦᠷ ᠬᠤᠶᠢᠰᠢᠯᠠᠭᠤᠯᠵᠤ ᠳᠣᠷᠣᠭᠰᠢ ᠪᠠᠭᠤᠯᠭᠠᠨ᠎ᠠ | ᠃ ᠲᠦᠷ ᠬᠤᠶᠢᠰᠢᠯᠠᠭᠤᠯᠬᠤ ᠵᠤᠶᠢᠯᠡᠰ ᠲᠤ ᠵᠠᠰᠠᠭ ᠵᠠᠬᠢᠷᠭᠠᠨ ᠤ ᠵᠥᠪᠰᠢᠶᠡᠷᠡᠯ 3 ᠵᠤᠶᠢᠯ᠂ ᠵᠠᠰᠠᠭ ᠵᠠᠬᠢᠷᠭᠠᠨ ᠤ | ᠦᠭᠭᠦᠯᠲᠡ 3 ᠵᠦᠢᠯ᠂ ᠵᠠᠰᠠᠭ ᠵᠠᠬᠢᠷᠭᠠᠨ ᠤ ᠨᠤᠲᠠᠯᠠᠯᠲᠠ 1 ᠵᠦᠶ᠋ᠯ᠂ ᠵᠠᠰᠠᠭ ᠵᠠᠬᠢᠷᠭᠠᠨ ᠤ ᠰᠢᠳᠬᠡᠯ 16 ᠵᠦᠢᠯ | ᠪᠠᠭᠲᠠᠨ᠎ᠠ᠂ ︵ᠪᠣᠳᠠᠲᠠᠶ ᠳᠣᠷᠣᠭᠰᠢ ᠪᠠᠭᠤᠯᠭᠠᠬᠤ ᠪᠠ ᠲᠦᠷ ᠬᠤᠶᠢᠰᠢᠯᠠᠭᠤᠯᠬᠤ ᠵᠤᠶᠢᠯᠡᠰ ᠢ ᠠᠷᠤ ᠳᠤ | ᠳᠠᠭᠠᠯᠳᠤᠭᠤᠯᠪᠠ︶᠃ | ᠰᠢᠶᠠᠩ ᠪᠠᠯᠭᠠᠰᠤᠨ ᠤ ᠡᠭᠦᠷᠭᠡ ᠴᠢᠳᠠᠪᠤᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠨᠢᠭᠡᠨ | ᠰᠢᠰᠲ᠋ᠧᠮᠲᠦ ᠴᠢᠨᠠᠷᠲᠠᠶ ᠥᠭᠡᠷᠡᠴᠢᠯᠡᠯᠲᠡ ᠪᠣᠯᠤᠨ᠎ᠠ᠃ ᠡᠯ᠎ᠡ ᠰᠠᠯᠠᠭ᠎ᠠ ᠮᠥᠴᠢᠷ ᠬᠦᠴᠦ ᠬᠠᠮᠲᠤᠷᠠᠨ ᠬᠠᠮᠵᠢᠯᠴᠠᠵᠤ᠂ | ᠬᠠᠷᠢᠯᠴᠠᠨ ᠬᠠᠮᠵᠢᠯᠴᠠᠬᠤ ᠴᠢᠬᠤᠯᠠᠲᠠᠶ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠨᠦᠭᠦᠳ ᠵᠠᠰᠠᠭ ᠵᠠᠬᠢᠷᠭᠠᠨ ᠤ | ᠡᠷᠬᠡ ᠶᠢᠨ ᠤᠴᠢᠷ ᠶᠠᠪᠤᠳᠠᠯ ᠢ ᠦᠨᠡᠨᠬᠦ ᠳᠣᠷᠣᠭᠰᠢ ᠪᠠᠭᠤᠯᠭᠠᠬᠤ ᠶᠢ ᠪᠠᠲᠤᠯᠠᠵᠤ᠂ ᠰᠢᠶᠠᠩ ᠪᠠᠯᠭᠠᠰᠤ ᠨᠤᠭᠤᠳ | ᠬᠦᠯᠢᠶᠡᠨ ᠠᠪᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠵᠠᠪᠰᠠᠷ ᠦᠭᠡᠢ ᠪᠠᠷ ᠵᠤᠯᠭᠠᠭᠤᠯᠵᠤ᠂ ᠡᠷᠬᠡ ᠶᠢᠨ ᠣᠷᠣᠨ | ᠪᠠᠶᠢᠷᠢ ᠳᠤᠲᠠᠬᠤ ᠦᠭᠡᠢ᠂ ᠣᠷᠣᠨ ᠪᠠᠶᠢᠷᠢ ᠠᠴᠠ ᠳᠠᠪᠠᠭ᠋ᠤ ᠦᠭᠡᠢ᠂ ᠣᠷᠣᠨ ᠪᠠᠶᠢᠷᠢ ᠠᠴᠠ ᠳᠠᠪᠠᠭ᠋ᠤ ᠦᠭᠡᠢ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠨᠢ ᠳᠣᠷᠣᠭᠰᠢ ᠪᠠᠭᠤᠯᠭᠠᠭᠰᠠᠨ ᠡᠷᠬᠡ ᠶᠢᠨ | ᠤᠴᠢᠷ ᠶᠠᠪᠤᠳᠠᠯ ᠳᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ᠂ | ᠠᠵᠢᠯ ᠤᠨ ᠴᠤᠪᠤᠷᠠᠯ ᠢ ᠭᠠᠷᠳᠠᠨ ᠨᠠᠶᠢᠲᠠᠭᠤᠯᠵᠤ᠂ ᠲᠡᠷᠡᠴᠢᠯᠡᠨ ᠳᠣᠷᠣᠭᠰᠢ ᠪᠠᠭᠤᠯᠭᠠᠭᠰᠠᠨ ᠡᠷᠬᠡ ᠪᠠ ᠤᠴᠢᠷ | ᠶᠠᠪᠤᠳᠠᠯ ᠢ ︽ᠳᠠᠷᠦ᠋ᠢᠬᠠᠨ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ᠂ ᠦᠷ᠎ᠡ ᠬᠠᠪᠢ ᠳᠤᠨᠢ | ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ︾ ᠶᠤᠰᠤᠭᠠᠷ ᠲᠥᠷᠥᠯ ᠬᠤᠪᠢᠶᠠᠨ ᠡᠮᠬᠢᠯᠡᠵᠦ᠂ ᠡᠭᠦᠨ ᠤ | ᠬᠠᠮᠲᠤ ︽ᠳᠥᠷᠪᠡᠨ ᠠᠯᠪᠠᠨ ᠬᠡᠷ︾ ᠤᠨ ᠨᠠᠷᠢᠨ ᠲᠠᠩᠰᠠ ᠶᠢ ᠢᠯᠡ ᠪᠣᠯᠭᠠᠵᠤ᠂ ᠥᠪᠡᠷᠲᠡᠭᠡᠨ ᠵᠠᠰᠠᠬᠤ ᠤᠷᠤᠨ ᠤ | ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠠᠪᠴᠠᠩ ︵http://59.196 23.140 /︶ ᠬᠡᠷᠡᠭ ᠶᠠᠪᠤᠳᠠᠯ ᠢ | ᠲᠠᠨᠢᠵᠤ ᠠᠪᠴᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠤᠨ ︽ᠨᠢᠭᠡ ᠥᠷᠲᠡᠭᠡᠨ ᠤ ᠮᠠᠶ᠋ᠢᠭ ᠤᠨ | ᠤᠶᠢᠯᠡᠴᠢᠯᠡᠭᠡ︾ ︽ᠨᠢᠭᠡ ᠯᠡ ᠬᠡᠷ ᠤᠨ ᠬᠡᠯᠪᠡᠷᠢ ᠪᠠᠷ ᠭᠦᠢᠴᠡᠳᠭᠡᠬᠦ︾ ᠶᠢ ᠪᠡᠶᠡᠯᠡᠭᠦᠯᠤᠨ᠎ᠡ᠃ ᠲᠣᠰᠬᠤᠨ ᠤ | ᠱᠠᠲᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠣᠷᠣᠯᠠᠨ ᠲᠤᠰᠢᠶᠠᠵᠤ | ᠣᠷᠣᠯᠠᠨ ᠭᠦᠢᠴᠡᠳᠭᠡᠬᠦ ᠪᠠ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠲᠦᠷᠭᠡᠨ ᠬᠦᠷᠭᠡᠬᠦ᠂ ᠣᠷᠣᠯᠠᠨ | ᠭᠦᠢᠴᠡᠳᠭᠡᠵᠤ ᠬᠦᠷᠭᠡᠬᠦ ᠵᠡᠷᠭᠡ ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡᠨ ᠢ ᠥᠷᠨᠢᠭᠦᠯᠵᠦ᠂ ᠤᠯᠡᠨ᠊ | ᠨᠡᠶᠢᠲᠡ ᠶᠢᠨ ᠦᠨᠳᠦᠰᠦᠨ ᠤᠶᠢᠯᠡᠴᠢᠯᠡᠭᠡᠨ ᠤ ᠵᠤᠶᠢᠯᠡᠰ ᠢ ᠵᠠᠰᠠᠭ ᠵᠠᠬᠢᠷᠭᠠᠨ ᠤ ᠲᠣᠰᠬᠤᠨ ᠪᠠ ᠨᠡᠶᠢᠭᠡᠮ | ᠲᠤᠭᠤᠷᠢᠨ ᠤᠨ ᠤᠶᠢᠯᠡᠴᠢᠯᠡᠭᠡᠨ ᠤ ᠥᠷᠲᠡᠭᠡ ᠴᠢᠭ ᠲᠤ ᠣᠷᠣᠵᠤ ᠭᠦᠢᠴᠡᠳᠭᠡᠨ᠎ᠡ᠃ | ᠡᠨᠡ ᠤᠳᠠᠭ᠎ᠠ ᠳᠣᠷᠣᠭᠰᠢ ᠪᠠᠭᠤᠯᠭᠠᠭᠰᠠᠨ ᠡᠷᠬᠡ ᠨᠢ ᠭᠠᠵᠠᠷ ᠰᠢᠷᠣᠶ᠂ ᠡᠷᠡᠭᠦᠯ ᠬᠠᠮᠠᠭᠠᠯᠠᠯ᠂ ᠣᠢ ᠰᠢᠭᠤᠶ | ᠡᠪᠡᠰᠦ ᠪᠡᠯᠴᠢᠭᠡᠷ᠂ ᠬᠤᠲᠠ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠤᠰᠤᠨ ᠠᠰᠢᠭᠯᠠᠯᠲᠠ᠂ ᠵᠠᠮ | ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ᠂ ᠨᠡᠶᠢᠭᠡᠮ ᠤᠨ ᠪᠠᠲᠤᠯᠠᠭ᠎ᠠ᠂ ᠡᠮ | ᠡᠮᠨᠡᠯᠭᠡ ᠶᠢᠨ ᠳᠠᠭᠠᠳᠬᠠᠯ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠤᠨ | ᠤᠴᠢᠷ ᠶᠠᠪᠤᠳᠠᠯ ᠳᠤ ᠬᠤᠯᠪᠣᠭᠳᠠᠵᠤ᠂ ᠬᠤᠯᠪᠣᠭᠳᠠᠬᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠪᠣᠯᠤᠨ ᠲᠥᠷᠥᠯ ᠵᠤᠶᠢᠯ ᠨᠡᠯᠢᠶᠡᠳ ᠣᠯᠠᠨ ᠪᠠᠶᠢᠨ᠎ᠠ᠃ ᠡᠯ᠎ᠡ ᠰᠠᠯᠠᠭ᠎ᠠ ᠮᠥᠴᠢᠷ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠤᠨ ᠠᠵᠢᠯ ᠢ ᠰᠠᠶᠢᠲᠤᠷ ᠬᠢᠵᠦ᠂ ᠡᠮᠦᠨᠡᠬᠢ ᠬᠤᠭᠤᠴᠠᠭᠠᠨ ᠤ ︽ᠤᠯᠠᠮᠵᠢᠯᠠᠬᠤ᠂ ᠬᠠᠪᠰᠤᠷᠬᠤ᠂ | ᠳᠠᠭᠠᠭᠤᠯᠬᠤ︾ ᠠᠵᠢᠯ ᠤᠨ ᠰᠠᠭᠤᠷᠢᠨ ᠳᠡᠭᠡᠷ᠎ᠡ᠂ ᠰᠢᠶᠠᠩ ᠪᠠᠯᠭᠠᠰᠤ ᠶᠢ ᠬᠠᠪᠰᠤᠷᠤᠨ ᠵᠠᠰᠠᠭ ᠵᠠᠬᠢᠷᠭᠠᠨ ᠤ | ᠡᠷᠬᠡ ᠪᠠᠨ ᠬᠡᠷᠡᠭᠵᠢᠭᠦᠯᠬᠦ ᠣᠶᠢᠶ᠎ᠠ ᠳᠤ ᠲᠣᠬᠢᠶᠠᠯᠳᠤᠭᠰᠠᠨ ᠠᠰᠠᠭᠤᠳᠠᠯ ᠢ ᠨᠢ ᠰᠢᠶ᠋ᠳᠪᠦᠷᠢᠯᠡᠵᠦ ᠥᠭᠭᠦᠨ᠎ᠡ᠃ | ᠶᠠᠭᠠᠬᠢᠭᠰᠠᠨ ᠴᠤ ︽ᠲᠠᠯᠪᠢᠴᠢᠬᠠᠭᠰᠠᠨ︾ ᠪᠠᠶᠢᠵᠤ ᠪᠣᠯᠬᠤ ᠦᠭᠡᠢ᠃ ᠬᠠᠤᠯᠢ ᠴᠠᠭᠠᠵᠠ ᠶᠢᠨ ᠰᠠᠯᠠᠭ᠎ᠠ ᠮᠥᠴᠢᠷ | ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠰᠢᠶᠠᠩ ᠪᠠᠯᠭᠠᠰᠤᠨ ᠳᠤ ᠰᠢᠯᠵᠢᠭᠦᠯᠦᠭᠰᠡᠨ ᠵᠠᠰᠠᠭ ᠵᠠᠬᠢᠷᠭᠠᠨ ᠤ ᠡᠷᠬᠡ ᠶᠢᠨ | ᠤᠴᠢᠷ ᠶᠠᠪᠤᠳᠠᠯ ᠳᠤ ᠬᠠᠤᠯᠢ ᠬᠡᠷᠡᠭᠵᠢᠭᠦᠯᠬᠦ ᠪᠤᠯᠪᠠᠰᠤᠷᠠᠭᠤᠯᠤᠯ ᠤᠨ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ | ᠰᠢᠶᠠᠩ ᠪᠠᠯᠭᠠᠰᠤᠨ ᠤ ᠠᠵᠢᠯᠲᠠᠨ ᠢ ᠠᠯᠢ ᠲᠦᠷᠭᠡᠨ ᠢᠶᠠᠷ ᠲᠤᠬᠠᠶᠢᠯᠠᠭᠰᠠᠨ ᠠᠵᠢᠯ ᠳᠠᠭᠠᠨ ᠪᠣᠯᠪᠠᠰᠤᠷᠠᠩᠭᠤᠶ ᠪᠤᠯᠭᠠᠵᠤ | ᠂ ᠬᠠᠤᠯᠢ ᠴᠠᠭᠠᠵᠠ ᠶᠢᠨ ᠦᠨᠳᠦᠰᠦᠯᠡᠯ ᠬᠠᠤᠯᠢ ᠬᠡᠷᠡᠭᠵᠢᠭᠦᠯᠬᠦ ᠶᠠᠪᠤᠴᠠ ᠶᠢ ᠲᠣᠳᠣᠷᠬᠠᠶ ᠣᠶᠢᠯᠠᠭᠠᠬᠤ ᠶᠢᠨ ᠬᠠᠮᠲᠤ | ᠰᠢᠶᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠬᠠᠤᠯᠢ ᠬᠡᠷᠡᠭᠵᠢᠭᠦᠯᠬᠦ ᠦᠨᠡᠮᠯᠡᠯ ᠣᠯᠭᠤᠬᠤ ᠶᠢ | ᠳᠠᠷᠦ᠋ᠢᠬᠠᠨ ᠬᠠᠪᠰᠤᠷᠤᠨ᠎ᠠ᠃ ᠳᠣᠷᠣᠭᠰᠢ ᠪᠠᠭᠤᠯᠭᠠᠭᠰᠠᠨ ᠬᠠᠤᠯᠢ ᠬᠡᠷᠡᠭᠵᠢᠭᠦᠯᠬᠦ ᠵᠤᠶᠢᠯᠡᠰ ᠢ ᠦᠨᠡᠨᠬᠦ ᠥᠷᠨᠢᠭᠦᠯᠵᠦ᠂ | ᠲᠣᠮᠢᠯᠠᠨ ᠰᠠᠭᠤᠯᠭᠠᠭᠰᠠᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠠᠤᠯᠢ ᠪᠠᠷᠢᠬᠤ ᠭᠠᠵᠠᠷ ᠨᠢ | ᠰᠢᠶᠠᠩ ᠪᠠᠯᠭᠠᠰᠤ ᠶᠢᠨ ᠨᠢᠭᠡᠳᠦᠯᠲᠡᠶ ᠬᠠᠤᠯᠢ ᠬᠡᠷᠡᠭᠵᠢᠭᠦᠯᠬᠦ ᠰᠢᠰᠲ᠋ᠧᠮ ᠢ ᠬᠡᠷᠬᠢᠨ ᠪᠣᠶ ᠪᠣᠯᠭᠠᠵᠤ ᠪᠣᠳᠠᠲᠠᠶ ᠰᠠᠨᠠᠯ ᠢ | ᠨᠠᠶᠢᠳᠡᠯᠨ ᠲᠣᠭᠲᠠᠭᠠᠬᠤ ᠶᠢ ᠪᠠᠲᠤᠯᠠᠬᠤ ᠬᠡᠷᠡᠭᠲᠡᠶ᠃ | ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 6 ᠰᠠᠷ᠎ᠠ ᠶᠢᠨ 4 ᠤ ᠡᠳᠦᠷ | | ᠬᠠᠭᠤᠯᠤᠨ ᠬᠦᠷᠭᠡᠬᠦ᠄ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ | | | ᠣᠷᠴᠢᠭᠤᠯᠤᠭᠴᠢ᠄ ᠨᠠᠷᠠᠰᠤ ᠡᠷᠳᠡᠨᠢᠭᠤᠸ᠎ᠠ |