2020 ᠣᠨ ᠤ 7 ᠰᠠᠷ᠎ᠠ ᠳᠤ ᠰᠢᠩ ᠾᠧ ᠰᠢᠶᠠᠨ ᠤ ᠭᠤᠤᠯ ᠠᠵᠤ ᠠᠬᠤᠶ ᠶᠢᠨ ᠭᠦᠢᠴᠡᠳᠬᠡᠯ  ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2020/8/11
      7 ᠰᠠᠷ᠎ᠠ ᠳᠤ᠂ ᠰᠢᠩ ᠾᠧ ᠰᠢᠶᠠᠨ ᠤ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 28.6 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.4%᠎ ᠪᠠᠷ ᠨᠡᠮᠡᠭᠳᠡᠪᠡ᠃ ᠲᠤᠰᠪᠤᠷᠢ ᠨᠢᠭᠡᠳᠦᠭᠡᠷ ᠠᠵᠤ ᠦᠢᠯᠡᠰ 3.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.6%᠎ ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ 8.93 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ 15.87 ᠳ᠋ᠦᠩᠰᠢᠭᠤᠷ ᠲᠥᠭᠦᠷᠢᠭ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 32.85 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.4% ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.45 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.7%᠎ ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 6.64 ᠲᠥᠭᠦᠷᠢᠭ ᠢ ᠪᠡᠶᠡᠯᠡᠭᠦᠯᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰᠪᠦᠷᠢ 17249 ᠲᠥᠭᠦᠷᠢᠭ ᠪᠠ 6198 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1% ᠪᠠ 0.8%᠎ ᠪᠠᠷ ᠨᠡᠮᠡᠭᠳᠡᠪᠡ︔ ᠨᠢᠭᠡᠴᠢ ᠠᠵᠢᠯᠯᠠᠵᠤ ᠪᠠᠶᠢᠭ᠎ᠠ ᠬᠥᠮᠦᠰ ᠤᠨ ᠬᠥᠳᠡᠯᠮᠦᠷᠢ ᠶᠢᠨ ᠬᠥᠯᠥᠰᠥ ᠣᠯᠭᠤᠮᠵᠢ 23235 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1%᠎ ᠪᠠᠷ ᠨᠡᠮᠡᠭᠳᠡᠪᠡ︔ 7 ᠰᠠᠷ᠎ᠠ ᠳᠤ ᠰᠢᠩ ᠾᠧ ᠰᠢᠶᠠᠨ ᠤ ᠠᠵᠤ ᠠᠬᠤᠢ ᠶᠢᠨ ᠬᠡᠳᠦᠨ ᠵᠦᠢᠯ ᠤᠨ ᠭᠤᠣᠯ ᠭᠦᠢᠴᠡᠳᠬᠡᠬᠦ ᠲᠤᠭ᠎ᠠ ᠴᠥᠮ ᠨᠡᠮᠡᠭᠳᠡᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠪᠠᠶᠢᠬᠤ ᠨᠢ ᠰᠢᠩ ᠾᠧ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠪᠠᠶᠢᠩᠭᠤᠵᠢᠭᠰᠠᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠰᠠᠶᠢᠨ ᠪᠠᠶᠢᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠲᠣᠭᠲᠠᠭᠤᠨ ᠢᠶᠠᠷ ᠳᠡᠭᠡᠭᠰᠢᠯᠡᠪᠡ᠃                                                                         ᠣᠷᠴᠢᠭᠤᠯᠤᠭᠴᠢ᠄ ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3