︽ᠰᠢᠩ ᠾᠧ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/8/13
     ︽ᠰᠢᠩ ᠾᠧ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ      ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠤ᠄      ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠰᠢᠩ ᠾᠧ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃                                                                          ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2020 ᠣᠨ ᠤ 8 ᠰᠠᠷ᠎ᠠ ᠶᠢᠨ 13 ᠤ ᠡᠳᠦᠷ                                                                                       ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶       ᠰᠢᠩ ᠾᠧ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠦᠯ       ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2019 ︺ 54 ᠳ᠋ᠦᠭᠡᠷ ᠲᠣᠭᠠᠲᠤ ︶ ᠪᠠ ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2020 ︺ 2 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠳᠦᠷᠢᠮᠵᠢᠭᠦᠯᠬᠦ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠤᠶᠢᠯᠡᠴᠢᠯᠡᠭᠡᠨ ᠤ ᠬᠢᠷᠢ ᠲᠦᠪᠰᠢᠨ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠦᠨᠡᠨᠬᠦ ᠳᠡᠭᠡᠭᠰᠢᠯᠡᠭᠦᠯᠵᠦ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂  ᠤᠨᠴᠠᠭᠠᠶᠢᠯᠡᠨ ᠳᠣᠤᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃       ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠬᠠᠷᠢᠭᠤᠴᠠᠯᠭ᠎ᠠ ᠶᠢᠨ ᠭᠤᠤᠯ ᠴᠣᠭᠴᠠ᠃ ᠪᠦᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠨᠠᠶᠢᠳᠠᠵᠤ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠲᠣᠰ ᠨᠢᠭᠡᠴᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠬᠡᠷᠡᠭᠵᠢᠭᠦᠯᠬᠦ ᠲᠥᠰᠦᠯ ᠢ ᠰᠤᠳᠤᠯᠤᠨ ᠲᠤᠭᠲᠠᠭᠠᠬᠤ ᠶᠢ ᠬᠠᠷᠢᠭᠤᠴᠠᠵᠤ᠂ ᠢᠯᠡ ᠪᠣᠯᠭᠠᠬᠤ ᠠᠭᠤᠯᠠᠨ᠎ᠠ᠂ ᠬᠦᠷᠢᠶ᠎ᠡ ᠬᠡᠪᠴᠢᠶ᠎ᠡ᠂ ᠠᠷᠭ᠎ᠠ ᠮᠠᠶ᠋ᠢᠭ᠂ ᠴᠠᠭ ᠤᠨ ᠬᠢᠵᠠᠭᠠᠷ ᠪᠠ ᠬᠠᠷᠢᠭᠤᠴᠠᠯᠭ᠎ᠠ ᠶᠢᠨ ᠭᠤᠤᠯ ᠴᠣᠭᠴᠠ ᠵᠡᠷᠭᠡ ᠠᠵᠢᠯ ᠢ ᠲᠣᠳᠣᠷᠬᠠᠶᠢᠯᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃       ︵ᠬᠤᠶᠠᠷ︶ ᠢᠯᠡ ᠪᠣᠯᠭᠠᠬᠤ ᠠᠷᠭ᠎ᠠ ᠮᠠᠶ᠋ᠢᠭ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠮᠢᠳᠤᠯᠢᠭ ᠪᠥᠭᠡᠳ ᠣᠯᠠᠨ ᠶᠠᠩᠵᠤ ᠶᠢᠨ ᠠᠷᠭ᠎ᠠ ᠮᠠᠶ᠋ᠢᠭ ᠢ ᠠᠪᠴᠤ᠂ ᠢᠯᠡ ᠪᠣᠯᠭᠠᠬᠤ ᠠᠷᠭ᠎ᠠ ᠮᠠᠶ᠋ᠢᠭ᠂ ᠴᠠᠭ ᠤᠨ ᠬᠢᠵᠡᠭᠠᠷ᠂ ᠡᠲᠡᠭᠡᠳ ᠪᠣᠯᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠢ ᠱᠠᠭᠠᠷᠳᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠳᠤ᠂ ᠵᠠᠰᠠᠭ ᠤᠨ ᠣᠷᠳᠣᠨ ᠤ ᠠᠯᠪᠠᠨ ᠮᠡᠳᠡᠭᠡ᠂ ᠢᠯᠡ ᠪᠤᠯᠤᠩ᠂ ᠡᠯᠧᠺᠲᠷᠣᠨ ᠳᠡᠯᠭᠡᠴᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠢᠴᠢ ᠠᠯᠪᠠᠨ ᠲᠠᠯ᠎ᠠ ᠶᠢᠨ ᠪᠢᠴᠢᠯ ᠪᠦᠷᠭᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠣᠯᠠᠨ ᠨᠡᠶᠢᠲᠡ ᠶᠢᠨ ᠮᠡᠳᠡᠬᠦ ᠳᠤ ᠳᠥᠭᠦᠮ ᠠᠷᠭ᠎ᠠ ᠮᠠᠶ᠋ᠢᠭ ᠢᠶᠠᠷ ᠢᠯᠡ ᠪᠣᠯᠭᠠᠬᠤ ᠬᠡᠷᠡᠭᠲᠡᠶ᠃ ᠠᠷᠠᠳ ᠢᠷᠭᠡᠨ᠂ ᠬᠠᠤᠯᠢ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠪᠠᠷ ᠭᠤᠶᠤᠴᠢᠯᠠᠭᠰᠠᠨ ᠪᠠᠶᠢᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠳᠤ ᠳᠤᠷᠠᠳᠬᠤ ᠬᠡᠷᠡᠭᠲᠡᠶ ᠪᠥᠭᠡᠳ ᠵᠠᠬᠢᠳᠠᠯ ᠴᠢᠮᠡᠭᠡ᠂ ᠳ᠋ᠠᠶᠢᠲ᠋ᠠ ᠡᠯᠧᠺᠲᠷᠣᠨ ᠪᠢᠴᠢᠭ ᠢ ᠪᠠᠭᠲᠠᠭᠠᠭᠰᠠᠨ ᠪᠢᠴᠢᠭ ᠤᠨ ᠬᠡᠯᠪᠡᠷᠢ ᠶᠢ ᠬᠡᠷᠡᠭᠯᠡᠬᠦ ᠬᠡᠷᠡᠭᠲᠡᠶ︔ ᠪᠢᠴᠢᠭ ᠤᠨ ᠬᠡᠯᠪᠡᠷᠢ ᠶᠢ ᠬᠡᠷᠡᠭᠯᠡᠬᠦ ᠳᠤ ᠦᠨᠡᠬᠡᠷ ᠬᠦᠴᠢᠷᠲᠡᠶ ᠪᠠᠶᠢᠪᠠᠯ᠂ ᠭᠤᠶᠤᠴᠢᠯᠠᠭᠴᠢ ᠨᠢ ᠠᠮᠠ ᠪᠠᠷ ᠳᠤᠷᠳᠤᠨ ᠭᠠᠷᠭᠠᠵᠤ ᠪᠣᠯᠤᠨ᠎ᠠ᠂ ᠲᠤᠰ ᠭᠤᠶᠤᠴᠢᠯᠠᠯ ᠢ ᠰᠢᠶ᠋ᠳᠪᠦᠷᠢᠯᠡᠬᠦ ᠪᠠᠷ ᠬᠦᠯᠢᠶᠡᠨ ᠠᠪᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠷᠣᠯᠠᠨ ᠲᠠᠭᠯᠠᠨ᠎ᠠ᠃       ︵ᠭᠤᠷᠪᠠ︶ ᠢᠯᠡ ᠪᠣᠯᠭᠠᠬᠤ ᠴᠠᠭ ᠬᠢᠵᠠᠭᠠᠷ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠢᠯᠡ ᠪᠣᠯᠭᠠᠭᠰᠠᠨ ᠠᠭᠤᠯᠠᠨ᠎ᠠ ᠶᠣᠰᠣᠭᠠᠷ᠂ ᠪᠠᠶᠢᠩᠭᠤ ᠶᠢᠨ ᠴᠢᠨᠠᠷᠲᠠᠶ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠵᠤ᠂ ᠪᠠᠶᠢᠩᠭᠤ ᠶᠢᠨ ᠴᠢᠨᠠᠷᠲᠠᠢ ᠠᠵᠢᠯ ᠢ ᠬᠡᠰᠡᠭ ᠬᠡᠰᠡᠭ ᠢᠶᠠᠷ ᠢᠯᠡ ᠪᠣᠯᠭᠠᠵᠤ᠂ ᠲᠦᠷ ᠴᠠᠭ ᠤᠨ ᠴᠢᠨᠠᠷᠲᠠᠶ ᠠᠵᠢᠯ ᠢ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠃ ᠠᠯᠤᠰ ᠬᠡᠲᠦ ᠶᠢᠨ ᠲᠥᠯᠥᠪᠵᠢᠭᠦᠯᠪᠡ᠂ ᠠᠵᠢᠯ ᠤᠨ ᠲᠥᠯᠥᠪᠯᠡᠭᠡ᠂ ᠭᠤᠤᠯᠳᠠᠯᠭ᠎ᠠ ᠲᠠᠢ ᠢᠨᠵᠧᠨᠧᠷᠢᠩ᠂ ᠭᠤᠤᠯᠳᠠᠯᠭ᠎ᠠ ᠲᠠᠢ ᠠᠵᠢᠯ᠂ ᠡᠳ᠋ ᠤᠨ ᠵᠠᠰᠠᠭ ᠤᠨ ᠲᠥᠰᠦᠪ᠂ ᠠᠵᠢᠯ ᠤᠨ ᠳᠦᠷᠢᠮ᠂ ᠠᠵᠢᠯ ᠶᠠᠪᠤᠳᠠᠯ ᠭᠦᠢᠴᠡᠳᠭᠡᠬᠦ ᠳᠡᠰ ᠳᠠᠷᠠᠭᠠᠯᠠᠯ᠂ ᠰᠤᠶᠢᠳᠭᠡᠯ ᠬᠤᠷᠢᠶᠠᠬᠤ ᠪᠠᠷᠢᠮᠵᠢᠶ᠎ᠠ᠂ ᠲᠥᠷᠥ ᠶᠢᠨ ᠪᠣᠳᠣᠯᠭ ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ᠂ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠡᠷᠭᠡ ᠪᠠᠶᠢᠳᠠᠯ ᠤᠷᠳᠤ ᠬᠤᠭᠤᠴᠠᠭ᠎ᠠ ᠪᠠᠷ ᠢᠯᠡ ᠪᠣᠯᠭᠠᠬᠤ ᠬᠡᠷᠡᠭᠲᠡᠶ︔ ᠤᠯᠠᠷᠢᠯ ᠤᠨ ᠠᠵᠢᠯ ᠤᠨ ᠲᠥᠯᠥᠪᠯᠡᠭᠡ ᠵᠢᠴᠢ ᠬᠡᠷᠡᠭᠵᠢᠭᠦᠯᠦᠭᠰᠡᠨ ᠪᠠᠶᠢᠳᠠᠯ᠂ ᠭᠤᠣᠯᠳᠠᠯᠭ᠎ᠠ ᠲᠠᠢ ᠢᠨᠵᠧᠨᠧᠷᠢᠩ ᠪᠠ ᠭᠤᠣᠯᠳᠠᠯᠭ᠎ᠠ ᠲᠠᠢ ᠠᠵᠢᠯ ᠤᠨ ᠠᠬᠢᠴᠠ ᠵᠡᠷᠭᠡ ᠪᠠᠶᠢᠳᠠᠯ᠂ ᠤᠯᠠᠷᠢᠯ ᠢᠶᠠᠷ ᠢᠯᠡ ᠪᠣᠯᠭᠠᠬᠤ ᠬᠡᠷᠡᠭᠲᠡᠶ︔ ᠰᠠᠷ᠎ᠠ ᠶᠢᠨ ᠭᠤᠤᠯᠳᠠᠯᠭ᠎ᠠ ᠲᠠᠢ ᠠᠵᠢᠯ ᠵᠢᠴᠢ ᠪᠡᠶᠡᠯᠡᠭᠦᠯᠦᠭᠰᠡᠨ ᠪᠠᠶᠢᠳᠠᠯ᠂ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠰᠠᠷ᠎ᠠ ᠪᠠᠷ ᠢᠯᠡ ᠪᠣᠯᠭᠠᠬᠤ ᠬᠡᠷᠡᠭᠲᠡᠶ᠃ ᠴᠢᠬᠤᠯᠠ ᠶᠡᠭᠡ ᠰᠢᠢᠳᠪᠤᠷᠢᠲᠤ ᠪᠣᠳᠣᠯᠭ᠎ᠠ ᠲᠣᠭᠲᠠᠭᠠᠬᠤ ᠵᠤᠶᠢᠯᠡᠰ᠂ ᠵᠠᠰᠠᠭ ᠤᠨ ᠣᠷᠳᠣᠨ ᠬᠤᠳᠠᠯᠳᠤᠨ ᠠᠪᠬᠤ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠲᠠᠲᠠᠪᠤᠷᠢᠯᠠᠨ ᠨᠡᠭᠦᠯᠭᠡᠬᠦ  ᠲᠦᠪᠬᠢᠨᠡᠭᠦᠯᠬᠦ ᠲᠥᠰᠦᠯ᠂ ᠲᠠᠲᠠᠪᠤᠷᠢᠯᠠᠨ ᠨᠡᠭᠦᠯᠭᠡᠬᠦ ᠨᠥᠬᠦᠪᠥᠷᠢ ᠪᠠ ᠲᠥᠪᠬᠢᠨᠡᠭᠦᠯᠬᠦ ᠵᠠᠷᠤᠳᠠᠯ ᠢ ᠣᠯᠭᠤᠬᠤ᠂ ᠨᠠᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠴᠤᠭᠯᠠᠭᠤᠯᠬᠤ ᠪᠠ ᠣᠯᠭᠤᠬᠤ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠠᠯᠪᠠᠲᠠᠨ ᠢ ᠡᠯᠰᠡᠨ ᠬᠡᠷᠡᠭᠯᠡᠬᠦ ᠵᠡᠷᠭᠡ ᠪᠠᠶᠢᠳᠠᠯ ᠴᠠᠭ ᠢᠮᠠᠭᠲᠠ ᠡᠭᠦᠰᠴᠦ ᠴᠠᠭ ᠢᠮᠠᠭᠲᠠ ᠢᠯᠡ ᠪᠣᠯᠭᠠᠬᠤ ᠬᠡᠷᠡᠭᠲᠡᠶ᠃       ︵ᠳᠥᠷᠪᠡᠨ︶ ᠢᠯᠡ ᠪᠣᠯᠭᠠᠬᠤ ᠳᠡᠰ ᠳᠠᠷᠠᠭᠠᠯᠠᠯ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ︽ᠤᠷᠢᠳᠠᠪᠠᠷ ᠬᠢᠨᠠᠨ ᠪᠠᠶᠢᠴᠠᠭᠠᠵᠤ᠂ ᠳᠠᠷᠠᠭ᠎ᠠ ᠨᠢ ᠨᠠᠶᠢᠳᠡᠯᠡᠬᠦ᠂ ᠬᠡᠨ ᠢᠯᠡ ᠪᠣᠯᠭᠠᠪᠠᠯ ᠲᠡᠷᠡ ᠬᠠᠷᠢᠭᠤᠴᠠᠬᠤ︾ ᠵᠠᠷᠴᠢᠮ ᠢ ᠵᠢᠷᠤᠮᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠨ᠎ᠡ᠃ ᠨᠢᠭᠡ ᠳᠤ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠴᠤᠪᠤᠷᠠᠯ ᠢ ᠰᠢᠯᠢᠳᠡᠭᠵᠢᠭᠦᠯᠦᠨ᠎ᠡ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠮᠡᠳᠡᠭᠡ ᠵᠠᠩᠭᠢ ᠶᠢ ᠤᠷᠢᠳᠠᠪᠠᠷ ᠵᠠᠰᠠᠭ ᠤᠨ ᠶᠠᠪᠤᠳᠠᠯ ᠢ ᠢᠯᠡ ᠪᠣᠯ ᠭᠠᠭ᠋ᠤ ᠶᠢ ᠬᠠᠷᠢᠭᠤᠴᠠᠬᠤ ᠰᠠᠯᠠᠭ᠎ᠠ ᠮᠥᠴᠢᠷ ᠠᠴᠠ ᠢᠯᠡ ᠪᠣᠯᠭᠠᠬᠤ ᠰᠢᠨᠵᠢ ᠴᠢᠨᠠᠷ ᠤᠨ ᠠᠩᠬ᠎ᠠ ᠠᠯᠬᠤᠮ ᠤᠨ ᠰᠠᠨᠠᠯ ᠳᠤᠷᠠᠳᠴᠤ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠨᠢᠭᠤᠴᠠ ᠶᠢ ᠬᠠᠮᠠᠭᠠᠯᠠᠬᠤ ᠬᠢᠨᠠᠨ  ᠪᠠᠶᠢᠴᠠᠭᠠᠭᠰᠠᠨ ᠰᠠᠨᠠᠯ ᠳᠤᠷᠠᠳᠴᠤ᠂ ︽ᠢᠯᠡ ᠪᠤᠰᠤ︾ ᠪᠠᠶᠢᠪᠡᠯ᠂ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠢᠯᠡ ᠪᠣᠯᠭᠠᠬᠤ ᠡᠰᠡᠬᠦ ᠶᠢ ᠲᠣᠭᠲᠠᠭᠠᠵᠤ ᠳᠠᠢᠯᠠᠬᠤ ᠦᠭᠡᠢ ᠪᠠᠶᠢᠪᠡᠯ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃ ᠢᠯᠡ ᠪᠣᠯᠭᠠᠬᠤ ᠰᠢᠨᠵᠢ ᠴᠢᠨᠠᠷ ᠢ ᠬᠢᠨᠠᠨ ᠲᠣᠭᠲᠠᠭᠠᠭᠰᠠᠨ ᠤ ᠳᠠᠷᠠᠭ᠎ᠠ᠂ ᠢᠯᠡ ᠪᠣᠯᠭᠠᠵᠤ ᠪᠣᠯᠬᠤ ᠮᠡᠳᠡᠭᠡ ᠵᠠᠩᠬᠢ ᠶᠢ ᠡᠴᠦᠰ ᠲᠡᠭᠡᠨ ᠭᠤᠤᠯ ᠤᠳᠤᠷᠢᠳᠤᠯᠭ᠎ᠠ ᠭᠠᠷ ᠤᠨ ᠥᠰᠥᠭ ᠵᠢᠷᠤᠭᠰᠠᠨ ᠤ ᠳᠠᠷᠠᠭ᠎ᠠ ᠢᠯᠡ ᠪᠣᠯᠭᠠᠨ᠎ᠠ ︵ᠨᠠᠷᠢᠨ ᠲᠤᠳᠤᠷᠬᠠᠢ ᠳᠠᠭᠠᠯᠳᠤᠭᠤᠯᠤᠯ 1 ᠳᠤ ᠦᠵᠡ︶᠃ ᠬᠤᠶᠠᠷ ᠲᠤ ᠭᠤᠶᠤᠴᠢᠯᠠᠯ ᠢᠶᠠᠷ ᠢᠯᠡ ᠪᠣᠯᠭᠠᠬᠤ ᠲᠠᠰ ᠳᠠᠷᠠᠭᠠᠯᠠᠯ ᠢ ᠬᠠᠤᠯᠢ ᠶᠣᠰᠣᠭᠠᠷ ᠳᠣᠭᠢᠷᠠᠭᠤᠯᠤᠨ᠎ᠠ᠃ ᠬᠤᠯᠪᠣᠭᠳᠠᠯ ᠪᠦᠬᠦᠢ ᠨᠢᠭᠡᠴᠡ ᠠᠷᠠᠳ ᠢᠷᠭᠡᠨ᠂ ᠬᠠᠤᠯᠢ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠪᠢᠴᠢᠭ᠂ ᠨᠢᠭᠤᠷ ᠲᠠᠯ᠎ᠠ᠂ ᠵᠠᠬᠢᠳᠠᠯ ᠴᠢᠮᠡᠭᠡ ᠵᠡᠷᠭᠡ ᠠᠷᠭ᠎ᠠ ᠮᠠᠶ᠋ᠢᠭ ᠢᠶᠠᠷ ᠳᠤᠷᠠᠳᠤᠭᠰᠠᠨ ᠢᠯᠡ ᠪᠣᠯᠭᠠᠬᠤ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠦᠷᠢᠶ᠎ᠡ ᠬᠡᠪᠴᠢᠶ᠎ᠡ ᠮᠥᠨ ᠡᠰᠡᠬᠦ ᠨᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠶᠢ ᠨᠢ ᠲᠣᠭᠲᠠᠭᠠᠬᠤ ᠳᠤ᠂ ᠭᠤᠶᠤᠴᠢᠯᠠᠭᠴᠢ ᠳᠤ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠮᠡᠳᠡᠭᠳᠡᠬᠦ ᠬᠡᠷᠡᠭᠲᠡᠶ᠃ ᠢᠯᠡ ᠪᠣᠯᠭᠠᠬᠤ ᠭᠤᠶᠤᠴᠢᠯᠠᠯ ᠤᠨ ᠬᠡᠪᠴᠢᠶ᠎ᠡ ᠶᠣᠰᠣᠭᠠᠷ ᠪᠣᠯ ᠨᠢᠭᠤᠴᠠ ᠶᠢ ᠬᠠᠮᠠᠭᠠᠯᠠᠬᠤ ᠴᠢᠨᠠᠷ᠂ ᠣᠨᠣᠪᠴᠢᠲᠤ ᠴᠢᠨᠠᠷ ᠪᠠ ᠨᠢᠭᠡᠳᠦᠯᠲᠦ ᠴᠢᠨᠠᠷ ᠤᠨ ᠬᠢᠨᠠᠨ ᠪᠠᠶᠢᠴᠠᠭᠠᠯᠲᠠ ᠬᠢᠵᠤ᠂ ᠤᠯᠤᠰ ᠠᠴᠠ ᠵᠥᠪᠰᠢᠶᠡᠷᠡᠬᠦ ᠡᠰᠡᠬᠦ᠂ ᠭᠤᠷᠪᠠᠳᠠᠬᠢ ᠡᠲᠡᠭᠡᠳ ᠤᠨ ᠰᠠᠨᠠᠯ ᠢ ᠬᠤᠷᠢᠶᠠᠬᠤ ᠡᠰᠡᠬᠦ ᠶᠢ ᠬᠢᠨᠠᠨ ᠪᠠᠶᠢᠴᠠᠭᠠᠵᠤ᠂ ᠬᠠᠮᠤᠭ ᠰᠡᠭᠦᠯ ᠳᠤ ᠢᠯᠡ ᠪᠣᠯᠭᠠᠬᠤ ᠡᠰᠡᠬᠦ ᠶᠢ ᠲᠣᠭᠲᠠᠭᠠᠨ᠎ᠠ︔ ᠢᠯᠡ ᠪᠣᠯᠭᠠᠬᠤ ᠥᠬᠡᠶ ᠬᠡᠪᠴᠢᠶ᠎ᠡ ᠪᠠᠶᠢᠪᠠᠯ᠂ ᠭᠤᠶᠤᠴᠢᠯᠠᠭᠴᠢ ᠳᠤ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢ ᠲᠣᠳᠣᠷᠬᠠᠶᠢᠯᠠᠨ᠎ᠠ ︵ᠳᠠᠭᠠᠯᠳᠤᠭᠤᠯᠤᠯ 2 ᠳᠤ ᠨᠠᠷᠢᠨ ᠦᠵᠡᠭᠡᠷᠡᠶ︶᠃       ︵ᠲᠠᠪᠤ︶ ᠢᠯᠡ ᠪᠣᠯᠭᠠᠬᠤ ᠠᠭᠤᠯᠠᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠱᠠᠭᠠᠷᠳᠠᠯᠭ᠎ᠠ ᠶᠢ ᠦᠨᠳᠦᠰᠦᠯᠡᠨ᠂ ᠳᠣᠤᠷᠠᠬᠢ ᠠᠭᠤᠯᠭ᠎ᠠ ᠶᠢ ᠴᠠᠭ ᠲᠤᠬᠠᠶ ᠳᠤᠨᠢ ᠣᠨᠣᠪᠴᠢᠲᠠᠶ ᠢᠯᠡ ᠪᠣᠯᠭᠠᠬᠤ ᠬᠡᠷᠡᠭᠲᠡᠶ᠄ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ︔ ᠪᠠᠶᠢᠭᠤᠯᠭ᠎ᠠ ᠶᠢᠨ ᠡᠭᠦᠷᠭᠡ ᠴᠢᠳᠠᠪᠤᠷᠢ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠯᠠᠬᠤ ᠬᠠᠶ᠋ᠢᠭ᠂ ᠠᠵᠢᠯᠯᠠᠬᠤ ᠴᠠᠭ᠂ ᠬᠠᠷᠢᠯᠴᠠᠬᠤ ᠠᠷᠭ᠎ᠠ ᠮᠠᠶ᠋ᠢᠭ᠂ ᠬᠠᠷᠢᠭᠤᠴᠠᠯᠭᠠᠲᠠᠨ ᠤ ᠣᠪᠣᠭ ᠨᠡᠷ᠎ᠡ︔ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠤᠰᠬᠠᠶ ᠲᠥᠯᠥᠪᠵᠢᠭᠦᠯᠭᠡ᠂ ᠣᠷ ᠤᠨ ᠪᠦᠰᠡ ᠶᠢᠨ ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ︔ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠮᠡᠳᠡᠭᠡ ᠵᠠᠩᠭᠢ︔ ᠵᠠᠰᠠᠭ ᠵᠠᠬᠢᠷᠭᠠᠨ ᠤ ᠵᠥᠪᠰᠢᠶᠡᠷᠡᠯ ᠪᠠ ᠪᠤᠰᠤᠳ ᠭᠠᠳᠠᠭᠰᠢ ᠬᠠᠮᠢᠶᠠᠷᠬᠤ ᠤᠶᠢᠯᠡᠴᠢᠯᠡᠭᠡᠨ ᠤ ᠵᠤᠶᠢᠯᠡᠰ ᠤᠨ ᠦᠨᠳᠦᠰᠦ ᠪᠠᠷᠢᠮᠲᠠ᠂ ᠨᠥᠬᠦᠴᠡᠯ᠂ ᠵᠢᠷᠤᠮ ᠵᠢᠴᠢ ᠰᠢᠢᠳᠪᠤᠷᠢᠯᠡᠭᠰᠡᠨ ᠦᠷ᠎ᠡ ᠳ᠋ᠦᠩ︔ ᠵᠠᠰᠠᠭ ᠵᠠᠬᠢᠷᠭᠠᠨ ᠤ ᠰᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠬᠦ ᠦᠨᠳᠦᠰᠦ ᠪᠠᠷᠢᠮᠲᠠ᠂ ᠨᠦᠬᠦᠴᠡᠯ᠂ ᠵᠢᠷᠤᠮ ᠵᠢᠴᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠣᠬᠢᠬᠤ ᠨᠡᠶᠢᠭᠡᠮ ᠤᠨ ᠨᠥᠯᠥᠭᠡ ᠲᠠᠢ ᠭᠡᠵᠦ ᠦᠵᠡᠭᠰᠡᠨ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ︔ ᠡᠳ᠋ ᠤᠨ ᠵᠠᠰᠠᠭ ᠤᠨ ᠲᠥᠰᠦᠪ᠂ ᠲᠥᠰᠦᠪ ᠤᠨ ᠭᠦᠢᠴᠡᠳᠭᠡᠯ ᠤᠨ ᠮᠡᠳᠡᠭᠡ ᠵᠠᠩᠭᠢ︔ ᠵᠠᠰᠠᠭ ᠵᠠᠬᠢᠷᠭᠠᠨ ᠠᠵᠢᠯ ᠤᠶᠢᠯᠡᠰ ᠤᠨ ᠴᠢᠨᠠᠷᠲᠠᠶ ᠰᠤᠶᠢᠳᠭᠡᠯ ᠬᠤᠷᠢᠶᠠᠬᠤ ᠵᠤᠶᠢᠯᠡᠰ ᠵᠢᠴᠢ ᠲᠡᠭᠦᠨ ᠤ ᠦᠨᠳᠦᠰᠦᠯᠡᠯ᠂ ᠪᠠᠷᠢᠮᠵᠢᠶ᠎ᠠ︔ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ ᠤᠨ ᠭᠠᠷᠴᠠᠭ᠂ ᠪᠠᠷᠢᠮᠵᠢᠶ᠎ᠠ ᠵᠢᠴᠢ ᠬᠡᠷᠡᠭᠵᠢᠭᠦᠯᠦᠭᠰᠡᠨ ᠪᠠᠶᠢᠳᠠᠯ︔ ᠴᠢᠬᠤᠯᠠ ᠶᠡᠭᠡ ᠪᠦᠳᠦᠭᠡᠨ ᠪᠠᠶᠢᠭᠤᠯᠤᠯᠲᠠ ᠶᠢᠨ ᠵᠤᠶᠢᠯᠡᠰ ᠢ ᠵᠥᠪᠰᠢᠶᠡᠷᠡᠭᠰᠡᠨ ᠪᠠ ᠬᠡᠷᠡᠭᠵᠢᠭᠦᠯᠦᠭᠰᠡᠨ ᠪᠠᠶᠢᠳᠠᠯ︔ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠵᠢᠴᠢ ᠲᠡᠭᠦᠨ ᠢ ᠬᠡᠷᠡᠭᠵᠢᠭᠦᠯᠦᠭᠰᠡᠨ ᠪᠠᠶᠢᠳᠠᠯ︔ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢᠴᠢ ᠠᠷᠭᠠᠴᠠᠭᠰᠠᠨ ᠪᠠᠶᠢᠳᠠᠯ︔ ᠣᠷᠴᠢᠨ ᠲᠣᠭᠤᠷᠢᠨ ᠤ ᠬᠠᠮᠠᠭᠠᠯᠠᠯᠲᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠶᠤᠯᠭᠦᠶ  ᠤᠶᠢᠯᠳᠪᠤᠡᠶᠢᠯᠡᠯ᠂ ᠢᠳᠡᠭᠡᠨ ᠤ ᠵᠤᠶᠢᠯ ᠡᠮ ᠤᠨ ᠵᠤᠶᠢᠯ᠂ ᠤᠶᠢᠯᠳᠭᠦᠨ ᠤ ᠶᠠᠰᠤ ᠴᠢᠨᠠᠷ ᠢ ᠬᠢᠨᠠᠵᠤ ᠪᠠᠶᠢᠴᠠᠭᠠᠭᠰᠠᠨ ᠪᠠᠶᠢᠳᠠᠯ︔ ᠠᠯᠪᠠᠲᠠᠨ ᠡᠯᠰᠡᠬᠦ ᠰᠢᠯᠭᠠᠯᠲᠠ ᠶᠢᠨ ᠲᠤᠰᠢᠶᠠᠯ ᠤᠨ ᠪᠠᠶᠢᠷᠢ᠂ ᠣᠷᠣᠨ ᠲᠤᠭ᠎ᠠ᠂ ᠨᠡᠷ᠎ᠡ ᠮᠡᠳᠡᠭᠦᠯᠬᠦ ᠨᠥᠬᠦᠴᠡᠯ ᠵᠡᠷᠭᠡ ᠤᠶᠢᠯᠡᠰ ᠵᠢᠴᠢ ᠡᠯᠰᠡᠨ ᠬᠡᠷᠡᠭᠯᠡᠭᠰᠡᠨ ᠦᠷ᠎ᠡ ᠳ᠋ᠦᠩ︔ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠤᠯᠤᠰ ᠠᠴᠠ ᠬᠤᠯᠪᠣᠭᠳᠠᠯ ᠪᠦᠬᠦᠢ ᠲᠣᠭᠲᠠᠭᠠᠯ ᠲᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠶ ᠭᠡᠵᠦ ᠲᠣᠭᠲᠠᠭᠠᠭᠰᠠᠨ ᠵᠠᠰᠠᠭ ᠤᠨ ᠣᠷᠳᠣᠨ ᠤ ᠪᠤᠰᠤᠳ ᠮᠡᠳᠡᠭᠡ ᠵᠠᠩᠭᠢ᠃      ᠬᠤᠶᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠰᠢᠩ ᠾᠧ ᠰᠢᠶᠠᠨ ᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠬᠤ ᠲᠤᠰᠬᠠᠶ ᠠᠵᠢᠯ ᠤᠨ ᠳᠤᠭᠤᠶᠢᠯᠠᠩ ᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶᠠᠵᠢᠭᠤᠯᠤᠯᠲᠠ ᠳᠦᠷᠢᠮᠵᠢᠭᠦᠯᠦᠯᠲᠡ ᠶᠢᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠵᠢᠷᠤᠮᠵᠢᠭᠰᠠᠨ ᠪᠠᠶᠢᠭᠤᠯᠤᠯᠲᠠ ᠶᠢᠨ ᠳᠦᠷᠢᠮ ᠲᠣᠭᠲᠠᠭᠠᠯ ᠪᠠ ᠲᠥᠰᠦᠯ ᠢ ᠰᠤᠳᠤᠯᠤᠨ ᠲᠣᠭᠲᠠᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠ ᠵᠢᠭᠤᠯᠬᠤ ᠵᠢᠷᠤᠮᠵᠢᠭᠰᠠᠨ ᠪᠠᠶᠢᠭᠤᠯᠤᠯᠲᠠ ᠶᠢᠨ ᠠᠵᠢᠯ ᠢ ᠰᠢᠮᠳᠠᠭᠤᠯᠵᠤ᠂ ᠵᠢᠯᠣᠭᠤᠳᠬᠤ ᠪᠠ ᠬᠢᠨᠠᠨ ᠪᠠᠶᠢᠴᠠᠭᠠᠵᠤ᠂ ᠴᠢᠬᠤᠯᠠ ᠶᠡᠭᠡ ᠠᠰᠠᠭᠤᠳᠠᠯ ᠢ ᠰᠤᠳᠤᠯᠪᠠ᠃ ᠪᠦᠷᠢᠯᠳᠦᠬᠦᠨ ᠨᠢ ᠳᠣᠤᠷᠠᠬᠢ ᠮᠡᠲᠦ᠄ ᠳᠤᠭᠤᠶᠢᠯᠠᠩ ᠤᠨ ᠳᠠᠷᠤᠭ᠎ᠠ᠄ ᠯᠢᠦ ᠪᠦᠦ ᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠ ᠬ᠋᠊ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳᠤᠭᠤᠶᠢᠯᠠᠩ ᠤᠨ ᠳᠡᠳ᠋ ᠳᠠᠷᠤᠭ᠎ᠠ᠄ ᠯᠢ ᠬᠤᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠭᠡᠰᠢᠭᠦᠨ᠄ ᠯᠢ ᡁᠢ ᠪᠢᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶᠠᠨ ᠤ ᠳᠠᠷᠤᠭ᠎ᠠ ᠵᠠᠩ ᠰᠢᠶᠣᠤ ᠬᠤᠩ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠯᠢ ᠵᠢᠶᠦ᠋ᠨ ᠠᠵᠤ ᠤᠶᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ ᠬᠤᠩ ᠮᠤᠤ ᠱᠧᠩ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠵᠤᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ ᠰᠦᠩ ᠪᠥᠸᠧ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠦ  ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠵᠤ᠋ ᠬᠠᠨ ᠴᠡᠷᠢᠭ ᠤᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢ ᠸᠧᠶ ᠵᠢᠶᠦ᠋ᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠸᠠᠩ ᠵᠢᠶᠠᠨ ᠴᠢᠶᠦ᠋ᠩ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠭᠤᠤ ᠷᠦᠢ ᠳ᠋ᠦᠩ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ ᠵᠦ ᠬᠠᠶ ᠯᠦᠩ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠠᠷᠤᠭ᠎ᠠ ᠯᠢᠦ ᠬᠠᠶ ᠢᠦᠶ ᠶᠢᠨ ᠣᠷᠣᠨ ᠰᠠᠭᠤᠴᠠ ᠶᠢᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠴᠧᠨ ᠸᠠᠨ ᠯᠢᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠶᠠᠩ ᠵᠢᠶᠠᠨ ᠯᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠲᠢᠶᠠᠨ ᠢᠦᠶ ᠬᠤᠢ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠠᠷᠤᠭ᠎ᠠ ᠰᠦᠨ ᠵᠢᠶᠠᠩ ᠣᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ ᠽᠦᠩ  ᠮᠢᠩ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ ᠯᠢ ᠵᠧᠨ ᠫᠢᠩ ᠤᠨ ᠭᠠᠶᠢᠯᠢ ᠶᠢᠨ ᠲᠣᠪᠴᠢᠶᠠᠨ ᠤ ᠳᠠᠷᠤᠭ᠎ᠠ ᠭᠦᠸᠧ ᠵᠢᠶᠠᠨ ᠵᠢᠶᠦ᠋ᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠬᠤᠸᠠᠩ ᡁᠢ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ ᠬᠤᠤ ᠵᠢᠶᠠᠨ ᠭᠤᠸᠠᠩ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠤᠯᠤᠰ ᠲᠥᠷᠥ ᠶᠢᠨ ᠭᠡᠰᠢᠭᠦᠨ ᠯᠢ ᠵᠧᠨ ᠪᠠᠯᠭᠠᠰᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ ᠶᠠᠩ ᠱᠢ ᠵᠠᠢ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠳᠠᠷᠤᠭ᠎ᠠ ᠵᠢᠶ ᠴᠢᠩ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠯᠢ ᠮᠢᠩ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠵᠤᠤ ᠵᠢᠶᠠᠨ ᠰᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠾᠧᠦ ᡁᠢ ᠶᠦᠩ ᠤᠨ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠸᠠᠩ ᠸᠤᠨ ᠵᠢᠶᠧ ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠹᠧᠩ ᠰᠢᠶᠣᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ ᠵᠢᠶᠠ ᠫᠧᠶ ᠱᠧᠩ ᠴᠧᠩ ᠭᠤᠸᠠᠨ ᠪᠠᠯᠭᠠᠰᠤᠨ ᠤ ᠳᠠᠷᠤᠭ᠎ᠠ ᠸᠠᠩ ᠯᠢᠨ ᠳ᠋ᠢᠶᠠᠨ ᠽᠢ ᠪᠠᠯᠭᠠᠰᠤᠨ ᠤ ᠳᠠᠷᠤᠭ᠎ᠠ ᠸᠠᠩ ᠯᠦ ᠵᠠᠩ ᠭᠤᠤ ᠪᠠᠯᠭᠠᠰᠤᠨ ᠤ ᠳᠠᠷᠤᠭ᠎ᠠ ᠼᠦᠢ ᠳ᠋ᠥᠸᠧ  ᠡᠷᠳᠡᠨᠢ ᠪᠠᠯᠭᠠᠰᠤᠨ ᠤ ᠳᠠᠷᠤᠭ᠎ᠠ ᠮᠠ ᠨᠢᠩ ᠤᠨ ᠰᠠᠶᠢᠨ ᠤᠰᠤ ᠪᠠᠯᠭᠠᠰᠤᠨ ᠤ ᠳᠠᠷᠤᠭ᠎ᠠ ᠵᠤᠤ ᠷᠦᠢ ᠸᠠᠩ ᠳ᠋ᠠ ᠺᠥ᠋ ᠰᠢᠶᠠᠩ ᠤᠨ ᠳᠠᠷᠤᠭ᠎ᠠ ᠪᠦᠦ ᠸᠤᠨ ᠰᠢ ᠦᠨᠳᠦᠰᠦᠲᠡᠨ ᠤ ᠪᠦᠯᠬᠦᠮᠳᠡᠯ ᠰᠢᠶᠠᠩ ᠤᠨ ᠳᠠᠷᠤᠭ᠎ᠠ ᠬᠤᠦ ᠶᠠᠨ ᠵᠢᠶᠦ᠋ᠨ ᠳ᠋ᠡ ᠲᠦᠩ ᠶᠣᠣ ᠰᠢᠶᠠᠩ ᠤᠨ ᠳᠠᠷᠤᠭ᠎ᠠ ᠵᠠᠩ ᠭᠤᠸᠠᠩ ᠡᠤ ᠬᠥ᠋ ᠴᠢᠤᠸᠠᠨ ᠰᠢᠶᠠᠩ ᠤᠨ ᠳᠠᠷᠤᠭ᠎ᠠ      ᠲᠤᠰᠬᠠᠶ ᠠᠵᠢᠯ ᠤᠨ ᠳᠤᠭᠤᠶᠢᠯᠠᠩ ᠤᠨ ᠳᠣᠤᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠵᠠᠰᠠᠭ ᠤᠨ ᠣᠷᠳᠣᠨ ᠤ ᠠᠯᠪᠠᠨ ᠭᠡᠷ ᠲᠤ ᠭᠠᠷᠭᠠᠨ᠎ᠠ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠯᠢ ᠬᠤᠤ ᠨᠥᠬᠦᠷ ᠬᠠᠪᠰᠤᠷᠭᠠᠨ ᠡᠭᠦᠷᠭᠡᠯᠡᠵᠦ᠂ ᠦᠨᠳᠦᠰᠦᠨ  ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠡᠳᠦᠷ ᠲᠤᠲᠤᠮ ᠤᠨ ᠠᠵᠢᠯ ᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ      ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠤᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠬᠤ ᠶᠢᠨ ᠬᠠᠮᠲᠤ᠂ ᠳᠣᠲᠣᠭᠠᠳᠤ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠢᠭᠠᠨ ᠲᠣᠭᠲᠠᠭᠠᠬᠤ ᠪᠤᠶᠤ ᠲᠤᠰᠬᠠᠶ ᠬᠥᠮᠦᠨ ᠲᠠᠲᠠᠵᠤ ᠲᠦᠷ ᠴᠠᠭ ᠤᠨ ᠬᠡᠷᠡᠭ ᠡᠷᠬᠢᠯᠡᠬᠦ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠪᠣᠳᠠᠲᠠᠶ ᠬᠠᠷᠢᠭᠤᠴᠠᠭᠤᠯᠬᠤ ᠬᠡᠷᠡᠭᠲᠡᠶ᠃       ᠭᠤᠷᠪᠠ᠂ ᠠᠵᠢᠯ ᠤᠨ ᠡᠭᠦᠷᠭᠡ      ︵ᠨᠢᠭᠡ︶ ᠭᠤᠤᠯᠳᠠᠯᠭ᠎ᠠ ᠲᠠᠢ ᠬᠦᠷᠢᠶᠡᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠭᠦᠨᠵᠡᠭᠡᠢ ᠠᠬᠢᠭᠤᠯᠤᠨ᠎ᠠ      1. ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠪᠠ ᠣᠯᠠᠨ ᠨᠡᠶᠢᠲᠡ ᠶᠢᠨ ᠡᠬᠢ ᠪᠠᠶᠠᠯᠢᠭ ᠤᠨ ᠲᠤᠬᠢᠷᠠᠭᠤᠯᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠤᠨ᠎ᠠ      ᠨᠢᠭᠡ ᠳᠤ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠤᠨ᠎ᠠ᠃ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠵᠥᠪᠰᠢᠶᠡᠷᠡᠬᠦ ᠪᠠ ᠬᠡᠷᠡᠭᠵᠢᠭᠦᠯᠬᠦ᠂ ᠣᠯᠠᠨ ᠨᠠᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠭᠤᠤᠯ ᠴᠤᠭᠴᠠ᠂ ᠬᠡᠪᠴᠢᠶ᠎ᠡ᠂ ᠳᠡᠰ ᠳᠠᠷᠠᠭᠠᠯᠠᠯ ᠵᠡᠷᠭᠡ ᠶᠢ ᠲᠣᠳᠣᠷᠬᠠᠶᠢᠯᠠᠨ᠎ᠠ᠃ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ᠂ ᠣᠳᠣ ᠦᠶ᠎ᠡ ᠶᠢᠨ ᠲᠠᠷᠢᠶᠠᠯᠠᠩ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠨ ᠳᠤ᠂ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠵᠡᠷᠭᠡ ᠦᠷ᠎ᠡ ᠳ᠋ᠦᠩ ᠢ ᠢᠯᠡ ᠪᠣᠯᠭᠠᠬᠤ ᠶᠢ ᠰᠠᠶᠢᠳᠤᠷ ᠬᠢᠵᠦ᠂ ᠬᠡᠷᠡᠭᠵᠢᠭᠦᠯᠬᠦ ᠶᠠᠪᠤᠴᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠬᠦᠴᠦᠯᠡᠨ ᠲᠦᠯᠬᠢᠨ ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶      ᠬᠤᠶᠠᠷ ᠲᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠢᠯᠡ ᠪᠤᠯᠭᠠᠬᠤ ᠶᠢ ᠠᠬᠢᠭᠤᠯᠤᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠮᠡᠳᠡᠭᠡ ᠵᠠᠩᠭᠢ ᠵᠡᠷᠭᠡ ᠶᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠭᠤᠯᠵᠤ᠂ ᠬᠠᠤᠯᠢ ᠶᠣᠰᠣᠭᠠᠷ ᠢᠯᠡ ᠪᠣᠯᠭᠠᠬᠤ ᠶᠣᠰᠣᠲᠠᠶ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠯᠪᠠᠨ ᠵᠠᠷ᠂ ᠬᠢᠷᠢ ᠬᠡᠮ ᠢ ᠬᠢᠨᠠᠨ ᠪᠠᠶᠢᠴᠠᠭᠠᠬᠤ ᠮᠡᠳᠡᠭᠡ ᠵᠠᠩᠭᠢ᠂ ᠠᠷᠠᠯᠵᠢᠶ᠎ᠠ ᠶᠢᠨ ᠶᠠᠪᠤᠴᠠ ᠶᠢᠨ ᠮᠡᠳᠡᠭᠡ ᠵᠠᠩᠭᠢ᠂ ᠠᠷᠠᠯᠵᠢᠶ᠎ᠠ ᠪᠦᠲᠦᠭᠰᠡᠨ ᠮᠡᠳᠡᠭᠡ ᠵᠠᠩᠭᠢ ᠵᠢᠴᠢ ᠭᠡᠷ᠎ᠡ ᠪᠠᠨ ᠭᠦᠢᠴᠡᠳᠭᠡᠭᠰᠡᠨ ᠮᠡᠳᠡᠭᠡ ᠵᠠᠩᠭᠢ ᠶᠢ ᠴᠥᠮ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠡᠭᠦᠳᠡᠨ ᠰᠦᠯᠵᠢᠶ᠎ᠡ ᠳᠡᠭᠡᠷ᠎ᠡ ᠨᠢᠭᠡᠳᠦᠯᠲᠡᠶ ᠨᠡᠶᠢᠲᠡᠯᠡᠬᠦ ᠬᠡᠷᠡᠭᠲᠡᠶ᠃ ︵ᠲᠦᠷᠦᠭᠦᠯᠡᠬᠦ ᠨᠢᠭᠡᠴᠡ᠄ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ︶      ᠭᠤᠷᠪᠠ ᠳᠤ ᠬᠤᠲᠠ ᠪᠠᠯᠭᠠᠰᠤ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠤᠨ᠎ᠠ᠃ ᠡᠭᠦᠨ ᠳᠤ ᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ᠂ ᠲᠥᠷᠥᠯ ᠵᠤᠶᠢᠯ ᠤᠨ ᠨᠡᠷᠡᠶᠢᠳᠦᠯ᠂ ᠪᠦᠲᠦᠭᠡᠨ ᠪᠠᠶᠢᠭᠤᠯᠤᠯᠲᠠ ᠶᠢᠨ ᠬᠠᠶ᠋ᠢᠭ᠂ ᠪᠦᠲᠦᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ᠂ ᠪᠦᠲᠦᠭᠡᠨ ᠪᠠᠶᠢᠭᠤᠯᠤᠯᠲᠠ ᠶᠢᠨ ᠲᠠᠯᠠᠪᠠᠢ᠂ ᠪᠠᠷᠢᠯᠭ᠎ᠠ ᠡᠬᠢᠯᠡᠭᠦᠯᠵᠦ ᠳᠠᠭᠤᠰᠬᠠᠬᠤ ᠴᠠᠭ᠂ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠢᠵᠢ  ᠲᠤᠭ᠎ᠠ ᠵᠢᠴᠢ ᠪᠦᠲᠦᠭᠡᠨ ᠪᠠᠶᠢᠭᠤᠯᠬᠤ᠂ ᠵᠢᠷᠤᠭᠯᠠᠨ ᠲᠥᠯᠥᠪᠯᠡᠬᠦ᠂ ᠬᠠᠶᠢᠨ ᠪᠠᠶᠢᠴᠠᠭᠠᠬᠤ᠂ ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠨᠢᠭᠡᠴᠡ ᠶᠢᠨ ᠨᠡᠷᠡᠶᠢᠳᠦᠯ ᠪᠠᠭᠲᠠᠨ᠎ᠠ᠃ ︵ᠲᠦᠷᠦᠭᠦᠯᠡᠬᠦ ᠨᠢᠭᠡᠴᠡ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶ᠎ᠠ︶      ᠲᠦᠷᠪᠡ ᠳᠤ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠵᠢᠴᠢ ᠠᠭᠤᠷᠬᠠᠶ ᠶᠢᠨ ᠡᠷᠬᠡ ᠶᠢ ᠰᠢᠯᠵᠢᠭᠦᠯᠦᠨ ᠥᠭᠬᠦ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠤᠨ᠎ᠠ᠃ ᠭᠠᠵᠠᠷ ᠰᠢᠷᠣᠶ ᠬᠠᠩᠭᠠᠬᠤ ᠲᠥᠯᠥᠪᠯᠡᠭᠡ᠂ ᠬᠢᠮᠳᠠ ᠦᠨ᠎ᠡ ᠪᠠᠷ ᠬᠤᠳᠠᠯᠳᠤᠬᠤ ᠠᠯᠪᠠᠨ ᠵᠠᠷ᠂ ᠠᠷᠠᠯᠵᠢᠶ᠎ᠠ ᠪᠦᠲᠦᠭᠰᠡᠨ ᠢ ᠢᠯᠡ ᠨᠡᠶᠢᠲᠡᠯᠡᠬᠦ ᠪᠠ ᠬᠠᠩᠭᠠᠯᠭ᠎ᠠ ᠶᠢᠨ ᠦᠷ᠎ᠡ ᠳ᠋ᠦᠩ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠵᠢᠷᠤᠮᠵᠢᠭᠤᠯᠤᠨ ᠨᠡᠶᠢᠲᠡᠯᠡᠨ᠎ᠡ︔ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠬᠦ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢ ᠬᠦᠴᠦᠯᠡᠨ ᠠᠬᠢᠭᠤᠯᠵᠤ᠂ ᠰᠢᠯᠵᠢᠭᠦᠯᠦᠨ ᠬᠤᠳᠠᠯᠳᠤᠬᠤ ᠠᠯᠪᠠᠨ ᠵᠠᠷ᠂ ᠠᠷᠠᠯᠵᠢᠶᠠᠯᠠᠭᠰᠠᠨ ᠦᠷ᠎ᠡ ᠳ᠋ᠦᠩ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢ ᠴᠠᠭ ᠲᠤᠬᠠᠶ ᠳᠤᠨᠢ ᠵᠢᠷᠤᠮᠵᠢᠭᠤᠯᠤᠨ ᠨᠡᠶᠢᠲᠡᠯᠡᠨ᠎ᠡ᠃ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ︵ᠭᠠᠵᠠᠷ ᠲᠠᠲᠠᠪᠤᠷᠢᠯᠠᠬᠤ ᠴᠣᠬᠤᠯᠠᠪᠤᠷᠢ᠂ ᠭᠠᠵᠠᠷ ᠲᠠᠲᠠᠪᠤᠷᠢᠯᠠᠬᠤ ᠠᠯᠪᠠᠨ ᠵᠠᠷ᠂ ᠭᠠᠵᠠᠷ ᠲᠠᠲᠠᠪᠤᠷᠢᠯᠠᠬᠤ ᠮᠡᠳᠡᠭᠳᠡᠯ᠂ ᠭᠠᠵᠠᠷ ᠲᠠᠲᠠᠪᠤᠷᠢᠯᠠᠬᠤ ᠨᠥᠬᠦᠪᠥᠷᠢ ᠣᠯᠭᠤᠵᠤ ᠲᠦᠪᠬᠢᠨᠡᠭᠦᠯᠬᠦ ᠲᠥᠰᠦᠯ᠂ ᠬᠢᠨᠠᠨ ᠵᠥᠪᠰᠢᠶᠡᠷᠡᠭᠰᠡᠨ ᠦᠷ᠎ᠡ ᠳ᠋ᠦᠩ᠂ ᠠᠷᠠᠯᠵᠢᠶᠠᠯᠠᠬᠤ ᠠᠯᠪᠠᠨ ᠵᠠᠷ ᠵᠡᠷᠭᠡ ᠮᠡᠳᠡᠭᠡ  ᠵᠠᠩᠬᠢ ᠶᠢ ᠨᠡᠶᠢᠲᠡᠯᠡᠨ᠎ᠡ︶᠃ ︵ᠲᠦᠷᠦᠭᠦᠯᠡᠬᠦ ᠨᠢᠭᠡᠴᠡ᠄ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶      2 . ︽ᠪᠠᠭᠤᠯᠭᠠᠬᠤ ᠤᠶᠠᠯᠳᠤᠭᠤᠯᠬᠤ ᠤᠶᠢᠯᠡᠴᠢᠯᠡᠬᠦ︾ ᠥᠭᠡᠷᠡᠴᠢᠯᠡᠯᠲᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠤᠨ᠎ᠠ᠃ 2020 ᠤᠨ ᠳᠣᠲᠣᠷ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠨᠠᠶᠢᠷᠠᠭᠤᠯᠤᠨ ᠵᠦᠬᠢᠶᠠᠬᠤ ᠠᠵᠢᠯ ᠢ ᠪᠡᠶᠡᠯᠡᠭᠦᠯᠵᠦ᠂ ᠡᠯ᠎ᠡ ᠰᠠᠯᠠᠭ᠎ᠠ ᠮᠥᠴᠢᠷ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠤᠨ ᠠᠬᠢᠴᠠ ᠪᠠᠨ ᠤᠯᠠᠮ ᠨᠢᠭᠡ ᠠᠯᠬᠤᠮ ᠲᠦᠷᠭᠡᠳᠬᠡᠵᠦ ᠂ ᠡᠷᠬᠡ ᠬᠠᠷᠢᠭᠤᠴᠠᠯᠭ᠎ᠠ ᠶᠢᠨ ᠵᠤᠶᠢᠯᠡᠰ ᠢ ᠬᠦᠴᠦᠨ ᠥᠬᠡᠶ  ᠪᠤᠯᠭᠠᠭᠰᠠᠨ᠂ ᠳᠣᠷᠣᠭᠰᠢ ᠪᠠᠭᠤᠯᠭᠠᠭᠰᠠᠨ᠂ ᠳᠠᠭᠠᠭᠠᠨ ᠠᠪᠤᠭᠰᠠᠨ ᠪᠠᠶᠢᠳᠠᠯ ᠢ ᠦᠨᠳᠦᠰᠦᠯᠡᠨ ᠬᠥᠳᠡᠯᠦᠩᠭᠦᠶ ᠲᠤᠬᠢᠷᠠᠭᠤᠯᠤᠯᠲᠠ ᠬᠢᠬᠦ ᠬᠡᠷᠡᠭᠲᠡᠶ᠃ ᠨᠠᠷᠢᠨ ᠳᠠᠩᠰᠠ ᠶᠢᠨ ᠬᠠᠮᠢᠶᠠᠷᠤᠯᠲᠠ ᠪᠠᠷ ᠡᠷᠬᠡ ᠶᠢ ᠬᠠᠰᠤᠵᠤ ᠡᠷᠬᠡ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠲᠣᠳᠣᠷᠬᠠᠶ ᠬᠠᠭᠤᠳᠠᠰᠤ ᠶᠢᠨ ᠠᠭᠤᠯᠭ᠎ᠠ ᠶᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠳᠤ ᠲᠥᠪᠯᠡᠷᠡᠭᠦᠯᠦᠨ ᠢᠯᠡ ᠪᠠᠷ ᠨᠡᠶᠢᠲᠡᠯᠡᠵᠦ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠠᠵᠢᠯ ᠶᠠᠪᠤᠳᠠᠯ  ᠭᠦᠢᠴᠡᠳᠭᠡᠬᠦ ᠳᠤ ᠨᠠᠩ ᠳᠥᠭᠦᠮ ᠳᠥᠲᠡ ᠪᠣᠯᠭᠠᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ︔ ᠬᠠᠮᠵᠢᠯᠴᠠᠬᠤ ᠨᠢᠭᠡᠴᠢ᠄ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ︶       3. ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠭᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠤᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠲᠣᠭᠲᠠᠭᠠᠯ ᠶᠣᠰᠣᠭᠠᠷ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠠᠵᠢᠯ ᠢ ᠰᠠᠶᠢᠲᠤᠷ ᠬᠢᠵᠦ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠲᠥᠰᠦᠪ ᠪᠣᠯᠤᠨ ᠲᠥᠰᠦᠪ ᠤᠨ ᠭᠦᠢᠴᠡᠳᠭᠡᠯ ᠢ ᠢᠯᠡ ᠪᠣᠯᠭᠠᠬᠤ ᠲᠤᠰᠬᠠᠶ ᠪᠤᠯᠤᠩ ᠳᠤ ᠵᠠᠰᠠᠭ ᠤᠨ ᠣᠷᠳᠣᠨ ᠤ ᠲᠥᠰᠦᠪ ᠪᠣᠯᠤᠨ ᠲᠥᠰᠦᠪ ᠤᠨ ᠭᠦᠢᠴᠡᠳᠭᠡᠯ ᠢ ᠲᠥᠪᠯᠡᠷᠡᠭᠦᠯᠦᠨ ᠢᠯᠡ ᠪᠣᠯᠭᠠᠵᠤ᠂ ᠡᠳ᠋ ᠤᠨ ᠵᠠᠰᠠᠭ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ  ᠭᠦᠨᠵᠡᠭᠡᠢ ᠠᠬᠢᠭᠤᠯᠵᠠᠶ᠃ ᠴᠢᠬᠤᠯᠠ ᠶᠡᠭᠡ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠎ᠠ᠃ ︵ᠲᠦᠷᠦᠭᠦᠯᠡᠬᠦ ᠨᠢᠭᠡᠴᠢ᠄ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ︔ ᠬᠠᠮᠵᠢᠯᠴᠠᠬᠤ ᠨᠢᠭᠡᠴᠢ᠄ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶᠃       4. ︽ᠭᠤᠷᠪᠠᠨ ᠶᠡᠭᠡ ᠪᠡᠷᠬᠡ ᠰᠡᠳᠦᠪ ᠢ ᠰᠢᠢᠳᠪᠤᠷᠢᠯᠡᠬᠦ ᠳᠠᠶᠢᠯᠠᠯᠳᠤᠭᠠᠨ︾ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠲᠦᠭᠰᠢᠭᠦᠷᠢ ᠶᠢ ᠯᠠᠪᠳᠠᠭᠤᠨ ᠰᠢᠢᠳᠪᠤᠷᠢᠯᠡᠬᠦ ᠵᠡᠷᠭᠡ ᠲᠠᠯ᠎ᠠ ᠪᠠᠷ ᠭᠤᠤᠯᠯᠠᠭᠤᠯᠤᠨ᠂ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠤᠯᠢ ᠶᠣᠰᠣᠭᠠᠷ ᠢᠯᠡ ᠪᠤᠯᠭᠠᠨ᠎ᠠ︔ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠳᠤ ᠲᠤᠯᠭᠠᠷᠠᠵᠤ  ᠪᠠᠶᠢᠭ᠎ᠠ ᠳᠣᠪᠦ᠋ᠮ᠎ᠠ ᠠᠰᠠᠭᠤᠳᠠᠯ ᠪᠠ ᠤᠨᠴᠠᠭᠠᠢ ᠶᠠᠳᠠᠭᠤ ᠬᠦᠴᠢᠷᠳᠡᠯᠲᠡᠶ ᠬᠥᠮᠦᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠲᠠᠯ᠎ᠠ ᠪᠠᠷ ᠭᠤᠤᠯᠯᠠᠭᠤᠯᠤᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠶᠠᠳᠠᠭᠤ ᠶᠢ ᠲᠡᠳᠬᠦᠬᠦ ᠲᠥᠷᠥᠯ ᠵᠤᠶᠢᠯ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ᠂ ᠲᠦᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ ᠵᠢᠭᠡᠯᠡᠯᠭᠡ᠂ ᠠᠵᠢᠯ ᠲᠥᠷᠥᠯ ᠤᠨ ᠶᠠᠳᠠᠭᠤ ᠶᠢ ᠲᠡᠳᠬᠦᠬᠦ ᠬᠠᠮᠢᠶ᠎ᠠ ᠪᠥᠬᠦᠶ ᠡᠳ᠋ ᠤᠨ ᠵᠠᠰᠠᠭ ᠤᠨ ᠪᠠᠯᠠ ᠮᠦᠩᠭᠦ ᠶᠢᠨ ᠪᠠᠶᠢᠳᠠᠯ᠂ ᠶᠠᠳᠠᠭᠤ ᠬᠦᠴᠢᠷᠳᠡᠯᠲᠡᠶ ᠡᠷᠦᠬᠡ ᠶᠢ ᠨᠠᠷᠢᠯᠢᠭ ᠣᠨᠣᠴᠠᠲᠠᠶ ᠪᠠᠷ ᠢᠯᠭᠠᠨ ᠲᠠᠨᠢᠵᠤ ᠪᠠᠭᠤᠭᠰᠠᠨ ᠪᠠᠶᠢᠳᠠᠯ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ︔ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠪᠡᠷᠬᠡ ᠰᠡᠳᠦᠪ ᠢ ᠰᠢᠢᠳᠪᠤᠶᠢᠯᠡᠬᠦ ᠠᠵᠢᠯ ᠢ ᠦᠷᠭᠦᠯᠵᠢᠯᠡᠨ ᠦᠷᠨᠢᠭᠦᠯᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠬᠢ ᠵᠠᠰᠠᠬᠤ ᠠᠷᠭ᠎ᠠ ᠬᠡᠮᠵᠢᠶ᠎ᠡ᠂ ᠠᠬᠢᠴᠠ᠂ ᠦᠷ᠎ᠡ ᠪᠦᠲᠦᠮᠵᠢ ᠶᠢᠨ ᠲᠠᠯ᠎ᠠ ᠪᠠᠷ ᠬᠢ ᠮᠡᠳᠡᠭᠡ ᠵᠠᠩᠭᠢ ᠶᠢ ᠢᠯᠡ ᠪᠤᠯᠭᠠᠬᠤ ᠠᠵᠢᠯ ᠤᠨ ᠲᠣᠭᠤᠷᠢᠨ ᠳᠤ᠂ ᠨᠡᠶᠢᠭᠡᠮ ᠤᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠠᠮᠢ ᠠᠬᠤᠢ ᠣᠷᠴᠢᠨ ᠲᠣᠭᠤᠷᠢᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ  ᠬᠢᠨ᠎ᠡ᠃ ︵ᠲᠦᠷᠦᠭᠦᠯᠡᠨ ᠬᠢᠬᠦ ᠨᠢᠭᠡᠴᠡ᠄ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ᠂ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶      ︵ᠬᠤᠶᠠᠷ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠲᠠᠢ ᠤᠶᠠᠯᠳᠤᠭᠤᠯᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠤᠨ᠎ᠠ      1 . ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠰᠤᠷᠭᠠᠨ ᠬᠥᠮᠦᠵᠢᠯ ᠤᠨ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠤᠨ᠎ᠠ᠃ ᠣᠷᠣᠨ ᠪᠦᠰᠡ ᠶᠢᠨ ᠳᠣᠲᠣᠷᠠᠬᠢ ᠰᠤᠷᠭᠠᠭᠤᠯᠢ ᠶᠢᠨ ᠦᠨᠳᠦᠰᠦᠨ ᠪᠠᠶᠢᠳᠠᠯ᠂ ᠰᠤᠷᠭᠠᠭᠤᠯᠢ ᠶᠢᠨ ᠲᠠᠰ ᠤᠨ ᠤᠳᠤᠷᠢᠳᠬᠤ ᠪᠠᠭ ᠤᠨ ᠲᠠᠨᠢᠯᠴᠠᠭᠤᠯᠭ᠎ᠠ᠂ ᠪᠠᠭᠰᠢ ᠶᠢᠨ ᠶᠡᠷᠦᠩᠬᠡᠶ ᠪᠠᠶᠢᠳᠠᠯ ᠂ ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ ᠵᠡᠷᠭᠡ ᠶᠢ ᠢᠯᠡ ᠪᠣᠯᠭᠠᠨ᠎ᠠ︔ ᠰᠣᠷᠣᠭᠴᠢ ᠡᠯᠰᠡᠬᠦ ᠬᠡᠰᠡᠭ ᠬᠤᠪᠢᠶᠠᠬᠤ ᠬᠡᠪᠴᠢᠶ᠎ᠡ᠂ ᠰᠤᠷᠭᠠᠭᠤᠯᠢ ᠳᠤ ᠣᠷᠣᠬᠤ ᠨᠥᠬᠦᠴᠡᠯ᠂ ᠨᠡᠷ᠎ᠡ ᠮᠡᠳᠡᠭᠦᠯᠬᠦ ᠲᠠᠰ ᠳᠠᠷᠠᠭᠠᠯᠠᠯ᠂ ᠬᠤᠲᠠ ᠳᠤ ᠣᠷᠣᠵᠤ ᠠᠵᠢᠯ ᠬᠥᠳᠡᠯᠮᠦᠷᠢ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ᠂ ᠡᠯᠰᠡᠭᠰᠡᠨ ᠦᠷ᠎ᠡ ᠳ᠋ᠦᠩ ᠵᠡᠷᠭᠡ︔ ᠰᠤᠷᠤᠭᠴᠢᠳ ᠰᠤᠷᠭᠠᠭᠤᠯᠢ ᠰᠢᠯᠵᠢᠬᠦ᠂ ᠰᠤᠷᠤᠯᠭ᠎ᠠ ᠪᠠᠨ ᠲᠦᠷ ᠵᠣᠭᠰᠣᠬᠤ᠂ ᠰᠤᠷᠭᠠᠭᠤᠯᠢ ᠳᠤ ᠣᠷᠣᠬᠤ ᠶᠢ ᠬᠤᠶᠢᠰᠢᠯᠠ ᠭᠤᠯᠬᠤ᠂ ᠰᠤᠷᠤᠯᠭ᠎ᠠ ᠪᠠᠨ ᠰᠡᠷᠭᠦᠭᠡᠬᠦ ᠵᠡᠷᠭᠡ ᠣᠨᠳᠣᠤ ᠬᠡᠷᠡᠭ ᠶᠠᠪᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢ ᠭᠦᠢᠴᠡᠳᠭᠡᠨ᠎ᠡ︔ ᠰᠤᠷᠤᠭᠴᠢᠳ ᠢ ᠵᠣᠭᠤᠰ ᠢᠶᠠᠷ ᠲᠤᠰᠠᠯᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢ ᠡᠯᠰᠡᠬᠦ ᠰᠢᠯᠢᠭᠠᠨᠲᠠ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠭᠡᠷᠡᠴᠢᠯᠡᠯ᠂ ᠲᠤᠰᠬᠠᠶ ᠮᠡᠷᠭᠡᠵᠢᠯ ᠤᠨ ᠲᠤᠰᠢᠶᠠᠯ ᠢ ᠬᠢᠨᠠᠨ ᠲᠣᠭᠲᠠᠭᠠᠬᠤ ᠵᠡᠷᠭᠡ ᠮᠡᠳᠡᠭᠡ ᠵᠠᠩᠭᠢ︔ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠭᠦᠭᠵᠢᠭᠦᠯᠬᠦ  ᠵᠡᠷᠭᠡ ᠴᠢᠬᠤᠯᠠ ᠶᠡᠭᠡ ᠵᠤᠶᠢᠯᠡᠰ ᠤᠨ ᠢᠨᠵᠧᠨᠧᠷᠢᠩ᠂ ᠭᠤᠤᠯᠳᠠᠯᠭ᠎ᠠ ᠲᠠᠢ ᠠᠵᠢᠯ ᠤᠨ ᠲᠥᠯᠥᠪᠯᠡᠭᠡ ᠶᠢᠨ ᠠᠬᠢᠴᠠ ᠶᠢᠨ ᠪᠠᠶᠢᠳᠠᠯ︔ ᠠᠯᠪᠠᠨ ᠵᠢᠷᠤᠮ ᠤᠨ ᠰᠤᠷᠭᠠᠨ ᠬᠦᠮᠦᠵᠢᠯᠯᠤᠭᠡ ᠬᠤᠯᠪᠣᠭᠳᠠᠯ ᠲᠠᠢ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠢᠯᠡ ᠪᠣᠯᠭᠠᠵᠤ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠢ ᠰᠠᠶᠢᠳᠤᠷ ᠬᠢᠬᠦ ᠬᠡᠷᠡᠭᠲᠡᠶ᠃ ︵ᠲᠦᠷᠦᠭᠦᠯᠡᠬᠦ ᠨᠢᠭᠡᠴᠡ᠄ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ︶      2 . ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠤᠨ᠎ᠠ᠃ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠰᠠᠭᠤᠷᠢ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ︵ᠲᠦᠷᠦᠭᠦᠯᠡᠬᠦ ᠨᠢᠭᠡᠴᠡ᠄ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶      3 . ᠢᠳᠡᠭᠡᠨ ᠪᠠ ᠡᠮ ᠤᠨ ᠵᠤᠶᠢᠯ ᠤᠨ ᠠᠮᠤᠷ ᠲᠦᠪᠰᠢᠨ ᠤ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬ ᠶᠢᠨ ᠠᠬᠢᠭᠤᠯᠤᠨ᠎ᠠ᠃ ᠢᠳᠡᠭᠡᠨ ᠪᠠ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠨᠷᠠᠭᠤᠯᠵᠤ᠂ ᠢᠳᠡᠭᠡᠨ ᠪᠠ ᠡᠮ ᠤᠨ ᠵᠤᠶᠢᠯ ᠤᠨ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠭᠡᠨ ᠲᠣᠷᠭᠠᠬᠤ ᠮᠡᠳᠡᠭᠡ ᠵᠠᠩᠭᠢ ᠶᠢ ᠢᠯᠡ ᠪᠣᠯᠭᠠᠬᠤ ᠬᠡᠷᠡᠭᠲᠡᠶ᠃ ᠢᠳᠡᠭᠡᠨ ᠤ ᠰᠤᠭᠤᠴᠢᠨ ᠪᠠᠶᠢᠴᠠᠭᠠᠭᠰᠠᠨ ᠶᠡᠷᠦᠩᠬᠡᠶ  ᠪᠠᠶᠢᠳᠠᠯ᠂ ᠭᠤᠤᠯ ᠠᠰᠠᠭᠤᠳᠠᠯ ᠢ ᠣᠯᠵᠤ ᠮᠡᠳᠡᠭᠰᠡᠨ ᠪᠠ ᠬᠢᠨᠠᠨ ᠪᠠᠶᠢᠴᠠᠭᠠᠵᠤ ᠰᠢᠢᠳᠪᠤᠷᠢᠯᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠢᠳᠡᠭᠡᠨ ᠤ ᠠᠶᠤᠯ ᠦᠭᠡᠶ ᠶᠢᠨ ᠲᠣᠭᠲᠠᠮᠠᠯ ᠬᠤᠭᠤᠴᠠᠭ᠎ᠠ ᠲᠠᠢ ᠪᠠᠷ ᠪᠠᠶᠢᠩᠭᠤ ᠶᠢᠨ ᠴᠢᠨᠠᠷᠲᠠᠶ ᠰᠤᠭᠤᠯᠤᠨ  ᠪᠠᠶᠢᠴᠠᠭᠠᠬᠤ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠴᠠ ᠶᠢ ᠴᠢᠩᠭᠠᠷᠠᠭᠤᠯᠵᠤ᠂ ᠣᠯᠠᠨ ᠨᠡᠶᠢᠲᠡ ᠶᠢᠨ ᠰᠤᠭᠤᠯᠤᠨ ᠪᠠᠶᠢᠴᠠᠭᠠᠭᠰᠠᠨ ᠦᠷ᠎ᠡ ᠳ᠋ᠦᠩ ᠣᠯᠬᠤ᠂ ᠢᠳᠡᠭᠡᠨ ᠤ ᠮᠡᠳᠡᠯᠭᠡ ᠶᠢ ᠣᠶᠢᠯᠠᠭᠠᠬᠤ ᠳᠥᠭᠦᠮ ᠦᠵᠡᠭᠦᠯᠬᠦ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠶ᠃ ᠡᠮ ᠤᠨ ᠵᠦᠢᠯᠡᠰ ᠢ ᠬᠢᠨᠠᠨ ᠪᠠᠶᠢᠴᠠᠭᠠᠬᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠰᠢᠢᠳᠤᠷ ᠬᠢᠵᠦ᠂ ᠡᠭᠡᠭᠦᠯᠦᠨ ᠠᠪᠴᠢᠷᠠᠭᠰᠠᠨ ᠤᠶᠢᠯᠡᠳᠭᠦᠨ᠂ ᠤᠶᠢᠯᠡᠳᠪᠤᠷᠢᠯᠡᠯ ᠢ ᠨᠢ ᠵᠣᠭᠰᠣᠭᠠᠨ ᠴᠡᠭᠴᠡᠯᠡᠭᠰᠡᠨ᠂ ᠦᠨᠡᠮᠯᠡᠯ ᠢ ᠨᠢ ᠬᠤᠷᠢᠶᠠᠨ ᠠᠪᠤᠭᠰᠠᠨ ᠪᠤᠶᠤ ᠬᠦᠴᠦᠨ ᠦᠭᠡᠶ ᠪᠣᠯᠭᠠᠭᠰᠠᠨ ᠵᠡᠷᠭᠡ ᠪᠠᠶᠢᠳᠠᠯ ᠢ ᠴᠠᠭ ᠲᠤᠬᠠᠶ ᠳᠤᠨᠢ ᠨᠡᠶᠢᠲᠡᠯᠡᠵᠦ᠂ ᠡᠮ ᠡᠮᠨᠡᠯᠭᠡ ᠶᠢᠨ ᠲᠥᠯᠥᠭᠡᠯᠡᠭᠴᠢ ᠶᠢᠨ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      4. ᠨᠡᠶᠢᠭᠡᠮ ᠤᠨ ᠠᠪᠤᠷᠠᠨ ᠲᠤᠰᠠᠯᠠᠬᠤ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠤᠨ᠎ᠠ᠃ ᠬᠦᠴᠢᠷᠳᠡᠯᠲᠡᠶ ᠣᠯᠠᠨ ᠲᠦᠮᠡᠨ ᠤ ᠠᠪᠤᠷᠠᠨ ᠲᠤᠰᠠᠯᠠᠬᠤ ᠮᠡᠳᠡᠭᠡ ᠵᠠᠩᠭᠢ ᠶᠢ ᠢᠯᠡ ᠪᠣᠯᠭᠠᠬᠤ ᠶᠢ ᠳᠡᠭᠡᠰᠦ ᠬᠡᠮᠵᠢᠶ᠎ᠡ ᠪᠠᠷ ᠴᠢᠬᠤᠯᠠᠴᠢᠯᠠᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠢᠯᠡ ᠪᠣᠯᠭᠠᠬᠤ ᠬᠠᠨᠳᠤᠯᠭᠠᠲᠤ ᠴᠢᠨᠠᠷ ᠪᠣᠯᠤᠨ ᠪᠦᠲᠦᠮᠵᠢᠲᠦ ᠴᠢᠨᠠᠷ ᠢ ᠦᠨᠡᠨᠬᠦ ᠨᠡᠮᠡᠭᠳᠡᠭᠦᠯᠦᠨ᠎ᠡ᠃ ᠬᠦᠴᠢᠷᠳᠡᠯᠲᠡᠶ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠮᠡᠳᠡᠭᠦᠯᠵᠦ᠂ ᠪᠠᠲᠤᠯᠠᠭ᠎ᠠ ᠲᠠᠢ ᠪᠣᠯᠭᠠᠨ᠎ᠠ᠃ ︵ᠲᠦᠷᠦᠭᠦᠯᠡᠬᠦ ᠨᠢᠭᠡᠴᠡ᠄ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ︶      ᠳᠥᠷᠪᠡᠨ᠂ ᠬᠡᠷᠡᠭᠵᠢᠭᠦᠯᠬᠦ ᠠᠯᠬᠤᠮ ᠳᠠᠷᠠᠭ᠎ᠠ      ︵ᠨᠢᠭᠡ︶ ᠡᠬᠢᠯᠡᠭᠦᠯᠦᠨ ᠬᠡᠷᠡᠭᠵᠢᠭᠦᠯᠬᠦ ᠱᠠᠲᠤ ᠦᠶ᠎ᠡ ︵2020 ᠣᠨ ᠤ 8 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ︶      1 . ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠬᠡᠷᠡᠭᠵᠢᠭᠦᠯᠬᠦ ᠲᠥᠰᠦᠯ ᠲᠣᠭᠲᠠᠭᠠᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠵᠢᠭᠦᠯᠬᠦ ᠲᠥᠰᠦᠯ︾ ᠤᠨ ᠠᠭᠤᠯᠭ᠎ᠠ ᠲᠠᠢ ᠤᠶᠠᠯᠳᠤᠭᠤᠯᠤᠨ᠂ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠰᠠᠯᠠᠭ᠎ᠠ ᠮᠥᠴᠢᠷ ᠤᠨ ᠲᠥᠰᠦᠯ ᠢ ᠰᠤᠳᠤᠯᠤᠨ ᠲᠣᠭᠲᠠᠭᠠᠵᠤ᠂ ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠎ᠠ᠃      2 . ᠰᠢᠩ ᠾᠧ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠤᠴᠢᠷ ᠶᠠᠪᠤᠳᠠᠯ ᠤᠨ ᠵᠢᠭᠠᠨ ᠵᠢᠯᠣᠭᠤᠳᠬᠤ ᠭᠠᠷᠴᠠᠭ ᠢᠶᠠᠷ ᠯᠠᠪᠯᠠᠯᠲᠠ ᠪᠣᠯᠭᠠᠵᠤ ︵ᠳᠠᠭᠠᠯᠳᠤᠭᠤᠯᠤᠯ 3 ᠳᠤ ᠨᠠᠷᠢᠨ ᠦᠵᠡᠭᠡᠷᠡᠶ︶ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠲᠣᠭᠲᠠᠭᠠᠭᠰᠠᠨ ᠵᠠᠰᠠᠭ ᠤᠨ ᠶᠠᠪᠤᠳᠠᠯ ᠢ ᠢᠯᠡ ᠪᠤᠯᠭᠠᠬᠤ ᠵᠦᠢᠯᠡᠰ ᠤᠨ ᠪᠠᠷᠢᠮᠵᠢᠶ᠎ᠠ ᠶᠢᠨ ᠭᠠᠷᠴᠠᠭ ᠲᠠᠢ ᠤᠶᠠᠯᠳᠤᠭᠤᠯᠤᠨ᠂ ᠭᠠᠷᠴᠠᠭ ᠤᠨ ᠠᠭᠤᠯᠭ᠎ᠠ ᠶᠢ ᠬᠥᠳᠡᠯᠦᠩᠭᠦᠶ ᠪᠠᠷ ᠳᠣᠭᠢᠷᠠᠭᠤᠯᠤᠨ ᠰᠢᠨᠡᠳᠬᠡᠵᠦ᠂ ᠭᠠᠷᠴᠠᠭ ᠤᠨ ᠠᠭᠤᠯᠭ᠎ᠠ ᠶᠣᠰᠣᠭᠠᠷ᠂ ᠢᠯᠡ ᠪᠣᠯᠭᠠᠬᠤ ᠠᠭᠤᠯᠭ᠎ᠠ ᠶᠢ ᠨᠠᠷᠢᠯᠢᠬᠵᠢᠭᠤᠯᠤᠨ᠎ᠠ᠃      3. ᠵᠠᠰᠠᠭ ᠤᠨ ᠶᠠᠪᠤᠳᠠᠯ ᠢ ᠢᠯᠡ ᠪᠣᠯᠭᠠᠬᠤ ᠴᠤᠪᠤᠷᠠᠯ ᠢ ᠰᠢᠯᠢᠳᠡᠭᠵᠢᠭᠦᠯᠬᠦ ᠡᠯ᠎ᠡ ᠵᠤᠶᠢᠯ ᠤᠨ ᠳᠦᠷᠢᠮ ᠶᠢ ᠪᠠᠶᠢᠭᠤᠯᠤᠨ ᠪᠦᠷᠢᠨᠰᠢᠭᠦᠯᠦᠨ᠎ᠡ᠃ ︽ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠠᠭᠤᠯᠭ᠎ᠠ ᠵᠢᠴᠢ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠴᠤᠪᠤᠷᠠᠯ ᠢ ᠰᠢᠯᠢᠳᠡᠭᠵᠢᠭᠦᠯᠬᠦ ᠡᠯ᠎ᠡ ᠵᠤᠶᠢᠯ ᠤᠨ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃      4. ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠮᠠᠶ᠋ᠢᠭ ᠢ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠡᠷᠡᠭᠴᠡᠭᠡ ᠶᠣᠰᠣᠭᠠᠷ᠂ ︽ᠰᠢᠩ ᠾᠧ ᠵᠠᠰᠠᠭ ᠤᠨ ᠣᠷᠳᠣᠨ ᠤ ᠰᠦᠯᠵᠢᠶ᠎ᠡ ︾ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠬᠡᠰᠡᠭ ᠢ ᠲᠠᠰ ᠳᠡᠪᠰᠢᠭᠦᠯᠦᠨ ᠳᠣᠭᠢᠷᠠᠭᠤᠯᠤᠨ᠎ᠠ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠰᠠᠯᠠᠭ᠎ᠠ ᠮᠥᠴᠢᠷ ᠢᠶᠠᠷ ᠲᠣᠰ ᠲᠣᠰ ᠢᠯᠡ ᠪᠣᠯᠭᠠᠵᠤ᠂ ᠡᠯ᠎ᠡ ᠰᠢᠶᠠᠩ ᠪᠠ ᠯᠭᠠᠰᠤ᠂ ᠡᠯ᠎ᠡ ᠰᠠᠯᠠᠭ᠎ᠠ ᠮᠥᠴᠢᠷ ᠲᠣᠰ ᠰᠠᠯᠠᠭ᠎ᠠ ᠮᠥᠴᠢᠷ ᠤᠨ ᠢᠶᠠᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠲᠤᠬᠠᠶᠢᠯᠠᠭᠰᠠᠨ ᠠᠵᠢᠯ ᠤᠨ ᠬᠥᠳᠡᠯᠦᠩᠭᠦᠶ ᠪᠠᠶᠢᠳᠠᠯ᠂ ᠤᠳᠤᠷᠢᠳᠤᠯᠭ᠎ᠠ  ᠶᠢᠨ ᠠᠵᠢᠯ ᠤᠨ ᠬᠤᠪᠢᠶᠠᠷᠢᠯᠠᠯ ᠵᠢᠴᠢ ᠠᠵᠢᠯᠯᠠᠬᠤ ᠬᠠᠶ᠋ᠢᠭ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠪᠣᠯᠭᠠᠬᠤ ᠶᠢ ᠬᠠᠷᠢᠭᠤᠴᠠᠨ᠎ᠠ᠃ ᠡᠭᠦᠨ ᠤ ᠬᠠᠮᠲᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠤᠯᠠᠮᠵᠢᠯᠠᠯᠲᠤ ᠵᠠᠭᠤᠴᠢᠯᠠᠭᠤᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠴᠢᠳᠠᠮᠵᠢ ᠶᠢ ᠴᠢᠩᠭᠠᠷᠠᠭᠤᠯᠵᠤ᠂ ᠰᠢᠨ᠎ᠡ ᠵᠠᠭᠤᠴᠢᠯᠠᠭᠤᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠨᠡᠶᠢᠲᠡᠯᠡᠬᠦ ᠶᠢ ᠪᠠᠶᠢᠩᠭᠤᠵᠢᠭᠤᠯᠬᠤ᠂ ᠡᠷᠬᠡ ᠰᠦᠷᠲᠦ ᠪᠣᠯᠭᠠᠬᠤ᠂ ᠠᠷᠠᠳ ᠲᠤ ᠲᠥᠬᠦᠮ ᠦᠵᠡᠭᠦᠯᠬᠦ ᠶᠢ ᠨᠡᠭᠡᠭᠡᠨ ᠬᠥᠭᠵᠢᠭᠦᠯᠬᠦ ᠬᠡᠷᠡᠭᠲᠡᠶ︔ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠶ᠊ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠵᠠᠷᠯᠠᠨ ᠨᠡᠶᠢᠲᠡᠯᠡᠬᠦ ᠪᠤᠯᠤᠩ᠂ ᠠᠷᠠᠳ ᠲᠤ ᠲᠥᠬᠦᠮ ᠦᠵᠡᠭᠦᠯᠬᠦ ᠤᠶᠢᠯᠡᠴᠢᠯᠡᠭᠡᠨ ᠤ ᠴᠣᠩᠬᠤ᠂ ᠠᠵᠢᠯ ᠶᠠᠪᠤᠳᠠᠯ ᠭᠦᠢᠴᠡᠳᠭᠡᠬᠦ ᠲᠢᠩᠬᠢᠮ ᠵᠡᠷᠭᠡ ᠲᠠᠯᠠᠪᠤᠷ ᠭᠠᠵᠠᠷ ᠤᠨ ᠲᠦᠯᠦᠪᠵᠢᠭᠦᠯᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ︔ ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠵᠠᠮ ᠤᠨ ᠬᠠᠮᠢᠶ᠎ᠠ ᠪᠦᠬᠦᠢ ᠳᠦᠷᠢᠮ ᠢ ᠰᠤᠳᠤᠯᠤᠨ ᠲᠣᠭᠲᠠᠭᠠᠵᠤ᠂ ᠢᠯᠡ ᠪᠣᠯᠭᠠᠬᠤ ᠠᠷᠭ᠎ᠠ ᠵᠠᠮ ᠤᠨ ᠲᠡᠷᠢᠭᠦᠯᠡᠬᠦ ᠳᠡᠰ ᠢ ᠲᠣᠭᠲᠠᠭᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠬᠢᠷᠢ ᠬᠡᠮᠵᠢᠶ᠎ᠡ ᠪᠠ ᠶᠠᠰᠤ ᠴᠢᠨᠠᠷ ᠢ ᠵᠢᠷᠤᠮᠵᠢᠭᠤᠯᠤᠨ ᠳᠡᠭᠡᠭᠰᠢᠯᠡᠭᠦᠯᠦᠨ᠎ᠡ᠃       ︵ᠬᠤᠶᠠᠷ︶ ᠬᠡᠷᠡᠭᠵᠢᠭᠦᠯᠬᠦ ᠶᠢ ᠠᠬᠢᠭᠤᠯᠬᠤ ᠱᠠᠲᠤ ᠦᠶ᠎ᠡ ︵2020 ᠣᠨ ᠤ 9 ᠳ᠋ᠦᠭᠡᠷ ᠰᠠᠷ᠎ᠠ — 2020 ᠣᠨ ᠤ 10 ᠳ᠋ᠤᠭᠠᠷ ᠰᠠᠷ᠎ᠠ︶      ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠠᠬᠢᠭᠤᠯᠬᠤ ᠪᠠ ᠲᠤᠷᠰᠢᠨ ᠲᠣᠬᠢᠷᠠᠭᠤᠯᠵᠤ᠂ ᠢᠯᠡ ᠪᠣᠯᠭᠠᠬᠤ ᠵᠤᠶᠢᠯᠡᠰ ᠢ ᠪᠠᠶᠢᠩᠭᠤᠵᠢᠭᠤᠯᠤᠨ ᠨᠡᠶᠢᠲᠡᠯᠡᠬᠦ᠂ ᠬᠥᠳᠡᠯᠦᠩᠭᠦᠶ ᠰᠢᠨᠡᠴᠢᠯᠡᠬᠦ ᠶᠢ ᠪᠡᠶᠡᠯᠡᠭᠦᠯᠵᠦ᠂ ᠪᠥᠬᠦ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃      ︵ᠭᠤᠷᠪᠠ︶ ᠳ᠋ᠦᠩᠨᠡᠨ ᠴᠡᠭᠴᠡᠯᠡᠨ ᠰᠠᠶᠢᠵᠢᠷᠠᠭᠤᠯᠬᠤ ᠱᠠᠲᠤ ᠦᠶ᠎ᠡ ︵2020 ᠣᠨ ᠤ 11 ᠳ᠋ᠦᠭᠡᠷ ᠰᠠᠷ᠎ᠠ — 2020 ᠣᠨ ᠤ 12 ᠳ᠋ᠤᠭᠠᠷ ᠰᠠᠷ᠎ᠠ︶      ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ 2020 ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠶᠡᠷᠦᠩᠬᠡᠶ ᠪᠠᠶᠢᠳᠠᠯ᠂ ᠭᠤᠤᠯ ᠠᠷᠭ᠎ᠠ ᠪᠠᠷᠢᠯ ᠪᠠ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠰᠠᠨᠠᠭᠤᠯᠭ᠎ᠠ ᠵᠡᠷᠭᠡ ᠶᠢ ᠦᠨᠳᠦᠰᠦᠯᠡᠨ ᠳ᠋ᠦᠩᠨᠡᠯᠲᠡ ᠬᠢᠵᠦ᠂ ᠲᠡᠷᠡᠴᠢᠯᠡᠨ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠪᠠᠶᠢᠩᠭᠤᠵᠢᠭᠤᠯᠬᠤ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠦᠲᠦᠮᠵᠢᠲᠡᠶ ᠠᠬᠢᠭᠤᠯᠤᠨ᠎ᠠ᠃        ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠮᠡᠳᠡᠭᠡ ᠵᠠᠩᠭᠢ ᠨᠡᠶᠢᠲᠡᠯᠡᠬᠦ ᠶᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠡᠳᠦᠭᠡᠷ ᠲᠠᠪᠴᠠᠩ ᠤᠨ ᠤᠶᠢᠯᠡᠳᠤᠯ ᠢ ᠴᠢᠩᠭᠠᠳᠬᠠᠵᠤ᠂ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ᠂ ᠴᠠᠭ ᠲᠤᠬᠠᠶ ᠳᠤᠨᠢ᠂ ᠪᠦᠬᠦ ᠲᠠᠯ᠎ᠠ ᠪᠠᠷ᠂ ᠣᠨᠣᠪᠴᠢᠲᠠᠶ ᠨᠡᠶᠢᠲᠡᠯᠡᠵᠦ᠂ ᠵᠠᠭᠪᠤᠷ ᠤᠨ ᠠᠭᠤᠯᠭ᠎ᠠ ᠪᠠᠨ ᠴᠠᠭ ᠲᠤᠬᠠᠶ ᠳᠤᠨᠢ ᠰᠢᠨᠡᠳᠬᠡᠵᠦ᠂ ︽ᠢᠯᠡ ᠪᠣᠯᠭᠠᠬᠤ ᠬᠡᠷᠡᠭᠲᠡᠶ᠂ ᠪᠦᠬᠦ ᠲᠠᠯ᠎ᠠ ᠪᠠᠷ ᠢᠯᠡ ᠪᠣᠯᠭᠠᠬᠤ︾ ᠶᠢ ᠪᠡᠶᠡᠯᠡᠭᠦᠯᠵᠦ᠂ ᠡᠭᠦᠨ ᠤ ᠳᠤ ᠬᠠᠮᠲᠤ ᠵᠠᠰᠠᠭ ᠤᠨ ᠶᠠᠪᠤᠳᠠᠯ ᠢ ᠢᠯᠡ ᠪᠣᠯᠭᠠᠬᠤ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠦᠨᠳᠦᠰᠦᠯᠡᠨ᠂ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠵᠢᠴᠢ ᠬᠤᠪᠢ ᠬᠥᠮᠦᠨ ᠤ ᠨᠢᠭᠤᠴᠠ ᠪᠣᠯᠤᠨ ᠢᠯᠡ ᠪᠣᠯᠭᠠᠭᠰᠠᠨ ᠤ ᠳᠠᠷᠠᠭ᠎ᠠ ᠤᠯᠤᠰ ᠤᠨ ᠠᠮᠤᠷ ᠲᠦᠪᠰᠢᠨ᠂ ᠠᠵᠤ ᠠᠬᠤᠶ ᠶᠢᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠳᠤ ᠬᠥᠨᠥᠭᠡᠯ ᠤᠴᠠᠷᠠᠭᠤᠯᠬᠤ ᠵᠡᠷᠭᠡ ᠲᠠᠯ᠎ᠠ ᠶᠢᠨ ᠵᠤᠶᠢᠯᠡᠰ ᠢ ᠪᠦᠬᠦᠨ ᠢ ᠨᠠᠵᠠᠭᠠᠶ ᠲᠠᠯ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠳᠤ ᠣᠷᠣᠭᠤᠯᠤᠨ᠎ᠠ᠃ ᠡᠭᠦᠨ ᠤ ᠬᠠᠮᠲᠤ ᠴᠠᠭ ᠲᠤᠬᠠᠶ ᠳᠤᠨᠢ ᠳᠣᠭᠢᠷᠠᠭᠤᠯᠤᠨ ᠰᠢᠨᠡᠳᠬᠡᠵᠦ᠂ ᠨᠠᠵᠠᠭᠠᠶ ᠲᠠᠯ᠎ᠠ ᠶᠢᠨ ᠨᠠᠷᠢᠨ ᠲᠠᠩᠰᠠ ᠠᠴᠠ ᠭᠠᠳᠠᠨᠠᠬᠢ ᠵᠤᠶᠢᠯᠡᠰ ᠢ ᠵᠠᠷᠴᠢᠮ ᠳᠡᠭᠡᠷ᠎ᠡ ᠪᠠᠨ ᠴᠥᠮ ᠬᠠᠤᠯᠢ ᠲᠣᠭᠲᠠᠭᠠᠯ ᠶᠣᠰᠣᠭᠠᠷ ᠢᠯᠡ ᠪᠣᠯᠭᠠᠬᠤ ᠬᠡᠷᠡᠭᠲᠡᠶ᠃      ︵ᠬᠤᠶᠠᠷ︶ ᠰᠣᠨᠢᠨ ᠮᠡᠳᠡᠭᠡᠨ ᠤ ᠵᠠᠭᠤᠴᠢᠯᠠᠭᠤᠷ ᠤᠨ ᠤᠶᠢᠯᠡᠳᠤᠯ ᠢ ᠨᠠᠩ ᠰᠠᠶᠢᠲᠤᠷ ᠪᠠᠳᠠᠷᠠᠭᠤᠯᠤᠨ᠎ᠠ᠃ ᠴᠢᠬᠤᠯᠠ ᠬᠤᠷᠠᠯ ᠤᠨ ᠠᠵᠢᠯᠯᠠᠭ᠎ᠠ᠂ ᠴᠢᠬᠤᠯᠠ ᠶᠡᠭᠡ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠠᠵᠤ ᠠᠬᠤᠢ ᠶᠢᠨ ᠠᠵᠢᠯᠯᠠᠭᠠᠨ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ ᠪᠠᠶᠢᠳᠠᠯ ᠵᠡᠷᠭᠡ ᠮᠡᠳᠡᠭᠡ ᠵᠠᠩᠭᠢ᠂ ᠤᠯᠠᠮᠵᠢᠯᠠᠯᠲᠤ ᠵᠠᠭᠤᠴᠢᠯᠠᠭᠤᠷ᠂ ᠰᠦᠯᠵᠢᠶᠡᠨ ᠤ ᠲᠠᠪᠴᠠᠩ᠂ ᠰᠢᠨ᠎ᠡ ᠵᠠᠭᠤᠴᠢᠯᠠᠭᠤᠷ ᠵᠡᠷᠭᠡ ᠶᠢ ᠨᠢᠭᠡᠳᠦᠯᠲᠡᠶ ᠲᠦᠯᠦᠪᠯᠡᠨ ᠬᠡᠷᠡᠭᠯᠡᠵᠦ ᠨᠡᠶᠢᠲᠡᠯᠡᠬᠦ᠂ ᠲᠠᠶᠢᠯᠪᠤᠷᠢᠯᠠᠬᠤ᠂ ᠬᠠᠷᠢᠭᠤ ᠥᠭᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠰᠣᠨᠢᠨ ᠮᠡᠳᠡᠭᠡᠨ ᠤ ᠵᠠᠭᠤᠴᠢᠯᠠᠭᠤᠷᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠮᠡᠳᠡᠭᠡ ᠵᠠᠩᠭᠢ ᠨᠡᠶᠢᠲᠡᠯᠡᠬᠦ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠡᠪᠤᠷᠢᠯᠠᠬᠤ ᠂ ᠶᠠᠷᠢᠶ᠎ᠠ ᠬᠡᠯᠡᠯᠴᠡᠭᠡ ᠶᠢ ᠬᠥᠲᠥᠯᠥᠨ ᠳᠠᠭᠠᠭᠤᠯᠬᠤ᠂ ᠪᠣᠳᠠᠲᠤ ᠶᠠᠪᠤᠳᠠᠯ ᠢ ᠲᠣᠳᠣᠷᠬᠠᠶᠢᠯᠠᠬᠤ᠂ ᠠᠵᠢᠯ ᠢᠶᠠᠨ ᠠᠬᠢᠭᠤᠯᠬᠤ ᠶᠢᠨ ᠢᠳᠡᠪᠬᠢ ᠤᠶᠢᠯᠡᠳᠤᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠵᠠᠭᠤᠴᠢᠯᠠᠭᠤᠷ ᠤᠨ ᠰᠤᠷᠪᠤᠯᠵᠢᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠤᠨ ᠲᠥᠯᠥᠭᠡᠯᠡᠭᠴᠢ ᠶᠢ ᠤᠷᠢᠵᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ ᠶᠢ ᠣᠶᠢᠯᠠᠭᠠᠭᠤᠯᠬᠤ ᠳᠤ ᠢᠳᠡᠪᠬᠢᠲᠡᠶ ᠪᠠᠷ ᠤᠷᠤᠯᠴᠠᠭᠤᠯᠵᠤ᠂ ᠵᠠᠭᠤᠴᠢᠯᠠᠭᠤᠷ ᠤᠨ ᠰᠤᠷᠪᠤᠯᠵᠢᠯᠠᠭ᠎ᠠ ᠳᠤ ᠳᠥᠭᠦᠮ ᠦᠵᠡᠭᠦᠯᠵᠡᠶ᠃ ᠲᠣᠭᠲᠠᠭᠠᠯ ᠶᠣᠰᠣᠭᠠᠷ ᠬᠠᠮᠢᠶ᠎ᠠ ᠪᠦᠬᠦᠢ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠬᠠᠩᠭᠠᠬᠤ ᠬᠡᠷᠡᠭᠲᠡᠶ᠃      ︵ᠭᠤᠷᠪᠠ︶ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠸᠢᠴᠠᠲ᠂ ᠵᠠᠰᠠᠭ ᠤᠨ ᠶᠠᠪᠤᠳᠠᠯ ᠤᠨ ᠪᠢᠴᠢᠯ ᠪᠯᠤᠭ ᠵᠡᠷᠭᠡ ᠲᠠᠪᠴᠠᠩ ᠤᠨ ᠠᠷᠭ᠎ᠠ ᠵᠠᠮ ᠢ ᠥᠷᠭᠡᠳᠬᠡᠵᠦ᠂ ᠮᠡᠳᠡᠭᠡ ᠵᠠᠩᠭᠢ ᠨᠡᠶᠢᠲᠡᠯᠡᠬᠦ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠪᠠ ᠠ ᠵᠢᠯ ᠡᠷᠬᠢᠯᠡᠬᠦ ᠤᠶᠢᠯᠡᠴᠢᠯᠡᠭᠡᠨ ᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠢᠯᠡ ᠪᠣᠯᠭᠠᠬᠤ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠤᠶᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠤᠶᠢᠯᠡᠳᠤᠯ ᠢ ᠰᠠᠶᠢᠲᠤᠷ ᠪᠠᠳᠠᠷᠠᠭᠤᠯᠤᠭᠰᠠᠨ ᠰᠠᠭᠤᠷᠢᠨ ᠳᠡᠭᠡᠷ᠎ᠡ ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠣᠯᠠᠨ ᠠᠷᠭ᠎ᠠ ᠵᠠᠮ᠂ ᠣᠯᠠᠨ ᠲᠡᠪᠴᠢᠭ ᠬᠢᠬᠦ ᠬᠡᠷᠡᠭᠲᠡᠶ᠃      ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯ ᠬᠠᠷᠢᠭᠤᠴᠠᠯᠭᠠᠲᠠᠨ ᠨᠥᠬᠦᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠰᠣᠨᠣᠰᠴᠤ᠂ ᠴᠢᠬᠤᠯᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ︔ ᠨᠢᠭᠡ ᠬᠠᠷᠢᠭᠤᠴᠠᠯᠭᠠᠲᠠᠨ ᠨᠥᠬᠦᠷ ᠢ ᠲᠣᠭᠲᠠᠭᠠᠵᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠤᠪᠢᠳᠠᠨ ᠬᠠᠮᠢᠶᠠᠷᠠᠬᠤ ᠶᠢᠨ ᠬᠠᠮᠲᠤ ᠠᠵᠢᠯ ᠤᠨ ᠬᠤᠪᠢᠶᠠᠷᠢᠯᠠᠯ ᠳᠤ ᠵᠢᠭᠰᠠᠭᠠᠨ ᠣᠷᠣᠭᠤᠯᠵᠤ᠂ ᠢᠯᠡ ᠪᠣᠯᠭᠠᠬᠤ ᠠᠵᠢᠯ ᠢ ᠲᠦᠯᠬᠢᠨ ᠠᠬᠢᠭᠤᠯᠬᠤ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶ᠋ᠳᠪᠦᠷᠢᠯᠡᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠠᠯᠪᠠᠨ ᠭᠡᠷ ᠪᠣᠯ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠵᠤ᠂ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠵᠢᠯᠣᠭᠤᠳᠤᠨ ᠠᠬᠢᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠪᠣᠳᠠᠲᠠᠶ ᠬᠠᠷᠢᠭᠤᠴᠠᠬᠤ ᠬᠡᠷᠡᠭᠲᠡᠶ᠃      ︵ᠬᠤᠶᠠᠷ︶ ᠲᠦᠷᠢᠮ ᠤᠨ ᠵᠢᠷᠤᠮᠵᠢᠯ ᠢ ᠪᠦᠷᠢᠨᠰᠢᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠤᠯᠭᠠᠬᠤ ᠳᠦᠷᠢᠮ︾ ᠢ ᠦᠨᠳᠦᠰᠦᠯᠡᠨ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ᠂ ᠭᠤᠶᠤᠴᠢᠯᠠᠯ ᠢᠶᠠᠷ ᠢᠯᠡ ᠪᠣᠯᠭᠠᠬᠤ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ᠂ ᠵᠣᠬᠢᠴᠠᠭᠤᠯᠤᠨ ᠨᠡᠶᠢᠲᠡᠯᠡᠬᠦ ᠵᠢᠴᠢ ᠰᠢᠯᠭᠠᠨ ᠬᠢᠨᠠᠵᠤ ᠦᠨᠡᠯᠡᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠦᠷᠢᠮ ᠢ ᠤᠯᠠᠮ ᠨᠢᠭᠡ ᠠᠯᠬᠤᠮ ᠡᠮᠬᠢᠯᠡᠨ ᠲᠡᠭᠦᠯᠳᠡᠷᠵᠢᠭᠦᠯᠬᠦ ᠬᠡᠷᠡᠭᠲᠡᠶ᠃ ᠡᠭᠦᠨ ᠤ ᠬᠠᠮᠲᠤ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠠᠷᠢᠶᠠᠲᠤ ᠴᠢᠨᠠᠷ ᠤᠨ ᠡᠬᠢ ᠡᠭᠦᠰᠦᠯ ᠢ ᠮᠠᠭᠠᠳᠯᠠᠨ ᠲᠣᠭᠲᠠᠭᠠᠬᠤ ᠲᠣᠭᠲᠠᠴᠠ ᠶᠢ ᠴᠢᠩᠭ᠎ᠠ ᠨᠠᠢᠳᠠᠪᠤᠷᠢᠵᠢᠭᠤᠯᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠨᠢᠭᠤᠴᠠ ᠶᠢ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠤᠷᠢᠯᠡᠨ᠎ᠡ᠃      ︵ᠭᠤᠷᠪᠠ︶ ᠰᠢᠯᠭᠠᠨ ᠬᠢᠨᠠᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠣᠳᠣᠬᠠᠨ ᠳᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠨᠢᠭᠡᠨᠲᠡ ᠵᠣᠬᠢᠶᠠᠨ ᠪᠠᠶᠢᠭᠤᠯᠬᠤ ᠬᠡᠯᠲᠡᠰ ᠤᠨ ᠬᠠᠷᠠᠯᠲᠠ ᠡᠭᠦᠷᠭᠡ ᠶᠢ ᠬᠢᠨᠠᠨ ᠰᠢᠯᠭᠠᠬᠤ ᠰᠢᠰᠲ᠋ᠧᠮᠵᠢ ᠳᠤ ᠣᠷᠣᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ᠂ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ ᠥᠭᠬᠦ᠂ ᠡᠳᠦᠷ ᠲᠤᠲᠤᠮ ᠤᠨ ᠢᠯᠡᠷᠡᠯ ᠵᠡᠷᠭᠡ ᠲᠠᠯ᠎ᠠ ᠪᠠᠷ ᠭᠤᠤᠯ ᠬᠢᠨᠠᠨ ᠰᠢᠯᠭᠠᠬᠤ ᠠᠭᠤᠯᠭ᠎ᠠ ᠪᠣᠯᠭᠠᠭᠰᠠᠨ ᠪᠠᠶᠢᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠦᠴᠦᠲᠡᠶ ᠨᠠᠶᠢᠳᠠᠪᠤᠷᠢᠵᠢᠭᠤᠯᠤᠭᠰᠠᠨ ᠰᠠᠯᠠᠭ᠎ᠠ ᠮᠥᠴᠢᠷ ᠢ ᠬᠤᠯᠪᠤᠭᠳᠠᠯ ᠪᠥᠬᠦᠶ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠨ᠎ᠠ︔ ᠵᠠᠰᠠᠭ ᠤᠨ ᠶᠠᠪᠤᠳᠠᠯ ᠢ ᠢᠯᠡ ᠪᠣᠯᠭᠠᠬᠤ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ᠂ ᠴᠢᠬᠤᠯᠠ ᠮᠡᠳᠡᠭᠡ ᠵᠠᠩᠭᠢ ᠶᠢ ᠨᠡᠶᠢᠲᠡᠯᠡᠬᠦ ᠦᠭᠡᠢ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠦᠭᠡᠢ᠂ ᠬᠠᠯᠠᠮᠰᠢᠯ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠭᠦᠭᠰᠡᠨ ᠦᠭᠡᠢ ᠪᠠᠶᠢᠪᠡᠯ᠂ ᠴᠢᠩᠭ᠎ᠠ ᠰᠢᠭᠦᠮᠵᠢᠯᠡᠵᠦ᠂ ᠢᠯᠡ ᠪᠠᠷ ᠵᠠᠷᠯᠠᠨ ᠮᠡᠳᠡᠭᠳᠡᠨ᠎ᠡ︔ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠪᠣᠳᠠᠲᠤ ᠪᠠᠶᠢᠳᠠᠯ ᠢ ᠨᠢᠭᠤᠨ ᠳᠠᠯᠳᠠᠯᠠᠭᠰᠠᠨ᠂ ᠣᠯᠠᠨ ᠨᠡᠶᠢᠲᠡ ᠶᠢ ᠮᠡᠬᠡᠯᠡᠭᠰᠡᠨ ᠪᠤᠶᠤ ᠢᠯᠡ ᠪᠣᠯᠭᠠᠬᠤ ᠳᠤ ᠢᠯᠡ ᠪᠣᠯᠭᠠᠬᠤ ᠶᠣᠰᠣ ᠦᠭᠡᠢ ᠪᠥᠭᠡᠳ ᠬᠦᠨᠳᠦ ᠨᠣᠴᠢᠲᠠᠶ ᠨᠥᠯᠥᠭᠡ  ᠭᠠᠷᠭᠠᠭᠰᠠᠨ ᠪᠠᠶᠢᠪᠡᠯ᠂ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃                                                                                         ᠣᠷᠴᠢᠭᠤᠯᠤᠭᠴᠢ᠄ ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3