ᠮᠠᠨ ᠤ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/11
      1ᠰᠠᠷ᠎ᠠ ᠶᠢᠨ 9᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠶ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠸᠠᠨ ᠢ ᠶᠢᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠧᠨ ᠳ᠋ᠦᠩ᠂ ᠭᠦᠩ ᠰᠢᠤ ᠯᠦᠩ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃       ᠬᠤᠷᠠᠯ ᠳᠡᠭᠡᠷ᠎ᠡ᠂ ᠬᠥᠩ ᠰᠢᠤ ᠯᠦᠩ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠬᠦ ᠲᠤᠬᠠᠶ ᠪᠠᠴᠢᠮ ᠮᠡᠳᠡᠭᠳᠡᠯ︾᠎ ᠢ ᠤᠯᠠᠮᠵᠢᠯᠠᠪᠠ︔ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠲᠤᠰ ᠲᠤᠰ ᠬᠠᠷᠢᠭᠤ ᠮᠡᠳᠡᠭᠦᠯᠦᠯᠲᠡ ᠬᠢᠪᠡ᠃       ᠴᠠᠩ ᠳ᠋ᠠ ᠸᠧᠶ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠠᠭ ᠢᠮᠠᠭᠲᠠ ᠴᠢᠩᠭᠠᠷᠠᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠵᠡᠷᠭᠡ ᠡᠯ᠎ᠡ ᠲᠠᠯ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠮ ᠵᠠᠭᠤᠴᠢᠯᠠᠭᠤᠷ ᠤᠨ ᠲᠥᠪ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠲᠧᠯᠸᠢᠰ ᠰᠣᠨᠢᠨ ᠮᠡᠳᠡᠭᠡ᠂ ᠰᠦᠯᠵᠢᠶ᠎ᠡ ᠵᠡᠷᠭᠡ ᠠᠷᠭ᠎ᠠ ᠬᠡᠯᠪᠡᠷᠢ ᠶᠢ ᠭᠦᠢᠴᠡᠳ ᠠᠰᠢᠭᠯᠠᠨ ᠠᠷᠠᠳ ᠤᠯᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ︔ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠥᠷᠭᠡᠨ ᠤᠯᠠᠨ ᠬᠤᠳᠠᠯᠳᠤᠭᠠᠨ ᠤ ᠫᠦᠰᠡ ᠶᠢ ᠢᠳᠡᠪᠬᠢᠲᠡᠢ ᠵᠣᠬᠢᠴᠠᠭᠤᠯᠵᠤ ᠵᠠᠷ ᠤᠨ ᠳᠡᠯᠭᠡᠴᠡ ᠳᠡᠭᠡᠷ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠷᠢᠶ᠎ᠠ ᠯᠣᠽᠦ᠋ᠩ ᠲᠠᠯᠪᠢᠵᠤ᠂ ᠪᠦᠬᠦ ᠨᠡᠶᠢᠭᠡᠮ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠭᠤᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠰᠢᠶᠠᠨ ᠤ ᠤᠳᠤᠷᠢᠳᠤᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠶᠠᠩ ᠪᠠᠯᠭᠠᠰᠤ᠂ ᠪᠠᠭ᠎ᠠ ᠲᠣᠭᠤᠷᠢᠭ᠂ ᠬᠡᠰᠡᠭ ᠲᠣᠭᠤᠷᠢᠭ ᠢ ᠳᠠᠭᠠᠭᠠᠴᠢᠯᠠᠨ ᠬᠤᠯᠪᠣᠭᠠᠯᠠᠬᠤ ᠶᠢ ᠲᠣᠳᠣᠷᠬᠠᠶᠢᠯᠠᠵᠤ᠂ ᠡᠯ᠎ᠡ ᠰᠢᠶᠠᠩ ᠪᠠᠯᠭᠠᠰᠤ ᠲᠠᠢ ᠬᠠᠮᠵᠢᠯᠴᠠᠨ ᠪᠠᠭ᠎ᠠ ᠲᠣᠭᠤᠷᠢᠭ᠂ ᠬᠡᠰᠡᠭ ᠲᠣᠭᠤᠷᠢᠭ᠂ ᠲᠣᠰᠬᠤᠨ ᠳᠠᠷᠠᠭᠠᠯᠠᠨ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠪᠤᠴᠠᠵᠤ ᠢᠷᠡᠭᠰᠡᠳ ᠢ ᠵᠢᠭᠰᠠᠭᠠᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠭᠠᠳᠠᠨ᠎ᠠ ᠠᠴᠠ ᠰᠢᠶᠠᠨ ᠳᠠᠭᠠᠨ ᠪᠤᠴᠠᠵᠤ ᠢᠷᠡᠭᠰᠡᠳ ᠢ ᠳᠣᠲᠣᠷ᠎ᠠ ᠪᠠᠨ ᠲᠤᠭ᠎ᠠ ᠲᠠᠢ ᠪᠠᠶᠢᠯᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ᠂ ᠪᠦᠬᠦᠨ ᠢ ᠤᠶᠢᠯᠠᠭᠠᠨ ᠵᠢᠭᠰᠠᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃       ᠴᠠᠩ ᠳ᠋ᠠ ᠸᠧᠶ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠢᠶᠠᠨ ᠰᠠᠶᠢᠲᠤᠷ ᠬᠢᠵᠦ᠂ ᠭᠡᠨᠡᠳᠲᠡ ᠶᠢᠨ ᠪᠠᠶᠢᠳᠠᠯ ᠤᠨ ᠪᠡᠯᠡᠳᠬᠡᠯ ᠠᠵᠢᠯ ᠢ ᠨᠠᠷᠢᠨ ᠬᠢᠨᠠᠮᠠᠭᠠᠶ ᠲᠥᠯᠥᠪᠵᠢᠭᠦᠯᠵᠦ᠂ ︽ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠵᠤ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠬᠤ︾ ᠠᠵᠢᠯ ᠤᠨ ᠰᠡᠳᠬᠢᠴᠡ ᠶᠣᠰᠣᠭᠠᠷ᠂ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠠᠴᠠ ᠮᠠᠨ ᠤ ᠰᠢᠶᠠᠨ ᠳᠤ ᠣᠷᠣᠵᠤ ᠢᠷᠡᠭᠰᠡᠨ ᠭᠤᠣᠯᠳᠠᠯᠭ᠎ᠠ ᠲᠠᠢ ᠬᠥᠮᠦᠨ᠂ ᠭᠤᠣᠯᠳᠠᠯᠭ᠎ᠠ ᠲᠠᠢ ᠪᠣᠳᠠᠰ᠂ ᠭᠤᠣᠯᠳᠠᠯᠭ᠎ᠠ ᠲᠠᠢ ᠲᠡᠷᠭᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠬᠠᠮᠢᠶ᠎ᠠ ᠪᠥᠬᠦᠶ ᠰᠢᠶᠠᠩ ᠪᠠᠯᠭᠠᠰᠤ ᠠᠴᠠ ᠡᠯ᠎ᠡ ᠭᠤᠤᠯ ᠪᠣᠯᠬᠤ ᠵᠠᠮ ᠤᠨ ᠬᠡᠰᠡᠭ᠂ ᠬᠥᠳᠡᠭᠡ ᠲᠣᠰᠬᠤᠨ ᠤ ᠰᠦᠢᠨᠢ ᠵᠠᠮ ᠤᠨ ᠬᠤᠷᠢᠭ᠎ᠠ ᠲᠠᠯᠪᠢᠵᠤ᠂ ᠭᠠᠳᠠᠨ᠎ᠠ ᠠᠴᠠ ᠢᠷᠡᠭᠰᠡᠨ ᠬᠠᠯᠳᠠᠪᠤᠷᠢᠯᠠᠬᠤ ᠡᠬᠢ ᠰᠤᠷᠪᠤᠯᠵᠢ ᠶᠢᠨ ᠮᠠᠨ ᠤ ᠰᠢᠶᠠᠨ ᠳᠤ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃                                         ᠢᠷᠡᠯᠲᠡ  ᠄ ᠠᠮᠢᠵᠢᠷᠠᠯ ᠤᠨ ᠬᠦᠴᠦᠨ ᠲᠠᠢ ᠰᠢᠩ ᠾᠧ                       ᠣᠷᠴᠢᠭᠤᠯᠤᠭᠴᠢ᠄ ᠡᠷᠳᠡᠨᠢᠭᠤᠸ᠎ᠠ   ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3