ᠮᠠᠨ ᠤ ᠰᠢᠶᠠᠨ ᠪᠣᠭᠤᠮᠲᠠ ᠶᠢ ᠪᠠᠲᠤ ᠰᠠᠬᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2021/1/12
      ᠾᠧᠪᠧᠶ ᠮᠤᠵᠢ ᠶᠢᠨ ᠱᠢ ᠵᠢᠶᠠ‌ᠵᠤᠸᠠᠩ᠂ ᠰᠢᠩ ᠲᠠᠢ ᠬᠤᠲᠠ ᠵᠡᠷᠭᠡ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠥᠪᠯᠡᠷᠡᠭᠰᠡᠨ ᠴᠢᠨᠠᠷᠲᠠᠶ ᠡᠭᠦᠰᠬᠦ ᠶᠢᠨ ᠵᠡᠷᠭᠡ ᠪᠠᠷ᠂ ᠮᠠᠨ ᠤ ᠰᠢᠶᠠᠨ ᠪᠣᠯᠤᠨ ᠾᠧᠪᠧᠶ ᠮᠤᠵᠢ ᠶᠢᠨ ᠴᠢᠭᠤᠯᠤᠯᠲᠤ ᠬᠠᠭᠠᠯᠭ᠎ᠠ ᠬᠤᠲᠠ ᠬᠥᠷᠰᠢᠯᠡᠵᠦ᠂ ᠰᠢᠶᠠᠨ ᠤ ᠳᠣᠲᠣᠷᠠᠬᠢ ᠣᠯᠠᠨ ᠤᠯᠤᠰ᠂ ᠮᠤᠵᠢ ᠶᠢᠨ ᠵᠠᠮ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠪᠠᠴᠢᠮ ᠲᠤᠯᠭᠠᠮ ᠪᠠᠶᠢᠨ᠎ᠠ᠃ ᠬᠢᠵᠢᠭ ᠤᠨ ᠪᠠᠶᠢᠳᠠᠯ ᠤᠨ ᠦᠷᠪᠢᠰᠦᠨ ᠳᠡᠯᠭᠡᠷᠡᠬᠦ ᠵᠠᠮ ᠢ ᠦᠨᠡᠨ ᠬᠦ ᠡᠬᠢ ᠡᠭᠦᠰᠦᠯ ᠠᠴᠠ ᠨᠢ ᠲᠠᠰᠤᠯᠬᠤ ᠶᠢᠨ ᠲᠥᠯᠥᠭᠡ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦ ᠰᠢᠶᠠᠨ ᠤ 7 ᠵᠠᠮ ᠬᠠᠷᠢᠯᠴᠠᠭᠠᠨ ᠤ ᠪᠣᠭᠤᠮᠲᠠ ︵ᠭᠤᠤ ᠮᠢᠶᠣᠣ ᠽᠢ᠂ G 6 ᠦᠨᠳᠥᠷ ᠬᠤᠷᠳᠤᠴᠢᠲᠤ ᠵᠠᠰᠠᠮᠠᠯ ᠵᠠᠮ ᠤᠨ ᠠᠮᠠ᠂ G 7 ᠦᠨᠳᠥᠷ ᠬᠤᠷᠳᠤᠴᠢᠲᠤ ᠵᠠᠰᠠᠮᠠᠯ ᠵᠠᠮ ᠤᠨ ᠠᠮᠠ᠂ ᠡᠷᠲᠡᠨ ᠤ ᠬᠤᠲᠠ᠂ ᠪᠸᠢ ᠱᠠ ᠲᠠᠨ᠂ ᠪᠦᠯᠬᠦᠮᠳᠡᠯ ᠨᠡᠭᠦᠷᠡᠰᠦ ᠲᠡᠭᠡᠭᠡᠪᠦᠷᠢᠯᠡᠬᠦ ᠲᠤᠰᠬᠠᠶ ᠱᠤᠭᠤᠮ᠂ ᠬᠦᠷᠢᠶᠡᠯᠡᠩ ᠲᠣᠭᠤᠷᠢᠭ ᠤᠨ ᠦᠨᠳᠥᠷ ᠬᠤᠷᠳᠤᠴᠢᠲᠤ ᠵᠠᠰᠠᠮᠠᠯ ᠵᠠᠮ ᠤᠨ ᠠᠮᠠ︶᠎ ᠳᠤ ᠲᠣᠰ ᠲᠣᠰ 610 ᠡᠮᠨᠡᠯᠭᠡ ᠶᠢᠨ ᠠᠵᠢᠯᠲᠠᠨ ᠢ ᠡᠭᠡᠯᠵᠢᠯᠡᠨ ᠲᠣᠬᠢᠷᠠᠭᠤᠯᠵᠤ᠂ ᠪᠡᠶ᠎ᠡ ᠶᠢᠨ ᠬᠠᠯᠠᠭᠤᠨ ᠢ ᠨᠢ ᠬᠢᠨᠠᠨ ᠬᠡᠮᠵᠢᠬᠦ ᠵᠡᠷᠭᠡ ᠠᠵᠢᠯ ᠢ ᠬᠢᠵᠡᠶ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ G 6 ᠦᠨᠳᠥᠷ ᠬᠤᠷᠳᠤᠴᠢᠲᠤ ᠵᠠᠰᠠᠮᠠᠯ ᠵᠠᠮ ᠤᠨ ᠠᠮᠠᠰᠠᠷ ᠤᠨ ᠬᠢᠵᠢᠭ ᠢ ᠰᠡᠷᠭᠡᠶᠢᠯᠡᠬᠦ ᠡᠭᠦᠷᠭᠡ ᠶᠢ ᠳᠠᠭᠠᠭᠠᠴᠢᠯᠠᠵᠤ᠂ ᠡᠳᠦᠷ ᠪᠦᠷᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠺᠠᠳ᠋ᠷ ᠡᠭᠡᠯᠵᠢᠯᠡᠨ ᠵᠢᠵᠢᠭᠦᠷᠯᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠠᠷᠯᠢᠭ ᠢ ᠴᠢᠩᠭ᠎ᠠ ᠬᠡᠷᠡᠭᠵᠢᠭᠦᠯᠵᠦ᠂ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠤ ᠬᠥᠮᠦᠰ ᠪᠠ ᠲᠡᠷᠭᠡ ᠬᠥᠰᠬᠡ ᠶᠢᠨ ᠮᠠᠨ ᠤ ᠰᠢᠶᠠᠨ ᠳᠤ ᠣᠷᠣᠬᠤ ᠶᠢ ᠴᠢᠩᠭ᠎ᠠ ᠴᠠᠭᠠᠵᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠳᠣᠲᠣᠭᠠᠳᠤ ᠶᠢ ᠬᠠᠮᠠᠭᠠᠯᠠᠬᠤ᠂ ᠲᠡᠮᠦᠷ ᠵᠠᠮ ᠤᠨ ᠰᠠᠯᠠᠭ᠎ᠠ ᠮᠥᠴᠢᠷ ᠲᠠᠢ ᠬᠠᠮᠲᠤᠷᠠᠨ ᠰᠢᠩ ᠾᠧ ᠬᠤᠶᠢᠲᠤ ᠥᠷᠲᠡᠭᠡᠨ ᠳᠤ ᠴᠢᠩᠭ᠎ᠠ ᠰᠡᠷᠭᠡᠶᠢᠯᠡᠨ ᠡᠵᠡᠮᠳᠡᠵᠦ ᠂ ᠯᠢᠶᠣᠤᠨᠢᠩ᠂ ᠳ᠋ᠠᠯᠢᠶᠠᠨ᠂ ᠬᠠᠷᠠᠮᠥ᠋ᠷᠡᠨ᠂ ᠪᠡᠭᠡᠵᠢᠩ᠂ ᠾᠧᠪᠧᠶ ᠵᠡᠷᠭᠡ ᠳᠤᠮᠳᠠ᠂ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠰᠢᠶᠠᠨ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ᠲᠡᠷᠡ ᠳᠠᠷᠤᠶ ᠳᠤᠨᠢ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠪᠠᠷ ᠲᠥᠪᠯᠡᠷᠡᠭᠦᠯᠦᠨ ᠲᠤᠰᠠᠭᠠᠷᠯᠠᠬᠤ ᠪᠠᠭᠤᠳᠠᠯ ᠳᠤ ᠰᠢᠯᠵᠢᠭᠦᠯᠦᠨ ᠬᠦᠷᠭᠡᠵᠦ᠂ ᠦᠳᠡ ᠶᠢᠨ ᠡᠮᠦᠨ᠎ᠡ ᠰᠢᠶᠠᠨ ᠤ ᠡᠮᠨᠡᠯᠭᠡ ᠶᠢᠨ ᠬᠤᠷᠢᠶ᠎ᠠ ᠠᠴᠠ ᠪᠥᠭᠡᠮ ᠬᠦᠴᠢᠯ ᠤᠨ ᠥᠯᠢᠭᠡᠷ ᠠᠪᠬᠤ ᠪᠠ ᠰᠢᠯᠭᠠᠨ ᠪᠠᠶᠢᠴᠠᠭᠠᠬᠤ ᠠᠵᠢᠯ ᠬᠢᠵᠦ᠂ ᠦᠳᠡ ᠶᠢᠨ ᠬᠤᠶᠢᠨ᠎ᠠ ᠳᠤᠮᠳᠠᠳᠤ ᠮᠣᠩᠭᠤᠯ ᠡᠮᠨᠡᠯᠭᠡ ᠶᠢᠨ ᠬᠤᠷᠢᠶ᠎ᠠ ᠠᠴᠠ ᠪᠥᠭᠡᠮ ᠬᠦᠴᠢᠯ ᠤᠨ ᠥᠯᠢᠭᠡᠷ ᠠᠪᠬᠤ ᠪᠠ ᠰᠢᠯᠭᠠᠨ ᠪᠠᠶᠢᠴᠠᠭᠠᠬᠤ ᠠᠵᠢᠯ ᠬᠢᠨ᠎ᠠ᠃ 2021 ᠣᠨ ᠤ 1 ᠰᠠᠷ᠎ᠠ ᠶᠢᠨ 10᠎ ᠤ ᠡᠳᠦᠷ ᠤᠨ ᠣᠷᠣᠶ ᠶᠢᠨ 11᠄ 00 ᠪᠣᠯᠲᠠᠯ᠎ᠠ᠂ ᠮᠢᠩ ᠳ᠋ᠦ᠋ ᠲᠤᠰᠠᠭᠠᠷᠯᠠᠭᠰᠠᠨ ᠪᠠᠭᠤᠳᠠᠯ ᠨᠢᠭᠡᠨᠲᠡ ᠨᠡᠶᠢᠲᠡ 325 ᠲᠤᠰᠠᠭᠠᠷᠯᠠᠵᠤ ᠠᠵᠢᠭᠯᠠᠬᠤ ᠠᠵᠢᠯᠲᠠᠨ ᠢ ᠭᠥᠯᠢᠶᠡᠨ ᠠᠪᠴᠤ᠂ 289 ︵ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠨᠢ ᠪᠢᠯᠢᠭ ᠴᠢᠨᠠᠷᠲᠠᠶ︶᠎ ᠶᠢ ᠳᠡᠶᠢᠯᠪᠡ᠂ ᠪᠠᠭᠤᠳᠠᠯ ᠳᠤ ᠣᠲᠣ 36 ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠠᠵᠢᠯᠲᠠᠨ ᠪᠣᠶ᠂ ᠡᠭᠦᠨ ᠳᠤ ᠲᠥᠪᠯᠡᠷᠡᠭᠦᠯᠦᠨ ᠲᠤᠰᠠᠭᠠᠷᠯᠠᠭᠰᠠᠨ 11 ᠬᠥᠮᠦᠨ ︵ᠱᠢ ᠵᠢᠶᠠ ᠵᠤᠸᠠᠩ ᠤᠨ ᠭᠤᠤ ᠴᠧᠩ ᠲᠣᠭᠤᠷᠢᠭ ᠤᠨ 3 ᠬᠥᠮᠦᠨ᠂ ᠰᠢᠨ ᠬᠤᠸᠠ ᠲᠣᠭᠤᠷᠢᠭ ᠤᠨ 1 ᠬᠥᠮᠦᠨ᠂ ᠨᠢᠭᠤᠴᠠ ᠪᠠᠷ ᠵᠠᠯᠭᠠᠭᠰᠠᠨ 7 ᠬᠥᠮᠦᠨ︶᠂ ᠾᠤᠪᠸᠢ ᠶᠢᠨ ᠱᠢ ᠵᠢᠶᠠ ᠵᠤᠸᠠᠩ ᠠᠴᠠ ᠪᠤᠴᠠᠵᠤ ᠢᠷᠡᠭᠰᠡᠨ 25 ᠬᠥᠮᠦᠨ ᠪᠣᠶ᠃           ᠢᠷᠡᠯᠲᠡ᠄ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ         ᠣᠷᠴᠢᠭᠤᠯᠤᠭᠴᠢ᠄ ᠡᠷᠳᠡᠨᠢᠭᠤᠸ᠎ᠠ   ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3