1 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠴᠠᠩ ᠳ᠋ᠠ ᠸᠧᠶ ᠮᠠᠨ ᠤ ᠰᠢᠶᠠᠨ ᠤ ᠡᠯ᠎ᠡ ᠵᠠᠮ ᠬᠠᠷᠢᠯᠴᠠᠭᠠᠨ ᠤ ᠣᠷᠣᠵᠤ ᠭᠠᠷᠬᠤ ᠭᠠᠵᠠᠷ ᠲᠤ | ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠬᠤ ᠶᠢᠨ ᠬᠠᠮᠲᠤ | ᠡᠮᠦᠨ᠎ᠡ ᠹᠷᠣᠨᠲ ᠤᠨ ᠰᠡᠷᠭᠡᠶᠢᠯᠡᠨ ᠡᠵᠡᠮᠳᠡᠬᠦ ᠠᠵᠢᠯᠲᠠᠳ ᠢ ᠲᠣᠬᠤᠨᠢᠭᠤᠯᠪᠠ᠃ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ ᠶᠠᠩ ᠵᠧᠨ ᠳ᠋ᠦᠩ᠂ ᠬᠥᠩ ᠰᠢᠤ ᠯᠦᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠦᠨ ᠬᠠᠶ ᠵᠢᠶᠦ᠋ᠨ ᠵᠢᠴᠢ ᠰᠢᠶᠠᠨ ᠤ ᠰᠢᠭᠤᠳ ᠬᠠᠷᠢᠶ᠎ᠠ | ᠬᠠᠮᠢᠶ᠎ᠠ ᠪᠥᠬᠦᠶ ᠨᠢᠭᠡᠴᠢ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠬᠤ ᠳᠤ ᠣᠷᠣᠯᠴᠠᠵᠠᠶ᠃ | ᠪᠠᠶᠢᠴᠠᠭᠠᠬᠤ ᠶᠠᠪᠤᠴᠠ ᠳᠤ᠂ ᠴᠠᠩ ᠳ᠋ᠠ ᠸᠧᠶ ᠤᠷᠢᠳ ᠬᠤᠵᠢᠳ ᠮᠠᠨ ᠤ ᠰᠢᠶᠠᠨ ᠤ G 6᠂ G 7 | ᠥᠨᠳᠥᠷ ᠬᠤᠷᠳᠤᠴᠢᠲᠤ ᠵᠠᠰᠠᠮᠠᠯ ᠵᠠᠮ ᠤᠨ ᠭᠠᠷᠬᠤ ᠡᠭᠦᠳᠡ᠂ ᠳ᠋ᠢᠶᠠᠨ ᠽᠢ ᠪᠠᠯᠭᠠᠰᠤᠨ ᠤ ᠬᠠᠨ ᠵᠢᠶᠠ ᠶᠢᠩ ᠤᠨ | ᠪᠠᠶᠢᠴᠠᠭᠠᠬᠤ ᠴᠡᠭ᠂ ᠳ᠋ᠢᠶᠠᠨ ᠽᠢ ᠪᠠᠯᠭᠠᠰᠤᠨ ᠤ ᠬᠥ᠋ ᠴᠧᠩ ᠲᠣᠰᠬᠤᠨ ᠤ ᠪᠠᠶᠢᠴᠠᠭᠠᠬᠤ ᠴᠡᠭ᠂ ᠪᠦᠯᠬᠦᠮᠳᠡᠯ | ᠰᠢᠶᠠᠩ ᠤᠨ ᠲᠣᠨᠣᠯᠵᠢᠨ ᠵᠠᠮ ᠤᠨ ᠪᠠᠶᠢᠴᠠᠭᠠᠬᠤ ᠴᠡᠭ᠂ ᠭᠤᠤ ᠮᠢᠶᠣᠣ ᠽᠢ ᠳᠣᠲᠣᠭᠠᠳᠤ ᠶᠢ ᠬᠠᠮᠠᠭᠠᠯᠠᠬᠤ | ᠪᠠᠶᠢᠴᠠᠭᠠᠬᠤ ᠥᠷᠲᠡᠭᠡ ᠵᠡᠷᠭᠡ ᠭᠠᠵᠠᠷ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠪᠠᠶᠢᠴᠠᠭᠠᠨ ᠵᠢᠯᠣᠭᠤᠳᠪᠠ᠃ | ᠬᠦᠷᠦᠭᠰᠡᠨ ᠭᠠᠵᠠᠷ ᠪᠣᠯᠭᠠᠨ ᠳᠤ᠂ ᠴᠠᠩ ᠳ᠋ᠠ ᠸᠧᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠡᠮᠦᠨ᠎ᠡ ᠹᠷᠣᠨᠲ ᠤᠨ ᠠᠵᠢᠯᠲᠠᠨ ᠤ ᠠᠮᠤᠷ ᠲᠦᠪᠰᠢᠨ ᠢᠶᠠᠷ | ᠳᠤᠯᠠᠭᠠᠯᠠᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠶᠢᠴᠠᠭᠠᠬᠤ ᠰᠢᠰᠲ᠋ᠧᠮ ᠤᠨ | ᠠᠵᠢᠯᠲᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠬᠠᠶ ᠶᠢᠨ ᠭᠠᠵᠠᠷ ᠲᠤᠨᠢ ᠰᠣᠨᠣᠰᠬᠤ ᠶᠢᠨ | ᠬᠠᠮᠲᠤ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠴᠠᠶ᠃ ᠴᠠᠩ ᠳ᠋ᠠ ᠸᠧᠢ ᠵᠢᠭᠠᠵᠤ ᠭᠠᠷᠭᠠᠭᠰᠠᠨ ᠨᠢ᠂ | ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ | ᠪᠠᠶᠢᠨ᠎ᠠ᠂ ᠣᠷᠣᠵᠤ ᠢᠷᠡᠬᠦ ᠶᠢ ᠰᠡᠷᠭᠡᠶᠢᠯᠡᠬᠦ ᠳᠠᠷᠤᠯᠲᠠ ᠡᠳᠦᠷ ᠢᠷᠡᠬᠦᠶ᠎ᠡ ᠨᠡᠮᠡᠭᠳᠡᠵᠦ ᠪᠠᠢᠨ᠎ᠠ᠂ ᠣᠨᠴᠠᠭᠠᠶᠢᠯᠠᠨ ᠡᠯ᠎ᠡ | ᠵᠠᠮ ᠬᠠᠷᠢᠯᠴᠠᠭᠠᠨ ᠤ ᠣᠷᠣᠬᠤ ᠡᠭᠦᠳᠡ᠂ ᠣᠷᠣᠭᠤᠯᠵᠤ ᠭᠠᠷᠭᠠᠬᠤ ᠭᠦᠢᠯᠭᠡᠭᠡᠨ ᠤ ᠬᠡᠮᠵᠢᠶ᠎ᠡ ᠶᠡᠭᠡ᠂ ᠠᠶᠤᠯ | ᠲᠦᠭᠰᠢᠭᠦᠷᠢ ᠶᠢᠨ ᠳᠠᠯᠳᠠ ᠭᠡᠮ ᠥᠨᠳᠥᠷ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠬᠡᠷᠡᠭᠲᠡᠶ᠂ ᠨᠠᠷᠢᠨ ᠨᠢᠮᠪᠠᠶ ᠵᠣᠬᠢᠶᠠᠨ ᠪᠠᠶᠢᠭᠤᠯᠬᠤ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ᠂ ᠳᠡᠭᠡᠳᠦ ᠱᠠᠲᠤᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ | ᠶᠣᠰᠣᠭᠠᠷ ᠨᠢ ᠬᠡᠷᠡᠭᠵᠢᠭᠦᠯᠪᠡ᠂ ᠠᠷᠠᠳ ᠤᠨ ᠰᠡᠷᠭᠡᠶᠢᠯᠡᠯᠲᠡ ᠶᠢ ᠴᠢᠩᠭᠠᠳᠬᠠᠬᠤ᠂ ᠪᠣᠳᠠᠰ ᠤᠨ ᠰᠡᠷᠭᠡᠶᠢᠯᠡᠯᠲᠡ᠂ | ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠺᠣᠳ᠋ ᠰᠢᠷᠪᠢᠬᠦ ᠶᠢ | ᠪᠠᠶᠢᠩᠭᠤᠵᠢᠭᠤᠯᠬᠤ ᠬᠡᠷᠡᠭᠲᠡᠶ᠂ ᠳᠤᠯᠠᠭᠠᠨ ᠬᠡᠮᠵᠢᠬᠦ᠂ ᠠᠮᠠᠪᠴᠢ ᠵᠡᠭᠦᠬᠦ ᠵᠡᠷᠭᠡ ᠠᠵᠢᠯ ᠤᠨ ᠠᠷᠭ᠎ᠠ ᠬᠡᠮᠵᠢᠶ᠎ᠡ᠂ ᠪᠠᠴᠢᠮ | ᠪᠠᠶᠢᠳᠠᠯ ᠢ ᠠᠷᠭᠠᠴᠠᠬᠤ ᠲᠤᠰᠬᠠᠯ ᠢ ᠴᠢᠩᠭᠠᠳᠬᠠᠬᠤ ᠬᠡᠷᠡᠭᠲᠡᠶ᠂ ᠬᠢᠵᠢᠭ ᠤᠨ ᠲᠦᠭᠰᠢᠭᠦᠷᠢ ᠶᠢ ᠪᠦᠬᠦ ᠲᠠᠯ᠎ᠠ ᠪᠠᠷ | ᠪᠠᠭᠠᠰᠬᠠᠪᠠ᠂ ᠰᠡᠵᠢᠭᠯᠡᠯᠲᠡᠶ ᠪᠠᠶᠢᠳᠠᠯ ᠲᠤᠯᠭᠠᠷᠠᠪᠠᠯ ᠲᠡᠷᠡ ᠳᠠᠷᠤᠶ ᠳᠤᠨᠢ ᠰᠢᠶᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ᠂ ᠠᠷᠭᠠᠴᠠᠨ ᠰᠢᠢᠳᠪᠦᠷᠢᠯᠡᠬᠦ ᠠᠵᠢᠯ ᠢ | ᠲᠣᠬᠢᠲᠠᠢ ᠰᠠᠶᠢᠲᠤᠷ ᠬᠢᠬᠦ ᠬᠡᠷᠡᠭᠲᠡᠢ᠃ | | ᠢᠷᠡᠯᠲᠡ ᠄ ᠠᠮᠢᠵᠢᠷᠠᠯ ᠤᠨ ᠬᠦᠴᠦᠨ ᠲᠠᠢ ᠰᠢᠩ ᠾᠧ | ᠣᠷᠴᠢᠭᠤᠯᠤᠭᠴᠢ᠄ ᠡᠷᠳᠡᠨᠢᠭᠤᠸ᠎ᠠ ᠨᠠᠷᠠᠰᠤ | | |