ᠮᠠᠨ ᠤ ᠰᠢᠶᠠᠨ ᠪᠣᠭᠤᠮᠲᠠ ᠶᠢ ᠪᠠᠲᠤ ᠰᠠᠬᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2021/1/12
      ᠾᠧᠪᠧᠶ ᠮᠤᠵᠢ ᠶᠢᠨ ᠱᠢ ᠵᠢᠶᠠ‌ᠵᠤᠸᠠᠩ᠂ ᠰᠢᠩ ᠲᠠᠢ ᠬᠤᠲᠠ ᠵᠡᠷᠭᠡ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠥᠪᠯᠡᠷᠡᠭᠰᠡᠨ ᠴᠢᠨᠠᠷᠲᠠᠶ ᠡᠭᠦᠰᠬᠦ ᠶᠢᠨ ᠵᠡᠷᠭᠡ ᠪᠠᠷ᠂ ᠮᠠᠨ ᠤ ᠰᠢᠶᠠᠨ ᠪᠣᠯᠤᠨ ᠾᠧᠪᠧᠶ ᠮᠤᠵᠢ ᠶᠢᠨ ᠴᠢᠭᠤᠯᠤᠯᠲᠤ ᠬᠠᠭᠠᠯᠭ᠎ᠠ ᠬᠤᠲᠠ ᠬᠥᠷᠰᠢᠯᠡᠵᠦ᠂ ᠰᠢᠶᠠᠨ ᠤ ᠳᠣᠲᠣᠷᠠᠬᠢ ᠣᠯᠠᠨ ᠤᠯᠤᠰ᠂ ᠮᠤᠵᠢ ᠶᠢᠨ ᠵᠠᠮ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠪᠠᠴᠢᠮ ᠲᠤᠯᠭᠠᠮ ᠪᠠᠶᠢᠨ᠎ᠠ᠃ ᠬᠢᠵᠢᠭ ᠤᠨ ᠪᠠᠶᠢᠳᠠᠯ ᠤᠨ ᠦᠷᠪᠢᠰᠦᠨ ᠳᠡᠯᠭᠡᠷᠡᠬᠦ ᠵᠠᠮ ᠢ ᠦᠨᠡᠨ ᠬᠦ ᠡᠬᠢ ᠡᠭᠦᠰᠦᠯ ᠠᠴᠠ ᠨᠢ ᠲᠠᠰᠤᠯᠬᠤ ᠶᠢᠨ ᠲᠥᠯᠥᠭᠡ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦ ᠰᠢᠶᠠᠨ ᠤ 7 ᠵᠠᠮ ᠬᠠᠷᠢᠯᠴᠠᠭᠠᠨ ᠤ ᠪᠣᠭᠤᠮᠲᠠ ︵ᠭᠤᠤ ᠮᠢᠶᠣᠣ ᠽᠢ᠂ G 6 ᠦᠨᠳᠥᠷ ᠬᠤᠷᠳᠤᠴᠢᠲᠤ ᠵᠠᠰᠠᠮᠠᠯ ᠵᠠᠮ ᠤᠨ ᠠᠮᠠ᠂ G 7 ᠦᠨᠳᠥᠷ ᠬᠤᠷᠳᠤᠴᠢᠲᠤ ᠵᠠᠰᠠᠮᠠᠯ ᠵᠠᠮ ᠤᠨ ᠠᠮᠠ᠂ ᠡᠷᠲᠡᠨ ᠤ ᠬᠤᠲᠠ᠂ ᠪᠸᠢ ᠱᠠ ᠲᠠᠨ᠂ ᠪᠦᠯᠬᠦᠮᠳᠡᠯ ᠨᠡᠭᠦᠷᠡᠰᠦ ᠲᠡᠭᠡᠭᠡᠪᠦᠷᠢᠯᠡᠬᠦ ᠲᠤᠰᠬᠠᠶ ᠱᠤᠭᠤᠮ᠂ ᠬᠦᠷᠢᠶᠡᠯᠡᠩ ᠲᠣᠭᠤᠷᠢᠭ ᠤᠨ ᠦᠨᠳᠥᠷ ᠬᠤᠷᠳᠤᠴᠢᠲᠤ ᠵᠠᠰᠠᠮᠠᠯ ᠵᠠᠮ ᠤᠨ ᠠᠮᠠ︶ ᠳᠤ ᠲᠣᠰ ᠲᠣᠰ 610 ᠡᠮᠨᠡᠯᠭᠡ ᠶᠢᠨ ᠠᠵᠢᠯᠲᠠᠨ ᠢ ᠡᠭᠡᠯᠵᠢᠯᠡᠨ ᠲᠣᠬᠢᠷᠠᠭᠤᠯᠵᠤ᠂ ᠪᠡᠶ᠎ᠡ ᠶᠢᠨ ᠬᠠᠯᠠᠭᠤᠨ ᠢ ᠨᠢ ᠬᠢᠨᠠᠨ ᠬᠡᠮᠵᠢᠬᠦ ᠵᠡᠷᠭᠡ ᠠᠵᠢᠯ ᠢ ᠬᠢᠵᠡᠶ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ G 6 ᠦᠨᠳᠥᠷ ᠬᠤᠷᠳᠤᠴᠢᠲᠤ ᠵᠠᠰᠠᠮᠠᠯ ᠵᠠᠮ ᠤᠨ ᠠᠮᠠᠰᠠᠷ ᠤᠨ ᠬᠢᠵᠢᠭ ᠢ ᠰᠡᠷᠭᠡᠶᠢᠯᠡᠬᠦ ᠡᠭᠦᠷᠭᠡ ᠶᠢ ᠳᠠᠭᠠᠭᠠᠴᠢᠯᠠᠵᠤ᠂ ᠡᠳᠦᠷ ᠪᠦᠷᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠺᠠᠳ᠋ᠷ ᠡᠭᠡᠯᠵᠢᠯᠡᠨ ᠵᠢᠵᠢᠭᠦᠷᠯᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠠᠷᠯᠢᠭ ᠢ ᠴᠢᠩᠭ᠎ᠠ ᠬᠡᠷᠡᠭᠵᠢᠭᠦᠯᠵᠦ᠂ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠤ ᠬᠥᠮᠦᠰ ᠪᠠ ᠲᠡᠷᠭᠡ ᠬᠥᠰᠬᠡ ᠶᠢᠨ ᠮᠠᠨ ᠤ ᠰᠢᠶᠠᠨ ᠳᠤ ᠣᠷᠣᠬᠤ ᠶᠢ ᠴᠢᠩᠭ᠎ᠠ ᠴᠠᠭᠠᠵᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠳᠣᠲᠣᠭᠠᠳᠤ ᠶᠢ ᠬᠠᠮᠠᠭᠠᠯᠠᠬᠤ᠂ ᠲᠡᠮᠦᠷ ᠵᠠᠮ ᠤᠨ ᠰᠠᠯᠠᠭ᠎ᠠ ᠮᠥᠴᠢᠷ ᠲᠠᠢ ᠬᠠᠮᠲᠤᠷᠠᠨ ᠰᠢᠩ ᠾᠧ ᠬᠤᠶᠢᠲᠤ ᠥᠷᠲᠡᠭᠡᠨ ᠳᠤ ᠴᠢᠩᠭ᠎ᠠ ᠰᠡᠷᠭᠡᠶᠢᠯᠡᠨ ᠡᠵᠡᠮᠳᠡᠵᠦ ᠂ ᠯᠢᠶᠣᠤᠨᠢᠩ᠂ ᠳ᠋ᠠᠯᠢᠶᠠᠨ᠂ ᠬᠠᠷᠠᠮᠥ᠋ᠷᠡᠨ᠂ ᠪᠡᠭᠡᠵᠢᠩ᠂ ᠾᠧᠪᠧᠶ ᠵᠡᠷᠭᠡ ᠳᠤᠮᠳᠠ᠂ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠰᠢᠶᠠᠨ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ᠲᠡᠷᠡ ᠳᠠᠷᠤᠶ ᠳᠤᠨᠢ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠪᠠᠷ ᠲᠥᠪᠯᠡᠷᠡᠭᠦᠯᠦᠨ ᠲᠤᠰᠠᠭᠠᠷᠯᠠᠬᠤ ᠪᠠᠭᠤᠳᠠᠯ ᠳᠤ ᠰᠢᠯᠵᠢᠭᠦᠯᠦᠨ ᠬᠦᠷᠭᠡᠵᠦ᠂ ᠦᠳᠡ ᠶᠢᠨ ᠡᠮᠦᠨ᠎ᠡ ᠰᠢᠶᠠᠨ ᠤ ᠡᠮᠨᠡᠯᠭᠡ ᠶᠢᠨ ᠬᠤᠷᠢᠶ᠎ᠠ ᠠᠴᠠ ᠪᠥᠭᠡᠮ ᠬᠦᠴᠢᠯ ᠤᠨ ᠥᠯᠢᠭᠡᠷ ᠠᠪᠬᠤ ᠪᠠ ᠰᠢᠯᠭᠠᠨ ᠪᠠᠶᠢᠴᠠᠭᠠᠬᠤ ᠠᠵᠢᠯ ᠬᠢᠵᠦ᠂ ᠦᠳᠡ ᠶᠢᠨ ᠬᠤᠶᠢᠨ᠎ᠠ ᠳᠤᠮᠳᠠᠳᠤ ᠮᠣᠩᠭᠤᠯ ᠡᠮᠨᠡᠯᠭᠡ ᠶᠢᠨ ᠬᠤᠷᠢᠶ᠎ᠠ ᠠᠴᠠ ᠪᠥᠭᠡᠮ ᠬᠦᠴᠢᠯ ᠤᠨ ᠥᠯᠢᠭᠡᠷ ᠠᠪᠬᠤ ᠪᠠ ᠰᠢᠯᠭᠠᠨ ᠪᠠᠶᠢᠴᠠᠭᠠᠬᠤ ᠠᠵᠢᠯ ᠬᠢᠨ᠎ᠠ᠃ 2021 ᠣᠨ ᠤ 1 ᠰᠠᠷ᠎ᠠ ᠶᠢᠨ 10 ᠤ ᠡᠳᠦᠷ ᠤᠨ ᠣᠷᠣᠶ ᠶᠢᠨ 11᠄ 00 ᠪᠣᠯᠲᠠᠯ᠎ᠠ᠂ ᠮᠢᠩ ᠳ᠋ᠦ᠋ ᠲᠤᠰᠠᠭᠠᠷᠯᠠᠭᠰᠠᠨ ᠪᠠᠭᠤᠳᠠᠯ ᠨᠢᠭᠡᠨᠲᠡ ᠨᠡᠶᠢᠲᠡ 325 ᠲᠤᠰᠠᠭᠠᠷᠯᠠᠵᠤ ᠠᠵᠢᠭᠯᠠᠬᠤ ᠠᠵᠢᠯᠲᠠᠨ ᠢ ᠭᠥᠯᠢᠶᠡᠨ ᠠᠪᠴᠤ᠂ 289 ︵ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠨᠢ ᠪᠢᠯᠢᠭ ᠴᠢᠨᠠᠷᠲᠠᠶ︶ ᠶᠢ ᠳᠡᠶᠢᠯᠪᠡ᠂ ᠪᠠᠭᠤᠳᠠᠯ ᠳᠤ ᠣᠲᠣ 36 ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠠᠵᠢᠯᠲᠠᠨ ᠪᠣᠶ᠂ ᠡᠭᠦᠨ ᠳᠤ ᠲᠥᠪᠯᠡᠷᠡᠭᠦᠯᠦᠨ ᠲᠤᠰᠠᠭᠠᠷᠯᠠᠭᠰᠠᠨ 11 ᠬᠥᠮᠦᠨ ︵ᠱᠢ ᠵᠢᠶᠠ ᠵᠤᠸᠠᠩ ᠤᠨ ᠭᠤᠤ ᠴᠧᠩ ᠲᠣᠭᠤᠷᠢᠭ ᠤᠨ 3 ᠬᠥᠮᠦᠨ᠂ ᠰᠢᠨ ᠬᠤᠸᠠ ᠲᠣᠭᠤᠷᠢᠭ ᠤᠨ 1 ᠬᠥᠮᠦᠨ᠂ ᠨᠢᠭᠤᠴᠠ ᠪᠠᠷ ᠵᠠᠯᠭᠠᠭᠰᠠᠨ 7 ᠬᠥᠮᠦᠨ︶᠂ ᠾᠤᠪᠸᠢ ᠶᠢᠨ ᠱᠢ ᠵᠢᠶᠠ ᠵᠤᠸᠠᠩ ᠠᠴᠠ ᠪᠤᠴᠠᠵᠤ ᠢᠷᠡᠭᠰᠡᠨ 25 ᠬᠥᠮᠦᠨ ᠪᠣᠶ᠃           ᠢᠷᠡᠯᠲᠡ᠄ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ         ᠣᠷᠴᠢᠭᠤᠯᠤᠭᠴᠢ᠄ ᠡᠷᠳᠡᠨᠢᠭᠤᠸ᠎ᠠ   ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3