ᠴᠠᠩ ᠳ᠋ᠠ ᠸᠧᠶ ᠮᠠᠨ ᠤ ᠰᠢᠶᠠᠨ ᠤ ᠡᠯ᠎ᠡ ᠵᠠᠮ ᠬᠠᠷᠢᠯᠴᠠᠭᠠᠨ ᠤ ᠣᠷᠣᠵᠤ ᠭᠠᠷᠬᠤ ᠭᠠᠵᠠᠷ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/1/12
     1 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠶ ᠮᠠᠨ ᠤ ᠰᠢᠶᠠᠨ ᠤ ᠡᠯ᠎ᠡ ᠵᠠᠮ ᠬᠠᠷᠢᠯᠴᠠᠭᠠᠨ ᠤ ᠣᠷᠣᠵᠤ ᠭᠠᠷᠬᠤ ᠭᠠᠵᠠᠷ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠬᠤ ᠶᠢᠨ ᠬᠠᠮᠲᠤ ᠡᠮᠦᠨ᠎ᠡ ᠹᠷᠣᠨᠲ ᠤᠨ ᠰᠡᠷᠭᠡᠶᠢᠯᠡᠨ ᠡᠵᠡᠮᠳᠡᠬᠦ ᠠᠵᠢᠯᠲᠠᠳ ᠢ ᠲᠣᠬᠤᠨᠢᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠠᠩ ᠵᠧᠨ ᠳ᠋ᠦᠩ᠂ ᠬᠥᠩ ᠰᠢᠤ ᠯᠦᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠦᠨ ᠬᠠᠶ ᠵᠢᠶᠦ᠋ᠨ ᠵᠢᠴᠢ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠢ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠬᠤ ᠳᠤ ᠣᠷᠣᠯᠴᠠᠵᠠᠶ᠃      ᠪᠠᠶᠢᠴᠠᠭᠠᠬᠤ ᠶᠠᠪᠤᠴᠠ ᠳᠤ᠂ ᠴᠠᠩ ᠳ᠋ᠠ ᠸᠧᠶ ᠤᠷᠢᠳ ᠬᠤᠵᠢᠳ ᠮᠠᠨ ᠤ ᠰᠢᠶᠠᠨ ᠤ G 6᠂ G 7 ᠥᠨᠳᠥᠷ ᠬᠤᠷᠳᠤᠴᠢᠲᠤ ᠵᠠᠰᠠᠮᠠᠯ ᠵᠠᠮ ᠤᠨ ᠭᠠᠷᠬᠤ ᠡᠭᠦᠳᠡ᠂ ᠳ᠋ᠢᠶᠠᠨ ᠽᠢ ᠪᠠᠯᠭᠠᠰᠤᠨ ᠤ ᠬᠠᠨ ᠵᠢᠶᠠ ᠶᠢᠩ ᠤᠨ ᠪᠠᠶᠢᠴᠠᠭᠠᠬᠤ ᠴᠡᠭ᠂ ᠳ᠋ᠢᠶᠠᠨ ᠽᠢ ᠪᠠᠯᠭᠠᠰᠤᠨ ᠤ ᠬᠥ᠋ ᠴᠧᠩ ᠲᠣᠰᠬᠤᠨ ᠤ ᠪᠠᠶᠢᠴᠠᠭᠠᠬᠤ ᠴᠡᠭ᠂ ᠪᠦᠯᠬᠦᠮᠳᠡᠯ ᠰᠢᠶᠠᠩ ᠤᠨ ᠲᠣᠨᠣᠯᠵᠢᠨ ᠵᠠᠮ ᠤᠨ ᠪᠠᠶᠢᠴᠠᠭᠠᠬᠤ ᠴᠡᠭ᠂ ᠭᠤᠤ ᠮᠢᠶᠣᠣ ᠽᠢ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠥᠷᠲᠡᠭᠡ ᠵᠡᠷᠭᠡ ᠭᠠᠵᠠᠷ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠪᠠ᠃      ᠬᠦᠷᠦᠭᠰᠡᠨ ᠭᠠᠵᠠᠷ ᠪᠣᠯᠭᠠᠨ ᠳᠤ᠂ ᠴᠠᠩ ᠳ᠋ᠠ ᠸᠧᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠡᠮᠦᠨ᠎ᠡ ᠹᠷᠣᠨᠲ ᠤᠨ ᠠᠵᠢᠯᠲᠠᠨ ᠤ ᠠᠮᠤᠷ ᠲᠦᠪᠰᠢᠨ ᠢᠶᠠᠷ ᠳᠤᠯᠠᠭᠠᠯᠠᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠶᠢᠴᠠᠭᠠᠬᠤ ᠰᠢᠰᠲ᠋ᠧᠮ ᠤᠨ ᠠᠵᠢᠯᠲᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠬᠠᠶ ᠶᠢᠨ ᠭᠠᠵᠠᠷ ᠲᠤᠨᠢ ᠰᠣᠨᠣᠰᠬᠤ ᠶᠢᠨ ᠬᠠᠮᠲᠤ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠴᠠᠶ᠃ ᠴᠠᠩ ᠳ᠋ᠠ ᠸᠧᠢ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠣᠷᠣᠵᠤ ᠢᠷᠡᠬᠦ ᠶᠢ ᠰᠡᠷᠭᠡᠶᠢᠯᠡᠬᠦ ᠳᠠᠷᠤᠯᠲᠠ ᠡᠳᠦᠷ ᠢᠷᠡᠬᠦᠶ᠎ᠡ ᠨᠡᠮᠡᠭᠳᠡᠵᠦ ᠪᠠᠢᠨ᠎ᠠ᠂ ᠣᠨᠴᠠᠭᠠᠶᠢᠯᠠᠨ ᠡᠯ᠎ᠡ ᠵᠠᠮ ᠬᠠᠷᠢᠯᠴᠠᠭᠠᠨ ᠤ ᠣᠷᠣᠬᠤ ᠡᠭᠦᠳᠡ᠂ ᠣᠷᠣᠭᠤᠯᠵᠤ ᠭᠠᠷᠭᠠᠬᠤ ᠭᠦᠢᠯᠭᠡᠭᠡᠨ ᠤ ᠬᠡᠮᠵᠢᠶ᠎ᠡ ᠶᠡᠭᠡ᠂ ᠠᠶᠤᠯ ᠲᠦᠭᠰᠢᠭᠦᠷᠢ ᠶᠢᠨ ᠳᠠᠯᠳᠠ ᠭᠡᠮ ᠥᠨᠳᠥᠷ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠂ ᠨᠠᠷᠢᠨ ᠨᠢᠮᠪᠠᠶ ᠵᠣᠬᠢᠶᠠᠨ ᠪᠠᠶᠢᠭᠤᠯᠬᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠳᠡᠭᠡᠳᠦ ᠱᠠᠲᠤᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠶᠣᠰᠣᠭᠠᠷ ᠨᠢ ᠬᠡᠷᠡᠭᠵᠢᠭᠦᠯᠪᠡ᠂ ᠠᠷᠠᠳ ᠤᠨ ᠰᠡᠷᠭᠡᠶᠢᠯᠡᠯᠲᠡ ᠶᠢ ᠴᠢᠩᠭᠠᠳᠬᠠᠬᠤ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠺᠣᠳ᠋ ᠰᠢᠷᠪᠢᠬᠦ ᠶᠢ ᠪᠠᠶᠢᠩᠭᠤᠵᠢᠭᠤᠯᠬᠤ ᠬᠡᠷᠡᠭᠲᠡᠶ᠂ ᠳᠤᠯᠠᠭᠠᠨ ᠬᠡᠮᠵᠢᠬᠦ᠂ ᠠᠮᠠᠪᠴᠢ ᠵᠡᠭᠦᠬᠦ ᠵᠡᠷᠭᠡ ᠠᠵᠢᠯ ᠤᠨ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠲᠤᠰᠬᠠᠯ ᠢ ᠴᠢᠩᠭᠠᠳᠬᠠᠬᠤ ᠬᠡᠷᠡᠭᠲᠡᠶ᠂ ᠬᠢᠵᠢᠭ ᠤᠨ ᠲᠦᠭᠰᠢᠭᠦᠷᠢ ᠶᠢ ᠪᠦᠬᠦ ᠲᠠᠯ᠎ᠠ ᠪᠠᠷ ᠪᠠᠭᠠᠰᠬᠠᠪᠠ᠂ ᠰᠡᠵᠢᠭᠯᠡᠯᠲᠡᠶ ᠪᠠᠶᠢᠳᠠᠯ ᠲᠤᠯᠭᠠᠷᠠᠪᠠᠯ ᠲᠡᠷᠡ ᠳᠠᠷᠤᠶ ᠳᠤᠨᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ᠂ ᠠᠷᠭᠠᠴᠠᠨ ᠰᠢᠢᠳᠪᠦᠷᠢᠯᠡᠬᠦ ᠠᠵᠢᠯ ᠢ ᠲᠣᠬᠢᠲᠠᠢ ᠰᠠᠶᠢᠲᠤᠷ ᠬᠢᠬᠦ ᠬᠡᠷᠡᠭᠲᠡᠢ᠃                                             ᠢᠷᠡᠯᠲᠡ  ᠄ ᠠᠮᠢᠵᠢᠷᠠᠯ ᠤᠨ ᠬᠦᠴᠦᠨ ᠲᠠᠢ ᠰᠢᠩ ᠾᠧ                     ᠣᠷᠴᠢᠭᠤᠯᠤᠭᠴᠢ᠄ ᠡᠷᠳᠡᠨᠢᠭᠤᠸ᠎ᠠ  ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3