ᠵᠤᠤ ᠱᠢ ᠵᠢᠶᠦ᠋ᠨ ᠨᠡᠷ ᠰᠢᠩ ᠾᠧ ᠰᠢᠶᠠᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2021/1/14
     1 ᠰᠠᠷ᠎ᠠ ᠶᠢᠨ 13 ᠤ ᠡᠳᠦᠷ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠵᠣᠣ ᠱᠢ ᠵᠢᠶᠦ᠋ᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠰᠤᠪᠤᠳ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ ᠡᠷᠬᠢᠯᠡᠭᠴᠢ ᠵᠠᠩ ᠫᠧᠢ ᠵᠢᠶᠧ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠠᠶ ᠵᠢᠶᠦ᠋ᠨ ᠵᠢᠶᠧ ᠨᠡᠷ ᠰᠢᠩ ᠾᠧ ᠰᠢᠶᠠᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠧᠢ ᠵᠢᠶᠦ᠋ᠨ ᠫᠢᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠦᠨ ᠬᠠᠢ ᠵᠢᠶᠦ᠋ᠨ ᠱᠠᠯᠠᠪᠳᠠᠭᠤᠯᠤᠨ ᠵᠢᠯᠣᠭᠤᠳᠬᠤ ᠳᠤ ᠣᠷᠣᠯᠴᠠᠵᠠᠢ᠃      ᠵᠤᠤ ᠱᠢ ᠵᠢᠶᠦ᠋ᠨ ᠨᠡᠷ ᠤᠷᠢᠳ ᠬᠤᠵᠢᠳ G 6 ᠣᠷᠣᠬᠤ ᠡᠭᠦᠳᠡ᠂ ᠭᠤᠤ ᠮᠢᠶᠣᠣ ᠽᠢ ᠣᠷᠣᠬᠤ ᠡᠭᠦᠳᠡ ᠂ ᠨᠡᠭᠦᠷᠡᠰᠦ ᠲᠡᠭᠡᠭᠡᠪᠦᠷᠢᠯᠡᠬᠦ ᠲᠤᠰᠬᠠᠢ ᠱᠤᠭᠤᠮ ᠤᠨ ᠲᠤᠤᠠᠨ ᠵᠢᠶᠧ ᠰᠢᠶᠠᠩ ᠤᠨ ᠣᠷᠣᠬᠤ ᠡᠭᠦᠳᠡ᠂ ᠰᠢᠩ ᠾᠧ ᠬᠤᠶᠢᠲᠤ ᠦᠷᠲᠡᠭᠡ᠂ ᠬᠤᠸᠠ ᠯᠢᠶᠠᠨ ᠬᠠᠮ ᠳᠡᠯᠭᠡᠭᠦᠷ ᠵᠡᠷᠭᠡ ᠴᠢᠬᠤᠯᠠ ᠪᠣᠭᠤᠮᠲᠠ᠂ ᠲᠠᠯᠠᠪᠤᠷ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠪᠠᠶᠢᠴᠠᠭᠠᠬᠤ ᠴᠡᠭ ᠤᠨ ᠬᠥᠮᠦᠰ ᠤᠨ ᠪᠡᠶ᠎ᠡ ᠶᠢᠨ ᠬᠠᠯᠠᠭᠤᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠰᠢᠷᠪᠢᠬᠦ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠵᠢᠴᠢ ᠲᠡᠷᠭᠡ ᠬᠥᠰᠬᠡ ᠶᠢᠨ ᠣᠷᠣᠵᠤ ᠭᠠᠷᠬᠤ ᠶᠢ ᠬᠠᠮᠢᠶᠠᠷᠤᠨ ᠡᠵᠡᠮᠳᠡᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡᠴᠢᠯᠡᠨ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠡᠮᠦᠨ᠎ᠡ ᠹᠷᠣᠨᠲ ᠤᠨ ᠨᠥᠬᠦᠳ ᠢ ᠳᠣᠲᠣᠨᠣ ᠪᠠᠷ ᠲᠣᠬᠤᠨᠢᠭᠤᠯᠵᠤ᠂ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃      ᠵᠤᠤ ᠱᠢ ᠵᠢᠶᠦ᠋ᠨ᠂ ᠰᠢᠩ ᠡᡁᠧ ᠰᠢᠶᠠᠨ ᠤ ᠭᠠᠵᠠᠷ ᠵᠦᠢ ᠶᠢᠨ ᠪᠠᠶᠢᠷᠢᠰᠢᠯ ᠣᠨᠴᠠᠭᠠᠢ᠂ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠨᠢ ᠮᠥᠨ ᠬᠦ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠪᠣᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠱᠠᠲᠤᠨ ᠳᠤ ᠣᠷᠣᠬᠤ ᠲᠤᠲᠤᠮ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯ ᠤᠨ ᠪᠠᠶᠢᠷᠢ ᠪᠠᠨ ᠤᠯᠠᠮ ᠪᠠᠲᠤ ᠰᠠᠬᠢᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠤᠯᠠᠮ ᠭᠦᠶ᠋ᠴᠡᠳᠬᠡᠵᠦ᠂ ᠬᠠᠷᠢᠯᠴᠠᠨ ᠬᠠᠮᠵᠢᠯᠴᠠᠵᠤ᠂ ᠠᠯᠮᠠᠶᠢᠷᠠᠨ ᠲᠠᠶᠢᠪᠤᠰᠢᠷᠠᠵᠤ ᠰᠤᠯᠠᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠲᠣᠰ ᠲᠣᠰ ᠤᠨ ᠠᠵᠢᠯ ᠤᠨ ᠪᠠᠶᠢᠷᠢ ᠳᠡᠭᠡᠷ᠎ᠡ ᠪᠠᠨ ᠶᠠᠮᠠᠷ ᠴᠤ ᠠᠯᠳᠠᠭ᠎ᠠ ᠪᠤᠷᠤᠭᠤ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃      ᠵᠤᠤ ᠱᠢ ᠵᠢᠶᠦ᠋ᠨ᠂ ᠰᠢᠩ ᠾᠧ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢ ᠡᠷᠬᠢᠮᠯᠡᠬᠦ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠣᠳᠣᠬᠠᠨ ᠤ ᠴᠢᠬᠤᠯᠠ ᠠᠵᠢᠯ ᠪᠣᠯᠭᠠᠨ ᠠᠳᠬᠤᠵᠤ᠂ ᠬᠠᠮᠤᠭ ᠤᠨ ᠴᠢᠩᠭ᠎ᠠ ᠪᠠᠷᠢᠮᠵᠢᠶ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠰᠢᠩ ᠾᠧ ᠰᠢᠶᠠᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠢᠮᠠᠭᠲᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠰᠠᠨᠠᠭᠠᠴᠢᠯᠠᠭ᠎ᠠ ᠠᠴᠠ ᠪᠠᠨ ᠲᠤᠰᠢᠶᠠᠯ ᠬᠠᠷᠢᠭᠤᠴᠠᠯᠭ᠎ᠠ ᠪᠠᠨ ᠡᠭᠦᠷᠭᠡᠯᠡᠵᠦ᠂ ᠴᠢᠩᠭ᠎ᠠ ᠬᠢᠨᠠᠯᠲᠠ ᠪᠠᠶᠢᠴᠠᠭᠠᠯᠲᠠ ᠪᠠᠷ ᠡᠯ᠎ᠡ ᠱᠠᠲᠤᠨ ᠤ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠦᠲᠦᠮᠵᠢᠲᠡᠢ ᠠᠬᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃                                           ᠣᠷᠴᠢᠭᠤᠯᠤᠭᠴᠢ᠄ ᠡᠷᠳᠡᠨᠢᠭᠤᠸ᠎ᠠ   ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3