ᠮᠠᠨ ᠤ ᠰᠢᠶᠠᠨ ᠾᠧᠪᠧᠶ ᠮᠤᠵᠢ ᠶᠢᠨ ᠳᠥᠷᠪᠡᠨ ᠰᠢᠶᠠᠩ ᠪᠠᠯᠭᠠᠰᠤ ᠲᠠᠢ ᠬᠥᠷᠰᠢᠯᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2021/1/18
     ᠣᠶᠢᠷ᠎ᠠ ᠳᠤ᠂ ᠾᠧᠪᠧᠶ ᠮᠤᠵᠢ ᠶᠢᠨ ᠱᠢ ᠵᠢᠶᠠ ᠵᠤᠸᠠᠩ ᠬᠤᠲᠠ᠂ ᠰᠢᠩ ᠲᠠᠢ ᠬᠤᠲᠠ᠂ ᠯᠠᠩ ᠹᠠᠩ ᠬᠤᠲᠠ ᠳᠤ ᠵᠠᠯᠭᠠᠭ᠎ᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠣᠯᠠᠨ ᠢᠯᠡᠷᠡᠪᠡ᠂ 1 ᠰᠠᠷ᠎ᠠ ᠶᠢᠨ 16 ᠤ ᠡᠳᠦᠷ ᠤᠨ 18 ᠴᠠᠭ ᠪᠣᠯᠲᠠᠯ᠎ᠠ᠂ ᠨᠡᠶᠢᠲᠡ 1 ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ᠂ 38 ᠳᠤᠮᠳᠠ ᠵᠡᠷᠭᠡ ᠶᠢᠨ ᠠᠶᠤᠯ ᠲᠦᠭᠰᠢᠭᠦᠷᠢᠲᠡᠶ ᠭᠠᠵᠠᠷ ᠣᠷᠣᠨ ᠪᠣᠶ᠃ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠾᠧᠪᠧᠶ ᠮᠤᠵᠢ ᠲᠠᠢ ᠬᠥᠷᠰᠢᠯᠡᠵᠦ ᠪᠠᠶᠢᠭ᠎ᠠ ᠶᠡᠭᠡ ᠬᠦᠷᠢᠶ᠎ᠡ ᠰᠢᠶᠠᠩ᠂ ᠪᠦᠯᠬᠦᠮᠳᠡᠯ ᠰᠢᠶᠠᠩ᠂ ᠴᠧᠩ ᠭᠤᠤᠠᠨ ᠪᠠᠯᠭᠠᠰᠤ᠂ ᠳ᠋ᠢᠶᠠᠨ ᠽᠢ ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃      ᠨᠢᠭᠡ ᠳᠤ᠂ ᠬᠢᠯᠢ ᠬᠢᠵᠠᠭᠠᠷ ᠢ ᠴᠢᠩᠭᠠᠯᠠᠨ᠎ᠠ᠃ ᠮᠤᠵᠢ ᠶᠢᠨ ᠵᠠᠭᠠᠭ ᠤᠨ ᠣᠷᠣᠵᠤ ᠭᠠᠷᠬᠤ ᠥᠨᠳᠥᠷ ᠬᠤᠷᠳᠤᠴᠢᠲᠤ ᠵᠠᠰᠠᠮᠠᠯ ᠵᠠᠮ᠂ ᠤᠯᠤᠰ ᠤᠨ ᠵᠠᠮ ᠤᠨ ᠪᠠᠶᠢᠴᠠᠭᠠᠬᠤ ᠴᠢᠭ 6᠂ ᠬᠢᠯᠢ ᠶᠢᠨ ᠵᠠᠭᠠᠭ ᠤᠨ ᠠᠶᠢᠯ ᠲᠣᠰᠬᠤᠨ ᠤ ᠲᠦᠷ ᠴᠠᠭ ᠤᠨ ᠬᠢᠨᠠᠨ ᠬᠡᠮᠵᠢᠬᠦ‍ ᠴᠢᠭ 37 ᠶᠢ ᠪᠠᠶᠢᠷᠢᠯᠠᠭᠤᠯᠵᠤ᠂ 24 ᠴᠠᠭ ᠢᠶᠠᠷ ᠲᠠᠰᠤᠯᠳᠠᠯ ᠥᠬᠡᠶ ᠪᠠᠶᠢᠴᠠᠭᠠᠨ ᠡᠵᠡᠮᠳᠡᠵᠦ᠂ ᠬᠢᠯᠢ ᠶᠢᠨ ᠵᠠᠭᠠᠭ ᠤᠨ ᠠᠶᠢᠯ ᠲᠣᠰᠬᠤᠨ ᠤ ᠵᠠᠮ ᠤᠨ ᠠᠭᠤᠯᠵᠠᠷ ᠢ ᠪᠢᠲᠡᠭᠦᠮᠵᠢᠯᠡᠨ ᠬᠠᠮᠢᠶᠠᠷᠤᠨ ᠡᠵᠡᠮᠳᠡᠪᠡ᠃      ᠬᠤᠶᠠᠷ ᠲᠤ᠂ ᠭᠤᠣᠯᠳᠠᠯᠭ᠎ᠠ ᠲᠠᠢ ᠬᠥᠮᠦᠰ ᠢ ᠴᠢᠩᠭ᠎ᠠ ᠬᠢᠵᠠᠭᠠᠷᠯᠠᠨ᠎ᠠ᠃ 2020 ᠣᠨ ᠤ 12 ᠰᠠᠷ᠎ᠠ ᠶᠢᠨ 15 ᠤ ᠡᠳᠦᠷ ᠠᠴᠠ ᠨᠠᠭᠠᠰᠢᠬᠢ ᠾᠧᠪᠧᠶ ᠮᠤᠵᠢ ᠶᠢᠨ ᠳᠤᠮᠳᠠ ᠥᠨᠳᠥᠷ ᠲᠠᠰ ᠤᠨ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠰᠢᠶᠠᠨ ᠳᠤ ᠣᠷᠣᠵᠤ ᠢᠷᠡᠭᠰᠡᠨ ᠬᠥᠮᠦᠰ ᠲᠤ ︽14 + 7 + 3︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠡᠷᠡᠰ ᠬᠡᠷᠡᠭᠵᠢᠭᠦᠯᠵᠦ᠂ 14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ᠂ 7 ᠡᠳᠦᠷ ᠨᠡᠶᠢᠭᠡᠮ ᠲᠣᠭᠤᠷᠢᠭ ︵ᠲᠣᠰᠬᠤᠨ︶ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ᠂ 3 ᠤᠳᠠᠭ᠎ᠠ ᠪᠥᠭᠡᠮ ᠬᠦᠴᠢᠯ ᠤᠨ ᠬᠢᠨᠠᠨ ᠬᠡᠮᠵᠢᠯᠲᠡ ᠬᠢᠬᠦ ︵ᠲᠥᠪᠯᠡᠷᠡᠭᠦᠯᠦᠨ ᠲᠤᠰᠠᠭᠠᠷᠯᠠᠭᠰᠠᠨ 1 ᠳ᠋ᠦᠭᠡᠷ ᠡᠳᠦᠷ᠂ 7 ᠳ᠋ᠤᠭᠠᠷ ᠡᠳᠦᠷ ᠪᠠ 14 ᠳ᠋ᠦᠭᠡᠷ ᠡᠳᠦᠷ ᠲᠤ ᠲᠣᠰ ᠲᠣᠰ ᠨᠢᠭᠡ ᠤᠳᠠᠭ᠎ᠠ ᠬᠢᠨ᠎ᠠ᠂ ᠡᠭᠦᠨ ᠳᠤ᠂ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠤᠶᠤ ᠪᠢᠯᠢᠭ ᠴᠢᠨᠠᠷᠲᠠᠶ ᠮᠡᠳᠡᠭᠡ ᠵᠠᠩᠭᠢ ᠶᠢᠨ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠲᠠᠢ ᠪᠠᠶᠢᠪᠠᠯ᠂ ᠲᠥᠪᠯᠡᠷᠡᠭᠦᠯᠦᠨ ᠲᠤᠰᠠᠭᠠᠷᠯᠠᠭᠰᠠᠨ 7 ᠳ᠋ᠤᠭᠠᠷ ᠡᠳᠦᠷ ᠪᠠ 14 ᠳ᠋ᠦᠭᠡᠷ ᠡᠳᠦᠷ ᠲᠤ ᠬᠤᠶᠠᠷ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠠ︶᠃ ᠾᠧᠪᠧᠶ ᠮᠤᠵᠢ ᠶᠢᠨ ᠳᠣᠤᠷ᠎ᠠ ᠲᠦᠭᠰᠢᠭᠦᠷᠢᠲᠦ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠲᠤ ︽1 + 7 + 1︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ︵7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷᠲᠠᠶ ᠭᠡᠷᠡᠴᠢ ᠪᠤᠶᠤ ᠪᠢᠯᠢᠭ ᠴᠢᠨᠠᠷᠲᠠᠶ ᠮᠡᠳᠡᠭᠡ ᠵᠠᠩᠭᠢ ᠶᠢᠨ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠲᠠᠢ ᠪᠠᠶᠢᠪᠠᠯ᠂ ᠵᠥᠪᠬᠡᠨ 7 ᠡᠳᠦᠷ ᠤᠨ ᠨᠡᠶᠢᠭᠡᠮ ᠲᠣᠭᠤᠷᠢᠭ ︵ᠲᠣᠰᠬᠤᠨ︶ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ 7 ᠳ᠋ᠤᠭᠠᠷ ᠡᠳᠦᠷ ᠲᠤ 1 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠠ︶ ᠶᠢ ᠡᠷᠡᠰ ᠬᠡᠷᠡᠭᠵᠢᠭᠦᠯᠵᠦ᠂ ᠣᠲᠣ ᠪᠣᠯᠲᠠᠯ᠎ᠠ᠂ ᠾᠧᠪᠧᠶ ᠮᠤᠵᠢ ᠶᠢᠨ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠠᠴᠠ ᠪᠤᠴᠠᠵᠤ ᠢᠷᠡᠭᠰᠡᠨ 66 ᠬᠥᠮᠦᠨ᠂ ᠾᠧᠪᠧᠶ ᠮᠤᠵᠢ ᠶᠢᠨ ᠳᠣᠤᠷ᠎ᠠ ᠲᠦᠭᠰᠢᠭᠦᠷᠢᠲᠦ ᠭᠠᠵᠠᠷ ᠣᠷᠣᠨ ᠠᠴᠠ ᠪᠤᠴᠠᠵᠤ ᠢᠷᠡᠭᠰᠡᠨ 176 ᠬᠥᠮᠦᠨ ᠢ ᠵᠢᠭᠰᠠᠭᠠᠨ ᠪᠠᠶᠢᠴᠠᠭᠠᠵᠤ᠂ ᠪᠦᠬᠦᠨ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃      ᠭᠤᠷᠪᠠ ᠳᠤ᠂ ᠬᠠᠩᠭᠠᠯᠭ᠎ᠠ ᠶᠢ ᠪᠠᠲᠤᠯᠠᠬᠤ ᠲᠡᠷᠭᠡ ᠬᠥᠰᠬᠡ ᠶᠢᠨ ᠬᠠᠮᠢᠶᠠᠷᠤᠯᠲᠠ ᠡᠵᠡᠮᠳᠡᠯ ᠢ ᠴᠢᠩᠳᠠᠯᠠᠨ᠎ᠠ᠃ ᠾᠧᠪᠧᠶ ᠮᠤᠵᠢ ᠵᠡᠷᠭᠡ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠰᠢᠶᠠᠨ ᠳᠤ ᠣᠷᠣᠵᠤ ᠢᠷᠡᠭᠰᠡᠨ ᠬᠠᠩᠭᠠᠯᠭ᠎ᠠ ᠶᠢ ᠪᠠᠲᠤᠯᠠᠬᠤ ᠲᠡᠷᠭᠡ ᠬᠥᠰᠬᠡ ᠵᠢᠴᠢ ᠵᠢᠯᠣᠭᠤᠴᠢ ᠠᠵᠢᠯᠲᠠᠨ ᠢ ᠠᠷᠢᠭᠤᠳᠬᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠰᠢᠷᠪᠢᠵᠦ ᠲᠡᠮᠳᠡᠭᠯᠡᠬᠦ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠠᠴᠠ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠮᠠᠨ ᠤ ᠰᠢᠶᠠᠨ ᠳᠤ ᠣᠷᠣᠵᠤ ᠪᠣᠯᠤᠨ᠎ᠠ᠃ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠥᠬᠡᠶ ᠮᠥᠷᠲᠡᠭᠡᠨ ᠪᠠᠴᠢᠮ ᠬᠡᠷᠡᠭᠰᠡᠬᠦ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠲᠡᠷᠭᠡ ᠬᠥᠰᠬᠡ ᠶᠢ ᠲᠡᠷᠡ ᠳᠠᠷᠤᠶ ᠳᠤᠨᠢ᠂ ᠲᠡᠷᠡ ᠳᠠᠷᠤᠶ ᠳᠤᠨᠢ ᠬᠠᠮᠢᠶᠠᠷᠤᠨ ᠡᠵᠡᠮᠳᠡᠬᠦ ᠶᠢᠨ ᠬᠠᠮᠲᠤ ᠵᠢᠯᠣᠭᠤᠴᠢ ᠠᠶᠠᠨᠴᠢᠳ ᠵᠢᠴᠢ ᠡᠳ᠋ ᠪᠣᠳᠠᠰ ᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠪᠥᠭᠡᠮ ᠬᠦᠴᠢᠯ ᠤᠨ ᠦᠷ᠎ᠡ ᠳ᠋ᠦᠩ ᠨᠢ ᠪᠢᠯᠢᠭ ᠴᠢᠨᠠᠷᠲᠠᠶ ᠪᠣᠯᠤᠭᠰᠠᠨ ᠤ ᠳᠠᠷᠠᠭ᠎ᠠ ᠰᠠᠶ᠋ᠢ ᠮᠠᠨ ᠤ ᠰᠢᠶᠠᠨ ᠳᠤ ᠣᠷᠣᠵᠤ ᠡᠳ᠋ ᠪᠠᠷᠠᠭ᠎ᠠ ᠶᠢ ᠠᠴᠢᠶᠠᠯᠠᠵᠤ ᠪᠠᠭᠤᠯᠭᠠᠵᠤ ᠪᠣᠯᠤᠨ᠎ᠠ᠃ ᠪᠥᠬᠦ ᠶᠠᠪᠤᠴᠠ ᠳᠤ ᠲᠡᠷᠭᠡ ᠳᠠᠭᠠᠵᠤ ᠶᠠᠪᠤᠭ᠎ᠠ ᠬᠥᠮᠦᠰ ᠲᠡᠷᠭᠡᠨ ᠠᠴᠠ ᠪᠠᠭᠤᠵᠤ ᠪᠣᠯᠬᠤ ᠥᠬᠡᠶ᠂ ᠪᠢᠲᠡᠭᠦᠮᠵᠢᠯᠡᠭᠰᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃                                                 ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ    
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3