1 ᠳ᠋ᠦᠭᠡᠷ ᠰᠠᠷ᠎ᠠ ᠶᠢᠨ 16 ᠤ ᠡᠳᠦᠷ᠂ ᠤᠯᠠᠭᠠᠨᠴᠠᠪ ᠬᠤᠲᠠ ᠴᠢᠨᠠᠷ ᠰᠠᠶᠢᠲᠠᠶ ᠬᠥᠭᠵᠢᠯᠲᠡ ᠶᠢ ᠳᠥᠯᠭᠢᠨ | ᠠᠬᠢᠭᠤᠯᠬᠤ ᠴᠢᠬᠤᠯᠠ ᠶᠡᠭᠡ ᠲᠥᠷᠥᠯ ᠵᠦᠢᠯ ᠤᠨ ᠰᠦᠯᠵᠢᠶᠡᠨ ᠳᠡᠭᠡᠷ᠎ᠡ ᠲᠥᠪᠯᠡᠷᠡᠭᠦᠯᠦᠨ ᠭᠠᠷ ᠤᠨ ᠥᠰᠥᠭ | ᠵᠢᠷᠤᠬᠤ ᠶᠣᠰᠣᠯᠠᠯ ᠶᠠᠪᠤᠭᠤᠯᠵᠤ᠂ ︽ᠳᠡᠯᠭᠡᠴᠡ ᠪᠠᠷ ᠳᠡᠯᠭᠡᠴᠡ ᠶᠢ ᠲᠠᠭᠠᠷᠠᠭᠤᠯᠬᠤ︾ ᠬᠡᠯᠪᠡᠷᠢ ᠪᠠᠷ ︽ᠰᠦᠯᠵᠢᠶᠡᠨ | ᠳᠡᠭᠡᠷ᠎ᠡ︾ ᠠᠭᠤᠯᠵᠠᠯᠲᠠ ᠵᠢᠴᠢ ᠰᠣᠯᠢᠯᠴᠠᠭ᠎ᠠ ᠶᠢ ᠭᠡᠷᠡᠴᠢᠯᠡᠬᠦ ᠶᠢ ᠪᠡᠶᠡᠯᠡᠭᠦᠯᠵᠦ᠂ 19 ᠲᠥᠷᠥᠯ ᠵᠦᠢᠯ ᠤᠨ ᠭᠡᠷ᠎ᠡ | ᠲᠣᠭᠲᠠᠬᠤ ᠠᠯᠬᠤᠮ ᠢ ᠤᠷᠤᠭᠰᠢᠲᠠᠶ ᠪᠡᠶᠡᠯᠡᠭᠦᠯᠵᠦ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ 750 ᠳ᠋ᠦᠩᠰᠢᠭᠤᠷ | ᠲᠥᠭᠦᠷᠢᠭ ᠲᠤ ᠬᠥᠷᠪᠡ᠃ ᠡᠭᠦᠨ ᠳᠤ᠂ ᠶᠠᠩ ᠭᠤᠸᠠᠩ ᠴᠢ ᠰᠢᠩ ᠪᠠᠯᠠ ᠣᠷᠣᠭᠤᠯᠤᠯᠲᠠ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ᠂ ᠪᠡᠭᠡᠵᠢᠩ ᠤᠨ ᠴᠢ ᠳ᠋ᠢ ᠴᠡᠪᠡᠷ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ᠂ ᠪᠡᠭᠡᠵᠢᠩ ᠤᠨ ᠵᠥᠩ ᠺᠠᠩ ᠵᠢᠩ ᠶᠤᠸᠠᠨ ᠮᠠᠰᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ | ᠵᠡᠷᠭᠡ ᠠᠵᠤ ᠠᠬᠤᠶᠢᠯᠠᠯ ᠤᠯᠠᠭᠠᠨᠴᠠᠪ ᠲᠤ ᠡᠷᠦᠬᠡ ᠠᠮᠠ ᠪᠠᠨ ᠪᠠᠭᠤᠯᠭᠠᠵᠤ ᠬᠠᠮᠲᠤᠷᠠᠯᠴᠠᠭ᠎ᠠ ᠥᠷᠨᠢᠭᠦᠯᠪᠡ᠃ | ᠭᠡᠷ᠎ᠡ ᠲᠣᠭᠲᠠᠭᠰᠠᠨ 19 ᠲᠥᠷᠥᠯ ᠵᠦᠢᠯ ᠨᠢ ᠰᠢᠨ᠎ᠡ ᠡᠨᠧᠷᠭᠢ᠂ ᠲᠣᠮᠣ ᠳ᠋ᠠᠶᠢᠲ᠋ᠠ᠂ ᠲᠣᠨᠤᠭ ᠲᠥᠬᠦᠭᠡᠷᠦᠮᠵᠢ | ᠦᠢᠯᠡᠳᠬᠦ᠂ ᠰᠣᠶᠣᠯ ᠵᠢᠭᠤᠯᠴᠢᠯᠠᠯ ᠵᠡᠷᠭᠡ ᠣᠯᠠᠨ ᠬᠦᠷᠢᠶᠡᠨ ᠳᠤ ᠬᠤᠯᠪᠣᠭᠳᠠᠵᠤ᠂ ᠤᠯᠠᠭᠠᠨᠴᠠᠪ ᠬᠤᠲᠠ ᠶᠢᠨ ᠠᠵᠤ | ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠠᠵᠤ ᠦᠢᠯᠡᠰ ᠤᠨ ᠥᠷᠢᠰᠦᠯᠳᠦᠬᠦ ᠬᠦᠴᠦᠨ ᠢ | ᠴᠢᠩᠭᠠᠷᠠᠭᠤᠯᠬᠤ ᠳᠤ ᠴᠢᠬᠤᠯᠠ ᠦᠢᠯᠡᠳᠦᠯ ᠲᠠᠢ ᠶᠤᠮ᠃ | ᠶᠠᠩ ᠭᠤᠸᠠᠩ ᠴᠢ ᠰᠢᠩ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠤᠯᠠᠭᠠᠨᠴᠠᠪ | ᠬᠤᠲᠠ ᠳᠤ ᠤᠰᠤᠲᠥ᠋ᠷᠥᠭᠴᠢ ᠶᠢᠨ ᠡᠨᠧᠷᠭᠢ ᠶᠢᠨ ᠠᠵᠤᠦᠢᠯᠡᠰ ᠤᠨ ᠬᠦᠷᠢᠶᠡᠯᠡᠩ ᠵᠢᠴᠢ ᠤᠰᠤᠲᠥ᠋ᠷᠥᠭᠴᠢ ᠶᠢᠨ | ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢ ᠶᠢᠨ ᠲᠥᠷᠥᠯ ᠵᠦᠢᠯ ᠢ ᠪᠥᠲᠥᠭᠡᠨ ᠪᠠᠶᠢᠭᠤᠯᠵᠤ᠂ 3 ᠵᠢᠯ ᠤᠨ | ᠬᠤᠭᠤᠴᠠᠭᠠᠨ ᠳᠤ ᠴᠢᠷᠮᠠᠶᠢᠨ ︽ᠪᠣᠬᠢᠷᠲᠤᠯ ᠥᠬᠡᠶ ᠤᠯᠠᠭᠠᠨᠴᠠᠪ︾ ᠢ ᠪᠥᠲᠥᠭᠡᠨ ᠪᠠᠶᠢᠭᠤᠯᠵᠤ ᠂ ᠤᠯᠠᠭᠠᠨᠴᠠᠪ ᠢ | ᠤᠰᠤᠲᠥ᠋ᠷᠥᠭᠴᠢ ᠶᠢᠨ ᠲᠦᠯᠡᠰᠢ ᠵᠢᠴᠢ ᠰᠢᠨ᠎ᠡ ᠡᠨᠧᠷᠭᠢ ᠶᠢᠨ ᠵᠢᠱᠢᠶ᠎ᠡ ᠦᠵᠡᠭᠦᠯᠬᠦ ᠬᠤᠲᠠ ᠪᠣᠯᠭᠠᠨ ᠪᠥᠲᠥᠭᠡᠨ | ᠪᠠᠶᠢᠭᠤᠯᠬᠤ ᠶᠢ ᠳᠥᠯᠭᠢᠨ ᠠᠬᠢᠭᠤᠯᠬᠤ ᠪᠠᠷ ᠪᠣᠶ᠃ ᠪᠡᠭᠡᠵᠢᠩ ᠤᠨ ᠵᠥᠩ ᠺᠠᠩ ᠵᠢᠩ ᠶᠤᠸᠠᠨ ᠮᠠᠰᠢᠨ | ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠤᠯᠠᠭᠠᠨᠴᠠᠪ ᠤᠨ ᠰᠢᠩ ᠾᠧ ᠰᠢᠶᠠᠨ ᠤ ᠸᠠᠩ ᠵᠢᠶᠤᠤ ᠠᠵᠤ | ᠦᠶ᠋ᠯᠡᠳᠪᠦᠷᠢ ᠶᠢᠨ ᠬᠦᠷᠢᠶᠡᠯᠡᠩ ᠳᠤ ᠣᠶᠤᠨᠴᠢ ᠦᠢᠯᠡᠳᠬᠦ ᠪᠠ ᠳᠠᠬᠢᠨ ᠦᠢᠯᠡᠳᠬᠦ ᠠᠵᠤ ᠦᠢᠯᠡᠰ ᠤᠨ ᠬᠦᠷᠢᠶᠡᠯᠡᠩ | ᠪᠠᠶᠢᠭᠤᠯᠬᠤ ᠪᠠᠷ ᠲᠥᠯᠥᠪᠯᠡᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠡ ᠴᠤᠭᠴᠠᠵᠢᠭᠤᠯᠬᠤ | ᠴᠢᠳᠠᠪᠤᠷᠢ ᠶᠢ ᠪᠦᠷᠢᠯᠳᠦᠭᠦᠯᠦᠨ᠎ᠡ᠃ ᠲᠦᠷᠦᠯ ᠵᠦᠢᠯ ᠨᠢ 200 ᠭᠠᠷᠤᠢ ᠮᠦ ᠭᠠᠵᠠᠷ ᠡᠵᠡᠯᠡᠵᠦ᠂ ᠶᠡᠷᠦᠩᠬᠡᠢ ᠪᠡᠯᠡ | ᠣᠷᠣᠭᠤᠯᠤᠯᠲᠠ ᠨᠢ 3 ᠳ᠋ᠦᠩᠰᠢᠭᠤᠷ ᠭᠠᠷᠤᠢ ᠲᠥᠭᠦᠷᠢᠭ ᠲᠤ ᠬᠦᠷᠴᠦ᠂ ᠡᠨᠡ ᠵᠢᠯ ᠤᠨ 5 ᠰᠠᠷ᠎ᠠ ᠳᠤ ᠪᠠᠷᠢᠯᠭ᠎ᠠ | ᠡᠬᠢᠯᠡᠭᠦᠯᠦᠨ ᠪᠦᠳᠦᠭᠡᠨ ᠪᠠᠶᠢᠭᠤᠯᠬᠤ ᠪᠠᠷ ᠪᠠᠶᠢᠭ᠎ᠠ᠂100 ᠬᠥᠮᠦᠨ ᠳᠤ ᠠᠵᠢᠯ ᠣᠯᠭᠤᠯᠵᠤ ᠳᠡᠶᠢᠯᠦᠨ᠎ᠡ᠃ | ︽ᠪᠡᠭᠡᠵᠢᠩ ᠤᠨ ᠲᠡᠭᠦᠷᠭᠡ ᠶᠢᠨ ᠲᠠᠯ᠎ᠠ ᠨᠤᠲᠤᠭ︾ ᠬᠡᠮᠡᠭᠳᠡᠭᠰᠡᠨ ᠥᠪᠥᠷ ᠮᠣᠩᠭᠤᠯ ᠤᠨ ᠤᠯᠠᠭᠠᠨᠴᠠᠪ ᠬᠤᠲᠠ | ᠪᠡᠭᠡᠵᠢᠩ ᠠᠴᠠ 240 ᠺᠢᠯᠣᠮᠧᠲᠷ ᠵᠠᠶᠢᠲᠠᠶ ᠪᠠᠶᠢᠵᠤ᠂ ᠪᠡᠭᠡᠵᠢᠩ ᠲᠢᠶᠠᠨᠵᠢᠨ ᠾᠤᠪᠸᠢ ᠶᠢᠨ ᠬᠠᠮᠵᠢᠯᠴᠠᠨ ᠬᠥᠭᠵᠢᠬᠦ | ᠴᠢᠬᠤᠯᠠ ᠬᠤᠲᠠ ᠶᠢᠨ ᠨᠢᠭᠡ ᠪᠣᠯᠤᠨ᠎ᠠ᠃ ᠣᠶᠢᠷ᠎ᠠ ᠶᠢᠨ ᠵᠢᠯ ᠳᠤ᠂ ᠤᠯᠠᠭᠠᠨᠴᠠᠪ ᠬᠤᠲᠠ ᠲᠣᠰ ᠪᠡᠶ᠎ᠡ ᠶᠢᠨ | ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠢᠮᠠᠭᠲᠠ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠨᠢᠭᠡᠳᠦᠭᠡᠷ ᠭᠠᠷᠳᠠᠴᠠ | ᠪᠣᠯᠭᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠣᠮᠣ ᠳ᠋ᠠᠶᠢᠲ᠋ᠠ᠂ | ᠲᠣᠮᠣ ᠪᠠᠷᠠᠭᠠᠨ ᠤ ᠭᠦᠶ᠋ᠯᠭᠡᠭᠡ᠂ ᠲᠣᠮᠣ ᠵᠢᠭᠤᠯᠴᠢᠯᠠᠯ ᠤᠨ ᠠᠵᠤ ᠦᠢᠯᠡᠰ ᠢ ᠲᠠᠰᠤᠷᠠᠯᠲᠠ ᠥᠬᠡᠶ | ᠪᠤᠵᠠᠭᠠᠶᠢᠷᠠᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠨᠢᠭᠡ | ᠪᠦᠯᠦᠭ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠡᠭᠡ᠂ ᠨᠦᠯᠦᠭᠡ ᠶᠡᠭᠡ᠂ ᠨᠡᠶᠢᠭᠡᠮ ᠤᠨ ᠦᠷ᠎ᠡ ᠠᠰᠢᠭ | ᠰᠠᠶᠢᠨ ᠴᠢᠬᠤᠯᠠ ᠶᠡᠭᠡ ᠲᠥᠷᠥᠯ ᠵᠦᠢᠯ ᠢ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠤᠨ᠎ᠠ᠃ | | ᠢᠷᠡᠯᠲᠡ ᠄ ᠪᠡᠭᠡᠵᠢᠩ ᠤᠨ ᠡᠳᠦᠷ ᠤᠨ ᠰᠣᠨᠢᠨ ᠤ ᠬᠡᠷᠡᠭᠯᠡᠭᠴᠢ ᠶᠢᠨ ᠦᠵᠦᠭᠦᠷ | ᠣᠷᠴᠢᠭᠤᠯᠤᠭᠴᠢ᠄ ᠡᠷᠳᠡᠨᠢᠭᠤᠸ᠎ᠠ ᠨᠠᠷᠠᠰᠤ |