ᠪᠡᠭᠡᠵᠢᠩ ᠤᠨ ᠭᠤᠷᠪᠠᠨ ᠠᠵᠤ ᠠᠬᠤᠶᠢᠯᠠᠯ ︽ᠡᠭᠦᠯᠡ︾ ᠳᠤ ᠭᠠᠷ ᠤᠨ ᠥᠰᠥᠭ ᠵᠢᠷᠤᠵᠤ ᠤᠯᠠᠭᠠᠨᠴᠠᠪ ᠤᠨ ᠰᠢᠩ ᠾᠧ ᠰᠢᠶᠠᠨ ᠳᠤ ᠡᠷᠦᠬᠡ ᠠᠮᠠ ᠪᠠᠨ ᠪᠠᠭᠤᠯᠭᠠᠪᠠ
ᠨᠡᠶᠢᠲᠡᠯᠡᠭᠰᠡᠨ ᠴᠠᠭ᠄
2021/1/19
     1 ᠳ᠋ᠦᠭᠡᠷ ᠰᠠᠷ᠎ᠠ ᠶᠢᠨ 16 ᠤ ᠡᠳᠦᠷ᠂ ᠤᠯᠠᠭᠠᠨᠴᠠᠪ ᠬᠤᠲᠠ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠴᠢᠬᠤᠯᠠ ᠶᠡᠭᠡ ᠲᠥᠷᠥᠯ ᠵᠦᠢᠯ ᠤᠨ ᠰᠦᠯᠵᠢᠶᠡᠨ ᠳᠡᠭᠡᠷ᠎ᠡ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠵᠤ᠂ ︽ᠳᠡᠯᠭᠡᠴᠡ ᠪᠠᠷ ᠳᠡᠯᠭᠡᠴᠡ ᠶᠢ ᠲᠠᠭᠠᠷᠠᠭᠤᠯᠬᠤ︾ ᠬᠡᠯᠪᠡᠷᠢ ᠪᠠᠷ ︽ᠰᠦᠯᠵᠢᠶᠡᠨ ᠳᠡᠭᠡᠷ᠎ᠡ︾ ᠠᠭᠤᠯᠵᠠᠯᠲᠠ ᠵᠢᠴᠢ ᠰᠣᠯᠢᠯᠴᠠᠭ᠎ᠠ ᠶᠢ ᠭᠡᠷᠡᠴᠢᠯᠡᠬᠦ ᠶᠢ ᠪᠡᠶᠡᠯᠡᠭᠦᠯᠵᠦ᠂ 19 ᠲᠥᠷᠥᠯ ᠵᠦᠢᠯ ᠤᠨ ᠭᠡᠷ᠎ᠡ ᠲᠣᠭᠲᠠᠬᠤ ᠠᠯᠬᠤᠮ ᠢ ᠤᠷᠤᠭᠰᠢᠲᠠᠶ ᠪᠡᠶᠡᠯᠡᠭᠦᠯᠵᠦ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ 750 ᠳ᠋ᠦᠩᠰᠢᠭᠤᠷ ᠲᠥᠭᠦᠷᠢᠭ ᠲᠤ ᠬᠥᠷᠪᠡ᠃ ᠡᠭᠦᠨ ᠳᠤ᠂ ᠶᠠᠩ ᠭᠤᠸᠠᠩ ᠴᠢ ᠰᠢᠩ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠴᠢ ᠳ᠋ᠢ ᠴᠡᠪᠡᠷ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠵᠥᠩ ᠺᠠᠩ ᠵᠢᠩ ᠶᠤᠸᠠᠨ ᠮᠠᠰᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠯᠠᠭᠠᠨᠴᠠᠪ ᠲᠤ ᠡᠷᠦᠬᠡ ᠠᠮᠠ ᠪᠠᠨ ᠪᠠᠭᠤᠯᠭᠠᠵᠤ ᠬᠠᠮᠲᠤᠷᠠᠯᠴᠠᠭ᠎ᠠ ᠥᠷᠨᠢᠭᠦᠯᠪᠡ᠃      ᠭᠡᠷ᠎ᠡ ᠲᠣᠭᠲᠠᠭᠰᠠᠨ 19 ᠲᠥᠷᠥᠯ ᠵᠦᠢᠯ ᠨᠢ ᠰᠢᠨ᠎ᠡ ᠡᠨᠧᠷᠭᠢ᠂ ᠲᠣᠮᠣ ᠳ᠋ᠠᠶᠢᠲ᠋ᠠ᠂ ᠲᠣᠨᠤᠭ ᠲᠥᠬᠦᠭᠡᠷᠦᠮᠵᠢ ᠦᠢᠯᠡᠳᠬᠦ᠂ ᠰᠣᠶᠣᠯ ᠵᠢᠭᠤᠯᠴᠢᠯᠠᠯ ᠵᠡᠷᠭᠡ ᠣᠯᠠᠨ ᠬᠦᠷᠢᠶᠡᠨ ᠳᠤ ᠬᠤᠯᠪᠣᠭᠳᠠᠵᠤ᠂ ᠤᠯᠠᠭᠠᠨᠴᠠᠪ ᠬᠤᠲᠠ ᠶᠢᠨ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠠᠵᠤ ᠦᠢᠯᠡᠰ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠬᠤ ᠳᠤ ᠴᠢᠬᠤᠯᠠ ᠦᠢᠯᠡᠳᠦᠯ ᠲᠠᠢ ᠶᠤᠮ᠃      ᠶᠠᠩ ᠭᠤᠸᠠᠩ ᠴᠢ ᠰᠢᠩ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠤᠯᠠᠭᠠᠨᠴᠠᠪ ᠬᠤᠲᠠ ᠳᠤ ᠤᠰᠤᠲᠥ᠋ᠷᠥᠭᠴᠢ ᠶᠢᠨ ᠡᠨᠧᠷᠭᠢ ᠶᠢᠨ ᠠᠵᠤ‌ᠦᠢᠯᠡᠰ ᠤᠨ ᠬᠦᠷᠢᠶᠡᠯᠡᠩ ᠵᠢᠴᠢ ᠤᠰᠤᠲᠥ᠋ᠷᠥᠭᠴᠢ ᠶᠢᠨ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢ ᠶᠢᠨ ᠲᠥᠷᠥᠯ ᠵᠦᠢᠯ ᠢ ᠪᠥᠲᠥᠭᠡᠨ ᠪᠠᠶᠢᠭᠤᠯᠵᠤ᠂ 3 ᠵᠢᠯ ᠤᠨ ᠬᠤᠭᠤᠴᠠᠭᠠᠨ ᠳᠤ ᠴᠢᠷᠮᠠᠶᠢᠨ ︽ᠪᠣᠬᠢᠷᠲᠤᠯ ᠥᠬᠡᠶ ᠤᠯᠠᠭᠠᠨᠴᠠᠪ︾ ᠢ ᠪᠥᠲᠥᠭᠡᠨ ᠪᠠᠶᠢᠭᠤᠯᠵᠤ  ᠂ ᠤᠯᠠᠭᠠᠨᠴᠠᠪ ᠢ ᠤᠰᠤᠲᠥ᠋ᠷᠥᠭᠴᠢ ᠶᠢᠨ ᠲᠦᠯᠡᠰᠢ ᠵᠢᠴᠢ ᠰᠢᠨ᠎ᠡ ᠡᠨᠧᠷᠭᠢ ᠶᠢᠨ ᠵᠢᠱᠢᠶ᠎ᠡ ᠦᠵᠡᠭᠦᠯᠬᠦ ᠬᠤᠲᠠ ᠪᠣᠯᠭᠠᠨ ᠪᠥᠲᠥᠭᠡᠨ ᠪᠠᠶᠢᠭᠤᠯᠬᠤ ᠶᠢ ᠳᠥᠯᠭᠢᠨ ᠠᠬᠢᠭᠤᠯᠬᠤ ᠪᠠᠷ ᠪᠣᠶ᠃ ᠪᠡᠭᠡᠵᠢᠩ ᠤᠨ ᠵᠥᠩ ᠺᠠᠩ ᠵᠢᠩ ᠶᠤᠸᠠᠨ ᠮᠠᠰᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠤᠯᠠᠭᠠᠨᠴᠠᠪ ᠤᠨ ᠰᠢᠩ ᠾᠧ ᠰᠢᠶᠠᠨ ᠤ ᠸᠠᠩ ᠵᠢᠶᠤᠤ ᠠᠵᠤ ᠦᠶ᠋ᠯᠡᠳᠪᠦᠷᠢ ᠶᠢᠨ ᠬᠦᠷᠢᠶᠡᠯᠡᠩ ᠳᠤ ᠣᠶᠤᠨᠴᠢ ᠦᠢᠯᠡᠳᠬᠦ ᠪᠠ ᠳᠠᠬᠢᠨ ᠦᠢᠯᠡᠳᠬᠦ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠪᠠᠷ ᠲᠥᠯᠥᠪᠯᠡᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠡ ᠴᠤᠭᠴᠠᠵᠢᠭᠤᠯᠬᠤ ᠴᠢᠳᠠᠪᠤᠷᠢ ᠶᠢ ᠪᠦᠷᠢᠯᠳᠦᠭᠦᠯᠦᠨ᠎ᠡ᠃  ᠲᠦᠷᠦᠯ ᠵᠦᠢᠯ ᠨᠢ 200 ᠭᠠᠷᠤᠢ ᠮᠦ ᠭᠠᠵᠠᠷ ᠡᠵᠡᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 3 ᠳ᠋ᠦᠩᠰᠢᠭᠤᠷ ᠭᠠᠷᠤᠢ ᠲᠥᠭᠦᠷᠢᠭ ᠲᠤ ᠬᠦᠷᠴᠦ᠂ ᠡᠨᠡ ᠵᠢᠯ ᠤᠨ 5 ᠰᠠᠷ᠎ᠠ ᠳᠤ ᠪᠠᠷᠢᠯᠭ᠎ᠠ ᠡᠬᠢᠯᠡᠭᠦᠯᠦᠨ  ᠪᠦᠳᠦᠭᠡᠨ ᠪᠠᠶᠢᠭᠤᠯᠬᠤ ᠪᠠᠷ ᠪᠠᠶᠢᠭ᠎ᠠ᠂100 ᠬᠥᠮᠦᠨ ᠳᠤ ᠠᠵᠢᠯ ᠣᠯᠭᠤᠯᠵᠤ ᠳᠡᠶᠢᠯᠦᠨ᠎ᠡ᠃      ︽ᠪᠡᠭᠡᠵᠢᠩ ᠤᠨ ᠲᠡᠭᠦᠷᠭᠡ ᠶᠢᠨ ᠲᠠᠯ᠎ᠠ ᠨᠤᠲᠤᠭ︾ ᠬᠡᠮᠡᠭᠳᠡᠭᠰᠡᠨ ᠥᠪᠥᠷ ᠮᠣᠩᠭᠤᠯ ᠤᠨ ᠤᠯᠠᠭᠠᠨᠴᠠᠪ ᠬᠤᠲᠠ ᠪᠡᠭᠡᠵᠢᠩ ᠠᠴᠠ 240 ᠺᠢᠯᠣᠮᠧᠲᠷ ᠵᠠᠶᠢᠲᠠᠶ ᠪᠠᠶᠢᠵᠤ᠂ ᠪᠡᠭᠡᠵᠢᠩ ᠲᠢᠶᠠᠨᠵᠢᠨ ᠾᠤᠪᠸᠢ ᠶᠢᠨ ᠬᠠᠮᠵᠢᠯᠴᠠᠨ ᠬᠥᠭᠵᠢᠬᠦ ᠴᠢᠬᠤᠯᠠ ᠬᠤᠲᠠ ᠶᠢᠨ ᠨᠢᠭᠡ ᠪᠣᠯᠤᠨ᠎ᠠ᠃ ᠣᠶᠢᠷ᠎ᠠ ᠶᠢᠨ ᠵᠢᠯ ᠳᠤ᠂ ᠤᠯᠠᠭᠠᠨᠴᠠᠪ ᠬᠤᠲᠠ ᠲᠣᠰ ᠪᠡᠶ᠎ᠡ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠮᠠᠭᠲᠠ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠨᠢᠭᠡᠳᠦᠭᠡᠷ ᠭᠠᠷᠳᠠᠴᠠ ᠪᠣᠯᠭᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠣᠮᠣ ᠳ᠋ᠠᠶᠢᠲ᠋ᠠ᠂ ᠲᠣᠮᠣ ᠪᠠᠷᠠᠭᠠᠨ ᠤ ᠭᠦᠶ᠋ᠯᠭᠡᠭᠡ᠂ ᠲᠣᠮᠣ ᠵᠢᠭᠤᠯᠴᠢᠯᠠᠯ ᠤᠨ ᠠᠵᠤ ᠦᠢᠯᠡᠰ ᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠨᠢᠭᠡ ᠪᠦᠯᠦᠭ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠡᠭᠡ᠂ ᠨᠦᠯᠦᠭᠡ ᠶᠡᠭᠡ᠂ ᠨᠡᠶᠢᠭᠡᠮ ᠤᠨ ᠦᠷ᠎ᠡ ᠠᠰᠢᠭ ᠰᠠᠶᠢᠨ ᠴᠢᠬᠤᠯᠠ ᠶᠡᠭᠡ ᠲᠥᠷᠥᠯ ᠵᠦᠢᠯ ᠢ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠤᠨ᠎ᠠ᠃                                                      ᠢᠷᠡᠯᠲᠡ  ᠄ ᠪᠡᠭᠡᠵᠢᠩ ᠤᠨ ᠡᠳᠦᠷ ᠤᠨ ᠰᠣᠨᠢᠨ ᠤ ᠬᠡᠷᠡᠭᠯᠡᠭᠴᠢ ᠶᠢᠨ ᠦᠵᠦᠭᠦᠷ                        ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3