2016 ᠣᠨ ᠠᠴᠠ ᠨᠠᠰᠢ᠂ ᠰᠢᠩ ᠾᠧ ᠰᠢᠶᠠᠨ ᠤ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ | ᠠᠵᠢᠯ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠭᠤᠯᠭ᠎ᠠ ᠶᠣᠰᠣᠭᠠᠷ᠂ | ᠭᠤᠤᠯᠳᠠᠯᠭ᠎ᠠ ᠲᠠᠢ ᠲᠥᠷᠥᠯ ᠵᠦᠢᠯ ᠪᠠ ᠬᠤᠲᠠ ᠪᠠᠯᠭᠠᠰᠤᠨ ᠤ ᠰᠠᠭᠤᠷᠢ ᠢᠵᠢ ᠪᠥᠷᠢᠳᠦᠭᠦᠯᠬᠦ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠭᠤᠤᠯᠳᠠᠯᠭ᠎ᠠ ᠶᠢ ᠳᠣᠪᠤᠶᠢᠯᠭᠠᠨ᠂ | ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠂ ︐ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠬᠠᠷᠠᠯᠲᠠ ᠡᠭᠦᠷᠭᠡ ᠶᠢ ᠨᠡᠯᠢᠶᠡᠳ ᠰᠠᠶᠢᠨ | ᠪᠡᠶᠡᠯᠡᠭᠦᠯᠵᠦ᠂ ᠪᠥᠬᠦ ᠰᠢᠶᠠᠨ ᠤ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ | ᠭᠦᠢᠴᠡᠳᠬᠡᠯ ᠲᠤᠭ᠎ᠠ ᠶᠢ ᠦᠷᠭᠦᠯᠵᠢᠯᠡᠨ ᠨᠡᠮᠡᠭᠳᠡᠭᠦᠯᠪᠡ᠃ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ᠂ | ᠬᠦᠷᠲᠡᠮᠵᠢ ᠶᠢᠨ ᠲᠦᠷᠦᠭᠳᠡᠯ ᠤᠯᠠᠮ ᠴᠢᠨᠠᠭᠰᠢᠳᠠ ᠳᠡᠭᠡᠭᠰᠢᠯᠡᠵᠦ᠂ ᠪᠦᠬᠦ ᠰᠢᠶᠠᠨ ᠤ ᠬᠤᠲᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠲᠣᠭᠲᠠᠭᠤᠨ ᠢᠶᠠᠷ ᠠᠬᠢᠪᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠪᠠᠷ᠂ ᠪᠦᠬᠦ ᠰᠢᠶᠠᠨ ᠤ | ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ 15 ᠲᠡᠭᠰᠢ ᠳᠥᠷᠪᠡᠯᠵᠢᠨ ᠺᠢᠯᠣᠮᠧᠳ᠋ᠷ ᠬᠦᠷᠴᠦ᠂ | ᠬᠥᠮᠦᠨ ᠳᠤᠮᠳᠠᠴᠢ ᠶᠢᠨ ᠬᠤᠲᠠ ᠶᠢᠨ ᠵᠠᠮ 28.94 ᠲᠡᠭᠰᠢ ᠳᠥᠷᠪᠡᠯᠵᠢᠨ ᠮᠧᠲᠷ ᠲᠤ ᠬᠦᠷᠴᠦ᠂ ᠪᠠᠶᠢᠭᠤᠯᠵᠤ | ᠳᠠᠭᠤᠰᠤᠭᠰᠠᠨ ᠣᠷᠣᠨ ᠤ ᠵᠠᠮ ᠤᠨ ᠲᠣᠣᠷ ᠤᠨ ᠨᠢᠭᠲᠠᠴᠠ 8.39 ᠺᠢᠯᠣᠮᠧᠲᠷ / ᠲᠡᠭᠰᠢ ᠳᠥᠷᠪᠡᠯᠵᠢᠨ | ᠺᠢᠯᠣᠮᠧᠲᠷ ᠲᠤ ᠬᠦᠷᠴᠦ᠂ ᠬᠤᠲᠠ ᠪᠠᠯᠭᠠᠰᠤ ᠶᠢᠨ ᠤᠰᠤ ᠬᠠᠩᠭᠠᠬᠤ ᠶᠢ ᠲᠦᠭᠡᠮᠡᠯᠵᠢᠭᠦᠯᠦᠭᠰᠡᠨ ᠨᠣᠷᠮ᠎ᠠ 94. | 08% ᠳᠤ ᠬᠦᠷᠴᠦ ᠂ᠬᠤᠲᠠ ᠪᠠᠯᠭᠠᠰᠤ ᠶᠢᠨ ᠲᠥᠪᠯᠡᠷᠡᠭᠦᠯᠦᠨ ᠢᠯᠴᠢ ᠬᠠᠩᠭᠠᠬᠤ ᠶᠢ ᠲᠦᠭᠡᠮᠡᠯᠵᠢᠭᠦᠯᠦᠭᠰᠡᠨ | ᠨᠣᠷᠮ᠎ᠠ 79% ᠳᠤ ᠬᠦᠷᠴᠦ᠂ ᠬᠤᠲᠠ ᠪᠠᠯᠭᠠᠰᠤ ᠶᠢᠨ ᠲᠥᠪᠯᠡᠷᠡᠭᠦᠯᠦᠨ ᠬᠡᠶ ᠬᠠᠩᠭᠠᠬᠤ ᠨᠣᠷᠮ᠎ᠠ 75% ᠳᠤ | ᠬᠦᠷᠴᠦ᠂ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ 96.38% ᠳᠤ | ᠬᠦᠷᠴᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠶᠡᠷᠦᠩᠬᠡᠶ ᠪᠦᠷᠬᠦᠴᠡ ᠶᠢᠨ ᠨᠣᠷᠮ᠎ᠠ 68.4% ᠳᠤ ᠬᠦᠷᠴᠦ᠂ | ᠬᠤᠲᠠ ᠪᠠᠯᠭᠠᠰᠤ ᠶᠢᠨ ᠪᠠᠶᠢᠭᠤᠯᠤᠭᠰᠠᠨ ᠲᠣᠭᠤᠷᠢᠭ ᠤᠨ ᠨᠣᠭᠤᠭᠠᠨ ᠬᠥᠷᠥᠰᠥ ᠶᠢᠨ ᠨᠣᠷᠮ᠎ᠠ 31.18% ᠳᠤ | ᠬᠦᠷᠴᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 35.21% ᠳᠤ ᠬᠦᠷᠴᠦ᠂ ᠬᠦᠮᠦᠨ ᠬᠤᠪᠢᠶᠠᠷᠢ | ᠬᠦᠷᠢᠶᠡᠯᠡᠩ ᠤᠨ ᠨᠣᠭᠤᠭᠠᠨ ᠬᠥᠷᠥᠰᠥ ᠶᠢᠨ ᠲᠠᠯᠠᠪᠠᠶ 13.39 ᠲᠡᠭᠰᠢ ᠳᠥᠷᠪᠡᠯᠵᠢᠨ ᠮᠧᠲᠷ ᠲᠤ ᠬᠦᠷᠴᠦ᠂ ᠪᠥᠬᠦ | ᠰᠢᠶᠠᠨ ᠤ ᠪᠠᠶᠢᠭᠤᠯᠤᠭᠰᠠᠨ ᠲᠣᠭᠤᠷᠢᠭ ᠤᠨ ᠨᠣᠭᠤᠭᠠᠨ ᠬᠥᠷᠥᠰᠥ ᠶᠢᠨ ᠲᠠᠯᠠᠪᠠᠶ 619.55 ᠾᠧᠺᠲ᠋ᠠᠷ ᠲᠤ ᠬᠥᠷᠪᠡ | ᠃ | | ᠣᠷᠴᠢᠭᠤᠯᠤᠭᠴᠢ᠄ ᠡᠷᠳᠡᠨᠢᠭᠤᠸ᠎ᠠ ᠨᠠᠷᠠᠰᠤ | |