ᠮᠠᠨ ᠤ ᠰᠢᠶᠠᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠳᠠᠬᠢᠨᠲᠠ ᠰᠢᠨ᠎ᠡ ᠶᠢ ᠡᠭᠦᠳᠪᠡ
ᠨᠡᠶᠢᠲᠡᠯᠡᠭᠰᠡᠨ ᠴᠠᠭ᠄
2021/1/20
     2016 ᠣᠨ ᠠᠴᠠ ᠨᠠᠰᠢ᠂ ᠰᠢᠩ ᠾᠧ ᠰᠢᠶᠠᠨ ᠤ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠭᠤᠯᠭ᠎ᠠ ᠶᠣᠰᠣᠭᠠᠷ᠂ ᠭᠤᠤᠯᠳᠠᠯᠭ᠎ᠠ ᠲᠠᠢ ᠲᠥᠷᠥᠯ ᠵᠦᠢᠯ ᠪᠠ ᠬᠤᠲᠠ ᠪᠠᠯᠭᠠᠰᠤᠨ ᠤ ᠰᠠᠭᠤᠷᠢ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠭᠤᠤᠯᠳᠠᠯᠭ᠎ᠠ ᠶᠢ ᠳᠣᠪᠤᠶᠢᠯᠭᠠᠨ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠂  ︐ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠪᠥᠬᠦ ᠰᠢᠶᠠᠨ ᠤ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠦᠷᠭᠦᠯᠵᠢᠯᠡᠨ ᠨᠡᠮᠡᠭᠳᠡᠭᠦᠯᠪᠡ᠃ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠤᠯᠠᠮ ᠴᠢᠨᠠᠭᠰᠢᠳᠠ ᠳᠡᠭᠡᠭᠰᠢᠯᠡᠵᠦ᠂ ᠪᠦᠬᠦ ᠰᠢᠶᠠᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠲᠣᠭᠲᠠᠭᠤᠨ ᠢᠶᠠᠷ ᠠᠬᠢᠪᠠ᠃      ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠪᠠᠷ᠂ ᠪᠦᠬᠦ ᠰᠢᠶᠠᠨ ᠤ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ 15 ᠲᠡᠭᠰᠢ ᠳᠥᠷᠪᠡᠯᠵᠢᠨ ᠺᠢᠯᠣᠮᠧᠳ᠋ᠷ ᠬᠦᠷᠴᠦ᠂ ᠬᠥᠮᠦᠨ ᠳᠤᠮᠳᠠᠴᠢ ᠶᠢᠨ ᠬᠤᠲᠠ ᠶᠢᠨ ᠵᠠᠮ 28.94 ᠲᠡᠭᠰᠢ ᠳᠥᠷᠪᠡᠯᠵᠢᠨ ᠮᠧᠲᠷ ᠲᠤ ᠬᠦᠷᠴᠦ᠂ ᠪᠠᠶᠢᠭᠤᠯᠵᠤ ᠳᠠᠭᠤᠰᠤᠭᠰᠠᠨ ᠣᠷᠣᠨ ᠤ ᠵᠠᠮ ᠤᠨ ᠲᠣᠣᠷ ᠤᠨ ᠨᠢᠭᠲᠠᠴᠠ 8.39 ᠺᠢᠯᠣᠮᠧᠲᠷ / ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠬᠤᠲᠠ ᠪᠠᠯᠭᠠᠰᠤ ᠶᠢᠨ ᠤᠰᠤ ᠬᠠᠩᠭᠠᠬᠤ ᠶᠢ ᠲᠦᠭᠡᠮᠡᠯᠵᠢᠭᠦᠯᠦᠭᠰᠡᠨ ᠨᠣᠷᠮ᠎ᠠ 94.08% ᠳᠤ ᠬᠦᠷᠴᠦ  ᠂ᠬᠤᠲᠠ ᠪᠠᠯᠭᠠᠰᠤ ᠶᠢᠨ ᠲᠥᠪᠯᠡᠷᠡᠭᠦᠯᠦᠨ ᠢᠯᠴᠢ ᠬᠠᠩᠭᠠᠬᠤ ᠶᠢ ᠲᠦᠭᠡᠮᠡᠯᠵᠢᠭᠦᠯᠦᠭᠰᠡᠨ ᠨᠣᠷᠮ᠎ᠠ 79% ᠳᠤ ᠬᠦᠷᠴᠦ᠂ ᠬᠤᠲᠠ ᠪᠠᠯᠭᠠᠰᠤ ᠶᠢᠨ ᠲᠥᠪᠯᠡᠷᠡᠭᠦᠯᠦᠨ ᠬᠡᠶ ᠬᠠᠩᠭᠠᠬᠤ ᠨᠣᠷᠮ᠎ᠠ 75% ᠳᠤ ᠬᠦᠷᠴᠦ᠂ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ 96.38% ᠳᠤ ᠬᠦᠷᠴᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠶᠡᠷᠦᠩᠬᠡᠶ ᠪᠦᠷᠬᠦᠴᠡ ᠶᠢᠨ ᠨᠣᠷᠮ᠎ᠠ 68.4% ᠳᠤ ᠬᠦᠷᠴᠦ᠂ ᠬᠤᠲᠠ ᠪᠠᠯᠭᠠᠰᠤ ᠶᠢᠨ ᠪᠠᠶᠢᠭᠤᠯᠤᠭᠰᠠᠨ ᠲᠣᠭᠤᠷᠢᠭ ᠤᠨ ᠨᠣᠭᠤᠭᠠᠨ ᠬᠥᠷᠥᠰᠥ ᠶᠢᠨ ᠨᠣᠷᠮ᠎ᠠ 31.18% ᠳᠤ ᠬᠦᠷᠴᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 35.21% ᠳᠤ ᠬᠦᠷᠴᠦ᠂  ᠬᠦᠮᠦᠨ ᠬᠤᠪᠢᠶᠠᠷᠢ ᠬᠦᠷᠢᠶᠡᠯᠡᠩ ᠤᠨ ᠨᠣᠭᠤᠭᠠᠨ ᠬᠥᠷᠥᠰᠥ ᠶᠢᠨ ᠲᠠᠯᠠᠪᠠᠶ 13.39 ᠲᠡᠭᠰᠢ ᠳᠥᠷᠪᠡᠯᠵᠢᠨ ᠮᠧᠲᠷ ᠲᠤ ᠬᠦᠷᠴᠦ᠂ ᠪᠥᠬᠦ ᠰᠢᠶᠠᠨ ᠤ ᠪᠠᠶᠢᠭᠤᠯᠤᠭᠰᠠᠨ ᠲᠣᠭᠤᠷᠢᠭ ᠤᠨ ᠨᠣᠭᠤᠭᠠᠨ ᠬᠥᠷᠥᠰᠥ ᠶᠢᠨ ᠲᠠᠯᠠᠪᠠᠶ 619.55 ᠾᠧᠺᠲ᠋ᠠᠷ ᠲᠤ ᠬᠥᠷᠪᠡ                                                                     ᠣᠷᠴᠢᠭᠤᠯᠤᠭᠴᠢ᠄ ᠡᠷᠳᠡᠨᠢᠭᠤᠸ᠎ᠠ   ᠨᠠᠷᠠᠰᠤ    
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3