ᠴᠠᠩ ᠳ᠋ᠠ ᠸᠧᠶ ᠰᠢᠨ᠎ᠡ ᠲᠢᠳᠢᠮᠯᠢᠭ ᠤᠨ ᠲᠠᠷᠢᠯᠭ᠎ᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠰᠢᠪᠠᠳᠠᠨ ᠵᠢᠯᠣᠭᠤᠳᠪᠠ
ᠨᠡᠶᠢᠲᠡᠯᠡᠭᠰᠡᠨ ᠴᠠᠭ᠄
2021/1/21
      1 ᠰᠠᠷ᠎ᠠ ᠶᠢᠨ 20᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠶ ᠰᠢᠨ᠎ᠡ ᠲᠢᠳᠢᠮᠯᠢᠭ ᠶᠢᠨ ᠲᠠᠷᠢᠯᠭ᠎ᠠ ᠬᠢᠬᠦ ᠠᠵᠢᠯ ᠢ ᠲᠤᠬᠠᠶ ᠶᠢᠨ ᠭᠠᠵᠠᠷ ᠲᠤᠨᠢ ᠰᠢᠪᠠᠳᠠᠨ ᠵᠢᠯᠣᠭᠤᠳᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ ᠵᠢᠴᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠰᠢᠪᠠᠳᠠᠨ ᠵᠢᠯᠣᠭᠤᠳᠬᠤ ᠳᠤ ᠣᠷᠣᠯᠴᠠᠪᠠ᠃      ᠰᠢᠶᠠᠨ ᠤ ᠡᠮᠨᠡᠯᠭᠡ ᠶᠢᠨ ᠬᠤᠷᠢᠶᠠᠨ ᠤ ᠲᠢᠳᠢᠮᠯᠢᠭ ᠶᠢᠨ ᠲᠠᠷᠢᠯᠭ᠎ᠠ ᠶᠢᠨ ᠰᠢᠨ᠎ᠡ ᠭᠠᠵᠠᠷ ᠲᠤ ᠴᠠᠩ ᠳ᠋ᠠ ᠸᠧᠶ ᠲᠠᠷᠢᠯᠭ᠎ᠠ ᠶᠢᠨ ᠭᠠᠵᠠᠷ ᠤᠨ ᠡᠮᠨᠡᠭᠦᠯᠬᠦ ᠪᠠᠷ ᠬᠦᠯᠢᠶᠡᠬᠦ ᠲᠣᠭᠤᠷᠢᠭ᠂ ᠠᠰᠠᠭᠤᠨ ᠯᠠᠪᠯᠠᠬᠤ ᠲᠣᠭᠤᠷᠢᠭ᠂ ᠲᠠᠷᠢᠯᠭ᠎ᠠ ᠶᠢᠨ ᠲᠣᠭᠤᠷᠢᠭ᠂ ᠦᠯᠡᠳᠡᠭᠡᠨ ᠠᠵᠢᠭᠯᠠᠬᠤ ᠲᠣᠭᠤᠷᠢᠭ ᠤᠨ ᠪᠠᠶᠢᠷᠢᠯᠠᠭᠤᠯᠤᠯᠲᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠲᠢᠳᠢᠮᠯᠢᠭ ᠶᠢᠨ ᠲᠠᠷᠢᠯᠭ᠎ᠠ ᠶᠢᠨ ᠶᠠᠪᠤᠴᠠ ᠶᠢᠨ ᠲᠠᠷᠢᠯᠭ᠎ᠠ᠂ ᠬᠥᠮᠦᠨ ᠤ ᠲᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠲᠢᠳᠢᠮᠯᠢᠭ ᠶᠢᠨ ᠲᠠᠷᠢᠯᠭ᠎ᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠷᠢᠯᠭ᠎ᠠ ᠶᠢᠨ ᠶᠠᠪᠤᠴᠠ ᠶᠢ ᠵᠢᠷᠤᠮᠵᠢᠭᠤᠯᠤᠨ᠂ ᠰᠢᠯᠢᠳᠡᠭ ᠡᠮᠴᠢ ᠰᠤᠪᠢᠯᠠᠭᠴᠢ ᠶᠢ ᠰᠣᠩᠭᠤᠵᠤ᠂ ᠮᠠᠨ ᠤ ᠰᠢᠶᠠᠨ ᠤ ᠭᠤᠤᠯᠳᠠᠯᠭ᠎ᠠ ᠲᠠᠢ ᠬᠥᠮᠦᠰ ᠤᠨ ᠰᠢᠨ᠎ᠡ ᠲᠢᠳᠢᠮᠯᠢᠭ ᠶᠢᠨ ᠲᠠᠷᠢᠯᠭ᠎ᠠ ᠶᠢᠨ ᠠᠵᠢᠯ ᠢ ᠢᠳᠡᠪᠬᠢᠲᠡᠶ ᠪᠥᠭᠡᠳ ᠠᠮᠤᠷ ᠲᠦᠪᠰᠢᠨ ᠡᠮᠬᠢ ᠵᠢᠷᠤᠮ ᠲᠠᠢ ᠪᠠᠷ ᠳᠥᠯᠭᠢᠨ ᠠᠬᠢᠭᠤᠯᠬᠤ ᠬᠡᠷᠡᠭᠲᠡᠶ︔ ᠰᠢᠨ᠎ᠡ ᠲᠢᠳᠢᠮᠯᠢᠭ ᠶᠢᠨ ᠲᠠᠷᠢᠯᠭ᠎ᠠ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠲᠠᠷᠢᠯᠭ᠎ᠠ ᠶᠢᠨ ᠠᠵᠢᠯᠲᠠᠨ ᠤ ᠮᠡᠳᠡᠭᠡ ᠵᠠᠩᠭᠢ ᠶᠢ ᠳᠡᠩᠰᠡᠯᠡᠨ ᠮᠥᠷᠳᠡᠵᠦ᠂ ᠬᠠᠷᠢᠭᠤ ᠰᠤᠷᠪᠤᠯᠵᠢᠯᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠠᠳᠬᠤᠵᠤ ᠲᠠᠷᠢᠯᠭ᠎ᠠ ᠶᠢᠨ ᠶᠠᠰᠤ ᠴᠢᠨᠠᠷ ᠢ ᠪᠠᠲᠤᠯᠠᠨ ᠲᠠᠷᠢᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠲᠠᠷᠢᠯᠭ᠎ᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠶ︔ ᠤᠬᠠᠭᠤᠯᠭ᠎ᠠ ᠪᠠᠨ ᠴᠢᠩᠭᠠᠳᠬᠠᠵᠤ᠂ ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠢ ᠬᠤᠷᠢᠭᠯᠠᠬᠤ ᠲᠠᠯ᠎ᠠ ᠪᠠᠷ ᠬᠢ ᠴᠢᠬᠤᠯᠠ ᠦᠢᠯᠡᠳᠦᠯ ᠢ ᠤᠬᠠᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢᠨ ᠲᠤᠬᠠᠶ ᠣᠯᠠᠨ ᠨᠡᠶᠢᠲᠡ ᠶᠢᠨ ᠵᠥᠪ ᠲᠠᠨᠢᠯᠲᠠ ᠶᠢ ᠳᠡᠭᠡᠭᠰᠢᠯᠡᠭᠦᠯᠵᠦ᠂ ᠪᠥᠬᠦ ᠰᠢᠶᠠᠨ ᠢᠶᠠᠷ ᠢᠶᠠᠨ ᠲᠠᠷᠢᠯᠭ᠎ᠠ ᠶᠢᠨ ᠠᠵᠢᠯ ᠢ ᠬᠠᠮᠲᠤ ᠪᠠᠷ ᠬᠠᠯᠠᠮᠵᠢᠯᠠᠨ ᠳᠡᠮᠵᠢᠬᠦ ᠣᠷᠴᠢᠨ ᠠᠬᠤᠶ ᠶᠢᠨ ᠠᠭᠤᠷ ᠠᠮᠢᠰᠬᠤᠯ ᠢ ᠪᠣᠶ ᠪᠣᠯᠭᠠᠵᠤ᠂  ᠲᠠᠷᠢᠯᠭ᠎ᠠ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃                                                 ᠣᠷᠴᠢᠭᠤᠯᠤᠭᠴᠢ᠄ ᠡᠷᠳᠡᠨᠢᠭᠤᠸ᠎ᠠ  ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3