| 1 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠴᠠᠩ ᠳ᠋ᠠ ᠸᠧᠶ ᠰᠢᠨ᠎ᠡ ᠲᠢᠳᠢᠮᠯᠢᠭ ᠶᠢᠨ ᠲᠠᠷᠢᠯᠭ᠎ᠠ ᠬᠢᠬᠦ ᠠᠵᠢᠯ ᠢ ᠲᠤᠬᠠᠶ ᠶᠢᠨ ᠭᠠᠵᠠᠷ ᠲᠤᠨᠢ | ᠰᠢᠪᠠᠳᠠᠨ ᠵᠢᠯᠣᠭᠤᠳᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ ᠵᠢᠴᠢ ᠰᠢᠶᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠬᠠᠷᠢᠭᠤᠴᠠᠯᠭᠠᠲᠠᠨ ᠰᠢᠪᠠᠳᠠᠨ ᠵᠢᠯᠣᠭᠤᠳᠬᠤ ᠳᠤ ᠣᠷᠣᠯᠴᠠᠪᠠ᠃ | ᠰᠢᠶᠠᠨ ᠤ ᠡᠮᠨᠡᠯᠭᠡ ᠶᠢᠨ ᠬᠤᠷᠢᠶᠠᠨ ᠤ ᠲᠢᠳᠢᠮᠯᠢᠭ ᠶᠢᠨ ᠲᠠᠷᠢᠯᠭ᠎ᠠ ᠶᠢᠨ ᠰᠢᠨ᠎ᠡ ᠭᠠᠵᠠᠷ ᠲᠤ ᠴᠠᠩ ᠳ᠋ᠠ ᠸᠧᠶ | ᠲᠠᠷᠢᠯᠭ᠎ᠠ ᠶᠢᠨ ᠭᠠᠵᠠᠷ ᠤᠨ ᠡᠮᠨᠡᠭᠦᠯᠬᠦ ᠪᠠᠷ ᠬᠦᠯᠢᠶᠡᠬᠦ ᠲᠣᠭᠤᠷᠢᠭ᠂ ᠠᠰᠠᠭᠤᠨ ᠯᠠᠪᠯᠠᠬᠤ ᠲᠣᠭᠤᠷᠢᠭ᠂ ᠲᠠᠷᠢᠯᠭ᠎ᠠ ᠶᠢᠨ | ᠲᠣᠭᠤᠷᠢᠭ᠂ ᠦᠯᠡᠳᠡᠭᠡᠨ ᠠᠵᠢᠭᠯᠠᠬᠤ ᠲᠣᠭᠤᠷᠢᠭ ᠤᠨ ᠪᠠᠶᠢᠷᠢᠯᠠᠭᠤᠯᠤᠯᠲᠠ ᠶᠢᠨ ᠪᠠᠶᠢᠳᠠᠯ ᠢ ᠨᠠᠷᠢᠨ ᠪᠠᠶᠢᠴᠠᠭᠠᠨ | ᠦᠵᠡᠵᠦ᠂ ᠲᠢᠳᠢᠮᠯᠢᠭ ᠶᠢᠨ ᠲᠠᠷᠢᠯᠭ᠎ᠠ ᠶᠢᠨ ᠶᠠᠪᠤᠴᠠ ᠶᠢᠨ ᠲᠠᠷᠢᠯᠭ᠎ᠠ᠂ ᠬᠥᠮᠦᠨ ᠤ ᠲᠤᠭ᠎ᠠ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ | ᠰᠢᠨ᠎ᠡ ᠲᠢᠳᠢᠮᠯᠢᠭ ᠶᠢᠨ ᠲᠠᠷᠢᠯᠭ᠎ᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠲᠠᠷᠢᠯᠭ᠎ᠠ ᠶᠢᠨ ᠶᠠᠪᠤᠴᠠ ᠶᠢ ᠵᠢᠷᠤᠮᠵᠢᠭᠤᠯᠤᠨ᠂ ᠰᠢᠯᠢᠳᠡᠭ ᠡᠮᠴᠢ ᠰᠤᠪᠢᠯᠠᠭᠴᠢ ᠶᠢ ᠰᠣᠩᠭᠤᠵᠤ᠂ | ᠮᠠᠨ ᠤ ᠰᠢᠶᠠᠨ ᠤ ᠭᠤᠤᠯᠳᠠᠯᠭ᠎ᠠ ᠲᠠᠢ ᠬᠥᠮᠦᠰ ᠤᠨ ᠰᠢᠨ᠎ᠡ ᠲᠢᠳᠢᠮᠯᠢᠭ ᠶᠢᠨ ᠲᠠᠷᠢᠯᠭ᠎ᠠ ᠶᠢᠨ ᠠᠵᠢᠯ ᠢ ᠢᠳᠡᠪᠬᠢᠲᠡᠶ | ᠪᠥᠭᠡᠳ ᠠᠮᠤᠷ ᠲᠦᠪᠰᠢᠨ ᠡᠮᠬᠢ ᠵᠢᠷᠤᠮ ᠲᠠᠢ ᠪᠠᠷ ᠳᠥᠯᠭᠢᠨ ᠠᠬᠢᠭᠤᠯᠬᠤ ᠬᠡᠷᠡᠭᠲᠡᠶ︔ ᠰᠢᠨ᠎ᠡ ᠲᠢᠳᠢᠮᠯᠢᠭ ᠶᠢᠨ | ᠲᠠᠷᠢᠯᠭ᠎ᠠ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠲᠠᠷᠢᠯᠭ᠎ᠠ ᠶᠢᠨ | ᠠᠵᠢᠯᠲᠠᠨ ᠤ ᠮᠡᠳᠡᠭᠡ ᠵᠠᠩᠭᠢ ᠶᠢ ᠳᠡᠩᠰᠡᠯᠡᠨ ᠮᠥᠷᠳᠡᠵᠦ᠂ ᠬᠠᠷᠢᠭᠤ ᠰᠤᠷᠪᠤᠯᠵᠢᠯᠠᠵᠤ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠠᠳᠬᠤᠵᠤ ᠲᠠᠷᠢᠯᠭ᠎ᠠ ᠶᠢᠨ ᠶᠠᠰᠤ ᠴᠢᠨᠠᠷ ᠢ ᠪᠠᠲᠤᠯᠠᠨ | ᠲᠠᠷᠢᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠲᠠᠷᠢᠯᠭ᠎ᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠶ︔ | ᠤᠬᠠᠭᠤᠯᠭ᠎ᠠ ᠪᠠᠨ ᠴᠢᠩᠭᠠᠳᠬᠠᠵᠤ᠂ ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠢ ᠬᠤᠷᠢᠭᠯᠠᠬᠤ ᠲᠠᠯ᠎ᠠ ᠪᠠᠷ ᠬᠢ | ᠴᠢᠬᠤᠯᠠ ᠦᠢᠯᠡᠳᠦᠯ ᠢ ᠤᠬᠠᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢᠨ ᠲᠤᠬᠠᠶ | ᠣᠯᠠᠨ ᠨᠡᠶᠢᠲᠡ ᠶᠢᠨ ᠵᠥᠪ ᠲᠠᠨᠢᠯᠲᠠ ᠶᠢ ᠳᠡᠭᠡᠭᠰᠢᠯᠡᠭᠦᠯᠵᠦ᠂ ᠪᠥᠬᠦ ᠰᠢᠶᠠᠨ ᠢᠶᠠᠷ ᠢᠶᠠᠨ ᠲᠠᠷᠢᠯᠭ᠎ᠠ ᠶᠢᠨ ᠠᠵᠢᠯ ᠢ | ᠬᠠᠮᠲᠤ ᠪᠠᠷ ᠬᠠᠯᠠᠮᠵᠢᠯᠠᠨ ᠳᠡᠮᠵᠢᠬᠦ ᠣᠷᠴᠢᠨ ᠠᠬᠤᠶ ᠶᠢᠨ ᠠᠭᠤᠷ ᠠᠮᠢᠰᠬᠤᠯ ᠢ ᠪᠣᠶ ᠪᠣᠯᠭᠠᠵᠤ᠂ ᠲᠠᠷᠢᠯᠭ᠎ᠠ ᠶᠢᠨ | ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | | ᠣᠷᠴᠢᠭᠤᠯᠤᠭᠴᠢ᠄ ᠡᠷᠳᠡᠨᠢᠭᠤᠸ᠎ᠠ ᠨᠠᠷᠠᠰᠤ |