ᠴᠠᠩ ᠳ᠋ᠠ ᠸᠧᠶ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠪᠠᠭ ᠤᠨ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/22
     1 ᠰᠠᠷ᠎ᠠ ᠶᠢᠨ 19᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠶ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠪᠦᠦ ᠴᠧᠩ᠂ ᠰᠢᠶᠤᠤ ᠹᠤᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠠᠩ ᠵᠧᠨ ᠳ᠋ᠦᠩ᠂ ᠬᠥᠩ ᠰᠢᠤ ᠯᠦᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠦᠨ ᠬᠠᠶ ᠵᠢᠶᠦ᠋ᠨ ᠬᠤᠷᠠᠯ ᠳᠤ ᠣᠷᠣᠯᠴᠠᠵᠠᠶ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 1 ᠰᠠᠷ᠎ᠠ ᠶᠢᠨ 18᠎ ᠤ ᠡᠳᠦᠷ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠪᠠ︔ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠶ ᠰᠠᠨᠠᠯ︾ ︵ᠲᠣᠪᠴᠢᠯᠠᠯ︶︔ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠣᠶ ᠰᠢᠭᠤᠶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠰᠠᠨᠠᠯ︾︔ ᠶᠡᠷᠦᠩᠬᠡᠶ ᠰᠠᠶᠢᠳ ᠯᠢ ᠺᠧ ᠴᠢᠶᠠᠩ 1 ᠰᠠᠷ᠎ᠠ ᠶᠢᠨ 15᠎ ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ︔ ᠱᠢ ᠲᠠᠢ ᠹᠧᠩ 1 ᠰᠠᠷ᠎ᠠ ᠶᠢᠨ 15᠎ ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ︔ ᠱᠢ ᠲᠠᠢ ᠹᠤᠩ 1 ᠰᠠᠷ᠎ᠠ ᠶᠢᠨ 15᠎ ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠳᠡᠭᠡᠷ᠎ᠡ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ︔ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠃      ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ︽ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠰᠦᠯ︾᠎ ᠢ ᠬᠢᠨᠠᠨ ᠵᠥᠪᠯᠡᠭᠰᠡᠨ ᠪᠥᠭᠡᠳ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︔ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠭᠤᠷᠪᠠᠳᠤᠭᠠᠷ ᠪᠤᠲᠢ ᠶᠢᠨ ︽ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠬᠤ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ ᠢᠶᠠᠨ ᠴᠢᠩᠭᠠᠳᠬᠠᠶ᠎ᠠ︾︔ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ︔ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︔ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ᠃      ᠬᠤᠷᠠᠯ ᠤᠨ ᠶᠠᠪᠤᠴᠠ ᠳᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠪᠠ᠃ ᠴᠠᠩ ᠳ᠋ᠠ ᠸᠧᠢ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠶᠠᠷᠢᠶᠠᠨ ᠤ ᠵᠣᠷᠢᠭ ᠰᠠᠨᠠᠭ᠎ᠠ᠂ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠭᠦᠨ ᠭᠦᠨᠵᠡᠭᠡᠢ ᠠᠴᠢ ᠬᠤᠯᠪᠣᠭᠳᠠᠯ ᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠪᠴᠢᠶᠡᠨ ᠳᠠᠬᠢ ᠠᠵᠢᠯ ᠢᠶᠠᠨ ᠲᠡᠷᠡ ᠶᠣᠰᠣᠭᠠᠷ ᠨᠢ ᠴᠥᠬᠦᠷᠡᠰᠢ ᠦᠭᠡᠢ ᠰᠠᠶᠢᠲᠤᠷ ᠭᠦᠢᠴᠡᠳᠬᠡᠵᠦ᠂ ᠰᠢᠩ ᠾᠧ ᠰᠢᠶᠠᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ                                                  ᠢᠷᠡᠯᠲᠡ  ᠄ ᠠᠮᠢᠵᠢᠷᠠᠯ ᠤᠨ ᠬᠦᠴᠦᠨ‌‍ᠲ᠋ᠠᠢ ᠰᠢᠩ ᠾᠧ                          ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3