ᠨᠢᠭᠡ ᠳᠤ᠂ ᠤᠳᠤᠷᠢᠳᠬᠤ ᠪᠠᠭ ᠤᠨ ᠪᠠᠶᠢᠭᠤᠯᠤᠯᠲᠠ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠤ ᠭᠤᠣᠯ ᠪᠠᠲᠤᠯᠠᠭ᠎ᠠ ᠬᠠᠩᠭᠠᠪᠠ᠃ ᠲᠣᠰᠬᠤᠨ ᠤ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠬᠤ ᠪᠠᠷ ᠠᠵᠠ ᠲᠣᠬᠢᠶᠠᠯ ᠪᠣᠯᠭᠠᠵᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠴᠢᠳᠠᠪᠤᠷᠢ | ᠰᠠᠶᠢᠲᠠᠢ᠂ ᠰᠤᠷᠲᠠᠯ ᠲᠥᠪ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ 23 ᠵᠠᠯᠠᠭᠤ ᠺᠠᠳ᠋ᠷ ᠢ ᠲᠣᠰᠬᠤᠨ ᠤ | ︽ᠬᠤᠶᠠᠷ ᠵᠥᠪᠯᠡᠯ︾ ᠤᠨ ᠪᠠᠭ ᠲᠤ ᠣᠷᠣᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠠᠶᠢᠴᠢᠨ ᠬᠦᠴᠦᠨ ᠢ ᠳᠡᠭᠡᠭᠰᠢᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠳᠤᠮᠳᠠᠬᠢ ︽ᠬᠤᠶᠠᠷ ᠵᠥᠪᠯᠡᠯ︾ ᠤᠨ ᠪᠠᠭ ᠤᠨ ᠭᠤᠣᠯ ᠬᠦᠴᠦᠨ ᠤ ᠦᠢᠯᠡᠳᠦᠯ ᠢ ᠭᠦᠢᠴᠡᠳ | ᠪᠠᠳᠠᠷᠠᠭᠤᠯᠵᠤ᠂ ᠰᠢᠶᠠᠨ ᠤ ᠨᠠᠮ ᠤᠨ ᠬᠤᠷᠢᠶ᠎ᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ᠂ ᠰᠢᠶᠠᠩ ᠪᠠᠯᠭᠠᠰᠤᠨ ᠤ | ᠨᠠᠮ ᠤᠨ ᠬᠤᠷᠢᠶ᠎ᠠ ᠲᠦᠯᠬᠢᠨ ᠠᠬᠢᠭᠤᠯᠬᠤ ᠶᠢ ᠠᠳᠬᠤᠬᠤ᠂ ᠭᠠᠴᠠᠭᠠᠨ ᠤ ᠨᠠᠮ ᠤᠨ ᠡᠭᠦᠷ | ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠪᠦᠬᠦ ᠰᠢᠶᠠᠨ ᠤ 9 | ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠣᠯᠤᠨ ᠰᠢᠶᠠᠨ ᠤ ᠨᠠᠮ ᠤᠨ ᠬᠤᠷᠢᠶ᠎ᠠ ᠬᠠᠷᠢᠭᠤᠴᠠᠯᠭ᠎ᠠ ᠶᠢᠨ ᠪᠢᠴᠢᠭ ᠲᠤ | ᠭᠠᠷ ᠤᠨ ᠦᠰᠦᠭ ᠵᠢᠷᠤᠵᠤ᠂ 161 ᠲᠣᠰᠬᠤᠨ ᠤ ᠨᠠᠮ ᠤᠨ ᠡᠭᠦᠷ ᠪᠣᠯᠤᠨ ᠰᠢᠶᠠᠩ ᠪᠠᠯᠭᠠᠰᠤᠨ ᠤ ᠨᠠᠮ ᠤᠨ | ᠬᠤᠷᠢᠶ᠎ᠠ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠠᠷᠢᠭᠤᠴᠠᠯᠭ᠎ᠠ ᠶᠢ ᠭᠡᠳᠡᠷᠬᠦ ᠰᠢᠬᠠᠬᠤ | ᠬᠡᠯᠪᠡᠷᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠭᠤᠯᠬᠤ ᠡᠭᠦᠷᠭᠡ ᠪᠠᠨ ᠪᠡᠶᠡᠯᠡᠭᠦᠯᠵᠦ ᠳᠡᠶᠢᠯᠦᠭᠰᠡᠨ ᠦᠭᠡᠢ ᠨᠠᠮ ᠤᠨ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ ᠬᠠᠷᠢᠭᠤᠴᠠᠯᠭ᠎ᠠ ᠨᠡᠬᠡᠮᠵᠢᠯᠡᠪᠡ᠃ ︽ᠣᠭ ᠰᠠᠨᠠᠭ᠎ᠠ ᠪᠠᠨ ᠥᠯᠥ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ | ᠤᠶᠠᠯᠳᠤᠭᠤᠯᠤᠨ᠂ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠢ ᠬᠥᠲᠥᠯᠥᠨ ᠵᠢᠯᠣᠭᠤᠳᠴᠤ | ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠤᠬᠠᠮᠰᠠᠷ ᠠᠴᠠ ᠪᠠᠨ ᠰᠡᠳᠬᠢᠯ ᠳᠡᠭᠡᠨ ᠪᠤᠳᠤᠵᠤ᠂ | ᠭᠠᠷ ᠲᠠᠭᠠᠨ ᠠᠳᠬᠤᠨ᠂ ᠮᠥᠷᠥᠨ ᠳᠡᠭᠡᠨ ᠡᠭᠦᠷᠭᠡᠯᠡᠵᠦ᠂ ᠠᠵᠢᠯ ᠤᠨ ᠬᠦᠨᠳᠦ ᠡᠭᠦᠷᠭᠡ ᠶᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ | ᠤᠶᠢᠯᠡᠴᠢᠯᠡᠬᠦ ᠵᠣᠷᠢᠯᠲᠠ ᠶᠢ ᠤᠶᠢᠯᠡᠳᠤᠯᠭᠡᠵᠢᠭᠦᠯᠦᠨᠡ᠃ | ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠠᠳᠬᠤᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ ︽ᠲᠠᠪᠤᠨ | ᠬᠦᠴᠦᠷᠬᠡᠭ︾ ᠨᠠᠮ ᠤᠨ ᠡᠭᠦᠷ ᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠰᠢᠯᠭᠠᠨ ᠦᠨᠡᠯᠡᠬᠦ ᠰᠢᠰᠲ᠋ᠧᠮ ᠢ ᠪᠦᠷᠢᠨᠰᠢᠬᠦᠯᠦᠨ ᠵᠢᠷᠤᠮᠵᠢᠭᠤᠯᠵᠤ᠂ ᠨᠠᠮ ᠤᠨ | ᠪᠠᠶᠢᠭᠤᠯᠤᠯᠲᠠ ᠶᠢ ᠠᠳᠬᠤᠬᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠶᠢ | ᠬᠠᠲᠠᠭᠤ ᠰᠢᠯᠭᠠᠨ ᠬᠢᠨᠠᠬᠤ ᠭᠦᠢᠴᠡᠳᠬᠡᠯ ᠲᠤᠭ᠎ᠠ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠪᠣᠳᠠᠲᠠᠢ ᠰᠢᠯᠭᠠᠵᠤ | ᠣᠨᠣᠪᠴᠢᠲᠠᠢ ᠰᠢᠯᠭᠠᠨ᠎ᠠ᠃ ᠣᠲᠣ ᠪᠣᠯᠲᠠᠯ᠎ᠠ᠂ ᠪᠥᠬᠦ ᠰᠢᠶᠠᠨ ᠤ 20 % ᠠᠴᠠ ᠳᠡᠭᠡᠭᠰᠢᠬᠢ ᠲᠣᠰᠬᠤᠨ ᠨᠢᠭᠡᠨᠲᠡ | ︽ᠲᠠᠪᠤᠨ ᠬᠦᠴᠦᠷᠬᠡᠭ︾ ᠨᠠᠮ ᠤᠨ ᠡᠭᠦᠷ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠴᠡᠶ᠃ ︽ᠤᠭ | ᠰᠠᠨᠠᠭ᠎ᠠ ᠪᠠᠨ ᠦᠯᠦ ᠮᠠᠷᠲᠠᠵᠤ᠂ ᠬᠠᠮᠲᠤᠷᠠᠯᠴᠠᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ | ᠪᠠᠶᠢᠩᠭᠤᠵᠢᠭᠤᠯᠤᠨ ᠳᠦᠷᠢᠮᠵᠢᠭᠦᠯᠬᠦ ᠪᠠᠷ ᠵᠢᠷᠤᠮᠯᠠᠯ ᠪᠣᠯᠭᠠᠵᠤ᠂ ᠨᠠᠮ ᠤᠨ ᠭᠡᠰᠢᠭᠦᠨ ᠺᠠᠳ᠋ᠷ ᠢ ᠬᠥᠲᠥᠯᠥᠨ | ᠵᠢᠯᠣᠭᠤᠳᠴᠤ ᠪᠠᠶᠢᠭᠠᠳ ᠠᠷᠠᠳ ᠲᠦᠮᠡᠨ ᠳᠤ ᠦᠶ᠋ᠯᠡᠴᠢᠯᠡᠬᠦ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠥᠳᠡᠭᠡ | ᠪᠠᠭᠤᠵᠤ ᠲᠣᠰᠬᠤᠨ ᠳᠤ ᠰᠠᠭᠤᠬᠤ᠂ ᠠᠷᠠᠳ ᠤᠨ ᠶᠠᠪᠤᠳᠠᠯ ᠢ ᠣᠷᠣᠯᠠᠨ ᠭᠦᠢᠴᠡᠳᠭᠡᠬᠦ᠂ ᠲᠣᠭᠲᠠᠮᠠᠯ | ᠬᠤᠭᠤᠴᠠᠭ᠎ᠠ ᠲᠠᠢ ᠪᠠᠷ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ | ᠨᠢᠭᠤᠷᠳᠠᠨ ᠬᠠᠨᠳᠤᠵᠤ᠂ ᠥᠴᠦᠬᠡᠨ ᠴᠦ ᠵᠠᠶ ᠦᠭᠡᠢ ᠪᠠᠷ ᠤᠶᠢᠯᠡᠴᠢᠯᠡᠵᠤ᠂ ᠶᠠᠳᠠᠭᠤ ᠶᠢ ᠲᠡᠳᠬᠦᠬᠦ ᠲᠥᠷᠥ ᠶᠢᠨ | ᠪᠣᠳᠣᠯᠭ᠎ᠠ᠂ ᠠᠷᠭ᠎ᠠ ᠬᠡᠮᠵᠢᠶ᠎ᠡ᠂ ᠮᠡᠳᠡᠭᠡ ᠵᠠᠩᠭᠢ ᠶᠢᠨ ︽ᠭᠤᠷᠪᠠ ᠶᠢ ᠡᠷᠦᠬᠡ ᠳᠤ ᠬᠦᠷᠭᠡᠬᠦ︾ ᠶᠢ ᠦᠨᠡᠨᠬᠦ | ᠪᠠᠲᠤᠯᠠᠨ᠎ᠠ᠃ ︽ᠲᠦᠷᠪᠡᠨ ᠨᠢᠭᠡ︾ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠴᠡᠭᠴᠡᠯᠡᠬᠦ ᠲᠤᠬᠠᠢ ᠰᠢᠩ ᠾᠧ ᠰᠢᠶᠠᠨ ᠤ ᠬᠡᠷᠡᠭᠵᠢᠭᠦᠯᠬᠦ ᠲᠥᠰᠦᠯ︾᠂ ︽ᠲᠤᠷᠤᠢ ᠪᠠᠭᠤᠷᠠᠢ | ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ︿ᠡᠷᠭᠢᠵᠦ ᠪᠠᠶᠢᠴᠠᠭᠠᠬᠤ﹀ | ᠠᠵᠢᠯ ᠤᠨ ᠲᠥᠰᠦᠯ︾ ᠢ ᠲᠣᠭᠲᠠᠭᠠᠵᠤ᠂ ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠶᠡᠭᠡ ᠪᠠᠷ ᠴᠡᠭᠴᠡᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ | ᠲᠣᠭᠲᠠᠴᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠣᠳᠣᠬᠠᠨ ᠳᠤ᠂ ᠪᠦᠬᠦ ᠰᠢᠶᠠᠨ ᠤ 6 ᠲᠤᠷᠤᠢ ᠪᠠᠭᠤᠷᠠᠢ | ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠦᠬᠦᠨ ᠢ ᠴᠡᠭᠴᠡᠯᠡᠵᠦ | ᠳᠠᠭᠤᠰᠬᠠᠪᠠ᠃ | ᠭᠤᠷᠪᠠ ᠳᠤ ᠡᠩᠨᠡᠭᠡᠨ ᠤ ᠪᠠᠶᠢᠭᠤᠯᠤᠯᠲᠠ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷ ᠢ | ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢᠨ ᠤᠬᠠᠮᠰᠠᠷ ᠢ ᠪᠠᠲᠤ ᠪᠤᠢ ᠪᠣᠯᠭᠠᠵᠤ᠂ ᠰᠠᠶᠢᠨ ᠰᠠᠶᠢᠬᠠᠨ | ᠲᠦᠷᠢ ᠲᠥᠷᠬᠦ᠂ ᠰᠢᠯᠢᠳᠡᠭ ᠰᠠᠶᠢᠨ ᠰᠤᠷᠲᠠᠯ᠂ ᠴᠠᠭᠠᠷᠠᠭᠰᠠᠨ ᠬᠡᠪ ᠪᠣᠯᠪᠠᠰᠤᠷᠠᠯ ᠢᠶᠠᠷ ᠤᠯᠠᠨ ᠲᠦᠮᠡᠨ ᠢ | ᠳᠠᠭᠠᠭᠤᠯᠤᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠡᠬᠦᠯ ᠬᠤᠷᠢᠶᠠᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ 2020 ᠣᠨ ᠳᠤ᠂ ᠨᠢᠭᠡᠳᠦᠭᠡᠷ ᠱᠦᠵᠢ 10 | ᠬᠥᠮᠦᠨ ᠳᠤ ᠲᠣᠬᠢᠷᠠᠭᠤᠯᠤᠯᠲᠠ ᠬᠢᠵᠦ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ 25 | ᠬᠥᠮᠦᠨ ᠳᠤ ᠲᠣᠬᠢᠷᠠᠭᠤᠯᠤᠯᠲᠠ ᠬᠢᠵᠦ᠂ 3 ᠨᠢᠭᠡᠳᠦᠭᠡᠷ ᠱᠦᠵᠢ ᠶᠢ ᠰᠢᠨ᠎ᠡ ᠪᠠᠷ ᠰᠣᠩᠭᠤᠨ ᠲᠣᠮᠢᠯᠠᠵᠤ ᠬᠥᠳᠡᠭᠡ | ᠪᠠᠭᠤᠯᠭᠠᠨ ᠲᠣᠰᠬᠤᠨ ᠳᠤ ᠰᠠᠭᠤᠯᠭᠠᠵᠤ᠂ ᠶᠠᠳᠠᠭᠤ ᠠᠴᠠ ᠠᠩᠭᠢᠵᠢᠷᠠᠭᠤᠯᠬᠤ ᠡᠩᠨᠡᠭᠡ ᠶᠢ ᠤᠯᠠᠮ ᠨᠢᠭᠡ ᠠᠯᠬᠤᠮ | ᠪᠠᠶᠢᠭᠤᠯᠪᠠ᠃ ᠲᠥᠷᠥᠯ ᠪᠦᠯᠦᠭ ᠤᠳᠠᠭ᠎ᠠ ᠬᠤᠪᠢᠶᠠᠨ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ | ᠰᠠᠭᠤᠭ᠎ᠠ ︽ᠨᠢᠭᠡᠳᠦᠭᠡᠷ ᠱᠦᠵᠢ︾᠂ ᠣᠶᠤᠲᠠᠨ ᠲᠣᠰᠬᠤᠨ ᠤ ᠳᠠᠷᠤᠭ᠎ᠠ᠂ ᠥᠷᠲᠡᠭᠡᠨ ᠤ ᠠᠯᠪᠠᠨ ᠬᠡᠷ ᠤᠨ | ᠬᠠᠷᠢᠭᠤᠴᠠᠯᠭᠠᠲᠠᠨ ᠳᠤ ᠲᠥᠪᠯᠡᠷᠡᠩᠭᠦᠶ ᠪᠣᠯᠪᠠᠰᠤᠷᠠᠭᠤᠯᠤᠯ ᠪᠠ ᠭᠠᠳᠠᠭᠰᠢ ᠭᠠᠷᠴᠤ ᠰᠢᠨᠵᠢᠯᠡᠨ ᠪᠠᠶᠢᠴᠠᠭᠠᠯᠲᠠ ᠬᠢᠬᠦ ᠶᠢ | ᠪᠠᠷᠢᠮᠲᠠᠯᠠᠵᠤ᠂ ᠮᠡᠷᠭᠡᠵᠢᠯ ᠰᠤᠷᠤᠯᠴᠠᠬᠤ᠂ ᠵᠢᠱᠢᠶ᠎ᠡ ᠦᠵᠡᠭᠦᠯᠬᠦ ᠴᠡᠭ ᠢ ᠲᠣᠭᠤᠷᠢᠨ ᠦᠵᠡᠬᠦ᠂ ᠪᠠᠶᠠᠵᠢᠯ ᠤᠨ | ᠴᠢᠳᠠᠪᠤᠷᠢᠲᠠᠨ ᠢ ᠰᠤᠷᠪᠤᠯᠵᠢᠯᠠᠨ ᠰᠤᠷᠪᠤᠯᠵᠢᠯᠠᠬᠤ ᠪᠠᠷ ᠳᠠᠮᠵᠢᠭᠤᠯᠤᠨ᠂ ᠲᠣᠰ ᠭᠠᠵᠠᠷ ᠣᠷᠣᠨ ᠤ ᠴᠢᠳᠠᠪᠤᠷᠢᠲᠠᠨ ᠤ | ᠦᠵᠡᠯ ᠰᠠᠨᠠᠭ᠎ᠠ ᠪᠠᠨ ᠴᠢᠯᠥᠭᠡᠯᠡᠬᠦ᠂ ᠲᠥᠷᠥ ᠶᠢᠨ ᠪᠣᠳᠣᠯᠭ᠎ᠠ ᠶᠢ ᠡᠵᠡᠮᠳᠡᠬᠦ᠂ ᠡᠷᠳᠡᠮ ᠴᠢᠳᠠᠪᠤᠷᠢ ᠶᠢ ᠰᠤᠷᠤᠯᠴᠠᠬᠤ᠂ | ᠠᠷᠭ᠎ᠠ ᠶᠢ ᠡᠵᠡᠮᠰᠢᠬᠦ ᠶᠢ ᠬᠠᠪᠰᠤᠷᠴᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠢ ᠬᠥᠳᠡᠭᠡ ᠲᠣᠰᠬᠤᠨ ᠤ | ᠪᠠᠶᠠᠵᠢᠯ ᠤᠨ ᠴᠢᠳᠠᠪᠤᠷᠢᠲᠠᠨ ᠪᠣᠯᠭᠠᠨ ᠬᠥᠮᠦᠵᠢᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠭᠠᠭᠤᠯᠤᠨ | ᠪᠠᠶᠠᠵᠢᠯ ᠤᠨ ᠵᠠᠮ ᠢ ᠨᠡᠭᠡᠭᠡᠨ᠎ᠡ᠃ 2020 ᠣᠨ ᠳᠤ 300 ᠭᠠᠷᠤᠢ ᠨᠠᠮ ᠤᠨ ᠡᠭᠦᠷ ᠤᠨ ᠱᠦᠵᠢ᠂ ᠲᠣᠰᠬᠤᠨ ᠳᠤ | ᠰᠠᠭᠤᠭ᠎ᠠ ︽ᠨᠢᠭᠡᠳᠦᠭᠡᠷ ᠱᠦᠵᠢ︾ ᠵᠢᠴᠢ ᠮᠠᠯ ᠲᠠᠷᠢᠶᠠᠯᠠᠩ᠂ ᠤᠢ ᠰᠢᠭᠤᠢ᠂ ᠤᠰᠤᠨ ᠤ ᠶᠠᠪᠤᠳᠠᠯ ᠵᠡᠷᠭᠡ ᠤᠯᠠᠨ | ᠠᠯᠪᠠᠨ ᠦᠷᠳᠡᠭᠡ ᠭᠠᠵᠠᠷ ᠤᠨ ᠬᠠᠷᠢᠭᠤᠴᠠᠯᠭᠠᠲᠠᠨ ᠳᠤ ᠲᠤᠰᠬᠠᠢ ᠪᠣᠯᠪᠠᠰᠤᠷᠠᠯ ᠬᠦᠷᠲᠡᠭᠡᠪᠡ᠃ ᠡᠭᠦᠨ ᠤ ᠬᠠᠮᠲᠤ᠂ | ᠠᠵᠤ ᠤᠶᠢᠯᠡᠰ ᠤᠨ ᠳᠠᠭᠠᠭᠤᠯᠤᠭᠴᠢ᠂ ᠳᠠᠷᠢᠵᠤ ᠲᠡᠵᠢᠭᠡᠬᠦ ᠲᠣᠮᠣ ᠡᠷᠦᠬᠡ᠂ ᠭᠠᠳᠠᠭᠰᠢ ᠭᠠᠷᠴᠤ ᠬᠤᠳᠠᠯᠳᠤᠭ᠎ᠠ | ᠬᠢᠵᠦ ᠨᠤᠲᠤᠭ ᠲᠠᠭᠠᠨ ᠪᠤᠴᠠᠭᠰᠠᠨ ᠬᠥᠮᠦᠰ ᠵᠡᠷᠭᠡ ᠪᠡᠶᠡᠵᠢᠨ ᠴᠢᠨᠡᠭᠡᠯᠢᠭᠵᠢᠭᠰᠡᠨ ᠴᠢᠳᠠᠪᠤᠷᠢᠲᠠᠨ ᠠᠴᠠ | ᠢᠳᠡᠪᠬᠢᠲᠡᠶ ᠪᠠᠷ ᠨᠠᠮ ᠤᠨ ᠭᠡᠰᠢᠭᠦᠨ ᠡᠯᠰᠡᠵᠦ᠂ ᠲᠡᠭᠦᠨ ᠢ ᠬᠥᠳᠡᠭᠡ ᠲᠣᠰᠬᠤᠨ ᠤ ᠶᠠᠳᠠᠭᠤ ᠠᠴᠠ ᠠᠩᠭᠢᠵᠢᠷᠠᠨ | ᠴᠢᠨᠡᠭᠡᠯᠢᠭᠵᠢᠬᠦ ᠶᠢ ᠳᠠᠶᠢᠴᠢᠯᠠᠬᠤ ᠭᠤᠤᠯᠯᠠᠭᠴᠢ ᠬᠦᠴᠦᠨ ᠪᠣᠯᠭᠠᠵᠤ᠂ ᠨᠠᠮᠴᠢ ᠴᠢᠨᠠᠷ ᠢᠶᠠᠷ ᠪᠠᠲᠤ ᠴᠢᠩᠭ᠎ᠠ᠂ | ᠴᠢᠳᠠᠪᠤᠷᠢ ᠪᠠᠷ ᠲᠣᠪᠤᠶᠢᠮ᠎ᠠ ᠪᠡᠶᠡᠵᠢᠨ ᠴᠢᠨᠡᠭᠡᠯᠢᠭᠵᠢᠭᠰᠡᠨ ᠳᠠᠭᠠᠭᠤᠯᠤᠭᠴᠢ ᠡᠩᠨᠡᠭᠡ ᠶᠢ ᠦᠨᠡᠨ ᠬᠦ ᠪᠠᠶᠢᠭᠤᠯᠤᠨ᠎ᠠ᠃ | | ᠣᠷᠴᠢᠭᠤᠯᠤᠭᠴᠢ᠄ ᠡᠷᠳᠡᠨᠢᠭᠤᠸ᠎ᠠ ᠨᠠᠷᠠᠰᠤ |