ᠡᠦ ᠭᠦ᠋ ᠴᠢᠤᠸᠠᠨ ᠰᠢᠶᠠᠩ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/1/22
     ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠡᠦ ᠭᠦ᠋ ᠴᠢᠤᠸᠠᠨ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠷᠢᠨ ᠨᠢᠮᠪᠠᠶ ᠪᠡᠯᠡᠳᠬᠡᠵᠦ᠂ ᠨᠠᠷᠢᠨ ᠨᠢᠭᠲᠠ ᠪᠠᠶᠢᠷᠢᠯᠠᠭᠤᠯᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠡᠮᠬᠢ ᠵᠢᠷᠤᠮ ᠲᠠᠢ ᠳᠥᠯᠭᠢᠨ ᠠᠬᠢᠭᠤᠯᠪᠠ᠃ 2021 ᠣᠨ ᠤ 1 ᠰᠠᠷ᠎ᠠ ᠶᠢᠨ 18᠎ ᠤ ᠡᠳᠦᠷ ᠠᠴᠠ 19᠎ ᠤ ᠡᠳᠦᠷ ᠪᠣᠯᠲᠠᠯ᠎ᠠ᠂ ᠡᠦ ᠭᠦ᠋ ᠴᠢᠤᠸᠠᠨ ᠰᠢᠶᠠᠩ ᠤᠨ 12 ᠲᠣᠰᠬᠤᠨ ᠵᠠᠯᠭᠠᠭ᠎ᠠ ᠪᠠᠷ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠶᠡᠭᠡ ᠬᠤᠷᠠᠯ ᠢ ᠬᠤᠷᠠᠯᠳᠤᠭᠤᠯᠵᠤ᠂ ᠰᠢᠨ᠎ᠡ ᠨᠢᠭᠡ ᠬᠤᠭᠤᠴᠠᠭᠠᠨ ᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠥᠪᠯᠡᠯ ᠤᠨ ᠭᠡᠰᠢᠭᠦᠨ᠂ ᠱᠦᠵᠢ ︵ᠳᠡᠳ᠋ ᠱᠦᠵᠢ︶᠎ ᠶᠢ ᠰᠣᠩᠭᠤᠨ ᠭᠠᠷᠭᠠᠪᠠ᠃ ᠰᠢᠶᠠᠩ ᠤᠨ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠵᠢᠯᠣᠭᠤᠳᠬᠤ ᠳᠤᠭᠤᠶᠢᠯᠠᠩ ᠪᠡᠶ᠎ᠡ ᠪᠠᠷ ᠢᠶᠠᠨ ᠡᠯ᠎ᠡ ᠲᠣᠰᠬᠤᠨ ᠳᠤ ᠬᠦᠷᠴᠦ ᠬᠤᠷᠠᠯ ᠡᠷᠬᠢᠯᠡᠭᠰᠡᠨ ᠪᠥᠭᠡᠳ ᠲᠤᠬᠠᠶ ᠶᠢᠨ ᠲᠠᠯᠠᠪᠠᠢ ᠳᠤ ᠬᠢᠨᠠᠨ ᠪᠠᠶᠢᠴᠠᠭᠠᠵᠤ ᠵᠢᠯᠣᠭᠤᠳᠪᠠ᠃      ᠰᠣᠩᠭᠤᠭᠤᠯᠢ ᠶᠢᠨ ᠶᠡᠭᠡ ᠬᠤᠷᠠᠯ ᠤᠨ ᠰᠣᠩᠭᠤᠭᠤᠯᠢ ᠶᠢᠨ ᠵᠢᠷᠤᠮ ᠢ ᠴᠢᠩᠭ᠎ᠠ ᠵᠢᠷᠤᠮᠯᠠᠨ ᠥᠷᠨᠢᠭᠦᠯᠵᠦ᠂ ᠳᠡᠭᠡᠷ᠎ᠡ ᠨᠢᠭᠡ ᠬᠤᠭᠤᠴᠠᠭᠠᠨ ᠤ ᠡᠭᠦᠷ ᠤᠨ ᠭᠡᠰᠢᠭᠦᠳ ᠤᠨ ᠬᠤᠷᠠᠯ ᠤᠨ ᠠᠵᠢᠯ ᠤᠨ ᠢᠯᠡᠳᠬᠡᠯ ᠢ ᠰᠣᠨᠣᠰᠴᠤ ᠬᠢᠨᠠᠨ ᠪᠠᠶᠢᠴᠠᠭᠠᠵᠤ᠂ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶᠂ ᠫᠢᠶᠣᠣ ᠬᠢᠨᠠᠭᠴᠢ᠂ ᠫᠢᠶᠣᠣ ᠪᠦᠷᠢᠳᠬᠡᠭᠴᠢ ᠪᠠ ᠫᠢᠶᠣᠣ ᠳᠠᠭᠤᠯᠠᠭᠴᠢ ᠶᠢᠨ ᠨᠡᠷᠡᠰ ᠵᠡᠷᠭᠡ ᠶᠢ ᠶᠠᠷᠢᠯᠴᠠᠵᠤ ᠬᠢᠨᠠᠨ ᠪᠠᠲᠤᠯᠠᠭᠰᠠᠨ ᠪᠥᠭᠡᠳ ᠨᠢᠭᠤᠴᠠ ᠰᠣᠩᠭᠤᠭᠤᠯᠢ ᠶᠢᠨ ᠬᠡᠯᠪᠡᠷᠢ ᠪᠠᠷ ᠰᠢᠨ᠎ᠡ ᠨᠢᠭᠡ ᠬᠤᠭᠤᠴᠠᠭᠠᠨ ᠤ ᠨᠠᠮ ᠤᠨ ᠡᠭᠦᠷ ᠤᠨ ᠭᠡᠰᠢᠭᠦᠳ ᠢ ᠠᠷᠠᠳᠴᠢᠯᠠᠯ ᠢᠶᠠᠷ ᠰᠣᠩᠭᠤᠵᠤ ᠭᠠᠷᠭᠠᠪᠠ᠃ ᠨᠠᠮ ᠤᠨ ᠭᠡᠰᠢᠭᠦᠳ ᠤᠨ ᠶᠡᠭᠡ ᠬᠤᠷᠠᠯ ᠤᠨ ᠲᠠᠷᠠᠭ᠎ᠠ᠂ ᠰᠢᠨ᠎ᠡ ᠨᠢᠭᠡ ᠬᠤᠭᠤᠴᠠᠭᠠᠨ ᠤ ᠨᠠᠮ ᠤᠨ ᠡᠭᠦᠷ ᠤᠨ ᠭᠡᠰᠢᠭᠦᠳ ᠤᠨ ᠬᠤᠷᠠᠯ ᠲᠡᠷᠡ ᠳᠠᠷᠤᠢ ᠳᠤᠨᠢ ᠠᠩᠬᠠᠳᠤᠭᠠᠷ ᠤᠳᠠᠭᠠᠨ ᠤ ᠡᠭᠦᠷ ᠤᠨ ᠭᠡᠰᠢᠭᠦᠳ ᠤᠨ ᠬᠤᠷᠠᠯ ᠢ ᠬᠤᠷᠠᠯᠳᠤᠭᠤᠯᠵᠤ᠂ ᠨᠢᠭᠤᠴᠠ ᠰᠣᠩᠭᠤᠭᠤᠯᠢ ᠶᠢᠨ ᠲᠡᠩᠴᠡᠭᠦᠦ ᠲᠣᠭᠠᠲᠤ ᠰᠣᠩᠭᠤᠭᠤᠯᠢ ᠶᠢᠨ ᠠᠷᠭ᠎ᠠ ᠶᠢ ᠠᠪᠴᠤ᠂ ᠨᠠᠮ ᠤᠨ ᠡᠭᠦᠷ ᠤᠨ ᠱᠦᠵᠢ ︵ᠳᠡᠳ᠋ ᠱᠦᠵᠢ︶᠎ ᠶᠢ ᠰᠣᠩᠭᠤᠨ ᠭᠠᠷᠭᠠᠪᠠ᠃      ᠰᠢᠨ᠎ᠡ ᠪᠠᠷ ᠰᠣᠩᠭᠤᠭᠳᠠᠭᠰᠠᠨ 36 ᠡᠭᠦᠷ ᠤᠨ ᠭᠡᠰᠢᠭᠦᠨ ᠤ ᠳᠣᠲᠣᠷ᠎ᠠ ᠡᠷᠡᠭᠲᠡᠶ ᠭᠡᠰᠢᠭᠦᠨ 31 ᠪᠠᠶᠢᠵᠤ᠂ 86 . 1 %᠎ ᠶᠢ ᠡᠵᠡᠯᠡᠨ᠎ᠡ  ᠃ ᠡᠮᠡᠭᠲᠡᠶ ᠭᠡᠰᠢᠭᠦᠨ 5 ᠪᠠᠶᠢᠵᠤ 13 . 8 %᠎ ᠶᠢ ᠡᠵᠡᠯᠡᠨ᠎ᠡ︔ ᠳᠤᠮᠳᠠᠴᠢ ᠨᠠᠰᠤ ᠨᠢ 45 . 83 ᠪᠠᠶᠢᠵᠤ᠂ ᠳᠤᠮᠳᠠᠴᠢ ᠨᠠᠰᠤ ᠨᠢ ᠳᠡᠭᠡᠷ᠎ᠡ ᠨᠢᠭᠡ ᠬᠤᠭᠤᠴᠠᠭᠠᠨ ᠤ ᠬᠢ ᠠᠴᠠ 4 ᠨᠠᠰᠤ ᠪᠠᠭᠤᠷᠠᠵᠠᠶ︔ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠨᠢ 55.55%᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 5.4 %᠎ ᠪᠠᠷ ᠳᠡᠭᠡᠭᠰᠢᠯᠡᠵᠦ᠂ ᠰᠤᠷᠤᠯᠭ᠎ᠠ ᠶᠢᠨ ᠨᠠᠮᠲᠠᠷ᠂ ᠨᠠᠰᠤ ︽ᠨᠢᠭᠡ ᠳᠡᠭᠡᠭᠰᠢᠯᠡᠵᠦ ᠨᠢᠭᠡ ᠪᠠᠭᠤᠷᠠᠬᠤ︾ ᠱᠠᠭᠠᠷᠳᠠᠯᠭ᠎ᠠ ᠶᠢ ᠪᠡᠶᠡᠯᠡᠭᠦᠯᠪᠡ᠃ ᠰᠢᠨ᠎ᠡ ᠨᠢᠭᠡ ᠬᠤᠭᠤᠴᠠᠭᠠᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠨᠢ ᠵᠠᠯᠠᠭᠤᠵᠢᠬᠤ᠂ ᠮᠡᠳᠡᠯᠭᠡᠵᠢᠬᠦ᠂ ᠲᠤᠰᠬᠠᠶᠢᠵᠢᠬᠤ ᠪᠠᠷ ᠭᠤᠣᠯᠯᠠᠵᠤ᠂ ᠪᠦᠬᠦᠯᠢ ᠴᠣᠭᠴᠠ ᠶᠢᠨ ᠬᠡᠪ ᠪᠣᠯᠪᠠᠰᠤᠷᠠᠯ ᠨᠢ ᠤᠯᠠᠮ ᠴᠢᠨᠠᠭᠰᠢᠳᠠ ᠳᠡᠭᠡᠭᠰᠢᠯᠡᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃            ᠢᠷᠡᠯᠲᠡ  ᠄ ᠡᠦ ᠭᠦ᠋ ᠴᠢᠤᠸᠠᠨ ᠰᠢᠶᠠᠩ ᠤᠨ ᠠᠷᠠᠳ ᠶᠢᠨ ᠵᠠᠰᠠᠭ ᠤᠨ ᠤᠷᠳᠣᠠ            ᠣᠷᠴᠢᠭᠤᠯᠤᠭᠴᠢ᠄ ᠡᠷᠳᠡᠨᠢᠭᠤᠸ᠎ᠠ   ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3