1 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠴᠠᠩ ᠳ᠋ᠠ ᠸᠧᠶ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 | ᠣᠨ ᠤ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠪᠦᠷᠢᠯᠳᠦᠬᠦᠨ ᠤ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠪᠯᠡᠷᠡᠭᠦᠯᠦᠨ ᠰᠤᠷᠤᠯᠴᠠᠵᠤ | ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠪᠦᠦ ᠴᠧᠩ᠂ ᠰᠢᠶᠤᠤ ᠹᠤᠩ᠂ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠶᠠᠩ ᠵᠧᠨ ᠳ᠋ᠦᠩ᠂ ᠬᠥᠩ ᠰᠢᠤ ᠯᠦᠩ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠦᠨ ᠬᠠᠶ ᠵᠢᠶᠦ᠋ᠨ ᠬᠤᠷᠠᠯ ᠳᠤ | ᠣᠷᠣᠯᠴᠠᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 1 ᠰᠠᠷ᠎ᠠ ᠶᠢᠨ 18 ᠤ ᠡᠳᠦᠷ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠪᠠ︔ ᠲᠥᠪ ᠤᠨ ᠬᠥᠳᠡᠭᠡ ᠲᠣᠰᠬᠤᠨ ᠤ | ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠠᠬᠢᠭᠤᠯᠵᠤ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠶ | ᠰᠠᠨᠠᠯ︾ ︵ᠲᠣᠪᠴᠢᠯᠠᠯ︶︔ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ | ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠣᠶ ᠰᠢᠭᠤᠶ ᠶᠢᠨ ᠳᠠᠷᠤᠭ᠎ᠠ ᠶᠢᠨ ᠳᠦᠷᠢᠮ ᠢ | ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠰᠠᠨᠠᠯ︾︔ ᠶᠡᠷᠦᠩᠬᠡᠶ ᠰᠠᠶᠢᠳ ᠯᠢ ᠺᠧ ᠴᠢᠶᠠᠩ 1 ᠰᠠᠷ᠎ᠠ ᠶᠢᠨ 15 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠳᠡᠭᠡᠷ᠎ᠡ ᠲᠠᠯᠪᠢᠭᠰᠠᠨ ᠴᠢᠬᠤᠯᠠ | ᠶᠠᠷᠢᠶᠠᠨ ᠤ ᠵᠣᠷᠢᠭ ᠰᠠᠨᠠᠭ᠎ᠠ︔ ᠱᠢ ᠲᠠᠢ ᠹᠧᠩ 1 ᠰᠠᠷ᠎ᠠ ᠶᠢᠨ 15 ᠤ ᠡᠳᠦᠷ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ︔ ᠱᠢ ᠲᠠᠢ ᠹᠤᠩ 1 ᠰᠠᠷ᠎ᠠ ᠶᠢᠨ 15 ᠤ ᠡᠳᠦᠷ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ | ᠳᠡᠭᠡᠷ᠎ᠡ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ︔ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ | ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ | ᠬᠤᠷᠠᠯᠳᠤᠭᠠᠨ ᠤ ᠵᠣᠷᠢᠭ ᠰᠠᠨᠠᠭ᠎ᠠ᠃ | ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ︽ᠰᠢᠩ ᠾᠧ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠲᠥᠰᠦᠯ︾ ᠢ ᠬᠢᠨᠠᠨ ᠵᠥᠪᠯᠡᠭᠰᠡᠨ ᠪᠥᠭᠡᠳ ᠶᠡᠷᠦᠩᠬᠡᠶ ᠱᠦᠵᠢ ᠰᠢ ᠶᠢᠨ ᠫᠢᠩ ᠤᠨ | ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ | ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ | ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ︔ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ | ᠭᠤᠷᠪᠠᠳᠤᠭᠠᠷ ᠪᠤᠲᠢ ᠶᠢᠨ ︽ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠬᠤ ᠤᠬᠠᠮᠰᠠᠷᠲᠤ ᠴᠢᠨᠠᠷ | ᠪᠣᠯᠤᠨ ᠡᠷᠡᠰ ᠪᠠᠲᠤ ᠴᠢᠨᠠᠷ ᠢᠶᠠᠨ ᠴᠢᠩᠭᠠᠳᠬᠠᠶ᠎ᠠ︾︔ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ︔ ᠶᠡᠷᠦᠩᠬᠡᠢ ᠱᠦᠵᠢ ᠰᠢ ᠶᠢᠨ ᠫᠢᠩ ᠤᠨ ᠪᠦᠬᠦ | ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠬᠥᠬᠢᠭᠦᠯᠦᠨ ᠰᠠᠶᠢᠰᠢᠶᠠᠬᠤ | ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︔ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠠᠨᠠᠭᠤᠯᠭ᠎ᠠ᠃ | ᠬᠤᠷᠠᠯ ᠤᠨ ᠶᠠᠪᠤᠴᠠ ᠳᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ | ᠲᠣᠭᠤᠷᠢᠨ ᠳᠤ ᠰᠤᠳᠤᠯᠤᠨ ᠶᠠᠷᠢᠯᠴᠠᠪᠠ᠃ ᠴᠠᠩ ᠳ᠋ᠠ ᠸᠧᠢ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ | ᠶᠠᠷᠢᠶᠠᠨ ᠤ ᠵᠣᠷᠢᠭ ᠰᠠᠨᠠᠭ᠎ᠠ᠂ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠭᠦᠨ ᠭᠦᠨᠵᠡᠭᠡᠢ ᠠᠴᠢ ᠬᠤᠯᠪᠣᠭᠳᠠᠯ ᠢ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠬᠡᠪᠴᠢᠶᠡᠨ ᠳᠠᠬᠢ ᠠᠵᠢᠯ ᠢᠶᠠᠨ ᠲᠡᠷᠡ ᠶᠣᠰᠣᠭᠠᠷ ᠨᠢ ᠴᠥᠬᠦᠷᠡᠰᠢ ᠦᠭᠡᠢ ᠰᠠᠶᠢᠲᠤᠷ ᠭᠦᠢᠴᠡᠳᠬᠡᠵᠦ᠂ | ᠰᠢᠩ ᠾᠧ ᠰᠢᠶᠠᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ | ᠃ | | ᠢᠷᠡᠯᠲᠡ ᠄ ᠠᠮᠢᠵᠢᠷᠠᠯ ᠤᠨ ᠬᠦᠴᠦᠨᠲ᠋ᠠᠢ ᠰᠢᠩ ᠾᠧ | ᠣᠷᠴᠢᠭᠤᠯᠤᠭᠴᠢ᠄ ᠡᠷᠳᠡᠨᠢᠭᠤᠸ᠎ᠠ ᠨᠠᠷᠠᠰᠤ |