ᠮᠠᠨ ᠤ ᠰᠢᠶᠠᠨ 2021 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/22
     1 ᠰᠠᠷ᠎ᠠ ᠶᠢᠨ 21 ᠤ ᠡᠳᠦᠷ᠂ ᠰᠢᠩ ᠾᠧ ᠰᠢᠶᠠᠨ 2021 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠢ ᠬᠤᠩ ᠯᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠧᠦ ᠮᠢᠩ᠂ ᠰᠢᠶᠠᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠪᠣᠯᠤᠨ ᠴᠡᠷᠢᠭ ᠡᠯᠰᠡᠬᠦ ᠠᠯᠪᠠᠨ ᠭᠡᠷ ᠤᠨ ᠪᠦᠷᠢᠯᠳᠦᠬᠦᠨ ᠵᠢᠴᠢ ᠡᠯ᠎ᠡ ᠰᠢᠶᠠᠩ ᠪᠠᠯᠭᠠᠰᠤᠨ ᠤ ᠲᠤᠰᠬᠠᠢ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠣᠯᠤᠨ ᠠᠵᠢᠯᠯᠠᠭᠴᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠮᠢᠶ᠎ᠠ ᠪᠦᠬᠦᠢ ᠬᠥᠮᠦᠰ ᠬᠤᠷᠠᠯ ᠳᠤ ᠣᠷᠣᠯᠴᠠᠵᠠᠢ᠃      ᠬᠤᠷᠠᠯ ᠠᠴᠠ ᠪᠥᠬᠦ ᠰᠢᠶᠠᠨ ᠤ 2020 ᠣᠨ ᠤ ᠴᠡᠷᠢᠭ ᠡᠯᠰᠡᠬᠦ ᠠᠵᠢᠯ ᠢ ᠳ᠋ᠦᠩᠨᠡᠭᠰᠡᠨ ᠪᠥᠭᠡᠳ 2021 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠡᠭᠦᠷᠭᠡ ᠶᠢ ᠪᠠᠶᠢᠷᠢᠯᠠᠭᠤᠯᠪᠠ᠃ ᠬᠤᠷᠠᠯ ᠠᠴᠠ᠂ ᠡᠨᠡ ᠵᠢᠯ ᠪᠣᠯ ᠬᠤᠶᠠᠷ ᠤᠯᠠᠷᠢᠯ ᠤᠨ ᠴᠡᠷᠢᠭ ᠡᠯᠰᠡᠬᠦ ᠠᠵᠢᠯ ᠵᠢᠩᠬᠢᠨᠢ ᠪᠠᠷ ᠡᠬᠢᠯᠡᠭᠰᠡᠨ ᠠᠩᠬᠠᠨ ᠤ ᠵᠢᠯ ᠪᠣᠯᠤᠨ᠎ᠠ᠃ ᠡᠯ᠎ᠡ ᠱᠠᠲᠤᠨ ᠤ ᠰᠠᠯᠠᠭ᠎ᠠ ᠮᠥᠴᠢᠷ ᠤᠳ ︽ᠪᠠᠷᠢᠮᠵᠢᠶ᠎ᠠ ᠨᠢ ᠨᠡᠩ ᠥᠨᠳᠥᠷ᠂ ᠠᠵᠢᠯ ᠨᠢ ᠨᠡᠩ ᠨᠠᠷᠢᠯᠢᠭ᠂ ᠰᠠᠬᠢᠯᠭ᠎ᠠ ᠪᠠᠲᠤ ᠨᠢ ᠨᠡᠩ ᠴᠢᠩᠭ᠎ᠠ᠂ ᠶᠠᠰᠤ ᠴᠢᠨᠠᠷ ᠨᠢ ᠨᠡᠩ ᠰᠠᠶᠢᠨ︾ ᠪᠠᠶᠢᠬᠤ ᠠᠵᠢᠯ ᠣᠨ ᠵᠢᠯᠤᠭᠤᠳᠤᠯᠭ᠎ᠠ ᠶᠣᠰᠣᠭᠠᠷ᠂ ︽ᠴᠡᠷᠢᠭ ᠶᠢ ᠨᠢᠭᠡ ᠴᠦ ᠪᠠᠭᠤᠯᠭᠠᠬᠤ ᠥᠭᠡᠢ︾ ᠪᠠᠶᠢᠬᠤ ᠬᠠᠷᠠᠯᠲᠠ ᠶᠢ ᠪᠡᠶᠡᠯᠡᠭᠦᠯᠬᠦ ᠶᠠᠪᠤᠳᠠᠯ ᠢᠶᠠᠷ ᠭᠤᠣᠯᠯᠠᠭᠤᠯᠤᠨ᠂ ᠡᠷᠬᠡᠪᠰᠢ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠤᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠷᠭ᠎ᠠ ᠤᠬᠠᠭᠠᠨ ᠰᠦᠪᠡᠭᠴᠢᠯᠡᠵᠦ᠂ ᠡᠯ᠎ᠡ ᠵᠦᠢᠯ ᠣᠨ ᠠᠵᠢᠯ ᠣᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠢᠩᠭ᠎ᠠ ᠪᠠᠷᠢᠮᠵᠢᠶ᠎ᠠ ᠪᠣᠯᠤᠨ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠨᠡ ᠵᠢᠯ ᠣᠨ ᠴᠡᠷᠢᠭ ᠡᠯᠰᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠬᠠᠤᠯᠢ ᠶᠣᠰᠣᠭᠠᠷ ᠴᠡᠷᠢᠭ ᠡᠯᠰᠡᠬᠦ ᠦᠵᠡᠯᠲᠡ ᠶᠢ ᠪᠠᠲᠤ ᠪᠠᠬᠢ ᠪᠤᠶ ᠪᠣᠯᠭᠠᠵᠤ᠂ ᠴᠢᠩᠭ᠎ᠠ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠴᠢᠩᠭ᠎ᠠ ᠠᠳᠬᠤᠵᠤ᠂ ᠰᠠᠶᠢᠲᠤᠷ ᠵᠣᠬᠢᠴᠠᠭᠤᠯᠤᠨ ᠬᠠᠮᠵᠢᠯᠴᠠᠵᠤ᠂ ᠴᠡᠷᠢᠭ ᠡᠯᠰᠡᠬᠦ ᠠᠵᠢᠯ ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃ ᠰᠢᠨ᠎ᠡ ᠴᠡᠷᠢᠭ ᠢ ᠬᠢᠨᠠᠨ ᠲᠣᠭᠲᠠᠭᠠᠬᠤ ᠦᠶ᠎ᠡ ᠳᠤ᠂ ᠳᠡᠭᠡᠳᠦ ᠱᠠᠲᠤᠨ ᠤ ︽ᠨᠠᠢᠮᠠᠨ ᠲᠠᠯ᠎ᠠ ᠠᠴᠠ ᠬᠠᠮᠲᠤ ᠪᠠᠷ ᠴᠡᠷᠢᠭ ᠲᠣᠭᠲᠠᠭᠠᠬᠤ︾ ᠲᠤᠬᠠᠢ ᠲᠣᠭᠲᠠᠭᠠᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠲᠤ ᠪᠠᠷ ᠰᠤᠳᠤᠯᠬᠤ᠂ ᠪᠦᠬᠦ ᠲᠠᠯ᠎ᠠ ᠪᠠᠷ ᠬᠡᠮᠵᠢᠬᠦ᠂ ᠰᠠᠶᠢᠨ ᠤ ᠳᠣᠲᠣᠷ᠎ᠠ ᠠᠴᠠ ᠰᠢᠯᠢᠳᠡᠭ ᠢ ᠨᠢ ᠰᠣᠩᠭᠤᠬᠤ᠂ ᠨᠠᠷᠢᠯᠢᠭᠵᠢᠭᠤᠯᠤᠨ ᠴᠡᠷᠢᠭ ᠲᠣᠭᠲᠠᠭᠠᠬᠤ ᠶᠢ ᠪᠠᠷᠢᠮᠲᠠᠯᠠᠵᠤ᠂ ᠬᠠᠮᠤᠭ ᠤᠨ ᠰᠢᠯᠢᠳᠡᠭ ᠵᠠᠯᠠᠭᠤᠴᠤᠳ ᠢ ᠴᠡᠷᠢᠭ ᠠᠩᠭᠢ ᠳᠤ ᠦᠨᠡᠨ ᠬᠦ ᠬᠦᠷᠭᠡᠵᠦ ︽ᠬᠡᠨ ᠡᠷᠬᠢᠯᠡᠨ ᠬᠠᠮᠢᠶᠠᠷᠪᠠᠯ ᠬᠡᠨ ᠭᠠᠷ ᠤᠨ ᠦᠰᠦᠭ ᠵᠢᠷᠤᠵᠤ ᠬᠡᠨ ᠬᠠᠷᠢᠭᠤᠴᠠᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠳᠡᠭᠡᠳᠦ ᠱᠠᠲᠤᠨ ᠠᠴᠠ ᠮᠠᠨ ᠤ ᠰᠢᠶᠠᠨ ᠳᠤ ᠣᠯᠭᠤᠭᠰᠠᠨ ᠴᠡᠷᠢᠭ ᠡᠯᠰᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃    ᠬᠤᠷᠠᠯ ᠤᠨ ᠲᠠᠷᠠᠭ᠎ᠠ᠂ ᠰᠢᠶᠠᠨ ᠤ ᠤᠳᠤᠷᠢᠳᠤᠯᠭ᠎ᠠ ᠨᠢ ᠴᠡᠷᠢᠭ ᠡᠯᠰᠡᠬᠦ ᠠᠵᠢᠯ ᠤᠨ ᠬᠤᠯᠪᠣᠭᠳᠠᠯ ᠪᠥᠬᠦᠢ ᠨᠢᠭᠡᠴᠢ ᠵᠢᠴᠢ ᠡᠯ᠎ᠡ ᠰᠢᠶᠠᠩ ᠪᠠᠯᠭᠠᠰᠤ ᠲᠠᠢ ᠴᠡᠷᠢᠭ ᠡᠯᠰᠡᠬᠦ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠪᠠ᠃                                           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ                             ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3