| 1 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠴᠠᠩ ᠳ᠋ᠠ ᠸᠧᠶ ᠤᠷᠢᠳ ᠬᠤᠵᠢᠳ ᠮᠠᠨ ᠤ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ | ᠵᠠᠬ᠎ᠠ ᠳᠡᠯᠭᠡᠭᠦᠷ᠂ ᠡᠯ᠎ᠡ ᠬᠡᠲᠦ ᠳᠡᠯᠭᠡᠭᠦᠷ᠂ ᠡᠮ ᠤᠨ ᠳᠡᠯᠭᠡᠭᠦᠷ ᠵᠡᠷᠭᠡ ᠬᠥᠮᠦᠨ ᠠᠮᠠ ᠲᠥᠪᠯᠡᠷᠡᠭᠰᠡᠨ ᠭᠠᠵᠠᠷ | ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠪᠠᠶᠢᠴᠠᠭᠠᠪᠠ᠃ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠭᠦᠩ ᠰᠢᠤ ᠯᠦᠩ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ | ᠱᠠᠯᠠᠪᠳᠠᠭᠤᠯᠤᠨ ᠪᠠᠶᠢᠴᠠᠭᠠᠬᠤ ᠳᠤ ᠣᠷᠣᠯᠴᠠᠪᠠ᠃ | ᠰᠢᠩ ᠯᠦᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠴᠠᠩ ᠳ᠋ᠠ ᠸᠧᠶ ᠬᠤᠯᠪᠣᠭᠳᠠᠯ ᠪᠥᠬᠦᠶ | ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬ᠎ᠠ ᠳᠡᠯᠭᠡᠭᠦᠷ ᠤᠨ ᠬᠥᠮᠦᠰ ᠤᠨ | ᠬᠥᠮᠦᠨ ᠠᠮᠠ ᠶᠢ ᠬᠢᠵᠠᠭᠠᠷᠯᠠᠬᠤ᠂ ᠠᠮᠠᠪᠴᠢ ᠵᠡᠭᠦᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠺᠣᠳ᠋ ᠰᠢᠷᠪᠢᠬᠦ ᠵᠡᠷᠭᠡ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ ᠰᠠᠶᠢᠨ ᠲᠤᠷᠠᠴᠤᠳ ᠤᠨ | ᠠᠵᠢᠯ ᠢ ᠭᠦᠢᠴᠡᠳ ᠨᠤᠲᠠᠯᠠᠵᠤ᠂ ᠲᠡᠳᠡᠨ ᠳᠤ ᠭᠦᠢᠲᠡᠨ ᠢ ᠰᠡᠷᠭᠡᠶᠢᠯᠡᠵᠦ ᠳᠤᠯᠠᠭᠠᠨ ᠢ ᠪᠠᠲᠤᠯᠠᠬᠤ ᠠᠷᠭ᠎ᠠ | ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠶ ᠭᠡᠵᠦ ᠵᠠᠬᠢᠪᠠ︔ ᠭᠦᠢᠲᠡᠨ ᠬᠡᠯᠬᠢᠶᠡᠲᠦ ᠢᠳᠡᠭᠡᠨ ᠪᠠ ᠢᠳᠡᠰᠢᠨ ᠨᠣᠭᠤᠭ᠎ᠠ | ᠬᠤᠳᠠᠯᠳᠤᠬᠤ ᠳᠡᠯᠭᠡᠭᠦᠷ ᠲᠤ᠂ ᠴᠠᠩ ᠳ᠋ᠠ ᠸᠧᠶ ᠳᠡᠯᠭᠡᠭᠦᠷ ᠤᠨ ᠣᠶᠢᠷ᠎ᠠ ᠶᠢᠨ ᠬᠤᠭᠤᠴᠠᠭᠠᠨ ᠤ ᠡᠵᠡᠩᠨᠡᠯᠲᠡ ᠶᠢᠨ | ᠪᠠᠶᠢᠳᠠᠯ ᠵᠢᠴᠢ ᠮᠢᠬᠠᠨ ᠤ ᠵᠤᠶᠢᠯ᠂ ᠢᠳᠡᠰᠢᠨ ᠨᠣᠭᠤᠭ᠎ᠠ ᠶᠢᠨ ᠪᠠᠷᠠᠭ᠎ᠠ ᠣᠷᠣᠭᠤᠯᠬᠤ ᠠᠷᠭ᠎ᠠ ᠵᠠᠮ ᠢ ᠨᠠᠷᠢᠨ | ᠠᠰᠠᠭᠤᠵᠤ᠂ ᠬᠤᠳᠠᠯᠳᠤᠭᠠᠨ ᠤ ᠳᠡᠯᠭᠡᠭᠦᠷ ᠤᠨ ᠬᠤᠳᠠᠯᠳᠤᠭᠠᠨ ᠤ ᠮᠡᠳᠡᠭᠡ ᠵᠠᠩᠭᠢ ᠶᠢᠨ ᠳᠡᠩᠰᠡᠯᠡᠯᠲᠡ ᠪᠠ | ᠢᠳᠡᠭᠡᠨ ᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠪᠡ︔ ᠬᠤᠸᠠ | ᠯᠢᠶᠠᠨ ᠬᠡᠲᠦ ᠳᠡᠯᠭᠡᠭᠦᠷ᠂ ᠰᠢᠨ᠎ᠡ ᠴᠠᠭ ᠦᠶ᠎ᠡ ᠶᠢᠨ ᠬᠡᠲᠦ ᠳᠡᠯᠭᠡᠭᠦᠷ ᠲᠤ᠂ ᠴᠠᠩ ᠳ᠋ᠠ ᠸᠧᠶ ᠬᠡᠲᠦ ᠳᠡᠯᠭᠡᠭᠦᠷ ᠤᠨ | ᠣᠷᠣᠵᠤ ᠭᠠᠷᠬᠤ ᠬᠥᠮᠦᠰ ᠢ ᠲᠡᠮᠳᠡᠭᠯᠡᠬᠦ᠂ ᠺᠣᠳ᠋ ᠰᠢᠷᠪᠢᠬᠦ᠂ ᠠᠮᠠᠪᠴᠢ ᠵᠡᠭᠦᠬᠦ ᠵᠡᠷᠭᠡ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ︔ ᠬᠤᠸᠠ ᠲᠦᠸᠧ ᠡᠮ ᠤᠨ ᠳᠡᠯᠭᠡᠭᠦᠷ ᠲᠤ᠂ ᠴᠠᠩ | ᠳ᠋ᠠ ᠸᠧᠢ ᠡᠮ ᠤᠨ ᠳᠡᠯᠭᠡᠭᠦᠷ ᠤᠨ ︽ᠨᠢᠭᠡ ᠶᠢ ᠪᠤᠴᠠᠭᠠᠵᠤ ᠬᠤᠶᠠᠷ ᠢ ᠡᠰᠡᠷᠭᠦᠴᠡᠬᠦ︾ ᠡᠮ ᠤᠨ ᠮᠡᠳᠡᠭᠡ ᠵᠠᠩᠭᠢ ᠶᠢ | ᠳᠠᠩᠰᠠᠯᠠᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ᠂ ᠡᠮ ᠤᠨ ᠳᠡᠯᠭᠡᠭᠦᠷ ᠤᠨ ᠬᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ᠂ ᠡᠮ ᠤᠨ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠲᠣᠣᠷ ᠢ ᠬᠠᠮᠲᠤ ᠪᠠᠷ ᠨᠢᠭᠲᠠ ᠰᠦᠯᠵᠢᠬᠦ ᠬᠡᠷᠡᠭᠲᠡᠢ ᠭᠡᠵᠦ ᠱᠠᠭᠠᠷᠳᠠᠪᠠ᠃ | ᠴᠠᠩ ᠳ᠋ᠠ ᠸᠧᠢ᠂ ᠡᠯ᠎ᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠰᠡᠷᠭᠡᠶᠢᠯᠡᠨ ᠡᠵᠡᠮᠳᠡᠬᠦ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠯᠠᠪᠤᠷ ᠤᠨ ᠣᠷᠴᠢᠨ ᠲᠣᠭᠤᠷᠢᠨ ᠢ | ᠠᠷᠢᠭᠤᠳᠬᠠᠬᠤ ᠪᠠ ᠡᠷᠡᠭᠦᠯ ᠬᠠᠮᠠᠭᠠᠯᠠᠯ ᠠᠷᠢᠭᠤᠨ ᠴᠡᠪᠡᠷ ᠢ ᠰᠠᠶᠢᠲᠤᠷ ᠬᠠᠮᠠᠭᠠᠯᠠᠵᠤ᠂ ᠬᠥᠮᠦᠰ ᠤᠨ ᠣᠷᠣᠵᠤ | ᠭᠠᠷᠬᠤ ᠶᠢ ᠳᠠᠩᠰᠠᠯᠠᠬᠤ ᠠᠵᠢᠯ ᠢ ᠰᠠᠶᠢᠲᠤᠷ ᠬᠢᠵᠦ᠂ ᠳᠠᠩᠰᠠᠯᠠᠬᠤ᠂ ᠪᠡᠶ᠎ᠡ ᠶᠢᠨ ᠬᠠᠯᠠᠭᠤᠨ ᠢ ᠬᠡᠮᠵᠢᠬᠦ ᠵᠡᠷᠭᠡ | ᠬᠢᠵᠢᠭ ᠢ ᠰᠡᠷᠭᠡᠶᠢᠯᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠲᠤ ᠠᠮᠤᠷ ᠲᠦᠪᠰᠢᠨ ᠰᠠᠨᠠᠭ᠎ᠠ | ᠠᠮᠤᠷ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠢ︔ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠬᠢᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠨ ᠴᠢᠩᠭᠠᠳᠬᠠᠵᠤ᠂ | ᠡᠯ᠎ᠡ ᠬᠤᠳᠠᠯᠳᠤᠭᠠᠨ ᠤ ᠲᠠᠯᠠᠪᠠᠶ ᠶᠢᠨ ᠬᠡᠲᠦ ᠳᠡᠯᠭᠡᠭᠦᠷ ᠨᠢ ᠥᠪᠡᠰᠦᠪᠡᠨ ᠪᠠᠶᠢᠴᠠᠭᠠᠬᠤ ᠥᠪᠡᠰᠦᠪᠡᠨ ᠪᠠᠶᠢᠴᠠᠭᠠᠬᠤ | ᠠᠵᠢᠯ ᠢ ᠰᠠᠶᠢᠲᠤᠷ ᠬᠢᠵᠦ᠂ ᠭᠤᠤ᠎ᠠ ᠵᠢᠮᠢᠰ ᠢᠳᠡᠰᠢᠨ ᠨᠣᠭᠤᠭ᠎ᠠ᠂ ᠬᠥᠯᠳᠡᠭᠡᠭᠰᠡᠨ ᠰᠢᠨ᠎ᠡ ᠰᠣᠷᠭᠤᠭ ᠢᠳᠡᠭᠡᠨ᠂ | ᠮᠠᠯ ᠵᠢᠭᠦᠷᠲᠡᠨ ᠤ ᠮᠢᠬᠠᠨ ᠤ ᠲᠥᠷᠥᠯ ᠵᠡᠷᠭᠡ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠠ ᠣᠭ | ᠦᠨᠳᠦᠰᠦ ᠶᠢ ᠨᠢ ᠮᠥᠷᠳᠡᠨ ᠳᠠᠩᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠠᠶᠤᠯ ᠲᠦᠭᠰᠢᠭᠦᠷᠢ ᠲᠠᠢ ᠭᠠᠵᠠᠷ | ᠣᠷᠣᠨ ᠵᠢᠴᠢ ᠢᠷᠡᠯᠲᠡ ᠨᠢ ᠰᠡᠵᠢᠭᠲᠡᠶ ᠤᠶᠢᠯᠡᠳᠭᠦᠨ ᠢ ᠴᠠᠭ ᠲᠤᠬᠠᠶ ᠳᠤᠨᠢ ᠬᠤᠳᠠᠯᠳᠤᠬᠤ ᠪᠠ ᠤᠰᠠᠳᠬᠠᠵᠤ᠂ | ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠷᠡᠰ ᠰᠠᠶᠢᠲᠤᠷ ᠬᠢᠵᠦ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ | ᠡᠷᠡᠭᠦᠯ ᠢᠶᠠᠷ ᠬᠥᠭᠵᠢᠬᠦ᠂ ᠠᠷᠠᠳ ᠣᠯᠠᠨ ᠤ ᠤᠶᠢᠯᠡᠳᠪᠤᠷᠢᠯᠡᠯ ᠠᠮᠢᠳᠤᠷᠠᠯ ᠡᠮᠬᠢ ᠵᠢᠷᠤᠮ ᠲᠠᠢ ᠶᠠᠪᠤᠭᠳᠠᠬᠤ ᠶᠢ | ᠦᠨᠡᠨ ᠬᠦ ᠪᠠᠲᠤᠯᠠᠬᠤ ᠬᠡᠷᠡᠭᠲᠡᠶ᠃ | ᠢᠷᠡᠯᠲᠡ ᠄ ᠠᠮᠢᠵᠢᠷᠠᠯ ᠤᠨ ᠬᠦᠴᠦᠨ ᠲᠠᠢ ᠰᠢᠩ ᠾᠧ | ᠣᠷᠴᠢᠭᠤᠯᠤᠭᠴᠢ ᠄ ᠨᠠᠷᠠᠰᠤ ᠡᠷᠳᠡᠨᠢᠭᠤᠸ᠎ᠠ |