ᠮᠠᠨ ᠤ ᠰᠢᠶᠠᠨ ᠤ ᠲᠣᠰᠬᠤᠨ ᠤ ᠲᠡᠰ ᠤᠨ ᠭᠡᠷᠡᠯ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡᠨ ᠤ ᠲᠥᠷᠥᠯ ᠵᠤᠶᠢᠯ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2021/1/25
      ᠰᠢᠩ ᠾᠧ ᠰᠢᠶᠠᠨ ᠤ ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ 2019 ᠣᠨ ᠤ 5 ᠰᠠᠷ᠎ᠠ ᠶᠢᠨ ᠰᠡᠭᠦᠯᠴᠢ ᠪᠠᠷ ᠪᠥᠬᠦ ᠪᠠᠭᠲᠠᠭᠠᠮᠵᠢ ᠪᠠᠷ ᠢᠶᠠᠨ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ᠃ 2020 ᠣᠨ ᠤ ᠡᠴᠦᠰ ᠪᠣᠯᠲᠠᠯ᠎ᠠ᠂ ᠴᠠᠬᠢᠯᠭᠠᠨ ᠭᠠᠷᠭᠠᠭᠰᠠᠨ ᠬᠡᠮᠵᠢᠶ᠎ᠡ 13217 ᠲᠦᠮᠡᠨ ᠺᠢᠯᠣᠸᠠᠲ ᠴᠠᠭ ᠲᠤ ᠬᠦᠷᠴᠦ᠂ ᠴᠠᠬᠢᠯᠭᠠᠨ ᠭᠠᠷᠭᠠᠭᠰᠠᠨ ᠤ ᠠᠰᠢᠭ ᠣᠷᠣᠯᠭ᠎ᠠ 3739 ᠲᠦᠮᠡᠨ ᠲᠥᠭᠦᠷᠢᠭ ᠲᠤ ᠬᠦᠷᠴᠦ᠂ ᠤᠯᠤᠰ ᠠᠴᠠ 4749 ᠲᠦᠮᠡᠨ ᠲᠥᠭᠦᠷᠢᠭ ᠨᠥᠬᠦᠪᠥᠷᠢᠯᠡᠵᠦ᠂ ᠠᠰᠢᠭ ᠣᠷᠣᠯᠭ᠎ᠠ ᠶᠢ ᠨᠢ ᠪᠥᠬᠦ ᠰᠢᠶᠠᠨ ᠤ 87 ᠶᠠᠳᠠᠭᠤ ᠬᠦᠴᠢᠷᠳᠡᠯᠲᠡᠶ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠳᠤ ᠬᠡᠷᠡᠭᠯᠡᠵᠦ᠂ ᠶᠠᠳᠠᠭᠤ ᠬᠦᠴᠢᠷᠳᠡᠯᠲᠡᠶ ᠲᠣᠰᠬᠤᠨ ᠨᠢᠭᠡᠪᠦᠷᠢ ᠶᠢᠨ ᠵᠢᠯ ᠤᠨ ᠳᠤᠮᠳᠠᠴᠢ ᠣᠷᠣᠯᠭ᠎ᠠ ᠨᠢ 50 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠡᠶ᠃ ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠳᠤ ᠥᠩᠭᠡᠷᠡᠭᠰᠡᠨ ᠤ ᠶᠠᠳᠠᠭᠤ ᠶᠢ ᠲᠡᠳᠬᠦᠬᠦ ᠠᠵᠤ ᠤᠶᠢᠯᠡᠰ ᠤᠨ ᠵᠥᠪᠬᠡᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠳᠤ ᠲᠦᠰᠢᠭᠯᠡᠵᠦ ᠪᠠᠶᠢᠭᠰᠠᠨ ᠲᠠᠩ ᠴᠤᠯᠭᠤᠶ ᠪᠠᠶᠢᠳᠠᠯ ᠢ ᠲᠦᠢᠯᠪᠤᠷᠢᠲᠠᠶ ᠬᠤᠪᠢᠷᠠᠭᠤᠯᠵᠤ᠂ ᠶᠠᠳᠠᠭᠤ ᠶᠢ ᠲᠡᠳᠬᠦᠬᠦ ᠣᠷᠣᠯᠭ᠎ᠠ ᠶᠢᠨ ᠵᠠᠬ᠎ᠠ ᠳᠡᠯᠭᠡᠭᠦᠷ ᠤᠨ ᠠᠵᠤ ᠠᠬᠤᠶ ᠳᠤ ᠲᠦᠰᠢᠭᠯᠡᠵᠦ ᠪᠠᠶᠢᠭᠰᠠᠨ ᠲᠣᠭᠲᠠᠭᠤᠨ ᠪᠤᠰᠤ ᠴᠢᠨᠠᠷ ᠪᠣᠯᠤᠨ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠪᠠᠭ᠎ᠠ ᠪᠠᠶᠢᠬᠤ ᠠᠰᠠᠭᠤᠳᠠᠯ ᠢ ᠰᠢᠢᠳᠪᠤᠷᠢᠯᠡᠵᠤ᠂ ᠶᠠᠳᠠᠭᠤ ᠬᠦᠴᠢᠷᠳᠡᠯᠲᠡᠶ ᠲᠣᠰᠬᠤᠨ ᠤ ᠬᠠᠮᠲᠤ ᠶᠢᠨ ᠠᠵᠤ ᠠᠬᠤᠶ ᠪᠠᠭᠤᠷᠠᠶ ᠪᠠᠶᠢᠬᠤ ᠠᠰᠠᠭᠤᠳᠠᠯ ᠢ ᠰᠢᠢᠳᠪᠤᠷᠢᠯᠡᠵᠤ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠪᠠ ᠣᠷᠳᠣ ᠬᠤᠭᠤᠴᠠᠭ᠎ᠠ ᠪᠠᠷ ᠦᠷ᠎ᠡ ᠪᠦᠲᠦᠮᠵᠢ ᠤᠯᠬᠤ ᠬᠠᠷᠠᠯᠲᠠ ᠶᠢ ᠪᠡᠶᠡᠯᠡᠭᠦᠯᠪᠡ᠃                               ᠣᠷᠴᠢᠭᠤᠯᠤᠭᠴᠢ  ᠄  ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3