ᠴᠠᠩ ᠳ᠋ᠠ ᠸᠧᠶ ᠬᠥᠮᠦᠨ ᠠᠮᠠ ᠲᠥᠪᠯᠡᠷᠡᠭᠰᠡᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/1/25
     1 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠶ ᠤᠷᠢᠳ ᠬᠤᠵᠢᠳ ᠮᠠᠨ ᠤ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ᠂ ᠡᠯ᠎ᠡ ᠬᠡᠲᠦ ᠳᠡᠯᠭᠡᠭᠦᠷ᠂ ᠡᠮ ᠤᠨ ᠳᠡᠯᠭᠡᠭᠦᠷ ᠵᠡᠷᠭᠡ ᠬᠥᠮᠦᠨ ᠠᠮᠠ ᠲᠥᠪᠯᠡᠷᠡᠭᠰᠡᠨ ᠭᠠᠵᠠᠷ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠪᠠᠶᠢᠴᠠᠭᠠᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠩ ᠰᠢᠤ ᠯᠦᠩ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠱᠠᠯᠠᠪᠳᠠᠭᠤᠯᠤᠨ ᠪᠠᠶᠢᠴᠠᠭᠠᠬᠤ ᠳᠤ ᠣᠷᠣᠯᠴᠠᠪᠠ᠃     ᠰᠢᠩ ᠯᠦᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠴᠠᠩ ᠳ᠋ᠠ ᠸᠧᠶ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬ᠎ᠠ ᠳᠡᠯᠭᠡᠭᠦᠷ ᠤᠨ ᠬᠥᠮᠦᠰ ᠤᠨ ᠬᠥᠮᠦᠨ ᠠᠮᠠ ᠶᠢ ᠬᠢᠵᠠᠭᠠᠷᠯᠠᠬᠤ᠂ ᠠᠮᠠᠪᠴᠢ ᠵᠡᠭᠦᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠺᠣᠳ᠋ ᠰᠢᠷᠪᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ ᠰᠠᠶᠢᠨ ᠲᠤᠷᠠᠴᠤᠳ ᠤᠨ ᠠᠵᠢᠯ ᠢ ᠭᠦᠢᠴᠡᠳ ᠨᠤᠲᠠᠯᠠᠵᠤ᠂ ᠲᠡᠳᠡᠨ ᠳᠤ ᠭᠦᠢᠲᠡᠨ ᠢ ᠰᠡᠷᠭᠡᠶᠢᠯᠡᠵᠦ ᠳᠤᠯᠠᠭᠠᠨ ᠢ ᠪᠠᠲᠤᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠶ ᠭᠡᠵᠦ ᠵᠠᠬᠢᠪᠠ︔ ᠭᠦᠢᠲᠡᠨ ᠬᠡᠯᠬᠢᠶᠡᠲᠦ ᠢᠳᠡᠭᠡᠨ ᠪᠠ ᠢᠳᠡᠰᠢᠨ ᠨᠣᠭᠤᠭ᠎ᠠ ᠬᠤᠳᠠᠯᠳᠤᠬᠤ ᠳᠡᠯᠭᠡᠭᠦᠷ ᠲᠤ᠂ ᠴᠠᠩ ᠳ᠋ᠠ ᠸᠧᠶ ᠳᠡᠯᠭᠡᠭᠦᠷ ᠤᠨ ᠣᠶᠢᠷ᠎ᠠ ᠶᠢᠨ ᠬᠤᠭᠤᠴᠠᠭᠠᠨ ᠤ ᠡᠵᠡᠩᠨᠡᠯᠲᠡ ᠶᠢᠨ ᠪᠠᠶᠢᠳᠠᠯ ᠵᠢᠴᠢ ᠮᠢᠬᠠᠨ ᠤ ᠵᠤᠶᠢᠯ᠂ ᠢᠳᠡᠰᠢᠨ ᠨᠣᠭᠤᠭ᠎ᠠ ᠶᠢᠨ ᠪᠠᠷᠠᠭ᠎ᠠ ᠣᠷᠣᠭᠤᠯᠬᠤ ᠠᠷᠭ᠎ᠠ ᠵᠠᠮ ᠢ ᠨᠠᠷᠢᠨ ᠠᠰᠠᠭᠤᠵᠤ᠂ ᠬᠤᠳᠠᠯᠳᠤᠭᠠᠨ ᠤ ᠳᠡᠯᠭᠡᠭᠦᠷ ᠤᠨ ᠬᠤᠳᠠᠯᠳᠤᠭᠠᠨ ᠤ ᠮᠡᠳᠡᠭᠡ ᠵᠠᠩᠭᠢ ᠶᠢᠨ ᠳᠡᠩᠰᠡᠯᠡᠯᠲᠡ ᠪᠠ ᠢᠳᠡᠭᠡᠨ ᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠪᠡ︔  ᠬᠤᠸᠠ ᠯᠢᠶᠠᠨ ᠬᠡᠲᠦ ᠳᠡᠯᠭᠡᠭᠦᠷ᠂ ᠰᠢᠨ᠎ᠡ ᠴᠠᠭ ᠦᠶ᠎ᠡ ᠶᠢᠨ ᠬᠡᠲᠦ ᠳᠡᠯᠭᠡᠭᠦᠷ ᠲᠤ᠂ ᠴᠠᠩ ᠳ᠋ᠠ ᠸᠧᠶ ᠬᠡᠲᠦ ᠳᠡᠯᠭᠡᠭᠦᠷ ᠤᠨ ᠣᠷᠣᠵᠤ ᠭᠠᠷᠬᠤ ᠬᠥᠮᠦᠰ ᠢ ᠲᠡᠮᠳᠡᠭᠯᠡᠬᠦ᠂ ᠺᠣᠳ᠋ ᠰᠢᠷᠪᠢᠬᠦ᠂ ᠠᠮᠠᠪᠴᠢ ᠵᠡᠭᠦᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ︔  ᠬᠤᠸᠠ ᠲᠦᠸᠧ ᠡᠮ ᠤᠨ ᠳᠡᠯᠭᠡᠭᠦᠷ ᠲᠤ᠂ ᠴᠠᠩ ᠳ᠋ᠠ ᠸᠧᠢ ᠡᠮ ᠤᠨ ᠳᠡᠯᠭᠡᠭᠦᠷ ᠤᠨ ︽ᠨᠢᠭᠡ ᠶᠢ ᠪᠤᠴᠠᠭᠠᠵᠤ ᠬᠤᠶᠠᠷ ᠢ ᠡᠰᠡᠷᠭᠦᠴᠡᠬᠦ︾ ᠡᠮ ᠤᠨ ᠮᠡᠳᠡᠭᠡ ᠵᠠᠩᠭᠢ ᠶᠢ ᠳᠠᠩᠰᠠᠯᠠᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ᠂ ᠡᠮ ᠤᠨ ᠳᠡᠯᠭᠡᠭᠦᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ᠂ ᠡᠮ ᠤᠨ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠣᠷ ᠢ ᠬᠠᠮᠲᠤ ᠪᠠᠷ ᠨᠢᠭᠲᠠ ᠰᠦᠯᠵᠢᠬᠦ ᠬᠡᠷᠡᠭᠲᠡᠢ ᠭᠡᠵᠦ ᠱᠠᠭᠠᠷᠳᠠᠪᠠ᠃     ᠴᠠᠩ ᠳ᠋ᠠ ᠸᠧᠢ᠂ ᠡᠯ᠎ᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠯᠠᠪᠤᠷ ᠤᠨ ᠣᠷᠴᠢᠨ ᠲᠣᠭᠤᠷᠢᠨ ᠢ ᠠᠷᠢᠭᠤᠳᠬᠠᠬᠤ ᠪᠠ ᠡᠷᠡᠭᠦᠯ ᠬᠠᠮᠠᠭᠠᠯᠠᠯ ᠠᠷᠢᠭᠤᠨ ᠴᠡᠪᠡᠷ ᠢ ᠰᠠᠶᠢᠲᠤᠷ ᠬᠠᠮᠠᠭᠠᠯᠠᠵᠤ᠂ ᠬᠥᠮᠦᠰ ᠤᠨ ᠣᠷᠣᠵᠤ ᠭᠠᠷᠬᠤ ᠶᠢ ᠳᠠᠩᠰᠠᠯᠠᠬᠤ ᠠᠵᠢᠯ ᠢ ᠰᠠᠶᠢᠲᠤᠷ ᠬᠢᠵᠦ᠂ ᠳᠠᠩᠰᠠᠯᠠᠬᠤ᠂ ᠪᠡᠶ᠎ᠡ ᠶᠢᠨ ᠬᠠᠯᠠᠭᠤᠨ ᠢ ᠬᠡᠮᠵᠢᠬᠦ ᠵᠡᠷᠭᠡ ᠬᠢᠵᠢᠭ ᠢ ᠰᠡᠷᠭᠡᠶᠢᠯᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠲᠤ ᠠᠮᠤᠷ ᠲᠦᠪᠰᠢᠨ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠢ︔ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠨ ᠴᠢᠩᠭᠠᠳᠬᠠᠵᠤ᠂ ᠡᠯ᠎ᠡ ᠬᠤᠳᠠᠯᠳᠤᠭᠠᠨ ᠤ ᠲᠠᠯᠠᠪᠠᠶ ᠶᠢᠨ ᠬᠡᠲᠦ ᠳᠡᠯᠭᠡᠭᠦᠷ ᠨᠢ ᠥᠪᠡᠰᠦᠪᠡᠨ ᠪᠠᠶᠢᠴᠠᠭᠠᠬᠤ ᠥᠪᠡᠰᠦᠪᠡᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠭᠤᠤᠠ ᠵᠢᠮᠢᠰ ᠢᠳᠡᠰᠢᠨ ᠨᠣᠭᠤᠭ᠎ᠠ᠂ ᠬᠥᠯᠳᠡᠭᠡᠭᠰᠡᠨ ᠰᠢᠨ᠎ᠡ ᠰᠣᠷᠭᠤᠭ ᠢᠳᠡᠭᠡᠨ᠂ ᠮᠠᠯ ᠵᠢᠭᠦᠷᠲᠡᠨ ᠤ ᠮᠢᠬᠠᠨ ᠤ ᠲᠥᠷᠥᠯ ᠵᠡᠷᠭᠡ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠠ ᠣᠭ ᠦᠨᠳᠦᠰᠦ ᠶᠢ ᠨᠢ ᠮᠥᠷᠳᠡᠨ ᠳᠠᠩᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠠᠶᠤᠯ ᠲᠦᠭᠰᠢᠭᠦᠷᠢ ᠲᠠᠢ ᠭᠠᠵᠠᠷ ᠣᠷᠣᠨ ᠵᠢᠴᠢ ᠢᠷᠡᠯᠲᠡ ᠨᠢ ᠰᠡᠵᠢᠭᠲᠡᠶ ᠤᠶᠢᠯᠡᠳᠭᠦᠨ ᠢ ᠴᠠᠭ ᠲᠤᠬᠠᠶ ᠳᠤᠨᠢ ᠬᠤᠳᠠᠯᠳᠤᠬᠤ ᠪᠠ ᠤᠰᠠᠳᠬᠠᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠷᠡᠰ ᠰᠠᠶᠢᠲᠤᠷ ᠬᠢᠵᠦ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ᠂ ᠠᠷᠠᠳ ᠣᠯᠠᠨ ᠤ ᠤᠶᠢᠯᠡᠳᠪᠤᠷᠢᠯᠡᠯ ᠠᠮᠢᠳᠤᠷᠠᠯ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃                     ᠢᠷᠡᠯᠲᠡ  ᠄ ᠠᠮᠢᠵᠢᠷᠠᠯ ᠤᠨ ᠬᠦᠴᠦᠨ ᠲᠠᠢ ᠰᠢᠩ ᠾᠧ                     ᠣᠷᠴᠢᠭᠤᠯᠤᠭᠴᠢ  ᠄  ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3