ᠮᠠᠨ ᠤ ᠰᠢᠶᠠᠨ ᠤ ︽ᠭᠤᠷᠪᠠ ᠶᠢ ᠠᠳᠬᠤᠬᠤ︾ ᠠᠵᠢᠯ ᠵᠡᠷᠭᠡ ᠪᠠᠷ ᠶᠠᠪᠤᠭᠳᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠤᠷᠢᠲᠤ ᠢᠯᠠᠯᠲᠠ ᠶᠢ ᠣᠯᠤᠨ᠎ᠠ
ᠨᠡᠶᠢᠲᠡᠯᠡᠭᠰᠡᠨ ᠴᠠᠭ᠄
2021/1/26
     ᠨᠢᠭᠡ ᠳᠤ᠂ ᠤᠳᠤᠷᠢᠳᠬᠤ ᠪᠠᠭ ᠤᠨ ᠪᠠᠶᠢᠭᠤᠯᠤᠯᠲᠠ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠭᠤᠣᠯ ᠪᠠᠲᠤᠯᠠᠭ᠎ᠠ ᠬᠠᠩᠭᠠᠪᠠ᠃ ᠲᠣᠰᠬᠤᠨ ᠤ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠬᠤ ᠪᠠᠷ ᠠᠵᠠ ᠲᠣᠬᠢᠶᠠᠯ ᠪᠣᠯᠭᠠᠵᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠴᠢᠳᠠᠪᠤᠷᠢ ᠰᠠᠶᠢᠲᠠᠢ᠂ ᠰᠤᠷᠲᠠᠯ ᠲᠥᠪ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ 23 ᠵᠠᠯᠠᠭᠤ ᠺᠠᠳ᠋ᠷ ᠢ ᠲᠣᠰᠬᠤᠨ ᠤ ︽ᠬᠤᠶᠠᠷ ᠵᠥᠪᠯᠡᠯ︾᠎ ᠤᠨ ᠪᠠᠭ ᠲᠤ ᠣᠷᠣᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠬᠦᠴᠦᠨ ᠢ ᠳᠡᠭᠡᠭᠰᠢᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠤᠮᠳᠠᠬᠢ ︽ᠬᠤᠶᠠᠷ ᠵᠥᠪᠯᠡᠯ︾᠎ ᠤᠨ ᠪᠠᠭ ᠤᠨ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠶᠠᠨ ᠤ ᠨᠠᠮ ᠤᠨ ᠬᠤᠷᠢᠶ᠎ᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠲᠦᠯᠬᠢᠨ ᠠᠬᠢᠭᠤᠯᠬᠤ ᠶᠢ ᠠᠳᠬᠤᠬᠤ᠂ ᠭᠠᠴᠠᠭᠠᠨ ᠤ ᠨᠠᠮ ᠤᠨ ᠡᠭᠦᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠪᠦᠬᠦ ᠰᠢᠶᠠᠨ ᠤ 9 ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠣᠯᠤᠨ ᠰᠢᠶᠠᠨ ᠤ ᠨᠠᠮ ᠤᠨ ᠬᠤᠷᠢᠶ᠎ᠠ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ 161 ᠲᠣᠰᠬᠤᠨ ᠤ ᠨᠠᠮ ᠤᠨ ᠡᠭᠦᠷ ᠪᠣᠯᠤᠨ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠠᠷᠢᠭᠤᠴᠠᠯᠭ᠎ᠠ ᠶᠢ ᠭᠡᠳᠡᠷᠬᠦ ᠰᠢᠬᠠᠬᠤ ᠬᠡᠯᠪᠡᠷᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠪᠠᠨ ᠪᠡᠶᠡᠯᠡᠭᠦᠯᠵᠦ ᠳᠡᠶᠢᠯᠦᠭᠰᠡᠨ ᠦᠭᠡᠢ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ ᠬᠠᠷᠢᠭᠤᠴᠠᠯᠭ᠎ᠠ ᠨᠡᠬᠡᠮᠵᠢᠯᠡᠪᠡ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠲᠣᠰᠬᠤᠨ ᠤ ︽ᠬᠤᠶᠠᠷ ᠵᠥᠪᠯᠡᠯ︾᠎ ᠤᠨ ᠪᠠᠭ ᠤᠨ ᠪᠦᠷᠢᠯᠳᠦᠬᠦᠨ ᠢ ᠬᠥᠲᠥᠯᠥᠨ ᠵᠢᠯᠣᠭᠤᠳᠴᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠤᠬᠠᠮᠰᠠᠷ ᠠᠴᠠ ᠪᠠᠨ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠨ᠂ ᠮᠥᠷᠥᠨ ᠳᠡᠭᠡᠨ ᠡᠭᠦᠷᠭᠡᠯᠡᠵᠦ᠂ ᠠᠵᠢᠯ ᠤᠨ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠤᠶᠢᠯᠡᠴᠢᠯᠡᠬᠦ ᠵᠣᠷᠢᠯᠲᠠ ᠶᠢ ᠤᠶᠢᠯᠡᠳᠤᠯᠭᠡᠵᠢᠭᠦᠯᠦᠨ᠎ᠡ᠃     ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ ︽ᠲᠠᠪᠤᠨ ᠬᠦᠴᠦᠷᠬᠡᠭ︾ ᠨᠠᠮ ᠤᠨ ᠡᠭᠦᠷ ᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠢᠯᠭᠠᠨ ᠦᠨᠡᠯᠡᠬᠦ ᠰᠢᠰᠲ᠋ᠧᠮ ᠢ ᠪᠦᠷᠢᠨᠰᠢᠬᠦᠯᠦᠨ ᠵᠢᠷᠤᠮᠵᠢᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠶᠢ ᠬᠠᠲᠠᠭᠤ ᠰᠢᠯᠭᠠᠨ ᠬᠢᠨᠠᠬᠤ ᠭᠦᠢᠴᠡᠳᠬᠡᠯ ᠲᠤᠭ᠎ᠠ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠪᠣᠳᠠᠲᠠᠢ ᠰᠢᠯᠭᠠᠵᠤ ᠣᠨᠣᠪᠴᠢᠲᠠᠢ ᠰᠢᠯᠭᠠᠨ᠎ᠠ᠃ ᠣᠲᠣ ᠪᠣᠯᠲᠠᠯ᠎ᠠ᠂ ᠪᠥᠬᠦ ᠰᠢᠶᠠᠨ ᠤ 20 %᠎ ᠠᠴᠠ ᠳᠡᠭᠡᠭᠰᠢᠬᠢ ᠲᠣᠰᠬᠤᠨ ᠨᠢᠭᠡᠨᠲᠡ ︽ᠲᠠᠪᠤᠨ ᠬᠦᠴᠦᠷᠬᠡᠭ︾ ᠨᠠᠮ ᠤᠨ ᠡᠭᠦᠷ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠴᠡᠶ᠃ ︽ᠤᠭ ᠰᠠᠨᠠᠭ᠎ᠠ ᠪᠠᠨ ᠦᠯᠦ ᠮᠠᠷᠲᠠᠵᠤ᠂ ᠬᠠᠮᠲᠤᠷᠠᠯᠴᠠᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠪᠠᠷ ᠵᠢᠷᠤᠮᠯᠠᠯ ᠪᠣᠯᠭᠠᠵᠤ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠠᠷᠠᠳ ᠲᠦᠮᠡᠨ ᠳᠤ ᠦᠶ᠋ᠯᠡᠴᠢᠯᠡᠬᠦ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠥᠳᠡᠭᠡ ᠪᠠᠭᠤᠵᠤ ᠲᠣᠰᠬᠤᠨ ᠳᠤ ᠰᠠᠭᠤᠬᠤ᠂ ᠠᠷᠠᠳ ᠤᠨ ᠶᠠᠪᠤᠳᠠᠯ ᠢ ᠣᠷᠣᠯᠠᠨ ᠭᠦᠢᠴᠡᠳᠭᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠨᠢᠭᠤᠷᠳᠠᠨ ᠬᠠᠨᠳᠤᠵᠤ᠂ ᠥᠴᠦᠬᠡᠨ ᠴᠦ ᠵᠠᠶ ᠦᠭᠡᠢ ᠪᠠᠷ  ᠤᠶᠢᠯᠡᠴᠢᠯᠡᠵᠤ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ᠂ ᠮᠡᠳᠡᠭᠡ ᠵᠠᠩᠭᠢ ᠶᠢᠨ ︽ᠭᠤᠷᠪᠠ ᠶᠢ ᠡᠷᠦᠬᠡ ᠳᠤ ᠬᠦᠷᠭᠡᠬᠦ︾᠎ ᠶᠢ ᠦᠨᠡᠨᠬᠦ ᠪᠠᠲᠤᠯᠠᠨ᠎ᠠ᠃ ︽ᠲᠦᠷᠪᠡᠨ ᠨᠢᠭᠡ︾᠎ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠡᠭᠴᠡᠯᠡᠬᠦ ᠲᠤᠬᠠᠢ ᠰᠢᠩ ᠾᠧ ᠰᠢᠶᠠᠨ ᠤ ᠬᠡᠷᠡᠭᠵᠢᠭᠦᠯᠬᠦ ᠲᠥᠰᠦᠯ︾᠂ ︽ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ︿ᠡᠷᠭᠢᠵᠦ ᠪᠠᠶᠢᠴᠠᠭᠠᠬᠤ﹀ ᠠᠵᠢᠯ ᠤᠨ ᠲᠥᠰᠦᠯ︾᠎ ᠢ ᠲᠣᠭᠲᠠᠭᠠᠵᠤ᠂ ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠶᠡᠭᠡ ᠪᠠᠷ ᠴᠡᠭᠴᠡᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠣᠳᠣᠬᠠᠨ ᠳᠤ᠂ ᠪᠦᠬᠦ ᠰᠢᠶᠠᠨ ᠤ 6 ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠦᠬᠦᠨ ᠢ ᠴᠡᠭᠴᠡᠯᠡᠵᠦ ᠳᠠᠭᠤᠰᠬᠠᠪᠠ᠃     ᠭᠤᠷᠪᠠ ᠳᠤ᠂ ᠡᠩᠨᠡᠭᠡᠨ ᠤ ᠪᠠᠶᠢᠭᠤᠯᠤᠯᠲᠠ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢᠨ ᠤᠬᠠᠮᠰᠠᠷ ᠢ ᠪᠠᠲᠤ ᠪᠤᠢ ᠪᠣᠯᠭᠠᠵᠤ᠂ ᠰᠠᠶᠢᠨ ᠰᠠᠶᠢᠬᠠᠨ ᠲᠦᠷᠢ ᠲᠥᠷᠬᠦ᠂ ᠰᠢᠯᠢᠳᠡᠭ ᠰᠠᠶᠢᠨ ᠰᠤᠷᠲᠠᠯ᠂ ᠴᠠᠭᠠᠷᠠᠭᠰᠠᠨ ᠬᠡᠪ ᠪᠣᠯᠪᠠᠰᠤᠷᠠᠯ ᠢᠶᠠᠷ ᠤᠯᠠᠨ ᠲᠦᠮᠡᠨ ᠢ ᠳᠠᠭᠠᠭᠤᠯᠤᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠡᠬᠦᠯ ᠬᠤᠷᠢᠶᠠᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ 2020 ᠣᠨ ᠳᠤ᠂ ᠨᠢᠭᠡᠳᠦᠭᠡᠷ ᠱᠦᠵᠢ 10 ᠬᠥᠮᠦᠨ ᠳᠤ ᠲᠣᠬᠢᠷᠠᠭᠤᠯᠤᠯᠲᠠ ᠬᠢᠵᠦ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ 25 ᠬᠥᠮᠦᠨ ᠳᠤ ᠲᠣᠬᠢᠷᠠᠭᠤᠯᠤᠯᠲᠠ ᠬᠢᠵᠦ᠂ 3 ᠨᠢᠭᠡᠳᠦᠭᠡᠷ ᠱᠦᠵᠢ ᠶᠢ ᠰᠢᠨ᠎ᠡ ᠪᠠᠷ ᠰᠣᠩᠭᠤᠨ ᠲᠣᠮᠢᠯᠠᠵᠤ ᠬᠥᠳᠡᠭᠡ ᠪᠠᠭᠤᠯᠭᠠᠨ ᠲᠣᠰᠬᠤᠨ ᠳᠤ ᠰᠠᠭᠤᠯᠭᠠᠵᠤ᠂ ᠶᠠᠳᠠᠭᠤ ᠠᠴᠠ ᠠᠩᠭᠢᠵᠢᠷᠠᠭᠤᠯᠬᠤ ᠡᠩᠨᠡᠭᠡ ᠶᠢ ᠤᠯᠠᠮ ᠨᠢᠭᠡ ᠠᠯᠬᠤᠮ ᠪᠠᠶᠢᠭᠤᠯᠪᠠ᠃ ᠲᠥᠷᠥᠯ ᠪᠦᠯᠦᠭ ᠤᠳᠠᠭ᠎ᠠ ᠬᠤᠪᠢᠶᠠᠨ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ︽ᠨᠢᠭᠡᠳᠦᠭᠡᠷ ᠱᠦᠵᠢ︾᠂ ᠣᠶᠤᠲᠠᠨ ᠲᠣᠰᠬᠤᠨ ᠤ ᠳᠠᠷᠤᠭ᠎ᠠ᠂ ᠥᠷᠲᠡᠭᠡᠨ ᠤ ᠠᠯᠪᠠᠨ ᠬᠡᠷ ᠤᠨ ᠬᠠᠷᠢᠭᠤᠴᠠᠯᠭᠠᠲᠠᠨ ᠳᠤ ᠲᠥᠪᠯᠡᠷᠡᠩᠭᠦᠶ ᠪᠣᠯᠪᠠᠰᠤᠷᠠᠭᠤᠯᠤᠯ ᠪᠠ ᠭᠠᠳᠠᠭᠰᠢ ᠭᠠᠷᠴᠤ ᠰᠢᠨᠵᠢᠯᠡᠨ ᠪᠠᠶᠢᠴᠠᠭᠠᠯᠲᠠ ᠬᠢᠬᠦ ᠶᠢ ᠪᠠᠷᠢᠮᠲᠠᠯᠠᠵᠤ᠂ ᠮᠡᠷᠭᠡᠵᠢᠯ ᠰᠤᠷᠤᠯᠴᠠᠬᠤ᠂ ᠵᠢᠱᠢᠶ᠎ᠡ ᠦᠵᠡᠭᠦᠯᠬᠦ ᠴᠡᠭ ᠢ ᠲᠣᠭᠤᠷᠢᠨ ᠦᠵᠡᠬᠦ᠂ ᠪᠠᠶᠠᠵᠢᠯ ᠤᠨ ᠴᠢᠳᠠᠪᠤᠷᠢᠲᠠᠨ ᠢ ᠰᠤᠷᠪᠤᠯᠵᠢᠯᠠᠨ ᠰᠤᠷᠪᠤᠯᠵᠢᠯᠠᠬᠤ ᠪᠠᠷ ᠳᠠᠮᠵᠢᠭᠤᠯᠤᠨ᠂ ᠲᠣᠰ ᠭᠠᠵᠠᠷ ᠣᠷᠣᠨ ᠤ ᠴᠢᠳᠠᠪᠤᠷᠢᠲᠠᠨ ᠤ ᠦᠵᠡᠯ ᠰᠠᠨᠠᠭ᠎ᠠ ᠪᠠᠨ ᠴᠢᠯᠥᠭᠡᠯᠡᠬᠦ᠂ ᠲᠥᠷᠥ ᠶᠢᠨ ᠪᠣᠳᠣᠯᠭ᠎ᠠ ᠶᠢ ᠡᠵᠡᠮᠳᠡᠬᠦ᠂ ᠡᠷᠳᠡᠮ ᠴᠢᠳᠠᠪᠤᠷᠢ ᠶᠢ ᠰᠤᠷᠤᠯᠴᠠᠬᠤ᠂ ᠠᠷᠭ᠎ᠠ ᠶᠢ ᠡᠵᠡᠮᠰᠢᠬᠦ ᠶᠢ ᠬᠠᠪᠰᠤᠷᠴᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠢ ᠬᠥᠳᠡᠭᠡ ᠲᠣᠰᠬᠤᠨ ᠤ ᠪᠠᠶᠠᠵᠢᠯ ᠤᠨ ᠴᠢᠳᠠᠪᠤᠷᠢᠲᠠᠨ ᠪᠣᠯᠭᠠᠨ ᠬᠥᠮᠦᠵᠢᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠭᠠᠭᠤᠯᠤᠨ ᠪᠠᠶᠠᠵᠢᠯ ᠤᠨ ᠵᠠᠮ ᠢ ᠨᠡᠭᠡᠭᠡᠨ᠎ᠡ᠃ 2020 ᠣᠨ ᠳᠤ 300 ᠭᠠᠷᠤᠢ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ︽ᠨᠢᠭᠡᠳᠦᠭᠡᠷ ᠱᠦᠵᠢ︾ ᠵᠢᠴᠢ ᠮᠠᠯ ᠲᠠᠷᠢᠶᠠᠯᠠᠩ᠂ ᠤᠢ ᠰᠢᠭᠤᠢ᠂ ᠤᠰᠤᠨ ᠤ ᠶᠠᠪᠤᠳᠠᠯ ᠵᠡᠷᠭᠡ ᠤᠯᠠᠨ ᠠᠯᠪᠠᠨ ᠦᠷᠳᠡᠭᠡ ᠭᠠᠵᠠᠷ ᠤᠨ ᠬᠠᠷᠢᠭᠤᠴᠠᠯᠭᠠᠲᠠᠨ ᠳᠤ ᠲᠤᠰᠬᠠᠢ ᠪᠣᠯᠪᠠᠰᠤᠷᠠᠯ ᠬᠦᠷᠲᠡᠭᠡᠪᠡ᠃ ᠡᠭᠦᠨ ᠤ ᠬᠠᠮᠲᠤ᠂ ᠠᠵᠤ ᠤᠶᠢᠯᠡᠰ ᠤᠨ ᠳᠠᠭᠠᠭᠤᠯᠤᠭᠴᠢ᠂ ᠳᠠᠷᠢᠵᠤ ᠲᠡᠵᠢᠭᠡᠬᠦ ᠲᠣᠮᠣ ᠡᠷᠦᠬᠡ᠂ ᠭᠠᠳᠠᠭᠰᠢ ᠭᠠᠷᠴᠤ ᠬᠤᠳᠠᠯᠳᠤᠭ᠎ᠠ ᠬᠢᠵᠦ ᠨᠤᠲᠤᠭ ᠲᠠᠭᠠᠨ ᠪᠤᠴᠠᠭᠰᠠᠨ ᠬᠥᠮᠦᠰ ᠵᠡᠷᠭᠡ ᠪᠡᠶᠡᠵᠢᠨ ᠴᠢᠨᠡᠭᠡᠯᠢᠭᠵᠢᠭᠰᠡᠨ ᠴᠢᠳᠠᠪᠤᠷᠢᠲᠠᠨ ᠠᠴᠠ ᠢᠳᠡᠪᠬᠢᠲᠡᠶ ᠪᠠᠷ ᠨᠠᠮ ᠤᠨ ᠭᠡᠰᠢᠭᠦᠨ ᠡᠯᠰᠡᠵᠦ᠂ ᠲᠡᠭᠦᠨ ᠢ ᠬᠥᠳᠡᠭᠡ ᠲᠣᠰᠬᠤᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠳᠠᠶᠢᠴᠢᠯᠠᠬᠤ ᠭᠤᠤᠯᠯᠠᠭᠴᠢ ᠬᠦᠴᠦᠨ ᠪᠣᠯᠭᠠᠵᠤ᠂ ᠨᠠᠮᠴᠢ ᠴᠢᠨᠠᠷ ᠢᠶᠠᠷ ᠪᠠᠲᠤ ᠴᠢᠩᠭ᠎ᠠ᠂ ᠴᠢᠳᠠᠪᠤᠷᠢ ᠪᠠᠷ ᠲᠣᠪᠤᠶᠢᠮ᠎ᠠ ᠪᠡᠶᠡᠵᠢᠨ ᠴᠢᠨᠡᠭᠡᠯᠢᠭᠵᠢᠭᠰᠡᠨ ᠳᠠᠭᠠᠭᠤᠯᠤᠭᠴᠢ ᠡᠩᠨᠡᠭᠡ ᠶᠢ ᠦᠨᠡᠨ ᠬᠦ ᠪᠠᠶᠢᠭᠤᠯᠤᠨ᠎ᠠ᠃                                          ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3