ᠴᠠᠩ ᠳ᠋ᠠ ᠸᠧᠶ ᠬᠠᠭᠤᠴᠢᠨ ᠲᠣᠭᠤᠷᠢᠭ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤᠰᠠᠭᠠᠷᠯᠠᠬᠤ ᠪᠠᠷ ᠪᠡᠯᠡᠳᠬᠡᠭᠰᠡᠨ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/1/26
     1 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠶ ᠬᠠᠭᠤᠴᠢᠨ ᠲᠣᠭᠤᠷᠢᠭ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠪᠠᠴᠢᠮ ᠪᠠᠶᠢᠳᠠᠯ ᠢ ᠠᠷᠭᠠᠴᠠᠭᠠᠬᠤ ᠲᠤᠰᠠᠭᠠᠷᠯᠠᠬᠤ ᠪᠡᠯᠡᠳᠬᠡᠯ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠪᠠᠶᠢᠴᠠᠭᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ ᠵᠢᠴᠢ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠱᠠᠯᠠᠪᠳᠠᠭᠤᠯᠤᠨ ᠪᠠᠶᠢᠴᠠᠭᠠᠬᠤ ᠳᠤ ᠣᠷᠣᠯᠴᠠᠪᠠ᠃      ᠬᠠᠭᠤᠴᠢᠨ ᠬᠤᠳᠠ ᠶᠢᠨ ᠲᠣᠭᠤᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ᠂ ᠴᠠᠩ ᠳ᠋ᠠ ᠸᠧᠢ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠡᠷᠡᠭᠦᠯ ᠬᠠᠮᠠᠭᠠᠯᠠᠯ ᠤᠨ ᠣᠷᠴᠢᠨ ᠪᠣᠯᠤᠨ ᠬᠥᠮᠦᠰ ᠢ ᠳᠠᠩᠰᠠᠯᠠᠬᠤ᠂ ᠺᠣᠳ᠋ ᠰᠢᠷᠪᠢᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠭᠰᠡᠨ ᠪᠥᠭᠡᠳ ᠬᠤᠳᠠᠯᠳᠤᠭᠠᠨ ᠤ ᠳᠡᠯᠭᠡᠭᠦᠷ ᠤᠨ ᠡᠵᠡᠨ ᠤ ᠪᠠᠷᠠᠭ᠎ᠠ ᠣᠷᠣᠭᠤᠯᠬᠤ ᠠᠷᠭ᠎ᠠ ᠵᠠᠮ ᠪᠣᠯᠤᠨ ᠡᠵᠡᠩᠨᠡᠯᠲᠡ ᠶᠢᠨ ᠪᠠᠶᠢᠳᠠᠯ ᠢ ᠨᠠᠷᠢᠨ ᠠᠰᠠᠭᠤᠵᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠴᠠᠩ ᠳ᠋ᠠ ᠸᠧᠢ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ᠂ ᠠᠷᠢᠭᠤᠨ ᠴᠡᠪᠡᠷ ᠪᠠᠶᠢᠯᠭᠠᠬᠤ᠂ ᠠᠷᠢᠭᠤᠳᠬᠠᠬᠤ ᠵᠡᠷᠭᠡ ᠠᠵᠢᠯ ᠢ ᠤᠯᠠᠮ ᠴᠢᠨᠠᠭᠰᠢᠳᠠ ᠴᠢᠩᠭᠠᠳᠬᠠᠵᠤ᠂ ᠡᠷᠡᠭᠦᠯ ᠬᠠᠮᠠᠭᠠᠯᠠᠯ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠬᠤᠳᠠᠯᠳᠤᠭᠠᠴᠢᠨ ᠡᠷᠦᠬᠡ ᠶᠢᠨ ᠵᠢᠷᠤᠮᠵᠢᠭᠰᠠᠨ ᠡᠵᠡᠩᠨᠡᠯᠲᠡ ᠶᠢ ᠢᠳᠡᠪᠬᠢᠲᠡᠶ ᠬᠥᠲᠥᠯᠥᠨ ᠵᠢᠯᠣᠭᠤᠳᠴᠤ᠂ ︽ᠪᠤᠵᠠᠷ᠂ ᠡᠷᠦᠶ ᠬᠤᠷᠤᠶ ᠥᠬᠡᠶ᠂ ᠪᠠᠷᠤᠭᠲᠠᠶ︾ ᠦᠵᠡᠭᠳᠡᠯ ᠢ ᠡᠷᠡᠰ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃      ᠪᠠᠴᠢᠮ ᠪᠠᠶᠢᠳᠠᠯ ᠢ ᠠᠷᠭᠠᠴᠠᠭᠠᠬᠤ ᠪᠠᠷ ᠲᠤᠰᠠᠭᠠᠷᠯᠠᠬᠤ ᠪᠡᠯᠡᠳᠬᠡᠯ ᠡᠮᠨᠡᠯᠭᠡ ᠶᠢᠨ ᠬᠤᠷᠢᠶᠠᠨ ᠳᠤ᠂ ᠴᠠᠩ ᠳ᠋ᠠ ᠸᠧᠶ ᠤᠷᠢᠳ ᠬᠤᠵᠢᠳ ᠪᠡᠯᠡᠳᠬᠡᠯ ᠡᠮᠨᠡᠯᠭᠡ ᠶᠢᠨ ᠬᠤᠷᠢᠶᠠᠨ ᠤ ᠠᠷᠢᠭᠤᠨ ᠴᠡᠪᠡᠷ ᠲᠣᠭᠤᠷᠢᠭ᠂ ᠪᠣᠬᠢᠷᠲᠤᠯ ᠤᠨ ᠲᠣᠭᠤᠷᠢᠭ᠂ ᠬᠠᠭᠠᠰ ᠪᠣᠬᠢᠷᠲᠤᠯ ᠤᠨ ᠲᠣᠭᠤᠷᠢᠭ᠂ ᠡᠮᠨᠡᠯᠭᠡ ᠶᠢᠨ ᠠᠵᠢᠯᠲᠠᠨ ᠤ ᠨᠡᠪᠲᠡᠷᠡᠬᠦ ᠵᠠᠮ ᠪᠣᠯᠤᠨ ᠡᠪᠡᠳᠴᠢᠲᠡᠨ ᠤ ᠨᠡᠪᠲᠡᠷᠡᠬᠦ ᠵᠠᠮ ᠢ ᠳᠣᠭᠢᠷᠠᠭᠤᠯᠤᠭᠰᠠᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠲᠤᠰᠠᠭᠠᠷᠯᠠᠬᠤ ᠴᠡᠭ ᠤᠨ ᠡᠮᠴᠢᠯᠡᠭᠡᠨ ᠤ ᠲᠥᠬᠦᠭᠡᠷᠦᠮᠵᠢ ᠳᠣᠭᠢᠷᠠᠭᠤᠯᠤᠭᠰᠠᠨ᠂ ᠡᠮᠴᠢᠯᠡᠭᠡᠨ ᠤ ᠡᠳ᠋ ᠪᠣᠳᠠᠰ ᠨᠥᠭᠡᠴᠡᠯᠡᠭᠰᠡᠨ ᠪᠠᠶᠢᠳᠠᠯ ᠳᠤ ᠪᠠᠶᠢᠴᠠᠭᠠᠯᠲᠠ ᠬᠢᠪᠠ᠂ ᠴᠠᠩ ᠳ᠋ᠠ ᠸᠧᠶ᠂ ᠲᠤᠰᠠᠭᠠᠷᠯᠠᠬᠤ ᠡᠮᠨᠡᠯᠭᠡ ᠶᠢᠨ ᠬᠤᠷᠢᠶᠠᠨ ᠤ ᠪᠠᠷᠢᠯᠭ᠎ᠠ᠂ ᠭᠠᠯ ᠰᠡᠷᠭᠡᠶᠢᠯᠡᠬᠦ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠳᠤ ᠪᠦᠷᠢᠮᠦᠰᠦᠨ ᠨᠡᠶᠢᠴᠡᠬᠦ ᠶᠢ ᠦᠨᠡᠨ ᠬᠦ ᠪᠠᠲᠤᠯᠠᠵᠤ᠂ ᠳᠤᠯᠠᠭᠠᠯᠠᠬᠤ᠂ ᠬᠤᠭᠤᠯᠠ ᠬᠦᠷᠭᠡᠬᠦ᠂ ᠪᠣᠬᠢᠷ ᠤᠰᠤ ᠶᠢ ᠠᠷᠢᠭᠤᠳᠬᠠᠬᠤ ᠵᠡᠷᠭᠡ ᠡᠯ᠎ᠡ ᠵᠤᠶᠢᠯ ᠤᠨ ᠨᠠᠷᠢᠨ ᠵᠤᠶᠢᠯᠡᠰ ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠡᠯ᠎ᠡ ᠵᠤᠶᠢᠯ ᠤᠨ ᠪᠡᠯᠡᠳᠬᠡᠯ ᠲᠥᠰᠦᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠪᠠᠷ ᠲᠤᠰᠠᠭᠠᠷᠯᠠᠬᠤ ᠪᠡᠯᠡᠳᠬᠡᠯ ᠡᠮᠨᠡᠯᠭᠡ ᠶᠢᠨ ᠬᠤᠷᠢᠶ᠎ᠠ ᠶᠢ ᠡᠬᠢᠯᠡᠨ ᠬᠡᠷᠡᠭᠯᠡᠪᠡᠯ᠂ ᠳᠠᠷᠦ᠋ᠢᠬᠠᠨ ᠠᠰᠢᠭᠯᠠᠯᠲᠠ ᠳᠤ ᠣᠷᠣᠭᠤᠯᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠤ᠃                                            ᠣᠷᠴᠢᠭᠤᠯᠤᠭᠴᠢ  ᠄  ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3