2020 ᠣᠨ ᠳᠤ ᠰᠢᠩ ᠡᡁᠧ ᠰᠢᠶᠠᠨ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠲᠤᠬᠠᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ | ᠵᠢᠯᠤᠭᠤᠳᠤᠭᠤᠯᠬᠤ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠭᠤᠣᠯᠯᠠᠬᠤ ᠡᠷᠬᠡ ᠶᠢ ᠪᠠᠲᠤ | ᠡᠵᠡᠮᠳᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ | ᠪᠣᠯᠤᠨ ᠲᠠᠶᠢᠴᠢᠨ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠪᠠ᠃ | ᠨᠢᠭᠡ ᠳᠤ᠂ ︽ᠰᠢᠩ ᠾᠧ ᠰᠢᠶᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠦᠨᠳᠦᠰᠦᠨ | ᠱᠠᠲᠤᠨ ᠤ ᠲᠤᠤᠷᠴᠢᠯᠠᠯᠤᠨ ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠬᠦ ᠣᠨ ᠤ ᠬᠡᠷᠡᠭᠵᠢᠭᠦᠯᠬᠦ ᠲᠥᠰᠦᠯ︾ ᠤᠨ | ᠱᠠᠭᠠᠷᠳᠠᠯᠭ᠎ᠠ ᠶᠣᠰᠣᠭᠠᠷ᠂ ᠡᠯ᠎ᠡ ᠰᠢᠶᠠᠩ ᠪᠠᠯᠭᠠᠰᠤ ᠡᠯ᠎ᠡ ᠨᠢᠭᠡᠴᠢ 1914 ᠬᠥᠮᠦᠨ ᠤ ᠦᠨᠳᠦᠰᠦᠨ ᠱᠠᠲᠤᠨ ᠤ | ᠲᠤᠤᠷᠴᠢᠯᠠᠯᠤᠨ ᠡᠩᠨᠡᠭᠡ ᠶᠢ ᠪᠠᠶᠢᠭᠤᠯᠪᠠ᠃ ᠬᠤᠶᠠᠷ ᠲᠤ᠂ ᠪᠦᠬᠦ ᠰᠢᠶᠠᠨ ᠤ ᠤᠨᠤᠯ ᠤᠨ ᠤᠬᠠᠭᠤᠯᠤᠨ | ᠲᠠᠶᠢᠯᠪᠤᠷᠢᠯᠠᠬᠤ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ 25 ᠬᠥᠮᠦᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠢ ᠪᠠᠶᠢᠭᠤᠯᠤᠭᠰᠠᠨ ᠪᠥᠭᠡᠳ ᠠᠬᠠᠮᠠᠳ ᠨᠠᠮ ᠤᠨ ᠭᠡᠰᠢᠭᠦᠨ᠂ ᠲᠣᠰᠬᠤᠨ ᠳᠤ ᠰᠠᠭᠤᠭ᠎ᠠ | ᠰᠢᠯᠢᠳᠡᠭ ᠺᠠᠳ᠋ᠷ᠂ ᠶᠠᠳᠠᠭᠤ ᠠᠴᠠ ᠠᠩᠭᠢᠵᠢᠷᠠᠨ ᠪᠠᠶᠠᠵᠢᠭᠰᠠᠨ ᠨᠡᠶᠢᠲᠡᠯᠢᠭ ᠵᠢᠱᠢᠶ᠎ᠡ ᠵᠡᠷᠭᠡ 35 ᠬᠥᠮᠦᠨ ᠢᠶᠠᠷ | ᠪᠦᠷᠢᠯᠳᠦᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠣᠷᠣᠭᠤᠯᠵᠤ᠂ ︽ᠬᠤᠶᠠᠷ ᠢ ᠰᠢᠢᠳᠪᠦᠷᠢᠯᠡᠵᠦ | ᠬᠤᠶᠠᠷ ᠢ ᠲᠡᠳᠬᠦᠬᠦ︾᠂ ︽ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ︾᠂ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾᠂ ︽ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ︾ ᠵᠡᠷᠭᠡ ᠭᠤᠣᠯ | ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠣᠳᠣᠬᠠᠨ ᠳᠤ | ᠨᠢᠭᠡᠨᠲᠡ 210 ᠭᠠᠷᠤᠶ ᠤᠳᠠᠭ᠎ᠠ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠵᠤ᠂ 18950 ᠭᠠᠷᠤᠶ ᠬᠥᠮᠦᠨ | ᠭᠥᠯᠢᠶᠡᠨ ᠠᠪᠴᠠᠶ︔ ᠡᠷᠦᠬᠡ ᠳᠤ ᠣᠷᠣᠵᠤ ᠤᠬᠠᠭᠤᠯᠤᠨ ᠲᠠᠶᠢᠯᠪᠤᠷᠢᠯᠠᠭᠰᠠᠨ ᠡᠷᠦᠬᠡ ᠪᠠᠷᠤᠭ 460 ᠭᠠᠷᠤᠶ | ᠪᠠᠶᠢᠵᠤ᠂ ᠭᠥᠯᠢᠶᠡᠨ ᠠᠪᠤᠭᠰᠠᠨ ᠬᠥᠮᠦᠨ ᠤ ᠲᠤᠭ᠎ᠠ ᠪᠠᠷᠤᠭ 1150 ᠪᠠᠶᠢᠪᠠ︔ ︽ᠰᠦᠯᠵᠢᠶᠡᠨ ᠳᠡᠭᠡᠷᠡᠬᠢ | ᠤᠬᠠᠭᠤᠯᠤᠨ ᠲᠠᠶᠢᠯᠪᠤᠷᠢᠯᠠᠯᠲᠠ︾ 150 ᠭᠠᠷᠤᠶ ᠬᠤᠪᠢ ᠪᠠᠶᠢᠵᠤ᠂ 4550 ᠬᠥᠮᠦᠨ ᠬᠦᠯᠢᠶᠡᠨ ᠠᠪᠴᠠᠶ᠃ | ᠭᠤᠷᠪᠠ ᠳᠤ᠂ ︽ᠪᠥᠬᠦ ᠰᠢᠶᠠᠨ ᠤ ᠦᠵᠡᠯ ᠤᠬᠠᠮᠰᠠᠷ ᠤᠨ ᠬᠡᠯᠪᠡᠷᠢ ᠵᠢᠴᠢ ᠰᠦᠯᠵᠢᠶᠡᠨ ᠤ ᠠᠮᠤᠷ ᠲᠦᠪᠰᠢᠨ ᠤ | ᠴᠢᠳᠠᠪᠤᠷᠢ ᠶᠢ ᠳᠡᠭᠡᠭᠰᠢᠯᠡᠭᠦᠯᠬᠦ︾ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠲᠠᠰ ᠤᠨ ᠰᠢᠯᠢᠳᠡᠭ ᠲᠤᠰᠬᠠᠶ ᠮᠡᠷᠭᠡᠵᠢᠯᠲᠡᠨ ᠤ ᠯᠧᠺᠲ᠋ᠣᠷ ᠢ ᠲᠤᠰᠬᠠᠶᠢᠯᠠᠨᠤᠷᠢᠵᠤ | ᠪᠥᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠨᠢᠭᠡᠴᠢ ᠶᠢᠨ ᠦᠵᠡᠯ ᠤᠬᠠᠮᠰᠠᠷ ᠤᠨ ᠬᠡᠯᠪᠡᠷᠢ ᠶᠢᠨ | ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ 320 ᠭᠠᠷᠤᠶ ᠬᠥᠮᠦᠨ ᠳᠤ 2 | ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠬᠦᠷᠲᠡᠭᠡᠪᠡ᠃ | | ᠣᠷᠴᠢᠭᠤᠯᠤᠭᠴᠢ ᠄ ᠨᠠᠷᠠᠰᠤ ᠡᠷᠳᠡᠨᠢᠭᠤᠸ᠎ᠠ | | ᠁ |