2016 ᠣᠨ ᠠᠴᠠ ᠨᠠᠰᠢ᠂ ᠰᠢᠩ ᠡᡁᠧ ᠰᠢᠶᠠᠨ ︽ᠬᠥᠮᠦᠨ ᠨᠢ ᠶᠠᠳᠠᠭᠤ ᠠᠴᠠ ᠠᠩᠭᠢᠵᠢᠷᠠᠬᠤ᠂ | ᠲᠣᠰᠬᠤᠨ ᠨᠢ ᠶᠠᠳᠠᠭᠤ ᠠᠴᠠ ᠠᠩᠭᠢᠵᠢᠷᠠᠬᠤ᠂ ᠰᠢᠶᠠᠨ ᠨᠢ ᠶᠠᠳᠠᠭᠤ ᠠᠴᠠ ᠠᠩᠭᠢᠵᠢᠷᠠᠬᠤ︾ ᠬᠠᠷᠠᠯᠲᠠ ᠶᠢᠨ | ᠲᠣᠭᠤᠷᠢᠨ ᠳᠤ᠂ ᠦᠢᠯᠡᠳᠪᠦᠷᠢᠯᠡᠯ ᠤᠨ ᠨᠥᠬᠦᠴᠡᠯ ᠲᠠᠢ ᠪᠥᠭᠡᠳ ᠬᠥᠳᠡᠯᠮᠦᠷᠢᠯᠡᠬᠦ ᠴᠢᠳᠠᠪᠤᠷᠢ ᠲᠠᠢ᠂ | ᠬᠥᠭᠵᠢᠯᠲᠡ ᠶᠢᠨ ᠬᠦᠰᠡᠯ ᠡᠷᠡᠮᠡᠯᠵᠡᠯ ᠲᠠᠢ ᠲᠠᠩᠰᠠᠯᠠᠵᠥ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠳᠤ | ᠴᠢᠭᠯᠡᠭᠦᠯᠵᠦ᠂ ︽ᠰᠢᠩ ᠡᡁᠧ ᠰᠢᠶᠠᠨ ᠢ ᠡᠷᠦᠭᠡ ᠳᠤ ᠬᠦᠷᠲᠡᠯ᠎ᠡ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠮᠠᠯ | ᠠᠵᠤ ᠠᠬᠤᠢ ᠲᠠᠷᠢᠶᠠᠯᠠᠩ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠤᠨ ᠠᠵᠢᠯ ᠤᠨ | ᠲᠥᠰᠦᠯ︾ ᠢ ᠨᠡᠶᠢᠲᠡᠯᠡᠪᠡ᠃ ᠲᠡᠷᠡᠴᠢᠯᠡᠨ ᠵᠢᠯ ᠳᠠᠷᠠᠭᠠᠯᠠᠨ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠪᠠ | ᠰᠢᠶᠠᠨ ᠤ ᠳᠣᠲᠣᠷᠠᠬᠢ ᠠᠵᠤ ᠦᠢᠯᠡᠰ ᠤᠨ ᠪᠠᠶᠢᠷᠢᠰᠢᠯ ᠢ ᠦᠨᠳᠦᠰᠦᠯᠡᠨ ᠲᠡᠭᠦᠯᠳᠡᠷᠵᠢᠭᠦᠯᠵᠦ᠂ ᠨᠥᠬᠦᠪᠥᠷᠢᠯᠡᠵᠦ᠂ | ᠡᠷᠦᠬᠡ ᠳᠤ ᠬᠦᠷᠲᠡᠯ᠎ᠡ ︽ᠲᠣᠪᠶᠤᠭ ᠤᠨ ᠬᠡᠯᠪᠡᠷᠢ︾ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠪᠠ᠃ | 2016 ᠣᠨ ᠠᠴᠠ ᠨᠠᠰᠢ ︽ᠲᠣᠪᠶᠤᠭ ᠤᠨ ᠮᠠᠶ᠋ᠢᠭ︾ ᠤᠨ ᠲᠥᠷᠥᠯ ᠵᠤᠶᠢᠯ ᠤᠨ ᠨᠥᠬᠦᠪᠥᠷᠢ ᠶᠢᠨ ᠪᠠᠯᠠ | ᠮᠥᠩᠭᠦ ᠶᠢ ᠨᠡᠶᠢᠲᠡ 1.7 ᠳ᠋ᠦᠩᠰᠢᠭᠤᠷ ᠲᠥᠭᠦᠷᠢᠭ ᠣᠷᠣᠭᠤᠯᠵᠤ᠂ ᠨᠡᠶᠢᠲᠡ 6 ᠲᠦᠮᠡ ᠭᠠᠷᠤᠶ ᠬᠥᠮᠦᠨ ᠤᠳᠠᠭ᠎ᠠ | ᠠᠰᠢᠭ ᠭᠥᠷᠳᠡᠵᠦ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ 2600 ᠲᠥᠭᠦᠷᠢᠭ ᠠᠴᠠ ᠳᠡᠭᠡᠭᠰᠢ ᠨᠡᠮᠡᠭᠳᠡᠪᠡ᠂ | ︽ᠲᠣᠪᠶᠤᠭ ᠤᠨ ᠮᠠᠶ᠋ᠢᠭ︾ ᠤᠨ ᠲᠡᠳᠬᠦᠨ ᠳᠡᠮᠵᠢᠬᠦ ᠲᠥᠷᠥᠯ ᠵᠤᠶᠢᠯ ᠨᠢ ᠶᠠᠳᠠᠭᠤ ᠬᠦᠴᠢᠷᠳᠡᠯᠲᠡᠶ ᠬᠥᠮᠦᠰ ᠤᠨ | ᠣᠷᠣᠯᠭ᠎ᠠ ᠶᠢ ᠲᠦᠷᠭᠡᠨ ᠢᠶᠠᠷ ᠨᠡᠮᠡᠭᠳᠡᠭᠦᠯᠦᠨ᠂ ᠶᠠᠳᠠᠭᠤ ᠠᠴᠠ ᠲᠦᠷᠭᠡᠬᠡᠨ ᠠᠩᠭᠢᠵᠢᠷᠠᠭᠤᠯᠵᠤ᠂ ᠣᠷᠣᠯᠭ᠎ᠠ ᠶᠢ ᠨᠢ | ᠲᠦᠷᠭᠡᠨ ᠨᠡᠮᠡᠭᠳᠡᠭᠦᠯᠬᠦ ᠶᠢ ᠪᠡᠶᠡᠯᠡᠭᠦᠯᠬᠦ ᠳᠤ ᠦᠷ᠎ᠡ ᠪᠦᠲᠦᠮᠵᠢ ᠲᠠᠢ᠂ ᠣᠷᠳᠣ ᠬᠤᠭᠤᠴᠠᠭ᠎ᠠ ᠪᠠᠷ ᠬᠥᠭᠵᠢᠭᠦᠯᠬᠦ ᠳᠤ | ᠨᠥᠭᠡᠴᠡ ᠬᠦᠴᠦᠨ ᠲᠠᠢ ᠪᠠᠶᠢᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠳᠤ ᠮᠠᠰᠢ ᠴᠢᠬᠤᠯᠠ ᠤᠶᠢᠯᠡᠳᠤᠯ ᠲᠠᠢ | ᠶᠤᠮ᠃ | | ᠣᠷᠴᠢᠭᠤᠯᠤᠭᠴᠢ ᠄ ᠨᠠᠷᠠᠰᠤ ᠡᠷᠳᠡᠨᠢᠭᠤᠸ᠎ᠠ | |