ᠮᠠᠨ ᠤ ᠰᠢᠶᠠᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠦᠴᠦᠯᠡᠨ ᠰᠠᠶᠢᠲᠤᠷ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2021/1/27
     2020 ᠣᠨ ᠳᠤ ᠰᠢᠩ ᠡᡁᠧ ᠰᠢᠶᠠᠨ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠭᠤᠣᠯᠯᠠᠬᠤ ᠡᠷᠬᠡ ᠶᠢ ᠪᠠᠲᠤ ᠡᠵᠡᠮᠳᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠣᠯᠤᠨ ᠲᠠᠶᠢᠴᠢᠨ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠪᠠ᠃      ᠨᠢᠭᠡ ᠳᠤ᠂ ︽ᠰᠢᠩ ᠾᠧ ᠰᠢᠶᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠦᠨᠳᠦᠰᠦᠨ ᠱᠠᠲᠤᠨ ᠤ ᠲᠤᠤᠷᠴᠢᠯᠠᠯᠤᠨ ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠬᠦ ᠣᠨ ᠤ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠰᠢᠶᠠᠩ ᠪᠠᠯᠭᠠᠰᠤ ᠡᠯ᠎ᠡ ᠨᠢᠭᠡᠴᠢ 1914 ᠬᠥᠮᠦᠨ ᠤ ᠦᠨᠳᠦᠰᠦᠨ ᠱᠠᠲᠤᠨ ᠤ ᠲᠤᠤᠷᠴᠢᠯᠠᠯᠤᠨ ᠡᠩᠨᠡᠭᠡ ᠶᠢ ᠪᠠᠶᠢᠭᠤᠯᠪᠠ᠃ ᠬᠤᠶᠠᠷ ᠲᠤ᠂ ᠪᠦᠬᠦ ᠰᠢᠶᠠᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ 25 ᠬᠥᠮᠦᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠪᠠᠶᠢᠭᠤᠯᠤᠭᠰᠠᠨ ᠪᠥᠭᠡᠳ ᠠᠬᠠᠮᠠᠳ ᠨᠠᠮ ᠤᠨ ᠭᠡᠰᠢᠭᠦᠨ᠂ ᠲᠣᠰᠬᠤᠨ ᠳᠤ ᠰᠠᠭᠤᠭ᠎ᠠ ᠰᠢᠯᠢᠳᠡᠭ ᠺᠠᠳ᠋ᠷ᠂ ᠶᠠᠳᠠᠭᠤ ᠠᠴᠠ ᠠᠩᠭᠢᠵᠢᠷᠠᠨ ᠪᠠᠶᠠᠵᠢᠭᠰᠠᠨ ᠨᠡᠶᠢᠲᠡᠯᠢᠭ ᠵᠢᠱᠢᠶ᠎ᠡ ᠵᠡᠷᠭᠡ 35 ᠬᠥᠮᠦᠨ ᠢᠶᠠᠷ ᠪᠦᠷᠢᠯᠳᠦᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠣᠷᠣᠭᠤᠯᠵᠤ᠂ ︽ᠬᠤᠶᠠᠷ ᠢ ᠰᠢᠢᠳᠪᠦᠷᠢᠯᠡᠵᠦ ᠬᠤᠶᠠᠷ ᠢ ᠲᠡᠳᠬᠦᠬᠦ︾᠂ ︽ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾᠂ ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ︾ ᠵᠡᠷᠭᠡ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠣᠳᠣᠬᠠᠨ ᠳᠤ ᠨᠢᠭᠡᠨᠲᠡ 210 ᠭᠠᠷᠤᠶ ᠤᠳᠠᠭ᠎ᠠ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠵᠤ᠂ 18950 ᠭᠠᠷᠤᠶ ᠬᠥᠮᠦᠨ ᠭᠥᠯᠢᠶᠡᠨ ᠠᠪᠴᠠᠶ︔ ᠡᠷᠦᠬᠡ ᠳᠤ ᠣᠷᠣᠵᠤ ᠤᠬᠠᠭᠤᠯᠤᠨ ᠲᠠᠶᠢᠯᠪᠤᠷᠢᠯᠠᠭᠰᠠᠨ ᠡᠷᠦᠬᠡ ᠪᠠᠷᠤᠭ 460 ᠭᠠᠷᠤᠶ ᠪᠠᠶᠢᠵᠤ᠂ ᠭᠥᠯᠢᠶᠡᠨ ᠠᠪᠤᠭᠰᠠᠨ ᠬᠥᠮᠦᠨ ᠤ ᠲᠤᠭ᠎ᠠ ᠪᠠᠷᠤᠭ 1150 ᠪᠠᠶᠢᠪᠠ︔ ︽ᠰᠦᠯᠵᠢᠶᠡᠨ ᠳᠡᠭᠡᠷᠡᠬᠢ ᠤᠬᠠᠭᠤᠯᠤᠨ ᠲᠠᠶᠢᠯᠪᠤᠷᠢᠯᠠᠯᠲᠠ︾ 150 ᠭᠠᠷᠤᠶ ᠬᠤᠪᠢ ᠪᠠᠶᠢᠵᠤ᠂ 4550 ᠬᠥᠮᠦᠨ ᠬᠦᠯᠢᠶᠡᠨ ᠠᠪᠴᠠᠶ᠃ ᠭᠤᠷᠪᠠ ᠳᠤ᠂ ︽ᠪᠥᠬᠦ ᠰᠢᠶᠠᠨ ᠤ ᠦᠵᠡᠯ ᠤᠬᠠᠮᠰᠠᠷ ᠤᠨ ᠬᠡᠯᠪᠡᠷᠢ ᠵᠢᠴᠢ ᠰᠦᠯᠵᠢᠶᠡᠨ ᠤ ᠠᠮᠤᠷ ᠲᠦᠪᠰᠢᠨ ᠤ ᠴᠢᠳᠠᠪᠤᠷᠢ ᠶᠢ ᠳᠡᠭᠡᠭᠰᠢᠯᠡᠭᠦᠯᠬᠦ︾ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠠᠰ ᠤᠨ ᠰᠢᠯᠢᠳᠡᠭ ᠲᠤᠰᠬᠠᠶ ᠮᠡᠷᠭᠡᠵᠢᠯᠲᠡᠨ ᠤ ᠯᠧᠺᠲ᠋ᠣᠷ ᠢ ᠲᠤᠰᠬᠠᠶᠢᠯᠠᠨ‌ᠤᠷᠢᠵᠤ ᠪᠥᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠨᠢᠭᠡᠴᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ 320 ᠭᠠᠷᠤᠶ ᠬᠥᠮᠦᠨ ᠳᠤ 2 ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠬᠦᠷᠲᠡᠭᠡᠪᠡ᠃                                                          ᠣᠷᠴᠢᠭᠤᠯᠤᠭᠴᠢ  ᠄  ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3