ᠮᠠᠨ ᠤ ᠰᠢᠶᠠᠨ ᠤ ︽ᠲᠣᠪᠶᠤᠭ ᠤᠨ ᠬᠡᠯᠪᠡᠷᠢ︾ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/1/27
     2016 ᠣᠨ ᠠᠴᠠ ᠨᠠᠰᠢ᠂ ᠰᠢᠩ ᠡᡁᠧ ᠰᠢᠶᠠᠨ ︽ᠬᠥᠮᠦᠨ ᠨᠢ ᠶᠠᠳᠠᠭᠤ ᠠᠴᠠ ᠠᠩᠭᠢᠵᠢᠷᠠᠬᠤ᠂ ᠲᠣᠰᠬᠤᠨ ᠨᠢ ᠶᠠᠳᠠᠭᠤ ᠠᠴᠠ ᠠᠩᠭᠢᠵᠢᠷᠠᠬᠤ᠂ ᠰᠢᠶᠠᠨ ᠨᠢ ᠶᠠᠳᠠᠭᠤ ᠠᠴᠠ ᠠᠩᠭᠢᠵᠢᠷᠠᠬᠤ︾ ᠬᠠᠷᠠᠯᠲᠠ ᠶᠢᠨ ᠲᠣᠭᠤᠷᠢᠨ ᠳᠤ᠂ ᠦᠢᠯᠡᠳᠪᠦᠷᠢᠯᠡᠯ ᠤᠨ ᠨᠥᠬᠦᠴᠡᠯ ᠲᠠᠢ ᠪᠥᠭᠡᠳ ᠬᠥᠳᠡᠯᠮᠦᠷᠢᠯᠡᠬᠦ ᠴᠢᠳᠠᠪᠤᠷᠢ ᠲᠠᠢ᠂ ᠬᠥᠭᠵᠢᠯᠲᠡ ᠶᠢᠨ ᠬᠦᠰᠡᠯ ᠡᠷᠡᠮᠡᠯᠵᠡᠯ ᠲᠠᠢ ᠲᠠᠩᠰᠠᠯᠠᠵᠥ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠳᠤ ᠴᠢᠭᠯᠡᠭᠦᠯᠵᠦ᠂ ︽ᠰᠢᠩ ᠡᡁᠧ ᠰᠢᠶᠠᠨ ᠢ ᠡᠷᠦᠭᠡ ᠳᠤ ᠬᠦᠷᠲᠡᠯ᠎ᠡ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠤᠨ ᠠᠵᠢᠯ ᠤᠨ ᠲᠥᠰᠦᠯ︾ ᠢ ᠨᠡᠶᠢᠲᠡᠯᠡᠪᠡ᠃ ᠲᠡᠷᠡᠴᠢᠯᠡᠨ ᠵᠢᠯ ᠳᠠᠷᠠᠭᠠᠯᠠᠨ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠪᠠ ᠰᠢᠶᠠᠨ ᠤ ᠳᠣᠲᠣᠷᠠᠬᠢ ᠠᠵᠤ ᠦᠢᠯᠡᠰ ᠤᠨ ᠪᠠᠶᠢᠷᠢᠰᠢᠯ ᠢ ᠦᠨᠳᠦᠰᠦᠯᠡᠨ ᠲᠡᠭᠦᠯᠳᠡᠷᠵᠢᠭᠦᠯᠵᠦ᠂ ᠨᠥᠬᠦᠪᠥᠷᠢᠯᠡᠵᠦ᠂ ᠡᠷᠦᠬᠡ ᠳᠤ ᠬᠦᠷᠲᠡᠯ᠎ᠡ ︽ᠲᠣᠪᠶᠤᠭ ᠤᠨ ᠬᠡᠯᠪᠡᠷᠢ︾ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠪᠠ᠃      2016 ᠣᠨ ᠠᠴᠠ ᠨᠠᠰᠢ ︽ᠲᠣᠪᠶᠤᠭ ᠤᠨ ᠮᠠᠶ᠋ᠢᠭ︾ ᠤᠨ ᠲᠥᠷᠥᠯ ᠵᠤᠶᠢᠯ ᠤᠨ ᠨᠥᠬᠦᠪᠥᠷᠢ ᠶᠢᠨ ᠪᠠᠯᠠ ᠮᠥᠩᠭᠦ ᠶᠢ ᠨᠡᠶᠢᠲᠡ 1.7 ᠳ᠋ᠦᠩᠰᠢᠭᠤᠷ ᠲᠥᠭᠦᠷᠢᠭ ᠣᠷᠣᠭᠤᠯᠵᠤ᠂ ᠨᠡᠶᠢᠲᠡ 6 ᠲᠦᠮᠡ ᠭᠠᠷᠤᠶ ᠬᠥᠮᠦᠨ ᠤᠳᠠᠭ᠎ᠠ ᠠᠰᠢᠭ ᠭᠥᠷᠳᠡᠵᠦ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ 2600 ᠲᠥᠭᠦᠷᠢᠭ ᠠᠴᠠ ᠳᠡᠭᠡᠭᠰᠢ ᠨᠡᠮᠡᠭᠳᠡᠪᠡ᠂ ︽ᠲᠣᠪᠶᠤᠭ ᠤᠨ ᠮᠠᠶ᠋ᠢᠭ︾ ᠤᠨ ᠲᠡᠳᠬᠦᠨ ᠳᠡᠮᠵᠢᠬᠦ ᠲᠥᠷᠥᠯ ᠵᠤᠶᠢᠯ ᠨᠢ ᠶᠠᠳᠠᠭᠤ ᠬᠦᠴᠢᠷᠳᠡᠯᠲᠡᠶ ᠬᠥᠮᠦᠰ ᠤᠨ ᠣᠷᠣᠯᠭ᠎ᠠ ᠶᠢ ᠲᠦᠷᠭᠡᠨ ᠢᠶᠠᠷ ᠨᠡᠮᠡᠭᠳᠡᠭᠦᠯᠦᠨ᠂ ᠶᠠᠳᠠᠭᠤ ᠠᠴᠠ ᠲᠦᠷᠭᠡᠬᠡᠨ ᠠᠩᠭᠢᠵᠢᠷᠠᠭᠤᠯᠵᠤ᠂ ᠣᠷᠣᠯᠭ᠎ᠠ ᠶᠢ ᠨᠢ ᠲᠦᠷᠭᠡᠨ ᠨᠡᠮᠡᠭᠳᠡᠭᠦᠯᠬᠦ ᠶᠢ ᠪᠡᠶᠡᠯᠡᠭᠦᠯᠬᠦ ᠳᠤ ᠦᠷ᠎ᠡ ᠪᠦᠲᠦᠮᠵᠢ ᠲᠠᠢ᠂ ᠣᠷᠳᠣ ᠬᠤᠭᠤᠴᠠᠭ᠎ᠠ ᠪᠠᠷ ᠬᠥᠭᠵᠢᠭᠦᠯᠬᠦ ᠳᠤ ᠨᠥᠭᠡᠴᠡ ᠬᠦᠴᠦᠨ ᠲᠠᠢ ᠪᠠᠶᠢᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠳᠤ ᠮᠠᠰᠢ ᠴᠢᠬᠤᠯᠠ ᠤᠶᠢᠯᠡᠳᠤᠯ ᠲᠠᠢ ᠶᠤᠮ᠃                                         ᠣᠷᠴᠢᠭᠤᠯᠤᠭᠴᠢ  ᠄  ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3