ᠥᠪᠡᠷ ᠤᠨ ᠳᠠᠪᠠᠭᠤᠯᠢᠭ ᠲᠠᠭᠠᠨ ᠲᠦᠰᠢᠭᠯᠡᠨ ᠲᠠᠪᠤᠨ ᠶᠡᠭᠡ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ ᠠᠩᠬᠠᠨ ᠤ ᠠᠯᠬᠤᠮ ᠢᠶᠠᠨ ᠰᠠᠶᠢᠲᠤᠷ ᠠᠯᠬᠤᠬᠤ ᠬᠡᠷᠡᠭᠲᠡᠶ᠃
ᠨᠡᠶᠢᠲᠡᠯᠡᠭᠰᠡᠨ ᠴᠠᠭ᠄
2021/1/28
ᠭᠤᠣᠯ ᠰᠡᠳᠦᠪ  ᠄    ᠥᠪᠡᠷ ᠤᠨ ᠳᠠᠪᠠᠭᠤᠯᠢᠭ ᠲᠠᠭᠠᠨ ᠲᠦᠰᠢᠭᠯᠡᠨ ᠲᠠᠪᠤᠨ ᠶᠡᠭᠡ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ ᠠᠩᠬᠠᠨ ᠤ ᠠᠯᠬᠤᠮ ᠢᠶᠠᠨ ᠰᠠᠶᠢᠲᠤᠷ ᠠᠯᠬᠤᠬᠤ ᠬᠡᠷᠡᠭᠲᠡᠶ᠃ ᠴᠠᠭ᠄       2021 ᠣᠨ ᠤ 1 ᠰᠠᠷ᠎ᠠ ᠶᠢᠨ 19 ᠤ ᠡᠳᠦᠷ ᠵᠣᠴᠢᠨ  ᠄       ᠰᠢᠶᠠᠨ ᠤ ᠨᠠᠮ ᠤᠨ ᠬᠤᠷᠢᠶᠠᠨ ᠤ ᠱᠦᠵᠢ ᠹᠦ᠋ ᠬᠠᠢ ᠴᠢᠩ ᠲᠣᠪᠴᠢᠯᠠᠯ᠄     ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠠᠴᠠ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠦᠨᠡᠨ ᠬᠦ ᠬᠤᠪᠢᠷᠠᠭᠤᠯᠵᠤ᠂ ᠬᠦᠢᠰᠦ ᠪᠣᠯᠬᠤ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠷᠣᠨ ᠪᠦᠰᠡ ᠶᠢᠨ ᠠᠵᠤ ᠠᠬᠤᠶ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠣᠶᠣᠯ᠂ ᠵᠢᠭᠤᠯᠴᠢᠯᠠᠯ ᠪᠠ ᠡᠷᠡᠭᠦᠯᠵᠢᠯ ᠰᠤᠪᠢᠯᠠᠯᠲᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠦ ᠳᠤᠷᠠᠳᠴᠠᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠢᠨ᠎ᠡ ᠭᠠᠷᠤᠭ᠎ᠠ ᠳᠤ᠂ ᠰᠢᠩ ᠾᠧ ᠰᠢᠶᠠᠨ ᠬᠡᠷᠬᠢᠨ ᠲᠣᠰ ᠪᠡᠶ᠎ᠡ ᠶᠢᠨ ᠳᠠᠪᠠᠭᠤᠯᠢᠭ ᠲᠠᠭᠠᠨ ᠲᠦᠰᠢᠭᠯᠡᠵᠦ᠂ ᠲᠠᠪᠤᠨ ᠰᠠᠭᠤᠷᠢᠨ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ ᠦᠢᠯᠡᠴᠢᠯᠡᠬᠦ ᠳᠤᠮᠳᠠ ᠪᠠᠲᠤ ᠪᠠᠬᠢ ᠠᠩᠬᠠᠨ ᠤ ᠠᠯᠬᠤᠮ ᠢ ᠠᠯᠬᠤᠬᠤ ᠪᠣᠶ︖ ᠭᠡᠵᠦ ᠰᠢᠩ ᠾᠧ ᠰᠢᠶᠠᠨ ᠤ ᠨᠠᠮ ᠤᠨ ᠬᠤᠷᠢᠶᠠᠨ ᠤ ᠱᠦᠵᠢ ᠹᠦ᠋ ᠬᠠᠢ ᠴᠢᠩ ᠬᠡᠯᠡᠪᠡ᠃ᠰᠤᠷᠪᠤᠯᠵᠢᠯᠠᠭᠴᠢ᠄       ᠹᠦ᠋ ᠱᠦᠵᠢ ᠰᠠᠶᠢᠨ ᠤᠤ︕ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠠᠴᠠ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠦᠨᠡᠨ ᠬᠦ ᠬᠤᠪᠢᠷᠠᠭᠤᠯᠵᠤ᠂ ᠬᠦᠢᠰᠦ ᠪᠣᠯᠬᠤ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠷᠣᠨ ᠪᠦᠰᠡ ᠶᠢᠨ ᠠᠵᠤ ᠠᠬᠤᠶ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠣᠶᠣᠯ᠂ ᠵᠢᠭᠤᠯᠴᠢᠯᠠᠯ ᠪᠠ ᠡᠷᠡᠭᠦᠯᠵᠢᠯ ᠰᠤᠪᠢᠯᠠᠯᠲᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠦ ᠳᠤᠷᠠᠳᠴᠠᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠢᠨ᠎ᠡ ᠭᠠᠷᠤᠭ᠎ᠠ ᠳᠤ ᠵᠣᠭᠰᠣᠵᠤ᠂ ᠰᠢᠩ ᠾᠧ ᠰᠢᠶᠠᠨ ᠬᠡᠷᠬᠢᠨ ᠲᠣᠰ ᠪᠡᠶ᠎ᠡ ᠶᠢᠨ ᠳᠠᠪᠠᠭᠤᠯᠢᠭ ᠲᠠᠭᠠᠨ ᠲᠦᠰᠢᠭᠯᠡᠵᠦ᠂ ᠲᠠᠪᠤᠨ ᠰᠠᠭᠤᠷᠢᠨ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ ᠦᠢᠯᠡᠴᠢᠯᠡᠬᠦ ᠳᠤᠮᠳᠠ ᠯᠠᠪᠳᠠᠭᠤᠨ ᠪᠠᠲᠤᠲᠠᠶ ᠠᠩᠬᠠᠨ ᠤ ᠠᠯᠬᠤᠮ ᠢ ᠠᠯᠬᠤᠬᠤ ᠲᠤᠬᠠᠶ ᠶᠠᠷᠢᠭᠠᠳ ᠥᠭᠭᠦᠨ᠎ᠡ  ᠤᠤ︖    ︵ᠰᠢᠩ ᠡᡁᠧ ᠰᠢᠶᠠᠨ ᠪᠣᠯ ᠥᠪᠡᠷᠲᠡᠭᠡᠨ ᠵᠠᠰᠠᠬᠤ ᠣᠷᠣᠨ ᠠᠴᠠ ᠨᠡᠶᠢᠰᠯᠡᠯ ᠠᠴᠠ ᠬᠠᠮᠤᠭ ᠤᠨ ᠤᠢᠢᠷ᠎ᠠ ᠪᠠᠶᠢᠭ᠎ᠠ ᠰᠢᠶᠠᠨ ᠪᠣᠯᠬᠤ ᠪᠠᠷ ᠪᠠᠷᠠᠬᠤ ᠦᠬᠡᠢ᠂ ᠨᠡᠩ ᠴᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠬᠡᠬᠡᠯᠳᠡ ᠶᠢᠨ ᠡᠮᠦᠨ᠎ᠡ ᠡᠭᠦᠳᠡ ᠪᠣᠯᠤᠨ᠎ᠠ᠂ ᠪᠡᠭᠡᠵᠢᠩ ᠲᠢᠶᠠᠨᠵᠢᠨ ᠡᡁᠧᠪᠸᠢ᠂ ᠤᠯᠠᠭᠠᠨᠴᠠᠪ ᠳ᠋ᠠᠲ᠋ᠦ᠋ᠩ ᠤᠨ ᠠᠵᠤ ᠠᠬᠤᠢ ᠶᠢᠨ ᠬᠦᠷᠢᠶᠡᠨ ᠤ ᠨᠥᠯᠥᠭᠡᠯᠡᠯ ᠢᠶᠠᠷ ᠶᠡᠭᠡ᠂ ᠳᠤᠪᠤᠶᠢᠮ᠎ᠠ ᠣᠷᠣᠨ ᠪᠠᠶᠢᠷᠢ ᠶᠢᠨ ᠳᠠᠪᠠᠭᠤᠯᠢᠭ ᠲᠠᠢ ᠶᠤᠮ᠃ ᠤᠢᠢᠷ᠎ᠠ ᠶᠢᠨ ᠵᠢᠯ ᠠᠴᠠ᠂ ᠰᠢᠩ ᠾᠧ ᠰᠢᠶᠠᠨ ᠲᠤᠰ ᠪᠡᠶ᠎ᠡ ᠶᠢᠨ ᠳᠠᠪᠠᠭᠤᠯᠢᠭ ᠲᠠᠭᠠᠨ ᠲᠦᠰᠢᠭᠯᠡᠵᠦ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ ᠳᠤ ᠢᠳᠡᠪᠬᠢᠲᠡᠢ ᠠᠭᠤᠰᠤᠯᠴᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠰᠢᠩ ᠾᠧ ᠰᠢᠶᠠᠨ ᠦᠷᠭᠦᠯᠵᠢᠯᠡᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ᠂ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠡᠭᠡᠵᠢᠩ ᠲᠢᠶᠠᠨᠵᠢᠨ ᠣᠷᠣᠨ ᠳᠤ ᠬᠠᠨᠳᠤᠭᠤᠯᠤᠭᠰᠠᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ᠂ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠤᠨ ᠳᠣᠲᠣᠭᠠᠳᠤ ᠠᠷᠠᠯᠵᠢᠶᠠᠨ ᠤ ᠪᠠᠷᠠᠭᠠᠨ ᠤ ᠭᠦᠢᠯᠭᠡᠭᠡ ᠶᠢᠨ ᠵᠠᠩᠭᠢᠯᠠᠭ᠎ᠠ ᠶᠢᠨ ᠴᠡᠭ ᠪᠣᠯᠤᠨ ᠪᠠᠷᠠᠭᠠᠨ ᠤ ᠭᠦᠢᠯᠭᠡᠭᠡ ᠶᠢᠨ ᠲᠥᠪᠯᠡᠷᠡᠭᠦᠯᠦᠨ ᠲᠠᠷᠬᠠᠭᠠᠬᠤ ᠰᠠᠭᠤᠷᠢᠨ ᠵᠢᠴᠢ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠪᠠ ᠠᠵᠤ ᠦᠢᠯᠡᠰ ᠤᠨ ᠰᠢᠯᠵᠢᠯᠲᠡ ᠶᠢᠨ ᠰᠠᠭᠤᠷᠢᠨ ᠢ ᠪᠥᠲᠥᠭᠡᠨ ᠪᠠᠶᠢᠭᠤᠯᠤᠨ᠎ᠠ᠃︶᠃ᠹᠦ᠋ ᠬᠠᠢ ᠴᠢᠩ᠄      ᠰᠢᠩ ᠾᠧ ᠰᠢᠶᠠᠨ ᠨᠡᠶᠢᠰᠯᠡᠯ ᠪᠡᠭᠡᠵᠢᠩ ᠳᠤ ᠬᠠᠨᠳᠤᠭᠤᠯᠤᠭᠰᠠᠨ ᠲᠥᠪ ᠲᠣᠭᠤᠭᠠᠨ ᠬᠡᠷ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠬᠢᠵᠦ᠂ ᠲᠠᠪᠤᠨ ᠵᠢᠯ ᠤᠨ ᠴᠢᠷᠮᠠᠶᠢᠯᠭ᠎ᠠ ᠪᠠᠷ ᠳᠡᠮᠵᠢᠨ ᠰᠢᠩ ᠾᠧ ᠰᠢᠶᠠᠨ ᠢ ᠳᠣᠲᠣᠭᠠᠳᠤ ᠳᠠᠭᠠᠨ ᠣᠷᠣᠭᠤᠯᠤᠨ ᠭᠠᠳᠠᠭᠰᠢ ᠬᠤᠯᠪᠣᠭᠠᠯᠠᠭᠰᠠᠨ᠂ ᠪᠡᠭᠡᠵᠢᠩ ᠳᠤ ᠦᠢᠯᠡᠴᠢᠯᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠳᠠᠷᠢᠬᠤ᠂ ᠪᠣᠷᠣᠯᠠᠭᠤᠯᠬᠤ᠂ ᠠᠷᠠᠯᠵᠢᠶᠠᠯᠠᠬᠤ᠂ ᠬᠦᠢᠲᠡᠨ ᠬᠡᠯᠬᠢᠶᠡᠲᠦ ᠲᠣᠬᠢᠷᠠᠭᠤᠯᠤᠨ ᠬᠦᠷᠭᠡᠬᠦ ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠪᠠ ᠦᠢᠯᠡᠴᠢᠯᠡᠭᠡᠨ ᠤ ᠰᠠᠭᠤᠷᠢᠨ ᠪᠣᠯᠭᠠᠨ ᠪᠥᠲᠥᠭᠡᠨ ᠪᠠᠶᠢᠭᠤᠯᠤᠨ᠎ᠠ᠃ ᠤᠮᠠᠷᠠᠲᠤ ᠣᠷᠣᠨ ᠳᠤ ᠬᠠᠨᠳᠤᠭᠤᠯᠤᠭᠰᠠᠨ᠂ ᠪᠡᠭᠡᠵᠢᠩ ᠳᠤ ᠦᠢᠯᠡᠴᠢᠯᠡᠭᠰᠡᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠤᠳᠠ ᠶᠢ ᠴᠣᠭᠴᠠᠯᠠᠵᠤ᠂ ᠰᠢᠩ ᠡᡁᠧ ᠰᠢᠶᠠᠨ ᠤ ᠤᠳᠤ ᠶᠢᠨ ᠪᠠᠶᠢᠭ᠎ᠠ ᠮᠢᠶᠣᠣ ᠯᠢᠶᠠᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠣᠯᠤᠨ ᠰᠢᠩ ᠡᡁᠧ ᠰᠢᠶᠠᠨ ᠤ ᠤᠯᠠᠮᠵᠢᠯᠠᠯᠲᠤ ᠲᠡᠭᠡᠭᠡᠪᠦᠷᠢ ᠶᠢᠨ ᠦᠢᠯᠡᠰ ᠤᠨ ᠳᠠᠪᠠᠭᠤᠯᠢᠭ ᠲᠤ ᠲᠦᠰᠢᠭᠯᠡᠵᠦ᠂ ᠰᠢᠩ ᠡᡁᠧ ᠰᠢᠶᠠᠨ ᠪᠣᠯᠤᠨ ᠮᠠᠨ ᠤ ᠤᠯᠠᠭᠠᠨᠴᠠᠪ ᠬᠤᠳᠠ ᠶᠢᠨ ᠨᠢᠭᠡ ᠪᠦᠰᠡ ᠨᠢᠭᠡ ᠵᠠᠮ ᠤᠨ ᠪᠦᠳᠦᠭᠡᠨ ᠪᠠᠶᠢᠭᠤᠯᠤᠯᠲᠠ ᠶᠢ ᠤᠶᠠᠯᠳᠤᠭᠤᠯᠵᠤ᠂ ᠤᠯᠠᠭᠠᠨᠴᠠᠪ ᠬᠤᠳᠠ ᠶᠢᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠤᠳᠠ ᠶᠢᠨ ᠪᠦᠬᠦᠯᠢ ᠴᠣᠭᠴᠠ ᠶᠢᠨ ᠪᠠᠶᠢᠷᠢᠰᠢᠯ ᠳᠤ ᠴᠢᠷᠮᠠᠶᠢᠨ ᠠᠭᠤᠰᠤᠯᠴᠠᠨ᠎ᠠ᠃     ︵ᠰᠢᠩ ᠾᠧ ᠰᠢᠶᠠᠨ ᠤ ᠬᠢᠯᠢ ᠳᠤ ᠴᠠᠷ ᠨᠠᠭᠤᠷ᠂ ᠰᠤᠮᠤᠨ ᠠᠭᠤᠯᠠ᠂ ᠳᠠᠯᠠᠨ ᠬᠠᠷ᠎ᠠ ᠠᠭᠤᠯᠠ ᠵᠡᠷᠭᠡ ᠣᠯᠠᠨ ᠪᠠᠶᠢᠭᠠᠯᠢ ᠶᠢᠨ ᠦᠵᠡᠮᠵᠢ ᠶᠢᠨ ᠣᠷᠣᠨ ᠲᠠᠢ ᠪᠠᠶᠢᠵᠤ᠂ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠢᠳᠠᠭ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠰᠢᠩ ᠾᠧ ᠰᠢᠶᠠᠨ ᠨᠡᠶᠢᠰᠯᠡᠯ ᠳᠤ ᠬᠠᠨᠳᠤᠭᠤᠯᠤᠭᠰᠠᠨ ᠳᠥᠷᠪᠡᠨ ᠤᠯᠠᠷᠢᠯ ᠤᠨ ᠵᠢᠭᠤᠯᠴᠢᠯᠠᠯ᠂ ᠪᠥᠬᠦ ᠴᠠᠷᠠᠭᠠᠨ ᠤ ᠵᠢᠭᠤᠯᠴᠢᠯᠠᠯ ᠠᠮᠠᠷᠠᠯᠲᠠ ᠶᠢᠨ ᠰᠠᠭᠤᠷᠢᠨ ᠢ ᠢᠳᠡᠪᠬᠢᠲᠡᠶ ᠪᠠᠶᠢᠭᠤᠯᠬᠤ ᠪᠣᠯᠤᠨ᠎ᠠ᠃ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠡᠭᠡᠭᠡᠨ ᠬᠥᠭᠵᠢᠭᠦᠯᠵᠦ᠂ ︽ᠵᠢᠭᠤᠯᠴᠢᠯᠠᠯ +︾᠂ ︽ᠠᠮᠢ ᠠᠬᠤᠶ +︾ ᠪᠠᠷ ᠬᠥᠳᠡᠭᠡ ᠲᠣᠰᠬᠤᠨ ᠤ ᠵᠢᠭᠤᠯᠴᠢᠯᠠᠯ᠂ ᠬᠤᠪᠢᠰᠬᠠᠯᠲᠤ ᠵᠢᠭᠤᠯᠴᠢᠯᠠᠯ ᠵᠡᠷᠭᠡ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠵᠦ᠂ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠮ ᠶᠠᠪᠤᠪᠠᠯ ᠤᠯᠠᠭᠠᠨᠴᠠᠪ ᠪᠣᠯᠬᠤ︾ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠤᠯᠠᠮ ᠨᠢᠭᠡ ᠠᠯᠬᠤᠮ ᠭᠡᠷᠡᠯᠲᠦᠭᠦᠯᠦᠨ᠎ᠡ᠃︶᠃ᠹᠦ᠋ ᠬᠠᠢ ᠴᠢᠩ᠄     ᠰᠤᠮᠤᠨ ᠠᠭᠤᠯᠠ ᠢᠢᠨ 5 A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠨ᠂ ᠰᠢᠩ ᠾᠧ ᠰᠢᠶᠠᠨ ᠤ ᠤᠳᠤ ᠪᠠᠶᠢᠭ᠎ᠠ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠢᠭᠤᠯᠴᠢᠯᠠᠯ ᠣᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢ ᠢᠳᠡᠪᠬᠢᠲᠡᠢ ᠴᠢᠩᠭᠠᠳᠬᠠᠨ᠂ ᠢᠳᠡᠵᠦ ᠤᠤᠭᠤᠬᠤ ᠶᠠᠪᠤᠵᠤ ᠰᠠᠭᠤᠬᠤ᠂ ᠵᠤᠭᠠᠴᠠᠵᠤ ᠬᠤᠳᠠᠯᠳᠤᠨ ᠠᠪᠴᠤ ᠴᠡᠩᠭᠡᠯᠳᠦᠬᠦ ᠶᠢ ᠨᠢᠭᠡ ᠴᠤᠭᠴᠠᠵᠢᠭᠤᠯᠤᠭᠰᠠᠨ ᠨᠠᠰᠤᠵᠢᠯ ᠪᠡᠶ᠎ᠡ ᠰᠤᠪᠢᠯᠠᠬᠤ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃    ︵ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠬᠦ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠢᠩ ᠾᠧ ᠰᠢᠶᠠᠨ ᠤ ᠪᠠᠶᠢᠷᠢᠯᠠᠭᠤᠯᠤᠯᠲᠠ ᠶᠢᠨ ᠭᠤᠤᠯᠳᠠᠯᠭ᠎ᠠ ᠲᠠᠢ ᠠᠵᠢᠯ ᠤᠨ ᠨᠢᠭᠡ ᠪᠣᠯᠤᠨ᠎ᠠ᠃ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ ᠶᠢᠨ ᠲᠥᠯᠥᠭᠡ᠂ ᠰᠢᠩ ᠾᠧ ᠰᠢᠶᠠᠨ ᠠᠵᠤ ᠦᠢᠯᠡᠰ ᠤᠨ ᠪᠦᠲᠦᠴᠡ ᠶᠢᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠠᠯᠬᠤᠴᠠ ᠶᠢ ᠲᠦᠷᠭᠡᠳᠬᠡᠵᠦ᠂ ᠪᠠᠯ ᠴᠢᠯᠠᠭᠤ᠂ ᠨᠡᠭᠦᠷᠡᠰᠦᠲᠥ᠋ᠷᠥᠭᠴᠢ ᠵᠡᠷᠭᠡ ᠤᠯᠠᠮᠵᠢᠯᠠᠯᠲᠤ ᠠᠵᠤ ᠦᠢᠯᠡᠰ ᠲᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠱᠠᠯᠠᠪᠳᠠᠨ ᠬᠢᠵᠦ᠂ ᠰᠠᠯᠬᠢᠨ ᠬᠦᠴᠦᠨ ᠤ ᠴᠠᠬᠢᠯᠭᠠᠨ᠂ ᠪᠠᠶᠢᠭᠠᠯᠢ ᠶᠢᠨ ᠰᠢᠲᠠᠮᠠᠬᠠᠶ ᠬᠡᠶ᠂ ᠬᠡᠷᠡᠯ ᠴᠡᠨᠡᠭ ᠤᠨ ᠣᠯᠠᠨ ᠡᠰᠢᠲᠦ ᠬᠥᠭᠵᠢᠯᠲᠡ᠂ ᠪᠦᠲᠦᠴᠡ ᠬᠠᠷᠢᠯᠴᠠᠨ ᠨᠥᠬᠦᠪᠥᠷᠢᠯᠡᠭᠰᠡᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠶᠢᠷᠢᠰᠢᠯ ᠢ ᠢᠳᠡᠪᠬᠢᠲᠡᠶ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃︶᠃ ᠹᠦ᠋ ᠬᠠᠢ ᠴᠢᠩ᠄      ᠨᠢᠭᠡ ᠪᠦᠯᠦᠭ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠵᠦ᠂ ᠢᠯᠠᠩᠭᠤᠶ᠎ᠠ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠴᠢᠩᠳᠠᠯᠠᠵᠤ᠂ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠢ ᠴᠢᠩᠳᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠴᠠᠪ ᠬᠤᠲᠠ ᠠᠴᠠ ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠤᠨ ᠬᠠᠷᠠᠯᠲᠠ ᠶᠢ ᠢᠳᠡᠪᠬᠢᠲᠡᠶ ᠪᠡᠶᠡᠯᠡᠭᠦᠯᠵᠦ ᠂ ᠰᠢᠨ᠎ᠡ ᠪᠠᠷ ᠪᠠᠶᠢᠭᠤᠯᠬᠤ ᠲᠥᠷᠥᠯ ᠵᠦᠶ᠋ᠯ ᠤᠨ ᠬᠠᠮᠢᠶᠠᠷᠤᠯᠲᠠ ᠶᠢ ᠴᠢᠩᠳᠠᠯᠠᠵᠤ᠂ ᠪᠣᠬᠢᠷᠲᠤᠯ ᠥᠬᠡᠶ ᠠᠵᠤ ᠠᠬᠤᠶ ᠶᠢᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠨᠡᠮᠡᠭᠳᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠳᠤ᠂ ᠰᠢᠩ ᠾᠧ ᠰᠢᠶᠠᠨ ᠤ ᠠᠵᠤ ᠦᠢᠯᠡᠰ ᠤᠨ ᠪᠦᠲᠦᠴᠡ ᠶᠢ ᠲᠣᠬᠢᠷᠠᠭᠤᠯᠵᠤ᠂ ᠠᠵᠤ ᠦᠢᠯᠡᠰ ᠤᠨ ᠲᠠᠰ ᠳᠡᠪᠰᠢᠬᠦ ᠲᠠᠯ᠎ᠠ ᠪᠠᠷ ᠰᠢᠨ᠎ᠡ ᠠᠯᠬᠤᠮ ᠢ ᠠᠯᠬᠤᠬᠤ ᠪᠠᠷ ᠴᠢᠷᠮᠠᠶᠢᠨ᠎ᠠ᠃ᠰᠤᠷᠪᠤᠯᠵᠢᠯᠠᠭᠴᠢ᠄       ᠹᠦ᠋ ᠱᠦᠵᠢ ᠮᠠᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ ᠲᠠᠯᠠᠷᠬᠠᠵᠤ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠠᠨᠳᠠ ᠨᠠᠷ ᠳᠠᠬᠢᠭᠠᠳ ᠠᠭᠤᠯᠵᠠᠶ᠎ᠠ᠃                                                                   ᠣᠷᠴᠢᠭᠤᠯᠤᠭᠴᠢ᠄ ᠡᠷᠳᠡᠨᠢᠭᠤᠸ᠎ᠠ   ᠨᠠᠷᠠᠰᠤ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3