1 ᠰᠠᠷ᠎ᠠ ᠶᠢᠨ 4 ᠤ ᠡᠳᠦᠷ ᠴᠠᠩ ᠳ᠋ᠠ ᠸᠧᠶ ᠴᠧᠩ ᠭᠤᠸᠠᠨ ᠪᠠᠯᠭᠠᠰᠤᠨ ᠳᠤ ᠭᠦᠨᠵᠡᠭᠡᠶᠢᠷᠡᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠠᠵᠢᠯ ᠥᠷᠨᠢᠭᠦᠯᠪᠡ᠃ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠸᠠᠨ ᠢ ᠶᠢᠨ ᠂ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠠᠩ ᠵᠧᠨ ᠳ᠋ᠦᠩ᠂ ᠵᠠᠰᠠᠭ ᠤᠨ ᠣᠷᠳᠣᠨ ᠤ ᠠᠯᠪᠠᠨ ᠬᠡᠷ ᠤᠨ | ᠬᠠᠷᠢᠭᠤᠴᠠᠯᠭᠠᠲᠠᠨ ᠣᠷᠣᠯᠴᠠᠪᠠ᠃ | ᠴᠠᠩ ᠳ᠋ᠠ ᠸᠧᠢ ᠨᠠᠷ ᠤᠷᠢᠳ ᠬᠤᠵᠢᠳ ᠴᠧᠩ ᠭᠤᠸᠠᠨ ᠪᠠᠯᠭᠠᠰᠤᠨ ᠤ ᠬᠠ ᠯᠠ ᠭᠧᠦ᠂ ᠰᠢᠨ ᠬᠤᠸᠠ ᠭᠧᠦ | ᠵᠡᠷᠭᠡ ᠲᠣᠰᠬᠤᠨ ᠳᠤ ᠭᠦᠨᠵᠡᠭᠡᠢᠷᠡᠵᠦ᠂ ᠬᠠ ᠯᠠ ᠭᠧᠦ ᠲᠣᠰᠬᠤᠨ ᠳᠤ ᠴᠠᠩ ᠳ᠋ᠠ ᠸᠧᠢ ᠴᠧᠩ ᠭᠤᠸᠠᠨ | ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ | ᠰᠣᠨᠣᠰᠪᠠ᠂ ᠡᠭᠦᠨ ᠤ ᠬᠠᠮᠲᠤ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠺᠠᠳ᠋ᠷ ᠤᠯᠠᠨ ᠲᠦᠮᠡᠨ ᠢ | ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠬᠤᠯᠪᠣᠭᠳᠠᠯ ᠪᠥᠬᠦᠶ ᠰᠢᠶᠠᠩ ᠪᠠᠯᠭᠠᠰᠤᠨ ᠤ ᠰᠠᠯᠠᠭ᠎ᠠ ᠮᠥᠴᠢᠷ ᠲᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠡᠳ᠋ ᠪᠣᠳᠠᠰ ᠤᠨ ᠪᠠᠲᠤᠯᠠᠭ᠎ᠠ ᠂ ᠠᠵᠢᠯᠲᠠᠨ ᠢ | ᠰᠡᠷᠭᠡᠶᠢᠯᠡᠨ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠰᠠᠨᠠᠭᠤᠯᠪᠠ᠃ | ᠴᠠᠩ ᠳ᠋ᠠ ᠸᠧᠢ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠵᠢᠯ ᠢ ᠣᠳᠣᠬᠠᠨ ᠤ ᠬᠠᠮᠤᠭ ᠤᠨ ᠪᠠᠴᠢᠮ᠂ ᠬᠠᠮᠤᠭ ᠤᠨ ᠴᠢᠬᠤᠯᠠ ᠠᠵᠢᠯ ᠪᠣᠯᠭᠠᠬᠤ | ᠬᠡᠷᠡᠭᠲᠡᠶ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠥᠬᠦ ᠬᠦᠴᠦᠨ ᠢᠶᠠᠷ ᠢᠶᠠᠨ ᠡᠭᠦᠷᠭᠡᠯᠡᠵᠦ᠂ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ | ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ︔ ᠰᠢᠶᠠᠩ ᠪᠠᠯᠭᠠᠰᠤᠨ ᠤ ᠨᠠᠮ | ᠵᠠᠰᠠᠭ ᠤᠨ ᠭᠤᠤᠯ ᠬᠠᠷᠢᠭᠤᠴᠠᠯᠭᠠᠲᠠᠨ᠂ ᠤᠳᠤᠷᠢᠳᠬᠤ ᠪᠠᠭ ᠤᠨ ᠪᠦᠷᠢᠯᠳᠦᠬᠦᠨ᠂ ᠭᠠᠴᠠᠭᠠᠨ ᠤ ᠺᠠᠳ᠋ᠷ ᠵᠢᠴᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ ᠬᠠᠮᠢᠶ᠎ᠠ ᠪᠥᠬᠦᠶ ᠬᠥᠮᠦᠰ ᠵᠠᠪᠠᠯ ᠠᠵᠢᠯ ᠤᠨ | ᠪᠠᠶᠢᠷᠢ ᠳᠠᠭᠠᠨ ᠬᠦᠷᠴᠦ ᠪᠣᠳᠠᠲᠠᠶᠢᠵᠢᠭᠤᠯᠬᠤ ᠬᠡᠷᠡᠭᠲᠡᠶ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠲᠡᠶᠢᠨ ᠤ ᠲᠠᠯᠠᠪᠤᠷ ᠲᠤ ᠣᠷᠣᠯᠴᠠᠬᠤ ᠬᠡᠷᠡᠭᠲᠡᠶ︔ ᠬᠤᠯᠪᠣᠭᠳᠠᠯ ᠪᠥᠬᠦᠶ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠬᠡᠪᠰᠢ ᠪᠣᠳᠠᠲᠠᠶ ᠳᠤ ᠨᠠᠶᠢᠳᠠᠪᠤᠷᠢᠵᠢᠭᠤᠯᠤᠨ᠂ ᠱᠠᠭᠠᠷᠳᠠᠯᠭ᠎ᠠ ᠶᠢ | ᠴᠢᠩᠭ᠎ᠠ ᠵᠢᠷᠤᠮᠯᠠᠨ ᠮᠡᠳᠡᠭᠡ ᠵᠠᠩᠭᠢ ᠶᠢᠨ ᠡᠬᠡ ᠲᠠᠩᠰᠠ ᠶᠢ ᠪᠦᠷᠢᠳᠬᠡᠨ ᠲᠠᠭᠯᠠᠬᠤ ᠠᠵᠢᠯ ᠢ ᠰᠠᠶᠢᠲᠤᠷ ᠬᠢᠵᠦ᠂ | ᠭᠤᠤᠯᠳᠠᠯᠭ᠎ᠠ ᠲᠠᠢ ᠡᠲᠡᠭᠡᠳ ᠤᠨ ᠬᠠᠮᠢᠶᠠᠷᠤᠨ ᠡᠵᠡᠮᠳᠡᠬᠦ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠯᠠᠨ | ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ | ᠣᠷᠴᠢᠭᠤᠯᠤᠭᠴᠢ᠄ ᠡᠷᠳᠡᠨᠢᠭᠤᠸ᠎ᠠ ᠨᠠᠷᠠᠰᠤ |