ᠮᠠᠨ ᠤ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ ᠲᠤᠬᠠᠶ ᠶᠢᠨ ᠲᠠᠯᠠᠪᠠᠢ ᠶᠢᠨ ᠠᠯᠪᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/6
    1ᠰᠠᠷ᠎ᠠ ᠶᠢᠨ 5᠎ ᠤ ᠡᠳᠦᠷ᠂ ᠮᠠᠨ ᠤ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ ᠲᠤᠬᠠᠶ ᠶᠢᠨ ᠲᠠᠯᠠᠪᠠᠶ ᠶᠢᠨ ᠠᠯᠪᠠᠨ ᠬᠤᠷᠠᠯ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠬᠥᠩ ᠰᠢᠤ ᠯᠦᠩ ᠬᠤᠷᠠᠯ ᠢ ᠡᠷᠭᠢᠯᠡᠪᠡ᠃ ᠵᠠᠰᠠᠭ ᠤᠨ ᠣᠷᠳᠣᠨ ᠤ ᠠᠯᠪᠠᠨ ᠬᠡᠷ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠢᠲᠠᠳ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠵᠢᠴᠢ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠡᠪᠦᠯ ᠬᠠᠪᠤᠷ ᠤᠨ ᠤᠯᠠᠷᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾᠎ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠶ ᠬᠠᠷᠢᠭᠤ ᠮᠡᠳᠡᠭᠦᠯᠦᠯᠲᠡ ᠬᠢᠪᠠ᠃     ᠬᠥᠩ ᠰᠢᠤ ᠯᠦᠩ ᠲᠠᠷᠠᠭᠠᠴᠢ ᠶᠢᠨ ᠠᠯᠬᠤᠮ ᠤᠨ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ᠂ ᠲᠠᠨᠢᠯᠲᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠢᠮᠠᠭᠲᠠ ᠬᠢᠨᠠᠭᠤᠷ ᠪᠣᠯᠭᠤᠮᠵᠢᠲᠠᠶ ᠰᠠᠶᠢᠲᠤᠷ ᠠᠳᠬᠤᠬᠤ ᠬᠡᠷᠡᠭᠲᠡᠶ᠂ ᠡᠪᠦᠯ ᠬᠠᠪᠤᠷ ᠤᠨ ᠤᠯᠠᠷᠢᠯ ᠪᠣᠯ ᠬᠤᠯᠤᠭᠠᠨ᠎ᠠ ᠶᠢᠨ ᠬᠢᠵᠢᠭ ᠤᠨ ᠪᠠᠶᠢᠳᠠᠯ ᠳᠠᠬᠢᠨ ᠡᠭᠦᠰᠬᠦ ᠶᠢ ᠰᠡᠷᠭᠡᠶᠢᠯᠡᠬᠦ ᠴᠢᠬᠤᠯᠠ ᠴᠠᠭ ᠬᠤᠭᠤᠴᠠᠭ᠎ᠠ ᠪᠣᠯᠤᠨ᠎ᠠ᠂ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ᠂ ᠡᠭᠦᠷᠭᠡ ᠬᠠᠲᠠᠭᠤ ᠪᠡᠷᠬᠡ ᠨᠦᠰᠡᠷ ᠬᠦᠨᠳᠦ ᠪᠠᠶᠢᠨ᠎ᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ ᠡᠯ᠎ᠡ ᠵᠤᠶᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠪᠠᠲᠤᠯᠠᠵᠤ᠂ ᠰᠤᠷᠭᠠᠭᠤᠯᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠪᠣᠯᠤᠨ ᠨᠢᠭᠡᠳᠦᠭᠡᠷ ᠹᠷᠣᠨᠲ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠮᠨᠡᠯᠭᠡ ᠶᠢᠨ ᠬᠤᠷᠢᠶ᠎ᠠ᠂ ᠬᠦᠢᠲᠡᠨ ᠬᠡᠯᠬᠢᠶᠡᠲᠦ ᠢᠳᠡᠭᠡᠨ ᠤ ᠠᠵᠢᠯ ᠡᠷᠭᠢᠯᠡᠭᠰᠡᠳ ᠵᠡᠷᠭᠡ ᠭᠤᠣᠯᠳᠠᠯᠭ᠎ᠠ ᠲᠠᠢ ᠬᠥᠮᠦᠰ ᠢ ᠬᠢᠨᠠᠨ ᠬᠡᠮᠵᠢᠵᠦ ᠬᠠᠷᠭᠤᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠤ ᠰᠢᠶᠠᠨ ᠳᠤ ᠤᠷᠤᠭᠰᠠᠨ ᠬᠥᠮᠦᠰ ᠢ ᠵᠢᠭᠰᠠᠭᠠᠨ ᠪᠠᠶᠢᠴᠠᠭᠠᠬᠤ᠂ ᠮᠥᠷᠳᠡᠬᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠴᠢᠩᠭ᠎ᠠ ᠠᠩᠬᠠᠷᠴᠤ᠂ ᠪᠠᠶᠢᠴᠠᠭᠠᠵᠤ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠪᠦᠷᠢᠨᠰᠢᠬᠦᠯᠤᠨ᠂ ᠪᠣᠯᠪᠠᠰᠤᠷᠠᠯ ᠰᠣᠷᠢᠯᠲᠠ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠡᠮᠴᠢᠯᠡᠭᠡᠨ ᠤ ᠲᠥᠬᠦᠭᠡᠷᠦᠮᠵᠢ᠂ ᠰᠡᠷᠭᠡᠶᠢᠯᠡᠨ ᠬᠠᠮᠠᠭᠠᠯᠠᠬᠤ ᠪᠣᠳᠠᠰ ᠤᠨ ᠨᠥᠭᠡᠴᠡ ᠶᠢ ᠴᠢᠩᠭᠠᠳᠬᠠᠵᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃       ᠬᠤᠷᠠᠯ ᠤᠨ ᠳᠠᠷᠠᠭ᠎ᠠ᠂ ᠭᠦᠩ ᠰᠢᠤ ᠯᠦᠩ ᠨᠠᠷ ᠤᠢᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠰᠠᠯᠠᠭ᠎ᠠ ᠮᠥᠴᠢᠷ᠂ ᠲᠠᠯᠠᠪᠤᠷ ᠭᠠᠵᠠᠷ ᠲᠤ ᠭᠦᠨᠵᠡᠭᠡᠶᠢᠷᠡᠨ ᠱᠠᠯᠠᠪᠳᠠᠭᠤᠯᠤᠨ ᠪᠠᠶᠢᠴᠠᠭᠠᠪᠠ᠃ ᠮᠢᠩ ᠳ᠋ᠦ᠋ ᠲᠤᠰᠠᠭᠠᠷᠯᠠᠬᠤ ᠪᠠᠭᠤᠳᠠᠯ᠂ ᠰᠾᠢ ᠵᠢᠢ ᠬᠤᠸᠠ ᠶᠠᠨ ᠪᠠᠭᠤᠳᠠᠯ᠂ ᠬᠥᠩ ᠰᠢᠤ ᠯᠦᠩ ᠲᠤᠰᠠᠭᠠᠷᠯᠠᠬᠤ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠲᠤᠰᠠᠭᠠᠷᠯᠠᠬᠤ ᠬᠥᠮᠦᠰ ᠤᠨ ᠮᠡᠳᠡᠭᠡ ᠵᠠᠩᠭᠢ ᠶᠢ ᠳᠠᠩᠰᠠᠯᠠᠬᠤ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠪᠠ︔ ᠬᠤᠸ᠋ᠨ ᠯᠢᠶᠠᠨ ᠬᠡᠲᠦ ᠳᠡᠯᠭᠡᠭᠦᠷ᠂ ᠰᠢᠩ ᠯᠦᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠥᠩ ᠰᠢᠤ ᠯᠦᠩ ᠬᠡᠲᠦ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠦᠢᠲᠡᠨ ᠬᠡᠯᠬᠢᠶᠡᠲᠦ ᠢᠳᠡᠭᠡᠨ ᠤ ᠲᠤᠰᠬᠠᠶ ᠯᠠᠩᠭᠦᠶ ᠶᠢᠨ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠪᠠ︔ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ᠂ ᠭᠦᠩ ᠰᠢᠤ ᠯᠦᠩ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠡᠮᠴᠢᠯᠡᠭᠡᠨ ᠤ ᠡᠳ᠋ ᠪᠣᠳᠠᠰ ᠨᠥᠭᠡᠴᠡᠯᠡᠬᠦ᠂ ᠰᠦᠯᠵᠢᠶᠡᠨ ᠳᠡᠭᠡᠷ᠎ᠡ ᠮᠡᠳᠡᠭᠦᠯᠬᠦ᠂ ᠤᠷᠤᠰᠬᠠᠯ ᠤᠨ ᠪᠠᠶᠢᠴᠠᠭᠠᠯᠲᠠ᠂ ᠪᠥᠭᠡᠮ ᠬᠦᠴᠢᠯ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠬᠤ ᠶᠢᠨ ᠬᠠᠮᠲᠤ ᠰᠢᠶᠠᠨ ᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ᠂ ᠭᠤᠷᠪᠠᠨ ᠲᠣᠭᠤᠷᠢᠭ ᠬᠤᠶᠠᠷ ᠵᠠᠮ᠂ ᠪᠥᠭᠡᠮ ᠬᠦᠴᠢᠯ ᠤᠨ ᠲᠤᠷᠰᠢᠯᠲᠠ ᠶᠢᠨ ᠲᠠᠰᠤᠭ᠂ ᠡᠮᠴᠢᠯᠡᠭᠡᠨ ᠤ ᠬᠤᠭ ᠨᠣᠪᠰᠢ ᠪᠣᠬᠢᠷ ᠤᠰᠤ ᠶᠢ ᠥᠭᠡᠷᠡᠴᠢᠯᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠪᠠ᠃                                      ᠢᠷᠡᠯᠲᠡ  ᠄ ᠠᠮᠢᠵᠢᠷᠠᠯ ᠤᠨ ᠬᠦᠴᠦᠨ ᠲᠠᠢ ᠰᠢᠩ ᠾᠧ                      ᠣᠷᠴᠢᠭᠤᠯᠤᠭᠴᠢ᠄ ᠡᠷᠳᠡᠨᠢᠭᠤᠸ᠎ᠠ   ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3