ᠴᠠᠩ ᠳ᠋ᠠ ᠸᠧᠶ ᠴᠧᠩ ᠭᠤᠸᠠᠨ ᠪᠠᠯᠭᠠᠰᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/1/6
      1 ᠰᠠᠷ᠎ᠠ ᠶᠢᠨ 4 ᠤ ᠡᠳᠦᠷ ᠴᠠᠩ ᠳ᠋ᠠ ᠸᠧᠶ ᠴᠧᠩ ᠭᠤᠸᠠᠨ ᠪᠠᠯᠭᠠᠰᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠠᠵᠢᠯ ᠥᠷᠨᠢᠭᠦᠯᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠸᠠᠨ ᠢ ᠶᠢᠨ ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠠᠩ ᠵᠧᠨ ᠳ᠋ᠦᠩ᠂ ᠵᠠᠰᠠᠭ ᠤᠨ ᠣᠷᠳᠣᠨ ᠤ ᠠᠯᠪᠠᠨ ᠬᠡᠷ ᠤᠨ ᠬᠠᠷᠢᠭᠤᠴᠠᠯᠭᠠᠲᠠᠨ ᠣᠷᠣᠯᠴᠠᠪᠠ᠃      ᠴᠠᠩ ᠳ᠋ᠠ ᠸᠧᠢ ᠨᠠᠷ ᠤᠷᠢᠳ ᠬᠤᠵᠢᠳ ᠴᠧᠩ ᠭᠤᠸᠠᠨ ᠪᠠᠯᠭᠠᠰᠤᠨ ᠤ ᠬᠠ ᠯᠠ ᠭᠧᠦ᠂ ᠰᠢᠨ ᠬᠤᠸᠠ ᠭᠧᠦ ᠵᠡᠷᠭᠡ ᠲᠣᠰᠬᠤᠨ ᠳᠤ ᠭᠦᠨᠵᠡᠭᠡᠢᠷᠡᠵᠦ᠂ ᠬᠠ ᠯᠠ ᠭᠧᠦ ᠲᠣᠰᠬᠤᠨ ᠳᠤ ᠴᠠᠩ ᠳ᠋ᠠ ᠸᠧᠢ ᠴᠧᠩ ᠭᠤᠸᠠᠨ ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠰᠣᠨᠣᠰᠪᠠ᠂ ᠡᠭᠦᠨ ᠤ ᠬᠠᠮᠲᠤ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠺᠠᠳ᠋ᠷ ᠤᠯᠠᠨ ᠲᠦᠮᠡᠨ ᠢ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠬᠤᠯᠪᠣᠭᠳᠠᠯ ᠪᠥᠬᠦᠶ ᠰᠢᠶᠠᠩ ᠪᠠᠯᠭᠠᠰᠤᠨ ᠤ ᠰᠠᠯᠠᠭ᠎ᠠ ᠮᠥᠴᠢᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠡᠳ᠋ ᠪᠣᠳᠠᠰ ᠤᠨ ᠪᠠᠲᠤᠯᠠᠭ᠎ᠠ ᠂ ᠠᠵᠢᠯᠲᠠᠨ ᠢ ᠰᠡᠷᠭᠡᠶᠢᠯᠡᠨ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠰᠠᠨᠠᠭᠤᠯᠪᠠ᠃       ᠴᠠᠩ ᠳ᠋ᠠ ᠸᠧᠢ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠳᠣᠬᠠᠨ ᠤ ᠬᠠᠮᠤᠭ ᠤᠨ ᠪᠠᠴᠢᠮ᠂ ᠬᠠᠮᠤᠭ ᠤᠨ ᠴᠢᠬᠤᠯᠠ ᠠᠵᠢᠯ ᠪᠣᠯᠭᠠᠬᠤ ᠬᠡᠷᠡᠭᠲᠡᠶ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠥᠬᠦ ᠬᠦᠴᠦᠨ ᠢᠶᠠᠷ ᠢᠶᠠᠨ ᠡᠭᠦᠷᠭᠡᠯᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ︔ ᠰᠢᠶᠠᠩ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠤᠳᠤᠷᠢᠳᠬᠤ ᠪᠠᠭ ᠤᠨ ᠪᠦᠷᠢᠯᠳᠦᠬᠦᠨ᠂ ᠭᠠᠴᠠᠭᠠᠨ ᠤ ᠺᠠᠳ᠋ᠷ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ ᠬᠠᠮᠢᠶ᠎ᠠ ᠪᠥᠬᠦᠶ ᠬᠥᠮᠦᠰ ᠵᠠᠪᠠᠯ ᠠᠵᠢᠯ ᠤᠨ ᠪᠠᠶᠢᠷᠢ ᠳᠠᠭᠠᠨ ᠬᠦᠷᠴᠦ ᠪᠣᠳᠠᠲᠠᠶᠢᠵᠢᠭᠤᠯᠬᠤ ᠬᠡᠷᠡᠭᠲᠡᠶ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠲᠡᠶᠢᠨ ᠤ ᠲᠠᠯᠠᠪᠤᠷ ᠲᠤ ᠣᠷᠣᠯᠴᠠᠬᠤ ᠬᠡᠷᠡᠭᠲᠡᠶ︔ ᠬᠤᠯᠪᠣᠭᠳᠠᠯ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠬᠡᠪᠰᠢ ᠪᠣᠳᠠᠲᠠᠶ ᠳᠤ ᠨᠠᠶᠢᠳᠠᠪᠤᠷᠢᠵᠢᠭᠤᠯᠤᠨ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠮᠡᠳᠡᠭᠡ ᠵᠠᠩᠭᠢ ᠶᠢᠨ ᠡᠬᠡ ᠲᠠᠩᠰᠠ ᠶᠢ ᠪᠦᠷᠢᠳᠬᠡᠨ ᠲᠠᠭᠯᠠᠬᠤ ᠠᠵᠢᠯ ᠢ ᠰᠠᠶᠢᠲᠤᠷ ᠬᠢᠵᠦ᠂ ᠭᠤᠤᠯᠳᠠᠯᠭ᠎ᠠ ᠲᠠᠢ ᠡᠲᠡᠭᠡᠳ ᠤᠨ ᠬᠠᠮᠢᠶᠠᠷᠤᠨ ᠡᠵᠡᠮᠳᠡᠬᠦ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃                         ᠣᠷᠴᠢᠭᠤᠯᠤᠭᠴᠢ᠄ ᠡᠷᠳᠡᠨᠢᠭᠤᠸ᠎ᠠ   ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3