9 ᠰᠠᠷ᠎ᠠ ᠶᠢᠨ 26 ᠤ ᠡᠳᠦᠷ᠂ ᠦᠨᠳᠦᠰᠦᠲᠡᠨ ᠤ ᠪᠦᠯᠬᠦᠮᠳᠡᠯ ᠰᠢᠶᠠᠩ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠤ ᠦᠢᠯᠡᠰ ᠢ ᠠᠬᠢᠭᠤᠯᠬᠤ ᠲᠤᠬᠠᠶ ᠶᠢᠨ ᠭᠠᠵᠠᠷ ᠤᠨ ᠬᠤᠷᠠᠯ | ᠵᠢᠴᠢ ᠵᠢᠤᠢ ᠬᠤᠩ ᠶᠤᠸᠠᠨ ᠡᠷᠳᠡᠨᠢ ᠰᠢᠰᠢ ᠶᠢᠨ ᠢᠯᠲᠠᠰᠤ ᠳᠠᠷᠤᠬᠤ ᠦᠢᠯᠡᠳᠪᠦᠷᠢᠯᠡᠯ ᠤᠨ ᠱᠤᠭᠤᠮ ᠤᠨ | ᠡᠬᠢᠯᠡᠯᠲᠡ ᠶᠢᠨ ᠶᠣᠰᠣᠯᠠᠯ ᠢ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠤ ᠷᠦᠢ᠂ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠠᠩ | ᠵᠧᠨ ᠳ᠋ᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ ᠢᠦᠢ ᠬᠤᠩ ᠯᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ | ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠰᠢᠶᠤᠤ ᠵᠢᠶᠦ᠋ᠨ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠸᠠᠨ ᠢ ᠶᠢᠨ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ ᠭᠦᠩ ᠰᠢᠤ ᠯᠦᠩ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠦ᠋ ᠯᠢ ᠰᠢᠨ | ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ᠂ ᠠᠵᠤ ᠠᠬᠤᠶᠢᠯᠠᠯ ᠤᠨ | ᠲᠥᠯᠥᠭᠡᠯᠡᠭᠴᠢ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠪᠠ᠃ | | ᠭᠦᠩ ᠰᠢᠤ ᠯᠦᠩ ᠢᠯᠡᠳᠭᠡᠭᠰᠡᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠦᠬᠦ | ᠲᠠᠯ᠎ᠠ ᠶᠢᠨ ᠢᠯᠠᠯᠲᠠ ᠶᠢ ᠣᠯᠤᠭᠰᠠᠨ ᠤ ᠳᠠᠷᠠᠭ᠎ᠠ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ | ᠤ ᠠᠵᠢᠯ ᠤᠨ ᠭᠤᠣᠯᠳᠠᠯᠭ᠎ᠠ ᠪᠠᠨ ᠲᠡᠦᠬᠡᠲᠦ ᠴᠢᠨᠠᠷᠲᠠᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠬᠦ ᠲᠠᠯ᠎ᠠ ᠪᠠᠷ ᠠᠬᠢᠭᠤᠯᠬᠤ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠳᠤ ᠰᠢᠯᠵᠢᠭᠦᠯᠵᠦ᠂ ᠵᠢᠤᠢ ᠬᠤᠩ | ᠶᠤᠸᠠᠨ ᠡᠷᠳᠡᠨᠢ ᠰᠢᠰᠢ ᠪᠣᠯᠪᠠᠰᠤᠷᠠᠭᠤᠯᠬᠤ ᠦᠢᠯᠡᠳᠪᠦᠷᠢ ᠤᠷᠢᠳ ᠢᠶᠠᠷ ᠬᠥᠭᠵᠢᠭᠦᠯᠬᠦ ᠤᠬᠠᠮᠰᠠᠷ ᠢ ᠪᠠᠲᠤ ᠪᠤᠢ | ᠪᠣᠯᠭᠠᠵᠤ᠂ ᠦᠢᠯᠡᠳᠬᠦᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠡᠵᠡᠩᠨᠡᠯᠲᠡ ᠬᠠᠮᠢᠶᠠᠷᠤᠯᠲᠠ ᠪᠠᠨ ᠴᠢᠩᠭᠠᠳᠬᠠᠵᠤ | ᠂ ᠠᠵᠤ ᠠᠬᠤᠢ ᠶᠢᠨ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠠᠵᠤ ᠦᠢᠯᠡᠰ ᠤᠨ ᠵᠠᠬ᠎ᠠ | ᠳᠡᠯᠭᠡᠭᠦᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡᠲᠦ | ᠰᠡᠳᠬᠢᠯᠭᠡ ᠪᠠ ᠤᠬᠠᠮᠰᠠᠷᠲᠤ ᠴᠢᠨᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠷ ᠮᠠᠭᠲᠠᠭᠠᠯ ᠰᠠᠶᠢᠰᠢᠶᠠᠯ | ᠣᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠠᠶᠢᠨ ᠰᠠᠶᠢᠬᠠᠨ ᠲᠦᠷᠢ | ᠲᠥᠷᠬᠦ ᠶᠢ ᠪᠤᠢ ᠪᠣᠯᠭᠠᠬᠤ ᠬᠡᠷᠡᠭᠲᠡᠢ ᠭᠡᠵᠦ ᠢᠯᠡᠳᠬᠡᠪᠡ᠃ ᠬᠥᠳᠡᠭᠡ ᠲᠣᠰᠬᠤᠨ ᠬᠤᠶᠠᠷ ᠱᠠᠲᠤᠨ ᠤ ᠬᠢᠨ ᠴᠦ ︽ | ᠬᠥᠭᠵᠢᠯᠲᠡ ᠪᠠᠷ ᠶᠡᠭᠡ ᠪᠣᠯᠭᠠᠵᠤ᠂ ᠬᠥᠭᠵᠢᠯᠲᠡ ᠪᠠᠷ ᠲᠡᠷᠢᠭᠦᠨ ᠳᠤ ᠲᠠᠯᠪᠢᠵᠤ᠂ ᠬᠥᠭᠵᠢᠯᠲᠡ ᠪᠠᠷ ᠭᠤᠣᠯ ᠪᠣᠯᠭᠠᠬᠤ | ︾ ᠤᠢᠢᠯᠠᠭᠠᠭᠳᠠᠬᠤᠨ ᠢ ᠪᠠᠷᠢᠮᠲᠠᠯᠠᠵᠤ᠂ ᠠᠵᠤ ᠠᠬᠤᠶᠢᠯᠠᠯ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ | ᠲᠣᠭᠤᠷᠢᠨ ᠢ ᠪᠦᠬᠦ ᠬᠦᠴᠦ ᠪᠠᠷ ᠢᠶᠠᠨ ᠪᠠᠶᠢᠭᠤᠯᠵᠤ᠂ ᠦᠨᠡᠨ ᠰᠡᠳᠬᠢᠯ ᠠᠴᠠ ᠪᠠᠨ ᠦᠢᠯᠡᠴᠢᠯᠡᠵᠦ᠂ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠤᠷᠢᠳᠴᠢᠯᠠᠨ ᠦᠢᠯᠡᠴᠢᠯᠡᠵᠦ᠂ ᠵᠢᠦᠢ ᠬᠤᠩ ᠶᠤᠸᠠᠨ ᠡᠷᠳᠡᠨᠢ | ᠰᠢᠰᠢ ᠪᠠᠷ ᠳᠠᠷᠤᠰᠢᠭᠤᠯᠤᠨ ᠬᠥᠭᠵᠢᠨ ᠪᠤᠵᠠᠭᠠᠢᠢᠷᠠᠬᠤ ᠶᠢ ᠢᠳᠡᠪᠬᠢᠲᠡᠢ ᠲᠡᠮᠵᠢᠵᠤ ᠲᠡᠳᠬᠦᠨ ᠳᠡᠮᠵᠢᠬᠦ ᠬᠡᠷᠡᠭᠲᠡᠢ᠃ | ᠡᠭᠦᠨ ᠤ ᠬᠠᠮᠲᠤ᠂ ᠠᠵᠤ ᠠᠬᠤᠶᠢᠯᠠᠯᠲᠠᠨ ᠨᠠᠶᠢᠵᠠ ᠨᠠᠷ ᠮᠢᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ | ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ | ᠬᠦᠰᠡᠵᠦ ᠪᠠᠶᠢᠨ᠎ᠠ᠃ | ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠵᠢᠤᠢ ᠬᠤᠩ ᠶᠤᠸᠠᠨ ᠡᠷᠳᠡᠨᠢ ᠰᠢᠰᠢ ᠶᠢᠨ ᠢᠯᠲᠠᠰᠤ ᠳᠠᠷᠤᠬᠤ | ᠦᠢᠯᠡᠳᠪᠦᠷᠢᠯᠡᠯ ᠤᠨ ᠱᠤᠭᠤᠮ ᠤᠨ ᠡᠬᠢᠯᠡᠯᠲᠡ ᠶᠢᠨ ᠶᠣᠰᠣᠯᠠᠯ ᠳᠤ ᠲᠤᠤᠵᠠ ᠬᠠᠶᠢᠴᠢᠯᠠᠵᠤ ᠥᠭᠪᠡ︔ ᠵᠢᠤᠢ ᠬᠤᠩ | ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠢᠶ᠎ᠠ | ᠪᠥᠬᠦᠶ ᠠᠵᠤ ᠠᠬᠤᠶᠢᠯᠠᠯ ᠲᠠᠢ ᠲᠤᠬᠠᠶ ᠶᠢᠨ ᠲᠠᠯᠠᠪᠠᠶ ᠳᠤ ᠡᠷᠳᠡᠨᠢ ᠰᠢᠰᠢ ᠶᠢᠨ ᠲᠡᠵᠢᠭᠡᠯ ᠪᠣᠷᠳᠤᠭ᠎ᠠ ᠬᠤᠳᠠᠯᠳᠤᠨ | ᠠᠪᠬᠤ ᠪᠠ ᠪᠣᠷᠣᠯᠠᠭᠤᠯᠬᠤ ᠵᠥᠪᠯᠡᠯᠴᠡᠭᠡᠷ ᠤᠨ ᠪᠢᠴᠢᠭ ᠲᠣᠭᠲᠠᠪᠠ︔ ᠶᠣᠰᠣᠯᠠᠯ ᠤᠨ ᠡᠴᠦᠰ ᠲᠤ᠂ ᠰᠢᠶᠠᠨ ᠤ | ᠤᠯᠠᠭᠠᠨᠮᠥ᠋ᠴᠢᠷ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠬᠤᠷᠠᠯ ᠳᠤ ᠣᠷᠣᠯᠴᠠᠭᠰᠠᠨ ᠪᠥᠬᠦ ᠬᠥᠮᠦᠰ ᠡᠷᠳᠡᠨᠢ | ᠰᠢᠰᠢ ᠡᠳ᠋ᠰᠢᠭᠦᠯᠬᠦ ᠦᠢᠯᠡᠪᠦᠷᠢ ᠶᠢ ᠲᠣᠭᠤᠷᠢᠨ ᠦᠵᠡᠪᠡ᠃ | ᠣᠶᠢᠯᠠᠭᠠᠭᠰᠠᠨ ᠢᠶᠠᠷ᠂ ᠵᠢᠤᠢ ᠬᠤᠩ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠣᠳᠣᠬᠠᠨ ᠳᠤ ᠡᠷᠳᠡᠨᠢ ᠰᠢᠰᠢ ᠶᠢ ᠬᠠᠳᠠᠭᠠᠬᠤ ᠰᠤᠪᠤᠷᠭ᠎ᠠ᠂ ᠡᠷᠳᠡᠨᠢ ᠰᠢᠰᠢ ᠶᠢ | ᠳᠠᠷᠤᠰᠢᠭᠤᠯᠬᠤ ᠬᠤᠶᠠᠷ ᠦᠢᠯᠡᠳᠪᠦᠷᠢᠯᠡᠯ ᠤᠨ ᠱᠤᠭᠤᠮ ᠲᠠᠢ᠃ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ | ᠳᠠᠷᠠᠭ᠎ᠠ᠂ ᠡᠷᠳᠡᠨᠢ ᠰᠢᠰᠢ ᠶᠢᠨ ᠢᠯᠲᠠᠰᠤ ᠳᠠᠷᠤᠰᠢᠭᠤᠯᠬᠤ ᠦᠢᠯᠡᠳᠪᠦᠷᠢᠯᠡᠯ ᠤᠨ ᠱᠤᠭᠤᠮ ᠤᠨ ᠵᠢᠯ ᠳᠤ 7 . 2 | ᠲᠦᠮᠡᠨ ᠲᠣᠨ ᠡᠷᠳᠡᠨᠢ ᠰᠢᠰᠢ ᠶᠢᠨ ᠢᠯᠲᠠᠰᠤᠨ ᠪᠣᠷᠳᠤᠭ᠎ᠠ ᠦᠢᠯᠡᠳᠪᠦᠷᠢᠯᠡᠵᠦ᠂ 21000 ᠲᠦᠮᠡᠨ | ᠲᠥᠭᠦᠷᠢᠭ ᠤᠨ ᠪᠣᠷᠣᠯᠠᠭᠤᠯᠭ᠎ᠠ᠂ 110 . 16 ᠲᠦᠮᠡᠨ ᠲᠥᠭᠦᠷᠢᠭ ᠤᠨ ᠥᠷᠲᠡᠭ ᠨᠡᠮᠡᠭᠳᠡᠯ ᠤᠨ ᠭᠠᠶᠢᠯᠢ᠂ | 1185 . 74 ᠲᠦᠮᠡᠨ ᠲᠥᠭᠦᠷᠢᠭ ᠤᠨ ᠵᠢᠯ ᠤᠨ ᠠᠰᠢᠭ ᠬᠤᠨᠵᠢᠪᠣᠷᠢ ᠶᠢ ᠪᠡᠶᠡᠯᠡᠭᠦᠯᠪᠡ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |