ᠦᠨᠳᠦᠰᠦᠲᠡᠨ ᠤ ᠪᠦᠯᠬᠦᠮᠳᠡᠯ ᠰᠢᠶᠠᠩ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠤ ᠦᠢᠯᠡᠰ ᠢ ᠠᠬᠢᠭᠤᠯᠬᠤ ᠲᠤᠬᠠᠶ ᠶᠢᠨ ᠭᠠᠵᠠᠷ ᠤᠨ ᠬᠤᠷᠠᠯ ᠵᠢᠴᠢ ᠵᠢᠦᠢ ᠬᠤᠩ ᠶᠤᠸᠠᠨ ᠡᠷᠳᠡᠨᠢ ᠰᠢᠰᠢ ᠶᠢᠨ ᠢᠯᠲᠠᠰᠤ ᠳᠠᠷᠤᠬᠤ ᠦᠢᠯᠡᠳᠪᠦᠷᠢᠯᠡᠯ ᠤᠨ ᠱᠤᠭᠤᠮ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/10/13
     9 ᠰᠠᠷ᠎ᠠ ᠶᠢᠨ 26 ᠤ ᠡᠳᠦᠷ᠂ ᠦᠨᠳᠦᠰᠦᠲᠡᠨ ᠤ ᠪᠦᠯᠬᠦᠮᠳᠡᠯ ᠰᠢᠶᠠᠩ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠤ ᠦᠢᠯᠡᠰ ᠢ ᠠᠬᠢᠭᠤᠯᠬᠤ ᠲᠤᠬᠠᠶ ᠶᠢᠨ ᠭᠠᠵᠠᠷ ᠤᠨ ᠬᠤᠷᠠᠯ ᠵᠢᠴᠢ ᠵᠢᠤᠢ ᠬᠤᠩ ᠶᠤᠸᠠᠨ ᠡᠷᠳᠡᠨᠢ ᠰᠢᠰᠢ ᠶᠢᠨ ᠢᠯᠲᠠᠰᠤ ᠳᠠᠷᠤᠬᠤ ᠦᠢᠯᠡᠳᠪᠦᠷᠢᠯᠡᠯ ᠤᠨ ᠱᠤᠭᠤᠮ ᠤᠨ ᠡᠬᠢᠯᠡᠯᠲᠡ ᠶᠢᠨ ᠶᠣᠰᠣᠯᠠᠯ ᠢ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠤ ᠷᠦᠢ᠂ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠠᠩ ᠵᠧᠨ ᠳ᠋ᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠢ ᠬᠤᠩ ᠯᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠰᠢᠶᠤᠤ ᠵᠢᠶᠦ᠋ᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠸᠠᠨ ᠢ ᠶᠢᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠩ ᠰᠢᠤ ᠯᠦᠩ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠦ᠋ ᠯᠢ ᠰᠢᠨ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠲᠥᠯᠥᠭᠡᠯᠡᠭᠴᠢ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠪᠠ᠃
      ᠭᠦᠩ ᠰᠢᠤ ᠯᠦᠩ  ᠢᠯᠡᠳᠭᠡᠭᠰᠡᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠦᠬᠦ ᠲᠠᠯ᠎ᠠ ᠶᠢᠨ ᠢᠯᠠᠯᠲᠠ ᠶᠢ ᠣᠯᠤᠭᠰᠠᠨ ᠤ ᠳᠠᠷᠠᠭ᠎ᠠ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠭᠤᠣᠯᠳᠠᠯᠭ᠎ᠠ ᠪᠠᠨ ᠲᠡᠦᠬᠡᠲᠦ ᠴᠢᠨᠠᠷᠲᠠᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠳᠤ ᠰᠢᠯᠵᠢᠭᠦᠯᠵᠦ᠂ ᠵᠢᠤᠢ ᠬᠤᠩ ᠶᠤᠸᠠᠨ ᠡᠷᠳᠡᠨᠢ ᠰᠢᠰᠢ ᠪᠣᠯᠪᠠᠰᠤᠷᠠᠭᠤᠯᠬᠤ ᠦᠢᠯᠡᠳᠪᠦᠷᠢ ᠤᠷᠢᠳ ᠢᠶᠠᠷ ᠬᠥᠭᠵᠢᠭᠦᠯᠬᠦ ᠤᠬᠠᠮᠰᠠᠷ ᠢ ᠪᠠᠲᠤ ᠪᠤᠢ ᠪᠣᠯᠭᠠᠵᠤ᠂ ᠦᠢᠯᠡᠳᠬᠦᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠡᠵᠡᠩᠨᠡᠯᠲᠡ ᠬᠠᠮᠢᠶᠠᠷᠤᠯᠲᠠ ᠪᠠᠨ ᠴᠢᠩᠭᠠᠳᠬᠠᠵᠤ ᠂ ᠠᠵᠤ ᠠᠬᠤᠢ ᠶᠢᠨ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠠᠵᠤ ᠦᠢᠯᠡᠰ ᠤᠨ ᠵᠠᠬ᠎ᠠ ᠳᠡᠯᠭᠡᠭᠦᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡᠲᠦ ᠰᠡᠳᠬᠢᠯᠭᠡ ᠪᠠ ᠤᠬᠠᠮᠰᠠᠷᠲᠤ ᠴᠢᠨᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠷ ᠮᠠᠭᠲᠠᠭᠠᠯ ᠰᠠᠶᠢᠰᠢᠶᠠᠯ ᠣᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠭᠡᠵᠦ ᠢᠯᠡᠳᠬᠡᠪᠡ᠃ ᠬᠥᠳᠡᠭᠡ ᠲᠣᠰᠬᠤᠨ ᠬᠤᠶᠠᠷ ᠱᠠᠲᠤᠨ ᠤ ᠬᠢᠨ ᠴᠦ ︽ᠬᠥᠭᠵᠢᠯᠲᠡ ᠪᠠᠷ ᠶᠡᠭᠡ ᠪᠣᠯᠭᠠᠵᠤ᠂ ᠬᠥᠭᠵᠢᠯᠲᠡ ᠪᠠᠷ ᠲᠡᠷᠢᠭᠦᠨ ᠳᠤ ᠲᠠᠯᠪᠢᠵᠤ᠂ ᠬᠥᠭᠵᠢᠯᠲᠡ ᠪᠠᠷ ᠭᠤᠣᠯ ᠪᠣᠯᠭᠠᠬᠤ ︾ ᠤᠢᠢᠯᠠᠭᠠᠭᠳᠠᠬᠤᠨ ᠢ ᠪᠠᠷᠢᠮᠲᠠᠯᠠᠵᠤ᠂ ᠠᠵᠤ ᠠᠬᠤᠶᠢᠯᠠᠯ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠬᠦᠴᠦ ᠪᠠᠷ ᠢᠶᠠᠨ ᠪᠠᠶᠢᠭᠤᠯᠵᠤ᠂ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠤᠷᠢᠳᠴᠢᠯᠠᠨ ᠦᠢᠯᠡᠴᠢᠯᠡᠵᠦ᠂ ᠵᠢᠦᠢ ᠬᠤᠩ ᠶᠤᠸᠠᠨ ᠡᠷᠳᠡᠨᠢ ᠰᠢᠰᠢ ᠪᠠᠷ ᠳᠠᠷᠤᠰᠢᠭᠤᠯᠤᠨ ᠬᠥᠭᠵᠢᠨ ᠪᠤᠵᠠᠭᠠᠢᠢᠷᠠᠬᠤ ᠶᠢ ᠢᠳᠡᠪᠬᠢᠲᠡᠢ ᠲᠡᠮᠵᠢᠵᠤ ᠲᠡᠳᠬᠦᠨ ᠳᠡᠮᠵᠢᠬᠦ ᠬᠡᠷᠡᠭᠲᠡᠢ᠃ ᠡᠭᠦᠨ ᠤ ᠬᠠᠮᠲᠤ᠂ ᠠᠵᠤ ᠠᠬᠤᠶᠢᠯᠠᠯᠲᠠᠨ ᠨᠠᠶᠢᠵᠠ ᠨᠠᠷ ᠮᠢᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠬᠦᠰᠡᠵᠦ ᠪᠠᠶᠢᠨ᠎ᠠ᠃      ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠵᠢᠤᠢ ᠬᠤᠩ ᠶᠤᠸᠠᠨ ᠡᠷᠳᠡᠨᠢ ᠰᠢᠰᠢ ᠶᠢᠨ ᠢᠯᠲᠠᠰᠤ ᠳᠠᠷᠤᠬᠤ ᠦᠢᠯᠡᠳᠪᠦᠷᠢᠯᠡᠯ ᠤᠨ ᠱᠤᠭᠤᠮ ᠤᠨ ᠡᠬᠢᠯᠡᠯᠲᠡ ᠶᠢᠨ ᠶᠣᠰᠣᠯᠠᠯ ᠳᠤ ᠲᠤᠤᠵᠠ ᠬᠠᠶᠢᠴᠢᠯᠠᠵᠤ ᠥᠭᠪᠡ︔ ᠵᠢᠤᠢ ᠬᠤᠩ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠢᠶ᠎ᠠ ᠪᠥᠬᠦᠶ ᠠᠵᠤ ᠠᠬᠤᠶᠢᠯᠠᠯ ᠲᠠᠢ ᠲᠤᠬᠠᠶ ᠶᠢᠨ ᠲᠠᠯᠠᠪᠠᠶ ᠳᠤ ᠡᠷᠳᠡᠨᠢ ᠰᠢᠰᠢ ᠶᠢᠨ ᠲᠡᠵᠢᠭᠡᠯ ᠪᠣᠷᠳᠤᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠯᠡᠯᠴᠡᠭᠡᠷ ᠤᠨ ᠪᠢᠴᠢᠭ ᠲᠣᠭᠲᠠᠪᠠ︔ ᠶᠣᠰᠣᠯᠠᠯ ᠤᠨ ᠡᠴᠦᠰ ᠲᠤ᠂ ᠰᠢᠶᠠᠨ ᠤ ᠤᠯᠠᠭᠠᠨᠮᠥ᠋ᠴᠢᠷ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠬᠤᠷᠠᠯ ᠳᠤ ᠣᠷᠣᠯᠴᠠᠭᠰᠠᠨ ᠪᠥᠬᠦ ᠬᠥᠮᠦᠰ ᠡᠷᠳᠡᠨᠢ ᠰᠢᠰᠢ ᠡᠳ᠋ᠰᠢᠭᠦᠯᠬᠦ  ᠦᠢᠯᠡᠪᠦᠷᠢ ᠶᠢ ᠲᠣᠭᠤᠷᠢᠨ ᠦᠵᠡᠪᠡ᠃      ᠣᠶᠢᠯᠠᠭᠠᠭᠰᠠᠨ ᠢᠶᠠᠷ᠂ ᠵᠢᠤᠢ ᠬᠤᠩ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠣᠳᠣᠬᠠᠨ ᠳᠤ ᠡᠷᠳᠡᠨᠢ ᠰᠢᠰᠢ ᠶᠢ ᠬᠠᠳᠠᠭᠠᠬᠤ ᠰᠤᠪᠤᠷᠭ᠎ᠠ᠂ ᠡᠷᠳᠡᠨᠢ ᠰᠢᠰᠢ ᠶᠢ ᠳᠠᠷᠤᠰᠢᠭᠤᠯᠬᠤ ᠬᠤᠶᠠᠷ ᠦᠢᠯᠡᠳᠪᠦᠷᠢᠯᠡᠯ ᠤᠨ ᠱᠤᠭᠤᠮ ᠲᠠᠢ᠃ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠡᠷᠳᠡᠨᠢ ᠰᠢᠰᠢ ᠶᠢᠨ ᠢᠯᠲᠠᠰᠤ ᠳᠠᠷᠤᠰᠢᠭᠤᠯᠬᠤ ᠦᠢᠯᠡᠳᠪᠦᠷᠢᠯᠡᠯ ᠤᠨ ᠱᠤᠭᠤᠮ ᠤᠨ ᠵᠢᠯ ᠳᠤ 7 . 2 ᠲᠦᠮᠡᠨ ᠲᠣᠨ ᠡᠷᠳᠡᠨᠢ ᠰᠢᠰᠢ ᠶᠢᠨ ᠢᠯᠲᠠᠰᠤᠨ ᠪᠣᠷᠳᠤᠭ᠎ᠠ ᠦᠢᠯᠡᠳᠪᠦᠷᠢᠯᠡᠵᠦ᠂ 21000 ᠲᠦᠮᠡᠨ ᠲᠥᠭᠦᠷᠢᠭ ᠤᠨ ᠪᠣᠷᠣᠯᠠᠭᠤᠯᠭ᠎ᠠ᠂ 110 . 16 ᠲᠦᠮᠡᠨ ᠲᠥᠭᠦᠷᠢᠭ ᠤᠨ ᠥᠷᠲᠡᠭ ᠨᠡᠮᠡᠭᠳᠡᠯ ᠤᠨ ᠭᠠᠶᠢᠯᠢ᠂ 1185 . 74 ᠲᠦᠮᠡᠨ ᠲᠥᠭᠦᠷᠢᠭ ᠤᠨ ᠵᠢᠯ ᠤᠨ ᠠᠰᠢᠭ ᠬᠤᠨᠵᠢᠪᠣᠷᠢ ᠶᠢ ᠪᠡᠶᠡᠯᠡᠭᠦᠯᠪᠡ᠃           ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3