ᠬᠥᠮᠦᠨ ᠠᠮᠠ ᠶᠢᠨ ᠨᠠᠰᠤᠵᠢᠯᠳᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠨᠠᠰᠤᠲᠠᠶᠢᠴᠤᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤ ᠪᠠᠷ ᠡᠳ᠋ᠯᠡᠭᠦᠯᠵᠦ ᠥᠲᠡᠯᠦᠭᠡ ᠨᠠᠰᠤ ᠶᠢ ᠨᠢ ᠵᠣᠯ ᠵᠢᠷᠭᠠᠯ ᠲᠠᠢ ᠦᠩᠭᠡᠷᠡᠬᠦᠯᠬᠦ ᠭᠡᠷᠡᠭᠳᠠᠢ | ᠶᠢᠰᠦᠨ ᠰᠠᠷ᠎ᠠ ᠶᠢᠨ ᠶᠢᠰᠦᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ ᠪᠦᠬᠦ ᠤᠯᠤᠰ ᠤᠨ ᠨᠠᠰᠤᠲᠠᠶᠢᠴᠤᠳ ᠲᠤ | ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠠ | ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠪᠣᠯᠬᠤ ᠶᠢᠰᠦᠨ ᠰᠠᠷ᠎ᠠ ᠶᠢᠨ ᠶᠢᠰᠦᠨ ᠤ ᠪᠠᠶᠠᠷ ᠬᠦᠷᠴᠦ | ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠨᠠᠰᠤᠵᠢᠯᠳᠠ ᠶᠢᠨ ᠠᠵᠢᠯ ᠳᠤ ᠴᠢᠬᠤᠯᠠ ᠵᠢᠭᠠᠪᠤᠷᠢ | ᠥᠭᠴᠦ᠂ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠨᠠᠰᠤᠲᠠᠶᠢᠴᠤᠳ ᠲᠤ ᠤᠷᠳᠤ ᠨᠠᠰᠤᠯᠠᠵᠤ | ᠤᠳᠠᠭᠠᠨ ᠵᠢᠷᠭᠠᠨ᠂ ᠵᠤᠯ ᠵᠢᠷᠭᠠᠯ ᠲᠠᠢ ᠠᠮᠢᠳᠤᠷᠠᠬᠤ ᠶᠢ ᠬᠦᠰᠡᠨ ᠵᠥᠩᠨᠡᠪᠡ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠠᠰᠤᠵᠢᠯᠳᠠ ᠶᠢᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠦᠨᠡᠨ ᠬᠦ ᠰᠠᠶᠢᠲᠤᠷ ᠬᠢᠵᠦ᠂ ᠬᠥᠮᠦᠨ ᠠᠮᠠ ᠶᠢᠨ ᠨᠠᠰᠤᠵᠢᠯᠳᠠ ᠶᠢ | ᠢᠳᠡᠪᠬᠢᠲᠡᠶ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠢᠳᠡᠪᠬᠢᠲᠡᠶ ᠨᠠᠰᠤᠵᠢᠯᠳᠠ ᠶᠢᠨ ᠦᠵᠡᠯᠲᠡ᠂ ᠡᠷᠡᠭᠦᠯ ᠡᠩᠬᠡ ᠨᠠᠰᠤᠵᠢᠯᠳᠠ ᠶᠢᠨ ᠣᠶᠢᠯᠠᠭᠠᠭᠳᠠᠬᠤᠨ ᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠪᠥᠬᠦ ᠶᠠᠪᠤᠴᠠ ᠳᠤ ᠠᠭᠤᠰᠤᠯᠴᠠᠭᠤᠯᠵᠤ᠂ ᠲᠦᠷᠢᠮ ᠤᠨ ᠰᠢᠨ᠎ᠡ ᠶᠢ ᠡᠭᠦᠳᠬᠦ᠂ ᠲᠥᠷᠥ ᠶᠢᠨ | ᠪᠣᠳᠣᠯᠭ᠎ᠠ ᠶᠢᠨ ᠬᠠᠩᠭᠠᠯᠭ᠎ᠠ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ | ᠨᠠᠰᠤᠵᠢᠯᠳᠠ ᠶᠢᠨ ᠠᠵᠢᠯ ᠤᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠬᠦᠴᠦᠨ ᠤ | ᠲᠣᠬᠢᠷᠠᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ᠂ ᠡᠷᠡᠭᠦᠯ ᠮᠡᠨᠳᠦ ᠶᠢᠨ ᠲᠤᠯᠭᠠᠭᠤᠷᠢᠯᠠᠯ ᠤᠨ ᠰᠢᠰᠲ᠋ᠧᠮ ᠢ ᠲᠦᠷᠭᠡᠳᠬᠡᠨ ᠪᠦᠷᠢᠨᠰᠢᠬᠦᠯᠬᠦ | ᠬᠡᠷᠡᠭᠲᠡᠶ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠠᠬᠠᠮᠠᠳ ᠪᠤᠭᠤᠷᠤᠯᠴᠤᠤᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ | ᠪᠠᠳᠠᠷᠠᠭᠤᠯᠵᠤ᠂ ᠨᠠᠰᠤᠲᠠᠶᠢᠴᠤᠳ ᠲᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ | ᠨᠠᠰᠤᠲᠠᠶᠢᠴᠤᠳ ᠤᠨ ᠢᠳᠡᠪᠬᠢ ᠦᠢᠯᠡᠳᠦᠯ ᠢ ᠰᠠᠶᠢᠲᠤᠷ ᠪᠠᠳᠠᠷᠠᠭᠤᠯᠤᠨ᠂ ᠨᠠᠰᠤᠲᠠᠶᠢᠴᠤᠳ ᠲᠤ ᠥᠭᠡᠷᠡᠴᠢᠯᠡᠯᠲᠡ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠥᠲᠡᠯᠦᠭᠡ ᠨᠠᠰᠤ ᠶᠢ ᠨᠢ ᠵᠣᠯ ᠵᠢᠷᠭᠠᠯ ᠲᠠᠢ | ᠦᠩᠭᠡᠷᠡᠬᠦᠯᠬᠦ ᠬᠡᠷᠡᠭᠲᠡᠶ ᠭᠡᠵᠦ ᠴᠢᠬᠤᠯᠠᠴᠢᠯᠠᠪᠠ᠃ |