ᠨᠡᠭᠡᠭᠡᠯᠲᠡ ᠬᠢᠵᠦ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ ᠬᠠᠮᠲᠤ ᠪᠠᠷ ᠬᠥᠭᠵᠢᠬᠦ ᠶᠢ ᠪᠠᠷᠢᠮᠲᠠᠯᠠᠵᠤ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ | ᠣᠯᠠᠨ ᠲᠠᠯᠠᠲᠤ ᠦᠵᠡᠯ ᠢ ᠪᠠᠷᠢᠮᠲᠠᠯᠠᠵᠤ ᠰᠠᠭᠤᠷᠢ ᠲᠥᠬᠦᠭᠡᠷᠦᠮᠵᠢ ᠶᠢᠨ ᠬᠤᠯᠪᠤᠭᠠᠯᠠᠯ ᠨᠡᠪᠲᠡᠷᠡᠯᠴᠡᠭᠡ ᠠᠷᠠᠯᠵᠢᠶ᠎ᠠ ᠪᠠᠯᠠ | ᠣᠷᠣᠭᠤᠯᠤᠯᠲᠠ ᠶᠢᠨ ᠰᠠᠭᠠᠳ ᠦᠬᠡᠢ ᠨᠡᠪᠲᠡᠷᠡᠯᠴᠡᠭᠡ ᠪᠣᠯᠪᠠᠰᠤᠨ ᠤ ᠠᠭᠤᠰᠤᠯᠴᠠᠯ ᠨᠡᠪᠲᠡᠷᠡᠯᠴᠡᠭᠡ ᠶᠢᠨ ᠰᠢᠨ᠎ᠡ | ᠬᠠᠭᠤᠳᠠᠰᠤ ᠶᠢ ᠪᠢᠴᠢᠭᠯᠡᠰᠦᠭᠡᠢ ᠭᠡᠵᠦ ᠴᠢᠬᠤᠯᠠᠴᠢᠯᠠᠪᠠ | ᠤᠯᠤᠰ ᠤᠨ ᠲᠡᠷᠢᠭᠦᠯᠡᠭᠴᠢ ᠰᠢ ᠶᠢᠨ ᠫᠢᠩ 14 ᠤ ᠤᠷᠤᠢ ᠸᠢᠳᠢᠣ᠋ ᠬᠡᠯᠪᠡᠷᠢ ᠪᠠᠷ ᠬᠤᠶᠠᠳᠤᠭᠠᠷ ᠬᠤᠭᠤᠴᠠᠭᠠᠨ ᠤ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠦᠬᠦ ᠳᠡᠯᠡᠬᠡᠢ ᠶᠢᠨ ᠦᠷᠭᠦᠯᠵᠢᠯᠡᠬᠦ ᠵᠠᠮ ᠬᠠᠷᠢᠯᠴᠠᠭᠠᠨ ᠤ ᠶᠡᠭᠡ | ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ︽ᠳᠡᠯᠡᠬᠡᠢ ᠳ᠋ᠠᠬᠢᠨ ᠲᠠᠢ ᠶᠠᠪᠤᠯᠴᠠᠵᠤ ᠴᠠᠭ ᠦᠶ᠎ᠡ ᠲᠠᠢ | ᠨᠡᠪᠲᠡᠷᠡᠯᠴᠡᠵᠦ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠲᠤᠮᠤ ᠠᠯᠬᠤᠭ᠎ᠠ ᠪᠠᠷ ᠤᠷᠤᠭᠰᠢᠯᠠᠰᠤᠭᠠᠢ︾ ᠭᠡᠬᠦ ᠰᠡᠳᠦᠪ ᠢᠶᠠᠷ | ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | | | 10 ᠰᠠᠷ᠎ᠠ ᠶᠢᠨ 14 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠳᠢᠣ᠋ ᠬᠡᠯᠪᠡᠷᠢ ᠪᠠᠷ ᠬᠤᠶᠠᠳᠤᠭᠠᠷ | ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠦᠬᠦ ᠳᠡᠯᠡᠬᠡᠢ ᠶᠢᠨ ᠦᠷᠭᠦᠯᠵᠢᠯᠡᠬᠦ ᠵᠠᠮ | ᠬᠠᠷᠢᠯᠴᠠᠭᠠᠨ ᠤ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ︽ᠳᠡᠯᠡᠬᠡᠢ ᠳ᠋ᠠᠬᠢᠨ ᠲᠠᠢ ᠶᠠᠪᠤᠯᠴᠠᠵᠤ | ᠴᠠᠭ ᠦᠶ᠎ᠡ ᠲᠠᠢ ᠨᠡᠪᠲᠡᠷᠡᠯᠴᠡᠵᠦ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠲᠤᠮᠤ ᠠᠯᠬᠤᠭ᠎ᠠ ᠪᠠᠷ ᠤᠷᠤᠭᠰᠢᠯᠠᠰᠤᠭᠠᠢ︾ | ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠲᠤᠤ ᠰᠡᠭᠦᠳᠡᠷᠯᠡᠪᠡ | | 10 ᠰᠠᠷ᠎ᠠ ᠶᠢᠨ 14 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠳᠢᠣ᠋ ᠬᠡᠯᠪᠡᠷᠢ ᠪᠠᠷ ᠬᠤᠶᠠᠳᠤᠭᠠᠷ | ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠦᠬᠦ ᠳᠡᠯᠡᠬᠡᠢ ᠶᠢᠨ ᠦᠷᠭᠦᠯᠵᠢᠯᠡᠬᠦ ᠵᠠᠮ | ᠬᠠᠷᠢᠯᠴᠠᠭᠠᠨ ᠤ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ︽ᠳᠡᠯᠡᠬᠡᠢ ᠳ᠋ᠠᠬᠢᠨ ᠲᠠᠢ ᠶᠠᠪᠤᠯᠴᠠᠵᠤ | ᠴᠠᠭ ᠦᠶ᠎ᠡ ᠲᠠᠢ ᠨᠡᠪᠲᠡᠷᠡᠯᠴᠡᠵᠦ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠲᠤᠮᠤ ᠠᠯᠬᠤᠭ᠎ᠠ ᠪᠠᠷ ᠤᠷᠤᠭᠰᠢᠯᠠᠰᠤᠭᠠᠢ︾ | ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠲᠤᠤ ᠰᠡᠭᠦᠳᠡᠷᠯᠡᠪᠡ | ᠰᠢ ᠶᠢᠨ ᠫᠢᠩ᠂ ᠵᠠᠮ ᠬᠠᠷᠢᠯᠴᠠᠭ᠎ᠠ ᠪᠣᠯ ᠠᠵᠤ ᠠᠬᠤᠢ ᠶᠢᠨ ᠰᠤᠳᠠᠰᠤ ᠪᠠ ᠪᠣᠯᠪᠠᠰᠤᠨ ᠤ ᠬᠤᠯᠪᠣᠭᠠᠰᠤ ᠮᠥᠨ᠃ | ᠡᠷᠲᠡᠨ ᠤ ᠲᠣᠷᠭᠠᠨ ᠵᠠᠮ ᠳᠠᠬᠢ ᠲᠡᠮᠡᠭᠡᠨ ᠵᠢᠩ ᠤᠨ ᠪᠠᠷ᠎ᠠ ᠠᠴᠠ ᠳᠠᠯᠠᠢ ᠶᠢᠨ ᠠᠶᠠᠯᠠᠯ ᠤᠨ ᠴᠠᠭ ᠦᠶ᠎ᠡ ᠶᠢᠨ ᠳᠠᠪᠠᠯᠭᠠᠨ ᠢ | ᠰᠦᠷᠦᠨ ᠤᠷᠤᠭᠰᠢᠯᠠᠬᠤ ᠬᠦᠷᠲᠡᠯ᠎ᠡ᠂ ᠳᠠᠬᠢᠨ ᠤᠳᠤ ᠦᠶ᠎ᠡ ᠶᠢᠨ ᠵᠠᠮ ᠬᠠᠷᠢᠯᠴᠠᠭᠠᠨ ᠤ ᠲᠣᠣᠷ ᠤᠨ ᠳᠦᠷᠪᠡᠨ ᠵᠦᠭ ᠨᠠᠢᠮᠠᠨ | ᠵᠣᠪᠬᠢᠰ ᠲᠤ ᠨᠡᠪᠲᠡᠷᠡᠭᠰᠡᠨ ᠬᠦᠷᠲᠡᠯ᠎ᠡ᠂ ᠵᠠᠮ ᠬᠠᠷᠢᠯᠴᠠᠭ᠎ᠠ ᠨᠢ ᠠᠵᠤ ᠠᠬᠤᠢ ᠶᠢᠨ ᠠᠭᠤᠰᠤᠯᠴᠠᠨ ᠨᠡᠪᠲᠡᠷᠡᠯᠴᠡᠬᠦ᠂ ᠰᠣᠶᠣᠯ | ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠵᠤ᠂ ᠳᠡᠯᠡᠬᠡᠢ ᠳ᠋ᠠᠬᠢᠨ ᠢ ᠨᠢᠭᠲᠠ ᠬᠤᠯᠪᠣᠭᠰᠠᠨ ︽ᠪᠥᠮᠪᠥᠷᠴᠡᠭ ᠲᠣᠰᠬᠤᠨ︾ | ᠪᠣᠯᠭᠠᠵᠠᠢ᠃ ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠲᠤᠬᠢᠶᠠᠯᠳᠤᠭ᠎ᠠ ᠦᠭᠡᠢ ᠬᠤᠪᠢᠷᠠᠯᠲᠠ ᠪᠣᠯᠤᠨ ᠵᠠᠭᠤᠨ ᠵᠢᠯ | ᠲᠤᠬᠢᠶᠠᠯᠳᠤᠭ᠎ᠠ ᠦᠭᠡᠢ ᠬᠢᠵᠢᠭ ᠤᠨ ᠪᠠᠶᠢᠳᠠᠯ ᠳᠠᠪᠬᠤᠴᠠᠵᠤ᠂ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠪᠣᠯᠤᠨ | ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠬᠦᠨᠳᠦ ᠨᠣᠴᠢᠲᠠᠢ ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ ᠪᠢᠳᠡ | ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ᠂ ᠪᠦᠬᠦ ᠳᠡᠯᠡᠬᠡᠢ ᠶᠢᠨ ᠵᠠᠮ ᠬᠠᠷᠢᠯᠴᠠᠭᠠᠨ ᠤ | ᠬᠠᠮᠲᠤᠷᠠᠯᠴᠠᠭ᠎ᠠ ᠶᠢ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠬᠤᠯᠪᠤᠭᠠᠯᠠᠯ ᠨᠡᠪᠲᠡᠷᠡᠯᠴᠡᠭᠡ᠂ ᠠᠷᠠᠯᠵᠢᠶ᠎ᠠ ᠪᠠᠯᠠ | ᠣᠷᠣᠭᠤᠯᠤᠯᠲᠠ ᠶᠢᠨ ᠰᠠᠭᠠᠳ ᠦᠬᠡᠢ ᠨᠡᠪᠲᠡᠷᠡᠯᠴᠡᠭᠡ᠂ ᠪᠣᠯᠪᠠᠰᠤᠨ ᠤ ᠠᠭᠤᠰᠤᠯᠴᠠᠯ ᠨᠡᠪᠲᠡᠷᠡᠯᠴᠡᠭᠡ ᠶᠢᠨ ᠰᠢᠨ᠎ᠡ | ᠬᠠᠭᠤᠳᠠᠰᠤ ᠶᠢ ᠪᠢᠴᠢᠭᠯᠡᠬᠦ ᠬᠡᠷᠡᠭᠲᠡᠢ᠃ | ᠨᠢᠭᠡ ᠳᠤ᠂ ᠨᠡᠭᠡᠭᠡᠯᠲᠡ ᠬᠢᠵᠦ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠬᠤᠯᠪᠣᠯᠳᠤᠨ ᠨᠡᠪᠲᠡᠷᠡᠯᠴᠡᠬᠦ ᠶᠢ | ᠠᠬᠢᠭᠤᠯᠤᠶ᠎ᠠ᠃ ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠭᠠᠳᠠᠭᠤᠷᠴᠢᠯᠠᠬᠤ | ᠴᠢᠨᠠᠷᠲᠠᠢ᠂ ᠪᠤᠰᠤᠳ ᠢ ᠭᠠᠳᠠᠭᠤᠷᠴᠢᠯᠠᠬᠤ ᠴᠢᠨᠠᠷᠲᠠᠢ ᠲᠦᠷᠢᠮ ᠪᠣᠯᠤᠨ ᠰᠢᠰᠲ᠋ᠧᠮ ᠢ ᠬᠡᠷᠡᠭᠵᠢᠭᠦᠯᠬᠦ ᠦᠭᠡᠢ᠂ ᠠᠵᠤ | ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠦ᠂ ᠪᠠᠭᠲᠠᠭᠠᠮᠵᠢᠲᠠᠢ᠂ ᠲᠦᠭᠡᠮᠡᠯ ᠬᠠᠷᠠᠭᠠᠯᠵᠠᠯᠲᠤ᠂ ᠲᠡᠩᠴᠡᠭᠦᠷᠢᠲᠡᠢ᠂ | ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ︽ | ᠬᠠᠲᠠᠭᠤ ᠨᠡᠪᠲᠡᠷᠡᠯᠴᠡᠭᠡ︾᠂ ᠪᠠᠶᠢᠭᠤᠯᠤᠯ ᠲᠦᠷᠢᠮ ᠤᠨ ︽ᠵᠥᠭᠡᠯᠡᠨ ᠨᠡᠪᠲᠡᠷᠡᠯᠴᠡᠭᠡ︾ ᠶᠢ ᠴᠢᠩᠭᠠᠳᠬᠠᠵᠤ᠂ ᠬᠠᠭᠤᠷᠠᠶ᠂ | ᠲᠡᠯᠡᠶ᠂ ᠠᠭᠠᠷ᠂ ᠰᠦᠯᠵᠢᠶ᠎ᠡ ︽ᠳᠥᠷᠪᠡ ᠶᠢ ᠨᠢᠭᠡ ᠴᠤᠭᠴᠠᠵᠢᠭᠤᠯᠤᠭᠰᠠᠨ︾ ᠬᠤᠯᠪᠤᠯᠳᠤᠨ ᠨᠡᠪᠲᠡᠷᠡᠯᠴᠡᠬᠦ ᠶᠢ ᠠᠬᠢᠭᠤᠯᠬᠤ | ᠬᠡᠷᠡᠭᠲᠡᠢ᠃ | ᠬᠤᠶᠠᠷ ᠲᠤ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ ᠲᠥᠪ ᠭᠤᠣᠯᠴᠢ ᠲᠦᠭᠡᠮᠡᠯ ᠬᠠᠷᠠᠭᠠᠯᠵᠠᠯ ᠬᠦᠷᠳᠡᠬᠡᠬᠦ ᠶᠢ | ᠠᠬᠢᠭᠤᠯᠤᠶ᠎ᠡ᠃ ᠡᠯ᠎ᠡ ᠤᠯᠤᠰ ᠬᠠᠮᠲᠤ ᠪᠠᠷ ᠬᠥᠭᠵᠢᠪᠡᠯ ᠰᠠᠶ᠋ᠢ ᠦᠨᠡᠨ ᠬᠦ ᠬᠥᠭᠵᠢᠵᠦ ᠴᠢᠳᠠᠨ᠎ᠠ᠂ ᠤᠯᠠᠨ ᠢᠶᠠᠷ ᠢᠶᠠᠨ | ᠬᠠᠮᠲᠤ ᠪᠠᠷ ᠪᠠᠶᠠᠵᠢᠪᠠᠯ ᠰᠠᠶ᠋ᠢ ᠦᠨᠡᠨ ᠬᠦ ᠪᠠᠶᠠᠵᠢᠵᠤ ᠴᠢᠳᠠᠨ᠎ᠠ᠃ ᠭᠠᠭᠴᠠ ᠬᠦ ᠬᠥᠭᠵᠢᠯᠲᠡ ᠲᠡᠩᠴᠡᠭᠦᠷᠢ ᠦᠭᠡᠢ ᠪᠠᠶᠢᠬᠤ | ᠠᠰᠠᠭᠤᠳᠠᠯ ᠢ ᠰᠠᠶᠢᠲᠤᠷ ᠰᠢᠢᠳᠪᠦᠷᠢᠯᠡᠪᠡᠯ ᠰᠠᠶ᠋ᠢ ᠬᠥᠮᠦᠨ ᠲᠥᠷᠥᠯᠬᠢᠲᠡᠨ ᠤ ᠬᠠᠮᠲᠤ ᠶᠢᠨ ᠬᠥᠭᠵᠢᠯᠲᠡ ᠳᠤ ᠨᠡᠩ ᠥᠷᠭᠡᠨ | ᠠᠭᠤᠳᠠᠮ ᠢᠷᠡᠭᠡᠳᠦᠢ ᠶᠢ ᠨᠡᠭᠡᠭᠡᠨ ᠥᠭᠴᠦ ᠴᠢᠳᠠᠨ᠎ᠠ᠃ ᠵᠠᠮ ᠬᠠᠷᠢᠯᠴᠠᠭᠠᠨ ᠤ ᠤᠷᠢᠳ ᠢᠶᠠᠷ ᠬᠡᠷᠡᠭᠵᠢᠭᠦᠯᠬᠦ ᠦᠢᠯᠡᠳᠦᠯ ᠢ | ᠪᠠᠳᠠᠷᠠᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠵᠠᠮ ᠬᠠᠷᠢᠯᠴᠠᠭᠠᠨ ᠤ ᠣᠷᠣᠭᠤᠯᠤᠯᠲᠠ ᠶᠢ ᠨᠡᠮᠡᠭᠳᠡᠭᠦᠯᠵᠦ᠂ | ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠵᠤ ᠠᠬᠤᠢ ᠠᠷᠠᠳ ᠤᠨ ᠠᠮᠢᠳᠤᠷᠠᠯ ᠢ ᠵᠠᠮ ᠬᠠᠷᠢᠯᠴᠠᠭ᠎ᠠ ᠠᠴᠠ ᠪᠤᠯᠵᠤ | ᠬᠥᠭᠵᠢᠨ ᠮᠠᠨᠳᠤᠬᠤ ᠶᠢ ᠪᠡᠶᠡᠯᠡᠬᠦᠯᠬᠦ ᠬᠡᠷᠡᠭᠲᠡᠢ᠃ ᠬᠦᠭᠵᠢᠵᠦ ᠪᠠᠶᠢᠭ᠎ᠠ ᠤᠯᠤᠰ ᠤᠳ ᠪᠤᠯᠤᠨ ᠬᠦᠭᠵᠢᠭᠰᠡᠨ ᠤᠯᠤᠰ ᠤᠳ ᠤᠨ | ᠬᠤᠭᠤᠷᠤᠨᠳᠤᠬᠢ ᠬᠠᠮᠲᠤᠷᠠᠯᠴᠠᠭ᠎ᠠ᠂ ᠬᠦᠭᠵᠢᠵᠦ ᠪᠠᠶᠢᠭ᠎ᠠ ᠤᠯᠤᠰ ᠤᠳ ᠤᠨ ᠬᠤᠭᠤᠷᠤᠨᠳᠤᠬᠢ ᠬᠠᠮᠲᠤᠷᠠᠯᠴᠠᠭ᠎ᠠ ᠶᠢ | ᠴᠢᠩᠭᠠᠳᠬᠠᠵᠤ᠂ ᠬᠠᠮᠤᠭ ᠤᠨ ᠬᠥᠭᠵᠢᠭᠡᠳᠦᠢ ᠤᠯᠤᠰ᠂ ᠳᠣᠲᠣᠭᠠᠳᠤ ᠬᠠᠭᠤᠷᠠᠢ ᠶᠢᠨ ᠬᠥᠭᠵᠢᠵᠦ ᠪᠠᠶᠢᠭ᠎ᠠ ᠤᠯᠤᠰ ᠤᠨ ᠵᠠᠮ | ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠤ ᠨᠡᠩ ᠤᠯᠠᠨ ᠳᠡᠮᠵᠢᠯᠭᠡ ᠬᠠᠩᠭᠠᠵᠤ᠂ | ᠬᠠᠮᠲᠤ ᠶᠢᠨ ᠴᠡᠴᠡᠭᠯᠡᠯ ᠬᠥᠭᠵᠢᠯ ᠢ ᠠᠬᠢᠭᠤᠯᠬᠤ ᠬᠡᠷᠡᠭᠲᠡᠢ᠃ | ᠭᠤᠷᠪᠠ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠬᠥᠳᠡᠯᠭᠡᠬᠦ | ᠡᠨᠧᠷᠭᠢ ᠶᠢ ᠨᠡᠮᠡᠭᠳᠡᠬᠦᠯᠦᠶ᠎ᠡ᠃ ᠤᠶᠤᠨᠲᠤ ᠵᠠᠮ ᠬᠠᠷᠢᠯᠴᠠᠭ᠎ᠠ ᠪᠣᠯᠤᠨ ᠤᠶᠤᠨᠲᠤ ᠪᠠᠷᠠᠭᠠᠨ ᠤ ᠭᠦᠢᠯᠭᠡᠭᠡ ᠶᠢ ᠶᠡᠭᠡ ᠪᠠᠷ | ᠬᠥᠭᠵᠢᠭᠦᠯᠵᠦ᠂ ᠲᠤᠮᠤ ᠳ᠋ᠠᠶᠢᠲ᠋ᠠ᠂ ᠢᠨᠲ᠋ᠧᠷ ᠰᠦᠯᠵᠢᠶ᠎ᠡ᠂ ᠵᠣᠬᠢᠶᠠᠮᠠᠯ ᠤᠶᠤᠨ ᠴᠢᠳᠠᠪᠤᠷᠢ᠂ ᠴᠥᠷᠬᠡᠯᠡᠭᠡ ᠳ᠋ᠠᠶᠢᠲ᠋ᠠ ᠵᠡᠷᠭᠡ | ᠰᠢᠨ᠎ᠡ ᠮᠡᠷᠭᠡᠵᠢᠯ ᠤᠨ ᠵᠠᠮ ᠬᠠᠷᠢᠯᠴᠠᠭᠠᠨ ᠤ ᠠᠵᠢᠯ ᠲᠦᠷᠦᠯ ᠯᠦᠭᠡ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ | ᠬᠥᠮᠦᠰ ᠲᠤ ᠵᠠᠮ ᠬᠠᠷᠢᠯᠴᠠᠭᠠᠨ ᠤ ᠲᠦᠬᠦᠮ ᠢ ᠡᠳ᠋ᠯᠡᠭᠦᠯᠵᠦ᠂ ᠪᠠᠷᠠᠭᠠᠨ ᠤ ᠭᠦᠢᠯᠭᠡᠭᠡ ᠶᠢ ᠰᠢᠯᠤᠭᠤᠳᠬᠠᠬᠤ ᠬᠡᠷᠡᠭᠲᠡᠢ᠃ | ᠳᠥᠷᠪᠡ ᠳᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠬᠦᠭᠵᠢᠯᠲᠡ ᠶᠢ ᠪᠡᠶᠡᠯᠡᠭᠦᠯᠦᠶ᠎ᠡ᠃ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ | ᠬᠥᠭᠵᠢᠯᠲᠡ ᠶᠢᠨ ᠠᠵᠤ ᠠᠬᠤᠶ ᠶᠢᠨ ᠰᠢᠰᠲ᠋ᠧᠮ ᠢ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ | ᠲᠠᠯ᠎ᠠ ᠪᠠᠷ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠣᠯ ᠰᠠᠶ᠋ᠢ ᠦᠷᠭᠦᠯᠵᠢᠯᠡᠬᠦ ᠬᠥᠭᠵᠢᠯᠲᠡ ᠶᠢ | ᠪᠡᠶᠡᠯᠡᠭᠦᠯᠬᠦ ᠣᠷᠳᠣ ᠬᠤᠭᠤᠴᠠᠭᠠᠨ ᠤ ᠠᠷᠭ᠎ᠠ ᠪᠣᠳᠣᠯᠭ᠎ᠠ ᠮᠥᠨ᠃ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠡᠯᠪᠡᠷᠢ ᠶᠢ ᠲᠦᠷᠭᠡᠳᠭᠡᠨ ᠪᠦᠷᠢᠯᠳᠦᠭᠦᠯᠵᠦ᠂ ᠪᠣᠬᠢᠷᠲᠤᠯ ᠥᠬᠡᠶ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠡᠨᠧᠷᠭᠢ᠂ ᠤᠶᠤᠨᠴᠢᠯᠠᠬᠰᠠᠨ᠂ | ᠲᠣᠭᠠᠴᠢᠯᠠᠭᠰᠠᠨ᠂ ᠬᠥᠩᠭᠡᠨ ᠬᠡᠯᠪᠡᠷᠢ ᠶᠢᠨ ᠵᠠᠮ ᠬᠠᠷᠢᠯᠴᠠᠭᠠᠨ ᠤ ᠲᠣᠨᠣᠭᠯᠠᠯ ᠢ ᠳᠡᠯᠭᠡᠷᠡᠭᠦᠯᠵᠦ᠂ ᠪᠣᠬᠢᠷᠲᠤᠯ ᠥᠬᠡᠶ ᠶᠠᠪᠤᠵᠤ | ᠰᠠᠭᠤᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠵᠠᠮ ᠬᠠᠷᠢᠯᠴᠠᠭ᠎ᠠ ᠶᠢ ᠨᠠᠩ ᠣᠷᠴᠢᠨ ᠲᠣᠭᠤᠷᠢᠨ ᠢ | ᠬᠠᠮᠠᠭᠠᠯᠠᠬᠤ᠂ ᠶᠠᠪᠤᠵᠤ ᠰᠠᠭᠤᠬᠤ ᠳᠤ ᠨᠠᠩ ᠨᠡᠭᠦᠷᠡᠰᠦᠲᠥ᠋ᠷᠥᠭᠴᠢ ᠪᠠᠭ᠎ᠠ ᠪᠣᠯᠭᠠᠬᠤ ᠬᠡᠷᠡᠭᠲᠡᠢ᠃ | ᠲᠠᠪᠤ ᠳᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠬᠦ ᠲᠡᠯᠡᠭᠡᠢ ᠶᠢᠨ ᠵᠠᠰᠠᠯᠲᠠ ᠶᠢ ᠲᠡᠭᠦᠯᠳᠡᠷᠵᠢᠭᠦᠯᠦᠶ᠎ᠡ᠃ | ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠬᠦ ᠲᠡᠯᠡᠭᠡᠢ ᠶᠢᠨ ᠵᠠᠰᠠᠯᠲᠠ ᠶᠢᠨ ᠦᠵᠡᠯᠲᠡ ᠶᠢ | ᠦᠢᠯᠡᠳᠦᠯᠭᠡᠵᠢᠭᠦᠯᠵᠦ᠂ ᠪᠦᠬᠦ ᠲᠡᠯᠡᠭᠡᠢ ᠶᠢᠨ ᠡᠬᠢ ᠪᠠᠶᠠᠯᠢᠭ ᠢ ᠲᠠᠶᠢᠴᠢᠯᠠᠵᠤ᠂ ᠪᠦᠬᠦ ᠲᠡᠯᠡᠭᠡᠢ ᠶᠢᠨ ᠥᠷᠢᠰᠥᠯᠳᠦᠭᠡᠨ ᠢ | ᠠᠷᠭᠠᠴᠠᠭᠠᠵᠤ᠂ ᠪᠦᠬᠦ ᠲᠡᠯᠡᠭᠡᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠶᠠᠳᠠᠭᠤ | ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠡᠯ᠎ᠡ | ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠶᠢᠨ ᠳᠤᠷᠠᠳᠤᠭᠰᠠᠨ ᠪᠦᠬᠦ ᠲᠡᠯᠡᠭᠡᠢ ᠶᠢᠨ ᠬᠥᠭᠵᠢᠯᠲᠡ ᠶᠢᠨ ᠰᠠᠨᠠᠭᠠᠴᠢᠯᠠᠭ᠎ᠠ ᠳᠤ | ᠢᠳᠡᠪᠬᠢᠲᠡᠢ ᠣᠷᠣᠯᠴᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠬᠡᠳᠦᠨ ᠦᠶ᠎ᠡ ᠶᠢᠨ ᠬᠥᠮᠦᠰ | ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠵᠠᠮ ᠬᠠᠷᠢᠯᠴᠠᠭᠠᠨ ᠤ ᠲᠤᠮᠤ ᠤᠯᠤᠰ ᠢ | ᠪᠠᠶᠢᠭᠤᠯᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠶᠠᠭ ᠲᠦᠷᠭᠡᠳᠭᠡᠨ ᠪᠦᠳᠦᠭᠡᠨ ᠪᠠᠶᠢᠭᠤᠯᠵᠤ ᠪᠠᠶᠢᠨ᠎ᠠ᠃ ᠪᠢᠳᠠ | ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠪᠦᠬᠦ ᠲᠡᠯᠡᠭᠡᠢ ᠶᠢᠨ ᠬᠠᠮᠤᠭ ᠤᠨ ᠶᠡᠭᠡ ᠲᠦᠷᠭᠡᠨ ᠤ | ᠲᠡᠮᠤᠷ ᠵᠠᠮ ᠤᠨ ᠲᠣᠣᠷ᠂ ᠲᠦᠷᠭᠡᠨ ᠤ ᠵᠠᠰᠠᠮᠠᠯ ᠵᠠᠮ ᠤᠨ ᠲᠣᠣᠷ᠂ ᠳᠡᠯᠡᠬᠡᠢ ᠶᠢᠨ ᠲᠡᠰ ᠤᠨ ᠭᠠᠷᠠᠮ ᠤᠨ ᠰᠦᠷᠦᠭᠵᠢᠯ ᠢ | ᠪᠠᠶᠢᠭᠤᠯᠵᠤ᠂ ᠠᠭᠠᠷ ᠤᠨ ᠠᠶᠠᠯᠠᠯ ᠲᠠᠯᠠᠢ ᠶᠢᠨ ᠠᠶᠠᠯᠠᠯ ᠪᠦᠬᠦ ᠲᠡᠯᠡᠭᠡᠢ ᠳᠤ ᠨᠡᠪᠳᠡᠷᠡᠪᠡ᠃ ᠪᠢᠳᠡ ᠰᠢᠨ᠎ᠡ ᠶᠢ ᠡᠭᠦᠳᠬᠦ ᠪᠠᠷ | ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠲᠦᠷᠭᠡᠨ ᠤ ᠲᠡᠮᠦᠷ ᠵᠠᠮ᠂ ᠲᠤᠮᠤ ᠨᠢᠰᠬᠡᠯ ᠵᠡᠷᠭᠡ ᠲᠣᠨᠣᠭᠯᠠᠯ ᠦᠢᠯᠡᠳᠬᠦ | ᠠᠵᠢᠯ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠪᠦᠬᠦ ᠲᠡᠯᠡᠭᠡᠢ ᠶᠢᠨ | ᠶᠡᠷᠦᠩᠬᠡᠢ ᠬᠡᠮᠵᠢᠶᠡᠨ ᠤ ᠬᠠᠭᠠᠰ ᠠᠴᠠ ᠳᠡᠭᠡᠭᠰᠢᠬᠢ ᠶᠢ ᠡᠵᠡᠯᠡᠵᠦ᠂ ᠰᠢᠶᠠᠩᠭᠠᠩ — ᠵᠦᠬᠠᠢ — ᠣᠣᠮᠧᠨ ᠬᠦᠷᠬᠦ | ᠲᠤᠮᠤ ᠬᠥᠭᠦᠷᠭᠡ᠂ ᠪᠡᠭᠡᠵᠢᠩ ᠤᠨ ᠳ᠋ᠠᠰᠢᠩ ᠤᠯᠠᠨ ᠤᠯᠤᠰ ᠤᠨ ᠨᠢᠰᠬᠡᠯ ᠤᠨ ᠪᠠᠭᠤᠳᠠᠯ ᠵᠡᠷᠭᠡ ᠭᠡᠳᠤ ᠲᠤᠮᠤ ᠬᠡᠯᠪᠡᠷᠢ ᠶᠢᠨ | ᠵᠠᠮ ᠬᠠᠷᠢᠯᠴᠠᠭᠠᠨ ᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠠᠠᠯᠠᠯᠲᠠ ᠳᠤ ᠣᠷᠣᠭᠤᠯᠤᠨ᠂ ᠵᠠᠮ ᠬᠠᠷᠢᠯᠴᠠᠭ᠎ᠠ ᠨᠢ | ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠵᠠᠮ ᠨᠡᠭᠡᠭᠡᠬᠦ ᠬᠤᠰᠢᠭᠤᠴᠢ ᠪᠣᠯᠪᠠ᠃ ᠪᠢᠳᠠ ᠵᠠᠮ ᠬᠠᠷᠢᠯᠴᠠᠭ᠎ᠠ ᠪᠠᠷ ᠲᠡᠯᠡᠭᠡᠢ | ᠶᠢᠷᠲᠢᠨᠴᠤ ᠲᠡᠶᠢᠰᠢ ᠨᠡᠪᠲᠡᠷᠡᠬᠦ ᠶᠢ ᠪᠠᠷᠢᠮᠲᠠᠯᠠᠵᠤ᠂ ᠨᠢᠭᠡᠨᠲᠡ ᠪᠦᠬᠦ ᠲᠡᠯᠡᠭᠡᠢ ᠶᠢᠨ ᠲᠠᠯᠠᠢ ᠶᠢᠨ ᠲᠡᠭᠡᠭᠡᠪᠦᠷᠢ ᠶᠢᠨ | ᠬᠤᠯᠪᠣᠯᠲᠠ ᠶᠢᠨ ᠬᠡᠮᠵᠢᠶ᠎ᠡ ᠬᠠᠮᠤᠭ ᠤᠨ ᠥᠨᠳᠥᠷ᠂ ᠪᠠᠷᠠᠭᠠᠨ ᠤ ᠠᠷᠠᠯᠵᠢᠶᠠᠨ ᠤ ᠬᠡᠮᠵᠢᠶ᠎ᠡ ᠬᠠᠮᠤᠭ ᠤᠨ ᠶᠡᠭᠡ ᠠᠵᠤ | ᠠᠬᠤᠢ ᠶᠢᠨ ᠴᠣᠭᠴᠠ ᠪᠣᠯᠵᠠᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠤᠭᠤᠴᠠᠭᠠᠨ ᠳᠤ᠂ | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ᠂ ᠠᠯᠤᠰ ᠲᠡᠯᠡᠶ ᠶᠢᠨ ᠪᠠᠷᠠᠭᠠᠨ ᠤ ᠬᠥᠯᠭᠡ ᠣᠩᠭᠤᠴᠠ ᠡᠳᠦᠷ | ᠰᠥᠨᠢ ᠵᠤᠭᠰᠤᠯ ᠥᠬᠡᠶ ᠠᠶᠠᠯᠠᠵᠤ᠂ ᠪᠦᠬᠦ ᠲᠡᠯᠡᠭᠡᠢ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠳᠤᠮᠳᠠᠳᠤ ᠤᠯᠤᠰ ᠤᠨ ᠡᠭᠦᠷᠭᠡᠯᠡᠯ ᠢ ᠢᠯᠡᠷᠡᠬᠦᠯᠦᠭᠰᠡᠨ ᠪᠠᠶᠢᠨ᠎ᠠ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠵᠢᠩᠬᠢᠨᠢ ᠤᠯᠠᠨ ᠲᠠᠯᠠᠲᠤ ᠦᠵᠡᠯ ᠤᠨ ᠲᠤᠭ ᠢ ᠦᠷᠭᠦᠯᠵᠢᠯᠡᠨ ᠥᠨᠳᠥᠷ | ᠮᠠᠨᠳᠤᠭᠤᠯᠵᠤ᠂ ᠳᠡᠯᠡᠬᠡᠢ ᠳ᠋ᠠᠬᠢᠨ ᠲᠠᠢ ᠶᠠᠪᠤᠯᠴᠠᠵᠤ᠂ ᠴᠠᠭ ᠦᠶ᠎ᠡ ᠲᠠᠢ ᠨᠡᠪᠲᠡᠷᠡᠯᠴᠡᠬᠦ ᠶᠢ ᠪᠠᠷᠢᠮᠲᠠᠯᠠᠵᠤ᠂ ᠲᠤᠰ ᠪᠡᠶ᠎ᠡ ᠶᠢᠨ | ᠬᠥᠭᠵᠢᠯᠲᠡ ᠪᠠᠨ ᠪᠡᠶᠡᠯᠡᠭᠦᠯᠬᠦ ᠶᠢᠨ ᠵᠡᠷᠭᠡ ᠪᠠᠷ ᠪᠦᠬᠦ ᠳᠡᠯᠡᠬᠡᠢ ᠶᠢᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ | ᠦᠵᠡᠭᠦᠯᠦᠨ᠎ᠡ᠃ ᠳᠤᠮᠳᠠᠳᠤ ᠤᠯᠤᠰ ᠤᠨ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ ᠠᠵᠤ ᠠᠬᠤᠢ ᠶᠢᠨ | ᠰᠢᠨ᠎ᠡ ᠪᠠᠶᠢᠭᠤᠯᠤᠮᠵᠢ ᠶᠢ ᠪᠠᠶᠢᠭᠤᠯᠬᠤ ᠴᠢᠭᠯᠡᠯ ᠬᠤᠪᠢᠷᠠᠬᠤ ᠦᠭᠡᠢ᠂ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢ | ᠴᠢᠯᠥᠭᠡᠳᠡᠢ ᠪᠤᠯᠭᠠᠬᠤ ᠳᠥᠭᠦᠮ ᠲᠦᠳᠡ ᠪᠤᠯᠭᠠᠬᠤ ᠶᠢ ᠠᠬᠢᠭᠤᠯᠬᠤ ᠵᠣᠷᠢᠭ ᠬᠤᠪᠢᠷᠠᠬᠤ ᠦᠭᠡᠢ᠃ ᠳᠤᠮᠳᠠᠳᠤ ᠤᠯᠤᠰ | ᠨᠡᠬᠡᠬᠡᠯᠳᠡ ᠬᠢᠬᠦ ᠡᠭᠦᠳᠡ ᠪᠠᠨ ᠶᠠᠪᠤᠬᠤ ᠳᠤᠳᠤᠮ ᠶᠡᠭᠡ ᠨᠡᠭᠡᠭᠡᠵᠦ᠂ ᠡᠭᠦᠷᠢᠳᠡ ᠬᠠᠭᠠᠬᠤ ᠦᠭᠡᠢ ᠶᠤᠮ᠃ ᠳᠤᠮᠳᠠᠳᠤ ᠤᠯᠤᠰ | ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ | ᠡᠯ᠎ᠡ ᠤᠯᠤᠰ ᠯᠤᠭ᠎ᠠ ᠶᠢᠨ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠪᠣᠬᠢᠷᠲᠤᠯ | ᠦᠭᠡᠢ ᠲᠣᠷᠭᠠᠨ ᠵᠠᠮ ᠪᠠ ᠲᠣᠭᠠᠴᠢᠯᠠᠭᠰᠠᠨ ᠲᠣᠷᠭᠠᠨ ᠵᠠᠮ ᠢ ᠲᠦᠷᠭᠡᠳᠬᠡᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠯᠠᠨ ᠤᠯᠤᠰ ᠤᠨ ᠦᠷᠭᠦᠯᠵᠢᠯᠡᠬᠦ ᠵᠠᠮ | ᠬᠠᠷᠢᠯᠴᠠᠭᠠᠨ ᠤ ᠰᠢᠨ᠎ᠡ ᠶᠢ ᠡᠭᠦᠳᠬᠦ ᠪᠠ ᠮᠡᠳᠡᠯᠭᠡ ᠶᠢᠨ ᠲᠥᠪ ᠢ ᠪᠠᠶᠢᠭᠤᠯᠵᠤ᠂ ᠪᠦᠬᠦ ᠲᠡᠯᠡᠬᠡᠢ ᠶᠢᠨ ᠵᠠᠮ ᠬᠠᠷᠢᠯᠴᠠᠭᠠᠨ ᠤ | ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠨᠡᠶᠢᠲᠡᠯᠡᠪᠡ᠃ | ᠰᠢ ᠶᠢᠨ ᠫᠢᠩ ᠬᠠᠮᠤᠭ ᠤᠨ ᠰᠡᠭᠦᠯ ᠳᠤ᠂ ᠪᠢᠳᠡ ᠭᠠᠷ ᠬᠤᠯᠪᠣᠯᠴᠠᠨ ᠬᠤᠯᠪᠣᠯᠳᠤᠨ ᠨᠡᠪᠲᠡᠷᠡᠯᠴᠡᠬᠦ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠬᠦᠷᠳᠡᠬᠦ ᠶᠢᠷᠲᠢᠨᠴᠦ ᠶᠢᠨ ᠵᠥᠪ ᠵᠠᠮ ᠢᠶᠠᠷ ᠵᠠᠮᠨᠠᠵᠤ᠂ ᠥᠨᠢ ᠤᠳᠠᠭᠠᠨ ᠡᠩᠬᠡ ᠲᠠᠶᠢᠪᠤᠩ᠂ | ᠨᠡᠶᠢᠳᠡᠮ ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ | ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠵᠤ᠂ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠴᠣᠭᠴᠠ ᠶᠢ ᠪᠠᠶᠢᠭᠤᠯᠤᠶ᠎ᠠ ᠭᠡᠵᠦ ᠴᠢᠬᠤᠯᠠᠴᠢᠯᠠᠪᠠ᠃ | ᠳ᠋ᠢᠩ ᠰᠢᠤᠸᠠᠢ ᠰᠢᠶᠠᠩ᠂ ᠯᠢᠦ ᠾᠧ᠂ ᠼᠠᠢ ᠴᠢ᠂ ᠸᠠᠩ ᠢ᠂ ᠾᠧ ᠯᠢ ᠹᠧᠩ ᠨᠡᠷ ᠡᠬᠢᠯᠡᠯᠲᠡ ᠶᠢᠨ ᠶᠣᠰᠣᠯᠠᠯ ᠳᠤ | ᠣᠷᠣᠯᠴᠠᠪᠠ᠃ | ᠬᠤᠶᠠᠳᠤᠭᠠᠷ ᠬᠤᠭᠤᠴᠠᠭᠠᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠥᠬᠦ ᠲᠡᠯᠡᠬᠡᠢ ᠶᠢᠨ | ᠦᠷᠭᠦᠯᠵᠢᠯᠡᠬᠦ ᠵᠠᠮ ᠬᠠᠷᠢᠯᠴᠠᠭᠠᠨ ᠤ ᠶᠡᠭᠡ ᠬᠤᠷᠠᠯ 10 ᠰᠠᠷ᠎ᠠ ᠶᠢᠨ 14 ᠤ ᠡᠳᠦᠷ ᠠᠴᠠ 16 ᠤ ᠡᠳᠦᠷ ᠪᠣᠯᠲᠠᠯ᠎ᠠ | ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠳᠤ ᠶᠠᠪᠤᠬᠳᠠᠭᠤᠯᠬᠤ ᠶᠢ ᠤᠶᠠᠯᠳᠤᠭᠤᠯᠬᠤ ᠬᠡᠯᠪᠡᠷᠢ ᠪᠠᠷ ᠪᠡᠭᠡᠵᠢᠩ ᠳᠤ | ᠬᠤᠷᠠᠯᠳᠤᠪᠠ᠃ ᠤᠷᠤᠰ ᠤᠨ ᠶᠡᠷᠦᠩᠬᠡᠶᠢᠯᠡᠭᠴᠢ ᠫᠦᠲ᠋ᠢᠨ᠂ ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠪᠢᠶᠧᠷᠳᠧᠮᠦ᠋ᠬᠠᠮᠸᠢᠢᠳᠤᠹ᠂ | ᠡᠸ᠋ᠽᠢᠤᠫᠢᠶ᠎ᠠ ᠶᠢᠨ ᠶᠡᠷᠦᠩᠬᠡᠶᠢᠯᠡᠭᠴᠢ ᠰᠠᡁᠧᠯᠧ — ᠸᠧᠺᠧ᠂ ᠫᠠᠨᠠᠮᠠ ᠶᠢᠨ ᠶᠡᠷᠦᠩᠬᠡᠶᠢᠯᠡᠭᠴᠢ ᠺᠧᠷᠳᠢᠰᠣ᠋᠂ ᠬᠤᠯᠠᠨᠳ᠋ ᠤᠨ | ᠲᠡᠷᠢᠭᠦᠨ ᠰᠠᠶᠢᠳ ᠷᠦᠲ᠋ᠧ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ | ᠬᠦᠲ᠋ᠧᠯᠸᠢᠢᠰ ᠨᠠᠷ ᠤᠷᠢᠯᠭ᠎ᠠ ᠪᠠᠷ ᠸᠢᠳᠢᠣ᠋ ᠬᠡᠯᠪᠡᠷᠢ ᠪᠠᠷ ᠤᠷᠤᠯᠴᠠᠵᠤ ᠪᠠᠶᠠᠷ ᠤᠨ ᠦᠭᠡ ᠬᠡᠯᠡᠪᠡ᠃ 171 ᠤᠯᠤᠰ ᠤᠨ | ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ |