ᠰᠢ ᠶᠢᠨ ᠫᠢᠩ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠤ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠬᠥᠭᠵᠢᠭᠦᠯᠬᠦ ᠭᠡᠷᠡᠭᠳᠠᠢ
ᠨᠡᠶᠢᠲᠡᠯᠡᠭᠰᠡᠨ ᠴᠠᠭ᠄
2021/10/15
     ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ 10 ᠰᠠᠷ᠎ᠠ ᠶᠢᠨ 13᠎ ᠠᠴᠠ 14᠎ ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ ᠤᠯᠤᠰ ᠤᠨ ᠤᠯᠤᠰ ᠤᠨ ᠪᠠᠶᠢᠳᠠᠯ ᠪᠠ ᠪᠣᠳᠠᠲᠠᠢ ᠲᠠᠢ ᠨᠡᠶᠢᠴᠡᠵᠦ᠂ ᠨᠡᠶᠢᠭᠡᠮ ᠵᠢᠷᠤᠮᠲᠤ ᠤᠯᠤᠰ ᠤᠨ ᠰᠢᠨᠵᠢ ᠴᠢᠨᠠᠷ ᠢ ᠢᠯᠡᠷᠡᠭᠦᠯᠵᠦ᠂ ᠠᠷᠠᠳ ᠲᠦᠮᠡᠨ ᠤ ᠡᠷᠬᠡ ᠮᠡᠳᠡᠵᠤ ᠡᠵᠡᠨ ᠰᠠᠭᠤᠬᠤ ᠶᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢ ᠪᠠᠲᠤᠯᠠᠬᠤ ᠰᠠᠶᠢᠨ ᠪᠠᠶᠢᠭᠤᠯᠤᠯ ᠮᠥᠨ᠂ ᠮᠠᠨ ᠤ ᠨᠠᠮ ᠤᠨ ᠠᠷᠠᠳ ᠲᠦᠮᠡᠨ ᠢ ᠤᠳᠤᠷᠢᠳᠤᠨ ᠡᠬᠦᠳᠦᠭᠰᠡᠨ ᠬᠥᠮᠦᠨ ᠲᠥᠷᠥᠯᠬᠢᠲᠡᠨ ᠤ ᠤᠯᠤᠰ ᠲᠦᠷᠦ ᠶᠢᠨ ᠪᠠᠶᠢᠭᠤᠯᠤᠯ ᠤᠨ ᠲᠡᠦᠬᠡᠨ ᠳᠡᠭᠡᠷᠡᠬᠢ ᠠᠭᠤᠤ ᠶᠡᠭᠡ ᠡᠭᠦᠳᠦᠯᠲᠡ ᠮᠥᠨ᠂ ᠮᠠᠨ ᠤ ᠤᠯᠤᠰ ᠤᠨ ᠤᠯᠤᠰ ᠲᠦᠷᠦ ᠶᠢᠨ ᠬᠥᠭᠵᠢᠯᠲᠡ ᠶᠢᠨ ᠲᠡᠦᠬᠡ ᠴᠢᠨᠠᠭᠰᠢᠯᠠᠪᠠᠯ ᠳᠡᠯᠡᠬᠡᠢ ᠶᠢᠨ ᠤᠯᠤᠰ ᠲᠦᠷᠦ ᠶᠢᠨ ᠬᠥᠭᠵᠢᠯᠲᠡ ᠶᠢᠨ ᠲᠡᠦᠬᠡᠨ ᠳᠡᠭᠡᠷᠡᠬᠢ ᠴᠢᠬᠤᠯᠠ ᠶᠡᠭᠡ ᠠᠴᠢ ᠬᠤᠯᠪᠣᠭᠳᠠᠯ ᠲᠠᠢ ᠴᠣ᠋ ᠰᠢᠨ᠎ᠡ ᠤᠯᠤᠰ ᠲᠦᠷᠦ ᠶᠢᠨ ᠪᠠᠶᠢᠭᠤᠯᠤᠯ ᠮᠥᠨ᠃ ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠬᠥᠭᠵᠢᠭᠦᠯᠵᠦ᠂ ᠠᠮᠢᠳᠤ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃
     ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠤᠯᠤᠰ ᠤᠨ ᠳᠡᠳ᠋ ᠲᠡᠷᠢᠭᠦᠯᠡᠭᠴᠢ ᠸᠠᠩ ᠴᠢ ᠱᠠᠨ ᠬᠤᠷᠠᠯ ᠳᠤ ᠣᠷᠣᠯᠴᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠶᠠᠨ ᠳᠠᠷᠤᠭ᠎ᠠ ᠯᠢ ᠵᠠᠨ ᠱᠤ᠋ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃      ᠰᠢ ᠶᠢᠨ ᠫᠢᠩ ᠶᠠᠷᠢᠶᠠᠨ ᠳᠠᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠲᠦᠷᠦ ᠶᠢᠨ ᠲᠤᠬᠠᠢ ᠰᠤᠷᠭᠠᠯ ᠤᠨ ᠦᠨᠳᠦᠰᠦᠨ ᠵᠠᠷᠴᠢᠮ ᠢ ᠪᠠᠷᠢᠮᠲᠠᠯᠠᠵᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭᠲᠤ ᠲᠦᠷᠦ ᠶᠢᠨ ᠪᠦᠲᠦᠴᠡ ᠲᠠᠢ ᠵᠣᠬᠢᠴᠠᠵᠤ᠂ ᠤᠯᠤᠰ ᠤᠨ ᠨᠡᠶᠢᠭᠡᠮ ᠵᠢᠷᠤᠮ ᠤᠨ ᠵᠠᠮ ᠢᠶᠠᠷ ᠤᠷᠤᠭᠰᠢᠯᠠᠬᠤ ᠶᠢ ᠪᠦᠲᠦᠮᠵᠢᠲᠡᠢ ᠪᠠᠲᠤᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠨᠢ ᠤᠯᠤᠰ ᠤᠨ ᠠᠯᠢᠪᠠ ᠡᠷᠬᠡ ᠠᠷᠠᠳ ᠲᠦᠮᠡᠨ ᠤ ᠬᠢ ᠪᠣᠯᠬᠤ ᠶᠢ ᠪᠠᠷᠢᠮᠲᠠᠯᠠᠵᠤ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠤᠯᠤᠰ ᠤᠨ ᠵᠠᠰᠠᠯᠲᠠ ᠶᠢᠨ ᠰᠠᠮᠠᠭᠤᠨ ᠢ ᠴᠡᠭᠴᠡᠯᠡᠨ ᠵᠠᠰᠠᠵᠤ ᠮᠠᠨᠳᠤᠵᠤ ᠪᠠᠭᠤᠷᠠᠬᠤ ᠲᠡᠦᠬᠡ ᠶᠢᠨ ᠦᠶᠡᠯᠡᠯ ᠤᠨ ᠨᠤᠷᠮ᠎ᠠ ᠠᠴᠠ ᠮᠤᠯᠳᠤᠷᠠᠨ ᠭᠠᠷᠬᠤ ᠶᠢ ᠪᠦᠲᠦᠮᠵᠢᠲᠡᠢ ᠪᠠᠲᠤᠯᠠᠪᠠ᠃ 60 ᠭᠠᠷᠤᠢ ᠵᠢᠯ ᠤᠨ ᠲᠤᠷᠰᠢ ᠢᠯᠠᠩᠭᠤᠶ᠎ᠠ ᠥᠭᠡᠷᠡᠴᠢᠯᠡᠯᠲᠡ ᠨᠡᠭᠡᠭᠡᠯᠳᠡ ᠬᠢᠭᠰᠡᠨ 40 ᠭᠠᠷᠤᠢ ᠵᠢᠯ ᠤᠨ ᠲᠤᠷᠰᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠨᠢ ᠨᠠᠮ ᠠᠴᠠ ᠠᠷᠠᠳ ᠲᠦᠮᠡᠨ ᠢ ᠤᠳᠤᠷᠢᠳᠤᠨ ᠠᠵᠤ ᠠᠬᠤᠢ ᠶᠢᠨ ᠲᠦᠷᠭᠡᠨ ᠬᠥᠭᠵᠢᠯᠲᠡ ᠶᠢᠨ ᠭᠠᠶᠢᠬᠠᠮᠰᠢᠭ ᠪᠠ ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ ᠪᠠᠶᠢᠳᠠᠯ ᠤᠨ ᠭᠠᠶᠢᠬᠠᠮᠰᠢᠭ ᠢ ᠡᠭᠦᠳᠬᠦ ᠳᠤ ᠴᠢᠬᠤᠯᠠ ᠪᠠᠶᠢᠭᠤᠯᠤᠯ ᠤᠨ ᠪᠠᠲᠤᠯᠠᠭ᠎ᠠ ᠬᠠᠩᠭᠠᠵᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠣᠯᠤᠨ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠳᠤ ᠪᠠᠶᠢᠭᠤᠯᠤᠯ ᠢ ᠪᠠᠬᠢᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠠᠴᠠ ᠡᠭᠦᠰᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠤᠨᠤᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠠᠯᠢ ᠣᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠱᠠᠭᠠᠷᠳᠠᠯᠭ᠎ᠠ ᠶᠢ ᠳᠤᠷᠠᠳᠴᠤ᠂ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡᠪᠰᠢ ᠳᠦᠷᠢᠮ ᠤᠨ ᠰᠢᠰᠲ᠋ᠧᠮ ᠢᠶᠠᠷ ᠠᠷᠠᠳ ᠲᠦᠮᠡᠨ ᠤ ᠡᠷᠬᠡ ᠮᠡᠳᠡᠵᠤ ᠡᠵᠡᠨ ᠰᠠᠭᠤᠬᠤ ᠶᠢ ᠪᠠᠲᠤᠯᠠᠬᠤ ᠶᠢ ᠪᠠᠷᠢᠮᠲᠠᠯᠠᠵᠤ᠂ ᠡᠷᠬᠡᠪᠰᠢ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠡᠷᠬᠡᠪᠰᠢ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠡᠷᠬᠡᠪᠰᠢ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢ ᠪᠠᠷᠢᠮᠲᠠᠯᠠᠬᠤ ᠬᠡᠷᠡᠭᠳᠡᠢ ᠬᠡᠵᠤ ᠴᠢᠬᠤᠯᠠᠴᠢᠯᠠᠬᠰᠠᠨ ᠶᠤᠮ ᠭᠡᠵᠤ ᠴᠢᠬᠤᠯᠠᠴᠢᠯᠠᠪᠠ᠃      ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠪᠠᠶᠢᠭᠤᠯᠤᠯ ᠤᠨ ᠥᠷᠢᠰᠥᠯᠳᠦᠭᠡᠨ ᠪᠣᠯ ᠤᠯᠤᠰ ᠤᠨ ᠶᠡᠷᠦᠩᠬᠡᠶᠢᠯᠡᠭᠰᠡᠨ ᠬᠦᠴᠦᠨ ᠤ ᠥᠷᠢᠰᠥᠯᠳᠦᠭᠡᠨ ᠤ ᠴᠢᠬᠤᠯᠠ ᠲᠠᠯ᠎ᠠ ᠪᠣᠯᠤᠨ᠎ᠠ᠂ ᠪᠠᠶᠢᠭᠤᠯᠤᠯ ᠤᠨ ᠳᠠᠪᠠᠭᠤᠯᠢᠭ ᠪᠣᠯ ᠨᠢᠭᠡ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ ᠡᠷᠬᠡ ᠶᠢ ᠤᠯᠬᠤ ᠴᠢᠬᠤᠯᠠ ᠳᠠᠪᠠᠭᠤᠯᠢᠭ ᠪᠣᠯᠤᠨ᠎ᠠ᠃ ᠪᠠᠶᠢᠭᠤᠯᠤᠯ ᠲᠣᠭᠲᠠᠭᠤᠨ ᠪᠣᠯ ᠤᠯᠤᠰ ᠲᠣᠭᠲᠠᠭᠤᠨ᠂ ᠪᠠᠶᠢᠭᠤᠯᠤᠯ ᠬᠦᠴᠦᠷᠬᠡᠭ ᠪᠣᠯ ᠤᠯᠤᠰ ᠬᠦᠴᠦᠷᠬᠡᠭ ᠭᠡᠳᠡᠭ ᠢ ᠲᠡᠤᠭᠡ ᠪᠠ ᠪᠤᠳᠠᠳᠤ ᠠᠬᠤᠢ ᠴᠦᠮ ᠭᠡᠷᠡᠴᠢᠯᠠᠪᠠ᠃ ᠪᠢᠳᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠥᠴᠦᠬᠡᠨ ᠴᠦ ᠭᠤᠶᠢᠪᠢᠰᠢ ᠦᠭᠡᠢ ᠪᠠᠷ ᠪᠠᠷᠢᠮᠲᠠᠯᠠᠨ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃
     ᠰᠢ ᠶᠢᠨ ᠫᠢᠩ᠂ ᠦᠨᠳᠦᠰᠦᠨ ᠬᠠᠤᠯᠢ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠨ ᠬᠠᠤᠯᠢ ᠶᠢᠨ ᠡᠷᠬᠡ ᠰᠦᠷ ᠪᠠ ᠨᠡᠷ᠎ᠡ ᠬᠦᠨᠳᠦ ᠶᠢ ᠬᠠᠮᠠᠭᠠᠯᠠᠬᠤ ᠬᠡᠷᠡᠭᠲᠡᠢ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠦᠨᠳᠦᠰᠦᠨ ᠬᠠᠤᠯᠢ ᠶᠢᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠦᠷᠢᠮᠵᠢᠯ ᠢ ᠲᠡᠭᠦᠯᠳᠡᠷᠵᠢᠭᠦᠯᠵᠦ᠂ ᠦᠨᠳᠦᠰᠦᠨ ᠬᠠᠤᠯᠢ ᠳᠤ ᠲᠣᠭᠲᠠᠭᠠᠭᠰᠠᠨ ᠪᠠᠶᠢᠭᠤᠯᠤᠯ᠂ ᠵᠠᠷᠴᠢᠮ᠂ ᠲᠦᠷᠢᠮ ᠤᠨ ᠪᠦᠬᠦ ᠲᠠᠯ᠎ᠠ ᠪᠠᠷ ᠬᠡᠷᠡᠭᠵᠢᠭᠦᠯᠦᠭᠳᠡᠬᠦ ᠶᠢ ᠪᠠᠲᠤᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠦᠨᠳᠦᠰᠦᠨ ᠬᠠᠤᠯᠢ ᠬᠠᠤᠯᠢ ᠴᠠᠭᠠᠵᠠ ᠶᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠵᠢᠷᠤᠮᠯᠠᠭᠳᠠᠨ ᠬᠡᠷᠡᠭᠵᠢᠭᠦᠯᠦᠭᠳᠡᠬᠦ ᠶᠢ ᠪᠠᠲᠤᠯᠠᠵᠤ᠂ ᠤᠯᠤᠰ ᠤᠨ ᠬᠠᠤᠯᠢᠵᠢᠯ ᠤᠨ ᠨᠢᠭᠡᠳᠦᠯ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠦᠷᠭᠡᠳᠭᠡᠨ ᠲᠡᠭᠦᠯᠳᠡᠷᠵᠢᠭᠦᠯᠵᠦ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ᠂ ᠴᠢᠳᠠᠮᠠᠭᠠᠢ ᠵᠠᠰᠠᠯᠲᠠ ᠶᠢ ᠪᠠᠲᠤᠯᠠᠬᠤ ᠬᠡᠷᠡᠭᠲᠡᠢ᠃ ᠬᠠᠤᠯᠢ ᠲᠣᠭᠲᠠᠭᠠᠬᠤ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠥᠭᠡᠷᠡᠴᠢᠯᠡᠯᠲᠡ ᠬᠥᠭᠵᠢᠯᠲᠡ ᠶᠢᠨ ᠰᠢᠢᠳᠪᠦᠷᠢᠲᠦ ᠪᠤᠳᠤᠯᠭ᠎ᠠ ᠲᠤᠬᠳᠠᠭᠠᠬᠤ ᠶᠢ ᠬᠠᠤᠯᠢ ᠲᠣᠭᠲᠠᠭᠠᠬᠤ ᠰᠢᠢᠳᠪᠦᠷᠢᠲᠦ ᠪᠤᠳᠤᠯᠭ᠎ᠠ ᠶᠢ ᠲᠤᠬᠳᠠᠭᠠᠬᠤ ᠯᠤᠭ᠎ᠠ ᠨᠡᠩ ᠰᠠᠶᠢᠲᠤᠷ ᠤᠶᠠᠯᠳᠤᠭᠤᠯᠵᠤ᠂ ᠤᠯᠤᠰ ᠤᠨ ᠳᠣᠲᠣᠭᠠᠳᠤ ᠶᠢᠨ ᠬᠠᠤᠯᠢᠵᠢᠯ ᠪᠣᠯᠤᠨ ᠭᠠᠳᠠᠭᠠᠳᠤ ᠳᠤ ᠬᠤᠯᠪᠣᠭᠳᠠᠬᠤ ᠬᠠᠤᠯᠢᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠤᠯᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠯᠳᠠ ᠬᠢᠬᠦ ᠲᠤᠭᠤᠷᠪᠢᠨ ᠨᠠᠶᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ᠂ ᠭᠠᠳᠠᠭᠠᠳᠤ ᠳᠤ ᠬᠤᠯᠪᠣᠭᠳᠠᠬᠤ ᠬᠦᠷᠢᠶ᠎ᠠ ᠴᠠᠷᠠᠭᠠᠨ ᠳᠠᠬᠢ ᠬᠠᠤᠯᠢ ᠲᠣᠭᠲᠠᠭᠠᠬᠤ ᠶᠢ ᠴᠢᠩᠭᠠᠳᠬᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠠᠵᠢᠯ ᠳᠠᠬᠢ ᠭᠤᠣᠯᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠦᠨᠳᠦᠰᠦᠨ ᠬᠠᠤᠯᠢ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠬᠢᠨᠠᠯᠲᠠ ᠲᠠᠯᠪᠢᠬᠤ ᠡᠷᠬᠡ ᠶᠢ ᠰᠠᠶᠢᠲᠤᠷ ᠬᠡᠷᠡᠭᠯᠡᠵᠦ᠂ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠯᠠᠨ ᠤ ᠪᠤᠳᠤᠵᠤ ᠰᠠᠨᠠᠵᠦ ᠬᠦᠰᠡᠵᠤ ᠪᠠᠶᠢᠭ᠎ᠠ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠯᠢᠶᠡᠰᠦᠯᠡᠵᠤ ᠪᠠᠶᠢᠭ᠎ᠠ ᠲᠤᠪᠤᠶᠢᠮ᠎ᠠ ᠵᠥᠷᠢᠴᠡᠯ ᠪᠣᠯᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾᠎ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠲᠣᠭᠲᠠᠭᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠭᠲᠠᠭᠠᠭᠰᠠᠠ ᠰᠢᠢᠳᠪᠦᠷᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠠᠵᠢᠯ ᠢᠶᠠᠨ ᠮᠡᠳᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠯᠳᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ ᠭᠡᠵᠦ ᠴᠢᠬᠤᠯᠠᠴᠢᠯᠠᠵᠠᠢ᠃      ᠰᠢ ᠶᠢᠨ ᠫᠢᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ ᠶᠢ ᠪᠡᠶᠡᠯᠡᠭᠦᠯᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠷᠠᠳ ᠤᠯᠠᠨ ᠲᠠᠢ ᠬᠠᠷᠢᠯᠴᠠᠬᠤ ᠠᠭᠤᠯᠭ᠎ᠠ ᠪᠠ ᠬᠡᠯᠪᠡᠷᠢ ᠶᠢ ᠪᠠᠶᠠᠯᠢᠭᠵᠢᠭᠤᠯᠵᠤ᠂ ᠨᠡᠩ ᠰᠠᠶᠢᠨ ᠢᠶᠠᠷ ᠤᠯᠠᠨ ᠲᠦᠮᠡᠨ ᠲᠠᠢ ᠣᠶᠢᠷᠠᠳᠴᠤ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠯᠥᠭᠡᠯᠡᠭᠴᠢᠳ ᠤᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠳᠤᠷ ᠭᠦᠢᠴᠡᠳᠬᠡᠬᠦ ᠶᠢ ᠳᠡᠮᠵᠢᠨ ᠪᠠᠲᠤᠯᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠠᠴᠠ ᠣᠯᠭᠤᠭᠰᠠᠨ ᠢᠷᠠᠭᠤ ᠠᠯᠳᠠᠷᠲᠤ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠯᠠᠨ ᠯᠤᠭ᠎ᠠ ᠶᠢᠨ ᠬᠠᠷᠢᠯᠴᠠᠭ᠎ᠠ ᠪᠠᠨ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠴᠤᠭ ᠵᠢᠪᠬᠤᠭ᠎ᠠ ᠶᠢ ᠢᠯᠡᠷᠡᠬᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠬᠤ ᠤᠯᠤᠰ ᠲᠦᠷᠦ ᠶᠢᠨ ᠪᠠᠶᠢᠭᠤᠯᠭ᠎ᠠ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠬᠤ ᠲᠦᠷᠦ ᠶᠢᠨ ᠡᠷᠬᠡᠲᠦ ᠪᠠᠶᠢᠭᠤᠯᠭ᠎ᠠ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠡᠭᠦᠷᠭᠡᠯᠡᠬᠦ ᠠᠵᠢᠯ ᠤᠨ ᠪᠠᠶᠢᠭᠤᠯᠭ᠎ᠠ᠂ ᠠᠷᠠᠳ ᠤᠯᠠᠨ ᠯᠤᠭ᠎ᠠ ᠢᠮᠠᠭᠲᠠ ᠨᠢᠭᠲᠠ ᠬᠠᠷᠢᠴᠠᠭ᠎ᠠ ᠲᠠᠢ ᠪᠠᠶᠢᠬᠤ ᠲᠥᠯᠥᠭᠡᠯᠡᠬᠦ ᠪᠠᠶᠢᠭᠤᠯᠭ᠎ᠠ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠨᠠᠮ ᠠᠴᠠ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠵᠢᠯ ᠢ ᠤᠳᠤᠷᠢᠳᠬᠤ ᠲᠦᠷᠢᠮ ᠢ ᠲᠡᠭᠦᠯᠳᠡᠷᠵᠢᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ᠂ ᠠᠵᠢᠯ ᠢᠶᠠᠨ ᠥᠷᠨᠢᠭᠦᠯᠬᠦ ᠶᠢ ᠲᠡᠮᠵᠢᠵᠤ᠂ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾᠎ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠶᠢ ᠵᠢᠯᠣᠭᠤᠳᠤᠨ ᠱᠠᠯᠠᠪᠲᠠᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠤᠳᠤᠷᠢᠳᠤᠯᠭ᠎ᠠ ᠶᠢᠨ ᠡᠯ᠎ᠡ ᠵᠦᠢᠯ ᠤᠨ ᠲᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠠᠷᠠᠳᠴᠢᠯᠠᠯ ᠪᠣᠯ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠢᠮᠠᠭᠲᠠ ᠭᠤᠶᠢᠪᠢᠰᠢ ᠦᠭᠡᠢ ᠪᠠᠷᠢᠮᠲᠠᠯᠠᠬᠤ ᠴᠢᠬᠤᠯᠠ ᠣᠶᠢᠯᠠᠭᠠᠭᠳᠠᠬᠤᠨ ᠮᠥᠨ᠃ ᠨᠢᠭᠡ ᠤᠯᠤᠰ ᠤᠨ ᠤᠯᠤᠰ ᠲᠥᠷᠥ ᠶᠢᠨ ᠪᠠᠶᠢᠭᠤᠯᠤᠯ ᠤᠨ ᠠᠷᠠᠳᠴᠢᠯᠠᠯ ᠲᠠᠢ ᠡᠰᠡᠬᠦ᠂ ᠪᠦᠳᠦᠮᠵᠢᠳᠡᠢ ᠡᠰᠡᠬᠦ ᠶᠢ ᠦᠨᠡᠯᠡᠬᠦ ᠳᠤ᠂ ᠭᠤᠣᠯᠳᠠᠭᠤ ᠤᠯᠤᠰ ᠤᠨ ᠤᠳᠤᠷᠢᠳᠬᠤ ᠳᠠᠪᠬᠤᠷᠭ᠎ᠠ ᠶᠢᠨ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠰᠣᠯᠢᠭᠳᠠᠵᠤ ᠴᠢᠳᠠᠬᠤ ᠡᠰᠡᠬᠦ᠂ ᠪᠦᠬᠦ ᠠᠷᠠᠳ ᠲᠦᠮᠡᠨ ᠬᠠᠤᠯᠢ ᠶᠣᠰᠣᠭᠠᠷ ᠤᠯᠤᠰ ᠤᠨ ᠬᠡᠷᠡᠭ ᠶᠠᠪᠤᠳᠠᠯ ᠪᠠ ᠨᠡᠶᠢᠭᠡᠮ ᠤᠨ ᠬᠡᠷᠡᠭ ᠶᠠᠪᠤᠳᠠᠯ ᠢ ᠬᠠᠮᠢᠶᠠᠷᠴᠤ ᠴᠢᠳᠠᠬᠤ ᠡᠰᠡᠬᠦ᠂ ᠠᠵᠤ ᠠᠬᠤᠢ ᠪᠠ ᠰᠣᠶᠣᠯ ᠤᠨ ᠦᠢᠯᠡᠰ ᠢ ᠬᠠᠮᠢᠶᠠᠷᠴᠤ ᠴᠢᠲᠠᠬᠤ ᠡᠰᠡᠭᠦ᠂ ᠠᠷᠠᠳ ᠣᠯᠠᠨ ᠠᠰᠢᠭ ᠲᠤᠰᠠ ᠶᠢᠨ ᠱᠠᠭᠠᠷᠳᠠᠯᠭ᠎ᠠ ᠪᠠᠨ ᠢᠯᠭᠤᠮ ᠰᠢᠭᠤᠳ ᠢᠯᠡᠳᠬᠡᠵᠦ ᠴᠢᠳᠠᠬᠤ ᠡᠰᠡᠬᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤᠯᠤᠰ ᠤᠨ ᠤᠯᠤᠰ ᠲᠦᠷᠦ ᠶᠢᠨ ᠠᠮᠢᠳᠤᠷᠠᠯ ᠳᠤ ᠪᠦᠲᠦᠮᠵᠢᠲᠡᠢ ᠣᠷᠣᠯᠴᠠᠵᠤ ᠴᠢᠳᠠᠬᠤ ᠡᠰᠡᠬᠦ᠂ ᠤᠯᠤᠰ ᠤᠨ ᠰᠢᠢᠳᠪᠦᠷᠢᠲᠦ ᠪᠣᠳᠣᠯᠭ᠎ᠠ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ ᠶᠢ ᠪᠡᠶᠡᠯᠡᠭᠦᠯᠵᠦ ᠴᠢᠳᠠᠬᠤ ᠡᠰᠡᠬᠦ᠂ ᠡᠯ᠎ᠡ ᠲᠠᠯ᠎ᠠ ᠶᠢᠨ ᠴᠢᠳᠠᠪᠤᠷᠢᠲᠠᠨ ᠡᠷᠬᠡ ᠲᠡᠭᠰᠢ ᠥᠷᠢᠰᠥᠯᠳᠦᠭᠡᠨ ᠢᠶᠠᠷ ᠳᠠᠮᠵᠢᠨ ᠤᠯᠤᠰ ᠤᠨ ᠤᠳᠤᠷᠢᠳᠤᠯᠭ᠎ᠠ ᠪᠠ ᠬᠠᠮᠢᠶᠠᠷᠤᠯᠲᠠ ᠶᠢᠨ ᠰᠢᠰᠲ᠋ᠧᠮ ᠳᠤ ᠣᠷᠣᠵᠤ ᠴᠢᠳᠠᠬᠤ ᠡᠰᠡᠬᠦ᠂ ᠲᠦᠷᠦ ᠪᠠᠷᠢᠵᠦ ᠪᠠᠶᠢᠭ᠎ᠠ ᠨᠠᠮ ᠦᠨᠳᠦᠰᠦᠨ ᠬᠠᠤᠯᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠲᠦᠷᠦ ᠶᠢᠨ ᠬᠡᠷᠡᠭ ᠶᠠᠪᠤᠳᠠᠯ ᠳᠠᠬᠢ ᠤᠳᠤᠷᠢᠳᠤᠯᠭ᠎ᠠ ᠪᠠᠨ ᠪᠡᠶᠡᠯᠡᠭᠦᠯᠵᠦ ᠴᠢᠲᠠᠬᠤ ᠡᠰᠡᠭᠦ᠂ ᠡᠷᠬᠡ ᠶᠢᠨ ᠬᠡᠷᠡᠭᠯᠡᠯᠲᠡ ᠨᠢ ᠪᠦᠲᠦᠮᠵᠢᠲᠡᠢ ᠬᠦᠯᠢᠶᠡᠰᠦᠯᠡᠯ ᠪᠠ ᠬᠢᠨᠠᠯᠲᠠ ᠲᠠᠯᠪᠢᠯᠳᠠ ᠶᠢ ᠬᠦᠯᠢᠶᠡᠵᠤ ᠴᠢᠳᠠᠬᠤ ᠡᠰᠡᠬᠦ ᠶᠢ ᠦᠵᠡᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠠᠷᠠᠳᠴᠢᠯᠠᠯ ᠪᠣᠯ ᠵᠠᠰᠠᠯ ᠴᠢᠮᠡᠭᠯᠡᠯ ᠤᠨ ᠡᠳ᠋ ᠪᠢᠰᠢ᠂ ᠦᠵᠡᠮᠦᠷᠢ ᠶᠢᠨ ᠡᠳ᠋ ᠪᠢᠰᠢ᠂ ᠬᠠᠷᠢᠨ ᠠᠷᠠᠳ ᠲᠦᠮᠡᠨ ᠤ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠯᠡᠳᠡᠭ ᠶᠤᠮ᠃ ᠨᠢᠭᠡ ᠤᠯᠤᠰ ᠤᠨ ᠠᠷᠠᠳᠴᠢᠯᠠᠯ ᠲᠠᠢ ᠪᠠ ᠠᠷᠠᠳᠴᠢᠯᠠᠯ ᠦᠭᠡᠢ ᠶᠢᠨ ᠵᠠᠩᠭᠢᠯᠠᠭ᠎ᠠ ᠨᠢ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠦᠨᠡᠨ ᠬᠦ ᠪᠡᠶᠡᠯᠡᠭᠦᠯᠦᠭᠰᠡᠨ ᠡᠰᠡᠬᠦ ᠳᠤ ᠪᠤᠢ᠂ ᠠᠷᠠᠳ ᠲᠦᠮᠡᠨ ᠪᠢᠯᠧᠲ ᠥᠭᠬᠦ ᠡᠷᠬᠡ ᠲᠠᠢ ᠪᠠᠶᠢᠬᠤ ᠡᠰᠡᠬᠦ ᠶᠢ ᠦᠵᠡᠬᠦ ᠬᠡᠷᠡᠭᠲᠡᠢ᠂ ᠨᠡᠩ ᠠᠷᠠᠳ ᠲᠦᠮᠡᠨ ᠥᠷᠭᠡᠨ ᠢᠶᠠᠷ ᠣᠷᠣᠯᠴᠠᠬᠤ ᠡᠷᠬᠡ ᠲᠠᠢ ᠪᠠᠶᠢᠬᠤ ᠡᠰᠡᠬᠦ ᠶᠢ ᠦᠵᠡᠬᠦ ᠬᠡᠷᠡᠭᠲᠡᠢ︔ ᠠᠷᠠᠳ ᠲᠦᠮᠡᠨ ᠰᠣᠩᠭᠤᠭᠤᠯᠢ ᠶᠢᠨ ᠶᠠᠪᠤᠴᠠ ᠳᠤ ᠶᠠᠮᠠᠷ ᠠᠮᠠᠯᠠᠯᠲᠠ ᠶᠢ ᠬᠦᠷᠳᠡᠭᠰᠡᠨ ᠢ ᠦᠵᠡᠬᠦ ᠬᠡᠷᠡᠭᠲᠡᠶ᠂ ᠨᠡᠩ ᠴᠤ ᠰᠣᠩᠭᠤᠭᠤᠯᠢ ᠶᠢᠨ ᠳᠠᠷᠠᠭ᠎ᠠ ᠡᠳᠡᠭᠡᠷ ᠠᠮᠠᠯᠠᠯᠲᠠ ᠪᠠᠨ ᠬᠡᠳᠦᠶ ᠶᠢ ᠨᠢ ᠪᠡᠶᠡᠯᠡᠭᠦᠯᠦᠭᠰᠡᠡ ᠢ ᠦᠵᠡᠬᠦ ᠬᠡᠷᠡᠭᠲᠡᠶ︔ ᠲᠦᠷᠢᠮ ᠪᠠ ᠬᠠᠤᠯᠢ ᠴᠠᠭᠠᠵᠠ ᠳᠤ ᠶᠠᠮᠠᠷ ᠶᠠᠩᠵᠤ ᠶᠢᠨ ᠤᠯᠤᠰ ᠲᠦᠷᠦ ᠶᠢᠨ ᠲᠡᠰ ᠲᠠᠷᠠᠭᠠᠯᠠᠯ ᠪᠠ ᠤᠯᠤᠰ ᠲᠦᠷᠦ ᠶᠢᠨ ᠲᠦᠷᠢᠮ ᠢ ᠲᠣᠭᠲᠠᠭᠠᠭᠰᠠᠨ ᠢ ᠦᠵᠡᠬᠦ ᠬᠡᠷᠡᠭᠲᠡᠢ᠂ ᠨᠠᠩ ᠴᠤ ᠡᠳᠡᠭᠡᠷ ᠲᠦᠷᠢᠮ ᠪᠠ ᠬᠠᠤᠯᠢ ᠴᠠᠭᠠᠵᠠ ᠨᠢ ᠦᠨᠡᠨ ᠬᠦ ᠬᠡᠷᠡᠭᠵᠢᠭᠦᠯᠦᠭᠳᠡᠭᠰᠡᠨ ᠡᠰᠡᠬᠦ ᠶᠢ ᠦᠵᠡᠬᠦ ᠬᠡᠷᠡᠭᠲᠡᠢ︔ ᠡᠷᠬᠡ ᠶᠢᠨ ᠠᠵᠢᠯᠯᠠᠭᠠᠨ ᠤ ᠲᠦᠷᠢᠮ ᠪᠠ ᠲᠡᠰ ᠲᠠᠷᠠᠭᠠᠯᠠᠯ ᠨᠢ ᠠᠷᠠᠳᠴᠢᠯᠠᠯ ᠲᠠᠢ ᠪᠠᠶᠢᠬᠤ ᠡᠰᠡᠬᠦ ᠶᠢ ᠦᠵᠡᠬᠦ ᠬᠡᠷᠡᠭᠲᠡᠢ᠂ ᠨᠡᠩ ᠴᠤ ᠡᠷᠬᠡ ᠨᠢ ᠠᠷᠠᠳ ᠲᠦᠮᠡᠨ ᠤ ᠬᠢᠨᠠᠯᠲᠠ ᠲᠠᠯᠪᠢᠯᠲᠠ ᠪᠠ ᠬᠢᠵᠠᠭᠠᠷᠯᠠᠯ ᠢ ᠦᠨᠡᠨ ᠬᠦ ᠬᠦᠯᠢᠶᠡᠭᠰᠡᠡ ᠡᠰᠡᠬᠦ ᠶᠢ ᠦᠵᠡᠬᠦ ᠬᠡᠷᠡᠭᠲᠡᠢ᠃ ᠬᠡᠷᠪᠡ ᠠᠷᠠᠳ ᠲᠦᠮᠡᠨ ᠢ ᠪᠢᠯᠧᠲ ᠥᠭᠬᠦ ᠦᠶ᠎ᠡ ᠳᠤ ᠯᠡ ᠲᠠᠭᠤᠳᠠᠵᠤ᠂ ᠪᠢᠯᠧᠲ ᠥᠭᠭᠦᠭᠰᠡᠨ ᠤ ᠲᠠᠷᠠᠭ᠎ᠠ ᠳᠠᠷᠤᠢ ᠴᠢᠮᠡᠭᠡ ᠦᠬᠡᠢ ᠬᠤᠭᠤᠴᠠᠭᠠᠨ ᠳᠤ ᠣᠷᠣᠵᠦ᠂ ᠰᠣᠩᠭᠤᠭᠤᠯᠢ ᠳᠤ ᠦᠷᠢᠰᠦᠯᠳᠦᠬᠦ ᠦᠶ᠎ᠡ ᠳᠤ ᠯᠡ ᠦᠰᠭᠡᠬᠡᠡ ᠲᠦᠰᠭᠡᠬᠡᠡ ᠲᠠᠢ ᠶᠠᠷᠢᠬᠤ ᠤᠷᠢᠶ᠎ᠠ ᠶᠢ ᠨᠢ ᠰᠣᠨᠣᠰᠴᠤ᠂ ᠰᠣᠩᠭᠤᠭᠤᠯᠢ ᠶᠢᠨ ᠦᠷᠢᠰᠦᠯᠳᠦᠬᠡᠨ ᠲᠠᠭᠤᠰᠤᠬᠰᠠᠨ ᠤ ᠲᠠᠷᠠᠭ᠎ᠠ ᠥᠴᠦᠬᠡᠨ ᠴᠦ ᠦᠭᠡ ᠬᠡᠯᠡᠬᠦ ᠡᠷᠬᠡ ᠦᠭᠡᠢ ᠪᠤᠯᠵᠦ᠂ ᠪᠢᠯᠧᠲ ᠦᠭᠬᠦ ᠲᠡᠮᠵᠢᠯᠬᠡ ᠡᠷᠢᠬᠦ ᠦᠶ᠎ᠡ ᠳᠤ ᠯᠡ ᠬᠦᠨᠳᠦᠯᠡᠭᠳᠡᠵᠤ᠂ ᠰᠣᠩᠭᠤᠭᠤᠯᠢ ᠶᠢᠨ ᠲᠠᠷᠠᠭ᠎ᠠ ᠳᠠᠷᠤᠢ ᠬᠠᠶᠠᠭᠠᠨ ᠳᠤᠨᠢ ᠬᠠᠶᠠᠬᠳᠠᠬᠤ ᠶᠤᠮ ᠪᠤᠯ᠂ ᠡᠶᠢᠮᠦᠷᠬᠦᠦ ᠠᠷᠠᠳᠴᠢᠯᠠᠯ ᠨᠢ ᠵᠢᠩᠬᠢᠨᠢ ᠠᠷᠠᠳᠴᠢᠯᠠᠯ ᠪᠢᠰᠢ ᠶᠤᠮ ᠭᠡᠵᠦ ᠵᠢᠭᠠᠵᠦ ᠭᠠᠷᠭᠠᠵᠠᠢ᠃      ᠰᠢ ᠶᠢᠨ ᠫᠢᠩ᠂ ᠠᠷᠠᠳᠴᠢᠯᠠᠯ ᠪᠣᠯ ᠡᠯ᠎ᠡ ᠤᠯᠤᠰ ᠤᠨ ᠠᠷᠠᠳ ᠲᠦᠮᠡᠨ ᠤ ᠡᠷᠬᠡ ᠮᠥᠨ᠂ ᠬᠠᠷᠢᠨ ᠴᠥᠭᠡᠨ ᠲᠣᠭᠠᠨ ᠤ ᠤᠯᠤᠰ ᠤᠨ ᠲᠤᠰᠬᠠᠢ ᠠᠰᠢᠭ ᠪᠢᠰᠢ᠃ ᠨᠢᠭᠡ ᠤᠯᠤᠰ ᠤᠨ ᠠᠷᠠᠳᠴᠢᠯᠠᠯ ᠲᠠᠢ ᠡᠰᠡᠬᠦ ᠶᠢ ᠡᠨᠡ ᠤᠯᠤᠰ ᠤᠨ ᠠᠷᠠᠳ ᠲᠦᠮᠡᠨ ᠦᠨᠡᠯᠡᠪᠡᠯ ᠵᠣᠬᠢᠨ᠎ᠠ᠂ ᠬᠠᠷᠢᠨ ᠭᠠᠳᠠᠨᠠᠬᠢ ᠴᠥᠭᠡᠨ ᠲᠤᠭᠠᠨ ᠤ ᠬᠥᠮᠦᠨ ᠵᠢᠭᠠᠵᠤ ᠲᠤᠬᠢᠨ ᠭᠠᠷ ᠡᠷᠬᠢᠬᠦᠯᠬᠦ ᠪᠢᠰᠢ᠃ ᠳᠡᠯᠡᠬᠡᠢ ᠨᠡᠶᠢᠬᠡᠮ ᠤᠨ ᠠᠯᠢ ᠨᠢᠭᠡ ᠤᠯᠤᠰ ᠨᠢ ᠠᠷᠠᠳᠴᠢᠯᠠᠯ ᠲᠠᠢ ᠡᠰᠡᠬᠦ ᠶᠢ ᠳᠡᠯᠡᠬᠡᠢ ᠨᠡᠶᠢᠬᠡᠮ ᠤᠨ ᠬᠢᠨ ᠬᠠᠮᠲᠤ ᠪᠠᠷ ᠦᠨᠡᠯᠡᠬᠦ ᠬᠡᠷᠡᠭᠲᠡᠢ᠂ ᠬᠠᠷᠢᠨ ᠪᠡᠶ᠎ᠡ ᠪᠠᠨ ᠯᠡ ᠬᠡᠵᠤ ᠦᠵᠡᠳᠡᠭ ᠴᠥᠭᠡᠨ ᠲᠣᠭᠠᠨ ᠤ ᠤᠯᠤᠰ ᠠᠴᠠ ᠦᠨᠡᠯᠡᠵᠦ ᠪᠣᠯᠬᠤ ᠦᠭᠡᠢ᠃ ᠠᠷᠠᠳᠴᠢᠯᠠᠯ ᠢ ᠪᠡᠶᠡᠯᠡᠭᠦᠯᠬᠦ ᠳᠤ ᠤᠯᠠᠨ ᠵᠦᠢᠯ ᠤᠨ ᠬᠡᠯᠪᠡᠷᠢ ᠪᠤᠢ᠂ ᠴᠦᠮ ᠢᠶᠠᠷ ᠢᠶᠠᠨ ᠨᠢᠭᠡ ᠯᠡ ᠠᠳᠠᠯᠢ ᠪᠠᠶᠢᠵᠤ ᠴᠢᠳᠠᠬᠤ ᠦᠭᠡᠢ ᠶᠤᠮ᠃ ᠲᠠᠩ ᠭᠠᠭᠴᠠ ᠬᠡᠮᠵᠢᠭᠦᠷ ᠢᠶᠠᠷ ᠳᠡᠯᠡᠬᠡᠢ ᠶᠢᠨ ᠪᠠᠶᠠᠯᠢᠭ ᠰᠠᠶᠢᠬᠠᠨ ᠤᠯᠤᠰ ᠲᠦᠷᠦ ᠶᠢᠨ ᠪᠠᠶᠢᠭᠤᠯᠤᠯ ᠢ ᠬᠡᠮᠵᠢᠵᠦ᠂ ᠲᠠᠩ ᠴᠤᠯᠭᠤᠢ ᠬᠠᠷᠠᠴᠠ ᠪᠠᠷ ᠬᠥᠮᠦᠨ ᠲᠥᠷᠥᠯᠬᠢᠲᠡᠨ ᠤ ᠦᠩᠬᠡ ᠢᠯᠭᠠᠷᠠᠬᠰᠠᠨ ᠤᠯᠤᠰ ᠲᠦᠷᠦ ᠶᠢᠨ ᠪᠣᠯᠪᠠᠰᠤᠨ ᠢ ᠠᠵᠢᠠᠠᠯᠠᠬᠤ ᠨᠢ ᠲᠡᠷᠡ ᠴᠡᠭ ᠢᠶᠠᠷ ᠢᠶᠠᠨ ᠠᠷᠠᠳᠴᠢᠯᠠᠯ ᠤᠨ ᠪᠤᠰᠤ ᠶᠠᠪᠤᠳᠠᠯ ᠮᠥᠨ ᠭᠡᠵᠦ ᠴᠢᠬᠤᠯᠠᠴᠢᠯᠠᠪᠠ᠃
     ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠷᠠᠳᠴᠢᠯᠠᠭᠰᠠᠨ ᠤᠯᠤᠰ ᠲᠦᠷᠦ ᠶᠢᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ ᠳᠤᠷᠠᠳᠪᠠ᠃ ᠮᠠᠨ ᠤ ᠤᠯᠤᠰ ᠤᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠨᠢ ᠪᠦᠷᠢᠨ ᠪᠦᠲᠦᠨ ᠲᠦᠷᠢᠮ ᠤᠨ ᠲᠡᠰ ᠳᠠᠷᠠᠭᠠᠯᠠᠯ ᠪᠠᠶᠢᠬᠤ ᠪᠠᠷ ᠪᠠᠷᠠᠬᠤ ᠦᠭᠡᠢ ᠪᠦᠷᠢᠨ ᠪᠦᠲᠦᠨ ᠣᠷᠣᠯᠴᠠᠬᠤ ᠦᠢᠯᠡᠳᠦᠯᠭᠡ ᠲᠠᠢ ᠶᠤᠮ᠃ ᠮᠠᠨ ᠤ ᠤᠯᠤᠰ ᠤᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠨᠢ ᠶᠠᠪᠤᠴᠠ ᠶᠢᠨ ᠠᠷᠠᠳᠴᠢᠯᠠᠯ ᠪᠠ ᠦᠷ᠎ᠡ ᠪᠦᠲᠦᠭᠡᠯ ᠤᠨ ᠠᠷᠠᠳᠴᠢᠯᠠᠯ᠂ ᠲᠡᠰ ᠳᠠᠷᠠᠭᠠᠯᠠᠯ ᠤᠨ ᠠᠷᠠᠳᠴᠢᠯᠠᠯ ᠪᠠ ᠮᠥᠨ ᠴᠢᠨᠠᠷ ᠤᠨ ᠠᠷᠠᠳᠴᠢᠯᠠᠯ᠂ ᠰᠢᠭᠤᠳ ᠠᠷᠠᠳᠴᠢᠯᠠᠯ ᠪᠠ ᠲᠠᠮ ᠠᠷᠠᠳᠴᠢᠯᠠᠯ᠂ ᠠᠷᠠᠳ ᠤᠨ ᠠᠷᠠᠳᠴᠢᠯᠠᠯ ᠪᠠ ᠤᠯᠤᠰ ᠤᠨ ᠬᠦᠰᠡᠯ ᠵᠣᠷᠢᠭ ᠢ ᠬᠠᠷᠢᠯᠴᠠᠨ ᠨᠢᠭᠡᠳᠬᠡᠬᠦ ᠶᠢ ᠪᠡᠶᠡᠯᠡᠭᠦᠯᠵᠦ᠂ ᠪᠦᠬᠦ ᠬᠡᠯᠬᠢᠶᠡᠨ ᠤ᠂ ᠪᠦᠬᠦ ᠲᠠᠯ᠎ᠠ ᠶᠢᠨ᠂ ᠪᠦᠬᠦᠨ ᠢ ᠬᠠᠮᠤᠷᠤᠭᠰᠠᠨ ᠠᠷᠠᠳᠴᠢᠯᠠᠯ ᠮᠥᠨ᠂ ᠬᠠᠮᠤᠭ ᠤᠨ ᠥᠷᠭᠡᠨ ᠳᠡᠯᠭᠡᠷ᠂ ᠬᠠᠮᠤᠭ ᠤᠨ ᠦᠨᠡᠨ ᠪᠣᠳᠠᠲᠠᠢ᠂ ᠬᠠᠮᠤᠭ ᠤᠨ ᠲᠤᠰᠠᠲᠠᠢ ᠨᠡᠶᠢᠭᠡᠮ ᠵᠢᠷᠤᠮ ᠤᠨ ᠠᠷᠠᠳᠴᠢᠯᠠᠯ ᠮᠥᠨ᠃ ᠪᠢᠳᠡ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠶᠠᠪᠤᠳᠠᠯ ᠢ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠳᠡᠭᠡᠷ᠎ᠡ ᠦᠨᠡᠨ ᠪᠣᠳᠠᠲᠠᠢ ᠪᠠᠷ ᠢᠯᠡᠷᠡᠭᠦᠯᠵᠦ᠂ ᠨᠠᠮ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠲᠠᠯ᠎ᠠ ᠡᠯ᠎ᠡ ᠱᠠᠳᠤ ᠳᠠᠪᠬᠤᠷᠭ᠎ᠠ ᠶᠢᠨ ᠠᠵᠢᠯ ᠳᠡᠭᠡᠷ᠎ᠡ ᠦᠨᠡᠨ ᠪᠣᠳᠠᠲᠠᠢ ᠪᠠᠷ ᠢᠯᠡᠷᠡᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠠᠵᠢᠯ ᠳᠡᠭᠡᠷ᠎ᠡ ᠦᠨᠡᠨ ᠪᠣᠳᠠᠲᠠᠢ ᠪᠠᠷ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ ᠤᠯᠤᠰ ᠤᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠡᠶᠡᠯᠡᠭᠦᠯᠬᠦ ᠴᠢᠬᠤᠯᠠ ᠲᠦᠷᠢᠮ ᠤᠨ ᠠᠴᠢᠶᠠᠯᠠᠪᠤᠷᠢ ᠮᠥᠨ᠃ ᠨᠠᠮ ᠤᠨ ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠤ ᠡᠮᠬᠢ ᠵᠢᠷᠤᠮ ᠲᠠᠢ ᠪᠠᠷ ᠤᠯᠤᠰ ᠲᠦᠷᠦ ᠳᠤ ᠣᠷᠣᠯᠴᠠᠬᠤ ᠶᠢ ᠲᠠᠰᠤᠷᠠᠯᠲᠠ ᠦᠭᠡᠢ ᠥᠷᠭᠡᠳᠬᠡᠵᠦ᠂ ᠬᠥᠮᠦᠨ ᠤ ᠡᠷᠬᠡ ᠶᠢᠨ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠲᠦᠮᠡᠨ ᠤ ᠬᠠᠤᠯᠢ ᠶᠣᠰᠣᠭᠠᠷ ᠥᠷᠭᠡᠨ ᠳᠡᠯᠭᠡᠷ ᠡᠷᠬᠡ ᠪᠠ ᠡᠷᠬᠡ ᠴᠢᠯᠥᠭᠡ ᠡᠳ᠋ᠯᠡᠬᠦ ᠶᠢ ᠪᠠᠲᠤᠯᠠᠬᠤ ᠬᠡᠷᠡᠭᠲᠡᠢ᠃ ᠠᠷᠠᠳ ᠲᠦᠮᠡᠨ ᠤ ᠰᠣᠩᠭᠤᠭᠤᠯᠢ ᠶᠢᠨ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠠᠷᠠᠳᠴᠢᠯᠠᠯ ᠢᠶᠠᠷ ᠰᠣᠩᠭᠤᠨ ᠭᠠᠷᠭᠠᠬᠤ ᠶᠢ ᠪᠠᠲᠤᠯᠠᠵᠤ᠂ ᠠᠷᠠᠳ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ ᠡᠯ᠎ᠡ ᠭᠤᠭᠴᠤᠭ᠎ᠠ ᠶᠢᠨ ᠪᠦᠬᠦ ᠶᠠᠪᠤᠴᠠ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠨᠠᠮ ᠪᠠ ᠤᠯᠤᠰ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠡᠯ᠎ᠡ ᠭᠤᠭᠴᠤᠭ᠎ᠠ ᠳᠤ ᠴᠥᠮ ᠠᠷᠠᠳ ᠲᠦᠮᠡᠨ ᠤ ᠳᠠᠭᠤᠨ ᠢ ᠣᠯᠵᠤ ᠰᠣᠨᠣᠰᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠠᠳᠴᠢᠯᠠᠯ ᠠᠷᠠᠳ ᠤᠨ ᠰᠠᠨᠠᠭ᠎ᠠ ᠶᠢ ᠢᠯᠡᠳᠬᠡᠬᠦ ᠲᠠᠪᠴᠠᠩ ᠪᠣᠯᠤᠨ ᠠᠴᠢᠶᠠᠯᠠᠪᠤᠷᠢ ᠶᠢ ᠲᠡᠭᠦᠯᠳᠡᠷᠵᠢᠭᠦᠯᠵᠦ᠂ ᠠᠷᠠᠳ ᠤᠨ ᠰᠠᠨᠠᠭ᠎ᠠ ᠶᠢ ᠰᠢᠩᠭᠡᠭᠡᠨ ᠠᠪᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ ᠬᠢᠬᠦ᠂ ᠬᠠᠤᠯᠢ ᠲᠣᠭᠲᠠᠭᠠᠬᠤ ᠵᠥᠪᠯᠡᠯᠭᠡ ᠬᠢᠬᠦ ᠶᠢ ᠠᠬᠢᠭᠤᠯᠵᠤ᠂ ᠡᠯ᠎ᠡ ᠲᠠᠯ᠎ᠠ ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢᠨ ᠳᠤᠮᠳᠠ ᠨᠢᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃      ᠯᠢ ᠵᠠᠨ ᠱᠤ᠋ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠰᠢᠨ᠎ᠡ ᠴᠠᠭ ᠦᠶ᠎ᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠴᠢᠬᠤᠯᠠ ᠶᠡᠭᠡ ᠵᠠᠷᠴᠢᠮ ᠪᠣᠯᠤᠨ ᠭᠤᠣᠯ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ᠲᠣᠳᠣᠷᠬᠠᠢ ᠳᠤᠷᠠᠳᠴᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠬᠥᠭᠵᠢᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠡᠢ᠃ ᠶᠠᠷᠢᠶ᠎ᠠ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠤᠯᠤᠰ ᠲᠦᠷᠦ ᠶᠢᠨ ᠠᠭᠤᠯᠤᠭᠳᠠᠬᠤᠨ᠂ ᠤᠨᠤᠯ ᠤᠨ ᠠᠭᠤᠯᠤᠭᠳᠠᠬᠤᠨ᠂ ᠦᠢᠯᠡᠳᠦᠯᠭᠡ ᠶᠢᠨ ᠠᠭᠤᠯᠤᠭᠳᠠᠬᠤᠨ ᠢ ᠪᠠᠶᠠᠯᠢᠭᠵᠢᠭᠤᠯᠤᠨ ᠥᠷᠭᠡᠳᠬᠡᠵᠦ᠂ ᠮᠠᠷᠺᠰ ᠤᠨ ᠦᠵᠡᠯ ᠤᠨ ᠦᠨᠡᠨ ᠶᠣᠰᠣᠨ ᠤ ᠬᠦᠴᠦᠨ ᠢᠶᠠᠷ ᠪᠢᠯᠬᠠᠭᠰᠠᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠵᠠᠢ ᠭᠡᠵᠦ ᠵᠢᠭᠠᠵᠤ ᠭᠠᠷᠭᠠᠪᠠ᠃      ᠯᠢ ᠵᠠᠨ ᠱᠤ᠋᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠡᠨᠡ ᠬᠦ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠢ ᠲᠤᠭ ᠳᠡᠮᠳᠡᠭ ᠲᠣᠳᠣᠷᠬᠠᠢ ᠪᠠᠷ᠂ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠴᠥᠮ ᠨᠠᠮ ᠤᠨ ᠤᠳᠤᠷᠢᠳᠤᠯᠭ᠎ᠠ ᠳᠣᠣᠷ᠎ᠠ ᠶᠠᠪᠤᠭᠳᠠᠬᠤ ᠶᠢ ᠪᠠᠲᠤᠯᠠᠬᠤ ᠬᠡᠷᠡᠭᠲᠡᠢ︔ ᠤᠯᠤᠰ ᠲᠦᠷᠦ ᠶᠢᠨ ᠲᠠᠯ᠎ᠠ ᠪᠠᠷ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠪᠠᠲᠤᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠭᠡᠬᠦ ᠡᠨᠡ ᠬᠦ ᠦᠨᠳᠦᠰᠦᠨ ᠴᠢᠭᠯᠡᠯ ᠢ ᠢᠮᠠᠭᠲᠠ ᠪᠠᠷᠢᠮᠲᠠᠯᠠᠬᠤ ᠬᠡᠷᠡᠭᠲᠡᠢ︔ ᠠᠷᠠᠳ ᠤᠨ ᠠᠷᠠᠳᠴᠢᠯᠠᠯ ᠤᠨ ᠲᠤᠭ ᠢ ᠥᠨᠳᠥᠷ ᠮᠠᠨᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠮᠠᠨ ᠤ ᠤᠯᠤᠰ ᠤᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠡᠶᠡᠯᠡᠭᠦᠯᠬᠦ ᠴᠢᠬᠤᠯᠠ ᠲᠦᠷᠢᠮ ᠤᠨ ᠠᠴᠢᠶᠠᠯᠠᠪᠤᠷᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ︔ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠲᠠᠢ ᠤᠶᠠᠯᠳᠤᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠷᠨᠢᠭᠦᠯᠵᠦ᠂ ᠨᠠᠮ ᠪᠠ ᠤᠯᠤᠰ ᠤᠨ ᠠᠵᠢᠯ ᠤᠨ ᠭᠤᠣᠯᠳᠠᠯᠭ᠎ᠠ ᠬᠠᠮᠢᠭ᠎ᠠ ᠪᠠᠶᠢᠪᠠᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠲᠡᠨᠳᠡ ᠲᠠᠭᠠᠨ ᠬᠦᠷᠴᠦ᠂ ᠬᠦᠴᠦᠨ ᠴᠢᠳᠠᠯ ᠢ ᠲᠡᠨᠳᠡ ᠲᠥᠪᠯᠡᠷᠡᠭᠦᠯᠵᠦ᠂ ᠦᠢᠯᠡᠳᠦᠯ ᠢ ᠲᠡᠨᠳᠡ ᠪᠠᠳᠠᠷᠠᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠬᠤ ᠶᠢ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢᠨ ᠴᠢᠬᠤᠯᠠ ᠢᠯᠡᠷᠡᠯ ᠪᠣᠯᠭᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠳᠠᠪᠠᠭᠤᠯᠢᠭ ᠢ ᠨᠠᠩ ᠰᠠᠶᠢᠲᠤᠷ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠳᠤ ᠢᠲᠡᠭᠡᠭᠳᠡᠭᠰᠡᠨ᠂ ᠠᠷᠠᠳ ᠤᠯᠠᠨ ᠳᠤ ᠲᠠᠭᠠᠰᠢᠶᠠᠭᠳᠠᠭᠰᠠᠨ ᠤᠯᠤᠰ ᠲᠦᠷᠦ ᠶᠢᠨ ᠪᠠᠶᠢᠭᠤᠯᠭ᠎ᠠ ᠂ ᠲᠦᠷᠦ ᠶᠢᠨ ᠡᠷᠬᠡᠲᠦ ᠪᠠᠶᠢᠭᠤᠯᠭ᠎ᠠ᠂ ᠠᠵᠢᠯ ᠤᠨ ᠪᠠᠶᠢᠭᠤᠯᠭ᠎ᠠ᠂ ᠲᠥᠯᠥᠭᠡᠯᠡᠬᠦ ᠪᠠᠶᠢᠭᠤᠯᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶᠠᠨ ᠤ ᠱᠦᠵᠢ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠳᠡᠳ᠋ ᠮᠤᠵᠢ ᠶᠢᠨ ᠲᠡᠰ ᠤᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠡᠯ᠎ᠡ ᠲᠤᠰᠬᠠᠢ ᠵᠥᠪᠯᠡᠯ᠂ ᠪᠠᠶᠢᠩᠭᠤ ᠶᠢᠨ ᠬᠤᠷᠢᠶᠠᠨ ᠤ ᠠᠵᠢᠯ ᠤᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3