ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠴᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠪᠠ ᠵᠢᠮ᠎ᠡ ᠶᠣᠰᠣ ᠶᠢ ᠡᠵᠡᠮᠳᠡᠵᠥ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/10/22
     ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 19᠎ ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 10 ᠰᠠᠷ᠎ᠠ ᠶᠢᠨ 18᠎ ᠤ ᠦᠳᠡ ᠶᠢᠨ ᠬᠤᠶᠢᠨ᠎ᠠ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠭᠤᠴᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠣᠶᠢᠷ᠎ᠠ ᠶᠢᠨ ᠵᠢᠯ ᠠᠴᠠ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠤᠶᠤᠨ᠂ ᠴᠥᠷᠬᠦᠯᠡᠭᠡ ᠳ᠋ᠠᠶᠢᠲ᠋ᠠ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠠᠬᠢᠴᠠ ᠲᠦᠷᠭᠡᠳᠴᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠪᠦᠬᠦ ᠶᠠᠪᠤᠴᠠ ᠳᠤ ᠡᠳᠦᠷ ᠢᠷᠡᠬᠦᠶ᠎ᠡ ᠠᠭᠤᠰᠤᠯᠴᠠᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠬᠤᠷᠳᠤᠴᠠ ᠶᠢᠨ ᠲᠦᠷᠭᠡᠨ᠂ ᠳᠠᠶᠢᠴᠢᠯᠠᠬᠤ ᠬᠡᠪᠴᠢᠶ᠎ᠡ ᠶᠢᠨ ᠥᠷᠭᠡᠨ᠂ ᠨᠥᠯᠥᠭᠡᠯᠡᠬᠦ ᠬᠡᠮᠵᠢᠶ᠎ᠡ ᠶᠢᠨ ᠬᠦᠨ ᠪᠠᠶᠢᠬᠤ ᠪᠠᠷ ᠢᠶᠠᠨ ᠤᠷᠢᠳ ᠡᠮᠦᠨ᠎ᠡ ᠪᠠᠶᠢᠭ᠎ᠠ ᠦᠭᠡᠢ ᠪᠠᠶᠢᠵᠤ᠂ ᠪᠦᠬᠦ ᠪᠥᠮᠪᠥᠷᠴᠡᠭ ᠤᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠲᠠᠬᠢᠨ ᠪᠠᠶᠢᠭᠤᠯᠬᠤ᠂ ᠪᠦᠬᠦ ᠪᠥᠮᠪᠥᠷᠴᠡᠭ ᠤᠨ ᠠᠵᠤ ᠠᠬᠤᠢ ᠶᠢᠨ ᠪᠦᠲᠦᠴᠡ ᠶᠢ ᠲᠠᠬᠢᠨ ᠴᠣᠭᠴᠠᠯᠠᠬᠤ᠂ ᠪᠦᠬᠦ ᠪᠥᠮᠪᠥᠷᠴᠡᠭ ᠤᠨ ᠥᠷᠢᠰᠥᠯᠳᠦᠭᠡᠨ ᠤ ᠪᠠᠶᠢᠷᠢᠰᠢᠯ ᠢ ᠬᠤᠪᠢᠷᠠᠭᠤᠯᠬᠤ ᠵᠠᠩᠭᠢᠯᠠᠭ᠎ᠠ ᠶᠢᠨ ᠬᠦᠴᠦᠨ ᠪᠤᠯᠵᠤ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠳᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ᠂ ᠤᠯᠤᠰ ᠤᠨ ᠳᠣᠲᠣᠭᠠᠳᠤ ᠭᠠᠳᠠᠭᠠᠳᠦ ᠶᠢᠨ ᠬᠤᠶᠠᠷ ᠶᠡᠭᠡ ᠲᠠᠯ᠎ᠠ᠂ ᠬᠥᠭᠵᠢᠯᠲᠡ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠵᠦ᠂ ᠶᠡᠭᠡ ᠬᠡᠮᠵᠢᠶᠡᠨ ᠤ ᠲᠤᠭ᠎ᠠ ᠪᠠᠷᠢᠮᠲᠠ ᠪᠠ ᠡᠯᠪᠡᠭ ᠬᠡᠷᠡᠭᠯᠡᠭᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠣᠭᠠᠴᠢᠯᠠᠭᠰᠠᠨ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ  ᠳᠤ ᠬᠦᠴᠦᠨ ᠨᠡᠮᠡᠷᠢᠯᠡᠵᠥ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠬᠡᠪ ᠵᠠᠭᠪᠤᠷ ᠢ ᠪᠤᠢ ᠪᠣᠯᠭᠠᠵᠤ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢ ᠲᠠᠰᠤᠷᠠᠯᠳᠠ ᠦᠭᠡᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠣᠵᠠᠭᠠᠶᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠨᠠᠨᠵᠢᠩ ᠶᠡᠭᠡ ᠰᠤᠷᠭᠠᠭᠤᠯᠢ ᠶᠢᠨ ᠵᠠᠬᠢᠷᠤᠯ ᠯᠢᠦᠶ ᠵᠢᠶᠠᠨ ᠫᠷᠤᠹᠧᠰᠰᠤᠷ ᠡᠨᠡ ᠠᠰᠠᠭᠤᠳᠠᠯ ᠤᠨ ᠲᠤᠬᠠᠶ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠲᠡᠭᠦᠨ ᠤ ᠲᠠᠶᠢᠯᠪᠤᠷᠢᠯᠠᠯᠲᠠ ᠶᠢ ᠬᠢᠨᠠᠮᠠᠭᠠᠢ ᠰᠣᠨᠣᠰᠣᠭᠰᠠᠨ ᠪᠥᠭᠡᠳ ᠶᠠᠷᠢᠯᠴᠠᠪᠠ᠃      ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠲᠣᠭᠠᠴᠢᠯᠠᠭᠰᠠᠨ ᠠᠵᠤ ᠠᠬᠤᠶ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠪᠠ ᠤᠯᠤᠰ ᠤᠨ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠦᠯᠵᠢᠶᠡᠨ ᠤ ᠠᠵᠤ ᠠᠬᠤᠶ ᠶᠢᠨ ᠣᠷᠣᠨ ᠵᠠᠶ ᠶᠢ ᠥᠷᠭᠡᠳᠭᠡᠵᠦ᠂ ᠢᠨᠲ᠋ᠧᠷ ᠰᠦᠯᠵᠢᠶᠡᠨ ᠳᠤ ᠰᠠᠭᠤᠷᠢᠯᠠᠭᠰᠠᠨ ᠡᠯ᠎ᠡ ᠲᠥᠷᠥᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠪᠠ ᠪᠣᠳᠠᠲᠤ ᠴᠣᠭᠴᠠ ᠶᠢᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ᠂ ᠤᠶᠤᠨᠲᠤ ᠨᠡᠶᠢᠭᠡᠮ ᠢ ᠪᠥᠲᠥᠭᠡᠨ ᠪᠠᠶᠢᠭᠤᠯᠵᠤ᠂ ᠲᠣᠭᠠᠴᠢᠯᠠᠯᠲᠠ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠵᠤ᠂ ᠣᠯᠠᠨ ᠤᠯᠤᠰ ᠤᠨ ᠥᠷᠢᠰᠥᠯᠳᠦᠬᠦ ᠬᠦᠴᠦᠨ ᠲᠠᠢ ᠲᠣᠭᠠᠴᠢᠯᠠᠭᠰᠠᠨ ᠠᠵᠤ ᠦᠢᠯᠡᠰ ᠤᠨ ᠪᠥᠯᠥᠭᠵᠢᠯ ᠢ ᠴᠣᠭᠴᠠᠯᠠᠵᠤ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠨᠡᠯᠢᠶᠡᠳ ᠲᠦᠷᠭᠡᠨ ᠪᠠᠶᠢᠵᠤ᠂ ᠢᠯᠡᠳᠲᠡ ᠠᠮᠵᠢᠯᠲᠠ ᠪᠦᠲᠦᠮᠵᠢ ᠤᠯᠪᠠ᠃ ᠢᠯᠠᠩᠭᠤᠶ᠎ᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠬᠰᠠᠨ ᠠᠴᠠ ᠨᠠᠭᠠᠰᠢ᠂ ᠲᠣᠭᠠᠴᠢᠯᠠᠭᠰᠠᠨ ᠮᠡᠷᠭᠡᠵᠢᠯ᠂ ᠲᠣᠭᠠᠴᠢᠯᠠᠭᠰᠠᠨ ᠠᠵᠤ ᠠᠬᠤᠶ ᠨᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠬᠦ᠂ ᠦᠢᠯᠡᠳᠪᠦᠷᠢᠯᠡᠯ ᠠᠮᠢᠳᠤᠷᠠᠯ ᠢ ᠰᠡᠷᠭᠦᠭᠡᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠪᠣᠯ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠰᠢᠨ᠎ᠡ ᠠᠵᠠ ᠲᠣᠬᠢᠶᠠᠯ ᠢ ᠡᠵᠡᠮᠳᠡᠬᠦ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠮᠥᠨ᠃ ᠨᠢᠭᠡ ᠳᠤ᠂ ᠲᠣᠭᠠᠴᠢᠯᠠᠭᠰᠠᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠨᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠠᠬᠢᠭᠤᠯᠤᠨ ᠪᠠᠶᠢᠭᠤᠯᠬᠤ ᠳᠤ ᠠᠰᠢᠭᠲᠠᠢ ᠶᠤᠮ᠂ ᠲᠣᠭᠠᠴᠢᠯᠠᠭᠰᠠᠨ ᠮᠡᠷᠭᠡᠵᠢᠯ᠂ ᠲᠣᠭᠠᠴᠢᠯᠠᠭᠰᠠᠨ ᠠᠵᠤ ᠠᠬᠤᠶ ᠨᠢ ᠡᠯ᠎ᠡ ᠲᠥᠷᠥᠯ ᠤᠨ ᠡᠬᠢ ᠪᠠᠶᠠᠯᠢᠭ ᠤᠨ ᠡᠯᠧᠮᠧᠨ᠋ᠲ ᠤᠨ ᠲᠦᠷᠭᠡᠨ ᠭᠦᠢᠯᠭᠡᠭᠡᠭᠳᠡᠬᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠦᠷᠭᠡᠨ ᠠᠭᠤᠰᠤᠯᠴᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠪᠰᠤᠷᠤᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠳᠠᠬᠢᠨ ᠪᠦᠷᠢᠯᠳᠦᠭᠦᠯᠵᠦ᠂ ᠬᠢᠯᠢ ᠠᠯᠤᠰᠯᠠᠨ ᠬᠥᠭᠵᠢᠬᠦ ᠶᠢ ᠪᠡᠶᠡᠯᠡᠭᠦᠯᠵᠦ᠂ ᠴᠠᠭ ᠬᠤᠭᠤᠴᠠᠭ᠎ᠠ ᠪᠠ ᠣᠷᠣᠨ ᠵᠠᠶ ᠶᠢᠨ ᠬᠢᠵᠠᠭᠠᠷᠯᠠᠯ ᠢ ᠡᠪᠳᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠡᠷᠭᠢᠯᠲᠡ ᠶᠢ ᠰᠢᠯᠤᠭᠤᠳᠬᠠᠵᠤ ᠪᠣᠯᠣᠨ᠎ᠠ᠃ ᠬᠤᠶᠠᠷ ᠲᠤ᠂ ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠨᠢ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠬᠤ ᠳᠤ ᠠᠰᠢᠭᠲᠠᠢ ᠶᠤᠮ᠂ ᠲᠣᠭᠠᠴᠢᠯᠠᠭᠰᠠᠨ ᠠᠵᠤ ᠠᠬᠤᠢ ᠨᠢ ᠳᠡᠭᠡᠳᠦ ᠭᠡᠮᠵᠢᠶᠡᠨ ᠤ ᠰᠢᠨ᠎ᠡ ᠡᠭᠦᠳᠦᠯᠲᠡ ᠶᠢᠨ ᠴᠢᠨᠠᠷ᠂ ᠴᠢᠩᠭ᠎ᠠ ᠨᠡᠪᠴᠢᠯᠲᠡ ᠶᠢᠨ ᠴᠢᠨᠠᠷ᠂ ᠥᠷᠭᠡᠨ ᠪᠦᠷᠬᠦᠴᠡ ᠶᠢᠨ ᠴᠢᠨᠠᠷ ᠲᠠᠢ ᠪᠠᠶᠢᠵᠤ᠂ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠪᠣᠯᠬᠤ ᠪᠦᠭᠡᠳ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠲᠤᠯᠭᠠᠭᠤᠷᠢᠯᠠᠯ ᠴᠡᠭ ᠪᠠᠶᠢᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠴᠢᠬᠤᠯᠠ ᠬᠥᠳᠡᠯᠭᠡᠭᠦᠷ ᠪᠤᠯᠵᠤ ᠪᠣᠯᠣᠨ᠎ᠠ᠃ ᠭᠤᠷᠪᠠ ᠳᠤ᠂ ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠨᠢ ᠤᠯᠤᠰ ᠤᠨ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠠᠶᠢᠭᠤᠯᠬᠤ ᠳᠤ ᠠᠰᠢᠭᠲᠠᠢ ᠶᠤᠮ᠂ ᠣᠳᠣᠬᠠᠨ ᠤ ᠴᠠᠭ ᠦᠶ᠎ᠡ ᠳᠤ᠂ ᠲᠣᠭᠠᠴᠢᠯᠠᠭᠰᠠᠨ ᠮᠡᠷᠭᠡᠵᠢᠯ᠂ ᠲᠣᠭᠠᠴᠢᠯᠠᠭᠰᠠᠨ ᠠᠵᠤ ᠠᠬᠤᠢ ᠪᠣᠯ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠲᠡᠷᠢᠭᠦᠨ ᠠᠵᠠ ᠲᠣᠬᠢᠶᠠᠯ᠂ ᠰᠢᠨ᠎ᠡ ᠨᠢᠭᠡ ᠡᠭᠡᠯᠵᠢ ᠶᠢᠨ ᠤᠯᠠᠨ ᠤᠯᠤᠰ ᠤᠨ ᠥᠷᠢᠰᠥᠯᠳᠦᠭᠡᠨ ᠤ ᠭᠤᠣᠯᠳᠠᠯᠭ᠎ᠠ ᠲᠠᠢ ᠬᠦᠷᠢᠶ᠎ᠡ ᠪᠣᠯᠣᠨ᠎ᠠ᠂ ᠪᠢᠳᠡ ᠠᠵᠠ ᠲᠣᠬᠢᠶᠠᠯ ᠢ ᠠᠮᠵᠢᠵᠤ᠂ ᠢᠷᠡᠭᠡᠳᠦᠢ ᠶᠢᠨ ᠬᠥᠭᠵᠢᠯᠲᠡ ᠶᠢᠨ ᠠᠰᠢᠭᠲᠠᠢ ᠪᠠᠶᠢᠷᠢ ᠶᠢ ᠡᠵᠡᠯᠡᠬᠦ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠠᠳᠬᠤᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ᠂ ᠰᠢᠨ᠎ᠡ ᠮᠠᠶ᠋ᠢᠭ ᠤᠨ ᠤᠯᠤᠰ ᠳᠠᠶᠠᠭᠠᠷᠴᠢᠯᠠᠬᠰᠠᠨ ᠪᠠᠶᠢᠭᠤᠯᠤᠯ ᠤᠨ ᠳᠠᠪᠠᠭᠤᠯᠢᠭ᠂ ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠢ ᠪᠠᠳᠠᠷᠠᠭᠤᠯᠵᠤ᠂ ᠲᠣᠭᠠᠴᠢᠯᠠᠭᠰᠠᠨ ᠮᠡᠷᠭᠡᠵᠢᠯ ᠤᠨ ᠰᠠᠭᠤᠷᠢ ᠰᠤᠳᠤᠯᠤᠨ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠨ ᠪᠡᠶᠡᠯᠡᠭᠦᠯᠵᠦ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠡᠵᠡᠨ ᠮᠡᠳᠡᠬᠦ ᠡᠷᠬᠡ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠲᠦᠷᠭᠡᠳᠭᠡᠵᠦ ᠂ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠥᠨᠳᠥᠷ ᠬᠤᠷᠳᠤᠴᠠᠲᠤ ᠦᠷᠭᠡᠨ ᠳᠡᠯᠭᠡᠷ᠂ ᠲᠩᠷᠢ ᠭᠠᠵᠠᠷ ᠢ ᠨᠢᠭᠡ ᠴᠤᠬᠴᠠᠵᠢᠭᠤᠯᠤᠭᠰᠠᠨ᠂ ᠡᠭᠦᠯᠡ ᠰᠦᠯᠵᠢᠶ᠎ᠡ ᠶᠢ ᠠᠭᠤᠰᠤᠯᠴᠠᠭᠤᠯᠤᠭᠰᠠᠨ᠂ ᠣᠶᠤᠨᠴᠢ ᠲᠦᠷᠭᠡᠨ᠂ ᠪᠣᠬᠢᠷᠲᠤᠯ ᠦᠬᠡᠢ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ᠂ ᠠᠮᠤᠷ ᠲᠦᠪᠰᠢᠨ ᠢ ᠡᠵᠡᠮᠳᠡᠵᠦ ᠳᠡᠶᠢᠯᠬᠦ ᠤᠶᠤᠨᠴᠢᠯᠠᠬᠰᠠᠨ ᠶᠡᠷᠦᠩᠬᠡᠶᠢᠯᠡᠭᠰᠡᠨ ᠴᠢᠨᠠᠷᠲᠠᠢ ᠲᠣᠭᠠᠴᠢᠯᠠᠭᠰᠠᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢ ᠲᠦᠷᠭᠡᠳᠭᠡᠨ ᠪᠦᠳᠦᠬᠡᠨ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠮᠡᠳᠡᠭᠡ ᠵᠠᠩᠭᠢ ᠶᠢᠨ ︽ᠭᠤᠣᠯ ᠰᠤᠳᠠᠰᠤ︾᠎ ᠶᠢ ᠨᠡᠪᠲᠡᠷᠡᠭᠦᠯᠬᠦ ᠬᠡᠷᠡᠭᠲᠡᠢ᠃ ᠠᠵᠤ ᠦᠢᠯᠡᠰᠵᠢᠭᠰᠡᠨ᠂ ᠬᠡᠪᠴᠢᠶᠡᠵᠢᠭᠰᠡᠨ ᠬᠡᠷᠡᠭᠯᠡᠭᠡ ᠶᠢ ᠪᠦᠬᠦ ᠲᠠᠯ᠎ᠠ ᠪᠠᠷ ᠠᠬᠢᠭᠤᠯᠵᠤ᠂ ᠵᠠᠩᠭᠢᠯᠠᠭ᠎ᠠ ᠶᠢᠨ ᠵᠥᠭᠡᠯᠡᠨ ᠲᠤᠨᠤᠭ ᠤᠨ ᠪᠤᠭᠤᠮᠳᠠ ᠶᠢ ᠭᠤᠣᠯᠳᠠᠯᠭ᠎ᠠ ᠲᠠᠢ ᠰᠢᠪᠳᠤᠯᠤᠨ᠂ ᠵᠦᠭᠡᠯᠡᠨ ᠲᠤᠨᠤᠬ ᠤᠨ ᠠᠵᠤ ᠦᠢᠯᠡᠰ ᠢ ᠪᠣᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠵᠤ᠂ ᠵᠠᠩᠭᠢᠯᠠᠭ᠎ᠠ ᠶᠢᠨ ᠵᠥᠭᠡᠯᠡᠨ ᠲᠤᠨᠤᠭ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠬᠰᠠᠨ ᠴᠢᠭᠯᠡᠯ ᠢ ᠡᠵᠡᠮᠳᠡᠵᠦ᠂ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ᠂ ᠬᠥᠳᠡᠭᠡ ᠠᠵᠤ ᠠᠬᠤᠢ ᠵᠡᠷᠭᠡ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠵᠤ ᠂ ᠢᠨᠲ᠋ᠧᠷ ᠰᠦᠯᠵᠢᠶᠡᠨ ᠤ ᠰᠢᠨ᠎ᠡ ᠮᠡᠷᠭᠡᠵᠢᠯ ᠢ ᠠᠰᠢᠭᠯᠠᠨ ᠤᠯᠠᠮᠵᠢᠯᠠᠯᠲᠤ ᠠᠵᠤ ᠦᠢᠯᠡᠰ ᠲᠤ ᠪᠦᠬᠦ ᠲᠠᠯ᠎ᠠ ᠶᠢᠨ᠂ ᠪᠦᠬᠦ ᠬᠡᠯᠬᠢᠶᠡᠨ ᠤ ᠥᠭᠡᠷᠡᠴᠢᠯᠡᠯᠲᠡ ᠬᠢᠵᠦ᠂ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠵᠦ᠂ ᠲᠣᠭᠠᠴᠢᠯᠠᠭᠰᠠᠨ ᠮᠡᠷᠭᠡᠵᠢᠯ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠲᠣᠮᠣᠷᠠᠭᠤᠯᠬᠤ᠂ ᠳᠠᠪᠬᠤᠴᠠᠭᠤᠯᠬᠤ᠂ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠪᠣᠯᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠢᠭᠡ ᠪᠦᠯᠦᠭ ︽ᠲᠤᠰᠬᠠᠢ ᠨᠠᠷᠢᠯᠢᠭ ᠣᠨᠴᠠᠭᠠᠢ ᠰᠢᠨ᠎ᠡ︾ ᠠᠵᠤ ᠠᠬᠤᠶᠢᠯᠠᠯ ᠪᠣᠯᠣᠨ ᠦᠢᠯᠡᠳᠬᠦ ᠦᠢᠯᠡᠰ ᠤᠨ ᠲᠠᠩ ᠲᠦᠷᠦᠯ ᠤᠨ ᠮᠠᠩᠯᠠᠢ ᠠᠵᠤ ᠠᠬᠤᠶᠢᠯᠠᠯ ᠢ ᠲᠦᠷᠭᠡᠨ ᠪᠤᠶᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠲᠣᠭᠠᠴᠢᠯᠠᠭᠰᠠᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠬᠤᠰᠢᠭᠤᠷᠠᠯ ᠪᠠ ᠠᠰᠢᠭᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ ᠮᠡᠷᠭᠡᠵᠢᠯ ᠤᠨ ᠰᠢᠪᠲᠤᠯᠤᠯᠲᠠ ᠪᠠ ᠴᠢᠬᠤᠯᠠ ᠶᠡᠭᠡ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠵᠤ᠂ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠶᠢᠨ ᠦᠷᠢᠰᠦᠯᠳᠦᠬᠦ ᠬᠦᠴᠦᠨ ᠢ ᠴᠢᠩᠭᠠᠳᠬᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠳᠬᠦᠨ ᠪᠠ ᠦᠢᠯᠡᠴᠢᠯᠡᠭᠡ ᠶᠢᠨ ᠰᠣᠯᠢᠭᠳᠠᠯ ᠢ ᠲᠦᠷᠭᠡᠳᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠵᠢᠷᠤᠮᠵᠢᠭᠤᠯᠵᠤ᠂ ᠬᠥᠭᠵᠢᠯᠲᠡ ᠶᠢ ᠠᠬᠢᠭᠤᠯᠬᠤ ᠪᠠ ᠬᠢᠨᠠᠯᠲᠠ ᠬᠠᠮᠢᠶᠠᠷᠤᠯᠲᠠ ᠶᠢᠨ ᠵᠢᠷᠤᠮᠵᠢᠯ ᠢ ᠵᠡᠷᠭᠡ ᠪᠠᠷ ᠠᠳᠬᠤᠨ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ ᠶᠢ ᠪᠠᠷᠢᠮᠳᠠᠯᠠᠨ᠂ ᠬᠥᠭᠵᠢᠯᠲᠡ ᠶᠢᠨ ᠳᠤᠮᠳᠠ ᠵᠢᠷᠤᠮᠵᠢᠭᠤᠯᠬᠤ᠂ ᠵᠢᠷᠤᠮᠵᠢᠯ ᠤᠨ ᠳᠤᠮᠳᠠ ᠬᠥᠭᠵᠢᠭᠦᠯᠬᠦ ᠬᠡᠷᠡᠭᠲᠡᠢ ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ᠂ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠳᠦᠷᠢᠮ᠂ ᠡᠷᠬᠡ ᠲᠡᠭᠰᠢ ᠥᠷᠢᠰᠥᠯᠳᠦᠭᠡᠨ ᠢ ᠬᠢᠨᠠᠨ ᠬᠠᠮᠢᠶᠠᠷᠬᠤ ᠳᠦᠷᠢᠮ ᠢ ᠪᠦᠷᠢᠨᠰᠢᠭᠦᠯᠵᠦ᠂ ᠪᠦᠬᠦ ᠲᠠᠯ᠎ᠠ ᠶᠢᠨ᠂ ᠤᠯᠠᠨ ᠳᠡᠰ ᠳᠠᠪᠬᠤᠷᠭ᠎ᠠ ᠶᠢᠨ᠂ ᠪᠣᠰᠤᠭ᠎ᠠ ᠴᠣᠭᠴᠠᠲᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠤᠴᠢᠷ ᠶᠠᠪᠤᠳᠠᠯ ᠤᠨ ᠡᠮᠦᠨ᠎ᠡ ᠬᠤᠶᠢᠨᠠᠬᠢ ᠪᠦᠬᠦ ᠬᠡᠯᠬᠢᠶᠡᠨ ᠤ ᠪᠦᠬᠦ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ ᠃ ᠬᠥᠭᠵᠢᠯᠲᠡ ᠶᠢᠨ ᠶᠠᠪᠤᠴᠠ ᠳᠤ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠭᠤᠣᠯᠴᠢ ᠥᠷᠢᠰᠥᠯᠳᠦᠭᠡᠨ ᠢ ᠬᠠᠷᠰᠢᠯᠠᠭᠰᠠᠨ ᠦᠢᠯᠡ ᠠᠵᠢᠯᠯᠠᠭ᠎ᠠ ᠪᠠ ᠠᠷᠭ᠎ᠠ ᠬᠢᠳᠡᠯ ᠢ ᠵᠠᠯᠠᠷᠠᠭᠤᠯᠤᠨ ᠵᠢᠷᠤᠮᠵᠢᠭᠤᠯᠵᠤ᠂ ᠲᠠᠪᠴᠠᠩ ᠤᠨ ᠭᠠᠭᠴᠠᠭᠠᠷ ᠡᠵᠡᠷᠬᠡᠬᠦ ᠪᠠ ᠬᠦᠷᠦᠩᠭᠡ ᠶᠢᠨ ᠡᠮᠬᠢ ᠵᠢᠷᠤᠮ ᠦᠭᠡᠢ ᠥᠷᠭᠡᠳᠬᠦ ᠶᠢ ᠰᠡᠷᠭᠡᠶᠢᠯᠡᠨ ᠬᠤᠷᠢᠭᠯᠠᠵᠤ᠂ ᠭᠠᠭᠴᠠᠭᠠᠷ ᠡᠵᠡᠷᠭᠡᠬᠦ ᠪᠠ ᠵᠦᠢ ᠪᠤᠰᠤ ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠲᠠᠪᠴᠠᠩ ᠤᠨ ᠠᠵᠢᠯᠳᠠᠳ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠭᠠᠶᠢᠯᠢ ᠲᠠᠲᠠᠪᠤᠷᠢ ᠶᠢᠨ ᠬᠢᠨᠠᠯᠲᠠ ᠬᠠᠮᠢᠶᠠᠷᠤᠯᠲᠠ ᠪᠠ ᠭᠠᠶᠢᠯᠢ ᠶᠢᠨ ᠶᠠᠪᠤᠳᠠᠯ ᠤᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠲᠣᠭᠠᠴᠢᠯᠠᠭᠰᠠᠨ ᠠᠵᠤ ᠠᠬᠤᠶ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠲᠦᠷᠢᠮ ᠢ ᠪᠦᠷᠢᠨᠰᠢᠭᠦᠯᠦᠨ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠶ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ ᠲᠡᠭᠦᠯᠳᠡᠷᠵᠢᠭᠦᠯᠵᠦ᠂ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠵᠤ᠂ ᠬᠠᠷᠢᠯᠴᠠᠨ ᠬᠠᠮᠵᠢᠯᠴᠠᠬᠤ ᠬᠡᠷᠡᠭᠲᠡᠢ᠃ ᠬᠢᠨᠠᠨ ᠬᠠᠮᠢᠶᠠᠷᠬᠤ ᠮᠡᠷᠭᠡᠵᠢᠯ ᠪᠠ ᠠᠷᠭ᠎ᠠ ᠪᠠᠷᠢᠯ ᠢᠶᠠᠨ ᠰᠠᠶᠢᠵᠢᠷᠠᠭᠤᠯᠤᠨ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠪᠠ ᠵᠠᠰᠠᠬᠤ ᠶᠢ ᠰᠢᠨ᠎ᠡ ᠶᠢ ᠡᠭᠦᠳᠬᠦ᠂ ᠦᠢᠯᠡᠳᠪᠦᠷᠢᠯᠡᠬᠦ᠂ ᠡᠵᠡᠩᠨᠡᠬᠦ᠂ ᠪᠡᠯᠡ ᠣᠷᠣᠭᠤᠯᠬᠤ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠲᠠᠪᠴᠠᠩᠳᠦ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠨᠡᠶᠢᠭᠡᠮ ᠤᠨ ᠬᠢᠨᠠᠯᠲᠠ᠂ ᠵᠠᠭᠤᠴᠢᠯᠠᠭᠤᠷ ᠤᠨ ᠬᠢᠨᠠᠯᠲᠠ ᠂ ᠤᠯᠠᠨ ᠨᠡᠶᠢᠲᠡ ᠶᠢᠨ ᠬᠢᠨᠠᠯᠲᠠ ᠶᠢ ᠥᠷᠨᠢᠭᠦᠯᠵᠦ᠂ ᠬᠢᠨᠠᠯᠲᠠ ᠲᠠᠯᠪᠢᠬᠤ ᠨᠡᠶᠢᠯᠡᠯ ᠬᠦᠴᠦᠨ ᠢ ᠪᠤᠢ ᠪᠣᠯᠭᠠᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠤᠨᠤᠯ ᠤᠨ ᠰᠤᠳᠤᠯᠭᠠᠨ ᠢ ᠴᠢᠩᠭᠠᠳᠬᠠᠵᠤ᠂ ᠲᠣᠭᠠᠴᠢᠯᠠᠭᠰᠠᠨ ᠮᠡᠷᠭᠡᠵᠢᠯ ᠪᠣᠯᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠳᠤ ᠬᠤᠯᠪᠣᠭᠳᠠᠬᠤ ᠠᠰᠠᠭᠤᠳᠠᠯ ᠤᠨ ᠲᠤᠬᠠᠢ ᠠᠷᠭᠠᠴᠠᠭᠠᠬᠤ ᠪᠣᠳᠣᠯᠭ᠎ᠠ ᠰᠠᠨᠠᠭᠤᠯᠭ᠎ᠠ ᠳᠤᠷᠠᠳᠬᠤ ᠬᠡᠷᠡᠭᠲᠡᠢ᠃ ᠲᠣᠭᠠᠴᠢᠯᠠᠭᠰᠠᠨ ᠠᠵᠤ ᠠᠬᠤᠢ ᠶᠢᠨ ᠤᠯᠠᠨ ᠤᠯᠤᠰ ᠤᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ ᠠᠵᠤ ᠠᠬᠤᠢ ᠶᠢᠨ ᠵᠥᠪᠯᠡᠬᠦ ᠰᠡᠳᠦᠪ ᠤᠨ ᠬᠡᠯᠡᠯᠴᠡᠭᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠤᠣᠰ ᠲᠠᠯᠠᠳᠦ ᠪᠠ ᠤᠯᠠᠨ ᠲᠠᠯᠠᠲᠤ ᠲᠣᠭᠠᠴᠢᠯᠠᠭᠰᠠᠨ ᠵᠠᠰᠠᠯᠲᠠ ᠶᠢᠨ ᠬᠠᠮᠲᠤᠷᠠᠯᠴᠠᠭ᠎ᠠ ᠥᠷᠨᠢᠭᠦᠯᠵᠦ᠂ ᠤᠯᠠᠨ ᠲᠠᠯᠠᠲᠤ ᠲᠣᠭᠠᠴᠢᠯᠠᠭᠰᠠᠨ ᠠᠵᠤ ᠠᠬᠤᠢ ᠶᠢᠨ ᠵᠠᠰᠠᠯᠲᠠ ᠶᠢᠨ ᠲᠣᠭᠲᠠᠴᠠ ᠶᠢ ᠬᠠᠮᠠᠭᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠲᠥᠰᠦᠯ ᠢ ᠴᠠᠭ ᠲᠤᠬᠠᠢ ᠳᠤᠨᠢ ᠳᠤᠷᠠᠳᠴᠤ᠂ ᠳᠤᠮᠳᠠᠳᠤ ᠤᠯᠤᠰ ᠤᠨ ᠳᠠᠭᠤᠨ ᠢ ᠴᠤᠤᠷᠢᠶᠠᠲᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠨᠢ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ ᠪᠤᠢ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠦᠵᠦ ᠲᠥᠯᠥᠪᠯᠡᠭᠡ ᠪᠣᠯᠤᠨ ᠪᠠᠶᠢᠭᠤᠯᠤᠮᠵᠢ ᠲᠣᠭᠲᠠᠴᠠ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠪᠠᠶᠢᠳᠠᠯ ᠢ ᠰᠤᠳᠤᠯᠤᠨ ᠮᠠᠭᠠᠳᠯᠠᠬᠤ ᠪᠠᠨ ᠴᠢᠩᠭᠠᠳᠬᠠᠨ᠂ ᠠᠵᠠ ᠲᠣᠬᠢᠶᠠᠯ ᠢ ᠠᠮᠵᠢᠵᠤ᠂ ᠰᠠᠨᠠᠭᠠᠴᠢᠯᠠᠭᠠᠲᠤ ᠡᠷᠬᠡ ᠶᠢ ᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠲᠣᠭᠠᠴᠢᠯᠠᠭᠰᠠᠨ ᠠᠵᠤ ᠠᠬᠤᠶ ᠶᠢᠨ ᠰᠡᠳᠭᠢᠬᠦᠶ ᠶᠢᠨ ᠴᠢᠳᠠᠪᠤᠷᠢ ᠪᠣᠯᠤᠨ ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ ᠢᠶᠠᠨ ᠳᠡᠭᠡᠭᠰᠢᠯᠡᠭᠦᠯᠵᠦ᠂ ᠲᠣᠭᠠᠴᠢᠯᠠᠭᠰᠠᠨ ᠠᠵᠤ ᠠᠬᠤᠶ ᠶᠢ ᠬᠥᠭᠵᠢᠭᠦᠯᠬᠦ ᠴᠢᠳᠠᠪᠤᠷᠢ ᠪᠠᠨ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ ᠪᠦᠬᠦ ᠠᠷᠠᠳ ᠪᠦᠬᠦ ᠨᠡᠶᠢᠭᠡᠮ ᠤᠨ ᠲᠣᠭᠠᠴᠢᠯᠠᠭᠰᠠᠨ ᠬᠡᠪ ᠪᠣᠯᠪᠠᠰᠤᠷᠠᠯ ᠪᠣᠯᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠨᠡᠶᠢᠭᠡᠮ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3