ᠭᠤᠣᠯ ᠰᠡᠳᠦᠪ ᠄ | ᠰᠣᠯᠢᠯᠴᠠᠭ᠎ᠠ ᠬᠢᠵᠦ ᠠᠵᠢᠯ ᠤᠨ ᠪᠠᠶᠢᠷᠢ ᠡᠭᠡᠯᠵᠢᠯᠡᠨ ᠬᠥᠭᠵᠢᠯᠲᠡ ᠶᠢ ᠠᠬᠢᠭᠤᠯᠵᠤ ᠠᠵᠢᠯ ᠦᠢᠯᠡᠰ ᠢᠶᠠᠨ | ᠳᠡᠭᠡᠳᠦᠯᠡᠨ ᠬᠤᠪᠢ ᠨᠡᠮᠡᠷᠢ ᠦᠵᠡᠭᠦᠯᠵᠦ ᠦᠨᠡᠨ ᠰᠡᠳᠬᠢᠯᠭᠡ ᠪᠠᠨ ᠢᠯᠡᠷᠡᠭᠦᠯᠪᠡ—— ᠰᠢᠩ ᠾᠧ ᠰᠢᠶᠠᠨ ᠤ | ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠣᠯᠢᠯᠴᠠᠭ᠎ᠠ ᠬᠢᠵᠦ ᠠᠵᠢᠯ ᠤᠨ ᠪᠠᠶᠢᠷᠢ ᠡᠭᠡᠯᠵᠢᠯᠡᠨ ᠠᠵᠢᠯᠯᠠᠬᠤ ᠪᠠᠭᠰᠢ | ᠬᠠᠮ ᠵᠠᠭᠤᠴᠢᠯᠠᠭᠤᠷ ᠤᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠪᠡ | ᠴᠠᠭ᠄ | 2021 ᠣᠨ ᠤ 10 ᠰᠠᠷ᠎ᠠ ᠶᠢᠨ 13 ᠤ ᠡᠳᠦᠷ | ᠵᠣᠴᠢᠨ ᠄ | ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ᠂ ᠮᠢᠩ ᠳ᠋ᠧ ᠪᠠᠭ᠎ᠠ ᠰᠤᠷᠭᠠᠭᠤᠯᠢ᠂ ᠢᠦᠢ ᠼᠠᠢ ᠪᠠᠭ᠎ᠠ | ᠰᠤᠷᠭᠠᠭᠤᠯᠢ ᠶᠢᠨ ᠲᠤᠰ ᠲᠤᠰ ᠲᠣᠮᠢᠯᠠᠭᠰᠠᠨ ᠸᠧᠨ ᠯᠢ ᠰᠢᠨ᠂ ᠵᠠᠩ ᠬᠤᠢ ᠬᠤᠢ᠂ ᠶᠠᠨ ᠪᠢᠩ ᠭᠤᠷᠪᠠᠨ | ᠭᠤᠣᠯᠯᠠᠭᠴᠢ ᠪᠠᠭᠰᠢ︔ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠵᠢᠶᠠ ᠬᠤᠸᠠᠨ ᠹᠠᠩ | ᠲᠣᠪᠴᠢᠯᠠᠯ᠄ | ᠮᠠᠨ ᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ | ᠬᠥᠭᠵᠢᠯᠲᠡ ᠪᠠ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠵᠤ᠂ ᠪᠠᠭᠰᠢ ᠶᠢᠨ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠬᠦᠴᠦᠲᠡᠶ ᠳᠡᠭᠡᠭᠰᠢᠯᠡᠭᠦᠯᠬᠦ ᠶᠢᠨ ᠲᠥᠯᠥᠭᠡ᠂ ᠪᠠᠭᠰᠢ᠂ | ᠰᠤᠷᠭᠠᠭᠤᠯᠢ ᠶᠢᠨ ᠬᠠᠷᠢᠯᠴᠠᠨ ᠰᠤᠷᠤᠯᠴᠠᠬᠤ᠂ ᠬᠠᠷᠢᠯᠴᠠᠨ ᠰᠣᠯᠢᠯᠴᠠᠬᠤ᠂ ᠬᠠᠷᠢᠯᠴᠠᠨ ᠲᠣᠯᠢᠯᠠᠬᠤ ᠲᠠᠪᠴᠠᠩ ᠢ | ᠪᠠᠶᠢᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ | ᠠᠬᠢᠭᠤᠯᠬᠤ᠂ ᠬᠠᠮᠲᠤ ᠪᠠᠷ ᠳᠡᠭᠡᠭᠰᠢᠯᠡᠭᠦᠯᠬᠦ ᠬᠠᠷᠠᠯᠲᠠ ᠳᠤ ᠬᠥᠷᠪᠡ᠃ ᠡᠨᠡ ᠵᠢᠯ ᠤᠨ ᠨᠠᠮᠤᠷ ᠤᠨ ᠤᠯᠠᠷᠢᠯ ᠤᠨ | ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠰᠢᠩ ᠾᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ᠂ ᠮᠢᠩ ᠳ᠋ᠧ ᠪᠠᠭ᠎ᠠ ᠰᠤᠷᠭᠠᠭᠤᠯᠢ᠂ ᠢᠦᠶ ᠼᠠᠢ ᠪᠠᠭ᠎ᠠ | ᠰᠤᠷᠭᠠᠭᠤᠯᠢ ᠠᠴᠠ ᠲᠣᠰ ᠲᠣᠰ ᠸᠧᠨ ᠯᠢ ᠰᠢᠨ᠂ ᠵᠠᠩ ᠬᠤᠶ ᠬᠤᠶ᠂ ᠶᠠᠨ ᠪᠢᠩ ᠭᠤᠷᠪᠠᠨ ᠭᠤᠤᠯᠯᠠᠭᠴᠢ | ᠪᠠᠭᠰᠢ ᠶᠢ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠲᠣᠮᠢᠯᠠᠨ ᠪᠠᠭᠰᠢ ᠨᠠᠷ ᠢ ᠠᠵᠢᠯ ᠤᠨ ᠪᠠᠶᠢᠷᠢ ᠡᠭᠡᠯᠵᠢᠯᠡᠭᠦᠯᠬᠦ | ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠰᠢᠩ ᠾᠧ ᠰᠢᠶᠠᠨ ᠤ ᠠᠩᠬᠠᠳᠠᠭᠴᠢ ᠪᠦᠯᠦᠭ ᠪᠠᠭᠰᠢ ᠠᠵᠢᠯ ᠤᠨ | ᠪᠠᠶᠢᠷᠢ ᠡᠭᠡᠯᠵᠢᠯᠡᠨ ᠠᠩᠬᠠᠨ ᠤ ᠫᠤᠤ ᠶᠢ ᠲᠠᠯᠪᠢᠪᠠ᠂ ᠡᠨᠡᠬᠦ ᠠᠷᠭ᠎ᠠ ᠬᠡᠮᠵᠢᠶ᠎ᠡ ᠨᠢ ᠨᠡᠶᠢᠭᠡᠮ ᠨᠡᠶᠢᠲᠡ ᠶᠢᠨ ᠠᠩᠬᠠᠷᠤᠯ ᠢ | ᠶᠡᠬᠡᠳᠡ ᠲᠠᠲᠠᠵᠠᠶ᠃ 2021 ᠣᠨ ᠤ 10 ᠰᠠᠷ᠎ᠠ ᠶᠢᠨ 13 ᠤ ᠦᠳᠡ ᠶᠢᠨ ᠡᠮᠦᠨ᠎ᠡ᠂ ᠰᠢᠩ ᠾᠧ ᠰᠢᠶᠠᠨ ᠤ | ᠬᠠᠮ ᠵᠠᠭᠤᠴᠢᠯᠠᠭᠤᠷ ᠤᠨ ᠲᠥᠪ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠭᠤᠷᠪᠠᠨ ᠠᠵᠢᠯ ᠤᠨ ᠪᠠᠶᠢᠷᠢ | ᠡᠭᠡᠯᠵᠢᠯᠡᠭᠰᠡᠨ ᠪᠠᠭᠰᠢ ᠶᠢ ᠰᠤᠷᠪᠤᠯᠵᠢᠯᠠᠪᠠ᠃ | 2021 ᠣᠨ ᠤ 10 ᠰᠠᠷ᠎ᠠ ᠶᠢᠨ 13 ᠤ ᠦᠳᠡ ᠶᠢᠨ ᠡᠮᠦᠨ᠎ᠡ᠂ ᠰᠢᠩ ᠾᠧ ᠰᠢᠶᠠᠨ ᠤ ᠬᠠᠮ | ᠵᠠᠭᠤᠴᠢᠯᠠᠭᠤᠷ ᠤᠨ ᠲᠥᠪ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠭᠤᠷᠪᠠᠨ ᠠᠵᠢᠯ ᠤᠨ ᠪᠠᠶᠢᠷᠢ ᠡᠭᠡᠯᠵᠢᠯᠡᠭᠰᠡᠨ | ᠪᠠᠭᠰᠢ ᠶᠢ ᠰᠤᠷᠪᠤᠯᠵᠢᠯᠠᠪᠠ᠃ ᠡᠩ ᠲᠡᠷᠢᠭᠦᠨ ᠳᠤ᠂ ᠰᠤᠷᠪᠤᠯᠵᠢᠯᠠᠬᠤ ᠪᠠᠷ ᠢᠷᠡᠭᠰᠡᠨ ᠰᠤᠷᠪᠤᠯᠵᠢᠯᠠᠭᠴᠢ ᠠᠩᠭᠢ ᠳᠤ | ᠣᠷᠣᠵᠤ ᠬᠢᠴᠢᠶᠡᠯ ᠤᠨ ᠰᠢᠩᠭᠡᠭᠡᠯᠲᠡ ᠰᠣᠨᠣᠰᠪᠠ᠃ ᠭᠤᠷᠪᠠᠨ ᠪᠠᠭᠰᠢ ᠠᠳᠠᠯᠢ ᠪᠤᠰᠤ ᠬᠡᠪ ᠨᠠᠮᠪᠠ ᠪᠠᠷ ᠯᠠᠪᠳᠠᠭᠤᠨ | ᠪᠠᠲᠤᠲᠠᠶ ᠵᠢᠭᠠᠨ ᠰᠤᠷᠭᠠᠯᠲᠠ ᠶᠢᠨ ᠰᠠᠭᠤᠷᠢ ᠪᠠ ᠵᠢᠭᠠᠨ ᠰᠤᠷᠭᠠᠯᠲᠠ ᠶᠢᠨ ᠣᠷᠭᠢᠯᠤᠮ᠎ᠠ ᠰᠡᠳᠬᠢᠯᠭᠡ ᠶᠢ ᠢᠯᠡᠷᠡᠭᠦᠯᠪᠡ | ︔ ᠲᠠᠷᠠᠭ᠎ᠠ ᠨᠢ᠂ ᠰᠤᠷᠪᠤᠯᠵᠢᠯᠠᠭᠴᠢ ᠪᠠᠭᠰᠢ ᠰᠤᠷᠤᠭᠴᠢ ᠶᠢᠨ ᠬᠢᠴᠢᠶᠡᠯ ᠤᠨ ᠵᠠᠪᠰᠠᠷᠯᠠᠭ᠎ᠠ ᠳᠤ ᠰᠠᠨᠠᠯ ᠢᠶᠠᠨ | ᠰᠣᠯᠢᠯᠴᠠᠵᠤ᠂ ᠪᠠᠭᠰᠢ ᠰᠤᠷᠤᠭᠴᠢ ᠶᠢᠨ ᠬᠤᠭᠤᠷᠣᠨᠳᠣᠬᠢ ᠳᠣᠲᠣᠨᠣ ᠠᠭᠤᠷ ᠠᠮᠢᠰᠬᠤᠯ ᠢ ᠢᠯᠡᠷᠡᠭᠦᠯᠪᠡ︔ | ᠵᠠᠯᠭᠠᠭᠠᠳ ᠰᠤᠷᠪᠤᠯᠵᠢᠯᠠᠭᠴᠢ ᠡᠭᠡᠯᠵᠢᠯᠡᠨ ᠠᠵᠢᠯᠯᠠᠵᠤ ᠪᠠᠶᠢᠭ᠎ᠠ ᠭᠤᠷᠪᠠᠨ ᠪᠠᠭᠰᠢ ᠶᠢ ᠨᠠᠷᠢᠨ ᠰᠤᠷᠪᠤᠯᠵᠢᠯᠠᠪᠠ᠃ | ᠸᠧᠨ ᠯᠢ ᠰᠢᠨ᠎ᠡ ᠪᠠᠭᠰᠢ ᠰᠤᠷᠪᠤᠯᠵᠢᠯᠠᠭ᠎ᠠ ᠬᠢᠬᠦ ᠳᠡᠭᠡᠨ᠂ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ | ᠵᠢᠭᠠᠨ ᠰᠤᠷᠭᠠᠯᠲᠠ ᠶᠢᠨ ᠠᠵᠢᠯ ᠳᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ᠂ ᠠᠯᠢᠪᠠ ᠬᠦᠴᠢᠷ | ᠪᠡᠷᠬᠡᠰᠢᠶᠡᠯ ᠢ ᠢᠯᠠᠨ ᠳᠠᠪᠠᠵᠤ᠂ ᠥᠪᠡᠷ ᠤᠨ ᠠᠯᠢᠪᠠ ᠮᠡᠳᠡᠯᠭᠡ ᠪᠠᠨ ᠪᠦᠬᠦᠨ ᠢ ᠵᠢᠭᠠᠵᠤ᠂ ᠣᠯᠠᠨ ᠤ ᠬᠦᠰᠡᠯ ᠢ | ᠬᠥᠰᠡᠷᠳᠡᠭᠦᠯᠬᠦ ᠦᠭᠡᠢ ᠭᠡᠵᠦ ᠢᠯᠡᠳᠬᠡᠪᠡ᠃ | ᠵᠠᠩ ᠬᠤᠶ ᠬᠤᠶ ᠪᠠᠭᠰᠢ ᠰᠤᠷᠪᠤᠯᠵᠢᠯᠠᠭ᠎ᠠ ᠬᠢᠬᠦ ᠳᠡᠭᠡᠨ ᠰᠤᠷᠭᠠᠨ ᠬᠥᠮᠦᠵᠢᠯ ᠤᠨ ᠲᠤᠬᠠᠶ ᠬᠠᠯᠠᠭᠤᠨ | ᠰᠡᠳᠬᠢᠯᠭᠡ ᠪᠠᠨ ᠢᠯᠡᠳᠬᠡᠵᠦ᠂ ᠬᠡᠦᠬᠡᠳ ᠤᠳ ᠤᠨ ᠦᠰᠦᠨ ᠪᠤᠶᠢᠵᠢᠬᠤ ᠵᠠᠮ ᠳᠡᠭᠡᠷᠡᠬᠢ ᠵᠠᠮᠴᠢᠯᠠᠭᠴᠢ ᠪᠣᠯᠬᠤ ᠶᠢ | ᠬᠦᠰᠡᠪᠡ᠃ ᠲᠡᠷᠡ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠢᠨ᠎ᠡ ᠬᠠᠭᠤᠴᠢᠨ ᠬᠤᠲᠠ ᠶᠢᠨ ᠪᠠᠭᠰᠢ ᠶᠢᠨ | ᠠᠵᠢᠯ ᠤᠨ ᠪᠠᠶᠢᠷᠢ ᠶᠢᠨ ᠡᠭᠡᠯᠵᠢᠯᠡᠯᠲᠡ ᠳᠤᠮᠳᠠ᠂ ᠥᠪᠡᠷ ᠢ ᠪᠠᠨ ᠰᠤᠷᠭᠠᠨ ᠬᠥᠮᠦᠵᠢᠯ ᠭᠡᠬᠦ ᠡᠨᠡ ᠬᠦ ᠠᠷᠢᠭᠤᠨ | ᠳᠠᠷᠬᠠᠨ ᠨᠤᠲᠤᠭ ᠳᠡᠪᠢᠰᠬᠡᠷ ᠳᠡᠭᠡᠷ᠎ᠡ ᠲᠠᠰᠤᠷᠠᠯᠲᠠ ᠥᠬᠡᠶ ᠴᠢᠷᠮᠠᠶᠢᠨ᠂ ᠦᠷᠭᠦᠯᠵᠢᠯᠡᠨ ᠤᠷᠤᠭᠰᠢᠯᠠᠵᠤ᠂ ᠰᠤᠷᠭᠠᠨ | ᠬᠥᠮᠦᠵᠢᠯ ᠤᠨ ᠵᠡᠭᠦᠳᠦ ᠶᠢᠨ ᠢᠶᠠᠨ ᠲᠥᠯᠥᠭᠡ ᠨᠠᠩ ᠰᠠᠶᠢᠨ ᠥᠪᠡᠷ ᠢ ᠪᠠᠨ ᠵᠣᠷᠢᠭᠤᠯᠬᠤ ᠶᠢ ᠰᠢᠪᠠᠳᠠᠨ᠎ᠠ ᠭᠡᠵᠡᠶ︕ | ᠶᠠᠨ ᠪᠢᠩ ᠪᠠᠭᠰᠢ ᠰᠤᠷᠪᠤᠯᠵᠢᠯᠠᠬᠤ ᠶᠠᠪᠤᠴᠠ ᠳᠠᠭᠠᠨ ᠰᠤᠷᠤᠭᠴᠢ ᠶᠢᠨ ᠰᠠᠶ᠋ᠢ ᠰᠤᠷᠭᠠᠭᠤᠯᠢ ᠡᠬᠢᠯᠡᠭᠰᠡᠨ ᠪᠠ | ᠣᠳᠣ ᠶᠢᠨ ᠰᠤᠷᠤᠯᠭ᠎ᠠ ᠶᠢᠨ ᠪᠠᠶᠢᠳᠠᠯ ᠢᠯᠡᠳᠲᠡ ᠬᠠᠷᠢᠴᠠᠭᠤᠯᠤᠯ ᠲᠠᠢ ᠪᠣᠯᠤᠭᠰᠠᠨ ᠪᠠ ᠨᠡᠯᠢᠶᠡᠳ ᠶᠡᠭᠡ | ᠳᠠᠪᠰᠢᠯᠲᠠ ᠲᠠᠢ ᠪᠣᠯᠤᠭᠰᠠᠨ ᠢ ᠲᠠᠨᠢᠯᠴᠠᠭᠤᠯᠵᠠᠶ᠃ ᠲᠡᠷᠡ᠂ ᠪᠢ ᠦᠷᠭᠦᠯᠵᠢᠯᠡᠨ ᠠᠮᠢᠳᠤ ᠴᠣᠪᠣᠭᠤᠯᠢᠭ ᠵᠢᠭᠠᠨ | ᠰᠤᠷᠭᠠᠬᠤ ᠠᠷᠭ᠎ᠠ ᠬᠡᠯᠪᠡᠷᠢ ᠪᠠᠨ ᠦᠷᠭᠦᠯᠵᠢᠯᠡᠭᠦᠯᠵᠦ᠂ ᠬᠡᠦᠬᠡᠳ ᠤᠳ ᠲᠤ ᠬᠠᠮᠤᠭ ᠤᠨ ᠰᠠᠶᠢᠨ ᠵᠢᠭᠠᠨ ᠰᠤᠷᠭᠠᠬᠤ | ᠬᠡᠪ ᠵᠠᠭᠪᠤᠷ ᠢ ᠢᠯᠡᠷᠡᠭᠦᠯᠵᠦ᠂ ᠬᠡᠦᠬᠡᠳ ᠤᠳ ᠲᠤ ᠬᠢᠵᠠᠭᠠᠷ ᠲᠠᠢ ᠴᠠᠭ ᠬᠤᠭᠤᠴᠠᠭᠠᠨ ᠳᠤ ᠬᠠᠮᠤᠭ ᠤᠨ ᠶᠡᠭᠡ | ᠣᠯᠤᠯᠲᠠ ᠲᠠᠢ ᠪᠣᠯᠭᠠᠨ᠎ᠠ ᠭᠡᠵᠦ ᠢᠯᠡᠳᠬᠡᠪᠡ᠃ | ᠬᠠᠮᠤᠭ ᠰᠡᠭᠦᠯ ᠳᠤ᠂ ᠰᠤᠷᠪᠤᠯᠵᠢᠯᠠᠭᠴᠢ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠵᠢᠶᠠ ᠬᠤᠸᠠᠨ | ᠹᠠᠩ ᠢ ᠰᠤᠷᠪᠤᠯᠵᠢᠯᠠᠪᠠ᠃ | ᠰᠤᠷᠪᠤᠯᠵᠢᠯᠠᠭᠴᠢ᠄ ᠵᠢᠶᠠ ᠵᠠᠬᠢᠷᠤᠯ ᠠ᠂ ᠲᠣᠰ ᠤᠳᠠᠭᠠᠨ ᠤ ᠮᠠᠨ ᠤ ᠰᠢᠶᠠᠨ ᠤ ᠥᠷᠨᠢᠭᠦᠯᠦᠭᠰᠡᠨ | ᠠᠵᠢᠯ ᠤᠨ ᠪᠠᠶᠢᠷᠢ ᠡᠭᠡᠯᠵᠢᠯᠡᠭᠦᠯᠬᠦ ᠠᠵᠢᠯᠯᠠᠭ᠎ᠠ ᠨᠢ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠬᠥᠭᠵᠢᠯᠲᠡ ᠳᠤ ᠶᠠᠮᠠᠷ ᠤᠶᠢᠯᠡᠳᠤᠯ ᠲᠠᠢ ᠪᠣᠶ︖ | ᠵᠢᠶᠠ ᠬᠤᠸᠠᠨ ᠹᠠᠩ᠄ ᠲᠣᠰ ᠤᠳᠠᠭᠠᠨ ᠤ ᠪᠠᠭᠰᠢ ᠶᠢᠨ ᠠᠵᠢᠯ ᠤᠨ ᠪᠠᠶᠢᠷᠢ ᠡᠭᠡᠯᠵᠢᠯᠡᠨ ᠰᠣᠯᠢᠯᠴᠠᠬᠤ ᠨᠢ | ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠥᠷᠭᠡᠨ ᠣᠯᠠᠨ ᠪᠠᠭᠰᠢ ᠰᠤᠷᠤᠭᠴᠢᠳ ᠲᠤ ᠠᠪᠴᠤ ᠬᠡᠯᠡᠪᠡᠯ ᠨᠢᠭᠡᠨ | ᠶᠡᠭᠡ ᠰᠠᠶᠢᠨ ᠶᠠᠪᠤᠳᠠᠯ ᠪᠣᠯᠬᠤ ᠶᠤᠮ᠃ ᠠᠵᠢᠯ ᠤᠨ ᠪᠠᠶᠢᠷᠢ ᠡᠭᠡᠯᠵᠢᠯᠡᠨ ᠰᠣᠯᠢᠯᠴᠠᠬᠤ ᠪᠠᠷ ᠳᠠᠮᠵᠢᠭᠤᠯᠤᠨ ᠰᠢᠨ᠎ᠡ | ᠬᠤᠲᠠ ᠲᠣᠭᠤᠷᠢᠭ ᠤᠨ ᠰᠢᠯᠢᠳᠡᠭ ᠪᠠᠭᠰᠢ ᠶᠢ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠣᠷᠣᠭᠤᠯᠤᠨ | ᠲᠡᠭᠦᠯᠳᠡᠷᠵᠢᠭᠦᠯᠬᠦ ᠪᠣᠯ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠨᠢᠭᠡᠨ ᠶᠡᠭᠡ ᠠᠵᠠ ᠵᠠᠪᠰᠢᠶᠠᠨ ᠪᠣᠯᠬᠤ ᠪᠥᠭᠡᠳ | ᠮᠠᠰᠢ ᠣᠯᠠᠨ ᠰᠠᠶᠢᠨ ᠲᠠᠯ᠎ᠠ ᠲᠠᠢ ᠶᠤᠮ᠃ ᠬᠠᠮᠤᠭ ᠲᠡᠷᠢᠭᠦᠨ ᠳᠤ ᠬᠠᠭᠤᠴᠢᠨ ᠬᠤᠲᠠ ᠶᠢᠨ ᠲᠣᠭᠤᠷᠢᠭ ᠤᠨ | ᠬᠡᠦᠬᠡᠳ ᠲᠤ ᠰᠢᠯᠢᠳᠡᠭ ᠰᠤᠷᠭᠠᠨ ᠬᠥᠮᠦᠵᠢᠯ ᠬᠦᠷᠲᠡᠭᠡᠨ᠎ᠡ︔ ᠳᠠᠷᠠᠭ᠎ᠠ ᠨᠢ ᠠᠵᠢᠯ ᠤᠨ ᠪᠠᠶᠢᠷᠢ ᠡᠭᠡᠯᠵᠢᠯᠡᠬᠦ ᠪᠠᠭᠰᠢ | ᠲᠡᠳᠡᠨ ᠤ ᠲᠡᠷᠢᠭᠦᠨ ᠤ ᠵᠢᠭᠠᠨ ᠰᠤᠷᠭᠠᠯᠲᠠ ᠶᠢᠨ ᠲᠤᠷᠰᠢᠯᠭ᠎ᠠ ᠪᠠ ᠬᠠᠮᠢᠶᠠᠷᠤᠯᠲᠠ ᠶᠢᠨ ᠲᠤᠷᠰᠢᠯᠭ᠎ᠠ ᠶᠢ | ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠭᠰᠢ ᠨᠠᠷ ᠲᠤ ᠥᠭᠴᠦ᠂ ᠪᠠᠭᠰᠢ ᠨᠠᠷ ᠲᠤ ᠰᠤᠷᠤᠯᠴᠠᠬᠤ | ᠳᠠᠭᠤᠷᠢᠶᠠᠯ ᠲᠠᠢ᠂ ᠰᠤᠷᠤᠯᠴᠠᠬᠤ ᠬᠠᠷᠠᠯᠲᠠ ᠲᠠᠢ ᠪᠣᠯᠭᠠᠵᠤ ᠴᠢᠳᠠᠨ᠎ᠠ︔ ᠠᠵᠢᠯ ᠤᠨ ᠪᠠᠶᠢᠷᠢ ᠡᠭᠡᠯᠵᠢᠯᠡᠭᠰᠡᠨ ᠪᠠᠭᠰᠢ | ᠰᠤᠷᠭᠠᠭᠤᠯᠢ ᠳᠤ ᠰᠢᠯᠢᠳᠡᠭ ᠰᠣᠷᠣᠭᠴᠢ ᠶᠢᠨ ᠢᠷᠡᠯᠲᠡ ᠠᠪᠴᠢᠷᠠᠵᠤ᠂ ᠰᠤᠷᠭᠠᠭᠤᠯᠢ ᠶᠢᠨ ᠣᠳᠣᠬᠠᠨ ᠤ ᠰᠣᠷᠣᠭᠴᠢ | ᠡᠯᠰᠡᠬᠦ ᠳᠤ ᠬᠦᠴᠢᠷᠲᠡᠶ ᠪᠠᠶᠢᠭ᠎ᠠ ᠬᠦᠴᠢᠷᠳᠡᠯ ᠢ ᠦᠨᠡᠨ ᠬᠦ ᠰᠢᠢᠳᠪᠤᠷᠢᠯᠡᠵᠤ᠂ ᠡᠴᠦᠰ ᠲᠡᠭᠡᠨ ᠲᠤᠷᠰᠢᠯᠲᠠ ᠶᠢᠨ | ᠪᠠᠭ᠎ᠠ ᠰᠤᠷᠭᠠᠭᠤᠯᠢ ᠶᠢᠨ ᠡᠯ᠎ᠡ ᠵᠤᠶᠢᠯ ᠤᠨ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠶᠢ ᠬᠦᠰᠡᠵᠦ ᠪᠠᠶᠢᠨ᠎ᠠ | ᠭᠡᠵᠡᠶ᠃ | ᠰᠤᠷᠪᠤᠯᠵᠢᠯᠠᠭᠴᠢ᠄ ᠵᠠ᠂ ᠸᠧᠨ ᠪᠠᠭᠰᠢ ᠳᠤ ᠪᠠᠶᠠᠷᠯᠠᠯ᠎ᠠ᠂ ᠵᠠᠩ ᠪᠠᠭᠰᠢ᠂ ᠶᠠᠨ ᠪᠠᠭᠰᠢ︔ ᠵᠠᠬᠢᠷᠤᠯ | ᠪᠢᠳᠡᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ ᠪᠠᠶᠠᠷᠯᠠᠯ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ᠂ ᠰᠦᠯᠵᠢᠶᠡᠨ ᠠᠨᠳᠠ ᠨᠠᠷ ᠳᠠᠬᠢᠭᠠᠳ ᠠᠭᠤᠯᠵᠠᠶ᠎ᠠ᠃ | ᠰᠤᠷᠪᠤᠯᠵᠢᠯᠠᠭ᠎ᠠ ᠬᠡᠳᠦ᠋ᠢᠪᠡᠷ ᠳᠠᠭᠤᠰᠤᠭᠰᠠᠨ ᠪᠣᠯᠪᠠᠴᠤ᠂ ᠠᠵᠢᠯ ᠤᠨ ᠪᠠᠶᠢᠷᠢ ᠡᠭᠡᠯᠵᠢᠯᠡᠭᠰᠡᠨ ᠪᠠᠭᠰᠢ ᠨᠠᠷ | ᠢᠲᠡᠭᠡᠯ ᠲᠡᠭᠦᠯᠳᠡᠷ ᠪᠠᠶᠢᠨ᠎ᠠ᠂ ᠲᠠᠳᠠ ᠬᠠᠷᠢᠭᠤᠴᠠᠯᠭ᠎ᠠ ᠪᠠ ᠡᠭᠦᠷᠭᠡ ᠪᠣᠯᠤᠨ ᠬᠠᠭᠤᠴᠢᠨ ᠬᠤᠲᠠ ᠲᠣᠭᠤᠷᠢᠭ ᠤᠨ | ᠵᠢᠭᠠᠨ ᠰᠤᠷᠭᠠᠯᠲᠠ ᠶᠢᠨ ᠣᠳᠣᠬᠢ ᠪᠠᠶᠢᠳᠠᠯ ᠢ ᠪᠥᠬᠦ ᠲᠠᠯ᠎ᠠ ᠪᠠᠷ ᠬᠤᠪᠢᠷᠠᠭᠤᠯᠬᠤ ᠡᠷᠡᠰ ᠵᠣᠷᠢᠭ ᠢ ᠡᠪᠦᠷᠯᠡᠨ᠂ ᠲᠣᠰ | ᠪᠡᠶ᠎ᠡ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ | ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠥᠬᠡᠶ ᠭᠡᠵᠦ ᠢᠯᠡᠷᠬᠡᠶᠢᠯᠡᠵᠡᠭᠡᠪᠡ᠃ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |