ᠰᠣᠯᠢᠯᠴᠠᠭ᠎ᠠ ᠬᠢᠵᠦ ᠠᠵᠢᠯ ᠤᠨ ᠪᠠᠶᠢᠷᠢ ᠡᠭᠡᠯᠵᠢᠯᠡᠨ ᠬᠥᠭᠵᠢᠯᠲᠡ ᠶᠢ ᠠᠬᠢᠭᠤᠯᠵᠤ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ ᠦᠨᠡᠨ ᠰᠡᠳᠬᠢᠯᠭᠡ ᠪᠠᠨ ᠢᠯᠡᠷᠡᠭᠦᠯᠪᠡ—— ᠰᠢᠩ ᠾᠧ ᠰᠢᠶᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠣᠯᠢᠯᠴᠠᠭ᠎ᠠ ᠬᠢᠵᠦ ᠠᠵᠢᠯ ᠤᠨ ᠪᠠᠶᠢᠷᠢ ᠡᠭᠡᠯᠵᠢᠯᠡᠨ ᠠᠵᠢᠯᠯᠠᠬᠤ ᠪᠠᠭᠰᠢ ᠬᠠᠮ ᠵᠠᠭᠤᠴᠢᠯᠠᠭᠤᠷ ᠤᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2021/10/23
ᠭᠤᠣᠯ ᠰᠡᠳᠦᠪ  ᠄       ᠰᠣᠯᠢᠯᠴᠠᠭ᠎ᠠ ᠬᠢᠵᠦ ᠠᠵᠢᠯ ᠤᠨ ᠪᠠᠶᠢᠷᠢ ᠡᠭᠡᠯᠵᠢᠯᠡᠨ ᠬᠥᠭᠵᠢᠯᠲᠡ ᠶᠢ ᠠᠬᠢᠭᠤᠯᠵᠤ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ ᠦᠨᠡᠨ ᠰᠡᠳᠬᠢᠯᠭᠡ ᠪᠠᠨ ᠢᠯᠡᠷᠡᠭᠦᠯᠪᠡ—— ᠰᠢᠩ ᠾᠧ ᠰᠢᠶᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠣᠯᠢᠯᠴᠠᠭ᠎ᠠ ᠬᠢᠵᠦ ᠠᠵᠢᠯ ᠤᠨ ᠪᠠᠶᠢᠷᠢ ᠡᠭᠡᠯᠵᠢᠯᠡᠨ ᠠᠵᠢᠯᠯᠠᠬᠤ ᠪᠠᠭᠰᠢ ᠬᠠᠮ ᠵᠠᠭᠤᠴᠢᠯᠠᠭᠤᠷ ᠤᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠪᠡᠴᠠᠭ᠄       2021 ᠣᠨ ᠤ 10 ᠰᠠᠷ᠎ᠠ ᠶᠢᠨ 13 ᠤ ᠡᠳᠦᠷ ᠵᠣᠴᠢᠨ  ᠄       ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ᠂ ᠮᠢᠩ ᠳ᠋ᠧ ᠪᠠᠭ᠎ᠠ ᠰᠤᠷᠭᠠᠭᠤᠯᠢ᠂ ᠢᠦᠢ ᠼᠠᠢ ᠪᠠᠭ᠎ᠠ ᠰᠤᠷᠭᠠᠭᠤᠯᠢ ᠶᠢᠨ ᠲᠤᠰ ᠲᠤᠰ ᠲᠣᠮᠢᠯᠠᠭᠰᠠᠨ ᠸᠧᠨ ᠯᠢ ᠰᠢᠨ᠂ ᠵᠠᠩ ᠬᠤᠢ ᠬᠤᠢ᠂ ᠶᠠᠨ ᠪᠢᠩ ᠭᠤᠷᠪᠠᠨ ᠭᠤᠣᠯᠯᠠᠭᠴᠢ ᠪᠠᠭᠰᠢ︔ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠵᠢᠶᠠ ᠬᠤᠸᠠᠨ ᠹᠠᠩᠲᠣᠪᠴᠢᠯᠠᠯ᠄      ᠮᠠᠨ ᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠪᠠ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠵᠤ᠂ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠬᠦᠴᠦᠲᠡᠶ ᠳᠡᠭᠡᠭᠰᠢᠯᠡᠭᠦᠯᠬᠦ ᠶᠢᠨ ᠲᠥᠯᠥᠭᠡ᠂ ᠪᠠᠭᠰᠢ᠂ ᠰᠤᠷᠭᠠᠭᠤᠯᠢ ᠶᠢᠨ ᠬᠠᠷᠢᠯᠴᠠᠨ ᠰᠤᠷᠤᠯᠴᠠᠬᠤ᠂ ᠬᠠᠷᠢᠯᠴᠠᠨ ᠰᠣᠯᠢᠯᠴᠠᠬᠤ᠂ ᠬᠠᠷᠢᠯᠴᠠᠨ ᠲᠣᠯᠢᠯᠠᠬᠤ ᠲᠠᠪᠴᠠᠩ ᠢ ᠪᠠᠶᠢᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠬᠢᠭᠤᠯᠬᠤ᠂ ᠬᠠᠮᠲᠤ ᠪᠠᠷ ᠳᠡᠭᠡᠭᠰᠢᠯᠡᠭᠦᠯᠬᠦ ᠬᠠᠷᠠᠯᠲᠠ ᠳᠤ ᠬᠥᠷᠪᠡ᠃ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠰᠢᠩ ᠾᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ᠂ ᠮᠢᠩ ᠳ᠋ᠧ ᠪᠠᠭ᠎ᠠ ᠰᠤᠷᠭᠠᠭᠤᠯᠢ᠂ ᠢᠦᠶ ᠼᠠᠢ ᠪᠠᠭ᠎ᠠ ᠰᠤᠷᠭᠠᠭᠤᠯᠢ ᠠᠴᠠ ᠲᠣᠰ ᠲᠣᠰ ᠸᠧᠨ ᠯᠢ ᠰᠢᠨ᠂ ᠵᠠᠩ ᠬᠤᠶ ᠬᠤᠶ᠂ ᠶᠠᠨ ᠪᠢᠩ ᠭᠤᠷᠪᠠᠨ ᠭᠤᠤᠯᠯᠠᠭᠴᠢ ᠪᠠᠭᠰᠢ ᠶᠢ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠲᠣᠮᠢᠯᠠᠨ ᠪᠠᠭᠰᠢ ᠨᠠᠷ ᠢ ᠠᠵᠢᠯ ᠤᠨ ᠪᠠᠶᠢᠷᠢ ᠡᠭᠡᠯᠵᠢᠯᠡᠭᠦᠯᠬᠦ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠰᠢᠩ ᠾᠧ ᠰᠢᠶᠠᠨ ᠤ ᠠᠩᠬᠠᠳᠠᠭᠴᠢ ᠪᠦᠯᠦᠭ ᠪᠠᠭᠰᠢ ᠠᠵᠢᠯ ᠤᠨ ᠪᠠᠶᠢᠷᠢ ᠡᠭᠡᠯᠵᠢᠯᠡᠨ ᠠᠩᠬᠠᠨ ᠤ ᠫᠤᠤ ᠶᠢ ᠲᠠᠯᠪᠢᠪᠠ᠂ ᠡᠨᠡᠬᠦ ᠠᠷᠭ᠎ᠠ ᠬᠡᠮᠵᠢᠶ᠎ᠡ ᠨᠢ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠳᠡ ᠲᠠᠲᠠᠵᠠᠶ᠃ 2021 ᠣᠨ ᠤ 10 ᠰᠠᠷ᠎ᠠ ᠶᠢᠨ 13 ᠤ ᠦᠳᠡ ᠶᠢᠨ ᠡᠮᠦᠨ᠎ᠡ᠂ ᠰᠢᠩ ᠾᠧ ᠰᠢᠶᠠᠨ ᠤ ᠬᠠᠮ ᠵᠠᠭᠤᠴᠢᠯᠠᠭᠤᠷ ᠤᠨ ᠲᠥᠪ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠭᠤᠷᠪᠠᠨ ᠠᠵᠢᠯ ᠤᠨ ᠪᠠᠶᠢᠷᠢ ᠡᠭᠡᠯᠵᠢᠯᠡᠭᠰᠡᠨ ᠪᠠᠭᠰᠢ ᠶᠢ ᠰᠤᠷᠪᠤᠯᠵᠢᠯᠠᠪᠠ᠃       2021 ᠣᠨ ᠤ 10 ᠰᠠᠷ᠎ᠠ ᠶᠢᠨ 13 ᠤ ᠦᠳᠡ ᠶᠢᠨ ᠡᠮᠦᠨ᠎ᠡ᠂ ᠰᠢᠩ ᠾᠧ ᠰᠢᠶᠠᠨ ᠤ ᠬᠠᠮ ᠵᠠᠭᠤᠴᠢᠯᠠᠭᠤᠷ ᠤᠨ ᠲᠥᠪ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠭᠤᠷᠪᠠᠨ ᠠᠵᠢᠯ ᠤᠨ ᠪᠠᠶᠢᠷᠢ ᠡᠭᠡᠯᠵᠢᠯᠡᠭᠰᠡᠨ ᠪᠠᠭᠰᠢ ᠶᠢ ᠰᠤᠷᠪᠤᠯᠵᠢᠯᠠᠪᠠ᠃ ᠡᠩ ᠲᠡᠷᠢᠭᠦᠨ ᠳᠤ᠂ ᠰᠤᠷᠪᠤᠯᠵᠢᠯᠠᠬᠤ ᠪᠠᠷ ᠢᠷᠡᠭᠰᠡᠨ ᠰᠤᠷᠪᠤᠯᠵᠢᠯᠠᠭᠴᠢ ᠠᠩᠭᠢ ᠳᠤ ᠣᠷᠣᠵᠤ ᠬᠢᠴᠢᠶᠡᠯ ᠤᠨ ᠰᠢᠩᠭᠡᠭᠡᠯᠲᠡ ᠰᠣᠨᠣᠰᠪᠠ᠃ ᠭᠤᠷᠪᠠᠨ ᠪᠠᠭᠰᠢ ᠠᠳᠠᠯᠢ ᠪᠤᠰᠤ ᠬᠡᠪ ᠨᠠᠮᠪᠠ ᠪᠠᠷ ᠯᠠᠪᠳᠠᠭᠤᠨ ᠪᠠᠲᠤᠲᠠᠶ ᠵᠢᠭᠠᠨ ᠰᠤᠷᠭᠠᠯᠲᠠ ᠶᠢᠨ ᠰᠠᠭᠤᠷᠢ ᠪᠠ ᠵᠢᠭᠠᠨ ᠰᠤᠷᠭᠠᠯᠲᠠ ᠶᠢᠨ ᠣᠷᠭᠢᠯᠤᠮ᠎ᠠ ᠰᠡᠳᠬᠢᠯᠭᠡ ᠶᠢ ᠢᠯᠡᠷᠡᠭᠦᠯᠪᠡ ︔ ᠲᠠᠷᠠᠭ᠎ᠠ ᠨᠢ᠂ ᠰᠤᠷᠪᠤᠯᠵᠢᠯᠠᠭᠴᠢ ᠪᠠᠭᠰᠢ ᠰᠤᠷᠤᠭᠴᠢ ᠶᠢᠨ ᠬᠢᠴᠢᠶᠡᠯ ᠤᠨ ᠵᠠᠪᠰᠠᠷᠯᠠᠭ᠎ᠠ ᠳᠤ ᠰᠠᠨᠠᠯ ᠢᠶᠠᠨ ᠰᠣᠯᠢᠯᠴᠠᠵᠤ᠂ ᠪᠠᠭᠰᠢ ᠰᠤᠷᠤᠭᠴᠢ ᠶᠢᠨ ᠬᠤᠭᠤᠷᠣᠨᠳᠣᠬᠢ ᠳᠣᠲᠣᠨᠣ ᠠᠭᠤᠷ ᠠᠮᠢᠰᠬᠤᠯ ᠢ ᠢᠯᠡᠷᠡᠭᠦᠯᠪᠡ︔ ᠵᠠᠯᠭᠠᠭᠠᠳ ᠰᠤᠷᠪᠤᠯᠵᠢᠯᠠᠭᠴᠢ ᠡᠭᠡᠯᠵᠢᠯᠡᠨ ᠠᠵᠢᠯᠯᠠᠵᠤ ᠪᠠᠶᠢᠭ᠎ᠠ ᠭᠤᠷᠪᠠᠨ ᠪᠠᠭᠰᠢ ᠶᠢ ᠨᠠᠷᠢᠨ ᠰᠤᠷᠪᠤᠯᠵᠢᠯᠠᠪᠠ᠃      ᠸᠧᠨ ᠯᠢ ᠰᠢᠨ᠎ᠡ ᠪᠠᠭᠰᠢ ᠰᠤᠷᠪᠤᠯᠵᠢᠯᠠᠭ᠎ᠠ ᠬᠢᠬᠦ ᠳᠡᠭᠡᠨ᠂ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠵᠢᠭᠠᠨ ᠰᠤᠷᠭᠠᠯᠲᠠ ᠶᠢᠨ ᠠᠵᠢᠯ ᠳᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠥᠪᠡᠷ ᠤᠨ ᠠᠯᠢᠪᠠ ᠮᠡᠳᠡᠯᠭᠡ ᠪᠠᠨ ᠪᠦᠬᠦᠨ ᠢ ᠵᠢᠭᠠᠵᠤ᠂ ᠣᠯᠠᠨ ᠤ ᠬᠦᠰᠡᠯ ᠢ ᠬᠥᠰᠡᠷᠳᠡᠭᠦᠯᠬᠦ ᠦᠭᠡᠢ ᠭᠡᠵᠦ ᠢᠯᠡᠳᠬᠡᠪᠡ᠃      ᠵᠠᠩ ᠬᠤᠶ ᠬᠤᠶ ᠪᠠᠭᠰᠢ ᠰᠤᠷᠪᠤᠯᠵᠢᠯᠠᠭ᠎ᠠ ᠬᠢᠬᠦ ᠳᠡᠭᠡᠨ ᠰᠤᠷᠭᠠᠨ ᠬᠥᠮᠦᠵᠢᠯ ᠤᠨ ᠲᠤᠬᠠᠶ ᠬᠠᠯᠠᠭᠤᠨ ᠰᠡᠳᠬᠢᠯᠭᠡ ᠪᠠᠨ ᠢᠯᠡᠳᠬᠡᠵᠦ᠂ ᠬᠡᠦᠬᠡᠳ ᠤᠳ ᠤᠨ ᠦᠰᠦᠨ ᠪᠤᠶᠢᠵᠢᠬᠤ ᠵᠠᠮ ᠳᠡᠭᠡᠷᠡᠬᠢ ᠵᠠᠮᠴᠢᠯᠠᠭᠴᠢ ᠪᠣᠯᠬᠤ ᠶᠢ ᠬᠦᠰᠡᠪᠡ᠃ ᠲᠡᠷᠡ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠢᠨ᠎ᠡ ᠬᠠᠭᠤᠴᠢᠨ ᠬᠤᠲᠠ ᠶᠢᠨ ᠪᠠᠭᠰᠢ ᠶᠢᠨ ᠠᠵᠢᠯ ᠤᠨ ᠪᠠᠶᠢᠷᠢ ᠶᠢᠨ ᠡᠭᠡᠯᠵᠢᠯᠡᠯᠲᠡ ᠳᠤᠮᠳᠠ᠂ ᠥᠪᠡᠷ ᠢ ᠪᠠᠨ ᠰᠤᠷᠭᠠᠨ ᠬᠥᠮᠦᠵᠢᠯ ᠭᠡᠬᠦ ᠡᠨᠡ ᠬᠦ ᠠᠷᠢᠭᠤᠨ ᠳᠠᠷᠬᠠᠨ ᠨᠤᠲᠤᠭ ᠳᠡᠪᠢᠰᠬᠡᠷ ᠳᠡᠭᠡᠷ᠎ᠡ ᠲᠠᠰᠤᠷᠠᠯᠲᠠ ᠥᠬᠡᠶ ᠴᠢᠷᠮᠠᠶᠢᠨ᠂ ᠦᠷᠭᠦᠯᠵᠢᠯᠡᠨ ᠤᠷᠤᠭᠰᠢᠯᠠᠵᠤ᠂ ᠰᠤᠷᠭᠠᠨ ᠬᠥᠮᠦᠵᠢᠯ ᠤᠨ ᠵᠡᠭᠦᠳᠦ ᠶᠢᠨ ᠢᠶᠠᠨ ᠲᠥᠯᠥᠭᠡ ᠨᠠᠩ ᠰᠠᠶᠢᠨ ᠥᠪᠡᠷ ᠢ ᠪᠠᠨ ᠵᠣᠷᠢᠭᠤᠯᠬᠤ ᠶᠢ ᠰᠢᠪᠠᠳᠠᠨ᠎ᠠ ᠭᠡᠵᠡᠶ︕      ᠶᠠᠨ ᠪᠢᠩ ᠪᠠᠭᠰᠢ ᠰᠤᠷᠪᠤᠯᠵᠢᠯᠠᠬᠤ ᠶᠠᠪᠤᠴᠠ ᠳᠠᠭᠠᠨ ᠰᠤᠷᠤᠭᠴᠢ ᠶᠢᠨ ᠰᠠᠶ᠋ᠢ ᠰᠤᠷᠭᠠᠭᠤᠯᠢ ᠡᠬᠢᠯᠡᠭᠰᠡᠨ ᠪᠠ ᠣᠳᠣ ᠶᠢᠨ ᠰᠤᠷᠤᠯᠭ᠎ᠠ ᠶᠢᠨ ᠪᠠᠶᠢᠳᠠᠯ ᠢᠯᠡᠳᠲᠡ ᠬᠠᠷᠢᠴᠠᠭᠤᠯᠤᠯ ᠲᠠᠢ ᠪᠣᠯᠤᠭᠰᠠᠨ ᠪᠠ ᠨᠡᠯᠢᠶᠡᠳ ᠶᠡᠭᠡ ᠳᠠᠪᠰᠢᠯᠲᠠ ᠲᠠᠢ ᠪᠣᠯᠤᠭᠰᠠᠨ ᠢ ᠲᠠᠨᠢᠯᠴᠠᠭᠤᠯᠵᠠᠶ᠃ ᠲᠡᠷᠡ᠂ ᠪᠢ ᠦᠷᠭᠦᠯᠵᠢᠯᠡᠨ ᠠᠮᠢᠳᠤ ᠴᠣᠪᠣᠭᠤᠯᠢᠭ ᠵᠢᠭᠠᠨ ᠰᠤᠷᠭᠠᠬᠤ ᠠᠷᠭ᠎ᠠ ᠬᠡᠯᠪᠡᠷᠢ ᠪᠠᠨ ᠦᠷᠭᠦᠯᠵᠢᠯᠡᠭᠦᠯᠵᠦ᠂ ᠬᠡᠦᠬᠡᠳ ᠤᠳ ᠲᠤ ᠬᠠᠮᠤᠭ ᠤᠨ ᠰᠠᠶᠢᠨ ᠵᠢᠭᠠᠨ ᠰᠤᠷᠭᠠᠬᠤ ᠬᠡᠪ ᠵᠠᠭᠪᠤᠷ ᠢ ᠢᠯᠡᠷᠡᠭᠦᠯᠵᠦ᠂ ᠬᠡᠦᠬᠡᠳ ᠤᠳ ᠲᠤ ᠬᠢᠵᠠᠭᠠᠷ ᠲᠠᠢ ᠴᠠᠭ ᠬᠤᠭᠤᠴᠠᠭᠠᠨ ᠳᠤ ᠬᠠᠮᠤᠭ ᠤᠨ ᠶᠡᠭᠡ ᠣᠯᠤᠯᠲᠠ ᠲᠠᠢ ᠪᠣᠯᠭᠠᠨ᠎ᠠ ᠭᠡᠵᠦ ᠢᠯᠡᠳᠬᠡᠪᠡ᠃      ᠬᠠᠮᠤᠭ ᠰᠡᠭᠦᠯ ᠳᠤ᠂ ᠰᠤᠷᠪᠤᠯᠵᠢᠯᠠᠭᠴᠢ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠵᠢᠶᠠ ᠬᠤᠸᠠᠨ ᠹᠠᠩ ᠢ ᠰᠤᠷᠪᠤᠯᠵᠢᠯᠠᠪᠠ᠃      ᠰᠤᠷᠪᠤᠯᠵᠢᠯᠠᠭᠴᠢ᠄ ᠵᠢᠶᠠ ᠵᠠᠬᠢᠷᠤᠯ ᠠ᠂ ᠲᠣᠰ ᠤᠳᠠᠭᠠᠨ ᠤ ᠮᠠᠨ ᠤ ᠰᠢᠶᠠᠨ ᠤ ᠥᠷᠨᠢᠭᠦᠯᠦᠭᠰᠡᠨ ᠠᠵᠢᠯ ᠤᠨ ᠪᠠᠶᠢᠷᠢ ᠡᠭᠡᠯᠵᠢᠯᠡᠭᠦᠯᠬᠦ ᠠᠵᠢᠯᠯᠠᠭ᠎ᠠ ᠨᠢ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠥᠭᠵᠢᠯᠲᠡ ᠳᠤ ᠶᠠᠮᠠᠷ ᠤᠶᠢᠯᠡᠳᠤᠯ ᠲᠠᠢ ᠪᠣᠶ︖      ᠵᠢᠶᠠ ᠬᠤᠸᠠᠨ ᠹᠠᠩ᠄ ᠲᠣᠰ ᠤᠳᠠᠭᠠᠨ ᠤ ᠪᠠᠭᠰᠢ ᠶᠢᠨ ᠠᠵᠢᠯ ᠤᠨ ᠪᠠᠶᠢᠷᠢ ᠡᠭᠡᠯᠵᠢᠯᠡᠨ ᠰᠣᠯᠢᠯᠴᠠᠬᠤ ᠨᠢ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠥᠷᠭᠡᠨ ᠣᠯᠠᠨ ᠪᠠᠭᠰᠢ ᠰᠤᠷᠤᠭᠴᠢᠳ ᠲᠤ ᠠᠪᠴᠤ ᠬᠡᠯᠡᠪᠡᠯ ᠨᠢᠭᠡᠨ ᠶᠡᠭᠡ ᠰᠠᠶᠢᠨ ᠶᠠᠪᠤᠳᠠᠯ ᠪᠣᠯᠬᠤ ᠶᠤᠮ᠃ ᠠᠵᠢᠯ ᠤᠨ ᠪᠠᠶᠢᠷᠢ ᠡᠭᠡᠯᠵᠢᠯᠡᠨ ᠰᠣᠯᠢᠯᠴᠠᠬᠤ ᠪᠠᠷ ᠳᠠᠮᠵᠢᠭᠤᠯᠤᠨ ᠰᠢᠨ᠎ᠡ ᠬᠤᠲᠠ ᠲᠣᠭᠤᠷᠢᠭ ᠤᠨ ᠰᠢᠯᠢᠳᠡᠭ ᠪᠠᠭᠰᠢ ᠶᠢ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠣᠷᠣᠭᠤᠯᠤᠨ ᠲᠡᠭᠦᠯᠳᠡᠷᠵᠢᠭᠦᠯᠬᠦ ᠪᠣᠯ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠨᠢᠭᠡᠨ ᠶᠡᠭᠡ ᠠᠵᠠ ᠵᠠᠪᠰᠢᠶᠠᠨ ᠪᠣᠯᠬᠤ ᠪᠥᠭᠡᠳ ᠮᠠᠰᠢ ᠣᠯᠠᠨ ᠰᠠᠶᠢᠨ ᠲᠠᠯ᠎ᠠ ᠲᠠᠢ ᠶᠤᠮ᠃ ᠬᠠᠮᠤᠭ ᠲᠡᠷᠢᠭᠦᠨ ᠳᠤ ᠬᠠᠭᠤᠴᠢᠨ ᠬᠤᠲᠠ ᠶᠢᠨ ᠲᠣᠭᠤᠷᠢᠭ ᠤᠨ ᠬᠡᠦᠬᠡᠳ ᠲᠤ ᠰᠢᠯᠢᠳᠡᠭ ᠰᠤᠷᠭᠠᠨ ᠬᠥᠮᠦᠵᠢᠯ ᠬᠦᠷᠲᠡᠭᠡᠨ᠎ᠡ︔ ᠳᠠᠷᠠᠭ᠎ᠠ ᠨᠢ ᠠᠵᠢᠯ ᠤᠨ ᠪᠠᠶᠢᠷᠢ ᠡᠭᠡᠯᠵᠢᠯᠡᠬᠦ ᠪᠠᠭᠰᠢ ᠲᠡᠳᠡᠨ ᠤ ᠲᠡᠷᠢᠭᠦᠨ ᠤ ᠵᠢᠭᠠᠨ ᠰᠤᠷᠭᠠᠯᠲᠠ ᠶᠢᠨ ᠲᠤᠷᠰᠢᠯᠭ᠎ᠠ ᠪᠠ ᠬᠠᠮᠢᠶᠠᠷᠤᠯᠲᠠ ᠶᠢᠨ ᠲᠤᠷᠰᠢᠯᠭ᠎ᠠ ᠶᠢ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠭᠰᠢ ᠨᠠᠷ ᠲᠤ ᠥᠭᠴᠦ᠂ ᠪᠠᠭᠰᠢ ᠨᠠᠷ ᠲᠤ ᠰᠤᠷᠤᠯᠴᠠᠬᠤ ᠳᠠᠭᠤᠷᠢᠶᠠᠯ ᠲᠠᠢ᠂ ᠰᠤᠷᠤᠯᠴᠠᠬᠤ ᠬᠠᠷᠠᠯᠲᠠ ᠲᠠᠢ ᠪᠣᠯᠭᠠᠵᠤ ᠴᠢᠳᠠᠨ᠎ᠠ︔ ᠠᠵᠢᠯ ᠤᠨ ᠪᠠᠶᠢᠷᠢ ᠡᠭᠡᠯᠵᠢᠯᠡᠭᠰᠡᠨ ᠪᠠᠭᠰᠢ ᠰᠤᠷᠭᠠᠭᠤᠯᠢ ᠳᠤ ᠰᠢᠯᠢᠳᠡᠭ ᠰᠣᠷᠣᠭᠴᠢ ᠶᠢᠨ ᠢᠷᠡᠯᠲᠡ ᠠᠪᠴᠢᠷᠠᠵᠤ᠂ ᠰᠤᠷᠭᠠᠭᠤᠯᠢ ᠶᠢᠨ ᠣᠳᠣᠬᠠᠨ ᠤ ᠰᠣᠷᠣᠭᠴᠢ ᠡᠯᠰᠡᠬᠦ ᠳᠤ ᠬᠦᠴᠢᠷᠲᠡᠶ ᠪᠠᠶᠢᠭ᠎ᠠ ᠬᠦᠴᠢᠷᠳᠡᠯ ᠢ ᠦᠨᠡᠨ ᠬᠦ ᠰᠢᠢᠳᠪᠤᠷᠢᠯᠡᠵᠤ᠂ ᠡᠴᠦᠰ ᠲᠡᠭᠡᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠡᠯ᠎ᠡ ᠵᠤᠶᠢᠯ ᠤᠨ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠶᠢ ᠬᠦᠰᠡᠵᠦ ᠪᠠᠶᠢᠨ᠎ᠠ ᠭᠡᠵᠡᠶ᠃       ᠰᠤᠷᠪᠤᠯᠵᠢᠯᠠᠭᠴᠢ᠄ ᠵᠠ᠂ ᠸᠧᠨ ᠪᠠᠭᠰᠢ ᠳᠤ ᠪᠠᠶᠠᠷᠯᠠᠯ᠎ᠠ᠂ ᠵᠠᠩ ᠪᠠᠭᠰᠢ᠂ ᠶᠠᠨ ᠪᠠᠭᠰᠢ︔ ᠵᠠᠬᠢᠷᠤᠯ ᠪᠢᠳᠡᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ ᠪᠠᠶᠠᠷᠯᠠᠯ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠠᠨᠳᠠ ᠨᠠᠷ ᠳᠠᠬᠢᠭᠠᠳ ᠠᠭᠤᠯᠵᠠᠶ᠎ᠠ᠃       ᠰᠤᠷᠪᠤᠯᠵᠢᠯᠠᠭ᠎ᠠ ᠬᠡᠳᠦ᠋ᠢᠪᠡᠷ ᠳᠠᠭᠤᠰᠤᠭᠰᠠᠨ ᠪᠣᠯᠪᠠᠴᠤ᠂ ᠠᠵᠢᠯ ᠤᠨ ᠪᠠᠶᠢᠷᠢ ᠡᠭᠡᠯᠵᠢᠯᠡᠭᠰᠡᠨ ᠪᠠᠭᠰᠢ ᠨᠠᠷ ᠢᠲᠡᠭᠡᠯ ᠲᠡᠭᠦᠯᠳᠡᠷ ᠪᠠᠶᠢᠨ᠎ᠠ᠂ ᠲᠠᠳᠠ ᠬᠠᠷᠢᠭᠤᠴᠠᠯᠭ᠎ᠠ ᠪᠠ ᠡᠭᠦᠷᠭᠡ ᠪᠣᠯᠤᠨ ᠬᠠᠭᠤᠴᠢᠨ ᠬᠤᠲᠠ ᠲᠣᠭᠤᠷᠢᠭ ᠤᠨ ᠵᠢᠭᠠᠨ ᠰᠤᠷᠭᠠᠯᠲᠠ ᠶᠢᠨ ᠣᠳᠣᠬᠢ ᠪᠠᠶᠢᠳᠠᠯ ᠢ ᠪᠥᠬᠦ ᠲᠠᠯ᠎ᠠ ᠪᠠᠷ ᠬᠤᠪᠢᠷᠠᠭᠤᠯᠬᠤ ᠡᠷᠡᠰ ᠵᠣᠷᠢᠭ ᠢ ᠡᠪᠦᠷᠯᠡᠨ᠂ ᠲᠣᠰ ᠪᠡᠶ᠎ᠡ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠥᠬᠡᠶ ᠭᠡᠵᠦ ᠢᠯᠡᠷᠬᠡᠶᠢᠯᠡᠵᠡᠭᠡᠪᠡ᠃           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3