ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ
ᠨᠡᠶᠢᠲᠡᠯᠡᠭᠰᠡᠨ ᠴᠠᠭ᠄
2021/11/22
     ︵2021 ᠣᠨ ᠤ 11 ᠰᠠᠷ᠎ᠠ ᠶᠢᠨ 11᠎ ᠤ ᠡᠳᠦᠷ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠠᠴᠠ ᠪᠠᠲᠤᠯᠠᠪᠠ︶      ᠣᠷᠣᠰᠢᠯ      ᠳᠤᠮᠳᠠᠳᠤ ᠤᠯᠤᠰ ᠤᠨ ᠡᠪ ᠬᠠᠮᠲᠤ ᠨᠠᠮ 1921 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠢᠮᠠᠭᠳᠠ ᠲᠤᠯᠭᠤᠷ ᠵᠤᠷᠢᠯᠳᠠ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠡᠪ ᠬᠠᠮᠲᠤ ᠶᠣᠰᠣᠨ ᠤ ᠬᠦᠰᠡᠯᠡᠩ ᠪᠣᠯᠤᠨ ᠨᠡᠶᠢᠭᠡᠮ ᠵᠢᠷᠤᠮ ᠤᠨ ᠢᠲᠡᠭᠡᠯ ᠵᠣᠷᠢᠭ ᠢ ᠢᠮᠠᠭᠲᠠ ᠪᠠᠷᠢᠮᠲᠠᠯᠠᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ ᠪᠠ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠶ ᠲᠡᠮᠡᠴᠡᠬᠡᠳ᠂ ᠨᠢᠭᠡᠨᠲᠡ ᠵᠠᠭᠤᠨ ᠵᠢᠯ ᠤᠨ ᠭᠡᠷᠡᠯ ᠰᠠᠴᠤᠷᠠᠩᠭᠤᠶ ᠲᠡᠤᠬᠡᠨ ᠶᠠᠪᠤᠴᠠ ᠶᠢ ᠥᠩᠭᠡᠷᠡᠭᠦᠯᠪᠡ᠃      ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ ᠤᠳᠤᠷᠢᠳᠤᠨ ᠠᠮᠢ ᠴᠦᠯᠡᠨ ᠡᠷᠡᠯᠬᠡᠭᠯᠡᠨ ᠪᠠᠶᠢᠯᠳᠤᠵᠤ᠂ ᠨᠤᠭᠤᠷᠠᠰᠢ ᠦᠭᠡᠢ ᠲᠡᠮᠡᠴᠡᠨ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠪᠡ︔ ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠳᠤᠮᠵᠢ ᠶᠢ ᠡᠭᠦᠳᠪᠡ︔ ᠦᠵᠡᠯ ᠰᠠᠨᠠᠭ᠎ᠠ ᠪᠠᠨ ᠴᠢᠯᠥᠭᠡᠯᠡᠨ᠂ ᠢᠷᠮᠡᠬᠦᠨ ᠵᠤᠷᠢᠬᠳᠠᠢ ᠪᠠᠷ ᠤᠷᠤᠭᠰᠢᠯᠠᠨ ᠳᠠᠪᠰᠢᠵᠤ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠪᠡ︔ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠴᠦ᠂ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠪᠡ᠃ ᠨᠠᠮ ᠪᠣᠯᠤᠨ ᠠᠷᠠᠳ ᠲᠦᠮᠡᠨ ᠤ ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠡᠭᠡᠷᠡᠬᠢ ᠬᠠᠮᠤᠭ ᠤᠨ ᠰᠦᠷ ᠵᠢᠪᠬᠤᠯᠠᠩᠲᠠᠢ ᠲᠤᠤᠯᠢᠰ ᠢ ᠪᠢᠴᠢᠭᠯᠡᠭᠰᠡᠨ ᠶᠤᠮ᠃      ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢ ᠳ᠋ᠦᠩᠨᠡᠬᠦ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠡᠤᠬᠡᠨ ᠨᠥᠬᠦᠴᠡᠯ ᠳᠣᠤᠷ᠎ᠠ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠬᠡᠷᠡᠭᠴᠡᠭᠡ ᠮᠥᠨ ︔ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ ᠢᠶᠠᠨ ᠴᠢᠩᠭᠠᠳᠬᠠᠵᠤ᠂ ᠵᠠᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠰᠢ ᠶᠢᠨ ᠫᠢᠩ ᠨᠦᠬᠦᠷ ᠤᠨ ᠨᠠᠮ ᠤᠨ ᠲᠥᠪ ᠬᠤᠷᠢᠶ᠎ᠠ ᠶᠢᠨ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠣᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠬᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ ᠪᠡᠶᠡᠯᠡᠬᠦᠯᠤᠨ᠂ ᠪᠦᠬᠦ ᠨᠠᠮ ᠢᠶᠠᠷ ᠢᠶᠠᠨ ᠠᠯᠬᠤᠭ᠎ᠠ ᠨᠢᠭᠡᠲᠡᠢ ᠤᠷᠤᠭᠰᠢᠯᠠᠬᠤ ᠶᠢ ᠦᠨᠡᠨ ᠬᠦ ᠪᠠᠳᠤᠯᠠᠬᠤ ᠶᠢᠨ ᠭᠡᠷᠡᠭᠴᠡᠭᠡ ᠮᠦᠨ︔ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ᠂ ᠪᠦᠬᠦ ᠨᠠᠮ ᠤᠨ ᠲᠡᠮᠡᠴᠡᠯ ᠬᠢᠬᠦ ᠴᠢᠳᠠᠪᠤᠷᠢ ᠪᠠ ᠲᠦᠭᠰᠢᠭᠦᠷᠢ ᠦᠷᠢᠰᠤᠯᠳᠤᠭᠡᠨ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢ ᠡᠭᠦᠷᠢᠳᠡ ᠬᠠᠳᠠᠭᠠᠯᠠᠬᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ ᠪᠡᠶᠡᠯᠡᠬᠦᠯᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠶᠢᠨ ᠬᠡᠷᠡᠭᠴᠡᠭᠡ ᠮᠥᠨ᠃ ᠪᠦᠬᠦ ᠨᠠᠮ ᠢᠶᠠᠷ ᠢᠶᠠᠨ ᠲᠡᠤᠬᠡ ᠶᠢᠨ ᠪᠣᠳᠠᠰᠴᠢ ᠦᠵᠡᠯᠲᠡ ᠪᠠ ᠵᠦᠪ ᠨᠠᠮ ᠤᠨ ᠲᠡᠤᠬᠡ ᠶᠢᠨ ᠦᠵᠡᠯᠲᠡ ᠶᠢ ᠪᠠᠷᠢᠮᠲᠠᠯᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠳᠤᠮᠳᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠭᠡᠳᠡᠭ ᠢ ᠲᠤᠳᠤᠷᠬᠠᠢ ᠲᠠᠨᠢᠵᠤ᠂ ᠢᠷᠡᠭᠡᠳᠦᠶ ᠳᠤ ᠪᠢᠳᠡ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠨ᠎ᠠ ᠭᠡᠳᠡᠭ ᠢ ᠲᠤᠳᠤᠷᠬᠠᠢ ᠣᠶᠢᠯᠠᠭᠠᠬᠤ ᠶᠢᠨ ᠤᠯᠠᠮ ᠠᠴᠠ ᠨᠡᠩ ᠭᠤᠶᠢᠪᠢᠰᠢ ᠦᠭᠡᠢ ᠪᠠᠷ᠂ ᠨᠡᠩ ᠤᠬᠠᠮᠰᠠᠷ ᠠᠴᠠ ᠪᠠᠨ ᠲᠤᠯᠭᠤᠷ ᠵᠤᠷᠢᠯᠳᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠨᠡᠩ ᠰᠠᠶᠢᠨ ᠪᠠᠷᠢᠮᠲᠠᠯᠠᠨ ᠬᠦᠭᠵᠢᠬᠦᠯᠬᠦ ᠬᠡᠷᠡᠭᠳᠠᠢ᠃      1945 ᠣᠨ ᠳᠤ ᠨᠠᠮ ᠤᠨ ᠵᠢᠷᠭᠤᠳᠤᠭᠠᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠠᠴᠠ ᠪᠠᠲᠤᠯᠠᠭᠰᠠᠨ ︽ᠲᠡᠤᠬᠡ ᠶᠢᠨ ᠠᠰᠠᠭᠤᠳᠠᠯ ᠤᠳ ᠤᠨ ᠲᠤᠬᠠᠶ ᠰᠢᠢᠳᠪᠦᠷᠢ︾᠂ 1981 ᠣᠨ ᠳᠤ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠪᠠᠲᠤᠯᠠᠭᠰᠠᠨ ︽ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠨᠠᠮ ᠤᠨ ᠲᠡᠤᠬᠡ ᠶᠢᠨ ᠠᠰᠠᠭᠤᠳᠠᠯ ᠤᠳ ᠤᠨ ᠲᠤᠬᠠᠶ ᠰᠢᠢᠳᠪᠦᠷᠢ︾᠎ ᠨᠢ ᠨᠠᠮ ᠤᠨ ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠪᠠ ᠴᠢᠬᠤᠯᠠ ᠲᠤᠷᠰᠢᠯᠭ᠎ᠠ ᠰᠤᠷᠭᠠᠮᠵᠢ ᠶᠢ ᠦᠨᠡᠨ ᠠᠴᠠ ᠵᠥᠪ ᠢ ᠡᠷᠢᠨ ᠳ᠋ᠦᠩᠨᠡᠵᠦ᠂ ᠴᠢᠬᠤᠯᠠ ᠶᠡᠭᠡ ᠲᠡᠤᠬᠡᠨ ᠵᠠᠩᠭᠢᠯᠠᠭ᠎ᠠ ᠶᠢᠨ ᠦᠶ᠎ᠡ ᠳᠤ ᠪᠦᠬᠦ ᠨᠠᠮ ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠢᠭᠡᠳᠭᠡᠬᠡᠳ᠂ ᠨᠠᠮ ᠪᠠ ᠠᠷᠠᠳ ᠲᠦᠮᠡᠨ ᠤ ᠠᠵᠢᠯ ᠦᠢᠯᠡᠰ ᠢ ᠠᠬᠢᠭᠤᠯᠬᠤ ᠳᠤ ᠴᠢᠬᠤᠯᠠ ᠬᠦᠳᠦᠯᠦᠨ ᠲᠠᠭᠠᠭᠤᠯᠬᠤ ᠦᠢᠯᠡᠳᠦᠯ ᠦᠵᠡᠭᠦᠯᠪᠠ᠂ ᠲᠡᠭᠦᠨ ᠤ ᠦᠨᠳᠦᠰᠦᠨ ᠥᠭᠦᠯᠡᠯᠲᠡ ᠪᠠ ᠳ᠋ᠦᠩ ᠨᠢ ᠤᠳᠤ ᠪᠣᠯᠲᠠᠯ᠎ᠠ ᠮᠥᠨ ᠲᠤᠬᠢᠷᠠᠵᠤ ᠪᠠᠶᠢᠨ᠎ᠠ᠃      ᠨᠢᠭᠡ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠤᠬᠰᠠᠨ      ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠠ ᠳᠤ᠂ ᠨᠠᠮ ᠳᠤ ᠲᠤᠯᠭᠠᠷᠠᠭᠰᠠᠨ ᠭᠤᠤᠯ ᠡᠭᠦᠷᠭᠡ ᠪᠣᠯ᠂ ᠡᠵᠡᠷᠬᠡᠭ ᠲᠦᠷᠢᠮᠡᠬᠡᠶ ᠶᠣᠰᠣ᠂ ᠹᠧᠣᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠶᠢ ᠡᠰᠡᠷᠭᠦᠴᠡᠵᠦ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠶᠢᠭᠡᠮ ᠤᠨ ᠦᠨᠳᠦᠰᠦᠨ ᠨᠥᠬᠦᠴᠡᠯ ᠢ ᠪᠤᠢ ᠪᠣᠯᠭᠠᠵᠤ ᠥᠭᠬᠦ ᠶᠠᠪᠤᠳᠠᠯ ᠪᠤᠯᠤᠨ᠎ᠠ      ᠳᠤᠮᠳᠠᠳᠤ ᠶᠢᠨ ᠦᠨᠳᠦᠰᠦᠲᠡᠨ ᠪᠣᠯ ᠳᠡᠯᠡᠬᠡᠶ ᠳᠡᠭᠡᠷᠡᠬᠢ ᠡᠷᠲᠡᠨ ᠤ ᠪᠥᠭᠡᠳ ᠠᠭᠤᠤ ᠶᠡᠭᠡ ᠦᠨᠳᠦᠰᠦᠲᠡᠨ ᠮᠦᠨ᠂ ᠲᠠᠪᠤᠨ ᠮᠢᠩᠭ᠎ᠠ ᠭᠠᠷᠤᠶ ᠵᠢᠯ ᠦᠷᠭᠦᠯᠵᠢᠯᠡᠭᠰᠡᠨ ᠭᠡᠷᠡᠯ ᠰᠠᠴᠤᠷᠠᠩᠭᠤᠶ ᠪᠣᠯᠪᠠᠰᠤᠨ ᠢ ᠡᠭᠦᠳᠦᠨ ᠪᠦᠲᠦᠭᠡᠵᠦ᠂ ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠪᠡ᠃ 1840 ᠣᠨ ᠤ ᠬᠠᠷ᠎ᠠ ᠲᠠᠮᠠᠬᠢ ᠶᠢᠨ ᠳᠠᠶᠢᠨ ᠤ ᠳᠠᠷᠠᠭ᠎ᠠ᠂ ᠥᠷᠥᠨᠡᠳᠠᠬᠢᠨ ᠤ ᠬᠦᠴᠦᠷᠬᠡᠭ ᠤᠯᠤᠰ ᠤᠳ ᠲᠦᠷᠢᠮᠡᠬᠡᠶᠢᠯᠡᠨ ᠣᠷᠣᠵᠤ ᠢᠷᠡᠭᠰᠡᠨ ᠪᠠ ᠹᠧᠣᠳᠠᠯ ᠤᠨ ᠨᠣᠶᠠᠷᠬᠠᠯ ᠢᠯᠵᠢᠷᠠᠨ ᠳᠣᠷᠦ᠋ᠢᠲᠠᠭᠰᠠᠨ ᠠᠴᠠ ᠪᠤᠯᠵᠤ᠂ ᠳᠤᠮᠳᠠᠳᠤ ᠤᠯᠤᠰ ᠠᠯᠬᠤᠮ ᠠᠯᠬᠤᠮ ᠢᠶᠠᠷ ᠬᠠᠭᠠᠰ ᠺᠣᠯᠣᠨᠢ ᠬᠠᠭᠠᠰ ᠹᠧᠣᠳᠠᠯ ᠤᠨ ᠨᠡᠶᠢᠭᠡᠮ ᠳᠤ ᠤᠷᠤᠵᠤ᠂ ᠤᠯᠤᠰ ᠣᠷᠣᠨ ᠭᠤᠲᠤᠭᠠᠯ ᠲᠤᠷᠤᠮᠵᠢᠯᠠᠯ ᠠᠮᠰᠠᠵᠤ᠂ ᠠᠷᠠᠳ ᠲᠦᠮᠡᠨ ᠠᠶᠤᠯ ᠵᠣᠪᠠᠯᠠᠩ ᠳᠤ ᠤᠨᠠᠵᠤ᠂ ᠰᠤᠶᠤᠯ ᠪᠣᠯᠪᠠᠰᠤᠨ ᠲᠠᠯᠬᠢᠬᠳᠠᠵᠤ᠂ ᠳᠤᠮᠳᠠᠳᠤ ᠶᠢᠨ ᠦᠨᠳᠦᠰᠦᠲᠡᠨ ᠤᠷᠢᠳ ᠡᠮᠦᠨ᠎ᠡ ᠭᠠᠷᠤᠭ᠎ᠠ ᠦᠭᠡᠢ ᠭᠠᠶ ᠵᠤᠪᠠᠯᠠᠩ ᠳᠤ ᠤᠴᠠᠷᠠᠪᠠ᠃ ᠦᠨᠳᠦᠰᠦᠲᠡᠨ ᠢᠶᠠᠨ ᠮᠥᠬᠦᠯ ᠠᠴᠠ ᠠᠪᠤᠷᠠᠬᠤ ᠶᠢᠨ ᠲᠥᠯᠥᠭᠡ ᠂ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭᠯᠡᠨ ᠡᠰᠡᠷᠬᠦᠴᠡᠵᠤ᠂ ᠴᠢᠩ ᠵᠣᠷᠢᠭᠲᠠᠳ ᠪᠤᠰᠤᠯᠴᠠᠨ ᠤᠷᠠᠶᠢᠯᠠᠵᠤ᠂ ᠮᠠᠭᠲᠠᠨ ᠳᠠᠭᠤᠯᠠᠭᠤᠰᠢᠲᠠᠶ ᠲᠡᠮᠡᠴᠡᠯ ᠶᠠᠪᠤᠭᠤᠯᠪᠠ᠃ ᠲᠠᠢ ᠫᠢᠩ ᠲᠢᠶᠠᠨ ᠭᠦᠸᠧ ᠶᠢᠨ ᠬᠥᠳᠡᠯᠭᠡᠭᠡᠨ᠂ ᠭᠠᠳᠠᠭᠠᠳᠤ ᠶᠢ ᠳᠠᠭᠤᠷᠢᠶᠠᠬᠤ ᠬᠥᠳᠡᠯᠭᠡᠭᠡᠨ᠂ ᠰᠢᠷ᠎ᠠ ᠨᠣᠬᠠᠶ ᠵᠢᠯ ᠤᠨ ᠬᠠᠤᠯᠢ ᠶᠢᠨ ᠥᠭᠡᠷᠡᠴᠢᠯᠡᠯᠲᠡ᠂ ᠢ ᠾᠧ ᠲᠤᠸᠠᠨ ᠤ ᠬᠥᠳᠡᠯᠭᠡᠭᠡᠨ ᠵᠠᠯᠭᠠᠭ᠎ᠠ ᠪᠠᠷ ᠦᠷᠨᠢᠵᠤ᠂ ᠡᠯ᠎ᠡ ᠵᠦᠢᠯ ᠤᠨ ᠤᠯᠤᠰ ᠢᠶᠠᠨ ᠠᠪᠤᠷᠠᠬᠤ ᠲᠥᠰᠦᠯ ᠢ ᠵᠠᠯᠭᠠᠭ᠎ᠠ ᠪᠠᠷ ᠬᠡᠷᠡᠭᠵᠢᠬᠦᠯᠦᠭᠰᠡᠨ ᠪᠣᠯᠪᠠᠴᠤ ᠴᠥᠮ ᠢᠯᠠᠭᠳᠠᠯ ᠢᠶᠠᠷ ᠲᠡᠭᠦᠰᠴᠠᠢ᠃ ᠰᠦᠨ ᠵᠦᠩ ᠱᠠᠨ ᠠᠪᠤᠭᠠᠶ ᠶᠢᠨ ᠤᠳᠤᠷᠢᠳᠤᠭᠰᠠᠨ ᠴᠠᠭᠠᠭᠴᠢᠨ ᠭᠠᠭ᠋ᠠᠶ ᠵᠢᠯ ᠤᠨ ᠬᠤᠪᠢᠰᠬᠠᠯ ᠳᠤᠮᠳᠠᠳᠤ ᠤᠯᠤᠰ ᠢ ᠬᠡᠳᠦᠨ ᠮᠢᠩᠭᠠᠨ ᠵᠢᠯ ᠨᠣᠶᠠᠷᠬᠠᠭᠰᠠᠨ ᠡᠵᠡᠨᠲᠦ ᠶᠣᠰᠣᠨ ᠤ ᠡᠵᠡᠷᠬᠡᠭ ᠪᠠᠶᠢᠭᠤᠯᠤᠯ ᠢ ᠲᠦᠯᠬᠢᠨ ᠤᠨᠠᠭᠠᠬᠰᠠᠨ ᠪᠤᠯᠪᠠᠴᠤ ᠳᠤᠮᠳᠠᠳᠤ ᠤᠯᠤᠰ ᠤᠨ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠤᠨ ᠰᠢᠨᠵᠢ ᠴᠢᠨᠠᠷ ᠪᠠ ᠳᠤᠮᠳᠠᠳᠤ ᠤᠯᠤᠰ ᠤᠨ ᠠᠷᠠᠳ ᠲᠦᠮᠡᠨ ᠤ ᠬᠠᠷᠠᠰᠠᠯᠳᠤ ᠬᠤᠪᠢ ᠵᠠᠶᠠᠭ᠎ᠠ ᠶᠢ ᠬᠤᠪᠢᠷᠠᠭᠤᠯᠵᠤ ᠴᠢᠳᠠᠭᠰᠠᠨ ᠦᠭᠡᠢ᠃ ᠳᠤᠮᠳᠠᠳᠤ ᠤᠯᠤᠰ ᠰᠢᠨ᠎ᠡ ᠦᠵᠡᠯ ᠰᠠᠨᠠᠭ᠎ᠠ ᠪᠠᠷ ᠮᠥᠬᠦᠯ ᠠᠴᠠ ᠠᠪᠤᠷᠠᠬᠤ ᠬᠥᠳᠡᠯᠭᠡᠭᠡᠨ ᠢ ᠬᠥᠲᠥᠯᠥᠨ ᠳᠠᠭᠠᠭᠤᠯᠬᠤ ᠶᠢ ᠲᠤᠯᠭᠠᠮ ᠱᠠᠭᠠᠷᠳᠠᠵᠤ᠂ ᠰᠢᠨ᠎ᠡ ᠵᠣᠬᠢᠶᠠᠨ ᠪᠠᠶᠢᠭᠤᠯᠤᠯᠲᠠ ᠪᠠᠷ ᠬᠤᠪᠢᠰᠬᠠᠯ ᠤᠨ ᠬᠦᠴᠦᠨ ᠢ ᠨᠢᠭᠲᠠᠷᠠᠭᠤᠯᠬᠤ ᠶᠢ ᠲᠤᠯᠭᠠᠮ ᠱᠠᠭᠠᠷᠳᠠᠵᠤ ᠪᠠᠶᠢᠪᠠ᠃      ᠠᠷᠪᠠᠨ ᠰᠠᠷ᠎ᠠ ᠶᠢᠨ ᠬᠤᠪᠢᠰᠬᠠᠯ ᠤᠨ ᠫᠤᠤ ᠶᠢᠨ ᠲᠠᠭᠤᠨ ᠳᠤᠮᠳᠠᠳᠤ ᠤᠯᠤᠰ ᠲᠤ ᠮᠠᠷᠺᠰ ᠯᠧᠨᠢᠨ ᠤ ᠦᠵᠡᠯ ᠢ ᠠᠪᠴᠢᠷᠠᠵᠤ ᠦᠭᠪᠡ᠃ ᠲᠠᠪᠤᠨ ᠰᠠᠷ᠎ᠠ ᠶᠢᠨ ᠲᠦᠷᠪᠡᠨ ᠤ ᠬᠥᠳᠡᠯᠭᠡᠭᠡᠨ ᠮᠠᠷᠺᠰ ᠤᠨ ᠦᠵᠡᠯ ᠤᠨ ᠳᠤᠮᠳᠠᠳᠤ ᠤᠯᠤᠰ ᠲᠤ ᠳᠡᠯᠭᠡᠷᠡᠬᠦ ᠶᠢ ᠠᠬᠢᠭᠤᠯᠪᠠ᠃ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠬᠡᠭᠡᠷᠡᠯᠲᠡ ᠳᠤᠮᠳᠠ᠂ ᠮᠠᠷᠺᠰ ᠯᠧᠨᠢᠨ ᠤ ᠦᠵᠡᠯ ᠢ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠲᠠᠢ ᠨᠢᠭᠲᠠ ᠤᠶᠠᠯᠳᠤᠭᠤᠯᠬᠤ ᠳᠤᠮᠳᠠ᠂ 1921 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠴᠠᠭ ᠤᠨ ᠡᠷᠭᠡ ᠪᠠᠷ ᠮᠡᠨᠳᠦᠯᠡᠪᠡ᠃ ᠳᠤᠮᠳᠠᠳᠤ ᠤᠯᠤᠰ ᠲᠤ ᠡᠪ ᠬᠠᠮᠲᠤ ᠨᠠᠮ ᠮᠡᠨᠳᠦᠯᠡᠭᠰᠡᠨ ᠨᠢ ᠤᠷᠢᠳ ᠡᠮᠤᠨ᠎ᠠ ᠭᠠᠷᠤᠭ᠎ᠠ ᠦᠭᠡᠢ ᠶᠡᠭᠡ ᠬᠡᠷᠡᠭ ᠬᠤᠪᠢᠰᠤᠯ ᠪᠤᠯᠤᠨ᠎ᠠ᠂ ᠳᠤᠮᠳᠠᠳᠤ ᠤᠯᠤᠰ ᠤᠨ ᠬᠤᠪᠢᠰᠬᠠᠯ ᠡᠭᠦᠨ ᠠᠴᠠ ᠡᠬᠢᠯᠡᠨ ᠴᠣ ᠰᠢᠨ᠎ᠡ ᠳᠦᠷᠰᠦ ᠪᠠᠶᠢᠳᠠᠯ ᠲᠠᠢ ᠪᠣᠯᠤᠭᠰᠠᠨ ᠪᠠᠶᠢᠨ᠎ᠠ᠃      ᠤᠢᠢᠷ᠎ᠠ ᠦᠶ᠎ᠡ ᠶᠢᠨ ᠳᠤᠮᠳᠠᠳᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠪᠣᠯ ᠡᠵᠡᠷᠬᠡᠭ ᠲᠦᠷᠢᠮᠡᠬᠡᠶᠢᠳᠠᠨ ᠪᠠ ᠳᠤᠮᠳᠠᠳᠤ ᠶᠢᠨ ᠦᠨᠳᠦᠰᠦᠲᠡᠨ ᠤ ᠬᠤᠭᠤᠷᠤᠨᠳᠤᠬᠢ ᠵᠥᠷᠢᠴᠡᠯ᠂ ᠹᠸᠤᠳᠠᠯ ᠤᠨ ᠬᠥᠴᠤᠨ ᠪᠠ ᠠᠷᠠᠳ ᠤᠯᠠᠨ ᠤ ᠬᠤᠭᠤᠷᠤᠨᠳᠤᠬᠢ ᠵᠥᠷᠢᠴᠡᠯ ᠪᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠡᠷᠬᠡᠪᠰᠢ ᠡᠵᠡᠷᠬᠡᠭ ᠲᠦᠷᠢᠮᠡᠬᠡᠶᠢᠳᠡᠨ ᠢ ᠡᠰᠡᠷᠭᠦᠴᠡᠬᠦ ᠹᠸᠤᠳᠠᠯ ᠢ ᠡᠰᠡᠷᠭᠦᠴᠡᠬᠦ ᠲᠡᠮᠡᠴᠡᠯ ᠢ ᠬᠢᠬᠦ ᠬᠡᠷᠡᠭᠲᠡᠶ ᠭᠡᠳᠡᠭ ᠢ ᠨᠠᠮ ᠭᠦᠨᠵᠡᠭᠡᠶ ᠲᠠᠨᠢᠵᠤ ᠣᠯᠪᠠ᠃      ᠨᠠᠮ ᠪᠠᠶᠢᠭᠤᠯᠤᠭᠳᠠᠭᠰᠠᠨ ᠡᠬᠢᠨ ᠤ ᠦᠶ᠎ᠡ ᠪᠠ ᠶᠡᠭᠡ ᠬᠤᠪᠢᠰᠬᠠᠯ ᠤᠨ ᠦᠶ᠎ᠠ ᠳᠤ᠂ ᠨᠠᠮ ᠠᠴᠠ ᠠᠷᠠᠳᠴᠢᠯᠠᠭᠰᠠᠨ ᠬᠤᠪᠢᠰᠬᠠᠯ ᠤᠨ ᠬᠥᠲᠥᠯᠪᠦᠷᠢ ᠶᠢ ᠲᠣᠭᠲᠠᠭᠠᠵᠤ᠂ ᠠᠵᠢᠯᠴᠢᠨ ᠤ ᠬᠥᠳᠡᠯᠭᠡᠭᠡᠨ᠂ ᠵᠠᠯᠠᠭᠤᠴᠤᠳ ᠤᠨ ᠬᠥᠳᠡᠯᠭᠡᠭᠡᠨ᠂ ᠲᠠᠷᠢᠶᠠᠴᠢᠨ ᠤ ᠬᠥᠳᠡᠯᠭᠡᠭᠡᠨ᠂ ᠡᠮᠡᠭᠲᠡᠶᠢᠴᠤᠳ ᠤᠨ ᠬᠥᠳᠡᠯᠭᠡᠭᠡᠨ ᠢ ᠳᠠᠶᠢᠴᠢᠯᠠᠵᠤ᠂ ᠭᠤᠮᠢᠨᠳᠠᠩ ᠢ ᠥᠭᠡᠷᠡᠴᠢᠯᠡᠨ ᠪᠠᠶᠢᠭᠤᠯᠬᠤ ᠪᠠ ᠢᠷᠭᠡᠨ ᠤ ᠬᠤᠪᠢᠰᠬᠠᠯᠲᠤ ᠴᠡᠷᠢᠭ ᠢ ᠪᠠᠶᠢᠭᠤᠯᠬᠤ ᠶᠢ ᠠᠬᠢᠭᠤᠯᠤᠭᠰᠠᠨ ᠪᠦᠭᠡᠳ ᠬᠠᠪᠰᠤᠷᠴᠤ᠂ ᠡᠵᠡᠷᠬᠡᠭ ᠲᠦᠷᠢᠮᠡᠬᠡᠶᠢᠳᠡᠨ ᠪᠠ ᠹᠸᠤᠳᠠᠯ ᠢ ᠡᠰᠡᠷᠭᠦᠴᠡᠬᠦ ᠪᠦᠬᠦ ᠤᠯᠤᠰ ᠤᠨ ᠠᠭᠤᠤ ᠶᠡᠭᠡ ᠲᠡᠮᠡᠴᠡᠯ ᠢ ᠤᠳᠤᠷᠢᠳᠴᠤ᠂ ᠶᠡᠭᠡ ᠬᠤᠪᠢᠰᠬᠠᠯ ᠤᠨ ᠥᠷᠨᠢᠯᠲᠡ ᠭᠠᠷᠭᠠᠪᠠ᠃ 1927 ᠣᠨ ᠳᠤ ᠭᠤᠮᠢᠨᠳᠠᠩ ᠤᠨ ᠳᠣᠲᠣᠷᠠᠬᠢ ᠲᠡᠷᠰᠯᠡᠭᠦᠤ ᠪᠦᠯᠦᠭ ᠬᠤᠪᠢᠰᠬᠠᠯ ᠠᠴᠠ ᠤᠷᠪᠠᠵᠤ᠂ ᠡᠪ ᠬᠠᠮᠲᠤᠴᠤᠳ ᠪᠠ ᠬᠤᠪᠢᠰᠬᠠᠯᠲᠤ ᠠᠷᠠᠳ ᠲᠦᠮᠡᠨ ᠢ ᠬᠠᠷᠭᠢᠰ ᠬᠡᠷᠴᠡᠭᠡᠶ ᠪᠠᠷ ᠬᠢᠳᠤᠨ ᠠᠯᠠᠪᠠ᠂ ᠨᠠᠮ ᠤᠨ ᠳᠣᠲᠣᠭᠠᠳᠤ ᠳᠤ ᠴᠧᠨ ᠳ᠋ᠦ᠋ ᠰᠢᠤ ᠪᠠᠷ ᠲᠥᠯᠥᠭᠡᠯᠡᠭᠦᠯᠦᠭᠰᠡᠨ ᠪᠠᠷᠠᠭᠤᠨ ᠤ ᠦᠵᠡᠯ ᠰᠠᠨᠠᠭ᠎ᠠ ᠬᠥᠭᠵᠢᠭᠡᠳ ᠪᠠᠷᠠᠭᠤᠨ ᠤ ᠪᠥᠭᠡᠷᠡᠩᠬᠡᠶ ᠦᠵᠡᠯ ᠤᠨ ᠠᠯᠳᠠᠭ᠎ᠠ ᠪᠣᠯᠤᠭᠰᠠᠨ ᠪᠥᠭᠡᠳ ᠨᠠᠮ ᠤᠨ ᠤᠳᠤᠷᠢᠳᠬᠤ ᠪᠠᠶᠢᠭᠤᠯᠭ᠎ᠠ ᠳᠤ ᠨᠣᠶᠠᠷᠬᠠᠬᠤ ᠪᠠᠶᠢᠷᠢ ᠶᠢ ᠡᠵᠡᠯᠡᠭᠰᠡᠨ ᠵᠢᠴᠢ ᠨᠠᠮ ᠪᠠ ᠠᠷᠠᠳ ᠲᠦᠮᠡᠨ ᠪᠦᠲᠦᠮᠵᠢᠲᠡᠶ ᠡᠰᠡᠷᠭᠦᠴᠡᠯ ᠢ ᠵᠣᠬᠢᠶᠠᠨ ᠪᠠᠶᠢᠭᠤᠯᠵᠤ ᠳᠡᠶᠢᠯᠬᠦ ᠦᠭᠡᠢ ᠪᠠᠶᠢᠬᠰᠠᠨ ᠠᠴᠠ ᠬᠦᠴᠦᠷᠬᠡᠭ ᠶᠡᠭᠡ ᠳᠠᠶᠢᠰᠤᠨ ᠤ ᠭᠡᠨᠡᠳᠲᠡ ᠶᠢᠨ ᠲᠠᠭᠠᠷᠢᠯᠳᠠ ᠶᠢᠨ ᠳᠣᠤᠷ᠎ᠠ ᠶᠡᠭᠡ ᠬᠤᠪᠢᠰᠬᠠᠯ ᠬᠠᠷᠠᠰᠠᠯᠳᠠᠢ ᠪᠠᠷ ᠢᠯᠠᠭᠳᠠᠪᠠ᠃      ᠭᠠᠵᠠᠷ ᠲᠠᠷᠢᠶᠠᠨ ᠤ ᠬᠤᠪᠢᠰᠬᠠᠯᠲᠤ ᠳᠠᠶᠢᠨ ᠤ ᠦᠶ᠎ᠡ ᠳᠤ᠂ ᠬᠤᠪᠢᠰᠬᠠᠯ ᠤᠨ ᠵᠡᠪᠰᠡᠭᠲᠦ ᠬᠦᠴᠦᠨ ᠪᠠᠶᠢᠬᠤ ᠦᠭᠡᠢ ᠪᠣᠯ ᠵᠡᠪᠰᠡᠭᠲᠦ ᠬᠤᠪᠢᠰᠬᠠᠯ ᠤᠨ ᠡᠰᠡᠷᠭᠦᠴᠦᠳ ᠢ ᠢᠯᠠᠵᠤ ᠴᠢᠳᠠᠬᠤ ᠦᠭᠡᠢ᠂ ᠳᠤᠮᠳᠠᠳᠤ ᠤᠯᠤᠰ ᠤᠨ ᠬᠤᠪᠢᠰᠬᠠᠯ ᠤᠨ ᠢᠯᠠᠯᠲᠠ ᠶᠢ ᠣᠯᠵᠤ ᠴᠢᠳᠠᠬᠤ ᠦᠭᠡᠢ᠂ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭ᠎ᠠ ᠶᠢ ᠬᠤᠪᠢᠷᠠᠭᠤᠯᠵᠤ ᠴᠢᠳᠠᠬᠤ ᠦᠭᠡᠢ ᠶᠤᠮ᠂ ᠡᠷᠬᠡᠪᠰᠢ ᠵᠡᠪᠰᠡᠭᠲᠦ ᠬᠤᠪᠢᠰᠬᠠᠯ ᠢᠶᠠᠷ ᠵᠡᠪᠰᠡᠭᠲᠦ ᠬᠤᠪᠢᠰᠬᠠᠯ ᠤᠨ ᠡᠰᠡᠷᠭᠦᠴᠦᠳ ᠢ ᠡᠰᠡᠷᠭᠦᠴᠡᠬᠦ ᠬᠡᠷᠡᠭᠲᠡᠶ ᠭᠡᠳᠡᠭ ᠢ ᠨᠠᠮ ᠬᠠᠲᠠᠭᠤ ᠰᠢᠷᠦᠭᠦᠨ ᠪᠣᠳᠠᠲᠤ ᠠᠬᠤᠶ ᠶᠢᠨ ᠲᠤᠮᠳᠠ ᠠᠴᠠ ᠲᠠᠨᠢᠵᠤ ᠣᠯᠤᠭᠰᠠᠨ ᠪᠠᠶᠢᠨ᠎ᠠ᠃ ᠨᠠᠨᠴᠠᠩ ᠤᠨ ᠪᠣᠰᠣᠯᠭ᠎ᠠ ᠵᠡᠪᠰᠡᠭᠲᠦ ᠬᠦᠴᠦᠨ ᠢᠶᠠᠷ ᠭᠤᠮᠢᠨᠳᠠᠩ ᠤᠨ ᠲᠡᠷᠰᠯᠡᠭᠦᠴᠦᠳ ᠢ ᠡᠰᠡᠷᠭᠦᠴᠡᠬᠦ ᠠᠩᠬᠠᠨ ᠤ ᠫᠤᠤ ᠶᠢ ᠲᠠᠯᠪᠢᠭᠰᠠᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠡᠶ᠎ᠠ ᠪᠠᠨ ᠲᠠᠭᠠᠭᠠᠵᠤ ᠬᠤᠪᠢᠰᠬᠠᠯᠲᠤ ᠳᠠᠶᠢᠨ ᠢ ᠤᠳᠤᠷᠢᠳᠬᠤ᠂ ᠠᠷᠠᠳ ᠤᠨ ᠴᠡᠷᠢᠭ ᠠᠩᠬᠢ ᠶᠢ ᠡᠭᠦᠳᠦᠨ ᠪᠠᠶᠢᠭᠤᠯᠬᠤ ᠪᠠ ᠵᠡᠪᠰᠡᠭᠲᠦ ᠬᠦᠴᠦᠨ ᠢᠶᠠᠷ ᠲᠦᠷᠤ ᠶᠢᠨ ᠡᠷᠬᠡ ᠶᠢ ᠪᠤᠯᠢᠶᠠᠨ ᠠᠪᠬᠤ ᠶᠢᠨ ᠡᠬᠢᠯᠡᠯᠲᠡ ᠶᠢ ᠬᠠᠷᠠᠭᠤᠯᠪᠠ᠃ ᠨᠠᠢᠮᠠᠨ ᠰᠠᠷ᠎ᠠ ᠶᠢᠨ ᠳᠤᠯᠤᠭᠠᠨ ᠤ ᠬᠤᠷᠠᠯᠳᠤᠭᠠᠨ ᠠᠴᠠ ᠭᠠᠵᠠᠷ ᠲᠠᠷᠢᠶᠠᠨ ᠤ ᠬᠤᠪᠢᠰᠬᠠᠯ ᠬᠢᠬᠦ ᠪᠠ ᠵᠡᠪᠰᠡᠭᠲᠦ ᠪᠣᠰᠣᠯᠭ᠎ᠠ ᠭᠠᠷᠭᠠᠬᠤ ᠴᠢᠭᠯᠡᠯᠲᠡ ᠶᠢ ᠲᠣᠭᠲᠠᠭᠠᠪᠠ᠃ ᠨᠠᠮ ᠠᠴᠠ ᠨᠠᠮᠤᠷ ᠤᠨ ᠬᠤᠷᠢᠶᠠᠯᠲᠠ ᠶᠢᠨ ᠪᠣᠰᠣᠯᠭ᠎ᠠ᠂ ᠭᠤᠸᠠᠩᠵᠧᠦ ᠶᠢᠨ ᠪᠣᠰᠣᠯᠭ᠎ᠠ ᠪᠠ ᠪᠤᠰᠤᠳ ᠮᠠᠰᠢ ᠣᠯᠠᠨ ᠭᠠᠵᠠᠷ ᠣᠷᠣᠨ ᠤ ᠪᠣᠰᠣᠯᠭ᠎ᠠ ᠶᠢ ᠤᠳᠤᠷᠢᠳᠤᠨ ᠭᠠᠷᠭᠠᠭᠰᠠᠨ ᠪᠤᠯᠪᠠᠴᠤ ᠳᠠᠶᠢᠰᠤᠨ ᠪᠠ ᠮᠠᠨ ᠤ ᠬᠦᠴᠦᠨ ᠤ ᠵᠥᠷᠢᠶ᠎ᠡ ᠮᠠᠰᠢ ᠶᠡᠭᠡ ᠠᠴᠠ ᠪᠤᠯᠵᠤ ᠡᠳᠡᠭᠡᠷ ᠪᠣᠰᠣᠯᠭ᠎ᠠ ᠶᠢᠨ ᠣᠯᠠᠩᠬᠢ ᠨᠢ ᠢᠯᠠᠭᠳᠠᠵᠠᠶ᠃ ᠲᠤᠬᠠᠶ ᠶᠢᠨ ᠦᠶ᠎ᠡ ᠶᠢᠨ ᠪᠤᠰᠤᠳᠴᠢ ᠨᠥᠬᠦᠴᠡᠯ ᠳᠣᠣᠷ᠎ᠠ᠂ ᠳᠤᠮᠳᠠᠳᠤ ᠤᠯᠤᠰ ᠤᠨ ᠡᠪ ᠬᠠᠮᠲᠤᠴᠤᠳ ᠤᠷᠤᠰ ᠤᠨ ᠠᠷᠪᠠᠨ ᠰᠠᠷ᠎ᠠ ᠶᠢᠨ ᠬᠤᠪᠢᠰᠬᠠᠯ ᠮᠡᠳᠤ ᠡᠩ ᠲᠡᠷᠢᠭᠦᠨ ᠳᠤ ᠭᠤᠣᠯ ᠬᠤᠲᠠ ᠶᠢ ᠡᠵᠡᠯᠡᠬᠦ ᠪᠠᠷ ᠲᠠᠮᠵᠢᠨ ᠪᠦᠬᠦ ᠤᠯᠤᠰ ᠤᠨ ᠬᠡᠪᠴᠢᠶᠡᠨ ᠳᠤ ᠬᠤᠪᠢᠰᠬᠠᠯ ᠤᠨ ᠢᠯᠠᠯᠲᠠ ᠶᠢ ᠣᠯᠵᠤ ᠴᠢᠳᠠᠬᠤ ᠦᠭᠡᠢ ᠶᠤᠮ᠂ ᠨᠠᠮ ᠠᠴᠠ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠳᠣᠭᠢᠷᠬᠠᠰᠠᠨ ᠬᠤᠪᠢᠰᠬᠠᠯ ᠤᠨ ᠵᠠᠮ ᠢ ᠡᠷᠢᠵᠦ ᠤᠯᠬᠤ ᠶᠢ ᠲᠤᠯᠭᠠᠮ ᠱᠠᠭᠠᠷᠳᠠᠵᠤ ᠪᠠᠶᠢᠬᠰᠠᠨ ᠢ ᠪᠤᠳᠠᠳᠤ ᠬᠡᠷᠡᠭ ᠬᠡᠷᠡᠴᠢᠯᠠᠵᠠᠢ᠃      ᠲᠤᠮᠤ ᠬᠤᠳᠠ ᠨᠤᠭᠤᠳ ᠢ ᠲᠤᠪᠳᠤᠯᠵᠤ ᠪᠠᠶᠢᠬᠰᠠᠨ ᠠᠴᠠ ᠪᠠᠨ ᠬᠥᠳᠡᠭᠡ ᠲᠣᠰᠬᠤᠨ ᠵᠦᠭ ᠤᠷᠤᠭᠰᠢᠯᠠᠬᠤ ᠪᠣᠯᠤᠭᠰᠠᠨ ᠶᠠᠪᠤᠳᠠᠯ ᠪᠣᠯ ᠳᠤᠮᠳᠠᠳᠤ ᠤᠯᠤᠰ ᠤᠨ ᠬᠤᠪᠢᠰᠬᠠᠯ ᠤᠨ ᠰᠢᠢᠳᠪᠦᠷᠢᠯᠡᠭᠴᠢ ᠠᠴᠢ ᠬᠤᠯᠪᠣᠭᠳᠠᠯ ᠪᠦᠬᠦᠢ ᠰᠢᠨ᠎ᠡ ᠡᠬᠢᠯᠡᠯᠲᠡ ᠮᠥᠨ᠃ ᠮᠠᠤ ᠽᠧ ᠳ᠋ᠦᠩ ᠨᠥᠬᠦᠷ ᠴᠡᠷᠢᠭ ᠠᠷᠠᠳ ᠢ ᠤᠳᠤᠷᠢᠳᠤᠨ ᠵᠢᠩᠭᠠᠩᠱᠠᠨ ᠳᠤ ᠠᠩᠬᠠᠳᠠᠭᠴᠢ ᠬᠥᠳᠡᠭᠡ ᠲᠣᠰᠬᠤᠨ ᠤ ᠬᠤᠪᠢᠰᠬᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠨᠠᠮ ᠠᠴᠠ ᠠᠷᠠᠳ ᠲᠦᠮᠡᠨ ᠢ ᠤᠳᠤᠷᠢᠳᠤᠨ ᠨᠤᠲᠤᠭ ᠤᠨ ᠬᠠᠷᠭᠢᠰᠴᠤᠳ ᠢ ᠴᠣᠬᠢᠨ ᠤᠨᠠᠭᠠᠵᠤ᠂ ᠭᠠᠵᠠᠷ ᠲᠠᠷᠢᠶ᠎ᠠ ᠬᠤᠪᠢᠶᠠᠪᠠ᠃ ᠭᠦᠲ᠋ᠢᠶᠠᠨ ᠤ ᠬᠤᠷᠠᠯᠳᠤᠭᠠᠨ ᠠᠴᠠ ᠦᠵᠡᠯ ᠰᠠᠨᠠᠭ᠎ᠠ ᠪᠠᠷ ᠨᠠᠮ ᠪᠠᠶᠢᠭᠤᠯᠬᠤ᠂ ᠤᠯᠤᠰ ᠲᠥᠷᠥ ᠪᠠᠷ ᠴᠡᠷᠢᠭ ᠪᠠᠶᠢᠭᠤᠯᠬᠤ ᠵᠠᠷᠴᠢᠮ ᠢ ᠲᠣᠭᠲᠠᠭᠠᠪᠠ᠃ ᠲᠡᠮᠡᠴᠡᠯ ᠤᠨ ᠬᠥᠭᠵᠢᠯᠲᠡ ᠶᠢ ᠳᠠᠭᠠᠯᠳᠤᠨ᠂ ᠨᠠᠮ ᠠᠴᠠ ᠲᠥᠪ ᠤᠨ ᠬᠤᠪᠢᠰᠬᠠᠯ ᠤᠨ ᠰᠠᠭᠤᠷᠢᠨ ᠭᠠᠵᠠᠷ ᠪᠠ ᠬᠤᠨᠠᠨ ᠬᠤᠪᠸᠢ ᠶᠢᠨ ᠪᠠᠷᠠᠭᠤᠨ ᠬᠡᠰᠡᠭ ᠤᠨ ᠤᠷᠤᠨ᠂ ᠬᠠᠶᠢᠹᠧᠩ ᠯᠦᠹᠧᠩ᠂ ᠬᠤᠪᠸᠢ ᠾᠧᠨᠠᠨ ᠠᠨᠾᠦ᠋ᠢ᠂ ᠴᠢᠶᠦ᠋ᠩᠶᠠ᠂ ᠹᠦᠵᠢᠶᠠᠨ ᠵᠧᠵᠢᠶᠠᠩ ᠵᠢᠶᠠᠩᠰᠢ᠂ ᠬᠤᠨᠠᠨ ᠬᠤᠪᠸᠢ ᠵᠢᠶᠠᠩᠰᠢ᠂ ᠬᠤᠨᠠᠨ ᠵᠢᠶᠠᠩᠰᠢ᠂ ᠽᠦᠸᠧᠵᠢᠶᠠᠩ ᠮᠥᠷᠡᠨ ᠶᠢᠤᠵᠢᠶᠠᠩ ᠮᠥᠷᠡᠨ᠂ ᠰᠧᠴᠤᠸᠠᠨ ᠱᠠᠨᠰᠢ᠂ ᠱᠠᠨᠰᠢ ᠭᠠᠨᠰᠦ᠂ ᠬᠤᠨᠠᠨ ᠬᠤᠪᠸᠢ ᠰᠧᠴᠤᠸᠠᠨ ᠭᠦᠢᠵᠧᠦ ᠵᠡᠷᠭᠡ ᠰᠠᠭᠤᠷᠢᠨ ᠭᠠᠵᠠᠷ ᠢ ᠡᠭᠦᠳᠦᠨ ᠪᠠᠶᠢᠭᠤᠯᠪᠠ᠃ ᠨᠠᠮ ᠠᠴᠠ ᠭᠤᠮᠢᠨᠳᠠᠩ ᠤᠨ ᠨᠣᠶᠠᠷᠬᠠᠯ ᠳᠣᠣᠷᠠᠬᠢ ᠴᠠᠭᠠᠨ ᠣᠷᠣᠨ ᠳᠤ ᠴᠤ ᠨᠠᠮ ᠪᠤᠯᠤᠨ ᠪᠤᠰᠤᠳ ᠬᠤᠪᠢᠰᠬᠠᠯᠲᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠵᠤ᠂ ᠤᠯᠠᠨ ᠲᠦᠮᠡᠨ ᠤ ᠬᠤᠪᠢᠰᠬᠠᠯᠲᠤ ᠲᠡᠮᠡᠴᠡᠯ ᠢ ᠥᠷᠨᠢᠭᠦᠯᠪᠡ᠃ ᠭᠡᠲᠡᠯ᠎ᠡ᠂ ᠨᠠᠮ ᠤᠨ ᠲᠤᠳᠤᠭᠠᠳᠤᠬᠢ ᠸᠠᠩ ᠮᠢᠩ ᠤᠨ ︽ᠵᠡᠭᠦᠨ︾᠎ ᠤ ᠨᠣᠮᠯᠠᠯ ᠤᠨ ᠦᠵᠡᠯ ᠤᠨ ᠪᠤᠷᠤᠭᠤ ᠤᠳᠤᠷᠢᠳᠤᠯᠭ᠎ᠠ ᠠᠴᠠ ᠪᠤᠯᠵᠤ᠂ ᠲᠥᠪ ᠤᠨ ᠬᠤᠪᠢᠰᠬᠠᠯ ᠤᠨ ᠰᠠᠭᠤᠷᠢᠨ ᠭᠠᠵᠠᠷ ᠤᠨ ᠲᠠᠪᠤᠳᠤᠭᠠᠷ ᠤᠳᠠᠭᠠᠨ ᠤ ︽ᠪᠦᠰᠡᠯᠡᠨ ᠤᠰᠠᠳᠬᠠᠯᠲᠠ︾᠎ ᠶᠢ ᠡᠰᠡᠷᠭᠦᠴᠡᠭᠦ ᠲᠡᠮᠡᠴᠡᠯ ᠢᠯᠠᠭᠳᠠᠵᠤ᠂ ᠤᠯᠠᠭᠠᠨ ᠴᠡᠷᠢᠭ ᠪᠠᠶᠢᠯᠳᠤᠬᠤ ᠪᠤᠳᠤᠯᠭ᠎ᠠ ᠶᠢᠨ ᠰᠢᠯᠵᠢᠯᠲᠡ ᠬᠢᠬᠦ ᠦᠭᠡᠢ ᠪᠠᠶᠢᠬᠤ ᠶᠢᠨ ᠠᠷᠭ᠎ᠠ ᠦᠭᠡᠢ ᠪᠤᠯᠵᠠᠢ᠂ ᠲᠦᠢᠯ ᠤᠨ ᠬᠠᠲᠠᠭᠤ ᠪᠡᠷᠬᠡᠰᠢᠶᠡᠯᠲᠠᠢ ᠤᠷᠳᠤ ᠵᠠᠮ ᠤᠨ ᠠᠶᠠᠨ ᠲᠠᠶᠢᠨ ᠢ ᠬᠢᠵᠤ ᠠᠶᠠᠯᠠᠨ ᠪᠠᠶᠢᠯᠳᠤᠭᠰᠠᠭᠠᠷ ᠱᠠᠨᠰᠢ ᠶᠢᠨ ᠬᠤᠶᠢᠳᠤ ᠬᠡᠰᠡᠭ ᠲᠤ ᠬᠥᠷᠪᠡ᠃ ︽ᠵᠡᠭᠦᠨ︾᠎ ᠤ ᠱᠤᠭᠤᠮ ᠤᠨ ᠠᠯᠳᠠᠭ᠎ᠠ ᠨᠢ ᠬᠤᠪᠢᠰᠬᠠᠯ ᠤᠨ ᠰᠠᠭᠤᠷᠢᠨ ᠭᠠᠵᠠᠷ ᠪᠠ ᠴᠠᠭᠠᠨ ᠣᠷᠣᠨ ᠤ ᠬᠤᠪᠢᠰᠬᠠᠯ ᠤᠨ ᠬᠦᠴᠦᠨ ᠳᠤ ᠲᠦᠢᠯ ᠤᠨ ᠶᠡᠭᠡ ᠬᠤᠬᠢᠷᠠᠯ ᠤᠴᠠᠷᠠᠭᠤᠯᠵᠠᠶ᠃      1935 ᠣᠨ ᠤ 1 ᠰᠠᠷ᠎ᠠ ᠳᠤ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠤᠷᠳᠤ ᠵᠠᠮ ᠤᠨ ᠠᠶᠠᠨ ᠲᠠᠶᠢᠨ ᠤ ᠳᠤᠮᠳᠠ ᠽᠦᠨᠶ᠋ᠢ ᠶᠢᠨ ᠬᠤᠷᠠᠯᠳᠤᠭᠠᠨ ᠢ ᠬᠤᠷᠠᠯᠳᠤᠭᠤᠯᠤᠭᠰᠠᠨ ᠨᠢ ᠬᠡᠷᠡᠭ ᠳᠡᠭᠡᠷ᠎ᠡ ᠪᠠᠨ ᠮᠠᠤ ᠽᠧ ᠳ᠋ᠦᠩ ᠨᠥᠬᠦᠷ ᠤᠨ ᠨᠠᠮ ᠤᠨ ᠲᠥᠪ ᠬᠤᠷᠢᠶ᠎ᠠ ᠪᠠ ᠤᠯᠠᠭᠠᠨ ᠴᠡᠷᠢᠭ ᠲᠠᠬᠢ ᠤᠳᠤᠷᠢᠳᠬᠤ ᠪᠠᠶᠢᠷᠢ ᠰᠠᠭᠤᠷᠢ ᠶᠢ ᠲᠣᠭᠲᠠᠭᠠᠵᠤ᠂ ᠮᠠᠤ ᠽᠧ ᠳ᠋ᠦᠩ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠮᠠᠷᠺᠰ ᠤᠨ ᠦᠵᠡᠯ ᠤᠨ ᠵᠥᠪ ᠱᠤᠭᠤᠮ ᠤᠨ ᠨᠠᠮ ᠤᠨ ᠲᠥᠪ ᠬᠤᠷᠢᠶ᠎ᠠ ᠳᠠᠬᠢ ᠤᠳᠤᠷᠢᠳᠬᠤ ᠪᠠᠶᠢᠷᠢ ᠰᠠᠭᠤᠷᠢ ᠶᠢ ᠡᠬᠢᠯᠡᠨ ᠲᠣᠭᠲᠠᠭᠠᠵᠤ᠂ ᠮᠠᠤ ᠽᠧ ᠳ᠋ᠦᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠨᠢᠭᠡᠳᠦᠭᠡᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ ᠬᠠᠮᠲᠤ ᠶᠢ ᠡᠬᠢᠯᠡᠨ ᠪᠦᠷᠢᠯᠳᠦᠭᠦᠯᠵᠦ᠂ ᠨᠠᠮ ᠤᠨ ᠪᠡᠶ᠎ᠡ ᠪᠠᠨ ᠳᠠᠭᠠᠭᠠᠨ ᠡᠵᠡᠨ ᠮᠡᠳᠡᠵᠦ ᠳᠤᠮᠳᠠᠳᠤ ᠤᠯᠤᠰ ᠤᠨ ᠬᠤᠪᠢᠰᠬᠠᠯ ᠤᠨ ᠪᠣᠳᠠᠲᠤ ᠠᠰᠠᠭᠤᠳᠠᠯ ᠢ ᠰᠢᠢᠳᠪᠦᠷᠢᠯᠡᠬᠦ ᠰᠢᠨ᠎ᠡ ᠱᠠᠲᠤ ᠶᠢ ᠨᠡᠭᠡᠭᠡᠭᠡᠳ᠂ ᠬᠠᠮᠤᠭ ᠤᠨ ᠲᠦᠭᠰᠢᠭᠦᠷᠢᠲᠡᠶ ᠵᠠᠩᠭᠢᠯᠠᠭ᠎ᠠ ᠶᠢᠨ ᠦᠶ᠎ᠡ ᠳᠤ ᠨᠠᠮ ᠢ ᠠᠪᠤᠷᠠᠵᠤ᠂ ᠤᠯᠠᠭᠠᠨ ᠴᠡᠷᠢᠭ ᠢ ᠠᠪᠤᠷᠠᠵᠤ᠂ ᠳᠤᠮᠳᠠᠳᠤ ᠤᠯᠤᠰ ᠤᠨ ᠬᠤᠪᠢᠰᠬᠠᠯ ᠢ ᠠᠪᠤᠷᠬᠠᠰᠠᠨ ᠪᠥᠭᠡᠳ ᠲᠡᠬᠦᠨ ᠤ ᠲᠠᠷᠠᠭ᠎ᠠ ᠨᠠᠮ ᠠᠴᠠ ᠵᠠᠩ ᠭᠦᠸᠧ ᠲᠤᠤ ᠶᠢᠨ ᠬᠠᠭᠠᠴᠠᠭᠤᠯᠬᠤ ᠦᠵᠡᠯ ᠢ ᠢᠯᠠᠵᠤ᠂ ᠤᠷᠳᠤ ᠵᠠᠮ ᠤᠨ ᠠᠶᠠᠨ ᠲᠠᠶᠢᠨ ᠢ ᠢᠯᠠᠯᠲᠠ ᠲᠠᠢ ᠪᠠᠷ ᠪᠠᠶᠡᠯᠡᠬᠦᠯᠵᠦ᠂ ᠳᠤᠮᠳᠠᠳᠤ ᠤᠯᠤᠰ ᠤᠨ ᠬᠤᠪᠢᠰᠬᠠᠯ ᠤᠨ ᠰᠢᠨ᠎ᠡ ᠪᠠᠶᠢᠳᠠᠯ ᠢ ᠪᠤᠢ ᠪᠣᠯᠭᠠᠵᠤ ᠴᠢᠳᠠᠬᠰᠠᠨ ᠶᠤᠮ᠃ ᠡᠨᠡ ᠪᠤᠯ ᠨᠠᠮ ᠤᠨ ᠲᠡᠤᠬᠡᠨ ᠳᠡᠬᠡᠷᠡᠬᠢ ᠮᠠᠨᠳᠤᠯ ᠮᠦᠬᠦᠯ ᠳᠤ ᠬᠤᠯᠪᠣᠭᠳᠠᠬᠰᠠᠨ ᠡᠷᠭᠢᠯᠲᠡ ᠮᠥᠨ᠃      ᠶᠠᠫᠣᠨ ᠢ ᠡᠰᠡᠷᠭᠦᠴᠡᠬᠦ ᠳᠠᠶᠢᠨ ᠤ ᠦᠶ᠎ᠡ ᠳᠤ᠂ ᠶᠢᠰᠦᠨ ᠰᠠᠷ᠎ᠠ ᠶᠢᠨ ᠠᠷᠪᠠᠨ ᠨᠠᠢᠮᠠᠨ ᠤ ᠬᠡᠷᠡᠭ ᠬᠤᠪᠢᠰᠤᠯ ᠤᠨ ᠳᠠᠷᠠᠭ᠎ᠠ᠂ ᠳᠤᠮᠳᠠᠳᠤ ᠶᠠᠫᠣᠨ ᠤ ᠦᠨᠳᠦᠰᠦᠲᠡᠨ ᠤ ᠵᠥᠷᠢᠴᠡᠯ ᠠᠭᠠᠵᠢᠮ ᠢᠶᠠᠷ ᠤᠯᠤᠰ ᠤᠨ ᠳᠣᠲᠣᠭᠠᠳᠤ ᠶᠢᠨ ᠠᠩᠭᠢ ᠶᠢᠨ ᠵᠥᠷᠢᠴᠡᠯ ᠠᠴᠠ ᠳᠠᠪᠠᠵᠤ ᠭᠤᠣᠯ ᠵᠥᠷᠢᠴᠡᠯ ᠪᠣᠯᠪᠠ᠃ ᠶᠠᠫᠣᠨ ᠤ ᠡᠵᠡᠷᠬᠡᠭ ᠲᠦᠷᠢᠮᠡᠬᠡᠶᠢᠲᠡᠨ ᠮᠠᠨ ᠤ ᠤᠯᠤᠰ ᠢ ᠲᠦᠷᠢᠮᠡᠬᠡᠶᠢᠯᠡᠬᠦ ᠪᠠᠨ ᠲᠦᠷᠭᠡᠳᠭᠡᠵᠤ᠂ ᠦᠨᠳᠦᠰᠦᠲᠡᠨ ᠤ ᠲᠦᠭᠰᠢᠬᠦᠷᠢ ᠤᠷᠢᠳ ᠡᠮᠦᠨ᠎ᠡ ᠭᠠᠷᠤᠭ᠎ᠠ ᠦᠭᠡᠢ ᠬᠦᠨᠳᠦ ᠨᠣᠴᠢᠲᠠᠶ ᠪᠣᠯᠤᠭᠰᠠᠨ ᠵᠠᠩᠭᠢᠯᠠᠭ᠎ᠠ ᠶᠢᠨ ᠦᠶ᠎ᠠ ᠳᠤ᠂ ᠨᠠᠮ ᠠᠴᠠ ᠡᠩ ᠲᠡᠷᠢᠭᠦᠨ ᠳᠤ ᠵᠡᠪᠰᠡᠭᠲᠦ ᠬᠦᠴᠦᠨ ᠢᠶᠠᠷ ᠶᠠᠫᠣᠨ ᠢ ᠡᠰᠡᠷᠭᠦᠴᠡᠬᠦ ᠲᠤᠭ ᠢ ᠥᠨᠳᠥᠷ ᠮᠠᠨᠳᠤᠭᠤᠯᠤᠨ᠂ ᠶᠠᠫᠣᠨ ᠢ ᠡᠰᠡᠷᠭᠦᠴᠡᠨ ᠮᠥᠬᠦᠯ ᠠᠴᠠ ᠠᠪᠤᠷᠠᠬᠤ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠰᠢ ᠠᠨ ᠤ ᠬᠡᠷᠡᠭ ᠬᠤᠪᠢᠰᠤᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ ᠠᠬᠢᠭᠤᠯᠤᠭᠰᠠᠨ ᠨᠢ ᠭᠤᠮᠢᠨᠳᠠᠩ ᠡᠪ ᠬᠠᠮᠲᠤ ᠨᠠᠮ ᠤᠨ ᠳᠠᠬᠢᠨᠲᠠ ᠬᠠᠮᠲᠤᠷᠠᠨ ᠠᠵᠢᠯᠯᠠᠬᠤ ᠶᠢ ᠠᠬᠢᠭᠤᠯᠬᠤ᠂ ᠨᠢᠬᠳᠠᠷᠠᠨ ᠪᠦᠯᠬᠦᠮᠳᠡᠵᠦ ᠶᠠᠫᠣᠨ ᠢ ᠡᠰᠡᠷᠭᠦᠴᠡᠬᠦ ᠳᠤ ᠴᠢᠬᠤᠯᠠ ᠶᠡᠭᠡ ᠲᠡᠤᠬᠡᠲᠦ ᠦᠢᠯᠡᠳᠦᠯ ᠦᠵᠡᠭᠦᠯᠪᠡ᠃ ᠳᠣᠯᠣᠭᠠᠨ ᠰᠠᠷ᠎ᠠ ᠶᠢᠨ ᠲᠤᠯᠤᠭᠠᠨ ᠤ ᠬᠡᠷᠡᠭ ᠬᠤᠪᠢᠰᠤᠯ ᠤᠨ ᠲᠠᠷᠠᠭ᠎ᠠ᠂ ᠨᠠᠮ ᠠᠴᠠ ᠶᠠᠫᠣᠨ ᠢ ᠡᠰᠡᠷᠭᠦᠴᠡᠬᠦ ᠦᠨᠳᠦᠰᠦᠲᠡᠨ ᠤ ᠨᠢᠭᠡᠳᠦᠮᠡᠯ ᠹᠷᠣᠨᠲ ᠤᠨ ᠵᠥᠪ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠪᠦᠬᠦ ᠲᠠᠯ᠎ᠠ ᠪᠠᠷ ᠶᠠᠫᠣᠨ ᠢ ᠡᠰᠡᠷᠭᠦᠴᠡᠬᠦ ᠳᠠᠶᠢᠨ ᠤ ᠱᠤᠭᠤᠮ ᠢ ᠪᠠᠷᠢᠮᠲᠠᠯᠠᠵᠤ᠂ ᠤᠳᠠᠭᠠᠨ ᠳᠠᠭᠠᠭᠠᠮᠠᠭᠠᠶ ᠳᠠᠶᠢᠨ ᠬᠢᠬᠦ ᠪᠠᠶᠢᠯᠳᠤᠬᠤ ᠪᠤᠳᠤᠯᠭ᠎ᠠ ᠶᠢᠨ ᠶᠡᠷᠦᠩᠬᠡᠶ ᠴᠢᠭᠯᠡᠯᠲᠡ ᠪᠠ ᠠᠷᠠᠳ ᠤᠨ ᠳᠠᠶᠢᠨ ᠤ ᠢᠵᠢ ᠪᠦᠷᠢᠳᠦᠭᠰᠡᠨ ᠪᠠᠶᠢᠯᠳᠤᠬᠤ ᠪᠤᠳᠤᠯᠭ᠎ᠠ ᠪᠠᠶᠢᠯᠳᠤᠬᠤ ᠠᠷᠭ᠎ᠠ ᠶᠢ ᠳᠤᠷᠠᠳᠤᠨ ᠭᠠᠷᠭᠠᠬᠰᠠᠨ ᠪᠠ ᠬᠡᠷᠡᠭᠵᠢᠭᠦᠯᠵᠤ᠂ ᠳᠠᠶᠢᠰᠤᠨ ᠤ ᠠᠷᠤ ᠲᠠᠯ᠎ᠠ ᠶᠢᠨ ᠥᠷᠭᠡᠨ ᠠᠭᠤᠳᠠᠮ ᠳᠠᠶᠢᠨ ᠤ ᠲᠠᠯᠠᠪᠤᠷ ᠢ ᠨᠡᠭᠡᠭᠡᠭᠰᠡᠨ ᠪᠠ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠢ ᠪᠠᠶᠢᠭᠤᠯᠵᠤ᠂ ᠨᠠᠢᠮᠠᠳᠤᠭᠠᠷ ᠵᠠᠮ ᠤᠨ ᠴᠡᠷᠢᠭ᠂ ᠰᠢᠨ᠎ᠡ ᠳᠥᠷᠪᠡᠳᠦᠭᠡᠷ ᠠᠷᠮᠢ᠂ ᠵᠡᠭᠦᠨ ᠬᠤᠶᠢᠲᠤ ᠣᠷᠣᠨ ᠤ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠪᠠ ᠶᠠᠫᠣᠨ ᠢ ᠡᠰᠡᠷᠭᠦᠴᠡᠬᠦ ᠪᠤᠰᠤᠳ ᠠᠷᠠᠳ ᠤᠨ ᠵᠡᠪᠰᠡᠭᠲᠦ ᠬᠦᠴᠦᠨ ᠢ ᠤᠳᠤᠷᠢᠳᠤᠨ᠂ ᠦᠨᠳᠦᠰᠦᠳᠡᠨ ᠲᠠᠶᠠᠭᠠᠷ ᠶᠠᠫᠣᠨ ᠢ ᠡᠰᠡᠷᠭᠦᠴᠡᠬᠦ ᠳᠠᠶᠢᠨ ᠤ ᠭᠤᠤᠯ ᠲᠤᠯᠭᠠᠭᠤᠷᠢ ᠪᠣᠯᠵᠤ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠭᠰᠡᠨ ᠳᠠᠶᠢᠨ ᠤ ᠡᠴᠦᠰ ᠤᠨ ᠢᠯᠠᠯᠲᠠ ᠶᠢ ᠣᠯᠬᠤ ᠪᠤᠯᠳᠠᠯ᠎ᠠ ᠡᠷᠡᠯᠭᠡᠭ ᠪᠠᠭᠠᠳᠤᠷᠯᠢᠭ ᠢᠶᠠᠷ ᠪᠠᠶᠢᠯᠳᠤᠵᠡᠢ᠃ ᠡᠨᠡ ᠪᠣᠯ ᠤᠢᠢᠷ᠎ᠠ ᠦᠶ᠎ᠡ ᠠᠴᠠ ᠨᠠᠭᠠᠰᠢ ᠳᠤᠮᠳᠠᠳᠤ ᠤᠯᠤᠰ ᠤᠨ ᠠᠷᠠᠳ ᠲᠦᠮᠡᠨ ᠤ ᠬᠠᠷᠢ ᠶᠢᠨ ᠳᠠᠶᠢᠰᠤᠨ ᠤ ᠲᠦᠷᠢᠮᠡᠬᠡᠶᠢᠯᠡᠯ ᠢ ᠡᠰᠡᠷᠭᠦᠴᠡᠭᠡᠳ ᠠᠩᠬ᠎ᠠ ᠤᠳᠠᠭ᠎ᠠ ᠪᠦᠷᠢᠨ ᠢᠯᠠᠯᠲᠠ ᠣᠯᠤᠭᠰᠠᠨ ᠦᠨᠳᠦᠰᠦᠲᠡᠨ ᠤ ᠴᠢᠯᠥᠭᠡᠯᠡᠯᠲᠡ ᠶᠢᠨ ᠲᠡᠮᠡᠴᠡᠯ ᠪᠣᠯᠤᠨ᠎ᠠ᠂ ᠮᠥᠨ ᠴᠦ ᠳᠡᠯᠡᠬᠡᠶ ᠶᠢᠨ ᠹᠠᠱᠢᠰ ᠢ ᠡᠰᠡᠷᠭᠦᠴᠡᠭᠰᠡᠨ ᠲᠠᠶᠢᠨ ᠤ ᠢᠯᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃      ᠴᠢᠯᠥᠭᠡᠯᠡᠬᠦ ᠳᠠᠶᠢᠨ ᠤ ᠦᠶ᠎ᠠ ᠳᠤ᠂ ᠭᠤᠮᠢᠨᠳᠠᠩ ᠤᠨ ᠲᠡᠷᠰᠯᠡᠭᠦᠴᠦᠳ ᠤᠨ ᠠᠶᠤᠮᠰᠢᠭ ᠦᠭᠡᠢ ᠪᠠᠷ ᠡᠭᠦᠰᠭᠡᠭᠰᠡᠨ ᠪᠦᠬᠦ ᠲᠠᠯ᠎ᠠ ᠶᠢᠨ ᠳᠣᠲᠣᠭᠠᠳᠤ ᠶᠢᠨ ᠳᠠᠶᠢᠨ ᠤ ᠡᠮᠦᠨ᠎ᠡ᠂ ᠨᠠᠮ ᠠᠴᠠ ᠥᠷᠭᠡᠨ ᠣᠯᠠᠨ ᠴᠡᠷᠢᠭ ᠠᠷᠠᠳ ᠢ ᠤᠳᠤᠷᠢᠳᠤᠨ ᠢᠳᠡᠪᠬᠢᠲᠡᠶ ᠰᠡᠷᠭᠡᠶᠢᠯᠡᠯᠲᠡ ᠬᠢᠵᠦ ᠪᠠᠶᠢᠭᠰᠠᠨ ᠠᠴᠠ ᠪᠠᠨ ᠪᠠᠶᠢᠯᠳᠤᠬᠤ ᠪᠣᠳᠣᠯᠭ᠎ᠠ ᠶᠢᠨ ᠳᠠᠭᠠᠷᠢᠯᠲᠠ ᠬᠢᠬᠦ ᠳᠤ ᠠᠯᠬᠤᠮ ᠠᠯᠬᠤᠮ ᠢᠶᠠᠷ ᠰᠢᠯᠵᠢᠵᠦ᠂ ᠯᠢᠶᠣᠤ ᠱᠧᠨ᠂ ᠬᠤᠸᠠᠢ ᠬᠠᠶ᠂ ᠫᠢᠩ ᠶᠢᠨ ᠭᠤᠷᠪᠠᠨ ᠶᠡᠭᠡ ᠳᠠᠶᠢᠯᠠᠯᠳᠤᠭᠠᠨ ᠪᠣᠯᠤᠨ ᠬᠦᠬᠡᠮᠦ᠋ᠷᠡᠨ ᠢ ᠭᠠᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠳᠤᠮᠳᠠᠳᠤ ᠡᠮᠦᠨᠡᠲᠦ ᠣᠷᠣᠨ᠂ ᠪᠠᠷᠠᠭᠤᠨ ᠬᠤᠶᠢᠲᠤ ᠣᠷᠣᠨ᠂ ᠪᠠᠷᠠᠭᠤᠨ ᠡᠮᠦᠨᠡᠲᠦ ᠣᠷᠣᠨ ᠵᠦᠭ ᠢᠯᠠᠯᠲᠠ ᠲᠠᠢ ᠪᠠᠷ ᠤᠷᠤᠭᠰᠢᠯᠠᠵᠤ᠂ ᠭᠤᠮᠢᠨᠳᠠᠩ ᠤᠨ ᠲᠡᠷᠰᠯᠡᠭᠦᠴᠦᠳ ᠤᠨ ᠨᠠᠢᠮᠠᠨ ᠵᠠᠭᠤᠨ ᠲᠦᠮᠡᠨ ᠴᠡᠷᠢᠭ ᠢ ᠤᠰᠠᠳᠬᠠᠵᠤ᠂ ᠭᠤᠮᠢᠨᠳᠠᠩ ᠤᠨ ᠲᠡᠷᠰᠯᠡᠭᠦᠦ ᠵᠠᠰᠠᠭ ᠤᠨ ᠣᠷᠳᠣᠨ ᠢ ᠲᠦᠯᠬᠢᠨ ᠤᠨᠠᠭᠠᠵᠤ᠂ ᠡᠵᠡᠷᠬᠡᠭ ᠲᠦᠷᠢᠮᠡᠬᠡᠶ ᠶᠣᠰᠣ᠂ ᠹᠸᠤᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠭᠡᠬᠦ ᠭᠤᠷᠪᠠᠨ ᠶᠡᠭᠡ ᠠᠭᠤᠯᠠ ᠶᠢ ᠲᠦᠯᠬᠢᠨ ᠤᠨᠠᠭᠠᠪᠠ᠃ ᠨᠠᠮ ᠤᠨ ᠤᠳᠤᠷᠢᠳᠤᠭᠰᠠᠨ ᠠᠷᠠᠳ ᠤᠨ ᠴᠡᠷᠢᠭ ᠠᠩᠭᠢ ᠨᠢ ᠠᠷᠠᠳ ᠲᠦᠮᠡᠨ ᠤ ᠳᠡᠮᠵᠢᠯᠭᠡ ᠳᠣᠣᠷ᠎ᠠ᠂ ᠪᠤᠴᠠᠯᠲᠠ ᠦᠭᠡᠢ ᠤᠷᠤᠭᠰᠢᠯᠠᠬᠤ ᠪᠠᠭᠠᠲᠤᠷ ᠵᠣᠷᠢᠭ ᠢᠶᠠᠷ ᠲᠦᠢᠯ ᠤᠨ ᠬᠠᠷᠭᠢᠰ ᠬᠡᠷᠴᠡᠭᠡᠶ ᠳᠠᠶᠢᠰᠤᠨ ᠲᠠᠢ ᠦᠬᠦᠵᠦ ᠰᠡᠬᠡᠬᠦ ᠶᠢᠨ ᠲᠡᠮᠡᠴᠡᠯ ᠬᠢᠵᠦ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠶᠢ ᠲᠡᠮᠡᠴᠡᠨ ᠤᠯᠬᠤ ᠳᠤ ᠲᠡᠦᠬᠡᠨ ᠭᠠᠪᠢᠶ᠎ᠠ ᠵᠢᠳᠬᠦᠯ ᠪᠠᠶᠢᠭᠤᠯᠪᠠ᠃      ᠬᠤᠪᠢᠰᠬᠠᠯᠲᠤ ᠲᠡᠮᠡᠴᠡᠯ ᠤᠨ ᠳᠤᠮᠳᠠ᠂ ᠮᠠᠤ ᠽᠧ ᠳ᠋ᠦᠩ ᠨᠥᠬᠦᠷ ᠢᠶᠠᠷ ᠭᠤᠣᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠮᠠᠷᠺᠰ ᠯᠧᠨᠢᠨ ᠤ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠷᠭᠠᠭᠤ ᠬᠠᠲᠠᠭᠤᠵᠢᠯᠲᠠᠶ ᠬᠠᠶᠢᠨ ᠰᠦᠪᠡᠭᠴᠢᠯᠡᠯᠲᠡ ᠬᠢᠵᠦ᠂ ᠯᠤᠲᠤ ᠶᠡᠭᠡ ᠦᠷᠡᠭᠳᠡᠯ ᠭᠠᠷᠭᠠᠵᠤ ᠪᠠᠶᠢᠭᠠᠳ ᠬᠤᠷᠠᠮᠳᠤᠭᠤᠯᠤᠭᠰᠠᠨ ᠠᠯᠢ ᠤᠯᠠᠨ ᠥᠪᠡᠷᠮᠢᠴᠡ ᠪᠦᠲᠦᠭᠡᠯᠴᠢ ᠴᠢᠨᠠᠷᠲᠠᠶ ᠲᠤᠷᠰᠢᠯᠭ᠎ᠠ ᠳᠤ ᠤᠨᠤᠯ ᠤᠨ ᠬᠤᠷᠢᠶᠠᠩᠭᠤᠶᠢᠯᠠᠯ ᠬᠢᠵᠤ᠂ ᠬᠥᠳᠡᠭᠡ ᠲᠣᠰᠬᠤᠨ ᠢᠶᠠᠷ ᠬᠤᠲᠠ ᠶᠢ ᠪᠦᠰᠡᠯᠡᠬᠦ᠂ ᠵᠡᠪᠰᠡᠭᠲᠦ ᠬᠦᠴᠦᠨ ᠢᠶᠠᠷ ᠲᠦᠷᠤ ᠶᠢᠨ ᠡᠷᠬᠡ ᠶᠢ ᠪᠤᠯᠢᠶᠠᠨ ᠠᠪᠬᠤ ᠵᠥᠪ ᠣᠨᠣᠪᠴᠢᠲᠠᠶ ᠬᠤᠪᠢᠰᠬᠠᠯ ᠤᠨ ᠵᠠᠮ ᠢ ᠨᠡᠭᠡᠭᠡᠵᠦ᠂ ᠮᠠᠤ ᠽᠧ ᠳ᠋ᠦᠩ ᠤᠨ ᠦᠵᠡᠯ ᠰᠠᠨᠠᠭ᠎ᠠ ᠶᠢ ᠪᠤᠢ ᠪᠣᠯᠭᠠᠵᠤ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠶᠢ ᠲᠡᠮᠡᠴᠡᠨ ᠤᠯᠬᠤ ᠳᠤ ᠵᠥᠪ ᠴᠢᠭᠯᠡᠯ ᠢ ᠲᠣᠳᠣᠷᠬᠠᠶ ᠵᠢᠭᠠᠵᠤ ᠥᠭᠪᠡ᠃      ᠬᠤᠪᠢᠰᠬᠠᠯᠲᠤ ᠲᠡᠮᠡᠴᠡᠯ ᠤᠨ ᠳᠤᠮᠳᠠ᠂ ᠨᠠᠮ ᠠᠴᠠ ᠦᠨᠡᠨ ᠶᠣᠰᠣ ᠶᠢ ᠪᠠᠷᠢᠮᠲᠠᠯᠠᠬᠤ᠂ ᠬᠦᠰᠡᠯᠡᠩ ᠢᠶᠠᠨ ᠪᠠᠲᠤ ᠰᠠᠬᠢᠬᠤ᠂ ᠲᠤᠯᠭᠤᠷ ᠵᠤᠷᠢᠯᠲᠠ ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠦᠷᠡᠭᠳᠡᠯ ᠰᠦᠢᠳᠦᠯ ᠠᠴᠠ ᠦᠯᠦ ᠠᠶᠤᠬᠤ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ᠂ ᠨᠠᠮ ᠳᠠᠭᠠᠨ ᠦᠨᠡᠨᠴᠢ ᠪᠠᠶᠢᠬᠤ᠂ ᠠᠷᠠᠳ ᠲᠦᠮᠡᠨ ᠳᠡᠭᠡᠨ ᠦᠯᠦ ᠣᠰᠣᠯᠳᠠᠬᠤ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠢᠨᠵᠧᠨᠧᠷᠢᠩ ᠢ ᠬᠡᠷᠡᠭᠵᠢᠭᠦᠯᠦᠭᠰᠡᠨ ᠪᠠ ᠠᠬᠢᠭᠤᠯᠵᠤ᠂ ᠤᠨᠴᠠᠭᠠᠶᠢᠯᠠᠨ ᠦᠵᠡᠯ ᠰᠠᠨᠠᠭᠠᠨ ᠤ ᠲᠠᠯ᠎ᠠ ᠪᠠᠷ ᠨᠠᠮ ᠪᠠᠶᠢᠭᠤᠯᠬᠤ ᠵᠠᠷᠴᠢᠮ ᠢ ᠳᠤᠷᠠᠳᠤᠨ ᠭᠠᠷᠭᠠᠵᠤ᠂ ᠠᠷᠠᠳᠴᠢᠯᠠᠯ ᠲᠦᠪᠯᠡᠷᠡᠯ ᠤᠨ ᠶᠣᠰᠣ ᠶᠢ ᠪᠠᠷᠢᠮᠲᠠᠯᠠᠨ᠂ ᠤᠨᠤᠯ ᠢ ᠪᠣᠳᠠᠲᠠᠶ ᠲᠠᠢ ᠤᠶᠠᠯᠳᠤᠭᠤᠯᠬᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠬᠦ ᠭᠤᠷᠪᠠᠨ ᠶᠡᠭᠡ ᠰᠢᠯᠢᠳᠡᠭ ᠰᠤᠷᠲᠠᠯ ᠢ ᠪᠠᠷᠢᠮᠲᠠᠯᠠᠵᠤ᠂ ᠨᠢᠭᠡᠳᠦᠮᠡᠯ ᠹᠷᠣᠨᠲ᠂ ᠵᠡᠪᠰᠡᠭᠲᠦ ᠲᠡᠮᠡᠴᠡᠯ᠂ ᠨᠠᠮ ᠤᠨ ᠪᠠᠶᠢᠭᠤᠯᠤᠯᠲᠠ ᠭᠡᠬᠦ ᠭᠤᠷᠪᠠᠨ ᠶᠡᠭᠡ ᠡᠷᠳᠡᠨᠢ ᠶᠢ ᠪᠦᠷᠢᠯᠳᠦᠭᠦᠯᠵᠦ᠂ ᠪᠦᠬᠦ ᠤᠯᠤᠰ ᠤᠨ ᠬᠡᠪᠴᠢᠶᠡᠨ ᠤ᠂ ᠥᠷᠭᠡᠨ ᠳᠡᠯᠬᠡᠷ ᠤᠯᠠᠨ ᠲᠦᠮᠡᠨᠴᠢ ᠴᠢᠨᠠᠷᠲᠠᠶ᠂ ᠦᠵᠡᠯ ᠰᠠᠨᠠᠭ᠎ᠠ ᠤᠯᠤᠰ ᠲᠦᠷᠦ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠪᠦᠷᠢᠮᠦᠰᠦᠨ ᠪᠠᠬᠢᠵᠢᠭ᠍ᠰᠡᠨ ᠮᠠᠷᠺᠰ ᠤᠨ ᠦᠵᠡᠯ ᠤᠨ ᠲᠦᠷᠦ ᠶᠢᠨ ᠨᠠᠮ ᠢ ᠴᠢᠷᠮᠠᠶᠢᠨ ᠪᠠᠶᠢᠭᠤᠯᠪᠠ᠃ ᠨᠠᠮ 1942 ᠣᠨ ᠠᠴᠠ ᠡᠬᠢᠯᠡᠨ ᠪᠦᠬᠦ ᠨᠠᠮ ᠤᠨ ᠳᠤᠳᠤᠷ᠎ᠠ ᠰᠤᠷᠲᠠᠯ ᠴᠡᠭᠴᠡᠯᠡᠪᠠ᠂ ᠮᠠᠷᠺᠰ ᠤᠨ ᠦᠵᠡᠯ ᠤᠨ ᠦᠵᠡᠯ ᠰᠠᠨᠠᠭᠠᠨ ᠤ ᠬᠥᠮᠦᠵᠢᠯ ᠬᠢᠬᠦ ᠡᠨᠡ ᠤᠳᠠᠭᠠᠨ ᠤ ᠬᠥᠳᠡᠯᠭᠡᠭᠡᠨ ᠯᠤᠲᠤ ᠶᠡᠭᠡ ᠦᠷ᠎ᠡ ᠪᠦᠲᠦᠮᠵᠢ ᠤᠯᠪᠠ᠃ ᠨᠠᠮ ᠠᠴᠠ ︽ᠲᠡᠦᠬᠡ ᠶᠢᠨ ᠠᠰᠠᠭᠤᠳᠠᠯ ᠤᠳ ᠤᠨ ᠲᠤᠬᠠᠶ ᠰᠢᠢᠳᠪᠦᠷᠢ︾᠎ ᠶᠢ ᠲᠣᠭᠲᠠᠭᠠᠵᠤ᠂ ᠳᠤᠮᠳᠠᠳᠤ ᠤᠯᠤᠰ ᠤᠨ ᠬᠤᠪᠢᠰᠬᠠᠯ ᠤᠨ ᠦᠨᠳᠦᠰᠦᠨ ᠠᠰᠠᠭᠤᠳᠠᠯ ᠤᠨ ᠲᠤᠬᠠᠶ ᠪᠦᠬᠦ ᠨᠠᠮ ᠤᠨ ᠲᠠᠨᠢᠯᠲᠠ ᠶᠢ ᠨᠢᠭᠡᠳᠦᠯᠲᠡᠶ ᠪᠣᠯᠭᠠᠪᠠ᠃ ᠨᠠᠮ ᠤᠨ ᠳᠣᠯᠣᠳᠤᠭᠠᠷ ᠶᠡᠭᠡ ᠬᠤᠷᠠᠯ ᠠᠴᠠ ᠰᠢᠨ᠎ᠡ ᠠᠷᠠᠳᠴᠢᠯᠠᠭᠰᠠᠨ ᠶᠣᠰᠣᠨ ᠤ ᠰᠢᠨ᠎ᠡ ᠳᠤᠮᠳᠠᠳᠤ ᠤᠯᠤᠰ ᠢ ᠪᠠᠶᠢᠭᠤᠯᠬᠤ ᠳᠤ ᠵᠥᠪ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠣᠭᠲᠠᠭᠠᠭᠠᠳ᠂ ᠪᠦᠬᠦ ᠨᠠᠮ ᠢ ᠦᠵᠡᠯ ᠰᠠᠨᠠᠭ᠎ᠠ ᠤᠯᠤᠰ ᠲᠦᠷᠦ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠤᠷᠢᠳ ᠡᠮᠦᠨ᠎ᠡ ᠭᠠᠷᠤᠭ᠎ᠠ ᠦᠭᠡᠢ ᠨᠢᠭᠡᠳᠦᠯᠲᠡᠶ ᠪᠥᠭᠡᠳ ᠪᠦᠯᠬᠦᠮᠳᠡᠯ ᠲᠠᠢ ᠪᠣᠯᠭᠠᠪᠠ᠃      ᠬᠤᠷᠢᠨ ᠨᠠᠢᠮᠠᠨ ᠵᠢᠯ ᠤᠨ ᠴᠢᠰᠤᠲᠦ ᠲᠡᠮᠡᠴᠡᠯ ᠢᠶᠠᠷ ᠳᠠᠮᠵᠢᠨ᠂ ᠨᠠᠮ ᠠᠴᠠ ᠠᠷᠠᠳ ᠲᠦᠮᠡᠨ ᠢ ᠤᠳᠤᠷᠢᠳᠤᠨ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠤᠨ ᠨᠠᠮ ᠪᠦᠯᠦᠭ ᠤᠨ ᠪᠤᠰᠤ ᠠᠷᠠᠳᠴᠢᠯᠠᠭᠰᠠᠨ ᠬᠥᠮᠦᠰ ᠤᠨ ᠢᠳᠡᠪᠬᠢᠲᠡᠶ ᠬᠠᠮᠲᠤᠷᠠᠯᠴᠠᠭ᠎ᠠ ᠳᠤᠤᠷ᠎ᠠ᠂ 1949 ᠣᠨ ᠤ 10 ᠰᠠᠷ᠎ᠠ ᠶᠢᠨ 1᠎ ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠤᠭᠰᠠᠨ ᠢᠶᠠᠨ ᠲᠤᠩᠬᠠᠭᠯᠠᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠵᠤ᠂ ᠬᠠᠭᠤᠴᠢᠨ ᠳᠤᠮᠳᠠᠳᠤ ᠤᠯᠤᠰ ᠤᠨ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠤᠨ ᠲᠡᠦᠬᠡ ᠶᠢ ᠲᠦᠢᠯᠪᠤᠷᠢᠲᠠᠶ ᠡᠴᠦᠰᠯᠡᠭᠦᠯᠵᠦ᠂ ᠥᠷᠭᠡᠨ ᠤᠯᠠᠨ ᠬᠥᠳᠡᠯᠮᠦᠷᠢᠴᠢᠨ ᠠᠷᠠᠳ ᠲᠦᠮᠡᠨ ᠢ ᠲᠦᠢᠯ ᠤᠨ ᠴᠥᠭᠡᠨ ᠲᠣᠭᠠᠨ ᠤ ᠮᠥᠯᠵᠢᠭᠴᠢᠳ ᠨᠣᠶᠠᠷᠬᠠᠵᠤ ᠪᠠᠶᠢᠭᠰᠠᠨ ᠲᠡᠦᠬᠡ ᠶᠢ ᠲᠦᠢᠯᠪᠤᠷᠢᠲᠠᠶ ᠡᠴᠦᠰᠯᠡᠭᠦᠯᠵᠦ᠂ ᠬᠠᠭᠤᠴᠢᠨ ᠳᠤᠮᠳᠠᠳᠤ ᠤᠯᠤᠰ ᠤᠨ ᠲᠠᠷᠠᠬᠠᠶ ᠪᠤᠲᠠᠷᠬᠠᠶ ᠪᠠᠶᠢᠳᠠᠯ ᠢ ᠲᠦᠢᠯᠪᠤᠷᠢᠲᠠᠶ ᠡᠴᠦᠰᠯᠡᠭᠦᠯᠵᠦ᠂ ᠬᠦᠴᠦᠷᠬᠡᠭ ᠤᠯᠤᠰ ᠤᠳ ᠤᠨ ᠳᠤᠮᠳᠠᠳᠤ ᠤᠯᠤᠰ ᠲᠤ ᠠᠯᠪᠠ ᠪᠠᠷ ᠲᠤᠯᠭᠠᠭᠰᠠᠨ ᠲᠡᠭᠰᠢ ᠪᠤᠰᠤ ᠭᠡᠷ᠎ᠡ ᠪᠠ ᠡᠵᠡᠷᠬᠡᠭ ᠲᠦᠷᠢᠮᠡᠭᠡᠶᠢᠳᠡᠨ ᠤ ᠳᠤᠮᠳᠠᠳᠤ ᠤᠯᠤᠰ ᠲᠠᠬᠢ ᠠᠯᠢᠪᠠ ᠣᠨᠴᠠ ᠡᠷᠬᠡ ᠶᠢ ᠲᠦᠢᠯᠪᠤᠷᠢᠲᠠᠶ ᠬᠦᠴᠦᠨ ᠦᠭᠡᠢ ᠪᠣᠯᠭᠠᠵᠤ᠂ ᠳᠤᠮᠳᠠᠳᠤ ᠤᠯᠤᠰ ᠤᠨ ᠬᠡᠳᠦᠨ ᠮᠢᠩᠭᠠᠨ ᠵᠢᠯ ᠤᠨ ᠹᠸᠤᠳᠠᠯ ᠤᠨ ᠡᠵᠡᠷᠬᠡᠭ ᠶᠤᠰᠤᠨ ᠤ ᠤᠯᠤᠰ ᠲᠦᠷᠦ ᠠᠴᠠ ᠠᠷᠠᠳ ᠤᠨ ᠠᠷᠠᠳᠴᠢᠯᠠᠯ ᠳᠤ ᠰᠢᠯᠵᠢᠭᠰᠡᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠦᠭᠰᠡᠨ ᠪᠦᠭᠡᠳ ᠪᠠᠰᠠ ᠳᠡᠯᠡᠬᠡᠶ ᠶᠢᠨ ᠤᠯᠤᠰ ᠲᠦᠷᠦ ᠶᠢᠨ ᠪᠠᠶᠢᠷᠢᠰᠢᠯ ᠢ ᠲᠦᠢᠯ ᠤᠨ ᠶᠡᠭᠡ ᠪᠠᠷ ᠬᠤᠪᠢᠷᠠᠭᠤᠯᠵᠤ᠂ ᠪᠦᠬᠦ ᠳᠡᠯᠡᠬᠡᠶ ᠶᠢᠨ ᠳᠠᠷᠤᠯᠠᠭᠳᠠᠵᠤ ᠪᠠᠶᠢᠭ᠎ᠠ ᠦᠨᠳᠦᠰᠦᠲᠡᠨ ᠪᠠ ᠳᠠᠷᠤᠯᠠᠭᠳᠠᠵᠤ ᠪᠠᠶᠢᠭ᠎ᠠ ᠠᠷᠠᠳ ᠲᠦᠮᠡᠨ ᠤ ᠴᠢᠯᠥᠭᠡᠯᠡᠯᠲᠡ ᠪᠠᠨ ᠲᠡᠮᠡᠴᠡᠨ ᠤᠯᠬᠤ ᠲᠡᠮᠡᠴᠡᠯ ᠢ ᠵᠣᠷᠢᠬᠵᠢᠭᠤᠯᠤᠭᠰᠠᠨ ᠪᠠᠶᠢᠨ᠎ᠠ᠃      ᠲᠡᠦᠬᠡ ᠪᠠ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠢ ᠰᠣᠩᠭᠤᠵᠠᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠᠶᠢᠬᠤ ᠦᠭᠡᠢ ᠪᠣᠯ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠵᠦ ᠴᠢᠳᠠᠬᠤ ᠦᠭᠡᠢ ᠭᠡᠳᠡᠭ ᠢ ᠦᠢᠯᠡᠳᠦᠯᠭᠡ ᠭᠦᠢᠴᠡᠳ ᠲᠤᠳᠤᠷᠬᠠᠶᠢᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠪᠣᠰᠴᠤ ᠵᠣᠭᠰᠣᠪᠠ᠂ ᠳᠤᠮᠳᠠᠳᠤ ᠶᠢᠨ ᠦᠨᠳᠦᠰᠦᠲᠡᠨ ᠤ ᠬᠥᠮᠦᠨ ᠪᠤᠯᠭᠠᠨ ᠳᠤ ᠲᠠᠷᠤᠯᠠᠬᠳᠠᠵᠦ᠂ ᠲᠠᠷᠤᠯᠠᠯ ᠲᠤᠷᠤᠮᠵᠢᠯᠠᠯ ᠢ ᠬᠠᠰᠢᠷᠠᠲᠠᠯ᠎ᠠ ᠠᠮᠰᠠᠵᠤ ᠪᠠᠶᠢᠬᠰᠠᠨ ᠴᠠᠭ ᠦᠶ᠎ᠡ ᠪᠤᠴᠠᠯᠲᠠ ᠦᠭᠡᠢ ᠦᠩᠭᠡᠷᠡᠨ ᠤᠳᠴᠠᠢ᠂ ᠳᠤᠮᠳᠠᠳᠤ ᠤᠯᠤᠰ ᠤᠨ ᠬᠥᠭᠵᠢᠯᠲᠡ ᠡᠭᠦᠨ ᠠᠴᠠ ᠡᠬᠢᠯᠡᠨ ᠰᠢᠨ᠎ᠡ ᠴᠠᠭ ᠦᠶ᠎ᠡ ᠶᠢ ᠨᠡᠭᠡᠭᠡᠭᠰᠡᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃      ᠬᠤᠶᠠᠷ᠂ ᠨᠡᠶᠢᠭᠡᠮ ᠵᠢᠷᠤᠮᠲᠤ ᠬᠤᠪᠢᠰᠬᠠᠯ ᠢ ᠪᠡᠶᠡᠯᠡᠭᠦᠯᠦᠭᠰᠡᠨ ᠪᠠ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ      ᠨᠡᠶᠢᠭᠡᠮ ᠵᠢᠷᠤᠮᠲᠤ ᠬᠤᠪᠢᠰᠬᠠᠯ ᠪᠣᠯᠤᠨ ᠪᠦᠲᠦᠭᠡᠨ ᠪᠠᠶᠢᠭᠤᠯᠤᠯᠲᠠ ᠶᠢᠨ ᠦᠶ᠎ᠠ ᠳᠤ᠂ ᠨᠠᠮ ᠳᠤ ᠲᠤᠯᠭᠠᠷᠠᠭᠰᠠᠨ ᠭᠤᠤᠯ ᠡᠭᠦᠷᠭᠡ ᠪᠣᠯ᠂ ᠰᠢᠨ᠎ᠡ ᠠᠷᠠᠳᠴᠢᠯᠠᠭᠰᠠᠨ ᠶᠣᠰᠣᠨ ᠠᠴᠠ ᠨᠡᠶᠢᠭᠡᠮ ᠵᠢᠷᠤᠮ ᠳᠤ ᠰᠢᠯᠵᠢᠨ ᠣᠷᠣᠬᠤ ᠬᠤᠪᠢᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠬᠤᠪᠢᠰᠬᠠᠯ ᠬᠢᠵᠦ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠨ ᠤᠯᠤᠰ ᠲᠦᠷᠦ ᠶᠢᠨ ᠤᠷᠢᠲᠠᠯ ᠪᠠ ᠪᠠᠶᠢᠭᠤᠯᠤᠯ ᠤᠨ ᠰᠠᠭᠤᠷᠢ ᠶᠢ ᠲᠠᠯᠪᠢᠵᠤ ᠥᠭᠭᠦ ᠶᠠᠪᠤᠳᠠᠯ ᠪᠤᠯᠤᠨ᠎ᠠ᠃      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠨᠠᠮ ᠠᠴᠠ ᠠᠷᠠᠳ ᠲᠦᠮᠡᠨ ᠢ ᠤᠳᠤᠷᠢᠳᠤᠨ ᠤᠯᠤᠰ ᠲᠦᠷᠦ᠂ ᠠᠵᠤ ᠠᠬᠤᠶ᠂ ᠴᠡᠷᠢᠭ ᠤᠨ ᠶᠠᠪᠤᠳᠠᠯ ᠵᠡᠷᠭᠡ ᠲᠠᠯ᠎ᠠ ᠶᠢᠨ ᠠᠯᠢ ᠤᠯᠠᠨ ᠬᠠᠲᠠᠭᠤ ᠴᠢᠩᠭ᠎ᠠ ᠰᠢᠯᠭᠠᠯᠳᠠ ᠶᠢ ᠢᠯᠠᠨ ᠳᠠᠪᠠᠵᠦ᠂ ᠭᠤᠮᠢᠨᠳᠠᠩ ᠤᠨ ᠲᠡᠷᠰᠯᠡᠭᠦᠴᠦᠳ ᠤᠨ ᠦᠯᠡᠳᠡᠭᠳᠡᠯ ᠵᠡᠪᠰᠡᠭᠲᠦ ᠬᠦᠴᠦᠨ ᠪᠠ ᠳᠡᠭᠡᠷᠡᠮ ᠢ ᠴᠡᠪᠡᠷᠯᠡᠨ ᠠᠷᠢᠯᠭᠠᠵᠤ᠂ ᠲᠥᠪᠡᠳ ᠢ ᠨᠠᠶᠢᠷᠠᠮᠳᠠᠯ ᠢᠶᠠᠷ ᠴᠢᠯᠥᠭᠡᠯᠡᠨ᠂ ᠡᠬᠡ ᠤᠯᠤᠰ ᠤᠨ ᠡᠬᠡ ᠬᠠᠭᠤᠷᠠᠶ ᠶᠢᠨ ᠪᠦᠷᠢᠨ ᠨᠢᠭᠡᠳᠦᠯ ᠢ ᠪᠡᠶᠡᠯᠡᠭᠦᠯᠪᠡ︔ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠵᠤ᠂ ᠡᠳ᠋ ᠤᠨ ᠵᠠᠰᠠᠭ ᠠᠵᠤ ᠠᠬᠤᠢ ᠶᠢᠨ ᠠᠵᠢᠯ ᠢ ᠨᠢᠭᠡᠳᠭᠡᠵᠦ᠂ ᠭᠠᠵᠠᠷ ᠲᠠᠷᠢᠶᠠᠨ ᠤ ᠥᠭᠡᠷᠡᠴᠢᠯᠡᠯᠲᠡ ᠶᠢ ᠪᠡᠶᠡᠯᠡᠭᠦᠯᠦᠨ᠂ ᠨᠡᠶᠢᠭᠡᠮ ᠤᠨ ᠡᠯ᠎ᠡ ᠲᠠᠯ᠎ᠠ ᠶᠢᠨ ᠠᠷᠠᠳᠴᠢᠯᠠᠭᠰᠠᠨ ᠥᠭᠡᠷᠡᠴᠢᠯᠡᠯᠲᠡ ᠶᠢ ᠬᠢᠵᠦ᠂ ᠡᠷᠡᠭᠲᠡᠶ ᠡᠮᠡᠭᠲᠡᠶ ᠠᠳᠠᠯᠢ ᠲᠡᠭᠰᠢ ᠡᠷᠬᠡ ᠲᠠᠢ ᠪᠠᠶᠢᠬᠤ ᠶᠢ ᠬᠡᠷᠡᠭᠵᠢᠭᠦᠯᠵᠦ᠂ ᠬᠤᠪᠢᠰᠬᠠᠯ ᠤᠨ ᠡᠰᠡᠷᠭᠦᠴᠦᠳ ᠢ ᠳᠠᠷᠤᠩᠭᠤᠶᠢᠯᠠᠨ᠂ ︽ᠭᠤᠷᠪᠠ ᠶᠢ ᠡᠰᠡᠷᠭᠦᠴᠡᠬᠦ︾᠂ ︽ᠲᠠᠪᠤ ᠶᠢ ᠡᠰᠡᠷᠭᠦᠴᠡᠬᠦ︾ ᠬᠥᠳᠡᠯᠭᠡᠭᠡᠨ ᠢ ᠥᠷᠨᠢᠭᠦᠯᠵᠦ᠂ ᠬᠠᠭᠤᠴᠢᠨ ᠨᠡᠶᠢᠭᠡᠮ ᠤᠨ ᠦᠯᠡᠳᠡᠭᠡᠭᠰᠡᠨ ᠪᠤᠵᠠᠷ ᠪᠤᠷᠲᠠᠭ ᠢ ᠴᠡᠪᠡᠷᠯᠡᠨ ᠠᠷᠢᠯᠭᠠᠭᠠᠳ᠂ ᠨᠡᠶᠢᠭᠡᠮ ᠤᠨ ᠳᠦᠷᠰᠦ ᠪᠠᠶᠢᠳᠠᠯ ᠢ ᠴᠣ᠋ ᠰᠢᠨ᠎ᠡ ᠪᠣᠯᠭᠠᠪᠠ᠃ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠰᠦᠷ ᠵᠢᠪᠬᠤᠯᠠᠩᠳᠠᠢ ᠪᠠᠷ᠂ ᠣᠮᠤᠭ ᠲᠡᠭᠦᠯᠳᠡᠷ ᠢᠶᠠᠷ ᠶᠠᠯᠦᠵᠢᠶᠠᠩ ᠮᠥᠷᠡᠨ ᠢ ᠭᠠᠲᠤᠯᠵᠤ᠂ ᠰᠣᠯᠣᠩᠭᠤᠰ ᠤᠨ ᠠᠷᠠᠳ ᠲᠦᠮᠡᠨ ᠪᠣᠯᠤᠨ ᠴᠡᠷᠢᠭ ᠠᠩᠬᠢ ᠲᠠᠢ ᠮᠥᠷᠥ ᠵᠡᠷᠭᠡᠴᠡᠨ ᠪᠠᠶᠢᠯᠳᠤᠵᠤ᠂ ᠦᠪᠴᠢ ᠵᠡᠪᠰᠡᠭᠯᠡᠭᠰᠡᠨ ᠬᠦᠴᠦᠷᠬᠡᠭ ᠳᠠᠶᠢᠰᠤᠨ ᠢ ᠪᠠᠶᠢᠯᠳᠤᠨ ᠢᠯᠠᠵᠤ᠂ ᠤᠯᠤᠰ ᠤᠨ ᠰᠦᠷ ᠴᠡᠷᠢᠭ ᠤᠨ ᠰᠦᠷ ᠢ ᠢᠯᠡᠷᠡᠭᠦᠯᠦᠨ᠂ ᠳᠤᠮᠳᠠᠳᠤ ᠤᠯᠤᠰ ᠤᠨ ᠠᠷᠠᠳ ᠲᠦᠮᠡᠨ ᠤ ᠴᠤᠭ ᠰᠦᠯᠳᠡ ᠶᠢ ᠢᠯᠡᠷᠡᠭᠦᠯᠵᠦ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠲᠠᠶᠢᠨ ᠤ ᠠᠭᠤᠤ ᠶᠡᠭᠡ ᠢᠯᠠᠯᠲᠠ ᠶᠢ ᠣᠯᠵᠤ᠂ ᠰᠢᠨ᠎ᠡ ᠳᠤᠮᠳᠠᠳᠤ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠰᠢᠨ᠎ᠡ ᠳᠤᠮᠳᠠᠳᠤ ᠤᠯᠤᠰ ᠤᠨ ᠲᠤᠮᠤ ᠤᠯᠤᠰ ᠤᠨ ᠪᠠᠶᠢᠷᠢ ᠰᠠᠭᠤᠷᠢ ᠶᠢ ᠢᠯᠡᠷᠡᠭᠦᠯᠪᠡ᠃ ᠰᠢᠨ᠎ᠡ ᠳᠤᠮᠳᠠᠳᠤ ᠤᠯᠤᠰ ᠡᠭᠡᠳᠡᠷᠡᠭᠡᠨ ᠪᠤᠳᠤᠯᠢᠶᠠᠨᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠨᠦᠬᠦᠴᠡᠯ ᠳᠤᠮᠳᠠ ᠯᠠᠪᠳᠠᠭᠤᠨ ᠪᠠᠲᠤᠲᠠᠢ ᠵᠣᠭᠰᠣᠵᠤ ᠴᠢᠳᠠᠪᠠ᠃      ᠨᠠᠮ ᠤᠳᠤᠷᠢᠳᠴᠤ ᠪᠠᠶᠢᠭᠠᠳ ᠠᠵᠢᠯᠴᠢᠨ ᠠᠩᠬᠢ ᠶᠢᠨ ᠤᠳᠤᠷᠢᠳᠤᠭᠰᠠᠨ᠂ ᠠᠵᠢᠯᠴᠢᠨ ᠲᠠᠷᠢᠶᠠᠴᠢᠨ ᠤ ᠬᠤᠯᠪᠣᠭ᠎ᠠ ᠪᠠᠷ ᠰᠠᠭᠤᠷᠢ ᠪᠣᠯᠭᠠᠭᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭᠲᠤ ᠲᠦᠷᠦ ᠶᠢᠨ ᠵᠠᠰᠠᠭ ᠤᠨ ᠡᠷᠬᠡ ᠶᠢ ᠪᠠᠶᠢᠭᠤᠯᠤᠨ ᠪᠠᠬᠢᠵᠢᠭᠦᠯᠵᠦ᠂ ᠤᠯᠤᠰ ᠣᠷᠣᠨ ᠤ ᠲᠦᠷᠭᠡᠨ ᠢᠶᠠᠷ ᠬᠥᠭᠵᠢᠬᠦ ᠳᠤ ᠨᠥᠬᠦᠴᠡᠯ ᠡᠭᠦᠳᠴᠦ ᠥᠭᠪᠡ᠃ 1949 ᠣᠨ ᠳᠤ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠩᠬᠠᠳᠤᠭᠠᠷ ᠬᠤᠭᠤᠴᠠᠭᠠᠨ ᠤ ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠨᠡᠶᠢᠳᠡ ᠶᠢᠨ ᠬᠥᠲᠥᠯᠪᠦᠷᠢ︾᠎ ᠶᠢ ᠲᠣᠭᠲᠠᠭᠠᠪᠠ᠃ 1953 ᠣᠨ ᠳᠤ᠂ ᠨᠠᠮ ᠠᠴᠠ ᠨᠡᠯᠢᠶᠡᠳ ᠤᠷᠳᠤ ᠬᠤᠭᠤᠴᠠᠭᠠᠨ ᠤ ᠳᠤᠲᠤᠷ᠎ᠠ᠂ ᠤᠯᠤᠰ ᠤᠨ ᠨᠡᠶᠢᠭᠡᠮ ᠵᠢᠷᠤᠮᠲᠤ ᠠᠵᠤ ᠦᠢᠯᠡᠳᠪᠦᠷᠢᠵᠢᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠦᠭᠡᠳ ᠤᠯᠤᠰ ᠠᠴᠠ ᠲᠠᠷᠢᠶᠠᠯᠠᠩ᠂ ᠭᠠᠷ ᠦᠢᠯᠡᠳᠪᠦᠷᠢ ᠪᠠ ᠬᠥᠷᠥᠩᠭᠡᠲᠦ ᠦᠢᠯᠡᠳᠪᠦᠷᠢ ᠬᠤᠳᠠᠯᠳᠤᠭ᠎ᠠ ᠳᠤ ᠬᠢᠬᠦ ᠨᠡᠶᠢᠭᠡᠮ ᠵᠢᠷᠤᠮᠲᠤ ᠥᠭᠡᠷᠡᠴᠢᠯᠡᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠬᠦ ᠰᠢᠯᠵᠢᠯᠲᠡ ᠶᠢᠨ ᠦᠶ᠎ᠡ ᠶᠢᠨ ᠶᠡᠷᠦᠩᠬᠡᠶ ᠱᠤᠭᠤᠮ ᠢ ᠵᠢᠩᠬᠢᠨᠢ ᠪᠠᠷ ᠳᠤᠷᠠᠳᠤᠨ ᠭᠠᠷᠭᠠᠪᠠ᠃ 1954 ᠣᠨ ᠳᠤ᠂ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠎ ᠶᠢ ᠪᠠᠲᠤᠯᠠᠪᠠ᠃ 1956 ᠣᠨ ᠳᠤ᠂ ᠮᠠᠨ ᠤ ᠤᠯᠤᠰ ᠦᠢᠯᠡᠳᠪᠦᠷᠢᠯᠡᠯ ᠤᠨ ᠬᠡᠷᠡᠭᠰᠡᠯ ᠤᠨ ᠬᠤᠪᠢ ᠶᠢᠨ ᠥᠮᠴᠢᠯᠡᠯ ᠳᠤ ᠬᠢᠬᠦ ᠨᠡᠶᠢᠭᠡᠮ ᠵᠢᠷᠤᠮᠲᠤ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠦᠢᠯᠡᠳᠪᠦᠷᠢᠯᠡᠯ ᠤᠨ ᠬᠡᠷᠡᠭᠰᠡᠯ ᠤᠨ ᠨᠡᠶᠢᠲᠡ ᠶᠢᠨ ᠥᠮᠴᠢᠯᠡᠯ ᠪᠠ ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ ᠵᠢᠷᠤᠮᠲᠤ ᠠᠵᠤ ᠠᠬᠤᠶ ᠶᠢᠨ ᠪᠠᠶᠢᠭᠤᠯᠤᠯ ᠢ ᠡᠬᠢᠯᠡᠨ ᠪᠠᠶᠢᠭᠤᠯᠪᠠ᠃ ᠨᠠᠮ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ ᠪᠠᠶᠢᠭᠤᠯᠤᠯ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠤᠳᠤᠷᠢᠳᠤᠨ ᠲᠣᠭᠲᠠᠭᠠᠵᠤ᠂ ᠠᠷᠠᠳ ᠲᠦᠮᠡᠨ ᠤ ᠡᠵᠡᠨ ᠰᠠᠭᠤᠵᠦ ᠡᠷᠬᠡ ᠮᠡᠳᠡᠬᠦ ᠳᠤ ᠪᠠᠶᠢᠭᠤᠯᠤᠯ ᠤᠨ ᠪᠠᠲᠤᠯᠠᠭ᠎ᠠ ᠬᠠᠩᠭᠠᠪᠠ᠃ ᠨᠠᠮ ᠤᠳᠤᠷᠢᠳᠴᠤ ᠪᠠᠶᠢᠭᠠᠳ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠢ ᠪᠡᠶᠡᠯᠡᠭᠦᠯᠦᠨ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠡᠷᠬᠡ ᠲᠡᠭᠰᠢ ᠬᠠᠪᠰᠤᠷᠤᠯᠴᠠᠬᠰᠠᠨ ᠨᠡᠶᠢᠭᠡᠮ ᠵᠢᠷᠤᠮᠲᠤ ᠦᠨᠳᠦᠰᠦᠲᠡᠨ ᠤ ᠬᠠᠷᠢᠴᠠᠭ᠎ᠠ ᠶᠢ ᠪᠤᠢ ᠪᠣᠯᠭᠠᠨ ᠬᠥᠭᠵᠢᠭᠦᠯᠵᠦ᠂ ᠪᠦᠬᠦ ᠤᠯᠤᠰ ᠤᠨ ᠠᠵᠢᠯᠴᠢᠨ᠂ ᠲᠠᠷᠢᠶᠠᠴᠢᠨ᠂ ᠰᠡᠬᠡᠭᠡᠲᠡᠨ ᠪᠠ ᠪᠤᠰᠤᠳ ᠡᠯ᠎ᠡ ᠳᠠᠪᠬᠤᠷᠭ᠎ᠠ ᠶᠢᠨ ᠠᠷᠠᠳ ᠲᠦᠮᠡᠨ ᠤ ᠶᠡᠭᠡ ᠪᠦᠯᠬᠦᠮᠳᠡᠯ ᠢ ᠪᠡᠶᠡᠯᠡᠭᠦᠯᠦᠨ ᠪᠠᠬᠢᠵᠢᠭᠦᠯᠵᠦ᠂ ᠥᠷᠭᠡᠨ ᠳᠡᠯᠭᠡᠷ ᠨᠢᠭᠡᠳᠦᠮᠡᠯ ᠹᠷᠣᠨᠲ ᠢ ᠴᠢᠩᠭᠠᠳᠬᠠᠨ ᠥᠷᠭᠡᠳᠭᠡᠪᠡ᠃ ᠨᠡᠶᠢᠭᠡᠮ ᠵᠢᠷᠤᠮᠲᠤ ᠪᠠᠶᠢᠭᠤᠯᠤᠯ ᠤᠨ ᠪᠠᠶᠢᠭᠤᠯᠤᠭᠳᠠᠭᠰᠠᠨ ᠨᠢ ᠮᠠᠨ ᠤ ᠤᠯᠤᠰ ᠤᠨ ᠠᠯᠢᠪᠠ ᠲᠠᠪᠰᠢᠯᠳᠠ ᠪᠠ ᠬᠥᠭᠵᠢᠯᠲᠡ ᠳᠤ ᠴᠢᠬᠤᠯᠠ ᠰᠠᠭᠤᠷᠢ ᠶᠢ ᠲᠠᠯᠪᠢᠪᠡ᠃      ᠨᠠᠮ ᠤᠨ ᠨᠠᠢᠮᠠᠳᠤᠭᠠᠷ ᠶᠡᠭᠡ ᠬᠤᠷᠠᠯ ᠠᠴᠠ ᠮᠠᠨ ᠤ ᠤᠯᠤᠰ ᠤᠨ ᠨᠡᠶᠢᠭᠡᠮ ᠵᠢᠷᠤᠮᠲᠤ ᠥᠭᠡᠷᠡᠴᠢᠯᠡᠯᠲᠡ ᠦᠨᠳᠦᠰᠦᠨ ᠳᠡᠭᠡᠨ ᠪᠡᠶᠡᠯᠡᠭᠳᠡᠭᠰᠡᠨ ᠤ ᠳᠠᠷᠠᠭᠠᠬᠢ ᠪᠠᠶᠢᠳᠠᠯ ᠢ ᠦᠨᠳᠦᠰᠦᠯᠡᠵᠦ᠂ ᠤᠯᠤᠰ ᠤᠨ ᠳᠣᠲᠣᠭᠠᠳᠤ ᠶᠢᠨ ᠭᠤᠤᠯ ᠵᠥᠷᠢᠴᠡᠯ ᠨᠢᠭᠡᠨᠲᠡ ᠠᠵᠢᠯᠴᠢᠨ ᠠᠩᠬᠢ ᠪᠠ ᠬᠥᠷᠥᠩᠭᠡᠲᠡᠨ ᠠᠩᠬᠢ ᠶᠢᠨ ᠵᠥᠷᠢᠴᠡᠯ ᠪᠢᠰᠢ ᠪᠤᠯᠵᠠᠢ᠂ ᠬᠠᠷᠢᠨ ᠠᠷᠠᠳ ᠲᠦᠮᠡᠨ ᠤ ᠠᠵᠦ ᠠᠬᠤᠢ ᠰᠤᠶᠤᠯ ᠢ ᠦᠳᠲᠡᠷ ᠲᠦᠷᠭᠡᠨ ᠬᠦᠭᠵᠢᠭᠦᠯᠬᠦ ᠶᠢᠨ ᠬᠡᠷᠡᠭᠴᠡᠭᠡ ᠬᠢᠭᠡᠳ ᠤᠳᠤᠬᠢ ᠠᠵᠤ ᠠᠬᠤᠢ ᠰᠤᠶᠤᠯ ᠤᠨ ᠠᠷᠠᠳ ᠲᠦᠮᠡᠨ ᠤ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠭ᠎ᠠ ᠪᠠᠶᠢᠳᠠᠯ ᠤᠨ ᠬᠤᠭᠤᠷᠤᠨᠳᠤᠬᠢ ᠵᠦᠷᠢᠴᠡᠯ ᠪᠣᠯᠪᠠ᠂ ᠪᠦᠬᠦ ᠤᠯᠤᠰ ᠤᠨ ᠠᠷᠠᠳ ᠲᠦᠮᠡᠨ ᠤ ᠭᠤᠣᠯ ᠡᠭᠦᠷᠭᠡ ᠪᠣᠯ ᠬᠦᠴᠦ ᠪᠠᠨ ᠲᠥᠪᠯᠡᠷᠡᠭᠦᠯᠦᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠯᠤᠰ ᠤᠨ ᠠᠵᠤ ᠦᠢᠯᠡᠳᠪᠦᠷᠢᠵᠢᠯᠲᠡ ᠶᠢ ᠪᠡᠶᠡᠯᠡᠭᠦᠯᠦᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠣᠳᠠᠰ ᠤᠨ ᠪᠠ ᠰᠣᠶᠣᠯ ᠤᠨ ᠬᠡᠷᠡᠭᠴᠡᠭᠡ ᠶᠢ ᠠᠯᠬᠤᠮ ᠠᠯᠬᠤᠮ ᠢᠶᠠᠷ ᠬᠠᠩᠭᠠᠬᠤ ᠶᠠᠪᠤᠳᠠᠯ ᠪᠤᠯᠤᠨ᠎ᠠ ᠭᠡᠵᠦ ᠳᠤᠷᠠᠳᠤᠨ ᠭᠠᠷᠭᠠᠪᠠ᠃ ᠨᠠᠮ ᠠᠴᠠ ᠮᠠᠨ ᠤ ᠤᠯᠤᠰ ᠢᠶᠠᠨ ᠠᠯᠬᠤᠮ ᠠᠯᠬᠤᠮ ᠢᠶᠠᠷ ᠤᠳᠤ ᠦᠶ᠎ᠡ ᠶᠢᠨ ᠲᠠᠷᠢᠶᠠᠯᠠᠩ᠂ ᠤᠳᠤ ᠦᠶ᠎ᠡ ᠶᠢᠨ ᠠᠵᠤ ᠦᠢᠯᠡᠳᠪᠦᠷᠢ᠂ ᠤᠳᠤ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠪᠠ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠪᠦᠬᠦᠢ ᠨᠡᠶᠢᠭᠡᠮ ᠵᠢᠷᠤᠮᠲᠤ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠳᠤᠷᠠᠳᠤᠨ ᠭᠠᠷᠭᠠᠭᠠᠳ᠂ ᠠᠷᠠᠳ ᠲᠦᠮᠡᠨ ᠢ ᠤᠳᠤᠷᠢᠳᠤᠨ ᠪᠦᠬᠦ ᠲᠠᠯ᠎ᠠ ᠶᠢᠨ ᠶᠡᠭᠡ ᠬᠡᠪᠴᠢᠶᠡᠨ ᠤ ᠨᠡᠶᠢᠭᠡᠮ ᠵᠢᠷᠤᠮᠲᠤ ᠪᠦᠳᠦᠭᠡᠠ ᠪᠠᠶᠢᠭᠤᠯᠤᠯᠲᠠ ᠶᠢ ᠥᠷᠨᠢᠭᠦᠯᠪᠡ᠃ ᠬᠡᠳᠦ ᠤᠳᠠᠭᠠᠨ ᠤ ᠲᠠᠪᠤᠨ ᠵᠢᠯ ᠤᠨ ᠲᠥᠯᠥᠪᠯᠡᠭᠡ ᠶᠢ ᠬᠡᠷᠡᠭᠵᠢᠭᠦᠯᠬᠦ ᠪᠠᠷ ᠳᠠᠮᠵᠢᠭᠠᠳ᠂ ᠮᠠᠨ ᠤ ᠤᠯᠤᠰ ᠪᠡᠶ᠎ᠡ ᠪᠠᠨ ᠳᠠᠭᠠᠭᠠᠭᠰᠠᠨ ᠨᠡᠯᠢᠶᠡᠳ ᠪᠦᠷᠢᠨ ᠪᠦᠲᠦᠨ ᠠᠵᠤ ᠦᠢᠯᠡᠳᠪᠦᠷᠢ ᠶᠢᠨ ᠰᠢᠰᠲ᠋ᠧᠮ ᠪᠠ ᠤᠯᠤᠰ ᠠᠷᠠᠳ ᠤᠨ ᠠᠵᠤ ᠠᠬᠤᠶ ᠶᠢᠨ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠢᠯᠡᠳᠲᠡ ᠬᠤᠪᠢᠷᠠᠭᠤᠯᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠦᠢᠯᠡᠰ ᠢ ᠮᠠᠰᠢ ᠶᠡᠭᠡ ᠬᠥᠭᠵᠢᠯᠳᠠ ᠲᠠᠢ ᠪᠤᠯᠭᠠᠪᠡ᠃ ︽ᠬᠤᠶᠠᠷ ᠪᠥᠮᠪᠦᠭᠡ ᠨᠢᠭᠡ ᠤᠳᠤ︾ ᠵᠡᠷᠭᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠷᠦ᠋ᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠲᠠᠰᠤᠷᠠᠯᠳᠠ ᠦᠭᠡᠢ ᠰᠢᠪᠲᠤᠯᠤᠯᠲᠠ ᠲᠠᠢ ᠪᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠵᠤ ᠦᠢᠯᠡᠳᠪᠦᠷᠢ ᠦᠭᠡᠢ ᠪᠠᠶᠢᠬᠰᠠᠨ ᠠᠴᠠ ᠪᠠᠨ ᠪᠠᠶᠢᠬᠤ ᠪᠤᠯᠵᠤ ᠠᠯᠬᠤᠮ ᠠᠯᠬᠤᠮ ᠢᠶᠠᠷ ᠬᠥᠭᠵᠢᠵᠦ ᠡᠬᠢᠯᠡᠪᠡ᠃ ᠠᠷᠠᠳ ᠤᠨ ᠴᠢᠯᠦᠬᠡᠯᠡᠬᠦ ᠴᠡᠷᠢᠭ ᠢ ᠪᠤᠵᠠᠭᠠᠶᠢᠷᠠᠭᠤᠯᠤᠨ ᠳᠡᠬᠡᠭᠰᠢᠯᠡᠬᠦᠯᠵᠦ᠂ ᠲᠠᠩ ᠭᠠᠭᠴᠠ ᠬᠠᠭᠤᠷᠠᠶ ᠶᠢᠨ ᠴᠡᠷᠢᠭ ᠠᠴᠠ ᠪᠠᠨ ᠳᠠᠯᠠᠢ ᠶᠢᠨ ᠴᠡᠷᠢᠭ᠂ ᠠᠭᠠᠷ ᠤᠨ ᠴᠡᠷᠢᠭ ᠪᠠ ᠪᠤᠰᠤᠳ ᠮᠡᠷᠭᠡᠵᠢᠯ ᠤᠨ ᠴᠡᠷᠢᠭ ᠤᠨ ᠲᠦᠷᠦᠯ ᠢ ᠪᠠᠭᠲᠠᠭᠠᠭᠰᠠᠨ ᠨᠡᠶᠢᠯᠡᠮᠡᠯ ᠴᠡᠷᠢᠭ ᠠᠩᠭᠢ ᠪᠣᠯᠵᠦ ᠬᠥᠭᠵᠢᠭᠡᠳ᠂ ᠰᠢᠨ᠎ᠡ ᠪᠠᠷ ᠮᠡᠨᠳᠦᠯᠡᠭᠰᠡᠨ ᠠᠷᠠᠳ ᠤᠨ ᠵᠠᠰᠠᠭ ᠤᠨ ᠡᠷᠬᠡ ᠶᠢ ᠪᠠᠬᠢᠵᠢᠭᠦᠯᠬᠦ᠂ ᠳᠤᠮᠳᠠᠳᠤ ᠤᠯᠤᠰ ᠤᠨ ᠲᠤᠮᠤ ᠤᠯᠤᠰ ᠤᠨ ᠪᠠᠶᠢᠷᠢ ᠰᠠᠭᠤᠷᠢ ᠶᠢ ᠲᠣᠭᠲᠠᠭᠠᠬᠤ᠂ ᠳᠤᠮᠳᠠᠳᠤ ᠶᠢᠨ ᠦᠨᠳᠦᠰᠦᠲᠡᠨ ᠤ ᠨᠡᠷ᠎ᠡ ᠬᠦᠨᠳᠦ ᠶᠢ ᠬᠠᠮᠠᠭᠠᠯᠠᠬᠤ ᠳᠤ ᠪᠠᠲᠤ ᠴᠢᠩᠭ᠎ᠠ ᠥᠮᠥᠭ ᠲᠦᠰᠢᠭ ᠬᠠᠩᠭᠠᠪᠠ᠃      ᠨᠠᠮ ᠠᠴᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠰᠠᠨᠠᠭᠠᠴᠢᠯᠠᠨ ᠪᠠᠷᠢᠮᠲᠠᠯᠠᠵᠤ᠂ ᠤᠯᠤᠰ ᠣᠷᠣᠨ ᠤ ᠲᠤᠰᠠᠭᠠᠷ ᠲᠣᠭᠲᠠᠨᠢᠯ᠂ ᠡᠷᠬᠡ ᠮᠡᠳᠡᠯ᠂ ᠨᠡᠷ᠎ᠡ ᠬᠦᠨᠳᠦ ᠶᠢ ᠡᠷᠡᠰ ᠬᠠᠮᠠᠭᠠᠯᠠᠵᠤ᠂ ᠳᠡᠯᠡᠬᠡᠶ ᠶᠢᠨ ᠳᠠᠷᠤᠯᠠᠭᠳᠠᠵᠤ ᠪᠠᠶᠢᠭ᠎ᠠ ᠦᠨᠳᠦᠰᠦᠲᠡᠨ ᠤ ᠴᠢᠯᠥᠭᠡᠯᠡᠯᠲᠡ ᠶᠢᠨ ᠦᠢᠯᠡᠰ᠂ ᠰᠢᠨ᠎ᠡ ᠪᠠᠷ ᠲᠤᠰᠠᠭᠠᠷ ᠲᠣᠭᠲᠠᠨᠢᠭᠰᠠᠨ ᠤᠯᠤᠰ ᠤᠨ ᠪᠦᠳᠦᠭᠡᠨ ᠪᠠᠶᠢᠭᠤᠯᠤᠯᠲᠠ ᠶᠢᠨ ᠦᠢᠯᠡᠰ ᠪᠠ ᠡᠯ᠎ᠡ ᠤᠯᠤᠰ ᠤᠨ ᠠᠷᠠᠳ ᠲᠦᠮᠡᠨ ᠤ ᠰᠢᠳᠤᠷᠭᠤ ᠶᠣᠰᠣᠨ ᠤ ᠲᠡᠮᠡᠴᠡᠯ ᠢ ᠳᠡᠮᠵᠢᠨ ᠲᠤᠰᠠᠯᠠᠵᠤ᠂ ᠡᠵᠡᠷᠬᠡᠭ ᠲᠦᠷᠢᠮᠡᠬᠡᠶ ᠶᠣᠰᠣ᠂ ᠡᠵᠡᠷᠬᠡᠬᠦ ᠦᠵᠡᠯ᠂ ᠺᠣᠯᠣᠨᠢᠴᠢᠯᠠᠬᠤ ᠦᠵᠡᠯ᠂ ᠠᠷᠠᠰᠤᠲᠠᠨ ᠤ ᠦᠵᠡᠯ ᠢ ᠡᠰᠡᠷᠭᠦᠴᠡᠨ᠂ ᠬᠠᠭᠤᠴᠢᠨ ᠳᠤᠮᠳᠠᠳᠤ ᠤᠯᠤᠰ ᠤᠨ ᠭᠤᠲᠤᠭᠠᠯ ᠲᠤᠷᠤᠮᠵᠢᠯᠠᠯ ᠠᠮᠰᠠᠵᠤ ᠪᠠᠶᠢᠬᠰᠠᠨ ᠭᠠᠳᠠᠭᠠᠳᠤ ᠬᠠᠷᠢᠯᠴᠠᠭ᠎ᠠ ᠶᠢ ᠲᠦᠢᠯᠪᠤᠷᠢᠲᠠᠶ ᠡᠴᠦᠰᠯᠡᠭᠦᠯᠪᠡ᠃ ᠨᠠᠮ ᠠᠴᠠ ᠴᠠᠭ ᠢ ᠦᠵᠡᠨ ᠪᠠᠶᠢᠳᠠᠯ ᠢ ᠰᠢᠨᠵᠢᠯᠡᠵᠤ ᠭᠠᠳᠠᠭᠠᠳᠤ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠮᠠᠨ ᠤ ᠤᠯᠤᠰ ᠤᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠠᠯᠢᠪᠠ ᠬᠠᠤᠯᠢ ᠶᠣᠰᠣᠨ ᠤ ᠡᠷᠬᠡ ᠶᠢ ᠰᠡᠷᠭᠦᠭᠡᠬᠦ ᠶᠢ ᠠᠬᠢᠭᠤᠯᠵᠦ᠂ ᠭᠠᠳᠠᠭᠠᠳᠤ ᠬᠠᠷᠢᠯᠴᠠᠭᠠᠨ ᠤ ᠠᠵᠢᠯ ᠤᠨ ᠰᠢᠨ᠎ᠡ ᠪᠠᠶᠢᠳᠠᠯ ᠢ ᠨᠡᠭᠡᠭᠡᠵᠦ᠂ ᠳᠡᠯᠡᠬᠡᠶ ᠨᠡᠶᠢᠲᠡ ᠶᠢᠨ ᠬᠢᠨ ᠤ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠬᠤ ᠪᠠᠶᠢᠷᠢᠰᠢᠯ ᠢ ᠪᠤᠢ ᠪᠣᠯᠭᠠᠬᠤ ᠶᠢ ᠠᠬᠢᠭᠤᠯᠪᠠ᠃ ᠨᠠᠮ ᠠᠴᠠ ᠭᠤᠷᠪᠠᠨ ᠶᠢᠷᠲᠢᠨᠴᠦ ᠬᠤᠪᠢᠶᠠᠬᠤ ᠪᠠᠶᠢᠯᠳᠤᠬᠤ ᠪᠤᠳᠤᠯᠭ᠎ᠠ ᠶᠢ ᠳᠤᠷᠠᠳᠤᠨ ᠭᠠᠷᠭᠠᠵᠤ᠂ ᠳᠤᠮᠳᠠᠳᠤ ᠤᠯᠤᠰ ᠡᠭᠦᠷᠢᠳᠡ ᠡᠵᠡᠷᠬᠡᠭᠴᠢ ᠪᠣᠯᠬᠤ ᠦᠭᠡᠢ ᠭᠡᠰᠡᠨ ᠲᠥᠪ ᠴᠢᠩᠭ᠎ᠠ ᠠᠮᠠᠯᠠᠯᠲᠠ ᠬᠢᠵᠦ᠂ ᠳᠡᠯᠡᠬᠡᠢ ᠨᠡᠶᠢᠲᠡ ᠢᠯᠠᠩᠭᠤᠶ᠎ᠠ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠦᠨᠳᠦᠳᠭᠡᠯ ᠪᠠ ᠮᠠᠭᠲᠠᠭᠠᠯ ᠢ ᠤᠯᠪᠠ᠃      ᠨᠠᠮ ᠪᠦᠬᠦ ᠤᠯᠤᠰ ᠲᠤ ᠲᠥᠷᠥ ᠪᠠᠷᠢᠬᠤ ᠳᠤ ᠲᠤᠯᠭᠠᠷᠠᠬᠤ ᠰᠢᠨ᠎ᠡ ᠰᠢᠯᠭᠠᠯᠳᠠ ᠶᠢ ᠭᠦᠢᠴᠡᠳ ᠵᠦᠩᠨᠡᠨ ᠮᠡᠳᠡᠵᠦ᠂ ᠠᠯᠢ ᠡᠷᠲᠡ ᠴᠢᠯᠥᠭᠡᠯᠡᠬᠦ ᠲᠠᠶᠢᠨ ᠪᠦᠬᠦ ᠤᠯᠤᠰ ᠲᠤ ᠢᠯᠠᠯᠲᠠ ᠤᠯᠬᠤ ᠠᠴᠠ ᠡᠮᠦᠨᠡᠬᠡᠨ ᠬᠤᠷᠠᠯᠳᠤᠭᠤᠯᠤᠰᠠᠨ ᠨᠠᠮ ᠤᠨ ᠳᠣᠯᠣᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠠᠴᠠ ᠪᠦᠬᠦ ᠨᠠᠮ ᠳᠤ ᠡᠷᠬᠡᠪᠰᠢ ᠦᠷᠭᠦᠯᠵᠢᠯᠡᠨ ᠳᠠᠷᠤᠤ᠂ ᠪᠣᠯᠭᠤᠮᠵᠢᠲᠠᠶ᠂ ᠪᠠᠷᠳᠠᠮᠨᠠᠬᠤ ᠦᠭᠡᠢ᠂ ᠪᠠᠴᠢᠮᠳᠠᠬᠤ ᠦᠭᠡᠢ ᠰᠤᠷᠲᠠᠯ ᠲᠠᠢ ᠪᠠᠶᠢᠬᠤ ᠬᠡᠷᠡᠭᠲᠡᠶ᠂ ᠡᠷᠬᠡᠪᠰᠢ ᠦᠷᠭᠦᠯᠵᠢᠯᠡᠨ ᠳᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠰᠤᠷᠲᠠᠯ ᠲᠠᠢ ᠪᠠᠶᠢᠬᠤ ᠬᠡᠷᠡᠭᠲᠡᠶ ᠭᠡᠵᠦ ᠳᠤᠷᠠᠳᠤᠭᠰᠠᠨ ᠪᠠᠶᠢᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠨᠠᠮ ᠠᠴᠠ ᠲᠦᠷᠦ ᠪᠠᠷᠢᠬᠤ ᠨᠥᠬᠦᠴᠡᠯ ᠳᠣᠤᠷᠠᠬᠢ ᠨᠠᠮ ᠤᠨ ᠪᠠᠶᠢᠭᠤᠯᠤᠯᠲᠠ ᠶᠢᠨ ᠴᠢᠬᠤᠯᠠ ᠶᠡᠭᠡ ᠰᠡᠳᠦᠪ ᠢ ᠴᠢᠬᠤᠯᠠᠴᠢᠯᠠᠨ ᠳᠤᠷᠠᠳᠴᠤ᠂ ᠦᠵᠡᠯ ᠰᠠᠨᠠᠭ᠎ᠠ ᠵᠣᠬᠢᠶᠠᠨ ᠪᠠᠶᠢᠭᠤᠯᠤᠯᠲᠠ ᠰᠤᠷᠲᠠᠯ ᠤᠨ ᠲᠠᠯ᠎ᠠ ᠪᠠᠷ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠪᠠᠬᠢᠵᠢᠭᠦᠯᠪᠡ᠃ ᠨᠠᠮ ᠠᠴᠠ ᠺᠠᠳ᠋ᠷ ᠤᠨ ᠤᠨᠤᠯ ᠤᠨ ᠰᠤᠷᠤᠯᠴᠠᠯᠭ᠎ᠠ ᠪᠠ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠨᠠᠮ ᠤᠨ ᠤᠳᠤᠷᠢᠳᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠦᠬᠦ ᠨᠠᠮ ᠢᠯᠠᠩᠭᠤᠶ᠎ᠠ ᠨᠠᠮ ᠤᠨ ᠳᠡᠭᠡᠳᠦ ᠵᠡᠷᠭᠡ ᠶᠢᠨ ᠺᠠᠳ᠋ᠷᠴᠤᠳ ᠢ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠬᠤ ᠤᠬᠠᠮᠰᠠᠷᠲᠤ ᠴᠢᠨᠠᠷ ᠢᠶᠠᠨ ᠴᠢᠩᠭᠠᠳᠬᠠᠬᠤ ᠬᠡᠷᠡᠭᠳᠠᠢ ᠬᠡᠵᠦ ᠱᠠᠭᠠᠷᠳᠠᠪᠠ᠃ ᠨᠠᠮ ᠠᠴᠠ ᠰᠤᠷᠲᠠᠯ ᠴᠡᠭᠴᠡᠯᠡᠬᠦ ᠨᠠᠮ ᠴᠡᠭᠴᠡᠯᠡᠬᠦ ᠠᠵᠢᠯᠯᠠᠭ᠎ᠠ ᠦᠷᠨᠢᠬᠦᠯᠦᠨ᠂ ᠨᠠᠮ ᠤᠨ ᠳᠣᠲᠣᠭᠠᠳᠤ ᠶᠢᠨ ᠬᠥᠮᠦᠵᠢᠯ ᠢ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠡᠭᠴᠡᠯᠡᠵᠦ᠂ ᠨᠠᠮ ᠤᠨ ᠭᠡᠰᠢᠭᠦᠨ ᠤ ᠨᠥᠬᠦᠴᠡᠯ ᠢ ᠳᠡᠭᠡᠭᠰᠢᠯᠡᠭᠦᠯᠵᠦ᠂ ᠨᠣᠶᠠᠨᠴᠢ ᠰᠤᠷᠲᠠᠯ᠂ ᠵᠠᠷᠯᠢᠭᠳᠠᠬᠤ ᠦᠵᠡᠯ ᠪᠠ ᠱᠠᠮᠰᠢᠨ ᠪᠦᠷᠢᠯᠭᠡᠬᠦ ᠶᠢ ᠡᠰᠡᠷᠭᠦᠴᠡᠪᠡ᠃ ᠨᠠᠮ ᠠᠴᠠ ᠨᠠᠮ ᠤᠨ ᠭᠡᠰᠢᠭᠦᠨ ᠺᠠᠳ᠋ᠷᠴᠤᠳ ᠤᠨ ᠢᠯᠵᠢᠷᠠᠨ ᠳᠤᠷᠦ᠋ᠢᠳᠠᠵᠤ ᠴᠢᠨᠠᠷ ᠬᠤᠪᠢᠷᠠᠬᠤ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠶᠢᠨ ᠬᠠᠮᠲᠤ ᠬᠦᠴᠦᠯᠡᠨ ᠰᠡᠷᠭᠡᠶᠢᠯᠡᠵᠦ᠂ ᠢᠯᠵᠢᠷᠠᠯ ᠢ ᠡᠷᠡᠰ ᠵᠠᠯᠬᠠᠭᠠᠨ ᠰᠢᠢᠳᠭᠡᠪᠡ᠃ ᠡᠳᠡᠭᠡᠷ ᠴᠢᠬᠤᠯᠠ ᠠᠷᠭ᠎ᠠ ᠬᠡᠮᠵᠢᠶ᠎ᠡ ᠨᠢ ᠨᠠᠮ ᠤᠨ ᠴᠡᠪᠡᠷ ᠴᠢᠨᠠᠷ ᠪᠣᠯᠤᠨ ᠪᠦᠬᠦ ᠨᠠᠮ ᠤᠨ ᠪᠦᠯᠬᠦᠮᠳᠡᠯ ᠢ ᠴᠢᠩᠭᠠᠳᠬᠠᠨ᠂ ᠨᠠᠮ ᠪᠠ ᠠᠷᠠᠳ ᠤᠯᠠᠨ ᠤ ᠬᠤᠭᠤᠷᠤᠨᠳᠤᠬᠢ ᠬᠠᠷᠢᠯᠴᠠᠭ᠎ᠠ ᠶᠢ ᠨᠢᠭᠲᠠᠷᠠᠭᠤᠯᠵᠤ᠂ ᠲᠦᠷᠦ ᠪᠠᠷᠢᠬᠴᠢ ᠨᠠᠮ ᠤᠨ ᠪᠠᠶᠢᠭᠤᠯᠤᠯᠲᠠ ᠶᠢᠨ ᠠᠩᠬ᠎ᠠ ᠠᠯᠬᠤᠮ ᠤᠨ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃      ᠡᠨᠡ ᠬᠦ ᠦᠶ᠎ᠡ ᠳᠤ᠂ ᠮᠠᠤ ᠽᠧ ᠳ᠋ᠦᠩ ᠨᠥᠬᠦᠷ ᠮᠠᠷᠺᠰ ᠯᠧᠨᠢᠨ ᠤ ᠦᠵᠡᠯ ᠤᠨ ᠦᠨᠳᠦᠰᠦᠨ ᠤᠭ ᠶᠤᠰᠤ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ︽ᠬᠤᠶᠠᠳᠡᠬᠢ ᠤᠳᠠᠭ᠎ᠠ ᠤᠶᠠᠯᠳᠤᠭᠤᠯᠬᠤ︾᠎ ᠶᠢ ᠳᠤᠷᠠᠳᠤᠨ ᠭᠠᠷᠭᠠᠵᠦ᠂ ᠮᠠᠤ ᠽᠧ ᠳ᠋ᠦᠩ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠰᠢᠨ᠎ᠡ ᠪᠣᠳᠠᠲᠤ ᠪᠠᠶᠢᠳᠠᠯ ᠲᠠᠢ ᠤᠶᠠᠯᠳᠤᠭᠤᠯᠤᠨ ᠮᠠᠤ ᠽᠧ ᠳ᠋ᠦᠩ ᠤᠨ ᠦᠵᠡᠯ ᠰᠠᠨᠠᠭ᠎ᠠ ᠶᠢ ᠪᠠᠶᠠᠯᠢᠬᠵᠢᠭᠤᠯᠤᠨ ᠬᠥᠭᠵᠢᠭᠦᠯᠦᠭᠡᠳ᠂ ᠨᠡᠶᠢᠭᠡᠮ ᠵᠢᠷᠤᠮᠲᠤ ᠨᠡᠶᠢᠭᠡᠮ ᠪᠤᠯ ᠨᠢᠭᠡᠨ ᠮᠠᠰᠢ ᠤᠷᠲᠤ ᠬᠤᠭᠤᠴᠠᠭᠠᠨ ᠤ ᠲᠡᠦᠬᠡᠨ ᠱᠠᠲᠤ ᠦᠶ᠎ᠡ ᠮᠦᠨ᠂ ᠳᠠᠶᠢᠰᠤᠨ ᠮᠠᠨ ᠤ ᠬᠤᠭᠤᠷᠣᠨᠳᠣᠬᠢ ᠵᠥᠷᠢᠴᠡᠯ ᠪᠠ ᠠᠷᠠᠳ ᠤᠨ ᠳᠣᠲᠣᠭᠠᠳᠤ ᠶᠢᠨ ᠵᠥᠷᠢᠴᠡᠯ ᠢ ᠴᠢᠩᠭ᠎ᠠ ᠢᠯᠭᠠᠵᠤ ᠵᠥᠪ ᠢᠶᠠᠷ ᠰᠢᠢᠳᠪᠦᠷᠢᠯᠡᠬᠦ᠂ ᠮᠠᠨ ᠤ ᠤᠯᠤᠰ ᠤᠨ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠠᠷᠪᠠᠨ ᠶᠡᠭᠡ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ᠂ ᠮᠠᠨ ᠤ ᠤᠯᠤᠰ ᠤᠨ ᠪᠠᠶᠢᠳᠠᠯ ᠳᠤ ᠳᠣᠭᠢᠷᠬᠠᠰᠠᠨ ᠠᠵᠤ ᠦᠢᠯᠡᠳᠪᠦᠷᠢᠵᠢᠯᠲᠡ ᠶᠢᠨ ᠵᠠᠮ ᠢ ᠨᠡᠭᠡᠭᠡᠬᠦ᠂ ᠥᠷᠲᠡᠭ ᠤᠨ ᠵᠢᠮ᠎ᠡ ᠶᠣᠰᠣ ᠶᠢ ᠬᠦᠨᠳᠦᠳᠭᠡᠬᠦ᠂ ᠨᠠᠮ ᠪᠠ ᠠᠷᠠᠳᠴᠢᠯᠠᠭᠰᠠᠨ ᠨᠠᠮ ᠪᠦᠯᠦᠭ ᠤᠨ ᠬᠠᠷᠢᠴᠠᠭᠠᠨ ᠤ ᠲᠠᠯ᠎ᠠ ᠪᠠᠷ ︽ᠤᠷᠳᠤ ᠬᠤᠭᠤᠴᠠᠭ᠎ᠠ ᠪᠠᠷ ᠵᠡᠷᠭᠡᠴᠡᠨ ᠣᠷᠣᠰᠢᠵᠤ᠂ ᠬᠠᠷᠢᠯᠴᠠᠨ ᠬᠢᠨᠠᠯᠲᠠ ᠲᠠᠯᠪᠢᠬᠤ︾ ᠴᠢᠭᠯᠡᠯᠲᠡ ᠶᠢ ᠬᠡᠷᠡᠭᠵᠢᠭᠦᠯᠬᠦ᠂ ᠰᠢᠨᠵᠢᠯᠡᠬᠦ ᠤᠬᠠᠭᠠᠨ ᠰᠣᠶᠣᠯ ᠤᠨ ᠠᠵᠢᠯ ᠤᠨ ᠳᠤᠮᠳᠠ ︽ᠦᠡᠭᠭᠡ ᠪᠦᠷᠢ ᠶᠢᠨ ᠴᠡᠴᠡᠭ ᠢ ᠵᠡᠷᠭᠡ ᠪᠠᠷ ᠳᠡᠯᠭᠡᠷᠡᠭᠦᠯᠵᠦ᠂ ᠦᠶ ᠤᠯᠠᠨ ᠡᠷᠳᠡᠮᠲᠡᠨ ᠢ ᠴᠢᠯᠥᠭᠡᠲᠡᠶ ᠶᠠᠷᠢᠯᠴᠠᠭᠤᠯᠬᠤ︾ ᠴᠢᠭᠯᠡᠯᠲᠡ ᠶᠢ ᠬᠡᠷᠡᠭᠵᠢᠭᠦᠯᠬᠦ ᠵᠡᠷᠭᠡ ᠶᠢ ᠪᠠᠭᠲᠠᠭᠠᠭᠰᠠᠨ ᠨᠡᠶᠢᠭᠡᠮ ᠵᠢᠷᠤᠮᠲᠤ ᠪᠦᠳᠦᠭᠡᠨ ᠪᠠᠶᠢᠭᠤᠯᠤᠯᠲᠠ ᠶᠢᠨ ᠲᠤᠬᠠᠶ ᠠᠯᠢ ᠤᠯᠠᠨ ᠴᠢᠬᠤᠯᠠ ᠦᠵᠡᠯ ᠰᠠᠨᠠᠭ᠎ᠠ ᠶᠢ ᠳᠤᠷᠠᠳᠤᠨ ᠭᠠᠷᠭᠠᠪᠠ᠃ ᠡᠳᠡᠭᠡᠷ ᠥᠪᠡᠷᠮᠢᠴᠡ ᠪᠦᠲᠦᠭᠡᠯᠴᠢ ᠴᠢᠨᠠᠷᠲᠠᠶ ᠤᠨᠤᠯ ᠤᠨ ᠦᠷ᠎ᠡ ᠪᠦᠲᠦᠭᠡᠯ ᠨᠢ ᠤᠳᠤ ᠪᠣᠯᠲᠠᠯ᠎ᠠ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠭᠰᠠᠭᠠᠷ ᠶᠤᠮ᠃      ᠮᠠᠤ ᠽᠧ ᠳ᠋ᠦᠩ ᠤᠨ ᠦᠵᠡᠯ ᠰᠠᠨᠠᠭ᠎ᠠ ᠪᠣᠯ ᠮᠠᠷᠺᠰ ᠯᠧᠨᠢᠨ ᠤ ᠦᠵᠡᠯ ᠢ ᠳᠤᠮᠳᠠᠳᠤ ᠤᠯᠤᠰ ᠲᠤ ᠪᠦᠲᠦᠭᠡᠯᠴᠢ ᠪᠠᠷ ᠬᠡᠷᠡᠭᠯᠡᠵᠦ ᠬᠥᠭᠵᠢᠭᠦᠯᠦᠭᠰᠡᠨ ᠶᠠᠪᠤᠳᠠᠯ ᠮᠥᠨ᠂ ᠦᠢᠯᠡᠳᠦᠯᠭᠡ ᠪᠠᠷ ᠭᠡᠷᠡᠴᠢᠯᠡᠭᠳᠡᠭᠰᠡᠨ ᠳᠤᠮᠳᠠᠳᠤ ᠤᠯᠤᠰ ᠤᠨ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠲᠤᠬᠠᠶ ᠵᠥᠪ ᠤᠨᠤᠯ ᠤᠨ ᠵᠠᠷᠴᠢᠮ ᠪᠠ ᠲᠤᠷᠰᠢᠯᠭ᠎ᠠ ᠶᠢᠨ ᠳ᠋ᠦᠩᠨᠡᠯᠲᠡ ᠮᠥᠨ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠠᠩᠬᠠᠳᠠᠬᠴᠢ ᠤᠳᠠᠭᠠᠨ ᠤ ᠲᠡᠦᠬᠡᠲᠦ ᠴᠢᠨᠠᠷᠲᠠᠶ ᠦᠰᠦᠷᠦᠯᠲᠡ ᠮᠥᠨ᠃ ᠮᠠᠤ ᠽᠧ ᠳ᠋ᠦᠩ ᠤᠨ ᠦᠵᠡᠯ ᠰᠠᠨᠠᠭᠠᠨ ᠤ ᠠᠮᠢᠨ ᠰᠦᠨᠡᠰᠦ ᠪᠣᠯ ᠡᠯ᠎ᠡ ᠪᠦᠷᠢᠯᠳᠦᠬᠦᠨ ᠬᠡᠰᠡᠭ ᠲᠤᠨᠢ ᠲᠤᠭᠤᠰᠢᠯᠠᠭᠳᠠᠵᠤ ᠪᠠᠶᠢᠭ᠎ᠠ ᠵᠣᠭᠰᠣᠯᠲᠠ᠂ ᠦᠵᠡᠯᠲᠡ᠂ ᠠᠷᠭ᠎ᠠ ᠮᠥᠨ᠂ ᠲᠡᠷᠡ ᠨᠢ ᠦᠨᠡᠨ ᠠᠴᠠ ᠵᠥᠪ ᠢ ᠡᠷᠢᠬᠦ᠂ ᠤᠯᠠᠨ ᠲᠦᠮᠡᠨᠴᠢ ᠱᠤᠭᠤᠮ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠭᠤᠷᠪᠠᠨ ᠦᠨᠳᠦᠰᠦᠨ ᠲᠠᠯ᠎ᠠ ᠪᠠᠷ ᠢᠯᠡᠷᠡᠵᠦ᠂ ᠨᠠᠮ ᠪᠠ ᠠᠷᠠᠳ ᠲᠦᠮᠡᠨ ᠤ ᠠᠵᠢᠯ ᠦᠢᠯᠡᠰ ᠤᠨ ᠬᠥᠭᠵᠢᠯᠲᠡ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠬᠠᠩᠭᠠᠭᠰᠠᠨ ᠪᠠᠶᠢᠨ᠎ᠠ᠃      ᠬᠠᠷᠠᠮᠰᠠᠯᠲᠠᠶ ᠨᠢ᠂ ᠨᠠᠮ ᠤᠨ ᠨᠠᠢᠮᠠᠳᠤᠭᠠᠷ ᠶᠡᠭᠡ ᠬᠤᠷᠠᠯ ᠠᠴᠠ ᠪᠦᠷᠢᠯᠳᠦᠭᠦᠯᠦᠭᠰᠡᠨ ᠵᠥᠪ ᠱᠤᠭᠤᠮ ᠢ ᠲᠡᠷᠡ ᠴᠢᠭ ᠢᠶᠠᠷ ᠨᠢ ᠪᠠᠷᠢᠮᠲᠠᠯᠠᠵᠤ ᠴᠢᠳᠠᠭᠰᠠᠨ ᠦᠭᠡᠢ ᠪᠠᠶᠢᠵᠤ᠂ ᠤᠷᠢᠳ ᠬᠤᠵᠢᠳ ︽ᠶᠡᠭᠡ ᠦᠰᠦᠷᠦᠩᠭᠦᠶ ᠲᠠᠪᠰᠢᠯᠳᠠ︾᠎ ᠶᠢᠨ ᠬᠥᠳᠡᠯᠭᠡᠭᠡᠨ᠂ ᠠᠷᠠᠳ ᠤᠨ ᠨᠢᠭᠡᠳᠦᠯ ᠪᠠᠶᠢᠭᠤᠯᠬᠤ ᠬᠦᠳᠡᠯᠬᠡᠬᠡᠨ ᠵᠡᠷᠭᠡ ᠠᠯᠳᠠᠭ᠎ᠠ ᠶᠢ ᠭᠠᠷᠭᠠᠵᠤ᠂ ᠪᠠᠷᠠᠭᠤᠨᠲᠠᠨ ᠢ ᠡᠰᠡᠷᠭᠦᠴᠡᠬᠦ ᠲᠡᠮᠡᠴᠡᠯ ᠢ ᠴᠦ ᠬᠦᠨᠳᠦ ᠨᠣᠴᠢᠲᠠᠶ ᠥᠷᠭᠡᠳᠭᠡᠪᠡ᠃ ᠲᠤᠬᠠᠶ ᠶᠢᠨ ᠦᠶ᠎ᠡ ᠶᠢᠨ ᠬᠦᠨᠳᠦ ᠬᠡᠴᠡᠬᠦᠦ ᠪᠦᠭᠡᠳ ᠲᠦᠪᠡᠭ ᠪᠤᠳᠤᠯᠢᠶᠠᠨᠲᠠᠶ ᠭᠠᠳᠠᠭᠠᠳᠤ ᠣᠷᠴᠢᠨ ᠨᠦᠬᠦᠴᠡᠯ ᠤᠨ ᠡᠮᠦᠨ᠎ᠡ᠂ ᠨᠠᠮ ᠠᠴᠠ ᠨᠡᠶᠢᠭᠡᠮ ᠵᠢᠷᠤᠮᠲᠤ ᠲᠦᠷᠦ ᠶᠢᠨ ᠡᠷᠬᠡ ᠶᠢ ᠪᠠᠬᠢᠵᠢᠬᠦᠯᠬᠦ ᠶᠠᠪᠤᠳᠠᠯ ᠢ ᠲᠦᠢᠯ ᠢᠶᠠᠷ ᠠᠩᠬᠠᠷᠴᠤ᠂ ᠡᠬᠦᠨ ᠤ ᠳᠦᠯᠦᠬᠡ ᠤᠯᠠᠨ ᠲᠠᠯ᠎ᠠ ᠶᠢᠨ ᠴᠢᠷᠮᠠᠶᠢᠯᠭ᠎ᠠ ᠭᠠᠷᠭᠠᠪᠠ᠃ ᠭᠡᠳᠡᠯ᠎ᠠ᠂ ᠨᠡᠶᠢᠭᠡᠮ ᠵᠢᠷᠤᠮᠲᠤ ᠨᠡᠶᠢᠭᠡᠮ ᠤᠨ ᠠᠩᠬᠢ ᠶᠢᠨ ᠲᠡᠮᠡᠴᠡᠯ ᠤᠨ ᠲᠤᠬᠠᠶ ᠮᠠᠤ ᠽᠧ ᠳ᠋ᠦᠩ ᠨᠥᠬᠦᠷ ᠤᠨ ᠤᠨᠦᠯ ᠪᠠ ᠦᠢᠯᠡᠳᠦᠯᠭᠡ ᠶᠢᠨ ᠲᠠᠯ᠎ᠠ ᠪᠠᠷ ᠬᠢ ᠠᠯᠳᠠᠭ᠎ᠠ ᠶᠠᠪᠤᠬᠤ ᠲᠤᠳᠦᠮ ᠬᠦᠨᠳᠦ ᠨᠤᠴᠢᠲᠠᠢ ᠪᠤᠯᠵᠤ᠂ ᠨᠠᠮ ᠤᠨ ᠲᠥᠪ ᠬᠤᠷᠢᠶ᠎ᠠ ᠡᠳᠡᠭᠡᠷ ᠠᠯᠳᠠᠭ᠎ᠠ ᠶᠢ ᠴᠠᠭ ᠲᠤᠬᠠᠶ ᠳᠤᠨᠢ ᠵᠠᠯᠠᠷᠠᠭᠤᠯᠵᠤ ᠴᠢᠳᠠᠭᠰᠠᠨ ᠤᠢᠭᠡᠢ ᠪᠠᠶᠢᠪᠠ᠃ ᠮᠠᠤ ᠽᠧ ᠳ᠋ᠦᠩ ᠨᠥᠬᠦᠷ ᠲᠤᠬᠠᠶ ᠶᠢᠨ ᠦᠶ᠎ᠡ ᠶᠢᠨ ᠮᠠᠨ ᠤ ᠤᠯᠤᠰ ᠤᠨ ᠠᠩᠬᠢ ᠶᠢᠨ ᠪᠠᠶᠢᠳᠠᠯ ᠵᠢᠴᠢ ᠨᠠᠮ ᠪᠠ ᠤᠯᠤᠰ ᠣᠷᠣᠨ ᠤ ᠤᠯᠤᠰ ᠲᠦᠷᠦ ᠶᠢᠨ ᠪᠠᠶᠢᠳᠠᠯ ᠤᠨ ᠲᠤᠬᠠᠶ ᠪᠦᠷᠢᠮᠦᠰᠦᠨ ᠪᠤᠷᠤᠭᠤ ᠵᠢᠱᠢᠯᠲᠡ ᠭᠠᠷᠭᠠᠵᠤ᠂ ︽ᠰᠣᠶᠣᠯ ᠤᠨ ᠶᠡᠭᠡ ᠬᠤᠪᠢᠰᠬᠠᠯ︾᠎ ᠢ ᠡᠭᠦᠰᠭᠡᠨ ᠤᠳᠤᠷᠢᠳᠴᠤ᠂ ᠬᠤᠪᠢᠰᠬᠠᠯ ᠤᠨ ᠡᠰᠡᠷᠭᠦᠦ ᠯᠢᠨ ᠪᠢᠶᠤᠤ᠂ ᠵᠢᠶᠠᠩ ᠴᠢᠩ ᠤᠨ ᠬᠤᠶᠠᠷ ᠪᠦᠯᠦᠭ ᠠᠴᠠ ᠮᠠᠤ ᠽᠧ ᠳ᠋ᠦᠩ ᠨᠥᠬᠦᠷ ᠤᠨ ᠠᠯᠳᠠᠭ᠎ᠠ ᠶᠢ ᠠᠰᠢᠭᠯᠠᠨ᠂ ᠲᠦᠷᠦ ᠶᠢ ᠲᠦᠢᠪᠡᠭᠡᠵᠦ ᠲᠦᠮᠡᠨ ᠢ ᠭᠠᠰᠠᠯᠭᠠᠭᠰᠠᠨ ᠶᠡᠭᠡ ᠬᠡᠮᠵᠢᠶᠡᠨ ᠤ ᠶᠠᠯᠠᠲᠤ ᠠᠵᠢᠯᠯᠠᠭ᠎ᠠ ᠶᠢ ᠬᠢᠵᠦ᠂ ᠠᠷᠪᠠᠨ ᠵᠢᠯ ᠤᠨ ᠳᠣᠲᠣᠭᠠᠳᠤ ᠶᠢᠨ ᠰᠠᠮᠠᠭᠤᠷᠠᠯ ᠢ ᠪᠤᠢ ᠪᠤᠯᠭᠠᠭᠠᠳ᠂ ᠨᠠᠮ᠂ ᠤᠯᠤᠰ᠂ ᠠᠷᠠᠳ ᠲᠦᠮᠡᠨ ᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠬᠠᠮᠤᠭ ᠤᠨ ᠬᠦᠨᠳᠦ ᠨᠣᠴᠢᠲᠠᠶ ᠨᠤᠭᠤᠷᠠᠯ ᠪᠦᠳᠦᠷᠢᠯ ᠪᠠ ᠬᠤᠬᠢᠷᠠᠯ ᠳᠤ ᠤᠴᠠᠷᠠᠭᠤᠯᠪᠠ᠂ ᠡᠨᠡ ᠬᠦ ᠰᠤᠷᠭᠠᠮᠵᠢ ᠪᠤᠯ ᠲᠦᠢᠯ ᠤᠨ ᠬᠠᠷᠠᠰᠠᠯᠲᠠᠶ ᠶᠤᠮ᠃ 1976 ᠣᠨ ᠤ 10 ᠰᠠᠷ᠎ᠠ ᠳᠤ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠨᠠᠮ ᠪᠠ ᠠᠷᠠᠳ ᠲᠦᠮᠡᠨ ᠤ ᠬᠦᠰᠡᠯ ᠵᠣᠷᠢᠭ ᠢ ᠬᠡᠷᠡᠭᠵᠢᠭᠦᠯᠵᠦ᠂ ︽ᠲᠦᠷᠪᠡᠠ ᠬᠥᠮᠦᠨ ᠤ ᠪᠦᠯᠦᠭ︾᠎ ᠢ ᠡᠷᠡᠰ ᠰᠢᠭᠤᠷᠬᠠᠢ ᠪᠠᠷ ᠪᠤᠲᠠ ᠨᠢᠷᠭᠡᠵᠦ᠂ ︽ᠰᠣᠶᠣᠯ ᠤᠨ ᠶᠡᠭᠡ ᠬᠤᠪᠢᠰᠬᠠᠯ︾᠎ ᠤᠨ ᠭᠠᠢ ᠭᠠᠮᠰᠢᠭ ᠢ ᠡᠴᠦᠰᠯᠡᠭᠦᠯᠪᠡ᠃      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠥᠭᠡᠷᠡᠴᠢᠯᠡᠯᠲᠡ ᠨᠡᠭᠡᠭᠡᠯᠲᠡ ᠬᠢᠬᠦ ᠶᠢᠨ ᠡᠮᠦᠨᠡᠬᠡᠨ ᠪᠣᠯᠲᠠᠯ᠎ᠠ᠂ ᠨᠠᠮ ᠠᠴᠠ ᠠᠷᠠᠳ ᠲᠦᠮᠡᠨ ᠢ ᠤᠳᠤᠷᠢᠳᠤᠨ ᠨᠡᠶᠢᠭᠡᠮ ᠵᠢᠷᠤᠮᠲᠤ ᠬᠤᠪᠢᠰᠬᠠᠯ ᠢ ᠪᠡᠶᠡᠯᠡᠭᠦᠯᠵᠦ᠂ ᠠᠯᠢᠪᠠ ᠮᠥᠯᠵᠢᠯᠳᠤ ᠪᠠᠶᠢᠭᠤᠯᠤᠯ ᠢ ᠤᠰᠠᠳᠬᠠᠵᠤ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷᠡᠬᠢ ᠬᠠᠮᠤᠭ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠶ ᠨᠡᠶᠢᠭᠡᠮ ᠤᠨ ᠬᠤᠪᠢᠰᠤᠯᠲᠠ ᠶᠢ ᠪᠡᠶᠡᠯᠡᠭᠦᠯᠵᠦ᠂ ᠶᠠᠳᠠᠭᠤ ᠬᠤᠭᠤᠰᠣᠨ᠂ ᠬᠥᠮᠦᠨ ᠠᠮᠠ ᠣᠯᠠᠨᠲᠠᠶ ᠳᠣᠷᠣᠨᠠᠳᠠᠬᠢᠨ ᠤ ᠲᠣᠮᠣ ᠤᠯᠤᠰ ᠢ ᠲᠤᠮᠤ ᠠᠯᠬᠤᠮ ᠢᠶᠠᠷ ᠨᠡᠶᠢᠭᠡᠮ ᠵᠢᠷᠤᠮᠲᠤ ᠨᠡᠶᠢᠭᠡᠮ ᠳᠤ ᠤᠷᠤᠭᠤᠯᠤᠭᠰᠠᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠪᠡ᠃ ᠬᠠᠶᠢᠨ ᠰᠦᠪᠡᠭᠴᠢᠯᠡᠬᠦ ᠶᠠᠪᠤᠴᠠ ᠳᠠᠭᠠᠨ ᠬᠡᠳᠦ᠋ᠢᠪᠡᠷ ᠬᠦᠨᠳᠦ ᠨᠣᠴᠢᠲᠠᠶ ᠨᠤᠭᠤᠷᠠᠯ ᠪᠦᠳᠦᠷᠢᠯ ᠢ ᠥᠩᠭᠡᠷᠡᠭᠦᠯᠦᠭᠰᠡᠨ ᠪᠣᠯᠪᠠᠴᠤ ᠨᠠᠮ ᠤᠨ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠳᠤᠮᠳᠠ ᠣᠯᠤᠭᠰᠠᠨ ᠥᠪᠡᠷᠮᠢᠴᠡ ᠪᠦᠲᠦᠭᠡᠯᠴᠢ ᠴᠢᠨᠠᠷᠲᠠᠶ ᠤᠨᠤᠯ ᠤᠨ ᠦᠷ᠎ᠡ ᠪᠦᠲᠦᠭᠡᠯ ᠪᠠ ᠯᠤᠲᠤ ᠶᠡᠭᠡ ᠠᠮᠵᠢᠯᠲᠠ ᠪᠦᠲᠦᠮᠵᠢ ᠨᠢ ᠰᠢᠨ᠎ᠡ ᠲᠡᠦᠬᠡᠨ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠡᠭᠦᠳᠦᠨ ᠪᠠᠶᠢᠭᠤᠯᠬᠤ ᠳᠤ ᠡᠷᠬᠢᠮ ᠨᠠᠨᠳᠢᠨ ᠲᠤᠷᠰᠢᠯᠭ᠎ᠠ᠂ ᠤᠨᠤᠯ ᠤᠨ ᠪᠡᠯᠡᠳᠭᠡᠯ ᠪᠠ ᠪᠣᠳᠠᠰ ᠤᠨ ᠰᠠᠭᠤᠷᠢ ᠶᠢ ᠬᠠᠩᠭᠠᠭᠰᠠᠨ ᠪᠠᠶᠢᠨ᠎ᠠ      ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠬᠠᠭᠤᠴᠢᠨ ᠶᠢᠷᠲᠢᠨᠴᠦ ᠶᠢ ᠡᠪᠳᠡᠬᠦ ᠳᠤ ᠴᠢᠳᠠᠮᠠᠭᠠᠶ ᠪᠠᠷ ᠪᠠᠷᠠᠬᠤ ᠦᠭᠡᠢ᠂ ᠰᠢᠨ᠎ᠡ ᠶᠢᠷᠲᠢᠨᠴᠦ ᠶᠢ ᠪᠠᠶᠢᠭᠤᠯᠬᠤ ᠳᠤ ᠴᠤ ᠴᠢᠳᠠᠮᠠᠭᠠᠶ ᠶᠤᠮ᠂ ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠬᠥᠭᠵᠢᠭᠦᠯᠵᠦ ᠴᠢᠳᠠᠨ᠎ᠠ ᠭᠡᠳᠡᠭ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃      ᠭᠤᠷᠪᠠ᠂ ᠥᠭᠡᠷᠡᠴᠢᠯᠡᠯᠲᠡ ᠨᠡᠭᠡᠭᠡᠯᠳᠠ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠠ ᠪᠠᠶᠢᠭᠤᠯᠤᠯᠲᠠ ᠬᠢᠭᠰᠡᠨ      ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠦᠶ᠎ᠠ ᠳᠤ᠂ ᠨᠠᠮ ᠳᠤ ᠲᠤᠯᠭᠠᠷᠠᠭᠰᠠᠨ ᠭᠤᠤᠯ ᠡᠭᠦᠷᠭᠡ ᠪᠣᠯ᠂ ᠳᠤᠮᠳᠠᠳᠤ ᠤᠯᠤᠰ ᠤᠨ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠵᠥᠪ ᠵᠠᠮ ᠢ ᠦᠷᠭᠦᠯᠵᠢᠯᠡᠨ ᠰᠦᠪᠡᠭᠴᠢᠯᠡᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ ᠬᠥᠭᠵᠢᠭᠦᠯᠵᠦ᠂ ᠠᠷᠠᠳ ᠲᠦᠮᠡᠨ ᠢ ᠶᠠᠳᠠᠭᠤ ᠠᠴᠠ ᠠᠩᠭᠢᠵᠢᠷᠠᠭᠤᠯᠤᠨ ᠠᠯᠢ ᠲᠦᠷᠭᠡᠨ ᠢᠶᠠᠷ ᠪᠠᠶᠠᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠢᠨ᠎ᠡ ᠠᠮᠢᠳᠤᠯᠢᠬ ᠬᠦᠴᠦᠨ ᠢᠶᠠᠷ ᠪᠢᠯᠬᠠᠬᠰᠠᠨ ᠪᠠᠶᠢᠭᠤᠯᠤᠯ ᠤᠨ ᠪᠠᠲᠤᠯᠠᠭ᠎ᠠ ᠪᠠ ᠲᠦᠷᠭᠡᠨ ᠢᠶᠠᠷ ᠬᠥᠭᠵᠢᠭᠰᠡᠨ ᠪᠣᠳᠠᠰ ᠤᠨ ᠨᠥᠬᠦᠴᠡᠯ ᠢ ᠬᠠᠩᠭᠠᠬᠤ ᠶᠠᠪᠤᠳᠠᠯ ᠪᠤᠯᠤᠨ᠎ᠠ᠃      ︽ᠰᠣᠶᠣᠯ ᠤᠨ ᠶᠡᠭᠡ ᠬᠤᠪᠢᠰᠬᠠᠯ︾ ᠳᠠᠭᠤᠰᠤᠭᠰᠠᠨ ᠤ ᠳᠠᠷᠠᠭ᠎ᠠ᠂ ᠨᠠᠮ ᠪᠣᠯᠤᠨ ᠤᠯᠤᠰ ᠤᠷᠤᠨ ᠴᠤᠬᠤᠮ ᠶᠠᠭᠠᠬᠢᠪᠠᠯ ᠵᠤᠬᠢᠬᠤ ᠪᠤᠢ ᠭᠡᠳᠡᠭ ᠠᠰᠠᠭᠤᠳᠠᠯ ᠳᠤ ᠲᠤᠯᠭᠠᠷᠠᠭᠰᠠᠨ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ ᠦᠶ᠎ᠠ ᠳᠤ᠂ ᠨᠠᠮ ᠠᠴᠠ ᠭᠠᠭᠴᠠ ᠬᠦ ᠥᠭᠡᠷᠡᠴᠢᠯᠡᠯᠲᠡ ᠨᠡᠭᠡᠭᠡᠯᠳᠠ ᠬᠢᠬᠦ ᠪᠣᠯ ᠰᠠᠶ᠋ᠢ ᠴᠤᠷᠢ ᠶᠢᠨ ᠭᠠᠭᠴᠠ ᠭᠠᠷᠬᠤ ᠵᠡᠮ ᠮᠥᠨ᠂ ᠡᠰᠡᠪᠡᠯ ᠮᠠᠨ ᠤ ᠣᠳᠣᠬᠢᠴᠢᠯᠠᠯᠲᠠ ᠶᠢᠨ ᠦᠢᠯᠡᠰ ᠪᠠ ᠨᠡᠶᠢᠭᠡᠮ ᠵᠢᠷᠤᠮ ᠤᠨ ᠦᠢᠯᠡᠰ ᠪᠤᠯᠠᠰᠢᠯᠠᠬᠳᠠᠬᠤ ᠪᠣᠯᠤᠨ᠎ᠠ ᠭᠡᠳᠡᠭ ᠢ ᠭᠦᠨᠵᠡᠭᠡᠶ ᠲᠠᠨᠢᠵᠤ ᠣᠯᠪᠠ᠃ 1978 ᠣᠨ ᠤ 12 ᠰᠠᠷ᠎ᠠ ᠳᠤ᠂ ᠨᠠᠮ ᠠᠴᠠ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠢ ᠬᠤᠷᠠᠯᠳᠤᠭᠤᠯᠵᠤ᠂ ︽ᠠᠩᠭᠢ ᠶᠢᠨ ᠲᠡᠮᠡᠴᠡᠯ ᠢᠶᠠᠷ ᠬᠥᠲᠥᠯᠪᠦᠷᠢ ᠪᠣᠯᠭᠠᠬᠤ ︾᠎ ᠶᠢ ᠡᠷᠡᠰ ᠰᠢᠭᠤᠷᠬᠠᠶ ᠪᠠᠷ ᠡᠴᠦᠰᠯᠡᠭᠦᠯᠦᠨ᠂ ᠨᠠᠮ ᠪᠣᠯᠤᠨ ᠤᠯᠤᠰ ᠤᠨ ᠠᠵᠢᠯ ᠤᠨ ᠭᠤᠣᠯᠳᠠᠯᠭ᠎ᠠ ᠶᠢᠨ ᠪᠠᠶᠢᠯᠳᠤᠬᠤ ᠪᠣᠳᠣᠯᠭ᠎ᠠ ᠶᠢᠨ ᠰᠢᠯᠵᠢᠯᠲᠡ ᠶᠢ ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠦᠶ᠎ᠡ ᠶᠢ ᠨᠡᠭᠡᠭᠡᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠨᠠᠮ ᠤᠨ ᠲᠡᠦᠬᠡᠨ ᠳᠡᠭᠡᠷᠡᠬᠢ ᠠᠯᠤᠰ ᠬᠡᠳᠦ ᠶᠢᠨ ᠠᠴᠢ ᠬᠤᠯᠪᠣᠭᠳᠠᠯ ᠪᠦᠬᠦᠢ ᠠᠭᠤᠤ ᠶᠡᠭᠡ ᠡᠷᠭᠢᠯᠲᠡ ᠶᠢ ᠪᠡᠶᠡᠯᠡᠭᠦᠯᠪᠡ᠃ ᠨᠠᠮ ᠠᠴᠠ ︽ᠰᠣᠶᠣᠯ ᠤᠨ ᠶᠡᠭᠡ ᠬᠤᠪᠢᠰᠬᠠᠯ︾᠎ ᠢ ᠲᠦᠢᠯᠪᠤᠷᠢᠲᠠᠶ ᠦᠭᠡᠶᠢᠰᠭᠡᠬᠦ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠭᠠᠷᠭᠠᠪᠠ᠃ ᠳᠥᠴᠢ ᠭᠠᠷᠤᠶ ᠵᠢᠯ ᠤᠨ ᠲᠤᠷᠰᠢ᠂ ᠨᠠᠮ ᠡᠨᠡ ᠤᠳᠠᠭᠠᠨ ᠤ ᠪᠥᠬᠦᠳᠡ ᠬᠤᠷᠠᠯ ᠠᠴᠠ ᠲᠣᠭᠲᠠᠭᠠᠭᠰᠠᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠭᠰᠠᠭᠠᠷ ᠢᠷᠡᠪᠡ᠃      ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠬᠤᠶᠢᠰᠢ᠂ ᠳ᠋ᠧᠩ ᠰᠢᠶᠣᠤ ᠫᠢᠩ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠵᠥᠪ ᠪᠤᠷᠤᠭᠤ ᠬᠤᠶᠠᠷ ᠲᠠᠯ᠎ᠠ ᠶᠢᠨ ᠲᠤᠷᠰᠢᠯᠭ᠎ᠠ ᠶᠢ ᠭᠦᠨᠵᠡᠭᠡᠶ ᠳ᠋ᠦᠩᠨᠡᠵᠦ᠂ ᠶᠠᠭᠤ ᠶᠢ ᠨᠡᠶᠢᠭᠡᠮ ᠵᠢᠷᠤᠮ ᠭᠡᠬᠦ᠂ ᠨᠡᠶᠢᠭᠡᠮ ᠵᠢᠷᠤᠮ ᠢ ᠬᠡᠷᠬᠢᠨ ᠪᠦᠲᠦᠭᠡᠨ ᠪᠠᠶᠢᠭᠤᠯᠬᠤ ᠡᠨᠡ ᠬᠦ ᠦᠨᠳᠦᠰᠦᠨ ᠠᠰᠠᠭᠤᠳᠠᠯ ᠤᠨ ᠲᠣᠭᠤᠷᠢᠨ ᠳᠤ᠂ ᠳᠡᠯᠡᠬᠡᠶ ᠶᠢᠨ ᠨᠡᠶᠢᠭᠡᠮ ᠵᠢᠷᠤᠮ ᠤᠨ ᠲᠡᠦᠬᠡᠨ ᠲᠤᠷᠰᠢᠯᠭ᠎ᠠ ᠪᠠᠷ ᠲᠣᠯᠢ ᠪᠣᠯᠭᠠᠵᠤ᠂ ᠳ᠋ᠧᠩ ᠰᠢᠶᠣᠤ ᠫᠢᠩ ᠤᠨ ᠣᠨᠣᠯ ᠢ ᠪᠤᠢ ᠪᠤᠯᠭᠠᠵᠤ᠂ ᠦᠵᠡᠯ ᠰᠠᠨᠠᠭ᠎ᠠ ᠪᠠᠨ ᠴᠢᠯᠥᠭᠡᠯᠡᠨ ᠂ ᠦᠨᠡᠨ ᠠᠴᠠ ᠵᠥᠪ ᠢ ᠡᠷᠢᠵᠦ᠂ ᠨᠠᠮ ᠪᠠ ᠤᠯᠤᠰ ᠤᠨ ᠠᠵᠢᠯ ᠤᠨ ᠭᠤᠤᠯᠳᠠᠯᠭ᠎ᠠ ᠶᠢ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠳᠡᠭᠡᠷ᠎ᠡ ᠰᠢᠯᠵᠢᠭᠦᠯᠬᠦ᠂ ᠥᠭᠡᠷᠡᠴᠢᠯᠡᠯᠲᠡ ᠨᠡᠭᠡᠭᠡᠯᠲᠡ ᠶᠢ ᠬᠡᠷᠡᠭᠵᠢᠭᠦᠯᠬᠦ ᠲᠡᠦᠬᠡᠲᠦ ᠴᠢᠨᠠᠷᠲᠠᠶ ᠰᠢᠢᠳᠪᠦᠷᠢᠲᠦ ᠪᠣᠳᠣᠯᠭ᠎ᠠ ᠭᠠᠷᠭᠠᠵᠤ᠂ ᠨᠡᠶᠢᠭᠡᠮ ᠵᠢᠷᠤᠮ ᠤᠨ ᠮᠥᠨ ᠴᠢᠨᠠᠷ ᠢ ᠭᠦᠨᠵᠡᠭᠡᠶ ᠢᠯᠡᠷᠡᠭᠦᠯᠦᠨ᠂ ᠨᠡᠶᠢᠭᠡᠮ ᠵᠢᠷᠤᠮ ᠤᠨ ᠠᠩᠬᠠᠨ ᠤ ᠱᠠᠲᠤᠨ ᠤ ᠦᠨᠳᠦᠰᠦᠨ ᠱᠤᠭᠤᠮ ᠢ ᠲᠣᠭᠲᠠᠭᠠᠵᠤ᠂ ᠥᠪᠡᠷ ᠤᠨ ᠢᠶᠠᠨ ᠵᠠᠮ ᠢᠶᠠᠷ ᠵᠠᠮᠨᠠᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠶᠢ ᠲᠣᠳᠣᠷᠬᠠᠶ ᠳᠤᠷᠠᠳᠤᠨ ᠭᠠᠷᠭᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠠᠯᠢ ᠤᠯᠠᠨ ᠦᠨᠳᠦᠰᠦᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠵᠤ᠂ ᠬᠤᠷᠢᠨ ᠨᠢᠭᠡᠳᠦᠭᠡᠷ ᠵᠠᠭᠤᠨ ᠤ ᠳᠤᠮᠳᠠᠴᠢ ᠦᠶ᠎ᠡ ᠪᠣᠯᠲᠠᠯ᠎ᠠ ᠭᠤᠷᠪᠠᠨ ᠠᠯᠬᠤᠮ ᠬᠤᠪᠢᠶᠠᠵᠤ ᠶᠠᠪᠤᠬᠤ᠂ ᠨᠡᠶᠢᠭᠡᠮ ᠵᠢᠷᠤᠮᠳᠤ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠣᠭᠲᠠᠭᠠᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠠᠮᠵᠢᠯᠲᠠ ᠲᠠᠢ ᠪᠠᠷ ᠡᠭᠦᠳᠦᠨ ᠨᠡᠭᠡᠭᠡᠪᠡ᠃      ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠬᠤᠶᠢᠰᠢ᠂ ᠵᠢᠶᠠᠩ ᠽᠧ ᠮᠢᠨ ᠨᠥᠬᠦᠷ ᠢᠶᠠᠷ ᠭᠤᠣᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ ᠢ ᠪᠠᠷᠢᠮᠲᠠᠯᠠᠨ᠂ ᠶᠠᠭᠤ ᠶᠢ ᠨᠡᠶᠢᠭᠡᠮ ᠵᠢᠷᠤᠮ ᠭᠡᠬᠦ᠂ ᠨᠡᠶᠢᠭᠡᠮ ᠵᠢᠷᠤᠮ ᠢ ᠬᠡᠷᠬᠢᠨ ᠪᠦᠳᠦᠭᠡᠨ ᠪᠠᠶᠢᠭᠤᠯᠬᠤ ᠪᠠ ᠶᠠᠮᠠᠷ ᠶᠠᠩᠵᠤ ᠶᠢᠨ ᠨᠠᠮ ᠢ ᠪᠠᠶᠢᠭᠤᠯᠬᠤ᠂ ᠨᠠᠮ ᠢ ᠬᠡᠷᠬᠢᠨ ᠪᠠᠶᠢᠭᠤᠯᠬᠤ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠵᠤ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ ᠪᠤᠢ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠮᠠᠰᠢ ᠪᠤᠳᠤᠯᠢᠶᠠᠨᠲᠠᠶ᠂ ᠳᠡᠯᠡᠬᠡᠶ ᠶᠢᠨ ᠨᠡᠶᠢᠭᠡᠮ ᠵᠢᠷᠤᠮ ᠬᠦᠨᠳᠦ ᠨᠣᠴᠢᠲᠠᠶ ᠨᠤᠭᠤᠷᠠᠯ ᠪᠦᠳᠦᠷᠢᠯ ᠳᠤ ᠤᠴᠠᠷᠠᠭᠰᠠᠨ ᠬᠠᠲᠠᠭᠤ ᠰᠢᠯᠭᠠᠯᠲᠠ ᠶᠢᠨ ᠡᠮᠦᠨ᠎ᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠬᠠᠮᠠᠭᠠᠯᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠠᠷᠠᠯᠲᠠ ᠪᠣᠯᠤᠨ ᠦᠨᠳᠦᠰᠦᠨ ᠪᠣᠷᠣ ᠲᠥᠯᠥᠪ ᠢ ᠲᠣᠭᠲᠠᠭᠠᠵᠤ᠂ ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ ᠨᠡᠶᠢᠲᠡ ᠶᠢᠨ ᠥᠮᠴᠢᠯᠡᠯ ᠢᠶᠠᠷ ᠭᠤᠤᠯ ᠴᠣᠭᠴᠠ ᠪᠣᠯᠭᠠᠬᠤ᠂ ᠤᠯᠠᠨ ᠲᠦᠷᠦᠯ ᠤᠨ ᠥᠮᠴᠢᠯᠡᠯ ᠤᠨ ᠠᠵᠤ ᠠᠬᠤᠶ ᠶᠢ ᠬᠠᠮᠲᠤ ᠪᠠᠷ ᠬᠥᠭᠵᠢᠭᠦᠯᠬᠦ ᠦᠨᠳᠦᠰᠦᠨ ᠠᠵᠤ ᠠᠬᠤᠶ ᠶᠢᠨ ᠪᠠᠶᠢᠭᠤᠯᠤᠯ ᠪᠠ ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠤᠯ ᠴᠣᠭᠴᠠ ᠪᠣᠯᠭᠠᠬᠤ᠂ ᠤᠯᠠᠨ ᠲᠦᠷᠤᠯ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠵᠡᠷᠭᠡ ᠪᠠᠷ ᠬᠡᠷᠡᠭᠯᠡᠬᠦ ᠬᠤᠪᠢᠶᠠᠷᠢᠯᠠᠯᠲᠠ ᠶᠢᠨ ᠲᠦᠷᠢᠮ ᠢ ᠲᠣᠭᠲᠠᠭᠠᠵᠤ᠂ ᠪᠦᠬᠦ ᠲᠠᠯ᠎ᠠ ᠪᠠᠷ ᠥᠭᠡᠷᠡᠴᠢᠯᠡᠯᠲᠡ ᠨᠡᠭᠡᠭᠡᠯᠳᠡ ᠬᠢᠬᠦ ᠰᠢᠨ᠎ᠡ ᠪᠠᠶᠢᠳᠠᠯ ᠢ ᠨᠡᠭᠡᠭᠡᠵᠤ᠂ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠤᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠬᠤᠷᠢᠨ ᠨᠢᠭᠡᠳᠦᠭᠡᠷ ᠵᠠᠭᠤᠨ ᠲᠡᠶᠢᠰᠢ ᠠᠮᠵᠢᠯᠲᠠ ᠲᠠᠢ ᠪᠠᠷ ᠤᠷᠤᠬᠰᠢᠯᠠᠭᠤᠯᠪᠠ᠃      ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ ᠠᠴᠠ ᠬᠤᠶᠢᠰᠢ᠂ ᠬᠤ᠋ ᠶᠢᠨ ᠲᠤᠤ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠬᠢᠴᠠ ᠲᠤᠮᠳᠠ ᠦᠢᠯᠡᠳᠦᠯᠭᠡ ᠶᠢᠨ ᠰᠢᠨ᠎ᠡ ᠡᠭᠦᠳᠦᠯᠲᠡ᠂ ᠣᠨᠣᠯ ᠤᠨ ᠰᠢᠨ᠎ᠡ ᠡᠭᠦᠳᠦᠯᠲᠡ᠂ ᠪᠠᠶᠢᠭᠤᠯᠤᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠰᠢᠨ᠎ᠡ ᠪᠠᠶᠢᠳᠠᠯ ᠤᠨ ᠳᠣᠤᠷ᠎ᠠ ᠶᠠᠮᠠᠷ ᠶᠠᠩᠵᠤ ᠶᠢᠨ ᠬᠥᠭᠵᠢᠯᠲᠡ ᠶᠢ ᠪᠡᠶᠡᠯᠡᠭᠦᠯᠬᠦ᠂ ᠬᠡᠷᠬᠢᠨ ᠬᠥᠭᠵᠢᠭᠦᠯᠬᠦ ᠵᠡᠷᠭᠡ ᠴᠢᠬᠤᠯᠠ ᠶᠡᠭᠡ ᠠᠰᠠᠭᠤᠳᠠᠯ ᠢ ᠭᠦᠨᠵᠡᠭᠡᠶ ᠲᠠᠨᠢᠭᠰᠠᠨ ᠪᠠ ᠲᠡᠭᠦᠨ ᠳᠤ ᠬᠠᠷᠢᠭᠤᠯᠲᠠ ᠥᠭᠴᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠤᠢ ᠪᠣᠯᠭᠠᠵᠤ᠂ ᠴᠢᠬᠤᠯᠠ ᠪᠠᠶᠢᠯᠳᠤᠬᠤ ᠪᠣᠳᠣᠯᠭ᠎ᠠ ᠶᠢᠨ ᠲᠣᠬᠢᠶᠠᠯᠳᠤ ᠬᠤᠭᠤᠴᠠᠭ᠎ᠠ ᠶᠢ ᠠᠮᠵᠢᠵᠤ᠂ ᠰᠡᠳᠭᠢᠯ ᠰᠠᠨᠠᠭ᠎ᠠ ᠪᠠᠨ ᠲᠥᠪᠯᠡᠷᠡᠭᠦᠯᠦᠨ ᠪᠦᠲᠦᠭᠡᠨ ᠪᠠᠶᠢᠭᠤᠯᠤᠯᠲᠠ ᠬᠢᠵᠦ᠂ ᠨᠢᠭᠡ ᠰᠡᠳᠭᠢᠯ ᠨᠢᠭᠡ ᠵᠣᠷᠢᠭ ᠢᠶᠠᠷ ᠬᠥᠭᠵᠢᠭᠦᠯᠬᠦ ᠶᠢ ᠪᠣᠳᠣᠯᠬᠢᠯᠠᠨ᠂ ᠬᠥᠮᠦᠨ ᠢᠶᠠᠷ ᠦᠨᠳᠦᠰᠦ ᠪᠣᠯᠭᠠᠬᠤ᠂ ᠪᠦᠬᠦ ᠲᠠᠯ᠎ᠠ ᠶᠢᠨ ᠵᠣᠬᠢᠴᠠᠩᠭᠤᠶ ᠪᠦᠭᠡᠳ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠬᠤ ᠶᠢ ᠴᠢᠬᠤᠯᠠᠴᠢᠯᠠᠵᠤ᠂ ᠠᠷᠠᠳ ᠤᠨ ᠠᠮᠢᠳᠤᠷᠠᠯ ᠢ ᠬᠦᠴᠦ ᠲᠠᠯᠪᠢᠨ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠤᠨ᠂ ᠨᠠᠮ ᠤᠨ ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠪᠠ ᠲᠡᠷᠢᠭᠦᠨ ᠤ ᠴᠢᠨᠠᠷ ᠤᠨ ᠪᠠᠶᠢᠭᠤᠯᠤᠯᠲᠠ ᠶᠢ ᠠᠬᠢᠭᠤᠯᠤᠭᠠᠳ᠂ ᠰᠢᠨ᠎ᠡ ᠪᠠᠶᠢᠳᠠᠯ ᠤᠨ ᠳᠣᠤᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠠᠮᠵᠢᠯᠲᠠ ᠲᠠᠢ ᠪᠠᠷ ᠪᠠᠷᠢᠮᠲᠠᠯᠠᠨ ᠬᠥᠭᠵᠢᠭᠦᠯᠪᠡ᠃      ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ ᠶᠢᠨ ᠲᠥᠯᠥᠭᠡ᠂ ᠨᠠᠮ ᠠᠴᠠ ᠮᠠᠷᠺᠰ ᠤᠨ ᠦᠵᠡᠯ ᠤᠨ ᠦᠵᠡᠯ ᠰᠠᠨᠠᠭᠠᠨ ᠤ ᠱᠤᠭᠤᠮ᠂ ᠤᠯᠤᠰ ᠲᠦᠷᠦ ᠶᠢᠨ ᠱᠤᠭᠤᠮ᠂ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠡᠬᠢᠠ ᠲᠣᠭᠲᠠᠭᠠᠵᠤ᠂ ︽ᠬᠤᠶᠠᠷ ᠪᠦᠬᠦᠠ︾᠎ ᠤ ᠪᠤᠷᠤᠭᠤ ᠴᠢᠭᠯᠡᠯᠲᠡ ᠶᠢ ᠲᠦᠢᠯᠪᠤᠷᠢᠲᠠᠶ ᠦᠭᠡᠶᠢᠰᠭᠡᠵᠦ᠂ ᠮᠠᠤ ᠽᠧ ᠳ᠋ᠦᠩ ᠨᠥᠬᠦᠷ ᠤᠨ ᠲᠡᠦᠬᠡᠨ ᠪᠠᠶᠢᠷᠢ ᠰᠠᠭᠤᠷᠢ ᠪᠠ ᠮᠠᠤ ᠽᠧ ᠳ᠋ᠦᠩ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠢ ᠵᠥᠪ ᠢᠶᠠᠷ ᠦᠨᠡᠯᠡᠪᠡ ᠃ ᠨᠠᠮ ᠠᠴᠠ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠪᠣᠯ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠣᠳᠠᠰ ᠤᠨ ᠪᠠ ᠰᠣᠶᠣᠯ ᠤᠨ ᠬᠡᠷᠡᠭᠴᠡᠭᠡ ᠬᠢᠭᠡᠳ ᠬᠤᠴᠣᠷᠤᠩᠭᠤᠶ ᠨᠡᠶᠢᠭᠡᠮ ᠤᠨ ᠦᠢᠯᠡᠳᠪᠦᠷᠢᠯᠡᠯ ᠤᠨ ᠬᠤᠭᠤᠷᠣᠨᠳᠣᠬᠢ ᠵᠥᠷᠢᠴᠡᠯ ᠮᠥᠨ᠂ ᠡᠨᠡ ᠬᠦ ᠭᠤᠤᠯ ᠵᠥᠷᠢᠴᠡᠯ ᠢ ᠰᠢᠢᠳᠪᠦᠷᠢᠯᠡᠬᠦ ᠪᠣᠯ ᠮᠠᠨ ᠤ ᠭᠤᠤᠯ ᠡᠭᠦᠷᠭᠡ ᠮᠥᠨ ᠭᠡᠵᠦ ᠲᠣᠳᠣᠷᠬᠠᠶ ᠲᠣᠭᠲᠠᠭᠠᠨ᠂ ᠴᠢᠨᠡᠭᠡᠯᠢᠭ ᠨᠡᠶᠢᠭᠡᠮ ᠤᠨ ᠬᠠᠷᠠᠯᠲᠠ ᠶᠢ ᠳᠤᠷᠠᠳᠤᠨ ᠭᠠᠷᠭᠠᠪᠠ᠃ ᠨᠠᠮ ᠠᠴᠠ ᠡᠯ᠎ᠡ ᠲᠠᠯ᠎ᠠ ᠶᠢᠨ ᠠᠵᠢᠯ ᠤᠨ ᠳᠤᠮᠳᠠ ᠠᠯᠢ ᠤᠯᠠᠨ ᠵᠥᠪ ᠲᠦᠷᠦ ᠶᠢᠨ ᠪᠤᠳᠤᠯᠭ᠎ᠠ ᠶᠢ ᠰᠡᠷᠭᠦᠭᠡᠭᠰᠡᠨ ᠪᠠ ᠲᠣᠭᠲᠠᠭᠠᠵᠤ᠂ ᠤᠯᠤᠰ ᠠᠷᠠᠳ ᠤᠨ ᠠᠵᠤ ᠠᠬᠤᠶ ᠳᠤ ᠲᠣᠬᠢᠷᠠᠭᠤᠯᠤᠯᠳᠠ ᠬᠢᠪᠠ᠃ ᠨᠠᠮ ᠤᠳᠤᠷᠢᠳᠴᠤ ᠪᠠᠶᠢᠭᠠᠳ ᠦᠵᠡᠯ ᠰᠠᠨᠠᠭ᠎ᠠ᠂ ᠤᠯᠤᠰ ᠲᠦᠷᠦ᠂ ᠵᠣᠬᠢᠶᠠᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠰᠠᠮᠠᠭᠤᠷᠠᠯ ᠢ ᠵᠠᠰᠠᠨ ᠵᠦᠭᠰᠢᠷᠡᠭᠦᠯᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠢᠯᠢᠰ ᠬᠤᠳᠠᠯ ᠪᠤᠷᠤᠭᠤ ᠬᠡᠷᠡᠭ ᠢ ᠶᠡᠭᠡ ᠬᠡᠪᠴᠢᠶ᠎ᠡ ᠪᠠᠷ ᠴᠠᠭᠠᠳᠬᠠᠬᠰᠠᠨ ᠪᠠ ᠨᠡᠶᠢᠭᠡᠮ ᠤᠨ ᠬᠠᠷᠢᠴᠠᠭ᠎ᠠ ᠶᠢ ᠲᠣᠬᠢᠷᠠᠭᠤᠯᠪᠠ᠃ ᠨᠠᠮ ᠠᠴᠠ ︽ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠨᠠᠮ ᠤᠨ ᠲᠡᠦᠬᠡ ᠶᠢᠨ ᠠᠰᠠᠭᠤᠳᠠᠯ ᠤᠳ ᠤᠨ ᠲᠤᠬᠠᠶ ᠰᠢᠢᠳᠪᠦᠷᠢ︾᠎ ᠶᠢ ᠲᠣᠭᠲᠠᠭᠠᠭᠰᠠᠨ ᠨᠢ ᠨᠠᠮ ᠤᠨ ᠵᠢᠯᠣᠭᠤᠳᠬᠤ ᠦᠵᠡᠯ ᠰᠠᠨᠠᠭᠠᠨ ᠤ ᠲᠠᠯ᠎ᠠ ᠪᠠᠷ ᠬᠢ ᠰᠠᠮᠠᠭᠤᠷᠠᠯ ᠢ ᠵᠠᠰᠠᠨ ᠵᠦᠭᠰᠢᠷᠡᠭᠦᠯᠬᠦ ᠠᠵᠢᠯ ᠢᠯᠠᠯᠲᠠ ᠲᠠᠢ ᠪᠠᠷ ᠪᠡᠶᠡᠯᠡᠭᠳᠡᠭᠰᠡᠨ ᠢ ᠬᠠᠷᠠᠭᠤᠯᠵᠤ ᠪᠠᠶᠢᠨ᠎ᠠ᠃      ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠦᠨ ᠨᠡᠭᠡᠭᠡᠬᠦ ᠳᠤ ᠡᠷᠬᠡᠪᠰᠢ ᠤᠨᠤᠯ ᠤᠨ ᠰᠢᠨ᠎ᠡ ᠡᠭᠦᠳᠦᠯᠲᠡ ᠪᠠᠷ ᠠᠵᠢᠯ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠶ ᠭᠡᠳᠡᠭ ᠢ ᠨᠠᠮ ᠭᠦᠨᠵᠡᠭᠡᠶ ᠲᠠᠨᠢᠵᠤ ᠤᠯᠪᠠ᠃ ᠨᠢᠭᠡ ᠨᠡᠮ ᠨᠢᠭᠡ ᠤᠯᠦᠰ ᠨᠢᠭᠡ ᠤᠢᠡᠳᠦᠰᠦᠳᠡᠠ ᠠᠯᠢᠪᠡ ᠪᠦᠬᠦᠠ ᠳᠤ ᠲᠡᠪᠳᠡᠷ ᠤᠨ ᠦᠵᠡᠯ ᠢ ᠤᠢᠡᠳᠦᠰᠦᠯᠡᠵᠦ᠂ ᠤᠢᠵᠡᠯ ᠰᠡᠨᠠᠭ᠎ᠠ ᠨᠢ ᠬᠦᠰᠢᠬᠦᠷᠡᠵᠦ᠂ ᠮᠤᠬᠤᠷ ᠪᠢᠰᠢᠷᠡᠯ ᠢ ᠲᠡᠯᠭᠡᠷᠡᠬᠦᠯᠬᠦ ᠳᠤ ᠬᠦᠷᠪᠡᠯ ᠲᠡᠪᠰᠢᠵᠦ ᠴᠢᠳᠡᠬᠤ ᠤᠢᠭᠡᠢ ᠪᠤᠯᠵᠦ᠂ ᠠᠮᠢᠵᠢᠷᠠᠯ ᠤᠨ ᠬᠦᠴᠦᠠ ᠤᠢᠭᠡᠢ ᠪᠤᠯᠵᠦ᠂ ᠨᠡᠮ ᠪᠡ ᠲᠦᠷᠦ ᠮᠦᠬᠦᠬᠦ ᠳᠤ ᠬᠦᠷᠦᠨ᠎ᠡ ᠭᠡᠵᠦ ᠳ᠋ᠧᠩ ᠰᠢᠶᠤᠤ ᠫᠢᠩ ᠨᠥᠬᠦᠷ ᠵᠢᠭᠠᠵᠤ ᠭᠠᠷᠭᠠᠪᠠ᠃ ᠨᠠᠮ ᠠᠴᠠ ᠦᠨᠡᠨ ᠶᠣᠰᠣᠨ ᠤ ᠪᠠᠷᠢᠮᠵᠢᠶ᠎ᠠ ᠶᠢᠨ ᠠᠰᠠᠭᠤᠳᠠᠯ ᠤᠨ ᠲᠤᠬᠠᠢ ᠶᠡᠭᠡ ᠶᠠᠷᠢᠯᠴᠠᠭ᠎ᠠ ᠥᠷᠨᠢᠭᠦᠯᠬᠦ ᠶᠢ ᠤᠳᠤᠷᠢᠳᠤᠨ ᠳᠠᠮᠵᠢᠵᠤ᠂ ᠰᠢᠨ᠎ᠡ ᠦᠢᠯᠡᠳᠦᠯᠭᠡ ᠪᠣᠯᠤᠨ ᠴᠠᠭ ᠦᠶ᠎ᠡ ᠶᠢᠨ ᠣᠨᠴᠠᠯᠢᠭ ᠠᠴᠠ ᠡᠭᠦᠰᠦᠨ ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠵᠠᠮ᠂ ᠬᠥᠭᠵᠢᠯᠲᠡ ᠶᠢᠨ ᠱᠠᠲᠤ᠂ ᠦᠨᠳᠦᠰᠦᠨ ᠡᠭᠦᠷᠭᠡ᠂ ᠬᠥᠭᠵᠢᠯᠲᠡ ᠶᠢᠨ ᠬᠥᠳᠡᠯᠭᠡᠭᠴᠢ ᠬᠦᠴᠦᠨ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠤᠯᠤᠰ ᠲᠥᠷᠥ ᠶᠢᠨ ᠪᠠᠲᠤᠯᠠᠭ᠎ᠠ᠂ ᠡᠬᠡ ᠤᠯᠤᠰ ᠤᠨ ᠨᠢᠭᠡᠳᠦᠯ᠂ ᠭᠠᠳᠠᠭᠠᠳᠤ ᠬᠠᠷᠢᠯᠴᠠᠭ᠎ᠠ ᠪᠣᠯᠤᠨ ᠤᠯᠤᠰ ᠤᠨ ᠬᠤᠭᠤᠷᠤᠨᠳᠤᠬᠢ ᠪᠠᠶᠢᠯᠳᠤᠬᠤ ᠪᠣᠳᠣᠯᠭ᠎ᠠ᠂ ᠤᠳᠤᠷᠢᠳᠬᠤ ᠬᠦᠴᠦᠨ ᠪᠣᠯᠤᠨ ᠲᠦᠰᠢᠭᠯᠡᠬᠦ ᠬᠦᠴᠦᠨ ᠵᠡᠷᠭᠡ ᠠᠯᠢ ᠤᠯᠠᠨ ᠦᠨᠳᠦᠰᠦᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠤᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠢ ᠪᠤᠢ ᠪᠣᠯᠭᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠰᠠᠨ ᠰᠢᠨ᠎ᠡ ᠦᠰᠦᠷᠦᠯᠲᠡ ᠶᠢ ᠪᠡᠶᠡᠯᠡᠭᠦᠯᠪᠡ᠃      ᠨᠠᠮ ᠤᠨ ᠠᠷᠪᠠᠨ ᠬᠤᠶᠠᠳᠤᠭᠠᠷ ᠶᠡᠭᠡ ᠬᠤᠷᠠᠯ᠂ ᠠᠷᠪᠠᠨ ᠭᠤᠷᠪᠠᠳᠤᠭᠠᠷ ᠶᠡᠭᠡ ᠬᠤᠷᠠᠯ᠂ ᠠᠷᠪᠠᠨ ᠳᠥᠷᠪᠡᠳᠦᠭᠡᠷ ᠶᠡᠭᠡ ᠬᠤᠷᠠᠯ᠂ ᠠᠷᠪᠠᠨ ᠲᠠᠪᠤᠳᠤᠭᠠᠷ ᠶᠡᠭᠡ ᠬᠤᠷᠠᠯ᠂ ᠠᠷᠪᠠᠨ ᠵᠢᠷᠭᠤᠳᠤᠭᠠᠷ ᠶᠡᠭᠡ ᠬᠤᠷᠠᠯ᠂ ᠠᠷᠪᠠᠨ ᠳᠣᠯᠣᠳᠤᠭᠠᠷ ᠶᠡᠭᠡ ᠬᠤᠷᠠᠯ ᠠᠴᠠ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠦᠨᠳᠦᠰᠦᠯᠡᠨ᠂ ᠮᠠᠨ ᠤ ᠤᠯᠤᠰ ᠤᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠠᠴᠠ ᠡᠭᠦᠰᠴᠦ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠬᠦ ᠶᠢ ᠲᠤᠭᠤᠰᠢᠯᠠᠭᠤᠯᠤᠭᠰᠠᠭᠠᠷ ᠢᠷᠡᠭᠰᠡᠨ ᠪᠥᠭᠡᠳ ᠲᠥᠪ ᠬᠤᠷᠢᠶᠠᠨ ᠤ ᠪᠥᠬᠦᠳᠡ ᠬᠤᠷᠠᠯ ᠢ ᠤᠯᠠᠨᠳᠠ ᠬᠤᠷᠠᠯᠳᠤᠭᠤᠯᠵᠤ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠴᠢᠬᠤᠯᠠ ᠶᠡᠭᠡ ᠠᠵᠢᠯ ᠢ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠪᠠ᠃ ᠮᠠᠨ ᠤ ᠤᠯᠤᠰ ᠤᠨ ᠥᠭᠡᠷᠡᠴᠢᠯᠡᠯᠲᠡ ᠬᠥᠳᠡᠭᠡ ᠲᠣᠰᠬᠤᠨ ᠳᠤ ᠬᠤᠷᠢᠶᠠᠯᠲᠠ ᠲᠠᠢ ᠨᠢ ᠬᠤᠯᠪᠣᠭᠳᠠᠭᠤᠯᠤᠨ ᠡᠷᠦᠬᠡ ᠳᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠪᠠᠷ ᠲᠦᠷᠦᠬᠦᠯᠡᠬᠦᠯᠦᠨ ᠰᠢᠪᠲᠤᠯᠤᠯᠲᠠ ᠭᠠᠷᠭᠠᠵᠤ᠂ ᠬᠤᠲᠠ ᠶᠢᠨ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠳᠤ ᠠᠯᠬᠤᠮ ᠠᠯᠬᠤᠮ ᠢᠶᠠᠷ ᠰᠢᠯᠵᠢᠭᠰᠡᠨ ᠪᠦᠭᠡᠳ ᠲᠡᠭᠦᠨ ᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠥᠭᠡᠷᠡᠴᠢᠯᠡᠯᠲᠡ ᠶᠢᠨ ᠴᠢᠭᠯᠡᠯ ᠢ ᠲᠣᠭᠲᠠᠭᠠᠨ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ ᠦᠵᠡᠭᠦᠯᠬᠦ ᠵᠠᠬ᠎ᠠ ᠳᠡᠯᠭᠡᠭᠦᠷ ᠤᠨ ᠰᠠᠭᠤᠷᠢᠯᠠᠬᠤ ᠴᠢᠨᠠᠷᠲᠠᠶ ᠦᠢᠯᠡᠳᠦᠯ ᠢ ᠨᠡᠩ ᠶᠡᠭᠡ ᠬᠡᠮᠵᠢᠶ᠎ᠡ ᠨᠡᠩ ᠥᠷᠭᠡᠨ ᠬᠡᠪᠴᠢᠶ᠎ᠡ ᠪᠠᠷ ᠪᠠᠳᠠᠷᠠᠭᠤᠯᠵᠤ᠂ ᠦᠨᠳᠦᠰᠦᠨ ᠠᠵᠤ ᠠᠬᠤᠶ ᠶᠢᠨ ᠪᠠᠶᠢᠭᠤᠯᠤᠯ ᠪᠠ ᠬᠤᠪᠢᠶᠠᠷᠢᠯᠠᠯᠲᠠ ᠶᠢᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠪᠡ᠃ ᠨᠠᠮ ᠠᠴᠠ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠡᠷᠡᠰ ᠠᠬᠢᠭᠤᠯᠬᠤ ᠶᠢᠨ ᠬᠠᠮᠲᠤ ᠤᠯᠤᠰ ᠲᠥᠷᠥ᠂ ᠰᠣᠶᠣᠯ᠂ ᠨᠡᠶᠢᠭᠡᠮ ᠵᠡᠷᠭᠡ ᠡᠯ᠎ᠡ ᠬᠦᠷᠢᠶᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠬᠢᠵᠦ᠂ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠣᠳᠣ ᠦᠶ᠎ᠡ ᠶᠢᠨ ᠳᠤᠮᠳᠠᠳᠤ ᠤᠯᠤᠰ ᠤᠨ ᠪᠠᠶᠢᠳᠠᠯ ᠳᠤ ᠨᠡᠶᠢᠴᠡᠭᠰᠡᠨ᠂ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢᠶᠠᠷ ᠪᠢᠯᠬᠠᠭᠰᠠᠨ ᠪᠠᠶᠢᠭᠤᠯᠤᠯ ᠲᠣᠭᠲᠠᠴᠠ ᠶᠢ ᠲᠠᠰᠤᠷᠠᠯᠲᠠ ᠤᠢᠭᠡᠢ ᠪᠦᠷᠢᠯᠳᠦᠭᠦᠯᠦᠨ ᠬᠥᠭᠵᠢᠭᠦᠯᠪᠡ᠃ ᠨᠠᠮ ᠠᠴᠠ ᠭᠠᠳᠠᠭᠰᠢ ᠨᠡᠭᠡᠭᠡᠯᠲᠡ ᠬᠢᠬᠦ ᠶᠢ ᠤᠯᠤᠰ ᠤᠨ ᠦᠨᠳᠦᠰᠦᠨ ᠪᠣᠳᠣᠯᠭ᠎ᠠ ᠪᠣᠯᠭᠠᠨ ᠲᠣᠭᠲᠠᠭᠠᠵᠤ᠂ ᠱᠧᠨᠵᠧᠨ ᠵᠡᠷᠭᠡ ᠠᠵᠤ ᠠᠬᠤᠶ ᠶᠢᠨ ᠣᠨᠴᠠᠭᠠᠶ ᠣᠷᠣᠨ ᠢ ᠡᠷᠬᠢᠯᠡᠬᠦ᠂ ᠫᠦᠳᠦ᠋ᠩ ᠢ ᠨᠡᠭᠡᠭᠡᠨ ᠬᠥᠭᠵᠢᠭᠦᠯᠬᠦ ᠪᠠ ᠨᠡᠭᠡᠭᠡᠬᠦ᠂ ᠳᠠᠯᠠᠶ ᠳᠠᠭᠠᠤ ᠬᠢᠯᠢ ᠳᠠᠭᠠᠤ ᠮᠥᠷᠡᠨ ᠳᠠᠭᠠᠤ ᠵᠠᠮ ᠳᠠᠭᠠᠤ ᠣᠷᠣᠨ ᠪᠣᠯᠤᠨ ᠳᠣᠲᠣᠭᠠᠳᠤ ᠬᠠᠭᠤᠷᠠᠶ ᠶᠢᠨ ᠲᠥᠪ ᠬᠤᠲᠠ ᠶᠢᠨ ᠭᠠᠳᠠᠭᠰᠢ ᠨᠡᠭᠡᠭᠡᠯᠲᠡ ᠬᠢᠬᠦ ᠶᠢ ᠠᠬᠢᠭᠤᠯᠬᠤ ᠠᠴᠠ ᠠᠪᠤᠭᠠᠳ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠬᠦᠷᠲᠡᠯ᠎ᠡ᠂ ︽ᠣᠷᠣᠭᠤᠯᠵᠤ ᠠᠪᠴᠢᠷᠠᠬᠤ︾᠎ ᠠᠴᠠ ︽ᠭᠠᠳᠠᠭᠰᠢ ᠭᠠᠷᠬᠤ︾ ᠬᠦᠷᠲᠡᠯ᠎ᠡ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠭᠦᠢᠴᠡᠳ ᠠᠰᠢᠭᠯᠠᠪᠠ᠃ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠠᠬᠢᠭᠤᠯᠬᠤ ᠪᠠᠷ ᠳᠠᠮᠵᠢᠭᠠᠳ᠂ ᠮᠠᠨ ᠤ ᠤᠯᠤᠰ ᠳᠡᠭᠡᠳᠦ ᠬᠡᠮᠵᠢᠶ᠎ᠡ ᠪᠠᠷ ᠲᠥᠪᠯᠡᠷᠡᠭᠦᠯᠦᠭᠰᠡᠨ ᠲᠥᠯᠥᠪᠯᠡᠭᠡᠲᠦ ᠠᠵᠤ ᠠᠬᠤᠢ ᠶᠢᠨ ᠪᠠᠶᠢᠭᠤᠯᠤᠯ ᠠᠴᠠ ᠠᠮᠢᠳᠤᠯᠢᠬ ᠬᠦᠴᠦᠨ ᠢᠶᠠᠷ ᠪᠢᠯᠬᠠᠬᠰᠠᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠳᠤ ᠰᠢᠯᠵᠢᠭᠰᠡᠨ᠂ ᠲᠦᠭᠵᠢᠮᠡᠯ ᠪᠠ ᠬᠠᠭᠠᠰ ᠲᠦᠭᠵᠢᠮᠡᠯ ᠪᠠᠶᠢᠳᠠᠯ ᠠᠴᠠ ᠪᠠᠨ ᠪᠦᠬᠦ ᠲᠠᠯ᠎ᠠ ᠪᠠᠷ ᠨᠡᠭᠡᠭᠡᠯᠲᠡ ᠬᠢᠭᠰᠡᠨ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠪᠠ᠃      ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠶᠢᠨ ᠲᠥᠯᠥᠭᠡ᠂ ᠨᠠᠮ ᠠᠴᠠ ᠠᠷᠠᠳ ᠲᠦᠮᠡᠨ ᠢ ᠤᠳᠤᠷᠢᠳᠤᠨ ᠠᠵᠤ ᠠᠬᠤᠶ ᠶᠢᠨ ᠪᠦᠳᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ ᠬᠢᠵᠦ᠂ ᠠᠯᠢ ᠤᠯᠠᠨ ᠴᠢᠬᠤᠯᠠ ᠶᠡᠭᠡ ᠠᠮᠵᠢᠯᠲᠠ ᠪᠦᠲᠦᠮᠵᠢ ᠤᠯᠪᠠ᠃ ᠨᠠᠮ ᠠᠴᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠬᠥᠭᠵᠢᠬᠦᠯᠬᠦ ᠪᠣᠯ ᠬᠠᠲᠠᠭᠤ ᠶᠣᠰᠣ ᠮᠥᠨ ᠭᠡᠳᠡᠭ ᠢ ᠪᠠᠷᠢᠮᠳᠠᠯᠠᠨ᠂ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ ᠭᠡᠵᠦ ᠲᠤᠷᠠᠳᠤᠨ ᠭᠠᠷᠭᠠᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ᠂ ᠦᠷᠭᠦᠯᠵᠢᠯᠡᠬᠦ ᠬᠥᠭᠵᠢᠯᠲᠡ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠵᠡᠭᠦᠨ ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠵᠤ᠂ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠨ ᠮᠠᠨᠳᠤᠬᠤ ᠶᠢ ᠠᠬᠢᠭᠤᠯᠤᠨ᠂ ᠵᠡᠭᠦᠨ ᠬᠡᠰᠡᠭ ᠤᠨ ᠭᠠᠵᠠᠷ ᠣᠷᠣᠨ ᠤ ᠤᠷᠢᠳ ᠢᠶᠠᠷ ᠬᠥᠭᠵᠢᠬᠦ ᠶᠢ ᠳᠠᠮᠵᠢᠵᠤ᠂ ᠬᠤᠲᠠ ᠬᠥᠳᠡᠭᠡ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠠ ᠬᠥᠭᠵᠢᠯᠲᠡ ᠶᠢ ᠠᠬᠢᠭᠤᠯᠤᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢ ᠬᠥᠭᠵᠢᠭᠦᠯᠬᠦ ᠶᠢ ᠵᠣᠷᠢᠬᠵᠢᠭᠤᠯᠤᠨ ᠳᠡᠮᠵᠢᠵᠦ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠬ ᠢ ᠲᠦᠷᠭᠡᠯᠡᠨ ᠬᠤᠪᠢᠷᠠᠭᠤᠯᠵᠦ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠠᠵᠤ ᠠᠬᠤᠶ ᠶᠢᠨ ᠦᠷᠭᠦᠯᠵᠢᠯᠡᠨ ᠲᠦᠷᠭᠡᠨ ᠬᠥᠭᠵᠢᠬᠦ ᠶᠢ ᠠᠬᠢᠭᠤᠯᠤᠬᠰᠠᠨ ᠢᠶᠠᠷ ᠤᠯᠤᠰ ᠤᠨ ᠶᠡᠷᠦᠩᠬᠡᠶ ᠬᠦᠴᠦᠨ ᠶᠡᠭᠡ ᠪᠠᠷ ᠳᠡᠭᠡᠭᠰᠢᠯᠡᠪᠡ᠃ ᠨᠠᠮ ᠠᠴᠠ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠦ ᠡᠷᠬᠡ ᠮᠡᠳᠡᠬᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠦ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢ ᠬᠥᠭᠵᠢᠭᠦᠯᠦᠨ᠂ ᠨᠡᠶᠢᠭᠡᠮ ᠵᠢᠷᠤᠮ ᠤᠨ ᠤᠯᠤᠰ ᠲᠥᠷᠥ ᠶᠢᠨ ᠪᠣᠯᠪᠠᠰᠤᠨ ᠢ ᠪᠠᠶᠢᠭᠤᠯᠵᠤ᠂ ᠤᠯᠤᠰ ᠲᠥᠷᠥ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠢᠳᠡᠪᠬᠢᠲᠡᠶ ᠪᠦᠭᠡᠳ ᠯᠠᠪᠳᠠᠭᠤᠨ ᠢᠶᠠᠷ ᠠᠬᠢᠭᠤᠯᠤᠨ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠪᠣᠯᠤᠨ ᠶᠣᠰᠣ ᠰᠤᠷᠲᠠᠬᠤᠨ ᠢᠶᠠᠷ ᠤᠯᠤᠰ ᠢᠶᠠᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠨ᠎ᠡ ᠦᠨᠳᠦᠰᠦᠨ ᠬᠠᠤᠯᠢ ᠶᠢ ᠲᠣᠭᠲᠠᠭᠠᠨ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠪᠦᠷᠢᠯᠳᠦᠭᠦᠯᠦᠨ᠂ ᠬᠥᠮᠦᠨ ᠤ ᠡᠷᠬᠡ ᠶᠢ ᠬᠦᠨᠳᠦᠳᠭᠡᠨ ᠪᠠᠲᠤᠯᠠᠵᠤ᠂ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠪᠡ᠃ ᠨᠠᠮ ᠠᠴᠠ ᠬᠦᠰᠡᠯᠡᠩ ᠪᠠ ᠢᠲᠡᠭᠡᠯ ᠵᠣᠷᠢᠭ ᠤᠨ ᠬᠥᠮᠦᠵᠢᠯ ᠢ ᠴᠢᠩᠭᠠᠳᠬᠠᠨ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠢ ᠪᠠᠶᠢᠭᠤᠯᠤᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠶᠡᠭᠡ ᠬᠥᠭᠵᠢᠯᠳᠡ ᠶᠡᠭᠡ ᠴᠡᠴᠡᠭᠯᠡᠯᠲᠡ ᠶᠢ ᠠᠬᠢᠭᠤᠯᠪᠠ᠃ ᠨᠠᠮ ᠠᠴᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠭᠰᠠᠨ ᠨᠡᠶᠢᠭᠡᠮ ᠤᠨ ᠪᠠᠶᠢᠭᠤᠯᠤᠯᠲᠠ ᠶᠢ ᠲᠦᠷᠭᠡᠯᠡᠨ ᠠᠬᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠲᠠᠷᠢᠶᠠᠯᠠᠩ ᠤᠨ ᠭᠠᠶᠢᠯᠢ ᠶᠢ ᠬᠦᠴᠦᠨ ᠦᠭᠡᠢ ᠪᠣᠯᠭᠠᠵᠤ᠂ ᠰᠤᠷᠤᠯᠴᠠᠬᠤ ᠠᠴᠠ ᠰᠤᠷᠭᠠᠨ ᠬᠦᠮᠦᠵᠢᠯ ᠲᠠᠢ᠂ ᠬᠦᠳᠡᠯᠮᠦᠷᠢᠯᠡᠪᠡᠯ ᠤᠯᠬᠤ ᠤᠷᠤᠯᠭ᠎ᠠ ᠲᠠᠢ᠂ ᠡᠪᠡᠳᠴᠢᠯᠡᠪᠡᠯ ᠦᠵᠡᠬᠦᠯᠬᠦ ᠡᠮᠨᠡᠯᠭᠡ ᠲᠠᠢ᠂ ᠦᠳᠡᠯᠪᠡᠯ ᠬᠦᠷᠳᠡᠬᠦ ᠠᠰᠠᠷᠠᠮᠵᠢ ᠲᠠᠢ᠂ ᠰᠠᠭᠤᠬᠤ ᠠᠴᠠ ᠤᠷᠤᠨ ᠰᠠᠭᠤᠴᠠ ᠲᠠᠢ ᠪᠠᠶᠢᠬᠤ ᠶᠢ ᠲᠠᠰᠤᠷᠠᠯᠲᠠ ᠦᠭᠡᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠠᠬᠢᠭᠤᠯᠪᠠ᠃ ᠨᠠᠮ ᠠᠴᠠ ᠬᠦᠴᠦᠷᠬᠡᠭ ᠶᠡᠭᠡ ᠣᠳᠣᠬᠢᠴᠢᠯᠠᠭᠰᠠᠨ ᠵᠢᠩᠬᠢᠨᠢᠴᠢᠯᠡᠭᠰᠡᠨ ᠬᠤᠪᠢᠰᠬᠠᠯᠲᠤ ᠴᠡᠷᠢᠭ ᠠᠩᠭᠢ ᠶᠢ ᠪᠠᠶᠢᠭᠤᠯᠬᠤ ᠶᠡᠷᠦᠩᠬᠡᠶ ᠬᠠᠷᠠᠯᠲᠠ ᠶᠢ ᠳᠤᠷᠠᠳᠴᠤ᠂ ᠴᠡᠷᠢᠭ ᠲᠠᠶᠢᠨ ᠤ ᠲᠡᠮᠡᠴᠡᠯ ᠤᠨ ᠪᠡᠯᠡᠳᠭᠡᠯ ᠤᠨ ᠰᠠᠭᠤᠷᠢ ᠴᠡᠭ ᠢ ᠮᠡᠳᠡᠭᠡ ᠵᠠᠩᠭᠢᠵᠢᠯᠲᠠ ᠶᠢᠨ ᠨᠥᠬᠦᠴᠡᠯ ᠳᠣᠤᠷᠠᠬᠢ ᠬᠡᠰᠡᠭ ᠲᠠᠯ᠎ᠠ ᠶᠢᠨ ᠳᠠᠶᠢᠨ ᠤ ᠢᠯᠠᠯᠲᠠ ᠶᠢ ᠣᠯᠬᠤ ᠳᠡᠭᠡᠷ᠎ᠡ ᠲᠠᠯᠪᠢᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠴᠡᠷᠢᠭ ᠤᠨ ᠶᠠᠪᠤᠳᠠᠯ ᠤᠨ ᠬᠤᠪᠢᠰᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠴᠡᠷᠢᠭ ᠢ ᠰᠢᠯᠢᠳᠡᠭᠵᠢᠭᠦᠯᠬᠦ ᠵᠠᠮ ᠢᠶᠠᠷ ᠵᠠᠮᠨᠠᠪᠠ᠃      ᠤᠯᠠᠷᠢᠯᠳᠠ ᠬᠤᠪᠢᠷᠠᠯᠳᠠ ᠶᠡᠭᠡ ᠲᠠᠢ ᠳᠡᠯᠡᠬᠡᠶ ᠶᠢᠨ ᠪᠠᠶᠢᠳᠠᠯ ᠤᠨ ᠡᠮᠦᠨ᠎ᠡ᠂ ᠨᠠᠮ ᠠᠴᠠ ᠲᠦᠷᠪᠡᠨ ᠦᠨᠳᠦᠰᠦᠨ ᠵᠠᠷᠴᠢᠮ ᠢ ᠭᠤᠶᠢᠪᠢᠰᠢ ᠦᠭᠡᠢ ᠪᠠᠷᠢᠮᠲᠠᠯᠠᠵᠤ᠂ ᠡᠯ᠎ᠡ ᠵᠦᠢᠯ ᠤᠨ ᠬᠠᠷᠰᠢ ᠰᠠᠭᠠᠳ ᠢ ᠡᠷᠡᠰ ᠠᠷᠢᠯᠭᠠᠨ᠂ ᠮᠠᠨ ᠤ ᠤᠯᠤᠰ ᠤᠨ ᠥᠭᠡᠷᠡᠴᠢᠯᠡᠯᠲᠡ ᠬᠢᠬᠦ ᠬᠥᠭᠵᠢᠬᠦᠯᠬᠦ ᠲᠣᠭᠲᠠᠭᠤᠨ ᠪᠠᠶᠢᠯᠭᠠᠬᠤ ᠪᠦᠬᠦ ᠲᠠᠯ᠎ᠠ ᠳᠤ ᠬᠤᠯᠪᠣᠭᠳᠠᠭᠰᠠᠨ ᠠᠯᠢ ᠤᠯᠠᠨ ᠠᠶᠤᠯ ᠲᠦᠭᠰᠢᠭᠦᠷᠢ ᠶᠢᠨ ᠰᠢᠯᠭᠠᠯᠲᠠ ᠶᠢ ᠯᠠᠪᠳᠠᠭᠤᠨ ᠢᠶᠠᠷ ᠠᠷᠭᠠᠴᠠᠪᠠ᠃ ᠬᠤᠷᠢᠳᠤᠭᠠᠷ ᠵᠠᠭᠤᠨ ᠤ ᠨᠠᠶᠠᠭᠠᠳ ᠣᠨ ᠤ ᠰᠡᠭᠦᠯᠴᠢ ᠶᠡᠷᠡᠭᠡᠳ ᠣᠨ ᠤ ᠡᠬᠢ ᠪᠠᠷ᠂ ᠵᠦᠪᠯᠡᠯᠳᠦ ᠬᠤᠯᠪᠣᠭᠠᠲᠤ ᠤᠯᠤᠰ ᠵᠠᠳᠠᠷᠠᠵᠤ᠂ ᠵᠡᠭᠦᠨ ᠧᠦ᠋ᠷᠣᠫᠠ ᠳᠤ ᠰᠢᠷᠦᠭᠦᠨ ᠬᠤᠪᠢᠰᠤᠯᠳᠠ ᠭᠠᠷᠪᠠ᠃ ᠳᠡᠯᠡᠬᠡᠶ ᠳᠡᠭᠡᠷᠡᠬᠢ ᠡᠪ ᠬᠠᠮᠲᠤ ᠨᠠᠮ ᠢ ᠡᠰᠡᠷᠭᠦᠴᠡᠬᠦ ᠨᠡᠶᠢᠭᠡᠮ ᠵᠢᠷᠤᠮ ᠢ ᠡᠰᠡᠷᠭᠦᠴᠡᠬᠦ ᠳᠠᠶᠢᠰᠤᠩᠨᠠᠭᠴᠢ ᠬᠦᠴᠦᠨ ᠤ ᠳᠡᠮᠵᠢᠯᠭᠡ ᠪᠠ ᠥᠳᠥᠭᠡᠯᠭᠡ᠂ ᠲᠡᠯᠡᠭᠡᠢ ᠶᠢᠨ ᠶᠡᠭᠡ ᠠᠭᠤᠷ ᠠᠮᠢᠰᠬᠤᠯ ᠪᠠ ᠤᠯᠤᠰ ᠤᠨ ᠳᠣᠲᠣᠭᠠᠳᠤ ᠶᠢᠨ ᠪᠠᠭ᠎ᠠ ᠠᠭᠤᠷ ᠠᠮᠢᠰᠬᠤᠯ ᠠᠴᠠ ᠪᠤᠯᠵᠦ᠂ 1989 ᠣᠨ ᠤ ᠬᠠᠪᠤᠷ ᠵᠤᠠ ᠤ ᠠᠭᠤᠯᠵᠠᠷ ᠲᠤ ᠮᠠᠨ ᠤ ᠤᠯᠤᠰ ᠲᠤ ᠬᠦᠨᠳᠦ ᠨᠣᠴᠢᠲᠠᠶ ᠤᠯᠤᠰ ᠲᠦᠷᠦ ᠶᠢᠨ ᠦᠢᠮᠡᠭᠡᠨ ᠳᠡᠭᠳᠡᠵᠡᠢ᠃ ᠨᠠᠮ ᠪᠠ ᠵᠠᠰᠠᠭ ᠤᠨ ᠣᠷᠳᠣᠨ ᠠᠴᠠ ᠠᠷᠠᠳ ᠲᠦᠮᠡᠨ ᠳᠤ ᠲᠦᠰᠢᠭᠯᠡᠵᠦ᠂ ᠲᠤᠭ ᠲᠡᠮᠳᠡᠭ ᠲᠣᠳᠣᠷᠬᠠᠶ ᠪᠠᠷ ᠰᠠᠮᠠᠭᠤᠷᠠᠯ ᠢ ᠡᠰᠡᠷᠭᠦᠴᠡᠨ᠂ ᠨᠡᠶᠢᠭᠡᠮ ᠵᠢᠷᠤᠮᠲᠤ ᠲᠦᠷᠦ ᠶᠢᠨ ᠵᠠᠰᠠᠭ ᠤᠨ ᠡᠷᠬᠡ ᠶᠢ ᠬᠠᠮᠠᠭᠠᠯᠠᠵᠤ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠪᠠ᠃ ᠨᠠᠮ ᠠᠴᠠ ᠠᠷᠠᠳ ᠲᠦᠮᠡᠨ ᠢ ᠤᠳᠤᠷᠢᠳᠤᠨ ᠠᠽᠢᠶ᠎ᠠ ᠲᠢᠪ ᠤᠨ ᠮᠥᠩᠭᠦᠨ ᠭᠦᠢᠯᠭᠡᠭᠡᠨ ᠤ ᠬᠢᠮᠤᠷᠠᠯ᠂ ᠣᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ ᠵᠡᠷᠭᠡ ᠠᠵᠤ ᠠᠬᠤᠢ ᠶᠢᠨ ᠠᠶᠤᠯ ᠲᠦᠭᠰᠢᠭᠦᠷᠢ ᠶᠢ ᠠᠮᠵᠢᠯᠲᠠ ᠲᠠᠢ ᠠᠷᠭᠠᠴᠠᠵᠤ᠂ 2008 ᠣᠨ ᠤ ᠪᠡᠭᠡᠵᠢᠩ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠵᠦ᠂ ᠬᠥᠬᠡᠮᠥ᠋ᠷᠡᠨ ᠪᠣᠯᠤᠨ ᠨᠤᠨ ᠮᠥᠷᠡᠨ᠂ ᠰᠤᠩᠭᠠᠷᠢ ᠮᠥᠷᠡᠨ ᠤ ᠰᠠᠪᠠ ᠭᠠᠵᠠᠷ ᠤᠨ ᠬᠦᠨᠳᠦ ᠨᠣᠴᠢᠲᠠᠶ ᠦᠶᠡᠷ ᠤᠰᠤᠲᠤᠯ᠂ ᠸᠧᠨᠴᠤᠸᠠᠨ ᠤ ᠣᠨᠴᠠ ᠶᠡᠭᠡ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠢᠯᠠᠨ ᠳᠠᠪᠠᠵᠤ᠂ ᠰᠠᠷᠰ ᠡᠪᠡᠳᠴᠢᠨ ᠤ ᠬᠢᠵᠢᠭ ᠢ ᠢᠯᠠᠨ ᠳᠠᠪᠠᠭᠠᠳ᠂ ᠨᠠᠮ ᠤᠨ ᠠᠶᠤᠯ ᠲᠦᠭᠰᠢᠭᠦᠷᠢ ᠶᠢ ᠡᠰᠡᠷᠭᠦᠴᠡᠬᠦ ᠪᠠ ᠪᠤᠳᠤᠯᠢᠶᠠᠨᠲᠠᠶ ᠪᠠᠶᠢᠳᠠᠯ ᠢ ᠡᠵᠡᠮᠳᠡᠬᠦ ᠴᠢᠳᠠᠪᠤᠷᠢ ᠶᠢ ᠢᠯᠡᠷᠡᠭᠦᠯᠪᠡ᠃      ᠨᠠᠮ ᠠᠴᠠ ᠡᠬᠡ ᠣᠷᠣᠨ ᠢᠶᠠᠨ ᠨᠢᠭᠡᠳᠭᠡᠬᠦ ᠶᠡᠭᠡ ᠦᠢᠯᠡᠰ ᠢ ᠪᠡᠶᠡᠯᠡᠭᠦᠯᠬᠦ ᠪᠠᠷ ᠲᠡᠤᠬᠡᠳᠦ ᠬᠦᠨᠳᠦ ᠡᠭᠦᠷᠭᠡ ᠪᠠᠨ ᠪᠣᠯᠭᠠᠵᠤ᠂ ᠡᠭᠦᠨ ᠤ ᠲᠥᠯᠥᠭᠡ ᠴᠥᠬᠦᠷᠡᠰᠢ ᠦᠭᠡᠢ ᠴᠢᠷᠮᠠᠶᠢᠪᠠ᠃ ᠳ᠋ᠧᠩ ᠰᠢᠶᠤᠤ ᠫᠢᠩ ᠨᠥᠬᠦᠷ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ ᠰᠢᠨᠵᠢᠯᠡᠬᠦ ᠤᠬᠠᠭᠠᠨᠴᠢ ᠲᠥᠰᠦᠪᠯᠡᠯ ᠢ ᠪᠦᠲᠦᠭᠡᠯᠴᠢ ᠪᠠᠷ ᠲᠤᠷᠠᠳᠤᠨ ᠭᠠᠷᠭᠠᠵᠦ᠂ ᠡᠬᠡ ᠣᠷᠣᠨ ᠤ ᠨᠢᠭᠡᠳᠦᠯ ᠢ ᠨᠠᠶᠢᠷᠠᠮᠳᠠᠯ ᠤᠨ ᠠᠷᠭ᠎ᠠ ᠮᠠᠶ᠋ᠢᠭ ᠢᠶᠠᠷ ᠪᠡᠶᠡᠯᠡᠭᠦᠯᠬᠦ ᠰᠢᠨ᠎ᠡ ᠠᠷᠭ᠎ᠠ ᠵᠠᠮ ᠢ ᠨᠡᠭᠡᠭᠡᠪᠡ᠃ ᠬᠠᠲᠠᠭᠤᠵᠢᠯᠲᠠᠶ ᠠᠵᠢᠯᠯᠠᠵᠦ ᠲᠡᠮᠡᠴᠡᠬᠦ ᠪᠠᠷ ᠳᠠᠮᠵᠢᠨ᠂ ᠮᠠᠨ ᠤ ᠤᠯᠤᠰ ᠤᠨ ᠵᠠᠰᠠᠭ ᠤᠨ ᠣᠷᠳᠣᠨ ᠤᠷᠢᠳ ᠬᠤᠵᠢᠳ ᠰᠢᠶᠠᠩᠭᠠᠩ᠂ ᠣᠣᠮᠧᠨ ᠳᠤ ᠡᠷᠬᠡ ᠮᠡᠳᠡᠯ ᠢᠶᠠᠨ ᠰᠡᠷᠭᠦᠭᠡᠨ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠵᠠᠭᠤᠨ ᠵᠢᠯ ᠤᠨ ᠢᠴᠢᠭᠦᠷᠢ ᠶᠢ ᠠᠷᠢᠯᠭᠠᠪᠠ᠃ ᠰᠢᠶᠠᠩᠭᠠᠩ᠂ ᠣᠣᠮᠧᠨ ᠡᠬᠡ ᠤᠷᠤᠨ ᠳᠠᠭᠠᠨ ᠪᠤᠴᠠᠵᠦ ᠢᠷᠡᠭᠰᠡᠨ ᠤ ᠳᠠᠷᠠᠭ᠎ᠠ᠂ ᠲᠥᠪ ᠵᠠᠰᠠᠭ ᠤᠨ ᠣᠷᠳᠣᠨ ᠦᠨᠳᠦᠰᠦᠨ ᠬᠠᠤᠯᠢ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠭᠤᠤᠯ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ᠨᠠᠮ ᠠᠴᠠ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠭᠡ ᠲᠠᠯ᠎ᠠ ᠶᠢ ᠡᠵᠡᠮᠳᠡᠵᠦ᠂ ︽ᠨᠠᠶᠢᠷᠠᠮᠳᠠᠯ ᠢᠶᠠᠷ ᠨᠢᠭᠡᠳᠭᠡᠬᠦ᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠨᠳᠦᠰᠦᠨ ᠴᠢᠭᠯᠡᠯᠲᠡ ᠶᠢ ᠲᠣᠭᠲᠠᠭᠠᠨ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠢᠨ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠬᠠᠷᠠᠭᠤᠯᠤᠭᠰᠠᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾᠎ ᠲᠠᠢ ᠪᠣᠯᠬᠤ ᠶᠢ ᠠᠬᠢᠭᠤᠯᠵᠤ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠵᠥᠪᠳᠡᠯᠴᠡᠭᠡ ᠬᠡᠯᠡᠯᠴᠡᠭᠡ ᠶᠢ ᠠᠬᠢᠭᠤᠯᠵᠤ᠂ ᠪᠦᠬᠦ ᠲᠠᠯ᠎ᠠ ᠪᠠᠷ᠂ ᠰᠢᠭᠤᠳ᠂ ᠬᠤᠤᠰ ᠴᠢᠭᠯᠡᠯ ᠢᠶᠠᠷ ︽ᠭᠤᠷᠪᠠ ᠶᠢ ᠨᠡᠪᠲᠡᠷᠡᠭᠦᠯᠬᠦ︾᠎ ᠶᠢ ᠪᠡᠶᠡᠯᠡᠭᠦᠯᠵᠦ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠲᠦᠷᠦ ᠶᠢᠨ ᠨᠠᠮ ᠤᠨ ᠰᠣᠯᠢᠯᠴᠠᠭ᠎ᠠ ᠶᠢ ᠡᠬᠢᠯᠡᠭᠦᠯᠪᠡ᠃ ᠤᠯᠤᠰ ᠣᠷᠣᠨ ᠢ ᠬᠠᠭᠠᠴᠠᠭᠤᠯᠬᠤ ᠶᠢ ᠡᠰᠡᠷᠭᠦᠴᠡᠬᠦ ᠬᠠᠤᠯᠢ ᠶᠢ ᠲᠣᠭᠲᠠᠭᠠᠵᠤ᠂ ︽ᠲᠠᠶᠢᠸᠠᠨ ᠢ ᠲᠤᠰᠠᠭᠠᠷ ᠲᠤᠬᠳᠠᠨᠢᠭᠤᠯᠬᠤ︾ ᠬᠦᠴᠦᠨ ᠢ ᠡᠷᠡᠰ ᠬᠤᠷᠢᠭᠯᠠᠨ᠂ ᠡᠬᠡ ᠣᠷᠣᠨ ᠤ ᠨᠢᠭᠡᠳᠦᠯ ᠢ ᠠᠬᠢᠭᠤᠯᠵᠤ᠂ ︽ᠬᠤᠶᠠᠷ ᠳᠤᠮᠳᠠᠳᠤ ᠤᠯᠤᠰ︾᠂ ︽ᠨᠢᠭᠡ ᠳᠤᠮᠳᠠᠳᠤ ᠤᠯᠤᠰ ᠨᠢᠭᠡ ᠲᠠᠶᠢᠸᠠᠨ︾᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠭᠡᠰᠡᠨ ᠡᠯ᠎ᠡ ᠵᠦᠢᠯ ᠤᠨ ᠭᠤᠷᠢᠳᠠᠯᠭ᠎ᠠ ᠶᠢ ᠬᠦᠴᠦᠲᠡᠢ ᠰᠦᠢᠷᠡᠭᠦᠯᠪᠡ᠃      ᠨᠠᠮ ᠠᠴᠠ ᠴᠠᠭ ᠦᠶ᠎ᠡ ᠶᠢᠨ ᠣᠨᠴᠠᠯᠢᠭ ᠪᠠ ᠳᠡᠯᠡᠬᠡᠶ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠵᠤ᠂ ᠡᠩᠬᠡ ᠲᠠᠶᠢᠪᠤᠩ ᠪᠠ ᠬᠥᠭᠵᠢᠯᠲᠡ ᠪᠣᠯ ᠣᠳᠣᠬᠢ ᠴᠠᠭ ᠦᠶ᠎ᠡ ᠶᠢᠨ ᠭᠤᠤᠯ ᠰᠡᠳᠦᠪ ᠮᠥᠨ ᠭᠡᠵᠦ ᠳᠤᠷᠠᠳᠤᠨ ᠭᠠᠷᠭᠠᠪᠠ᠃ ᠨᠠᠮ ᠠᠴᠠ ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢᠨ ᠵᠣᠷᠢᠯᠲᠠ ᠶᠢ ᠪᠠᠷᠢᠮᠲᠠᠯᠠᠵᠤ᠂ ᠭᠤᠤᠯ ᠭᠤᠤᠯ ᠲᠣᠮᠣ ᠤᠯᠤᠰ ᠯᠤᠭ᠎ᠠ ᠶᠢᠨ ᠬᠠᠷᠢᠴᠠᠭ᠎ᠠ ᠳᠤ ᠲᠣᠬᠢᠷᠠᠭᠤᠯᠤᠯᠳᠠ ᠬᠢᠵᠦ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠡᠶᠡᠯᠳᠡᠭ ᠬᠥᠷᠰᠢ ᠶᠢᠨ ᠨᠥᠬᠦᠷᠰᠡᠭ ᠬᠠᠷᠢᠴᠠᠭ᠎ᠠ ᠪᠠᠨ ᠬᠥᠭᠵᠢᠭᠦᠯᠵᠦ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠯᠤᠭ᠎ᠠ ᠶᠢᠨ ᠨᠥᠬᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠶ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ ᠢᠳᠡᠪᠬᠢᠲᠡᠶ ᠣᠷᠣᠯᠴᠠᠵᠤ᠂ ᠪᠦᠬᠦ ᠲᠠᠯ᠎ᠠ ᠶᠢᠨ ᠤᠯᠠᠨ ᠲᠡᠰ ᠳᠠᠪᠬᠤᠷᠭ᠎ᠠ ᠶᠢᠨ ᠭᠠᠳᠠᠭᠠᠳᠤ ᠬᠠᠷᠢᠯᠴᠠᠭᠠᠨ ᠤ ᠰᠢᠨ᠎ᠡ ᠪᠠᠶᠢᠷᠢᠰᠢᠯ ᠢ ᠪᠠᠶᠢᠭᠤᠯᠪᠠ᠃ ᠨᠠᠮ ᠠᠴᠠ ᠳᠡᠯᠡᠬᠡᠶ ᠶᠢᠨ ᠣᠯᠠᠨ ᠲᠦᠢᠯᠰᠢᠷᠠᠯᠲᠠ ᠪᠠ ᠣᠯᠠᠨ ᠤᠯᠤᠰ ᠤᠨ ᠬᠠᠷᠢᠴᠠᠭᠠᠨ ᠤ ᠠᠷᠠᠳᠴᠢᠯᠠᠯᠲᠠ ᠶᠢ ᠢᠳᠡᠪᠬᠢᠲᠡᠢ ᠠᠬᠢᠭᠤᠯᠵᠤ᠂ ᠠᠵᠤ ᠠᠬᠤᠶ ᠶᠢᠨ ᠳᠡᠯᠡᠬᠡᠶᠢᠴᠢᠯᠡᠯᠲᠡ ᠶᠢᠨ ᠬᠠᠮᠲᠤ ᠪᠠᠷ ᠴᠡᠴᠡᠭᠯᠡᠯ ᠬᠥᠭᠵᠢᠬᠦ ᠳᠤ ᠠᠰᠢᠭᠲᠠᠶ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠡᠵᠡᠷᠬᠡᠬᠦ ᠦᠵᠡᠯ ᠪᠣᠯᠤᠨ ᠬᠦᠴᠦᠷᠬᠡᠭᠯᠡᠯ ᠤᠨ ᠤᠯᠤᠰ ᠲᠥᠷᠥ ᠶᠢ ᠲᠤᠭ ᠲᠡᠮᠳᠡᠭ ᠲᠣᠳᠣᠷᠬᠠᠶ ᠪᠠᠷ ᠡᠰᠡᠷᠭᠦᠴᠡᠵᠦ᠂ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠶᠢ ᠡᠷᠡᠰ ᠬᠠᠮᠠᠭᠠᠯᠠᠵᠤ᠂ ᠲᠥᠪ ᠭᠤᠤᠯᠴᠢ ᠵᠦᠶ ᠵᠣᠬᠢᠰᠲᠠᠶ ᠣᠯᠠᠨ ᠤᠯᠤᠰ ᠤᠨ ᠤᠯᠤᠰ ᠲᠥᠷᠥ ᠠᠵᠤ ᠠᠬᠤᠶ ᠶᠢᠨ ᠰᠢᠨ᠎ᠡ ᠳᠢᠭᠯᠢᠮ ᠢ ᠪᠠᠶᠢᠭᠤᠯᠬᠤ ᠶᠢ ᠠᠬᠢᠭᠤᠯᠵᠤ᠂ ᠳᠡᠯᠡᠬᠡᠶ ᠶᠢᠨ ᠥᠨᠢ ᠤᠳᠠᠭᠠᠨ ᠡᠩᠬᠡ ᠲᠠᠶᠢᠪᠤᠩ ᠪᠠᠶᠢᠬᠤ ᠪᠠ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠪᠠ᠃      ᠤᠯᠤᠰ ᠢ ᠵᠠᠰᠠᠬᠤ ᠳᠤ ᠡᠷᠬᠡᠪᠰᠢ ᠤᠷᠢᠳ ᠢᠶᠠᠷ ᠨᠠᠮ ᠢ ᠵᠠᠰᠠᠬᠤ ᠬᠡᠷᠡᠭᠲᠡᠶ᠂ ᠨᠠᠮ ᠢ ᠵᠠᠰᠠᠬᠤ ᠳᠤ ᠡᠷᠬᠡᠪᠰᠢ ᠴᠢᠩᠭ᠎ᠠ ᠪᠠᠶᠢᠬᠤ ᠬᠡᠷᠡᠭᠲᠡᠶ᠂ ᠨᠠᠮ ᠤᠨ ᠪᠠᠶᠢᠭᠤᠯᠤᠯᠲᠠ ᠶᠢ ᠰᠡᠳᠭᠢᠯ ᠰᠠᠨᠠᠭ᠎ᠠ ᠪᠠᠨ ᠲᠥᠪᠯᠡᠷᠡᠭᠦᠯᠦᠨ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠡᠭᠦᠳᠦᠨ ᠨᠡᠭᠡᠭᠡᠵᠦ ᠠᠬᠢᠭᠤᠯᠬᠤ ᠬᠡᠷᠡᠭᠳᠡᠢ ᠭᠡᠵᠦ ᠨᠠᠮ ᠠᠴᠠ ᠴᠢᠬᠤᠯᠠᠴᠢᠯᠠᠭᠰᠠᠭᠠᠷ ᠢᠷᠡᠭᠰᠡᠨ ᠶᠤᠮ᠃ ᠨᠠᠮ ᠠᠴᠠ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ ᠢ ᠲᠣᠭᠲᠠᠭᠠᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠪᠦᠷᠢᠨᠰᠢᠬᠦᠯᠦᠨ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠪᠠᠳᠠᠷᠠᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠬᠡᠪ ᠤᠨ ᠪᠣᠯᠭᠠᠬᠤ ᠶᠢ ᠪᠡᠶᠡᠯᠡᠭᠦᠯᠪᠡ︔ ᠲᠥᠯᠥᠪᠯᠡᠭᠡ ᠲᠠᠢ ᠠᠯᠬᠤᠮ ᠲᠡᠷᠠᠭ᠎ᠠ ᠲᠠᠢ ᠪᠠᠷ ᠨᠠᠮ ᠢ ᠴᠡᠭᠴᠡᠯᠡᠵᠦ᠂ ᠨᠠᠮ ᠤᠨ ᠳᠣᠲᠣᠭᠠᠳᠤ ᠶᠢᠨ ᠦᠵᠡᠯ ᠰᠠᠨᠠᠭ᠎ᠠ ᠴᠡᠪᠡᠷ ᠪᠤᠰᠤ᠂ ᠣᠪᠣᠷ ᠰᠤᠷᠲᠠᠯ ᠴᠡᠪᠡᠷ ᠪᠤᠰᠤ᠂ ᠵᠤᠬᠢᠶᠠᠨ ᠪᠠᠶᠢᠭᠤᠯᠤᠯᠲᠠ ᠴᠡᠪᠡᠷ ᠪᠤᠰᠤ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ︔ ᠬᠤᠪᠢᠰᠬᠠᠯᠵᠢᠭᠤᠯᠬᠤ᠂ ᠵᠠᠯᠠᠭᠤᠵᠢᠭᠤᠯᠬᠤ᠂ ᠮᠡᠳᠡᠯᠭᠡᠵᠢᠭᠦᠯᠬᠦ ᠂ ᠲᠤᠰᠬᠠᠶᠢᠵᠢᠭᠤᠯᠬᠤ ᠴᠢᠭᠯᠡᠯᠲᠡ ᠶᠣᠰᠣᠭᠠᠷ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠢᠳᠡᠷ ᠵᠠᠯᠠᠭᠤ ᠺᠠᠳ᠋ᠷᠴᠤᠳ ᠢ ᠶᠡᠭᠡ ᠪᠠᠷ ᠰᠢᠯᠢᠨ ᠳᠡᠪᠰᠢᠭᠦᠯᠵᠦ᠂ ᠺᠠᠳ᠋ᠷ ᠤᠨ ᠡᠩᠨᠡᠭᠡᠨ ᠤ ᠰᠢᠨ᠎ᠡ ᠬᠠᠭᠤᠴᠢᠨ ᠤ ᠬᠠᠯᠠᠭ᠎ᠠ ᠵᠠᠯᠭᠠᠮᠵᠢ ᠶᠢ ᠠᠬᠢᠭᠤᠯᠪᠠ᠃ ᠨᠠᠮ ᠠᠴᠠ ᠨᠠᠮ ᠤᠨ ᠤᠳᠤᠷᠢᠳᠬᠤ ᠬᠢᠷᠢ ᠬᠡᠮᠵᠢᠶ᠎ᠡ ᠪᠠ ᠲᠥᠷᠥ ᠪᠠᠷᠢᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠂ ᠢᠯᠵᠢᠷᠡᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠡᠰᠡᠷᠭᠦᠴᠡᠨ ᠲᠤᠯᠬᠤ ᠴᠢᠳᠠᠪᠤᠷᠢ ᠶᠢ ᠳᠡᠭᠡᠭᠰᠢᠯᠡᠭᠦᠯᠬᠦ ᠡᠨᠡ ᠬᠤᠶᠠᠷ ᠶᠡᠭᠡ ᠲᠡᠤᠬᠡᠲᠦ ᠴᠢᠨᠠᠷᠲᠠᠶ ᠰᠡᠳᠦᠪ ᠢ ᠰᠠᠶᠢᠲᠤᠷ ᠰᠢᠢᠳᠪᠦᠷᠢᠯᠡᠬᠦ ᠶᠢᠨ ᠲᠤᠭᠤᠷᠢᠨ ᠳᠤ᠂ ᠲᠥᠷᠥ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠪᠠ ᠲᠡᠷᠢᠭᠦᠨ ᠤ ᠴᠢᠨᠠᠷ ᠤᠨ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠵᠤ ᠂ ᠨᠠᠮ ᠪᠣᠯᠤᠨ ᠠᠷᠠᠳ ᠤᠯᠠᠨ ᠤ ᠬᠠᠷᠢᠯᠴᠠᠭ᠎ᠠ ᠶᠢ ᠴᠢᠩᠭᠠᠳᠬᠠᠬᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ᠂ ᠨᠠᠮ ᠤᠨ ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠶ ᠤᠷᠢᠳ ᠬᠤᠵᠢᠳ ᠲᠣᠭᠲᠠᠭᠠᠯ ᠭᠠᠷᠭᠠᠵᠤ᠂ ︽ᠰᠤᠷᠤᠯᠴᠠᠯᠭ᠎ᠠ ᠶᠢ ᠡᠷᠬᠢᠮᠯᠡᠬᠦ᠂ ᠤᠯᠤᠰ ᠲᠦᠷᠦ ᠶᠢ ᠡᠷᠬᠢᠮᠯᠡᠬᠦ᠂ ᠲᠥᠪ ᠰᠤᠷᠲᠠᠯ ᠢ ᠡᠷᠬᠢᠮᠯᠡᠬᠦ︾ ᠬᠥᠮᠦᠵᠢᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ᠂ ᠡᠪ ᠬᠠᠮᠲᠤ ᠨᠠᠮ ᠤᠨ ᠭᠡᠰᠢᠭᠦᠨ ᠤ ᠲᠡᠷᠢᠭᠦᠨ ᠤ ᠴᠢᠨᠠᠷ ᠢ ᠪᠠᠷᠢᠮᠳᠠᠯᠠᠬᠤ ᠬᠥᠮᠦᠵᠢᠯ ᠤᠨ ᠠᠵᠢᠯᠯᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠵᠡᠷᠭᠡ ᠲᠥᠪᠯᠡᠷᠡᠩᠭᠦᠶ ᠴᠢᠨᠠᠷᠲᠠᠶ ᠰᠤᠷᠤᠯᠴᠠᠯᠭ᠎ᠠ ᠬᠥᠮᠦᠵᠢᠯ ᠢ ᠵᠤᠬᠢᠶᠠᠨ ᠪᠠᠶᠢᠭᠤᠯᠵᠦ ᠥᠷᠨᠢᠭᠦᠯᠪᠡ᠃ ᠨᠠᠮ ᠠᠴᠠ ᠨᠠᠮ ᠤᠨ ᠰᠤᠷᠲᠠᠯ ᠤᠨ ᠪᠠ ᠠᠷᠢᠭᠤᠨ ᠴᠢᠭᠡᠴᠢ ᠪᠠᠷ ᠵᠠᠰᠠᠬ ᠪᠠᠷᠢᠬᠤ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠲᠡᠮᠡᠴᠡᠯ ᠢ ᠨᠠᠮ ᠪᠣᠯᠤᠨ ᠤᠯᠤᠰ ᠤᠨ ᠦᠬᠦᠵᠦ ᠰᠡᠬᠡᠬᠦ ᠮᠠᠨᠳᠤᠵᠤ ᠮᠥᠬᠦᠬᠦ ᠲᠠᠢ ᠬᠤᠯᠪᠣᠭᠳᠠᠬᠤ ᠦᠨᠳᠦᠷᠴᠡ ᠳᠤ ᠬᠦᠷᠳᠡᠯ᠎ᠡ ᠳᠡᠭᠡᠭᠰᠢᠯᠡᠬᠦᠯᠵᠦ᠂ ᠢᠯᠵᠠᠷᠠᠯ ᠢ ᠵᠠᠯᠬᠠᠭᠠᠨ ᠰᠢᠢᠳᠭᠡᠬᠦ ᠪᠠ ᠤᠷᠢᠳᠴᠢᠯᠠᠨ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃      ᠥᠭᠡᠷᠡᠴᠢᠯᠡᠯᠲᠡ ᠨᠡᠭᠡᠭᠡᠯᠲᠡ ᠬᠢᠭᠰᠡᠨ ᠳᠥᠴᠢᠨ ᠵᠢᠯ ᠤᠨ ᠤᠢ ᠶᠢᠨ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠪᠡᠯᠭᠡᠯᠡᠬᠦ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠤᠨ᠂ ᠰᠢ ᠶᠢᠨ ᠫᠢᠩ ᠨᠥᠬᠦᠷ ᠴᠢᠬᠤᠯᠠ ᠶᠠᠷᠢᠶ᠎ᠠ ᠲᠠᠯᠪᠢᠵᠤ ᠂ ᠳᠥᠴᠢᠨ ᠵᠢᠯ ᠤᠨ ᠥᠭᠡᠷᠡᠴᠢᠯᠡᠯᠲᠡ ᠨᠡᠭᠡᠭᠡᠯᠲᠡ ᠶᠢᠨ ᠣᠯᠤᠭᠰᠠᠨ ᠠᠭᠤᠤ ᠶᠡᠭᠡ ᠠᠮᠵᠢᠯᠲᠠ ᠪᠦᠲᠦᠮᠵᠢ ᠪᠠ ᠡᠷᠬᠢᠮ ᠨᠠᠨᠳᠢᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠥᠭᠡᠷᠡᠴᠢᠯᠡᠯᠲᠡ ᠨᠡᠭᠡᠭᠡᠯᠲᠡ ᠪᠣᠯ ᠨᠠᠮ ᠤᠨ ᠨᠢᠭᠡ ᠤᠳᠠᠭᠠᠨ ᠤ ᠠᠭᠤᠤ ᠶᠡᠭᠡ ᠰᠡᠬᠡᠭᠡᠷᠡᠯᠲᠡ ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠤᠬᠡᠨ ᠳᠡᠭᠡᠷᠡᠬᠢ ᠨᠢᠭᠡ ᠤᠳᠠᠭᠠᠨ ᠤ ᠠᠭᠤᠤ ᠶᠡᠭᠡ ᠬᠤᠪᠢᠰᠬᠠᠯ ᠮᠥᠨ ᠭᠡᠵᠦ ᠴᠢᠬᠤᠯᠠᠴᠢᠯᠠᠭᠠᠳ᠂ ᠥᠭᠡᠷᠡᠴᠢᠯᠡᠯᠲᠡ ᠨᠡᠭᠡᠭᠡᠯᠳᠡ ᠶᠢ ᠡᠴᠦᠰ ᠲᠤᠨᠢ ᠲᠤᠯᠲᠠᠯ᠎ᠠ ᠬᠢᠬᠦ ᠠᠭᠤᠤ ᠶᠡᠭᠡ ᠤᠷᠢᠶᠠᠯᠠᠭ᠎ᠠ ᠭᠠᠷᠭᠠᠪᠠ᠃ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ ᠳᠡᠯᠡᠬᠡᠶ ᠳ᠋ᠠᠬᠢᠨ ᠤ ᠠᠩᠬᠠᠷᠤᠯ ᠢ ᠲᠠᠲᠠᠵᠤ᠂ ᠮᠠᠨ ᠤ ᠤᠯᠤᠰ ᠦᠢᠯᠡᠳᠪᠦᠷᠢᠯᠡᠯ ᠤᠨ ᠬᠦᠴᠦᠨ ᠬᠠᠷᠢᠴᠠᠩᠭᠤᠶ ᠬᠤᠴᠣᠷᠤᠩᠭᠤᠶ ᠪᠠᠶᠢᠭᠰᠠᠨ ᠪᠠᠶᠢᠳᠠᠯ ᠠᠴᠠ ᠪᠠᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠳᠡᠯᠡᠬᠡᠶ ᠶᠢᠨ ᠬᠤᠶᠠᠳᠤᠭᠠᠷ ᠲᠤ ᠣᠷᠣᠬᠰᠠᠨ ᠲᠡᠤᠬᠡᠲᠦ ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠢᠳᠡᠵᠦ ᠡᠮᠦᠰᠭᠦ ᠳᠡᠭᠡᠨ ᠵᠥᠪ ᠦᠭᠡᠶ ᠪᠠᠶᠢᠭᠰᠠᠨ ᠠᠴᠠ ᠪᠠᠨ ᠶᠡᠷᠦᠩᠬᠡᠶ ᠳᠡᠭᠡᠨ ᠴᠢᠨᠡᠭᠡᠯᠢᠭᠵᠢᠭᠰᠡᠨ᠂ ᠪᠦᠬᠦ ᠲᠠᠯ᠎ᠠ ᠪᠠᠷ ᠴᠢᠨᠡᠭᠡᠯᠢᠭᠵᠢᠬᠦ ᠲᠡᠶᠢᠰᠢ ᠤᠷᠤᠭᠰᠢᠯᠠᠬᠰᠠᠨ ᠲᠡᠤᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠠᠴᠠ ᠪᠠᠨ ᠪᠠᠶᠠᠵᠢᠬᠰᠠᠨ ᠠᠭᠤᠤ ᠶᠡᠭᠡ ᠦᠰᠦᠷᠦᠯᠲᠡ ᠶᠢ ᠠᠬᠢᠭᠤᠯᠪᠠ᠃      ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ ᠲᠡᠮᠡᠴᠡᠯ ᠢᠶᠠᠷ ᠢᠶᠠᠨ᠂ ᠥᠭᠡᠷᠡᠴᠢᠯᠡᠯᠲᠡ ᠨᠡᠭᠡᠭᠡᠯᠲᠡ ᠪᠣᠯ ᠣᠳᠣ ᠦᠶ᠎ᠡ ᠶᠢᠨ ᠳᠤᠮᠳᠠᠳᠤ ᠤᠯᠤᠰ ᠤᠨ ᠢᠷᠡᠭᠡᠳᠦᠶ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠨᠢᠬᠡᠨ ᠠᠷᠭ᠎ᠠ ᠮᠦᠨ᠂ ᠲᠤᠮᠳᠠᠳᠤ ᠤᠯᠤᠰ ᠤᠨ ᠤᠨᠴᠠᠯᠢᠬ ᠪᠦᠬᠦᠢ ᠨᠡᠶᠢᠭᠡᠮ ᠵᠢᠷᠤᠮ ᠤᠨ ᠵᠠᠮ ᠪᠤᠯ ᠲᠤᠮᠳᠠᠳᠤ ᠤᠯᠤᠰ ᠤᠨ ᠬᠥᠭᠵᠢᠯ ᠴᠡᠴᠡᠭᠯᠡᠯ ᠢ ᠵᠢᠭᠠᠨ ᠵᠢᠯᠤᠭᠤᠳᠬᠤ ᠵᠦᠪ ᠵᠠᠮ ᠮᠦᠨ᠂ ᠳᠤᠮᠳᠠᠳᠤ ᠤᠯᠤᠰ ᠲᠤᠮᠤ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠭᠰᠡᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃      ᠳᠦᠷᠪᠡ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ ᠡᠬᠦᠳᠦᠨ ᠨᠡᠭᠡᠭᠡᠭᠰᠡᠨ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠪᠠ᠃ ᠨᠠᠮ ᠳᠤ ᠲᠤᠯᠭᠠᠷᠠᠵᠤ ᠪᠠᠶᠢᠭ᠎ᠠ ᠭᠤᠤᠯ ᠡᠭᠦᠷᠭᠡ ᠪᠣᠯ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠯᠠᠯ ᠢᠶᠠᠨ ᠡᠬᠢᠯᠡᠭᠦᠯᠤᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠬᠠᠷᠠᠯᠲᠠ ᠲᠡᠶᠢᠰᠢ ᠦᠷᠭᠦᠯᠵᠢᠯᠡᠨ ᠤᠷᠤᠭᠰᠢᠯᠠᠬᠤ ᠶᠠᠪᠤᠳᠠᠯ ᠪᠤᠯᠤᠨ᠎ᠠ᠃      ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠪᠠ ᠳᠡᠯᠡᠬᠡᠶ ᠶᠢᠷᠲᠢᠨᠴᠦ ᠶᠢᠨ ᠵᠠᠭᠤᠨ ᠵᠢᠯ ᠳᠤ ᠪᠠᠶᠢᠭ᠎ᠠ ᠥᠬᠡᠶ ᠶᠡᠭᠡ ᠬᠤᠪᠢᠰᠤᠯᠲᠠ ᠶᠢ ᠨᠢᠭᠡᠳᠦᠯᠲᠡᠶ ᠲᠥᠯᠥᠪᠯᠡᠨ ᠡᠵᠡᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠪᠣᠯ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠶᠢ ᠨᠡᠭᠡᠭᠡᠬᠦ᠂ ᠰᠢᠨ᠎ᠡ ᠲᠡᠤᠬᠡᠨ ᠨᠥᠬᠦᠴᠡᠯ ᠳᠣᠤᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠦᠷᠭᠦᠯᠵᠢᠯᠡᠨ ᠲᠡᠮᠡᠴᠡᠨ ᠣᠯᠬᠤ ᠴᠠᠭ ᠦᠶ᠎ᠡ ᠮᠥᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠶᠢᠨ ᠤᠯᠠᠮ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠴᠠᠭ ᠦᠶ᠎ᠡ ᠮᠦᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠵᠦ᠂ ᠰᠠᠶᠢᠨ ᠰᠠᠶᠢᠬᠠᠨ ᠠᠮᠢᠳᠤᠷᠠᠯ ᠢᠶᠠᠨ ᠲᠠᠰᠤᠷᠠᠯᠲᠠ ᠦᠭᠡᠶ ᠴᠤᠬᠴᠠᠯᠠᠵᠦ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠴᠠᠭ ᠦᠶ᠎ᠡ ᠮᠦᠨ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠬᠦᠴᠦ ᠪᠠᠨ ᠬᠠᠮᠲᠤᠳᠬᠠᠨ ᠰᠡᠳᠭᠢᠯ ᠢᠶᠠᠨ ᠨᠢᠭᠡᠳᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ ᠴᠢᠷᠮᠠᠶᠢᠨ ᠪᠡᠶᠡᠯᠡᠬᠦᠯᠬᠦ ᠴᠠᠭ ᠦᠶ᠎ᠡ ᠮᠦᠨ᠂ ᠮᠠᠨ ᠤ ᠤᠯᠤᠰ ᠬᠥᠮᠦᠨ ᠲᠥᠷᠥᠯᠬᠢᠲᠡᠨ ᠳᠤ ᠲᠠᠰᠤᠷᠠᠯᠲᠠ ᠦᠭᠡᠢ ᠨᠡᠩ ᠶᠡᠭᠡ ᠬᠤᠪᠢ ᠨᠡᠮᠡᠷᠢ ᠦᠵᠡᠭᠦᠯᠬᠦ ᠴᠠᠭ ᠦᠶ᠎ᠡ ᠮᠥᠨ ᠭᠡᠵᠦ ᠴᠢᠬᠤᠯᠠᠴᠢᠯᠠᠪᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠪᠣᠯ ᠮᠠᠨ ᠤ ᠤᠯᠤᠰ ᠤᠨ ᠬᠥᠭᠵᠢᠯᠲᠡ ᠶᠢᠨ ᠲᠡᠤᠬᠡᠨ ᠰᠢᠨ᠎ᠡ ᠣᠷᠣᠨ ᠪᠠᠶᠢᠷᠢ ᠮᠥᠨ᠃      ᠰᠢ ᠶᠢᠨ ᠫᠢᠩ ᠨᠥᠬᠦᠷ ᠢᠶᠠᠷ ᠭᠤᠣᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠮᠠᠷᠺᠰ ᠤᠨ ᠦᠵᠡᠯ ᠤᠨ ᠦᠨᠳᠦᠰᠦᠨ ᠤᠬ ᠶᠤᠰᠤ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠨ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠦ᠂ ᠨᠠᠮ ᠪᠠᠶᠢᠭᠤᠯᠤᠭᠳᠠᠭᠰᠠᠨ ᠠᠴᠠ ᠨᠠᠭᠠᠰᠢᠬᠢ ᠲᠡᠦᠬᠡᠨ ᠲᠤᠷᠰᠢᠯᠭ᠎ᠠ ᠶᠢ ᠭᠦᠨᠵᠡᠭᠡᠶ ᠳ᠋ᠦᠩᠨᠡᠵᠤ ᠭᠦᠢᠴᠡᠳ ᠬᠡᠷᠡᠭᠯᠡᠨ᠂ ᠰᠢᠨ᠎ᠡ ᠪᠣᠳᠠᠲᠤ ᠪᠠᠶᠢᠳᠠᠯ ᠠᠴᠠ ᠡᠭᠦᠰᠴᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠤᠢ ᠪᠤᠯᠭᠠᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠦᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠦᠨ᠂ ᠲᠤᠮᠳᠠᠳᠤ ᠤᠯᠤᠰ ᠤᠨ ᠡᠪ ᠬᠠᠮᠳᠤ ᠨᠠᠮ ᠪᠤᠯ ᠬᠠᠮᠤᠭ ᠤᠨ ᠲᠡᠭᠡᠳᠦ ᠤᠯᠤᠰ ᠲᠦᠷᠦ ᠶᠢᠨ ᠤᠳᠤᠷᠢᠳᠬᠤ ᠬᠦᠴᠦᠨ ᠮᠦᠨ᠂ ᠪᠦᠬᠦ ᠨᠠᠮ ᠢᠶᠠᠷ ᠢᠶᠠᠨ ᠡᠷᠬᠡᠪᠰᠢ ︽ᠳᠦᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠢ ᠭᠡᠳᠡᠭ ᠢ ᠲᠤᠳᠤᠷᠬᠠᠶᠢᠯᠠᠪᠠ︔ ᠲᠤᠮᠳᠠᠳᠤ ᠤᠯᠤᠰ ᠤᠨ ᠤᠨᠴᠠᠯᠢᠬ ᠪᠦᠬᠦᠢ ᠨᠡᠶᠢᠬᠡᠮ ᠵᠢᠷᠦᠮ ᠢ ᠪᠠᠷᠢᠮᠳᠠᠯᠠᠨ ᠬᠦᠭᠵᠢᠬᠦᠯᠬᠦ ᠶᠢᠨ ᠶᠡᠷᠦᠩᠬᠡᠢ ᠡᠬᠦᠷᠬᠡ ᠪᠤᠯ ᠨᠡᠶᠢᠬᠡᠮ ᠵᠢᠷᠦᠮ ᠤᠨ ᠤᠳᠤᠬᠢᠴᠢᠯᠠᠯᠳᠠ ᠪᠠ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠵᠦ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠬᠡᠭᠰᠡᠨ ᠰᠠᠭᠤᠷᠢᠨ ᠳᠡᠬᠡᠷ᠎ᠡ᠂ ᠬᠤᠶᠠᠷ ᠠᠯᠬᠤᠮ ᠢᠶᠠᠷ ᠶᠠᠪᠤᠵᠤ ᠳᠤᠰ ᠵᠠᠭᠤᠨ ᠤ ᠳᠤᠮᠳᠠᠴᠢ ᠦᠶ᠎ᠡ ᠪᠤᠯᠬᠤ ᠳᠤ ᠪᠠᠶᠠᠨ ᠬᠦᠴᠦᠷᠬᠡᠭ ᠠᠷᠠᠳᠴᠢᠯᠠᠭᠰᠠᠨ ᠪᠤᠯᠪᠠᠰᠤᠨ ᠡᠶ᠎ᠡ ᠵᠤᠬᠢᠴᠠᠯ ᠲᠠᠢ ᠦᠵᠡᠰᠭᠦᠯᠡᠩᠳᠦ ᠰᠠᠶᠢᠬᠠᠨ ᠨᠡᠶᠢᠬᠡᠮ ᠵᠢᠷᠤᠮᠳᠤ ᠤᠳᠤᠬᠢᠴᠢᠯᠠᠭᠰᠠᠨ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠶᠠᠪᠤᠳᠠᠯ ᠪᠤᠯᠤᠨ᠎ᠠ ᠭᠡᠳᠡᠭ ᠢ ᠲᠤᠳᠤᠷᠬᠠᠶᠢᠯᠠᠪᠠ︔ ᠰᠢᠨ᠎ᠠ ᠴᠠᠭ ᠦᠶ᠎ᠠ ᠶᠢᠨ ᠮᠠᠨ ᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠪᠤᠯ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠪᠤᠯᠤᠨ ᠲᠡᠩᠴᠡᠬᠦᠷᠢ ᠦᠬᠡᠢ ᠬᠦᠢᠴᠡᠳ ᠦᠬᠡᠢ ᠬᠦᠭᠵᠢᠯᠳᠠ ᠶᠢᠨ ᠬᠤᠭᠤᠷᠤᠨᠳᠤᠬᠢ ᠵᠦᠷᠢᠴᠡᠯ ᠮᠦᠨ᠂ ᠡᠷᠬᠡᠪᠰᠢ ᠠᠷᠠᠳ ᠲᠦᠮᠠᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠤᠨ ᠨᠡᠩ ᠢᠯᠡᠷᠬᠡᠶ ᠮᠥᠨ ᠴᠢᠨᠠᠷ ᠤᠨ ᠠᠬᠢᠯᠳᠡ ᠲᠠᠢ ᠪᠣᠯᠬᠤ ᠶᠢ ᠠᠬᠢᠭᠤᠯᠬᠤ ᠬᠡᠷᠡᠭᠳᠡᠢ ᠭᠡᠳᠡᠭ ᠢ ᠲᠤᠳᠤᠷᠬᠠᠶᠢᠯᠠᠪᠠ︔ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠶᠡᠷᠦᠩᠬᠡᠶ ᠪᠠᠶᠢᠷᠢᠯᠠᠭᠤᠯᠤᠯᠲᠠ ᠪᠣᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠵᠡᠷᠬᠡ ᠲᠠᠪᠤ ᠶᠢ ᠨᠢᠭᠡ ᠴᠣᠭᠴᠠᠵᠢᠭᠤᠯᠬᠤ ᠶᠠᠪᠤᠳᠠᠯ ᠮᠦᠨ᠂ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠣᠯ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠎ ᠢᠶᠠᠨ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠦᠷᠪᠡᠨ ᠪᠦᠬᠦ ᠲᠠᠯ᠎ᠠ ᠮᠦᠨ ᠭᠡᠳᠡᠭ ᠢ ᠲᠤᠳᠤᠷᠬᠠᠶᠢᠯᠠᠪᠠ︔ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠳᠦ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠮᠦᠨ ᠭᠡᠳᠡᠭ ᠢ ᠲᠣᠳᠣᠷᠬᠠᠶᠢᠯᠠᠪᠠ︔ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠶᠡᠷᠦᠩᠬᠡᠶ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠪᠠᠶᠢᠭᠤᠯᠵᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ ᠶᠠᠪᠤᠳᠠᠯ ᠮᠦᠨ ᠭᠡᠳᠡᠭ ᠢ ᠲᠣᠳᠣᠷᠬᠠᠶᠢᠯᠠᠪᠠ︔ ᠡᠷᠬᠡᠪᠰᠢ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠤ᠂ ᠵᠠᠬ᠎ᠠ ᠳᠡᠯᠭᠡᠭᠦᠷ ᠢ ᠡᠬᠢ ᠪᠠᠶᠠᠯᠢᠭ ᠤᠨ ᠲᠣᠬᠢᠷᠠᠭᠤᠯᠤᠯᠲᠠ ᠳᠤ ᠰᠢᠢᠳᠪᠦᠷᠢᠯᠡᠭᠴᠢ ᠴᠢᠨᠡᠷᠲᠡᠢ ᠦᠢᠯᠡᠳᠦᠯ ᠭᠠᠷᠭᠠᠭᠤᠯᠵᠤ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠂ ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠵᠦ᠂ ᠰᠢᠨ᠎ᠡ ᠶᠢ ᠡᠭᠦᠳᠬᠦ᠂ ᠵᠣᠬᠢᠴᠠᠩᠭᠤᠶ᠂ ᠨᠤᠭᠤᠭᠠᠨ᠂ ᠨᠡᠭᠡᠭᠡᠯᠲᠡᠲᠠᠢ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠬᠡᠷᠡᠭᠳᠡᠢ ᠭᠡᠳᠡᠭ ᠢ ᠲᠤᠳᠤᠷᠬᠠᠶᠢᠯᠠᠪᠠ︔ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠪᠣᠯ ᠨᠠᠮ ᠤᠨ ᠵᠢᠯᠤᠭᠤᠳᠤᠯᠭ᠎ᠠ ᠶᠢ ᠲᠠᠭᠠᠬᠤ᠂ ᠢᠯᠠᠭᠤᠭᠰᠠᠨ ᠳᠠᠶᠢᠨ ᠬᠢᠵᠦ ᠴᠢᠳᠠᠬᠤ᠂ ᠬᠡᠪ ᠰᠤᠷᠲᠠᠯ ᠰᠢᠯᠢᠳᠡᠭ ᠰᠠᠶᠢᠨ ᠠᠷᠠᠳ ᠤᠨ ᠴᠡᠷᠢᠭ ᠠᠩᠬᠢ ᠶᠢ ᠪᠠᠶᠢᠭᠤᠯᠵᠦ᠂ ᠠᠷᠠᠳ ᠤᠨ ᠴᠡᠷᠢᠭ ᠠᠩᠬᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠬᠢ ᠪᠣᠯᠭᠠᠨ ᠪᠦᠳᠦᠬᠡᠨ ᠪᠠᠶᠢᠭᠤᠯᠬᠤ ᠶᠠᠪᠤᠳᠠᠯ ᠮᠦᠨ ᠭᠡᠳᠡᠭ ᠢ ᠲᠤᠳᠤᠷᠬᠠᠶᠢᠯᠠᠪᠠ︔ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠨᠢ ᠦᠨᠳᠦᠰᠦᠲᠡᠨ ᠤ ᠰᠡᠷᠭᠦᠨ ᠮᠠᠨᠳᠤᠯᠲᠠ ᠳᠤ ᠦᠢᠯᠡᠴᠢᠯᠡᠵᠦ᠂ ᠬᠥᠮᠦᠨ ᠲᠥᠷᠥᠯᠬᠢᠲᠡᠨ ᠤ ᠳᠠᠪᠰᠢᠯᠲᠠ ᠶᠢ ᠠᠬᠢᠭᠤᠯᠤᠨ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠳᠡᠢ ᠭᠡᠳᠡᠭ ᠢ ᠲᠤᠳᠤᠷᠬᠠᠶᠢᠯᠠᠪᠠ︔ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠳᠤᠷᠠᠳᠴᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠳᠦᠷᠢᠮ ᠤᠨ ᠪᠠᠶᠢᠭᠤᠯᠤᠯᠲᠠ ᠶᠢ ᠲᠡᠭᠦᠨ ᠳᠤ ᠲᠤᠭᠤᠰᠢᠯᠠᠭᠤᠯᠤᠨ᠂ ᠢᠯᠵᠢᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠭᠤᠤ ᠶᠡᠭᠡ ᠦᠪᠡᠷ ᠪᠢ ᠶᠢᠨ ᠬᠤᠪᠢᠰᠬᠠᠯ ᠢᠶᠠᠷ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠤᠨ᠎ᠠ᠃ ᠡᠳᠡᠭᠡᠷ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠠ ᠰᠢᠨ᠎ᠡ ᠡᠭᠦᠳᠦᠯᠲᠡ ᠶᠢᠨ ᠣᠶᠢᠯᠠᠭᠠᠭᠳᠠᠬᠤᠨ ᠪᠣᠯ ᠨᠠᠮ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠶ ᠲᠠᠨᠢᠯᠲᠠ ᠶᠢᠨ ᠭᠦᠨᠵᠡᠭᠡᠶᠢᠷᠡᠯ ᠪᠠ ᠤᠨᠤᠯ ᠤᠨ ᠰᠢᠨ᠎ᠡ ᠡᠭᠦᠳᠦᠯᠲᠡ ᠶᠢᠨ ᠴᠢᠬᠤᠯᠠ ᠶᠡᠭᠡ ᠦᠷ᠎ᠡ ᠪᠦᠲᠦᠭᠡᠯ ᠮᠥᠨ᠃      ᠰᠢ ᠶᠢᠨ ᠫᠢᠩ ᠨᠥᠬᠦᠷ ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠤᠯᠪᠣᠭᠳᠠᠬᠤ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠬᠥᠨ ᠭᠦᠨᠵᠡᠭᠡᠢ ᠪᠣᠳᠣᠯᠬᠢᠯᠠᠬᠰᠠᠨ ᠪᠠ ᠲᠡᠬᠦᠨ ᠳᠤ ᠰᠢᠨᠵᠢᠯᠡᠬᠦ ᠤᠬᠠᠭᠠᠨᠴᠢ ᠮᠠᠭᠠᠳᠯᠠᠯᠲᠠ ᠬᠢᠵᠦ᠂ ᠰᠢᠨ᠎ᠠ ᠴᠠᠭ ᠦᠶ᠎ᠠ ᠳᠤ ᠶᠡᠮᠡᠷ ᠶᠡᠩᠵᠤ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ᠂ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠢ ᠭᠡᠷᠬᠢᠨ ᠪᠠᠷᠢᠮᠳᠠᠯᠠᠨ ᠬᠦᠭᠵᠢᠬᠦᠯᠬᠦ᠂ ᠶᠠᠮᠠᠷ ᠶᠠᠩᠵᠤ ᠶᠢᠨ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠬᠡᠷᠬᠢᠨ ᠪᠦᠲᠦᠭᠡᠨ ᠪᠠᠶᠢᠭᠤᠯᠬᠤ᠂ ᠶᠠᠮᠠᠷ ᠶᠠᠩᠵᠤ ᠶᠢᠨ ᠤᠷᠲᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ᠂ ᠤᠷᠲᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠬᠡᠷᠬᠢᠨ ᠪᠠᠶᠢᠭᠤᠯᠬᠤ ᠵᠡᠷᠭᠡ ᠴᠢᠬᠤᠯᠠ ᠶᠡᠭᠡ ᠴᠠᠭ ᠦᠶ᠎ᠡ ᠶᠢᠨ ᠰᠡᠳᠦᠪ ᠤᠳ ᠤᠨ ᠲᠤᠬᠠᠢ ᠠᠯᠢ ᠤᠯᠠᠨ ᠤᠤᠭᠠᠯ ᠡᠬᠦᠳᠤᠯᠳᠠ ᠶᠢᠨ ᠴᠢᠨᠠᠷᠲᠠᠶ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠳᠤᠷᠠᠳᠤᠨ ᠭᠠᠷᠭᠠᠪᠠ᠂ ᠲᠡᠷᠡ ᠪᠤᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠡᠭᠦᠳᠦᠭᠴᠢ ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ ᠬᠤᠷᠢᠨ ᠨᠢᠭᠡᠳᠦᠭᠡᠷ ᠵᠠᠭᠤᠨ ᠤ ᠮᠠᠷᠺᠰ ᠤᠨ ᠦᠵᠡᠯ ᠮᠦᠨ᠂ ᠳᠤᠮᠳᠠᠳᠤ ᠶᠢᠨ ᠰᠣᠶᠣᠯ ᠪᠠ ᠳᠤᠮᠳᠠᠳᠤ ᠤᠯᠤᠰ ᠤᠨ ᠵᠣᠷᠢᠭ ᠰᠠᠨᠠᠭᠠᠨ ᠤ ᠴᠠᠭ ᠦᠶ᠎ᠡ ᠶᠢᠨ ᠤᠬᠢ ᠰᠣᠳᠣ ᠮᠥᠨ᠂ ᠲᠡᠷᠡ ᠨᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠰᠢᠨ᠎ᠡ ᠦᠰᠦᠷᠦᠯᠲᠡ ᠶᠢ ᠪᠡᠶᠡᠯᠡᠭᠦᠯᠪᠡ᠃ ᠨᠠᠮ ᠠᠴᠠ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠤᠯᠬᠤ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠭᠰᠠᠨ ᠨᠢ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠲᠤᠰᠬᠠᠬᠰᠠᠨ ᠪᠠᠶᠢᠨ᠎ᠠ᠂ ᠡᠨᠡ ᠨᠢ ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠶᠤᠮ᠃      ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠪᠠ ᠤᠯᠤᠰ ᠤᠨ ᠠᠵᠢᠯ ᠦᠢᠯᠡᠰ ᠴᠢᠬᠤᠯᠠ ᠶᠡᠭᠡ ᠠᠮᠵᠢᠯᠲᠠ ᠪᠦᠳᠦᠮᠵᠢ ᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠢ ᠬᠥᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠠᠰᠢᠭᠲᠠᠢ ᠨᠥᠬᠦᠴᠡᠯ ᠢ ᠡᠭᠦᠳᠴᠡᠢ᠃ ᠡᠭᠦᠨ ᠤ ᠬᠠᠮᠳᠤ᠂ ᠭᠠᠳᠠᠭᠠᠳᠤ ᠣᠷᠴᠢᠨ ᠨᠦᠬᠦᠴᠡᠯ ᠤᠨ ᠬᠤᠪᠢᠷᠠᠯᠲᠠ ᠮᠠᠰᠢ ᠤᠯᠠᠨ ᠰᠢᠨ᠎ᠡ ᠲᠦᠭᠰᠢᠭᠦᠷᠢ ᠪᠠ ᠰᠢᠯᠭᠠᠯᠳᠠ ᠶᠢ ᠪᠤᠢ ᠪᠣᠯᠭᠠᠵᠤ᠂ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠳᠤ ᠤᠷᠳᠤ ᠬᠤᠭᠤᠴᠠᠭ᠎ᠠ ᠪᠠᠷ ᠰᠢᠢᠳᠪᠦᠷᠢᠯᠡᠭᠡᠳᠦᠶ ᠴᠦᠬᠡᠨ ᠪᠤᠰᠤ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠵᠢᠴᠢ ᠰᠢᠨ᠎ᠡ ᠪᠠᠷ ᠢᠯᠡᠷᠡᠭᠰᠡᠨ ᠵᠠᠷᠢᠮ ᠵᠥᠷᠢᠴᠡᠯ ᠪᠠ ᠠᠰᠠᠭᠤᠳᠠᠯ ᠲᠤᠯᠭᠠᠷᠠᠵᠤ ᠪᠠᠶᠢᠭ᠎ᠠ ᠪᠠ ᠨᠠᠮ ᠢ ᠬᠠᠮᠢᠶᠠᠷᠴᠤ ᠨᠠᠮ ᠢ ᠵᠠᠰᠠᠬᠤ ᠳᠤ ᠨᠢᠭᠡ ᠦᠶ᠎ᠡ ᠠᠭᠤᠵᠢᠭᠤ ᠰᠤᠯᠠ ᠵᠥᠭᠡᠯᠡᠨ ᠪᠠᠶᠢᠬᠰᠠᠨ ᠠᠴᠠ ᠪᠤᠯᠵᠦ ᠨᠠᠮ ᠤᠨ ᠳᠣᠲᠣᠭᠠᠳᠤ ᠶᠢᠨ ᠨᠠᠵᠠᠭᠠᠶ ᠢᠯᠵᠢᠷᠠᠮᠠᠯ ᠦᠵᠡᠭᠳᠡᠯ ᠦᠷᠭᠡᠵᠢᠨ ᠳᠡᠯᠭᠡᠷᠡᠵᠦ᠂ ᠤᠯᠤᠰ ᠲᠥᠷᠥ ᠶᠢᠨ ᠠᠮᠢ ᠠᠬᠤᠶ ᠳᠤ ᠬᠦᠨᠳᠦ ᠨᠣᠴᠢᠲᠠᠶ ᠠᠰᠠᠭᠤᠳᠠᠯ ᠢᠯᠡᠷᠡᠵᠦ᠂ ᠨᠠᠮ ᠪᠠ ᠣᠯᠠᠨ ᠲᠦᠮᠡᠨ ᠤ ᠬᠠᠷᠢᠴᠠᠭ᠎ᠠ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠬᠤᠬᠢᠷᠠᠯ ᠳᠤ ᠤᠴᠠᠷᠠᠵᠤ ᠂ ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠰᠤᠯᠠᠷᠠᠵᠤ᠂ ᠨᠠᠮ ᠠᠴᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠳᠤ ᠬᠦᠨᠳᠦ ᠶᠡᠭᠡ ᠰᠢᠯᠭᠠᠯᠲᠠ ᠲᠤᠯᠭᠠᠷᠠᠵᠦ ᠪᠠᠶᠢᠭ᠎ᠠ ᠶᠢ ᠨᠠᠮ ᠰᠡᠷᠭᠡᠭ ᠢᠶᠠᠷ ᠲᠠᠨᠢᠵᠦ ᠤᠯᠪᠠ᠃      ᠰᠢ ᠶᠢᠨ ᠫᠢᠩ ᠨᠥᠬᠦᠷ ᠢᠶᠠᠷ ᠭᠤᠣᠯᠯᠠᠭᠤᠯᠤᠬᠰᠠᠨ ᠨᠠᠮ ᠤᠨ ᠲᠥᠪ ᠬᠤᠷᠢᠶ᠎ᠠ᠂ ᠠᠭᠤᠤ ᠶᠡᠭᠡ ᠲᠡᠤᠬᠡᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠠᠤᠭ᠎ᠠ ᠶᠡᠭᠡ ᠤᠯᠤᠰ ᠲᠥᠷᠥ ᠶᠢᠨ ᠰᠥᠰᠥ ᠵᠣᠷᠢᠭ᠂ ᠡᠷᠡᠰ ᠴᠢᠩᠭ᠎ᠠ ᠡᠬᠦᠷᠭᠡ ᠬᠠᠷᠢᠭᠤᠴᠠᠯᠭᠠᠳᠤ ᠰᠡᠳᠭᠢᠯᠭᠡ ᠪᠠᠷ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠶ ᠲᠥᠯᠥᠪᠯᠡᠵᠦ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠲᠤᠭᠤᠰᠢᠯᠠᠭᠤᠯᠤᠨ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠡᠷᠡᠮᠡᠯᠵᠡᠯ ᠢ ᠶᠡᠷᠦᠩᠬᠡᠶᠢᠯᠡᠨ ᠵᠢᠯᠣᠭᠤᠳᠴᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠠᠯᠢ ᠣᠯᠠᠨ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠯᠢ ᠣᠯᠠᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠡᠶᠢᠳᠡᠯᠡᠨ᠂ ᠠᠯᠢ ᠣᠯᠠᠨ ᠴᠢᠬᠤᠯᠠ ᠶᠡᠭᠡ ᠠᠵᠢᠯ ᠢ ᠠᠬᠢᠭᠤᠯᠵᠤ᠂ ᠠᠯᠢ ᠣᠯᠠᠨ ᠬᠦᠨᠳᠦ ᠶᠡᠭᠡ ᠲᠦᠭᠰᠢᠭᠦᠷᠢ ᠪᠠ ᠰᠢᠯᠭᠠᠯᠳᠠ ᠶᠢ ᠢᠯᠠᠨ ᠲᠠᠪᠠᠵᠤ᠂ ᠤᠷᠲᠤ ᠬᠤᠭᠤᠴᠠᠭᠠᠨ ᠤ ᠲᠤᠷᠰᠢ ᠰᠢᠢᠳᠪᠦᠷᠢᠯᠡᠬᠦ ᠭᠡᠰᠡᠨ ᠪᠤᠯᠪᠠᠴᠤ ᠰᠢᠢᠳᠪᠦᠷᠢᠯᠡᠭᠡᠳᠦᠢ ᠪᠠᠶᠢᠭᠰᠠᠨ ᠮᠠᠰᠢ ᠤᠯᠠᠨ ᠪᠡᠷᠬᠡ ᠰᠡᠳᠦᠪ ᠢ ᠰᠢᠢᠳᠪᠦᠷᠢᠯᠡᠵᠦ᠂ ᠦᠩᠭᠡᠷᠡᠭᠰᠡᠨ ᠳᠤ ᠬᠢᠬᠦ ᠭᠡᠰᠡᠨ ᠪᠤᠯᠪᠠᠴᠤ ᠬᠢᠵᠦ ᠴᠢᠳᠠᠭᠰᠠᠨ ᠦᠭᠡᠢ ᠮᠠᠰᠢ ᠤᠯᠠᠨ ᠶᠡᠭᠡ ᠶᠠᠪᠤᠳᠠᠯ ᠢ ᠪᠦᠳᠦᠬᠡᠬᠡᠳ᠂ ᠨᠠᠮ ᠪᠠ ᠤᠯᠤᠰ ᠤᠨ ᠠᠵᠢᠯ ᠦᠢᠯᠡᠰ ᠤᠨ ᠲᠡᠤᠬᠡᠲᠦ ᠴᠢᠨᠠᠷᠲᠠᠶ ᠠᠮᠵᠢᠯᠲᠠ ᠪᠦᠳᠦᠮᠵᠢ ᠣᠯᠬᠤ᠂ ᠲᠡᠤᠬᠡᠲᠦ ᠴᠢᠨᠠᠷᠲᠠᠶ ᠬᠤᠪᠢᠰᠤᠯᠲᠠ ᠭᠠᠷᠬᠤ ᠶᠢ ᠠᠬᠢᠭᠤᠯᠪᠠ᠃      ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠲᠠᠯ᠎ᠠ ᠪᠠᠷ      ᠥᠭᠡᠷᠡᠴᠢᠯᠡᠯᠲᠡ ᠨᠡᠭᠡᠭᠡᠯᠳᠡ ᠬᠢᠭᠰᠡᠨ ᠤ ᠲᠠᠷᠠᠭ᠎ᠠ᠂ ᠨᠠᠮ ᠠᠴᠠ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠶᠢᠨ ᠲᠥᠯᠥᠭᠡ ᠦᠷᠭᠦᠯᠵᠢᠯᠡᠨ ᠴᠢᠷᠮᠠᠶᠢᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠤᠯᠤᠰ ᠲᠦᠷᠦ ᠶᠢᠨ ᠦᠨᠳᠦᠰᠦᠨ ᠪᠠᠲᠤᠯᠠᠭ᠎ᠠ ᠬᠠᠩᠭᠠᠪᠠ᠃ ᠡᠭᠦᠨ ᠤ ᠬᠠᠮᠲᠤ᠂ ᠨᠠᠮ ᠤᠨ ᠳᠣᠲᠣᠭᠠᠳᠤ ᠳᠤ ᠪᠠᠰᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠲᠤᠬᠠᠶ ᠲᠠᠨᠢᠯᠲᠠ ᠪᠠᠯᠠᠷᠬᠠᠶ᠂ ᠠᠵᠢᠯᠯᠠᠭ᠎ᠠ ᠲᠤᠷᠪᠢ ᠦᠭᠡᠢ ᠪᠠᠶᠢᠬᠤ ᠠᠰᠠᠭᠤᠳᠠᠯ ᠴᠥᠭᠡᠨ ᠪᠤᠰᠤ ᠣᠷᠣᠰᠢᠵᠤ᠂ ᠨᠠᠮ ᠤᠨ ᠤᠳᠤᠷᠢᠳᠤᠯᠭ᠎ᠠ ᠶᠢ ᠨᠠᠶᠢᠳᠠᠪᠤᠷᠢᠵᠢᠭᠤᠯᠬᠤ ᠳᠠᠭᠠᠨ ᠰᠤᠯᠠᠷᠠᠭᠤᠯᠬᠤ᠂ ᠬᠡᠶᠢᠰᠪᠦᠷᠢᠵᠢᠬᠦᠯᠬᠦ᠂ ᠶᠡᠷᠦᠮᠳᠡᠭᠵᠢᠬᠦᠯᠬᠦ᠂ ᠵᠠᠬ᠎ᠠ ᠬᠦᠪᠡᠭᠡᠳᠡᠬᠦᠯᠬᠦ ᠠᠰᠠᠭᠤᠳᠠᠯ ᠴᠥᠭᠡᠨ ᠪᠤᠰᠤ ᠣᠷᠣᠰᠢᠵᠤ ᠪᠠᠶᠢᠨ᠎ᠠ᠂ ᠢᠯᠠᠩᠭᠤᠶ᠎ᠠ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠳᠤᠷ ᠬᠡᠷᠡᠭᠵᠢᠭᠦᠯᠬᠦ ᠦᠭᠡᠢ᠂ ᠵᠠᠷᠢᠮ ᠨᠢ ᠲᠡᠭᠡᠷ᠎ᠡ ᠱᠠᠳᠣᠨ ᠠᠴᠠ ᠲᠥᠷᠥ ᠶᠢᠨ ᠪᠣᠳᠣᠯᠭ᠎ᠠ ᠲᠣᠭᠳᠠᠭᠠᠬᠤ ᠳᠤ ᠲᠣᠣᠷ᠎ᠠ ᠱᠠᠳᠣ ᠨᠢ ᠠᠷᠭᠠᠴᠠᠬᠤ ᠠᠷᠭ᠎ᠠ ᠭᠠᠷᠭᠠᠵᠦ᠂ ᠴᠢᠨᠠᠭᠰᠢᠯᠠᠪᠠᠯ ᠠᠮᠠᠨ ᠲᠡᠭᠡᠷ᠎ᠡ ᠪᠠᠨ ᠲᠠᠭᠠᠭᠠᠳ ᠠᠵᠢᠯᠯᠠᠭ᠎ᠠ ᠲᠡᠭᠡᠷ᠎ᠡ ᠪᠠᠨ ᠵᠦᠷᠢᠴᠡᠵᠦ᠂ ᠳᠤᠷ᠎ᠠ ᠪᠠᠷ ᠢᠶᠠᠨ ᠦᠢᠯᠡᠳᠴᠦ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠬᠰᠠᠨ ᠨᠠᠮ ᠤᠨ ᠲᠥᠪ ᠬᠤᠷᠢᠶ᠎ᠠ ᠲᠤᠭ ᠲᠡᠮᠳᠡᠭ ᠲᠣᠳᠣᠷᠬᠠᠢ ᠪᠠᠷ ᠳᠤᠷᠠᠳᠤᠨ ᠭᠠᠷᠭᠠᠭᠰᠠᠨ ᠨᠢ᠂ ᠨᠠᠮ ᠤᠨ ᠤᠳᠤᠷᠢᠳᠤᠯᠭ᠎ᠠ ᠪᠣᠯ ᠨᠠᠮ ᠪᠠ ᠤᠯᠤᠰ ᠣᠷᠣᠨ ᠤ ᠦᠨᠳᠦᠰᠦ᠂ ᠠᠮᠢᠨ ᠰᠤᠳᠠᠰᠤ ᠮᠥᠨ᠂ ᠲᠡᠷᠡ ᠨᠢ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠢᠭ ᠲᠤᠰᠠ᠂ ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠭ᠎ᠠ ᠶᠤᠮ᠂ ᠪᠦᠬᠦ ᠨᠠᠮ ᠢᠶᠠᠷ ᠢᠶᠠᠨ ᠡᠷᠬᠡᠪᠰᠢ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠳᠡᠭᠡᠷ᠎ᠡ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠰᠢᠨᠵᠢᠯᠡᠬᠦ ᠤᠬᠠᠭᠠᠨᠴᠢ ᠪᠠᠷ ᠲᠥᠷᠥ ᠪᠠᠷᠢᠬᠤ᠂ ᠠᠷᠠᠳᠴᠢᠯᠠᠯ ᠢᠶᠠᠷ ᠲᠥᠷᠥ ᠪᠠᠷᠢᠬᠤ᠂ ᠬᠠᠤᠯᠢ ᠶᠣᠰᠣᠭᠠᠷ ᠲᠥᠷᠥ ᠪᠠᠷᠢᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠪᠣᠳᠣᠯᠬᠢᠯᠠᠬᠤ᠂ ᠲᠥᠷᠥ ᠶᠢᠨ ᠪᠣᠳᠣᠯᠭ᠎ᠠ ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ ᠴᠢᠳᠠᠪᠤᠷᠢ ᠪᠠᠨ ᠳᠡᠭᠡᠭᠰᠢᠯᠡᠭᠦᠯᠤᠨ᠂ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠤᠯᠯᠠᠬᠴᠢ ᠶᠢᠨ ᠦᠢᠯᠡᠳᠦᠯ ᠎ ᠢᠶᠠᠨ ᠭᠦᠢᠴᠡᠳ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠨᠠᠮ ᠠᠴᠠ ᠳᠤᠳᠤᠷᠬᠠᠢ ᠳᠤᠷᠠᠳᠤᠨ ᠭᠠᠷᠭᠠᠭᠰᠠᠨ ᠨᠢ᠂ ᠨᠠᠮ ᠤᠨ ᠤᠳᠤᠷᠢᠳᠤᠯᠭ᠎ᠠ ᠪᠣᠯ ᠪᠦᠬᠦ ᠲᠠᠯ᠎ᠠ ᠶᠢᠨ᠂ ᠰᠢᠰᠲ᠋ᠧᠮ ᠲᠠᠢ᠂ ᠪᠦᠬᠦᠯᠢ ᠴᠣᠭᠴᠠ ᠶᠢᠨ ᠶᠤᠮ᠂ ᠨᠠᠮ ᠤᠨ ᠪᠦᠯᠬᠦᠮᠳᠡᠯ ᠨᠢᠭᠡᠳᠦᠯ ᠢ ᠪᠠᠲᠤᠯᠠᠬᠤ ᠪᠣᠯ ᠨᠠᠮ ᠤᠨ ᠠᠮᠢ ᠨᠠᠰᠤ ᠮᠥᠨ︔ ᠨᠠᠮ ᠤᠨ ᠲᠥᠪ ᠬᠤᠷᠢᠶᠠᠨ ᠤ ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠪᠣᠯ ᠨᠠᠮ ᠤᠨ ᠤᠳᠤᠷᠢᠳᠤᠯᠭ᠎ᠠ ᠶᠢᠨ ᠬᠠᠮᠤᠭ ᠤᠨ ᠳᠡᠭᠡᠳᠦ ᠵᠠᠷᠴᠢᠮ ᠮᠥᠨ᠂ ᠨᠠᠮ ᠤᠨ ᠲᠥᠪ ᠬᠤᠷᠢᠶᠠᠨ ᠤ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠪᠣᠯ ᠪᠦᠬᠦ ᠨᠠᠮ ᠤᠨ ᠬᠠᠮᠲᠤ ᠶᠢᠨ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠳᠤ ᠡᠩ ᠲᠡᠷᠢᠭᠦᠨ ᠳᠤ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠪᠦᠬᠦ ᠨᠠᠮ ᠢᠶᠠᠷ ᠢᠶᠠᠨ ᠲᠥᠪ ᠬᠤᠷᠢᠶ᠎ᠠ ᠶᠢ ᠲᠠᠭᠠᠬᠤ ᠶᠢ ᠪᠠᠲᠤᠯᠠᠬᠤ ᠬᠡᠷᠡᠭᠲᠡᠶ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ ᠢ ᠪᠠᠲᠤᠯᠠᠵᠤ᠂ ᠨᠠᠮ ᠤᠨ ᠲᠥᠪ ᠬᠤᠷᠢᠶ᠎ᠠ ᠠᠴᠠ ᠨᠠᠮ ᠤᠨ ᠲᠥᠪ ᠬᠤᠷᠢᠶᠠᠨ ᠤ ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠲᠤᠬᠠᠢ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠶᠢᠨ ᠲᠣᠭᠲᠠᠭᠠᠯ ᠤᠳ ᠢ ᠨᠡᠶᠢᠲᠡᠯᠡᠨ ᠬᠡᠷᠡᠭᠵᠢᠭᠦᠯᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠬᠤᠪᠢᠨᠴᠢᠷ ᠦᠵᠡᠯ᠂ ᠲᠠᠷᠠᠬᠠᠶ ᠦᠵᠡᠯ᠂ ᠳᠤᠷ᠎ᠠ ᠵᠣᠷᠢᠭ ᠤᠨ ᠦᠵᠡᠯ᠂ ᠥᠪᠡᠷᠮᠡᠲᠡᠭᠡᠶ ᠦᠵᠡᠯ᠂ ᠰᠠᠶᠢᠮᠰᠤᠷᠠᠬᠤ ᠦᠵᠡᠯ ᠵᠡᠷᠭᠡ ᠶᠢ ᠰᠡᠷᠭᠡᠶᠢᠯᠡᠨ ᠡᠰᠡᠷᠭᠦᠴᠡᠵᠦ᠂ ᠢᠳᠡᠪᠬᠢᠲᠡᠶ ᠪᠥᠭᠡᠳ ᠡᠷᠡᠭᠦᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠰᠣᠶᠣᠯ ᠢ ᠬᠥᠭᠵᠢᠭᠦᠯᠵᠦ᠂ ᠴᠡᠪᠡᠷ ᠠᠷᠢᠭᠤᠨ ᠲᠦᠪ ᠴᠢᠭᠡᠴᠢ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠶ ᠶᠢ ᠪᠤᠢ ᠪᠣᠯᠭᠠᠬᠤ ᠶᠢ ᠠᠬᠢᠭᠤᠯᠪᠠ᠃ ᠨᠠᠮ ᠤᠨ ᠲᠥᠪ ᠬᠤᠷᠢᠶ᠎ᠠ ᠠᠴᠠ ᠨᠠᠮ ᠤᠨ ᠤᠳᠤᠷᠢᠳᠬᠤ ᠺᠠᠳ᠋ᠷᠴᠤᠳ ᠢ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠵᠤ᠂ ᠭᠡᠬᠦᠳᠡᠭ ᠴᠡᠭᠡᠵᠢᠨ ᠳᠡᠭᠡᠨ ︽ᠤᠯᠤᠰ ᠭᠦᠷᠦᠨ ᠤ ᠶᠡᠭᠡ ᠶᠠᠪᠤᠳᠠᠯ︾᠎ ᠢ ᠪᠤᠳᠤᠯᠬᠢᠯᠠᠨ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠨᠠᠮ ᠤᠨ ᠵᠢᠯᠣᠭᠤᠳᠣᠯᠭ᠎ᠠ ᠶᠢ ᠳᠠᠭᠠᠵᠤ᠂ ᠨᠠᠮ ᠤᠨ ᠢᠶᠠᠨ ᠲᠦᠯᠦᠭᠡ ᠬᠠᠷᠢᠭᠤᠴᠠᠯᠭ᠎ᠠ ᠭᠦᠢᠴᠡᠳᠭᠡᠬᠦ ᠬᠡᠷᠡᠭᠳᠡᠢ ᠭᠡᠵᠦ ᠱᠠᠭᠠᠷᠳᠠᠪᠠ᠃ ᠨᠠᠮ ᠠᠴᠠ ᠨᠠᠮ ᠤᠨ ᠤᠳᠤᠷᠢᠳᠬᠤ ᠪᠠᠶᠢᠭᠤᠯᠤᠯ ᠤᠨ ᠰᠢᠰᠲ᠋ᠧᠮ ᠢ ᠪᠦᠷᠢᠨᠰᠢᠬᠦᠯᠵᠦ᠂ ᠨᠠᠮ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠦᠪᠯᠡᠯᠭᠡᠨ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠵᠡᠪᠰᠡᠭᠲᠦ ᠬᠦᠴᠦᠨ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠳᠠᠢ ᠥᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠵᠡᠷᠭᠡ ᠶᠢ ᠤᠳᠤᠷᠢᠳᠬᠤ ᠪᠠᠶᠢᠭᠤᠯᠤᠯ ᠢ ᠲᠡᠭᠦᠯᠳᠡᠷᠵᠢᠭᠦᠯᠵᠦ᠂ ᠨᠠᠮ ᠠᠴᠠ ᠡᠯ᠎ᠡ ᠵᠦᠢᠯ ᠤᠨ ᠵᠤᠬᠢᠶᠠᠨ ᠪᠠᠶᠢᠭᠤᠯᠤᠯᠲᠠ ᠶᠢᠨ ᠳᠤᠮᠳᠠ ᠤᠳᠤᠷᠢᠳᠬᠤ ᠦᠢᠯᠡᠳᠦᠯ ᠪᠠᠳᠠᠷᠠᠭᠤᠯᠬᠤ ᠶᠢ ᠦᠨᠡᠨ ᠬᠦ ᠪᠠᠲᠤᠯᠠᠪᠠ᠃ ᠨᠠᠮ ᠠᠴᠠ ᠠᠷᠠᠳᠴᠢᠯᠠᠯ ᠲᠦᠪᠯᠡᠷᠡᠯ ᠤᠨ ᠶᠣᠰᠣ ᠶᠢ ᠪᠠᠷᠢᠮᠲᠠᠯᠠᠨ᠂ ᠴᠢᠬᠤᠯᠠ ᠶᠡᠭᠡ ᠠᠵᠢᠯ ᠳᠠᠬᠢ ᠨᠠᠮ ᠤᠨ ᠤᠳᠤᠷᠢᠳᠬᠤ ᠪᠠᠶᠢᠭᠤᠯᠤᠯ ᠢ ᠪᠠᠶᠢᠭᠤᠯᠤᠨ ᠪᠦᠷᠢᠨᠰᠢᠬᠦᠯᠵᠦ᠂ ᠨᠠᠮ ᠤᠨ ᠲᠥᠪ ᠬᠤᠷᠢᠶᠠᠨ ᠤ ᠪᠤᠳᠤᠯᠭ᠎ᠠ ᠲᠤᠭᠲᠠᠭᠠᠬᠤ ᠬᠡᠷᠡᠭ ᠵᠦᠪᠯᠡᠬᠦ ᠵᠣᠬᠢᠴᠠᠭᠤᠯᠬᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠴᠢᠩᠭᠠᠳᠬᠠᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠲᠣᠭᠲᠡᠴᠡ ᠶᠢ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶ᠎ᠠ ᠠᠴᠠ ᠵᠢᠭᠠᠪᠤᠷᠢ ᠠᠪᠬᠤ ᠪᠠ ᠨᠠᠮ ᠤᠨ ᠲᠦᠪ ᠬᠤᠷᠢᠶ᠎ᠠ ᠳᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ ᠂ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠨ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠠᠴᠠ ᠵᠥᠷᠢᠴᠡᠭᠰᠡᠨ ᠪᠠ ᠨᠠᠮ ᠤᠨ ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠡᠪᠳᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ ︽ᠬᠤᠶᠠᠷ ᠨᠢᠭᠤᠷᠳᠠᠨ︾᠎ ᠢ ᠴᠡᠪᠡᠷᠯᠡᠨ ᠠᠷᠢᠯᠭᠠᠵᠤ᠂ ᠪᠦᠬᠦ ᠨᠠᠮ ᠤᠨ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠤᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠲᠤᠯᠠᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠬᠦᠴᠦᠲᠡᠶ ᠪᠠᠲᠤᠯᠠᠭ᠎ᠠ ᠲᠠᠢ ᠪᠤᠯᠵᠦ᠂ ᠨᠠᠮ ᠤᠨ ᠤᠳᠤᠷᠢᠳᠬᠤ ᠪᠠᠶᠢᠭᠤᠯᠤᠯ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠨᠠᠮ ᠤᠨ ᠤᠳᠤᠷᠢᠳᠬᠤ ᠠᠷᠭ᠎ᠠ ᠮᠠᠶ᠋ᠢᠭ ᠨᠠᠩ ᠰᠢᠨᠵᠢᠯᠡᠬᠦ ᠤᠬᠠᠭᠠᠨᠴᠢ ᠪᠣᠯᠵᠤ᠂ ᠪᠦᠬᠦ ᠨᠠᠮ ᠢᠶᠠᠷ ᠢᠶᠠᠨ ᠦᠵᠡᠯ ᠰᠠᠨᠠᠭᠠᠨ ᠤ ᠲᠠᠯ᠎ᠠ ᠪᠠᠷ ᠨᠡᠩ ᠨᠢᠭᠡᠳᠦᠯᠲᠡᠶ᠂ ᠤᠯᠤᠰ ᠲᠦᠷᠦ ᠶᠢᠨ ᠲᠠᠯ᠎ᠠ ᠪᠠᠷ ᠨᠡᠩ ᠪᠦᠯᠬᠦᠮᠳᠡᠯ ᠲᠠᠢ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠡᠩ ᠠᠯᠬᠤᠮ ᠨᠢᠭᠡᠲᠡᠶ ᠪᠤᠯᠵᠤ᠂ ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠤᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢᠯᠡᠳᠲᠡ ᠴᠢᠩᠭᠠᠷᠠᠪᠠ᠃      ︵ᠬᠤᠶᠠᠷ︶ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠠᠯ᠎ᠠ ᠪᠠᠷ      ᠥᠭᠡᠷᠡᠴᠢᠯᠡᠯᠲᠡ ᠨᠡᠭᠡᠭᠡᠯᠳᠡ ᠬᠢᠭᠰᠡᠨ ᠤ ᠲᠠᠷᠠᠭ᠎ᠠ᠂ ᠨᠠᠮ ᠠᠴᠠ ᠨᠠᠮ ᠢ ᠨᠠᠮ ᠬᠠᠮᠢᠶᠠᠷᠬᠤ᠂ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠠᠬᠢᠭᠤᠯᠤᠭᠠᠳ ᠢᠯᠡᠳᠲᠡ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ ᠨᠢᠭᠡ ᠦᠶ᠎ᠡ ᠨᠠᠮ ᠢ ᠬᠠᠮᠢᠶᠠᠷᠬᠤ ᠲᠠᠯ᠎ᠠ ᠪᠠᠷ ᠰᠤᠯᠠ᠂ ᠨᠠᠮ ᠢ ᠵᠠᠰᠠᠬᠤ ᠲᠠᠯ᠎ᠠ ᠪᠠᠷ ᠴᠢᠩᠭ᠎ᠠ ᠪᠤᠰᠤ ᠠᠰᠠᠭᠤᠳᠠᠯ ᠭᠠᠷᠤᠭᠰᠠᠨ ᠠᠴᠠ ᠵᠠᠷᠢᠮ ᠨᠠᠮ ᠤᠨ ᠭᠡᠰᠢᠭᠦᠨ᠂ ᠺᠠᠳ᠋ᠷ ᠤᠨ ᠤᠯᠤᠰ ᠲᠥᠷᠥ ᠶᠢᠨ ᠢᠲᠡᠭᠡᠯ ᠪᠢᠰᠢᠷᠡᠯ ᠳᠤ ᠬᠦᠨᠳᠦ ᠨᠣᠴᠢᠲᠠᠶ ᠲᠦᠭᠰᠢᠬᠦᠷᠢ ᠭᠠᠷᠴᠤ᠂ ᠵᠠᠷᠢᠮ ᠣᠷᠣᠨ ᠨᠤᠲᠤᠭ ᠪᠠ ᠰᠠᠯᠠᠭ᠎ᠠ ᠮᠥᠴᠢᠷ ᠤᠨ ᠬᠥᠮᠦᠨ ᠰᠣᠩᠭᠤᠵᠤ ᠬᠥᠮᠦᠨ ᠬᠡᠷᠡᠭᠯᠡᠬᠦ ᠬᠡᠪ ᠰᠤᠷᠲᠠᠯ ᠲᠥᠪ ᠪᠤᠰᠤ ᠪᠤᠯᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠳᠡᠯᠭᠡᠷᠡᠵᠦ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠨᠡᠯᠢᠶᠡᠳ ᠲᠦᠭᠡᠮᠡᠯ ᠣᠷᠣᠰᠢᠬᠤ ᠪᠤᠯᠤᠬᠰᠠᠨ ᠪᠠᠶᠢᠨ᠎ᠠ᠃ ᠢᠯᠠᠩᠭᠤᠶ᠎ᠠ ᠤᠢᠢᠷ᠎ᠠ ᠳᠣᠲᠣᠨᠣᠴᠤᠳ ᠢᠶᠠᠨ ᠯᠠ ᠬᠡᠷᠡᠭᠯᠡᠨ᠂ ᠪᠤᠰᠤᠳ ᠢ ᠭᠠᠳᠠᠭᠤᠷᠴᠢᠯᠠᠬᠤ ᠦᠵᠡᠭᠳᠡᠯ ᠪᠠᠶᠢᠨ᠎ᠠ᠂ ᠡᠪᠰᠡᠯ ᠪᠦᠯᠦᠭ ᠪᠠᠶᠢᠭᠤᠯᠤᠨ᠂ ᠠᠶᠢᠮᠠᠭ ᠪᠦᠯᠦᠭ ᠪᠣᠯᠤᠯᠴᠠᠬᠤ ᠦᠵᠡᠭᠳᠡᠯ ᠪᠠᠶᠢᠨ᠎ᠠ᠂ ᠨᠡᠷ᠎ᠡ ᠪᠤᠷᠤᠭᠤᠯᠠᠨ ᠭᠦᠳᠭᠡᠨ ᠵᠠᠭᠠᠯᠳᠤᠵᠤ᠂ ᠴᠤᠤᠷᠬᠠᠯ ᠲᠠᠷᠬᠠᠭᠠᠬᠤ ᠦᠵᠡᠭᠳᠡᠯ ᠪᠠᠶᠢᠨ᠎ᠠ᠂ ᠬᠥᠮᠦᠨ ᠤ ᠰᠡᠳᠭᠢᠯ ᠢ ᠲᠠᠳᠠᠨ ᠠᠪᠴᠤ᠂ ᠰᠣᠩᠭᠤᠭᠤᠯᠢ ᠶᠢᠨ ᠫᠢᠶᠣᠣ ᠲᠠᠲᠠᠬᠤ ᠦᠵᠡᠭᠳᠡᠯ ᠪᠠᠶᠢᠨ᠎ᠠ᠂ ᠵᠡᠷᠭᠡ ᠲᠤᠰᠢᠶᠠᠯ ᠥᠭᠬᠦ ᠪᠠᠷ ᠠᠮᠠᠯᠠᠨ᠂ ᠵᠡᠷᠭᠡ ᠬᠡᠷᠭᠡᠮ ᠤᠯᠤᠭᠠᠳ ᠬᠠᠷᠢᠯᠴᠠᠨ ᠪᠠᠶᠠᠷ ᠬᠦᠷᠬᠡᠬᠦ ᠦᠵᠡᠭᠳᠡᠯ ᠪᠠᠶᠢᠨ᠎ᠠ᠂ ᠥᠪᠡᠷ ᠥᠪᠡᠷ ᠤᠨ ᠵᠣᠷᠢᠭ ᠢᠶᠠᠷ ᠎ ᠢᠶᠠᠨ ᠦᠢᠯᠡᠳᠦᠨ᠂ ᠢᠯᠠ ᠪᠠᠷ ᠲᠠᠭᠠᠵᠤ ᠳᠠᠯᠳᠠᠭᠤᠷ ᠵᠥᠷᠢᠴᠡᠬᠦ ᠦᠵᠡᠭᠳᠡᠯ ᠪᠠᠶᠢᠨ᠎ᠠ᠂ ᠡᠷᠬᠡ ᠰᠦᠷ ᠨᠢ ᠶᠡᠬᠡᠳᠴᠦ᠂ ᠲᠥᠪ ᠬᠤᠷᠢᠶᠠᠨ ᠤ ᠲᠤᠬᠠᠢ ᠳᠤᠷ᠎ᠠ ᠪᠠᠷ ᠢᠶᠠᠨ ᠴᠠᠯᠴᠢᠬᠤ ᠦᠵᠡᠭᠳᠡᠯ ᠴᠤ ᠪᠠᠶᠢᠨ᠎ᠠ᠂ ᠤᠯᠤᠰ ᠲᠦᠷᠦ ᠶᠢᠨ ᠠᠰᠠᠭᠤᠳᠠᠯ ᠪᠣᠯᠤᠨ ᠠᠵᠤ ᠠᠬᠤᠶ ᠶᠢᠨ ᠠᠰᠠᠭᠤᠳᠠᠯ ᠬᠠᠷᠢᠯᠴᠠᠨ ᠰᠣᠯᠪᠢᠴᠠᠵᠤ᠂ ᠱᠠᠮᠰᠢᠵᠤ ᠢᠯᠵᠢᠷᠠᠭᠰᠠᠨ ᠬᠡᠮᠵᠢᠶ᠎ᠡ ᠬᠥᠮᠦᠨ ᠢ ᠰᠣᠴᠢᠭᠠᠮ᠎ᠠ ᠬᠡᠮᠵᠢᠶᠡᠨ ᠳᠤ ᠬᠦᠷᠴᠡᠶ᠃ ᠡᠨᠡ ︽ᠳᠣᠯᠣᠭᠠᠨ ᠪᠠᠶᠢᠬᠤ︾ ᠠᠰᠠᠭᠤᠳᠠᠯ ᠨᠢ ᠨᠠᠮ ᠤᠨ ᠳᠦᠷᠢ ᠲᠥᠷᠬᠦ ᠪᠠ ᠢᠲᠡᠭᠡᠯ ᠬᠦᠨᠳᠦ ᠶᠢ ᠬᠦᠨᠳᠦ ᠨᠣᠴᠢᠲᠠᠶ ᠨᠥᠯᠥᠭᠡᠯᠡᠵᠦ᠂ ᠨᠠᠮ ᠪᠠ ᠤᠯᠠᠨ ᠲᠦᠮᠡᠨ ᠤ ᠬᠠᠷᠢᠴᠠᠭ᠎ᠠ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠬᠦᠨᠳᠦ ᠨᠣᠴᠢᠲᠠᠶ ᠬᠤᠬᠢᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠤ ᠳᠤᠷ᠎ᠠ ᠦᠭᠡᠶᠢᠴᠡᠯ ᠪᠠ ᠠᠭᠤᠷ ᠬᠢᠯᠢᠩ ᠢ ᠳᠡᠭᠳᠡᠭᠡᠪᠡ᠃ ᠰᠢ ᠶᠢᠨ ᠫᠢᠩ ᠨᠥᠬᠦᠷ ᠴᠢᠬᠤᠯᠠᠴᠢᠯᠠᠬᠰᠠᠨ ᠨᠢ᠂ ᠲᠡᠮᠦᠷ ᠳᠠᠪᠲᠠᠬᠤ ᠳᠤ ᠥᠪᠡᠷ ᠢᠶᠠᠨ ᠡᠷᠬᠡᠪᠰᠢ ᠬᠠᠲᠠᠭᠤ ᠪᠠᠶᠢᠬᠤ ᠬᠡᠷᠡᠭᠳᠡᠢ᠂ ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠂ ᠵᠠᠩᠭᠢᠯᠠᠭ᠎ᠠ ᠨᠢ ᠨᠠᠮ ᠢ ᠨᠠᠮ ᠬᠠᠮᠢᠶᠠᠷᠴᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠳᠤ ᠪᠤᠢ᠃ ᠡᠷᠬᠡᠪᠰᠢ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ ᠴᠢᠳᠠᠪᠤᠷᠢ ᠶᠢᠨ ᠪᠠᠶᠢᠭᠤᠯᠤᠯᠲᠠ᠂ ᠲᠡᠷᠢᠭᠦᠨ ᠤ ᠴᠢᠨᠠᠷ ᠪᠠ ᠴᠡᠪᠡᠷ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠦ᠂ ᠬᠦᠰᠡᠯᠡᠩ ᠢᠲᠡᠭᠡᠯ ᠵᠤᠷᠢᠭ ᠪᠠ ᠵᠤᠷᠢᠯᠲᠠ ᠪᠠᠨ ᠪᠠᠲᠤᠳᠬᠠᠬᠤ ᠪᠠᠷ ᠦᠨᠳᠦᠰᠦ ᠰᠠᠭᠤᠷᠢ ᠪᠣᠯᠭᠠᠵᠤ᠂ ᠪᠦᠬᠦ ᠨᠠᠮ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠂ ᠪᠦᠲᠦᠭᠡᠯᠴᠢ ᠴᠢᠨᠠᠷ ᠢ ᠳᠠᠶᠢᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠢ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠴᠢᠯᠠᠬᠤ᠂ ᠠᠷᠠᠳ ᠲᠦᠮᠡᠨ ᠦᠨᠡᠨ ᠰᠡᠳᠭᠢᠯ ᠠᠴᠠ ᠪᠠᠨ ᠬᠦᠷᠢᠶᠡᠯᠡᠬᠦ᠂ ᠥᠪᠡᠷ ᠤᠨ ᠪᠡᠶ᠎ᠡ ᠳᠡᠭᠡᠨ ᠵᠤᠷᠢᠭᠲᠡᠢ ᠪᠠᠷ ᠬᠤᠪᠢᠰᠬᠠᠯ ᠬᠢᠬᠦ᠂ ᠡᠯ᠎ᠡ ᠵᠦᠢᠯ ᠤᠨ ᠰᠠᠯᠬᠢᠨ ᠳᠠᠪᠠᠯᠭᠠᠨ ᠤ ᠰᠢᠯᠭᠠᠯᠲᠠ ᠶᠢ ᠳᠠᠭᠠᠭᠠᠵᠤ ᠳᠡᠶᠢᠯᠬᠦ᠂ ᠴᠤᠭ ᠰᠦᠯᠳᠡ ᠪᠠᠳᠠᠷᠠᠩᠭᠤᠶ ᠮᠠᠷᠺᠰ ᠤᠨ ᠦᠵᠡᠯ ᠤᠨ ᠲᠦᠷᠦ ᠪᠠᠷᠢᠬᠴᠢ ᠨᠠᠮ ᠪᠣᠯᠭᠠᠨ ᠪᠠᠶᠢᠭᠤᠯᠬᠤ ᠬᠡᠷᠡᠭᠳᠡᠢ᠃ ᠨᠠᠮ ᠡᠭᠦᠷᠢᠳᠡ ᠵᠠᠮ ᠳᠠᠭᠠᠨ ᠪᠠᠶᠢᠬᠤ ᠰᠡᠷᠭᠡᠭ ᠲᠠᠨᠢᠯᠲᠠ ᠪᠠ ᠡᠷᠡᠰ ᠵᠤᠷᠢᠭ ᠢᠶᠠᠷ᠂ ᠴᠢᠩᠭ᠎ᠠ ᠪᠠᠶᠢᠬᠤ ᠭᠤᠣᠯ ᠬᠥᠭ ᠠᠶᠠᠰ ᠢ ᠪᠠᠷᠢᠮᠲᠠᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠢ ᠲᠣᠪᠤᠶᠢᠮ᠎ᠠ ᠠᠳᠬᠤᠨ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠨᠠᠮ ᠤᠨ ᠪᠠᠶᠢᠭᠤᠯᠤᠯᠲᠠ ᠶᠢᠨ ᠡᠯ᠎ᠡ ᠲᠠᠯ᠎ᠠ ᠳᠤ ᠲᠤᠭᠤᠰᠢᠯᠠᠭᠤᠯᠪᠠ᠃ ᠨᠠᠮ ᠤᠨ ᠲᠥᠪ ᠬᠤᠷᠢᠶ᠎ᠠ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠤᠨ ᠬᠦᠴᠦᠲᠡᠢ ᠪᠠᠶᠢᠷᠢᠯᠠᠭᠤᠯᠤᠯᠲᠠ ᠬᠢᠵᠦ᠂ ᠨᠠᠮ ᠤᠨ ᠪᠠᠶᠢᠭᠤᠯᠤᠯᠲᠠ ᠶᠢᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠪᠠ᠃      ᠨᠠᠮ ᠤᠨ ᠲᠦᠪ ᠬᠤᠷᠢᠶ᠎ᠠ ᠠᠴᠠ ᠴᠢᠬᠤᠯᠠᠴᠢᠯᠠᠭᠰᠠᠨ ᠨᠢ᠂ ᠮᠠᠨ ᠤ ᠨᠠᠮ ᠪᠤᠯ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠨ᠂ ᠠᠷᠠᠳ ᠲᠦᠮᠡᠨ ᠳᠤ ᠦᠢᠯᠡᠴᠢᠯᠡᠳᠡᠭ ᠪᠤᠯᠬᠤᠷ ᠤᠯᠠᠨ ᠲᠦᠮᠡᠨ ᠠᠴᠠ ᠬᠥᠨᠳᠡᠶᠢᠷᠡᠮᠡᠭᠴᠡ ᠠᠮᠢᠵᠢᠷᠠᠯ ᠤᠨ ᠬᠦᠴᠦᠨ ᠢᠶᠠᠨ ᠠᠯᠳᠠᠬᠤ ᠪᠣᠯᠤᠨ᠎ᠠ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠳᠤ ᠡᠷᠬᠡᠪᠰᠢ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠰᠤᠷᠲᠠᠯ ᠤᠨ ᠠᠰᠠᠭᠤᠳᠠᠯ ᠠᠴᠠ ᠡᠬᠢᠯᠡᠨ ᠠᠳᠬᠤᠬᠤ ᠬᠡᠷᠡᠭᠲᠡᠢ᠃ ᠨᠠᠮ ᠤᠨ ᠲᠥᠪ ᠬᠤᠷᠢᠶ᠎ᠠ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠠᠴᠠ ᠭᠠᠷᠳᠠᠵᠥ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠡᠬᠢᠯᠡᠨ ᠬᠢᠬᠦ᠂ ᠤᠳᠤᠷᠢᠳᠬᠤ ᠺᠠᠳ᠋ᠷ ᠠᠴᠠ ᠡᠬᠢᠯᠡᠨ ᠠᠳᠬᠤᠬᠤ ᠶᠢ ᠪᠠᠷᠢᠮᠳᠠᠯᠠᠠ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠤᠨ ᠠᠵᠢᠯ ᠤᠨ ᠰᠤᠷᠲᠠᠯ ᠢ ᠰᠠᠶᠢᠵᠢᠷᠠᠭᠤᠯᠪᠠ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠵᠢᠯ ᠪᠦᠷᠢ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠤᠨ᠂ ᠨᠠᠢᠮᠠᠨ ᠵᠤᠷᠪᠤᠰ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃ ᠨᠠᠮ ᠤᠨ ᠲᠥᠪ ᠬᠤᠷᠢᠶ᠎ᠠ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ︽ᠳᠥᠷᠪᠡᠨ ᠰᠤᠷᠲᠠᠯ︾᠎ ᠢ ᠰᠢᠨᠳᠠᠷᠠᠰᠢ ᠦᠬᠡᠢ ᠵᠠᠯᠠᠷᠠᠭᠤᠯᠤᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠡᠰᠡᠷᠭᠦᠴᠡᠵᠦ᠂ ᠠᠯᠪᠠᠨ ᠵᠣᠭᠤᠰ ᠢᠶᠠᠷ ᠪᠡᠯᠡᠭ ᠬᠦᠷᠭᠡᠬᠦ᠂ ᠠᠯᠪᠠᠨ ᠵᠣᠭᠤᠰ ᠢᠶᠠᠷ ᠢᠳᠡᠵᠦ ᠤᠤᠭᠤᠬᠤ᠂ ᠠᠯᠪᠠᠨ ᠵᠣᠭᠤᠰ ᠢᠶᠠᠷ ᠵᠢᠭᠤᠯᠴᠢᠯᠠᠬᠤ᠂ ᠭᠡᠭᠡᠨᠴᠢᠷᠯᠡᠨ ᠪᠦᠷᠢᠯᠭᠡᠬᠦ ᠵᠡᠷᠭᠡ ᠲᠥᠪ ᠪᠤᠰᠤ ᠰᠤᠷᠲᠠᠯ ᠢ ᠴᠢᠩᠭ᠎ᠠ ᠬᠤᠷᠢᠭᠯᠠᠨ ᠵᠤᠭᠰᠤᠭᠠᠵᠤ᠂ ᠣᠯᠠᠨ ᠲᠦᠮᠡᠨ ᠤ ᠲᠤᠰᠬᠠᠯ ᠴᠢᠩᠭ᠎ᠠ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠳᠣᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ᠂ ᠠᠵᠢᠯᠴᠢ ᠠᠷᠪᠢᠴᠢ ᠪᠠᠶᠢᠬᠤ ᠶᠢ ᠰᠠᠨᠠᠭᠠᠴᠢᠯᠠᠨ᠂ ᠪᠦᠷᠢᠯᠭᠡᠨ ᠰᠥᠢᠳᠭᠡᠬᠦ ᠶᠢ ᠡᠰᠡᠷᠭᠦᠴᠡᠵᠥ᠂ ᠥᠩᠭᠡᠷᠡᠭᠰᠡᠨ ᠳᠤ ᠬᠤᠷᠢᠭᠯᠠᠨ ᠵᠤᠭᠰᠤᠭᠠᠵᠥ ᠲᠡᠶᠢᠯᠬᠦ ᠦᠭᠡᠢ ᠭᠡᠵᠦ ᠦᠵᠡᠵᠥ ᠪᠠᠶᠢᠭᠰᠠᠨ ᠵᠠᠷᠢᠮ ᠭᠠᠵᠢᠭᠤ ᠰᠤᠷᠲᠠᠯ ᠢ ᠬᠤᠷᠢᠭᠯᠠᠨ ᠵᠣᠭᠰᠣᠭᠠᠵᠤ᠂ ᠤᠯᠠᠨ ᠵᠢᠯ ᠠᠷᠢᠯᠭᠠᠭᠠᠳᠥᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠭᠰᠠᠨ ᠢᠶᠠᠷ᠂ ᠨᠠᠮ ᠤᠨ ᠰᠤᠷᠲᠠᠯ ᠵᠠᠰᠠᠭ ᠤᠨ ᠰᠤᠷᠲᠠᠯ ᠪᠠ ᠨᠡᠶᠢᠭᠡᠮ ᠤᠨ ᠬᠡᠪ ᠰᠤᠷᠲᠠᠯ ᠴᠤ᠋ ᠰᠢᠨ᠎ᠡ ᠪᠠᠶᠢᠳᠠᠯ ᠲᠠᠢ ᠪᠤᠯᠪᠠ᠃      ᠪᠦᠬᠦ ᠨᠠᠮ ᠢᠶᠠᠷ ᠢᠶᠠᠨ ᠡᠷᠬᠡᠪᠰᠢ ᠬᠦᠰᠡᠯᠡᠩ ᠢᠲᠡᠭᠡᠯ ᠵᠤᠷᠢᠭ ᠡᠷᠡᠰ ᠪᠠᠲᠤ᠂ ᠵᠤᠬᠢᠶᠠᠨ ᠪᠠᠶᠢᠭᠤᠯᠤᠯᠲᠠ ᠶᠢᠨ ᠰᠢᠰᠲ᠋ᠧᠮ ᠨᠢᠭᠳᠠ ᠴᠢᠩᠭ᠎ᠠ᠂ ᠰᠠᠬᠢᠯᠭ᠎ᠠ ᠪᠠᠲᠤ ᠶᠣᠰᠣ ᠲᠦᠷᠢᠮ ᠴᠢᠩᠭ᠎ᠠ ᠲᠣᠳᠣᠷᠬᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠨᠠᠮ ᠠᠴᠠ ᠴᠢᠬᠤᠯᠠᠴᠢᠯᠠᠭᠰᠠᠭᠠᠷ ᠢᠷᠡᠭᠰᠡᠨ ᠶᠤᠮ᠃ ᠮᠠᠷᠺᠰ ᠤᠨ ᠦᠵᠡᠯ ᠤᠨ ᠢᠲᠡᠭᠡᠯ ᠪᠢᠰᠢᠷᠡᠯ᠂ ᠡᠪ ᠬᠠᠮᠲᠤ ᠶᠣᠰᠣᠨ ᠤ ᠠᠯᠤᠰ ᠬᠡᠳᠥ ᠶᠢᠨ ᠬᠦᠰᠡᠯᠡᠩ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠪᠤᠯ ᠲᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠰᠠᠨᠠᠭᠠᠨ ᠤ ᠲᠦᠰᠢᠭ ᠲᠤᠯᠭᠠᠭᠤᠷᠢ ᠪᠠ ᠤᠯᠤᠰ ᠲᠦᠷᠦ ᠶᠢᠨ ᠠᠮᠢᠨ ᠰᠦᠨᠡᠰᠦ ᠮᠥᠨ᠂ ᠪᠠᠰᠠ ᠴᠤ ᠨᠠᠮ ᠤᠨ ᠪᠦᠯᠬᠦᠮᠳᠡᠯ ᠨᠢᠭᠡᠳᠦᠯ ᠢ ᠪᠠᠲᠤᠯᠠᠬᠤ ᠦᠵᠡᠯ ᠰᠠᠨᠠᠭᠠᠨ ᠤ ᠰᠠᠭᠤᠷᠢ ᠮᠥᠨ᠃ ᠨᠠᠮ ᠤᠨ ᠲᠦᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠬᠦᠰᠡᠯᠡᠩ ᠢᠲᠡᠭᠡᠯ ᠵᠣᠷᠢᠭ ᠪᠣᠯ ᠡᠪ ᠬᠠᠮᠲᠤᠴᠤᠳ ᠤᠨ ᠣᠶᠤᠨ ᠰᠠᠨᠠᠭᠠᠨ ᠤ ︽ᠺᠠᠯᠼ︾ ᠮᠥᠨ᠂ ᠡᠪ ᠬᠠᠮᠲᠤᠴᠤᠳ ᠬᠡᠷᠪᠡ ᠬᠦᠰᠡᠯᠡᠩ ᠢᠲᠡᠭᠡᠯ ᠵᠣᠷᠢᠭ ᠦᠭᠡᠢ ᠪᠣᠯ ᠣᠶᠤᠨ ᠰᠠᠨᠠᠭᠠᠨ ᠳᠡᠭᠡᠷ᠎ᠡ ᠪᠠᠨ ︽ᠺᠠᠯᠼ ᠳᠤᠲᠠᠭᠳᠠᠵᠥ︾᠂ ︽ᠶᠠᠰᠤ ᠵᠥᠭᠡᠯᠡᠷᠡᠬᠦ ᠡᠪᠡᠳᠴᠢᠨ︾ ᠣᠯᠬᠤ ᠶᠢᠨ ᠣᠯᠠᠮ ᠠᠴᠠ ᠤᠯᠤᠰ ᠲᠦᠷᠦ ᠶᠢᠨ ᠲᠠᠯ᠎ᠠ ᠪᠠᠷ ᠴᠢᠨᠠᠷ ᠬᠤᠪᠢᠷᠠᠬᠤ᠂ ᠠᠵᠤ ᠠᠬᠤᠶ ᠶᠢᠨ ᠲᠠᠯ᠎ᠠ ᠪᠠᠷ ᠬᠤᠪᠳᠤᠭ ᠰᠢᠨᠤᠬᠠᠢ ᠪᠤᠯᠬᠤ᠂ ᠶᠣᠰᠣ ᠰᠤᠷᠳᠠᠬᠤᠨ ᠤ ᠲᠠᠯ᠎ᠠ ᠪᠠᠷ ᠲᠤᠷᠦ᠋ᠢᠳᠠᠬᠤ᠂ ᠠᠮᠢᠳᠤᠷᠠᠯ ᠤᠨ ᠲᠠᠯ᠎ᠠ ᠪᠠᠷ ᠢᠯᠵᠢᠷᠠᠬᠦ ᠨᠢ ᠵᠠᠶᠢᠯᠠᠰᠢ ᠦᠭᠡᠢ ᠶᠤᠮ᠃ ᠨᠠᠮ ᠠᠴᠠ ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠠ ᠳᠦᠷᠢᠮ ᠢᠶᠠᠷ ᠨᠠᠮ ᠢ ᠵᠠᠰᠠᠬᠤ ᠶᠢ ᠠᠳᠠᠯᠢ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠤᠷᠢᠳ ᠬᠤᠵᠢᠳ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠪᠡᠶ᠎ᠡ ᠪᠠᠨ ᠴᠢᠩᠭ᠎ᠠ ᠵᠠᠰᠠᠬᠤ᠂ ᠡᠷᠬᠡ ᠪᠠᠨ ᠴᠢᠩᠭ᠎ᠠ ᠪᠤᠯᠭᠤᠮᠵᠢᠳᠡᠢ ᠬᠡᠷᠡᠭᠯᠡᠬᠦ᠂ ᠪᠡᠶ᠎ᠡ ᠪᠠᠨ ᠴᠢᠩᠭ᠎ᠠ ᠱᠠᠭᠠᠷᠳᠠᠬᠤ᠂ ᠠᠵᠢᠯ ᠢ ᠪᠣᠳᠣᠯᠬᠢᠯᠠᠬᠤ ᠳᠠᠭᠠᠨ ᠪᠠᠳᠤᠳᠠᠢ ᠪᠠᠶᠢᠬᠤ᠂ ᠦᠢᠯᠡᠰ ᠴᠣᠭᠴᠠᠯᠠᠬᠤ ᠳᠠᠭᠠᠨ ᠪᠠᠳᠤᠳᠠᠢ ᠪᠠᠶᠢᠬᠤ᠂ ᠬᠥᠮᠦᠨ ᠪᠣᠯᠬᠤ ᠳᠠᠭᠠᠨ ᠦᠨᠡᠨᠴᠢ ᠪᠠᠶᠢᠬᠤ︾ ᠲᠤᠰᠬᠠᠶ ᠰᠡᠳᠦᠪᠲᠦ ᠬᠥᠮᠦᠵᠢᠯ᠂ ︽ᠨᠠᠮ ᠤᠨ ᠳᠦᠷᠢᠮ ᠨᠠᠮ ᠤᠨ ᠲᠣᠭᠲᠠᠭᠠᠯ ᠢ ᠰᠤᠷᠤᠯᠴᠠᠵᠦ᠂ ᠰᠢᠷᠢᠰ ᠶᠠᠷᠢᠶ᠎ᠠ ᠶᠢ ᠰᠤᠷᠤᠯᠴᠠᠵᠦ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠲᠤᠯᠭᠤᠷ ᠵᠤᠷᠢᠯᠳᠡ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠤᠣᠯ ᠰᠡᠳᠦᠪᠲᠦ ᠬᠥᠮᠦᠵᠢᠯ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠶᠢ ᠥᠷᠨᠢᠭᠦᠯᠵᠥ᠂ ᠨᠠᠮ ᠤᠨ ᠰᠢᠨ᠎ᠡ ᠡᠭᠦᠳᠤᠯᠲᠡ ᠶᠢᠨ ᠣᠨᠣᠯ ᠢᠶᠠᠷ ᠪᠦᠬᠦ ᠨᠠᠮ ᠢ ᠵᠡᠪᠰᠡᠭᠯᠡᠨ᠂ ᠰᠤᠷᠤᠯᠴᠠᠬᠤ ᠬᠡᠯᠪᠡᠷᠢ ᠶᠢᠨ ᠲᠥᠷᠥ ᠶᠢᠨ ᠨᠠᠮ ᠤᠨ ᠪᠠᠶᠢᠭᠤᠯᠤᠯᠲᠠ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠤᠨ ᠦᠵᠡᠯ ᠰᠠᠨᠠᠭᠠᠨ ᠤ ᠲᠠᠯ᠎ᠠ ᠪᠠᠷ ᠦᠨᠳᠦᠰᠦ ᠠᠴᠠ ᠨᠢ ᠴᠡᠭᠴᠡᠯᠡᠨ ᠵᠠᠰᠠᠵᠦ᠂ ᠦᠨᠳᠦᠰᠦ ᠠᠴᠠ ᠨᠢ ᠪᠠᠲᠤᠳᠬᠠᠨ ᠴᠢᠩᠭᠠᠳᠬᠠᠵᠥ᠂ ᠢᠲᠡᠭᠡᠯ ᠪᠢᠰᠢᠷᠡᠯ ᠤᠨ ᠰᠠᠭᠤᠷᠢ ᠶᠢ ᠪᠠᠲᠤ ᠲᠠᠯᠪᠢᠵᠦ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠥᠷᠢᠯᠡᠵᠦ᠂ ᠦᠵᠡᠯ ᠰᠠᠨᠠᠭᠠᠨ ᠤ ᠵᠢᠯᠤᠭᠤ ᠪᠠᠨ ᠯᠠᠪᠳᠠᠭᠤᠨ ᠠᠳᠬᠤᠵᠥ᠂ ᠡᠪ ᠬᠠᠮᠲᠤᠴᠤᠳ ᠤᠨ ᠤᠯᠤᠰ ᠲᠦᠷᠦ ᠶᠢᠨ ᠤᠤᠷ ᠴᠢᠨᠠᠷ ᠢ ᠬᠠᠳᠠᠭᠠᠯᠠᠨ᠂ ᠡᠪ ᠬᠠᠮᠲᠤᠴᠤᠳ ᠤᠨ ᠤᠶᠤᠨ ᠰᠠᠨᠠᠭᠠᠨ ᠤ ᠨᠢᠷᠤᠭᠤ ᠲᠤᠯᠭᠠᠭᠤᠷᠢ ᠶᠢ ᠪᠤᠰᠬᠠᠬᠤ ᠶᠢ ᠰᠤᠷᠭᠠᠨ ᠬᠦᠮᠦᠵᠢᠭᠦᠯᠵᠦ ᠬᠦᠲᠦᠯᠦᠨ ᠵᠢᠯᠤᠭᠤᠳᠪᠠ᠃ ᠨᠠᠮ ᠠᠴᠠ ᠰᠢᠨ᠎ᠡ ᠴᠠᠭ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢᠨ ᠱᠤᠭᠤᠮ ᠢ ᠳᠤᠷᠠᠳᠤᠨ ᠭᠠᠷᠭᠠᠭᠰᠠᠨ ᠪᠠ ᠲᠤᠭᠤᠰᠢᠯᠠᠭᠤᠯᠵᠥ᠂ ᠢᠲᠡᠭᠡᠯ ᠵᠤᠷᠢᠭ ᠡᠷᠡᠰ ᠪᠠᠲᠤ᠂ ᠠᠷᠠᠳ ᠲᠦᠮᠡᠨ ᠳᠤ ᠦᠢᠯᠡᠴᠢᠯᠡᠬᠦ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠥ ᠪᠣᠳᠠᠳᠥ ᠠᠵᠢᠯᠯᠠᠭ᠎ᠠ ᠶᠢ ᠡᠷᠬᠢᠮᠯᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠲᠣᠳᠣᠷᠬᠠᠶᠢᠯᠠᠵᠤ᠂ ᠤᠯᠤᠰ ᠲᠦᠷᠦ ᠶᠢᠨ ᠬᠡᠪ ᠴᠢᠨᠠᠷ ᠤᠨ ᠱᠠᠭᠠᠷᠳᠠᠯᠭ᠎ᠠ ᠶᠢ ᠲᠤᠪᠤᠶᠢᠯᠭᠠᠨ ᠂ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠵᠤ᠂ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠳᠥᠷᠪᠡᠨ ᠵᠦᠭ ᠨᠠᠢᠮᠠᠨ ᠵᠣᠪᠬᠢᠰ ᠤᠨ ᠡᠷᠳᠡᠮᠲᠡᠨ ᠴᠢᠳᠠᠪᠤᠷᠢᠳᠡᠨ ᠢ ᠰᠤᠩᠭᠤᠬᠤ ᠂ ᠡᠷᠳᠡᠮᠲᠡᠨ ᠮᠡᠷᠭᠡᠳ ᠢ ᠯᠡ ᠬᠡᠷᠡᠭᠯᠡᠬᠦ ᠶᠢ ᠪᠠᠷᠢᠮᠲᠠᠯᠠᠵᠤ᠂ ᠠᠵᠢᠯ ᠦᠢᠯᠡᠰ ᠢᠶᠠᠨ ᠳᠡᠭᠡᠳᠦᠯᠡᠨ᠂ ᠭᠤᠣᠯᠴᠢ ᠴᠢᠭᠡᠴᠢ ᠪᠠᠶᠢᠬᠤ ᠶᠢ ᠪᠠᠷᠢᠮᠲᠠᠯᠠᠵᠤ᠂ ᠪᠢᠯᠧᠲ ᠤᠨ ᠲᠤᠭ᠎ᠠ᠂ ᠬᠤᠪᠢ᠂ ᠦᠢᠯᠡᠳᠪᠦᠷᠢᠯᠡᠯ ᠤᠨ ᠪᠥᠬᠦ ᠥᠷᠲᠡᠭ᠂ ᠨᠠᠰᠤ ᠵᠢᠯ ᠢᠶᠠᠷ ᠯᠡ ᠪᠠᠷᠢᠮᠵᠢᠶᠠᠯᠠᠬᠤ ᠥᠭᠡᠢ᠂ ᠰᠢᠭᠤᠳ ᠲᠠᠨᠢᠯᠴᠠᠭᠤᠯᠭ᠎ᠠ ᠪᠠ ᠰᠢᠭᠤᠳ ᠰᠣᠩᠭᠤᠭᠤᠯᠢ ᠶᠠᠪᠤᠭᠤᠯᠬᠤ ᠦᠭᠡᠢ ᠪᠠᠶᠢᠬᠤ ᠶᠢ ᠪᠠᠷᠢᠮᠳᠠᠯᠠᠵᠥ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠬᠤ ᠪᠠ ᠬᠠᠷᠢᠭᠤᠴᠠᠬᠤ ᠦᠢᠯᠡᠳᠦᠯ ᠢ ᠴᠢᠩᠭᠠᠳᠬᠠᠨ᠂ ᠬᠥᠮᠦᠨ ᠰᠣᠩᠭᠤᠵᠤ ᠬᠥᠮᠦᠨ ᠬᠡᠷᠡᠭᠯᠡᠬᠦ ᠲᠠᠯ᠎ᠠ ᠪᠠᠷ ᠬᠢ ᠲᠥᠪ ᠪᠤᠰᠤ ᠰᠤᠷᠲᠠᠯ ᠢ ᠵᠠᠯᠠᠷᠠᠭᠤᠯᠪᠠ᠃ ᠨᠠᠮ ᠠᠴᠠ ᠡᠯ᠎ᠡ ᠱᠠᠲᠤᠨ ᠤ ᠤᠳᠤᠷᠢᠳᠬᠤ ᠺᠠᠳ᠋ᠷ ᠢ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠥᠷᠲᠡᠭ ᠤᠨ ᠦᠵᠡᠯᠲᠡ ᠭᠡᠬᠦ ᠡᠨᠡ ᠬᠦ ︽ᠶᠡᠷᠦᠩᠬᠡᠶ ᠨᠡᠭᠡᠭᠡᠯᠭᠡ︾᠎ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠥ᠂ ᠡᠷᠬᠡ ᠪᠠᠨ ᠨᠠᠨᠳᠢᠩᠨᠠᠨ᠂ ᠡᠷᠬᠡ ᠪᠠᠨ ᠰᠠᠶᠢᠲᠤᠷ ᠬᠠᠮᠢᠶᠠᠷᠴᠤ᠂ ᠡᠷᠬᠡ ᠪᠠᠨ ᠪᠣᠯᠭᠤᠮᠵᠢᠲᠠᠶ ᠬᠡᠷᠡᠭᠯᠡᠨ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠴᠠᠭ ᠢᠮᠠᠭᠲᠠ ᠨᠠᠮ ᠤᠨ ᠢᠶᠠᠨ ᠡᠮᠤᠨ᠎ᠠ ᠠᠴᠠ ᠬᠥᠴᠢᠷ ᠵᠤᠪᠠᠯᠠᠩ ᠢ ᠰᠢᠢᠳᠪᠤᠷᠢᠯᠡᠬᠦ᠂ ᠤᠯᠤᠰ ᠤᠷᠤᠨ ᠳᠠᠭᠠᠨ ᠬᠤᠪᠢ ᠨᠡᠮᠡᠷᠢ ᠦᠵᠡᠭᠦᠯᠬᠦ᠂ ᠠᠷᠠᠳ ᠲᠦᠮᠡᠨ ᠳᠤ ᠪᠤᠶᠠᠨ ᠦᠢᠯᠡᠳᠬᠦ ᠶᠢ ᠪᠣᠳᠣᠯᠬᠢᠯᠠᠬᠤ ᠬᠡᠷᠡᠭᠲᠡᠶ ᠭᠡᠵᠦ ᠱᠠᠭᠠᠷᠳᠠᠪᠠ᠃ ᠨᠠᠮ ᠠᠴᠠ ᠴᠢᠳᠠᠪᠤᠷᠢᠲᠠᠨ ᠢ ᠨᠠᠮ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠨᠠᠩ ᠢᠳᠡᠪᠬᠢᠲᠡᠢ᠂ ᠨᠠᠩ ᠨᠡᠭᠡᠭᠡᠯᠲᠡᠲᠡᠶ᠂ ᠨᠠᠩ ᠪᠦᠲᠦᠮᠵᠢᠲᠡᠶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠳᠡᠯᠡᠬᠡᠶ ᠶᠢᠨ ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠭᠠᠵᠠᠷ ᠢ ᠲᠦᠷᠭᠡᠯᠡᠨ ᠪᠠᠶᠢᠭᠤᠯᠵᠤ᠂ ᠳᠡᠯᠡᠬᠡᠶ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠴᠤᠭᠯᠠᠷᠠᠭᠤᠯᠤᠨ ᠬᠡᠷᠡᠭᠯᠡᠪᠠ᠃ ᠨᠠᠮ ᠠᠴᠠ ᠵᠤᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠪᠥᠷᠢᠨᠰᠢᠭᠦᠯᠵᠦ᠂ ᠵᠤᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠦ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠣᠯᠤᠨ ᠵᠤᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠷᠠᠭᠤᠯᠵᠥ᠂ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠦ᠂ ᠨᠠᠮ ᠤᠨ ᠵᠤᠬᠢᠶᠠᠨ ᠪᠠᠶᠢᠭᠤᠯᠤᠯᠲᠠ ᠪᠠ ᠨᠠᠮ ᠤᠨ ᠠᠵᠢᠯ ᠢ ᠨᠡᠶᠢᠳᠡᠮ ᠪᠦᠷᠬᠦᠬᠦᠯᠬᠦ ᠶᠢ ᠠᠬᠢᠭᠤᠯᠪᠠ᠃ ᠨᠠᠮ ᠠᠴᠠ ᠰᠠᠬᠢᠯᠭ᠎ᠠ ᠪᠠᠲᠤ ᠶᠢ ᠬᠠᠤᠯᠢ ᠴᠠᠭᠠᠵᠠ ᠠᠴᠠ ᠴᠢᠩᠭ᠎ᠠ ᠪᠠᠶᠢᠯᠭᠠᠬᠤ᠂ ᠰᠠᠬᠢᠯᠭ᠎ᠠ ᠪᠠᠲᠤ ᠬᠡᠷᠡᠭᠵᠢᠭᠦᠯᠬᠦ ᠪᠠ ᠬᠠᠤᠯᠢ ᠬᠡᠷᠡᠭᠵᠢᠭᠦᠯᠬᠦ ᠶᠢ ᠨᠡᠪᠲᠡᠷᠡᠭᠦᠯᠬᠦ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠬᠡᠷᠡᠭᠵᠢᠭᠦᠯᠬᠦ ︽ᠳᠥᠷᠪᠡᠨ ᠵᠦᠢᠯ ᠤᠨ ᠬᠡᠯᠪᠡᠷᠢ ᠪᠠᠶᠢᠳᠠᠯ︾᠎ ᠢ ᠰᠠᠶᠢᠲᠤᠷ ᠬᠡᠷᠡᠭᠯᠡᠨ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠵᠤᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭᠠᠳᠬᠠᠵᠥ᠂ ᠡᠯ᠎ᠡ ᠵᠦᠢᠯ ᠤᠨ ᠰᠠᠬᠢᠯᠭ᠎ᠠ ᠪᠠᠲᠤ ᠶᠢ ᠪᠦᠬᠦ ᠲᠠᠯ᠎ᠠ ᠪᠠᠷ ᠴᠢᠩᠳᠠᠯᠠᠬᠤ ᠶᠢ ᠳᠠᠶᠢᠴᠢᠯᠠᠪᠠ᠃ ᠨᠠᠮ ᠠᠴᠠ ᠳᠦᠷᠢᠮ ᠲᠣᠭᠲᠠᠭᠠᠯ ᠶᠣᠰᠣᠭᠠᠷ ᠨᠠᠮ ᠢ ᠵᠠᠰᠠᠬᠤ ᠶᠢ ᠪᠠᠷᠢᠮᠲᠠᠯᠠᠨ᠂ ᠨᠠᠮ ᠤᠨ ᠳᠦᠷᠢᠮ ᠢ ᠴᠢᠩᠭ᠎ᠠ ᠵᠢᠷᠤᠮᠯᠠᠵᠥ᠂ ᠨᠡᠯᠢᠶᠡᠳ ᠪᠦᠷᠢᠨ ᠲᠡᠭᠦᠯᠳᠡᠷ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠢ ᠪᠤᠢ ᠪᠣᠯᠭᠠᠵᠤ᠂ ᠲᠦᠷᠢᠮ ᠤᠨ ᠬᠡᠷᠡᠭᠵᠢᠭᠦᠯᠦᠯᠲᠡ ᠶᠢ ᠴᠢᠩᠳᠠᠯᠠᠬᠰᠠᠨ ᠢᠶᠠᠷ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠳᠠ᠂ ᠳᠦᠷᠢᠮᠵᠢᠭᠦᠯᠥᠯᠳᠡ᠂ ᠵᠢᠷᠤᠮᠵᠢᠭᠤᠯᠤᠯᠳᠠ ᠶᠢᠨ ᠲᠥᠪᠰᠢᠨ ᠢᠯᠡᠳᠲᠡ ᠳᠡᠭᠡᠭᠰᠢᠯᠡᠪᠠ᠃      ᠨᠠᠮ ᠤᠨ ᠲᠦᠪ ᠬᠤᠷᠢᠶ᠎ᠠ ᠠᠴᠠ ᠴᠢᠬᠤᠯᠠᠴᠢᠯᠠᠭᠰᠠᠨ ᠨᠢ᠂ ᠢᠯᠵᠢᠷᠠᠯ ᠪᠣᠯ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ ᠶᠢᠨ ᠬᠠᠮᠤᠭ ᠤᠨ ᠶᠡᠭᠡ ᠰᠦᠷᠳᠡᠭᠦᠯᠦᠯ ᠮᠥᠨ᠂ ᠢᠯᠵᠢᠷᠠᠯ ᠢ ᠡᠰᠡᠷᠭᠦᠴᠡᠬᠦ ᠪᠣᠯ ᠨᠢᠭᠡ ᠣᠳᠠᠭᠠᠨ ᠤ ᠢᠯᠠᠭᠳᠠᠬᠤ ᠶᠢ ᠳᠠᠭᠠᠭᠠᠬᠤ ᠦᠭᠡᠶ ᠮᠥᠷᠳᠡᠭᠡᠨ ᠶᠠᠭᠠᠬᠢᠭᠰᠠᠨ ᠴᠤ ᠢᠯᠠᠬᠳᠠᠵᠤ ᠪᠤᠯᠬᠤ ᠦᠬᠡᠢ ᠴᠢᠬᠤᠯᠠ ᠶᠡᠭᠡ ᠤᠯᠤᠰ ᠲᠥᠷᠥ ᠶᠢᠨ ᠲᠡᠮᠡᠴᠡᠯ ᠮᠥᠨ᠂ ᠵᠠᠭᠤ ᠮᠢᠩᠭᠠᠨ ᠢᠯᠵᠢᠷᠠᠮᠠᠯ ᠡᠳᠡᠭᠡᠳ ᠲᠠᠢ ᠮᠠᠭᠤᠲᠠᠯᠴᠠᠬᠤ ᠦᠭᠡᠶ ᠪᠤᠯ ᠠᠷᠪᠠᠨ ᠳᠥᠷᠪᠡᠨ ᠳ᠋ᠦᠩᠰᠢᠭᠤᠷ ᠠᠷᠠᠳ ᠲᠦᠮᠡᠨ ᠲᠠᠢ ᠮᠠᠭᠤᠲᠠᠯᠴᠠᠬᠤ ᠪᠤᠯᠤᠨ᠎ᠠ᠂ ᠡᠷᠬᠡᠪᠰᠢ ᠡᠷᠬᠡ ᠶᠢ ᠲᠦᠷᠢᠮ ᠤᠨ ᠰᠢᠩᠭᠡᠯᠢᠭ ᠲᠤ ᠬᠤᠷᠢᠵᠤ ᠂ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠡᠷᠬᠡ ᠶᠢ ᠲᠣᠭᠲᠠᠭᠠᠨ᠂ ᠡᠷᠬᠡ ᠶᠢ ᠵᠢᠷᠤᠮᠵᠢᠭᠤᠯᠵᠤ᠂ ᠡᠷᠬᠡ ᠶᠢ ᠬᠢᠵᠠᠭᠠᠷᠯᠠᠨ᠂ ᠡᠷᠬᠡ ᠳᠤ ᠬᠢᠨᠠᠯᠲᠠ ᠲᠠᠯᠪᠢᠬᠤ ᠬᠡᠷᠡᠭᠲᠡᠶ᠃ ᠨᠠᠮ ᠠᠴᠠ ᠢᠯᠵᠢᠷᠠᠬᠦ ᠵᠣᠷᠢᠭ ᠦᠭᠡᠢ᠂ ᠢᠯᠵᠢᠷᠠᠵᠤ ᠲᠡᠶᠢᠯᠬᠦ ᠦᠭᠡᠢ᠂ ᠢᠯᠵᠢᠷᠡᠭᠦ ᠶᠢ ᠪᠣᠳᠣᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ᠂ ᠵᠠᠯᠭᠠᠬᠠᠨ ᠰᠢᠢᠳᠭᠡᠬᠦ ᠠᠶᠤᠯᠭᠠᠨ ᠰᠦᠷᠳᠡᠭᠦᠯᠬᠦ᠂ ᠲᠦᠷᠢᠮ ᠢᠶᠠᠷ ᠬᠢᠵᠠᠭᠠᠷᠯᠠᠬᠤ᠂ ᠤᠬᠠᠮᠰᠠᠷ ᠢ ᠨᠢ ᠳᠡᠭᠡᠭᠰᠢᠯᠡᠭᠦᠯᠬᠦ ᠲᠠᠯ᠎ᠠ ᠪᠠᠷ ᠨᠢᠭᠡ ᠴᠤᠬᠴᠠᠵᠢᠭᠤᠯᠤᠨ ᠬᠦᠴᠦᠯᠡᠬᠦ ᠶᠢ ᠪᠠᠷᠢᠮᠲᠠᠯᠠᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠪᠠ᠃ ᠬᠤᠷᠢᠭᠠᠲᠤ ᠣᠷᠣᠨ ᠦᠭᠡᠢ᠂ ᠪᠦᠬᠦᠨ ᠢ ᠬᠠᠮᠤᠷᠬᠤ᠂ ᠤᠭᠳᠤᠬᠠᠨ ᠴᠦ ᠦᠯᠦ ᠬᠥᠯᠢᠴᠡᠬᠦ ᠶᠢ ᠪᠠᠷᠢᠮᠲᠠᠯᠠᠵᠤ᠂ ᠬᠦᠴᠦᠲᠡᠢ ᠬᠤᠷᠢᠭᠯᠠᠬᠤ᠂ ᠴᠢᠩᠭ᠎ᠠ ᠳᠠᠷᠤᠯᠲᠠ ᠥᠵᠡᠬᠦᠯᠬᠦ᠂ ᠤᠷᠲᠤ ᠬᠤᠭᠤᠴᠠᠭ᠎ᠠ ᠪᠠᠷ ᠰᠦᠷᠳᠡᠭᠦᠯᠤᠯ ᠪᠤᠯᠬᠤ ᠶᠢ ᠪᠠᠷᠢᠮᠲᠠᠯᠠᠵᠤ᠂ ᠬᠡᠭᠡᠯᠢ ᠢᠳᠡᠬᠦ ᠪᠠ ᠬᠠᠭ᠋ᠤᠤᠯᠢ ᠲᠦᠯᠬᠢᠬᠦ ᠶᠢ ᠵᠡᠷᠭᠡ ᠪᠠᠷ ᠪᠠᠶᠢᠴᠠᠭᠠᠬᠤ ᠶᠢ ᠪᠠᠷᠢᠮᠲᠠᠯᠠᠵᠤ᠂ ᠬᠡᠷᠡᠭ ᠪᠠᠶᠢᠪᠠᠯ ᠵᠠᠪᠠᠯ ᠪᠠᠶᠢᠴᠠᠭᠠᠬᠤ᠂ ᠢᠯᠵᠢᠷᠡᠭᠰᠡᠳ ᠪᠠᠶᠢᠪᠠᠯ ᠵᠠᠪᠠᠯ ᠵᠠᠯᠬᠠᠭᠠᠨ ᠰᠢᠢᠳᠭᠡᠬᠦ ᠶᠢ ᠪᠠᠷᠢᠮᠲᠠᠯᠠᠵᠤ᠂ ᠲᠤᠭᠰᠢᠨ ᠡᠮ ᠢᠶᠠᠷ ᠡᠪᠡᠳᠴᠢᠨ ᠵᠠᠰᠠᠬᠤ᠂ ᠬᠦᠨᠳᠦ ᠡᠷᠡᠭᠦᠥ ᠪᠠᠷ ᠰᠠᠮᠠᠭᠤᠷᠠᠯ ᠢ ᠵᠠᠰᠠᠬᠤ ᠡᠷᠡᠰ ᠵᠣᠷᠢᠭ ᠢᠶᠠᠷ᠂ ᠶᠠᠰᠤ ᠶᠢ ᠬᠤᠰᠤᠨ ᠬᠤᠤᠷ ᠢ ᠨᠢ ᠠᠷᠢᠯᠭᠠᠬᠤ᠂ ᠪᠠᠭᠠᠲᠤᠷ ᠡᠷ᠎ᠡ ᠪᠠᠭᠤᠤ ᠪᠠᠨ ᠴᠠᠪᠴᠢᠬᠤ ᠰᠥᠰᠥ ᠵᠣᠷᠢᠭ ᠢᠶᠠᠷ ︽ᠪᠠᠷᠰ ᠴᠣᠬᠢᠬᠤ︾᠂ ︽ᠢᠯᠠᠭ᠎ᠠ ᠴᠤᠬᠢᠬᠤ︾᠂ ︽ᠦᠨᠡᠭᠡ ᠠᠩᠨᠠᠬᠤ︾᠎ ᠶᠢ ᠡᠷᠡᠰ ᠭᠤᠶᠢᠪᠢᠰᠢ ᠦᠭᠡᠢ ᠬᠢᠪᠠ᠃ ᠤᠯᠠᠨ ᠲᠦᠮᠡᠨ ᠤ ᠳᠡᠷᠭᠡᠳᠡᠬᠢ ᠢᠯᠵᠢᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠭᠠᠳᠠᠭᠠᠳᠤ ᠳᠤ ᠳᠤᠲᠠᠭᠠᠭᠰᠠᠨ ᠤᠷᠭᠤᠳᠠᠭᠤᠯ ᠬᠡᠷᠡᠭᠲᠡᠨ ᠢ ᠨᠡᠬᠡᠮᠵᠢᠯᠡᠬᠦ ᠪᠠ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠬᠦ ᠠᠵᠢᠯ ᠢ ᠭᠦᠨᠵᠡᠭᠡᠶ ᠥᠷᠨᠢᠭᠦᠯᠵᠦ᠂ ᠠᠯᠢᠪᠠ ᠢᠯᠵᠢᠷᠠᠮᠠᠯ ᠡᠲᠡᠭᠡᠳ ᠢ ᠴᠡᠪᠡᠷᠯᠡᠨ ᠠᠷᠢᠯᠭᠠᠪᠠ᠃ ᠨᠠᠮ ᠠᠴᠠ ᠤᠯᠤᠰ ᠲᠥᠷᠥ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠢᠷᠠᠯ ᠤᠨ ᠬᠡᠷᠡᠭ ᠲᠤ ᠠᠩᠬᠠᠷᠤᠯ ᠢᠶᠠᠨ ᠲᠥᠪᠯᠡᠷᠡᠭᠦᠯᠤᠨ᠂ ᠨᠠᠮ ᠤᠨ ᠳᠣᠲᠣᠭᠠᠳᠤ ᠳᠤ ᠠᠰᠢᠭ ᠲᠤᠰᠠ ᠶᠢᠨ ᠪᠦᠯᠦᠭᠯᠡᠯ ᠪᠦᠷᠢᠯᠳᠦᠬᠦ ᠠᠴᠠ ᠰᠡᠷᠭᠡᠶᠢᠯᠡᠵᠦ᠂ ᠵᠸᠥ ᠶᠦᠩ ᠺᠠᠩ᠂ ᠪᠦᠸᠧ ᠰᠢ ᠯᠠᠶ᠂ ᠰᠦᠨ ᠵᠧᠩ ᠼᠠᠢ᠂ ᠯᠢᠩ ᠵᠢᠶ ᠬᠤᠸᠠ ᠵᠡᠷᠭᠡ ᠶᠢᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠬᠦᠨᠳᠦ ᠨᠣᠴᠢᠲᠠᠶ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠪᠠ᠃ ᠨᠠᠮ ᠤᠳᠤᠷᠢᠳᠴᠥ ᠪᠠᠶᠢᠭᠠᠳ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠤᠨ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠬᠢᠨᠠᠨ ᠪᠠᠶᠢᠴᠠᠭᠠᠬᠤ ᠵᠥᠪᠯᠡᠯ ᠪᠠᠶᠢᠭᠤᠯᠬᠤ ᠶᠢ ᠠᠬᠢᠭᠤᠯᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠪᠠᠶᠢᠷᠢᠰᠢᠯ ᠢ ᠪᠠᠶᠢᠭᠤᠯᠤᠨ᠂ ᠨᠠᠮ ᠤᠨ ᠳᠣᠲᠣᠭᠠᠳᠤ ᠶᠢᠨ ᠬᠢᠨᠠᠯᠲᠠ ᠪᠠᠷ ᠤᠳᠤᠷᠢᠳᠤᠮᠵᠢ ᠪᠣᠯᠭᠠᠭᠰᠠᠨ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠭᠦᠯᠦᠨ ᠵᠣᠬᠢᠴᠠᠯᠳᠤᠭᠤᠯᠤᠭᠰᠠᠨ ᠲᠣᠭᠲᠡᠴᠡ ᠶᠢ ᠪᠠᠶᠢᠭᠤᠯᠵᠤ᠂ ᠡᠷᠬᠡ ᠶᠢᠨ ᠠᠵᠢᠯᠯᠠᠭᠠᠨ ᠳᠤ ᠶᠠᠪᠤᠭᠤᠯᠬᠤ ᠬᠢᠵᠠᠭᠠᠷᠯᠠᠯ ᠪᠠ ᠬᠢᠨᠠᠯᠲᠠ ᠶᠢ ᠴᠢᠩᠭᠠᠳᠬᠠᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠷᠡᠰ ᠲᠡᠮᠡᠴᠡᠯ ᠢᠶᠠᠷ ᠳᠠᠮᠵᠢᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠤᠯᠤᠰ ᠲᠥᠷᠥ ᠶᠢᠨ ᠬᠥᠲᠥᠯᠥᠨ ᠳᠠᠭᠠᠭᠤᠯᠭ᠎ᠠ ᠪᠠ ᠤᠯᠤᠰ ᠲᠥᠷᠥ ᠶᠢᠨ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠥ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠢᠯᠡᠳᠲᠡ ᠴᠢᠩᠭᠠᠷᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠠᠭᠤᠵᠢᠭᠤ ᠰᠤᠯᠠ ᠵᠥᠭᠡᠯᠡᠨ ᠪᠠᠶᠢᠭᠰᠠᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠢᠯᠵᠢᠷᠠᠯ ᠢ ᠡᠰᠡᠷᠭᠦᠴᠡᠬᠦ ᠲᠡᠮᠡᠴᠡᠯ ᠤᠨ ᠲᠠᠪᠠᠭᠤ ᠢᠯᠠᠯᠲᠠ ᠶᠢ ᠣᠯᠤᠭᠰᠠᠨ ᠪᠥᠭᠡᠳ ᠲᠡᠬᠦᠨ ᠢ ᠪᠦᠬᠦ ᠲᠠᠯ᠎ᠠ ᠪᠠᠷ ᠪᠠᠬᠢᠵᠢᠭᠦᠯᠤᠨ᠂ ᠨᠠᠮ᠂ ᠤᠯᠤᠰ ᠤᠷᠤᠨ᠂ ᠴᠡᠷᠢᠭ ᠠᠩᠭᠢ ᠶᠢᠨ ᠳᠣᠲᠣᠭᠠᠳᠤ ᠳᠤ ᠣᠷᠣᠰᠢᠵᠤ ᠪᠠᠶᠢᠭᠰᠠᠨ ᠬᠦᠨᠳᠦ ᠨᠣᠴᠢᠲᠠᠶ ᠳᠠᠯᠳᠠ ᠭᠡᠮ ᠢ ᠠᠷᠢᠯᠭᠠᠵᠥ᠂ ᠨᠠᠮ ᠬᠤᠪᠢᠰᠬᠠᠯᠲᠤ ᠴᠢᠨᠠᠷᠳᠠᠢ ᠳᠠᠪᠲᠠᠯᠲᠠ ᠶᠢᠨ ᠳᠤᠮᠳᠠ ᠨᠠᠩᠳᠡ ᠪᠠᠳᠥ ᠴᠢᠩᠭ᠎ᠠ ᠪᠣᠯᠪᠠ᠃      ︵ᠭᠤᠷᠪᠠ︶ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ      ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠠᠴᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ ᠡᠨᠡ ᠬᠦ ᠭᠤᠣᠯᠳᠠᠯᠭ᠎ᠠ ᠶᠢ ᠠᠳᠬᠤᠵᠤ᠂ ᠠᠷᠠᠳ ᠲᠦᠮᠡᠨ ᠢ ᠤᠳᠤᠷᠢᠳᠤᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠠᠵᠤ ᠠᠬᠤᠢ ᠲᠦᠷᠭᠡᠨ ᠬᠥᠭᠵᠢᠭᠰᠡᠨ ᠭᠠᠶᠢᠬᠠᠮᠰᠢᠭ ᠢ ᠡᠭᠦᠳᠴᠦ᠂ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠶᠡᠭᠡ ᠪᠠᠷ ᠳᠡᠭᠡᠭᠰᠢᠯᠡᠪᠡ᠃ ᠡᠭᠦᠨ ᠤ ᠬᠠᠮᠲᠦ᠂ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠲᠤ ᠬᠤᠷᠳᠤᠴᠠ ᠪᠠ ᠬᠡᠪᠴᠢᠶ᠎ᠡ ᠶᠢ ᠥᠷᠥᠭᠡᠰᠦᠭᠡᠯ ᠢᠶᠠᠷ ᠬᠥᠭᠡᠭᠡᠴᠡᠯᠳᠦᠬᠦ᠂ ᠬᠥᠭᠵᠢᠯᠲᠡ ᠶᠢᠨ ᠠᠷᠭ᠎ᠠ ᠮᠠᠶ᠋ᠢᠭ ᠨᠢ ᠪᠦᠳᠦᠭᠦᠯᠢᠭ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠭᠰᠠᠨ ᠤ ᠲᠡᠭᠡᠷ᠎ᠠ ᠤᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ ᠤᠨ ᠲᠠᠷᠠᠭ᠎ᠠ ᠳᠡᠯᠡᠬᠡᠶ ᠶᠢᠨ ᠠᠵᠤ ᠠᠬᠤᠶ ᠦᠷᠭᠦᠯᠵᠢᠯᠡᠨ ᠥᠭᠡᠳᠡ ᠥᠭᠡᠢ ᠪᠠᠶᠢᠭᠰᠠᠨ ᠨᠥᠯᠥᠭᠡ ᠠᠴᠠ ᠪᠤᠯᠵᠤ᠂ ᠠᠵᠤ ᠠᠬᠤᠶ ᠶᠢᠨ ᠪᠦᠲᠦᠴᠡ ᠶᠢᠨ ᠴᠢᠨᠠᠷᠲᠠᠶ ᠪᠠᠶᠢᠭᠤᠯᠤᠯ ᠤᠨ ᠴᠢᠨᠠᠷᠲᠠᠶ ᠵᠥᠷᠢᠴᠡᠯ ᠲᠠᠰᠤᠷᠠᠯᠲᠠ ᠦᠭᠡᠢ ᠬᠤᠷᠠᠮᠳᠤᠵᠤ᠂ ᠬᠥᠭᠵᠢᠯᠲᠡ ᠶᠢᠨ ᠲᠡᠩᠴᠡᠭᠦᠷᠢ ᠦᠭᠡᠢ᠂ ᠵᠣᠬᠢᠴᠠᠩᠭᠤᠶ ᠪᠤᠰᠤ᠂ ᠦᠷᠭᠦᠯᠵᠢᠯᠡᠵᠦ ᠦᠯᠦ ᠴᠢᠳᠠᠬᠤ ᠠᠰᠠᠭᠤᠳᠠᠯ ᠮᠠᠰᠢ ᠲᠤᠪᠤᠶᠢᠮ᠎ᠠ ᠪᠠᠶᠢᠪᠠ᠃ ᠨᠠᠮ ᠤᠨ ᠲᠥᠪ ᠬᠤᠷᠢᠶ᠎ᠠ ᠠᠴᠠ ᠲᠤᠷᠠᠳᠤᠭᠰᠠᠨ ᠨᠢ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠰᠢᠨ᠎ᠡ ᠬᠡᠪ ᠤᠨ ᠪᠠᠶᠢᠳᠠᠯ ᠳᠤ ᠣᠷᠣᠵᠤ᠂ ᠨᠢᠭᠡᠨᠲᠡ ᠲᠦᠷᠭᠡᠨ ᠨᠡᠮᠡᠭᠳᠡᠯ ᠤᠨ ᠱᠠᠲᠤᠨ ᠠᠴᠠ ᠪᠠᠨ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠰᠢᠯᠵᠢᠵᠦ᠂ ᠨᠡᠮᠡᠭᠳᠡᠯ ᠤᠨ ᠬᠤᠷᠳᠤᠴᠠ ᠶᠢᠨ ᠬᠤᠷᠳᠤ ᠰᠤᠯᠢᠬᠤ ᠬᠤᠭᠤᠴᠠᠭ᠎ᠠ᠂ ᠪᠦᠲᠦᠴᠡ ᠶᠢᠨ ᠲᠣᠬᠢᠷᠠᠭᠤᠯᠤᠯᠲᠠ ᠶᠢᠨ ᠡᠪᠡᠷᠰᠢᠶᠡᠯᠳᠤ ᠬᠤᠭᠤᠴᠠᠭ᠎ᠠ᠂ ᠡᠮᠦᠨᠡᠬᠢ ᠬᠤᠭᠤᠴᠠᠭᠠᠨ ᠤ ᠰᠡᠳᠤᠯᠳᠠ ᠶᠢᠨ ᠲᠥᠷᠥ ᠶᠢᠨ ᠪᠣᠳᠣᠯᠭ᠎ᠠ ᠶᠢ ᠰᠢᠩᠭᠡᠭᠡᠨ ᠠᠪᠬᠤ ᠬᠤᠭᠤᠴᠠᠭ᠎ᠠ ᠬᠡᠬᠦ ︽ᠭᠤᠷᠪᠠᠨ ᠬᠤᠭᠤᠴᠠᠭ᠎ᠠ ᠳᠠᠪᠬᠤᠴᠠᠭᠰᠠᠨ︾ ᠪᠤᠳᠤᠯᠢᠶᠠᠨᠳᠤ ᠪᠠᠶᠢᠳᠠᠯ ᠳᠤ ᠲᠤᠯᠭᠠᠷᠠᠵᠥ᠂ ᠤᠯᠠᠮᠵᠢᠯᠠᠯᠲᠤ ᠬᠥᠭᠵᠢᠯᠲᠡ ᠶᠢᠨ ᠵᠠᠭᠪᠤᠷ ᠢ ᠦᠷᠭᠦᠯᠵᠢᠯᠡᠭᠦᠯᠬᠦ ᠳᠤ ᠪᠡᠷᠬᠡ ᠪᠤᠯᠵᠠᠢ᠃ ᠨᠠᠮ ᠤᠨ ᠲᠦᠪ ᠬᠤᠷᠢᠶ᠎ᠠ ᠠᠴᠠ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠪᠣᠯ ᠮᠠᠨ ᠤ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠨᠢᠭᠡ ᠤᠳᠠᠭᠠᠨ ᠤ ᠭᠦᠨᠵᠡᠭᠡᠶ ᠬᠤᠪᠢᠰᠤᠯᠲᠠ ᠮᠥᠨ᠂ ᠡᠭᠦᠨ ᠳᠤ ᠳᠥᠭᠦᠮᠬᠡᠨ ᠢᠶᠠᠷ ᠦᠢᠯᠡᠳᠪᠦᠷᠢᠯᠡᠯ ᠤᠨ ᠪᠥᠬᠦ ᠥᠷᠲᠡᠭ ᠤᠨ ᠨᠡᠮᠡᠭᠳᠡᠯ ᠤᠨ ᠨᠣᠷᠮ᠎ᠠ ᠪᠠᠷ ᠪᠠᠷᠢᠮᠵᠢᠶ᠎ᠠ ᠪᠤᠯᠭᠠᠵᠥ ᠪᠣᠯᠬᠤ ᠦᠭᠡᠶ ᠂ ᠡᠷᠬᠡᠪᠰᠢ ᠰᠢᠨ᠎ᠡ ᠶᠢ ᠡᠭᠦᠳᠬᠦ ᠪᠠᠷ ᠨᠢᠭᠡᠳᠦᠭᠡᠷ ᠬᠥᠳᠡᠯᠭᠡᠭᠴᠢ ᠬᠦᠴᠦᠨ ᠪᠤᠯᠭᠠᠭᠰᠠᠨ᠂ ᠵᠣᠬᠢᠴᠠᠯ ᠲᠠᠢ ᠪᠠᠶᠢᠬᠤ ᠪᠠᠷ ᠳᠣᠲᠣᠭᠠᠳᠤ ᠣᠨᠴᠠᠯᠢᠭ ᠪᠤᠯᠭᠠᠭᠰᠠᠨ᠂ ᠨᠤᠭᠤᠭᠠᠨ ᠢᠶᠠᠷ ᠲᠦᠭᠡᠮᠡᠯ ᠬᠡᠯᠪᠡᠷᠢ ᠪᠤᠯᠭᠠᠭᠰᠠᠨ᠂ ᠨᠡᠭᠡᠭᠡᠯᠲᠡ ᠪᠠᠷ ᠵᠠᠶᠢᠯᠠᠰᠢ ᠦᠭᠡᠢ ᠵᠠᠮᠨᠠᠬᠤ ᠵᠠᠮ ᠪᠤᠯᠭᠠᠭᠰᠠᠨ᠂ ᠬᠠᠮᠲᠤ ᠪᠠᠷ ᠡᠳ᠋ᠯᠡᠬᠦ ᠪᠠᠷ ᠦᠨᠳᠦᠰᠦᠨ ᠵᠣᠷᠢᠯᠭ᠎ᠠ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠥ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠥᠳᠥᠮᠵᠢ ᠶᠢᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠠᠬᠢᠭᠤᠯᠬᠤ ᠬᠡᠷᠡᠭᠳᠡᠢ᠃      ᠨᠠᠮ ᠠᠴᠠ ᠠᠵᠤ ᠠᠬᠤᠶ ᠶᠢᠨ ᠠᠵᠢᠯ ᠳᠠᠬᠢ ᠪᠠᠶᠢᠯᠳᠤᠬᠤ ᠪᠤᠳᠤᠯᠭ᠎ᠠ ᠶᠢᠨ ᠤᠬᠠᠭᠠᠯᠠᠯ ᠲᠥᠯᠥᠪᠯᠡᠯ ᠪᠠ ᠨᠢᠭᠡᠳᠦᠯᠲᠡᠶ ᠤᠳᠤᠷᠢᠳᠤᠯᠭ᠎ᠠ ᠪᠠᠨ ᠴᠢᠩᠭᠠᠳᠬᠠᠨ᠂ ᠠᠵᠤ ᠠᠬᠤᠶ ᠶᠢᠨ ᠠᠵᠢᠯ ᠢ ᠨᠠᠮ ᠤᠳᠤᠷᠢᠳᠬᠤ ᠪᠠᠶᠢᠭᠤᠯᠤᠯ ᠲᠣᠭᠲᠡᠴᠡ ᠶᠢ ᠲᠡᠭᠦᠯᠳᠡᠷᠵᠢᠭᠦᠯᠪᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠠ ᠬᠤᠷᠢᠶᠠᠨ ᠤ ᠤᠳᠠᠭ᠎ᠠ ᠪᠦᠷᠢ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠲᠦᠪᠯᠡᠷᠡᠩᠭᠦᠢ ᠪᠠᠷ ᠮᠠᠨ ᠤ ᠤᠯᠤᠰ ᠤᠨ ᠬᠥᠭᠵᠢᠯᠲᠡ ᠳᠤ ᠪᠠᠶᠢᠷᠢᠯᠠᠭᠤᠯᠤᠯᠲᠠ ᠬᠢᠵᠥ᠂ ᠴᠢᠨᠠᠷ ᠰᠠᠶᠢᠲᠠᠶ ᠬᠥᠭᠵᠢᠯᠲᠡ ᠪᠠᠷ ᠭᠤᠤᠯ ᠰᠡᠳᠦᠪ ᠪᠣᠯᠭᠠᠬᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠳᠠᠯᠠᠬᠤ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠪᠠᠶᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠡᠵᠡᠮᠳᠡᠬᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠨᠠᠷᠢᠯᠢᠬ ᠤᠨᠤᠴᠠᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠡᠷᠭᠡ ᠰᠡᠳᠥᠪ ᠢ ᠰᠢᠢᠳᠪᠤᠷᠢᠯᠡᠬᠦ ᠳᠠᠶᠢᠨ ᠢ ᠰᠠᠶᠢᠲᠤᠷ ᠬᠢᠬᠦ ᠵᠡᠷᠭᠡ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠭᠠᠷᠭᠠᠪᠠ᠃ ᠨᠠᠮ ᠠᠴᠠ ᠨᠡᠶᠢᠲᠡ ᠶᠢᠨ ᠥᠮᠴᠢᠯᠡᠯ ᠤᠨ ᠠᠵᠤ ᠠᠬᠤᠶ ᠶᠢ ᠡᠷᠡᠰ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠶ ᠪᠠᠷ ᠵᠣᠷᠢᠬᠵᠢᠭᠤᠯᠤᠨ ᠳᠡᠮᠵᠢᠬᠦ ᠪᠠ ᠬᠥᠲᠥᠯᠥᠨ ᠵᠢᠯᠣᠭᠤᠳᠴᠥ᠂ ᠤᠯᠤᠰ ᠤᠨ ᠥᠮᠴᠢᠯᠡᠯ ᠤᠨ ᠬᠥᠷᠥᠩᠭᠡ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠶᠢ ᠳᠡᠮᠵᠢᠵᠥ᠂ ᠳᠤᠮᠳᠠᠲᠦ ᠣᠯᠣᠰ ᠤᠨ ᠤᠨᠴᠠᠯᠢᠭ ᠪᠦᠬᠦᠢ ᠤᠳᠤ ᠦᠶ᠎ᠡ ᠶᠢᠨ ᠠᠵᠦ ᠠᠬᠤᠶᠢᠯᠠᠯ ᠤᠨ ᠲᠦᠷᠢᠮ ᠢ ᠪᠠᠶᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶ ᠶᠢᠨ ᠥᠷᠢᠰᠥᠯᠳᠦᠬᠦ ᠬᠦᠴᠦᠨ᠂ ᠰᠢᠨ᠎ᠡ ᠶᠢ ᠡᠭᠦᠳᠬᠦ ᠬᠦᠴᠦᠨ᠂ ᠡᠵᠡᠮᠳᠡᠬᠦ ᠬᠦᠴᠦᠨ᠂ ᠨᠥᠯᠥᠭᠡᠯᠡᠬᠦ ᠬᠦᠴᠦᠨ᠂ ᠠᠶᠤᠯ ᠲᠦᠭᠰᠢᠭᠦᠷᠢ ᠶᠢ ᠡᠰᠡᠷᠭᠦᠴᠡᠬᠦ ᠬᠥᠴᠥᠨ ᠢ ᠴᠢᠩᠭᠠᠷᠠᠭᠤᠯᠪᠠ︔ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠪᠠ᠃ ᠨᠠᠮ ᠠᠴᠠ ᠰᠢᠨ᠎ᠡ ᠶᠢ ᠡᠭᠦᠳᠬᠦ ᠪᠠᠷ ᠬᠦᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠠ ᠪᠠᠨ ᠲᠠᠭᠠᠭᠠᠵᠥ ᠬᠦᠴᠦᠷᠬᠡᠭᠵᠢᠬᠦ ᠶᠢ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠣᠯᠭᠠᠵᠤ᠂ ᠰᠢᠨ᠎ᠡ ᠮᠠᠶ᠋ᠢᠭ ᠤᠨ ᠤᠯᠤᠰ ᠳᠠᠶᠠᠭᠠᠷ ᠤᠨ ᠪᠠᠶᠢᠭᠤᠯᠤᠯ ᠢ ᠪᠦᠷᠢᠨᠰᠢᠭᠦᠯᠵᠥ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠷᠠᠭᠤᠯᠵᠤ᠂ ᠰᠠᠭᠤᠷᠢ ᠰᠤᠳᠤᠯᠭᠠᠨ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠡᠷᠭᠡ ᠰᠡᠳᠥᠪ ᠢ ᠰᠢᠢᠳᠪᠤᠷᠢᠯᠡᠬᠦ ᠪᠠ ᠪᠡᠶ᠎ᠡ ᠪᠠᠨ ᠳᠠᠭᠠᠭᠠᠵᠦ ᠰᠢᠨ᠎ᠡ ᠶᠢ ᠡᠭᠦᠳᠬᠦ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ᠂ ᠬᠠᠮᠠᠭᠠᠯᠠᠯᠲᠠ᠂ ᠬᠡᠷᠡᠭᠯᠡᠯᠲᠡ ᠶᠢ ᠴᠢᠩᠭᠠᠳᠬᠠᠵᠥ᠂ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠪᠠ ᠳᠡᠯᠡᠬᠡᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠥᠳᠥᠭᠡᠨ ᠪᠠᠶᠢᠭᠤᠯᠬᠤ ᠶᠢ ᠲᠥᠷᠭᠡᠳᠭᠡᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠢᠯᠡᠳᠪᠦᠷᠢᠯᠡᠬᠦ ᠴᠢᠳᠠᠪᠤᠷᠢ ᠶᠢ ᠬᠠᠰᠤᠬᠤ᠂ ᠬᠥᠮᠥᠷᠭᠡ ᠶᠢᠨ ᠬᠠᠳᠠᠭᠠᠯᠠᠯᠲᠠ ᠶᠢ ᠪᠠᠭᠠᠰᠬᠠᠬᠤ᠂ ᠬᠥᠰᠢᠭᠦᠷᠭᠡ ᠶᠢ ᠬᠠᠰᠤᠬᠤ᠂ ᠥᠪᠡᠷ ᠤᠨ ᠥᠷᠲᠡᠭ ᠢ ᠪᠠᠭᠤᠷᠠᠭᠤᠯᠬᠤ᠂ ᠳᠤᠲᠠᠭᠤᠳᠠᠯ ᠢ ᠨᠥᠬᠦᠪᠥᠷᠢᠯᠡᠬᠦ ᠶᠢ ᠠᠬᠢᠭᠤᠯᠵᠤ᠂ ᠪᠠᠬᠢᠵᠢᠭᠦᠯᠬᠦ ᠨᠡᠮᠡᠭᠳᠡᠬᠦᠯᠬᠦ ᠳᠡᠭᠡᠭᠰᠢᠯᠡᠭᠦᠯᠬᠦ ᠰᠠᠭᠠᠳ ᠥᠬᠡᠶ ᠨᠡᠪᠲᠡᠷᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠦᠢᠯᠡᠳᠬᠦ ᠦᠢᠯᠡᠰ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠯᠡᠨ ᠬᠥᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠳ᠋ᠢᠵᠢᠲ᠋ᠠᠯ ᠠᠵᠤ ᠠᠬᠤᠶ ᠶᠢ ᠬᠥᠭᠵᠢᠭᠦᠯᠪᠠ᠃ ᠬᠤᠷᠸ᠎ᠠ ᠠᠵᠤ ᠠᠬᠤᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠰᠡᠳᠭᠢᠮᠵᠢ ᠪᠠ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠥᠨ᠂ ᠬᠤᠷᠸ᠎ᠠ ᠲᠥᠷᠥ ᠶᠢᠨ ᠪᠣᠳᠣᠯᠭ᠎ᠠ ᠶᠢᠨ ᠡᠵᠡᠨ ᠮᠡᠳᠡᠬᠦ ᠴᠢᠨᠠᠷ ᠢ ᠨᠡᠮᠡᠭᠳᠡᠭᠦᠯᠵᠦ᠂ ᠡᠳ᠋ ᠤᠨ ᠵᠠᠰᠠᠭ ᠤᠨ ᠢᠳᠡᠪᠬᠢᠲᠡᠶ ᠲᠥᠷᠥ ᠶᠢᠨ ᠪᠣᠳᠣᠯᠭ᠎ᠠ ᠪᠠ ᠵᠣᠭᠤᠰᠣᠨ ᠤ ᠯᠠᠪᠳᠠᠭᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠤᠭᠡᠳᠡᠢ ᠪᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠬᠤ ᠶᠢ ᠪᠠᠷᠢᠮᠲᠠᠯᠠᠵᠤ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠤᠨ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠪᠠᠲᠤᠯᠠᠵᠤ᠂ ᠮᠦᠩᠬᠦᠨ ᠭᠦᠢᠯᠭᠡᠭᠡ ᠶᠢ ᠪᠤᠳᠠᠲᠦ ᠴᠤᠭᠴᠠ ᠶᠢᠨ ᠠᠵᠦ ᠠᠬᠤᠢ ᠳᠤ ᠦᠢᠯᠡᠴᠢᠯᠡᠭᠦᠯᠬᠦ ᠶᠢ ᠪᠠᠷᠢᠮᠲᠠᠯᠠᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠠᠵᠤ ᠠᠬᠤᠶ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠮᠤᠨᠤᠫᠤᠯᠢᠴᠢᠯᠠᠯ ᠢ ᠡᠰᠡᠷᠭᠦᠴᠡᠬᠦ ᠳᠦᠷᠢᠮ ᠲᠣᠭᠲᠠᠭᠠᠯ ᠢ ᠴᠢᠩᠭᠠᠳᠬᠠᠵᠤ᠂ ᠬᠥᠷᠥᠩᠭᠡ ᠶᠢᠨ ᠡᠮᠬᠢ ᠵᠢᠷᠤᠮ ᠦᠭᠡᠢ ᠥᠷᠭᠡᠵᠢᠬᠦ ᠶᠢ ᠰᠡᠷᠭᠡᠶᠢᠯᠡᠨ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠮᠢᠳᠤᠯᠢᠭ ᠬᠦᠴᠦᠨ ᠢ ᠬᠥᠭᠵᠢᠭᠡᠵᠦ᠂ ᠥᠷᠭᠡᠨ ᠤᠯᠠᠨ ᠬᠦᠳᠡᠯᠮᠦᠷᠢᠴᠢᠨ ᠪᠠ ᠬᠡᠷᠡᠭᠯᠡᠭᠴᠢ ᠶᠢᠨ ᠡᠷᠬᠡ ᠠᠰᠢᠭ ᠢ ᠬᠠᠮᠠᠭᠠᠯᠠᠪᠠ᠃ ᠨᠠᠮ ᠠᠴᠠ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠂ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠦᠲᠦᠭᠡᠨ ᠪᠠᠶᠢᠭᠤᠯᠵᠤ᠂ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠢ ᠪᠤᠢ ᠪᠤᠯᠭᠠᠬᠤ ᠶᠢ ᠠᠬᠢᠭᠤᠯᠵᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠥᠢᠯᠡᠰ ᠤᠨ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠵᠤ᠂ ᠳᠤᠮᠳᠠ ᠬᠡᠰᠡᠭ ᠤᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠵᠡᠭᠦᠨ ᠬᠡᠰᠡᠭ ᠤᠨ ᠭᠠᠵᠠᠷ ᠣᠷᠣᠨ ᠤ ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠶᠢ ᠵᠣᠷᠢᠬᠵᠢᠭᠤᠯᠵᠤ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠶᠠᠨ ᠰᠠᠶᠢᠵᠢᠷᠠᠭᠤᠯᠬᠤ ᠶᠢ ᠲᠠᠮᠵᠢᠪᠡ᠃ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠵᠦ᠂ ᠬᠤᠲᠠ ᠶᠢᠨ ᠲᠦᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢ ᠴᠢᠩᠭᠠᠳᠬᠠᠪᠠ᠃ ᠨᠠᠮ ᠠᠴᠠ ᠢᠮᠠᠭᠲᠠ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠤᠨ ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠯᠡᠨ ᠠᠬᠢᠭᠤᠯᠵᠤ᠂ ᠠᠮᠦ ᠶᠢ ᠬᠤᠷᠢᠶᠠᠬᠤ ᠳᠤ ᠭᠠᠵᠠᠷ ᠰᠢᠷᠦᠢ ᠳᠤ ᠲᠦᠰᠢᠭᠯᠡᠬᠦ᠂ ᠤᠨᠠᠯᠲᠠ ᠶᠢ ᠨᠡᠮᠡᠭᠳᠡᠭᠦᠯᠬᠦ ᠳᠤ ᠤᠬᠠᠭᠠᠨ ᠮᠡᠷᠭᠡᠵᠢᠯ ᠳᠤ ᠲᠦᠰᠢᠭᠯᠡᠬᠦ ᠶᠢ ᠪᠠᠷᠢᠮᠳᠠᠯᠠᠵᠥ᠂ ᠬᠠᠮᠤᠭ ᠤᠨ ᠴᠢᠩᠭ᠎ᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠥᠷ᠎ᠠ ᠶᠢᠨ ᠢᠷᠡᠯᠳᠡ ᠶᠢ ᠡᠵᠡᠨ ᠮᠡᠳᠡᠵᠥ ᠡᠵᠡᠮᠳᠡᠬᠦ ᠶᠢ ᠠᠬᠢᠭᠤᠯᠵᠤ᠂ ᠳᠤᠮᠳᠠᠳᠤᠴᠤᠳ ᠤᠨ ᠬᠤᠭᠤᠯᠠ ᠬᠥᠨᠡᠰᠥ ᠪᠠᠨ ᠥᠪᠡᠷ ᠤᠨ ᠬᠥᠴᠥᠨ ᠳᠡᠭᠡᠨ ᠪᠠᠲᠤ ᠲᠦᠰᠢᠭᠯᠡᠨ ᠰᠢᠢᠳᠪᠤᠷᠢᠯᠡᠬᠦ ᠶᠢ ᠥᠨᠡᠨ ᠬᠦ ᠪᠠᠲᠤᠯᠠᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ᠂ ᠵᠣᠬᠢᠴᠠᠩᠭᠤᠶ ᠴᠢᠨᠠᠷ᠂ ᠦᠷᠭᠦᠯᠵᠢᠯᠡᠬᠦ ᠴᠢᠨᠠᠷ ᠢᠯᠡᠳᠲᠡ ᠴᠢᠩᠭᠠᠷᠠᠵᠤ᠂ ᠤᠯᠤᠰ ᠤᠨ ᠳᠣᠲᠣᠭᠠᠳᠤ ᠶᠢᠨ ᠥᠢᠯᠡᠳᠪᠦᠷᠢᠯᠡᠯ ᠤᠨ ᠪᠥᠬᠦ ᠥᠷᠲᠡᠭ ᠵᠠᠭᠤᠨ ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠥ᠂ ᠬᠥᠮᠦᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠥᠷᠲᠡᠭ ᠲᠦᠮᠡᠨ ᠳ᠋ᠣᠯᠯᠠᠷ ᠢ ᠳᠠᠪᠠᠵᠤ᠂ ᠤᠯᠤᠰ ᠤᠨ ᠠᠵᠤ ᠠᠬᠤᠶ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠶ ᠬᠦᠴᠦᠨ ᠰᠢᠨ᠎ᠡ ᠳᠡᠭᠲᠡᠷ ᠲᠤ ᠭᠠᠷᠴᠤ᠂ ᠮᠠᠨ ᠤ ᠤᠯᠤᠰ ᠤᠨ ᠠᠵᠤ ᠠᠬᠤᠶ ᠨᠡᠩ ᠴᠢᠨᠠᠷ ᠰᠠᠶᠢᠲᠠᠶ᠂ ᠨᠡᠩ ᠦᠷ᠎ᠡ ᠪᠦᠲᠦᠮᠵᠢᠲᠡᠶ᠂ ᠨᠡᠩ ᠲᠦᠪ ᠭᠤᠤᠯᠴᠢ᠂ ᠨᠡᠩ ᠦᠷᠭᠦᠯᠵᠢᠯᠡᠬᠦ᠋ᠢᠴᠡ᠂ ᠨᠡᠩ ᠠᠮᠤᠷ ᠲᠦᠪᠰᠢᠨ ᠬᠥᠭᠵᠢᠯᠲᠡ ᠶᠢᠨ ᠵᠠᠮ ᠳᠤ ᠤᠷᠤᠪᠠ᠃      ︵ᠲᠦᠷᠪᠡ︶ ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠯ᠎ᠠ ᠪᠠᠷ      ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠬᠤᠶᠢᠰᠢ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠳᠡ ᠰᠦᠷ ᠳᠠᠯᠠᠶᠢᠴᠠᠲᠠᠶ ᠲᠡᠤᠬᠡᠨ ᠶᠠᠪᠤᠴᠠ ᠶᠢ ᠥᠩᠭᠡᠷᠡᠭᠡᠵᠦ᠂ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠵᠠᠶ᠃ ᠦᠢᠯᠡᠳᠦᠯᠭᠡ ᠶᠢᠨ ᠬᠥᠭᠵᠢᠯᠲᠡ ᠶᠢ ᠳᠠᠭᠠᠯᠳᠤᠨ᠂ ᠵᠠᠷᠢᠮ ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠡᠴᠡ ᠶᠢᠨ ᠠᠰᠠᠭᠤᠳᠠᠯ ᠪᠠ ᠠᠰᠢᠭ ᠲᠤᠰᠠ ᠶᠢᠨ ᠲᠣᠭᠲᠠᠪᠤᠷᠢᠵᠢᠭᠰᠠᠨ ᠬᠠᠯᠬᠠᠪᠴᠢ ᠡᠳᠦᠷ ᠢᠷᠡᠬᠦᠶ᠎ᠡ ᠢᠯᠡᠷᠡᠨ ᠭᠠᠷᠴᠤ᠂ ᠥᠭᠡᠷᠡᠴᠢᠯᠡᠯᠲᠡ ᠪᠡᠷᠬᠡ ᠰᠡᠳᠦᠪ ᠢ ᠰᠢᠢᠳᠪᠦᠷᠢᠯᠡᠬᠦ ᠬᠤᠭᠤᠴᠠᠭ᠎ᠠ ᠪᠠ ᠲᠦᠭᠰᠢᠭᠦᠷᠢ ᠶᠢ ᠲᠤᠭᠤᠯᠬᠤ ᠱᠠᠲᠤᠨ ᠳᠤ ᠣᠷᠣᠪᠠ᠃ ᠦᠢᠯᠡᠳᠦᠯᠭᠡ ᠶᠢᠨ ᠬᠥᠭᠵᠢᠯᠲᠡ ᠡᠭᠦᠷᠢᠳᠡ ᠲᠠᠭᠤᠰᠤᠰᠢ ᠦᠭᠡᠢ᠂ ᠦᠵᠡᠯ ᠰᠠᠨᠠᠭᠠᠨ ᠤ ᠴᠢᠯᠥᠭᠡᠯᠡᠯᠳᠡ ᠡᠭᠦᠷᠢᠳᠡ ᠲᠠᠭᠤᠰᠤᠰᠢ ᠦᠭᠡᠢ᠂ ᠥᠭᠡᠷᠡᠴᠢᠯᠡᠯᠲᠡ ᠨᠡᠭᠡᠭᠡᠯᠲᠡ ᠴᠦ ᠡᠭᠦᠷᠢᠳᠡ ᠲᠠᠭᠤᠰᠤᠰᠢ ᠦᠭᠡᠢ ᠶᠤᠮ᠂ ᠥᠭᠡᠷᠡᠴᠢᠯᠡᠯᠲᠡ ᠳᠤ ᠶᠠᠪᠤᠭᠳᠠᠬᠤ ᠴᠠᠭ ᠯᠡ ᠪᠠᠶᠢᠬᠤ ᠠᠴᠠ ᠪᠢᠰᠢ ᠳᠠᠭᠤᠰᠬᠤ ᠴᠠᠭ ᠭᠡᠵᠥ ᠪᠠᠶᠢᠬᠤ ᠦᠭᠡᠢ ᠶᠤᠮ᠂ ᠵᠣᠭᠰᠤᠩᠭᠢᠷᠠᠬᠤ ᠪᠠ ᠤᠬᠤᠷᠢᠬᠤ ᠳᠤ ᠬᠥᠷᠪᠡᠯ ᠭᠠᠷᠬᠤ ᠵᠠᠮ ᠠᠯᠠᠭ᠎ᠠ᠂ ᠡᠷᠬᠡᠪᠰᠢ ᠨᠠᠩ ᠶᠡᠭᠡ ᠤᠯᠤᠰ ᠲᠥᠷᠥ ᠶᠢᠨ ᠰᠥᠰᠥ ᠵᠣᠷᠢᠭ ᠪᠠ ᠣᠶᠤᠨ ᠤᠬᠠᠭᠠᠨ ᠢᠶᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠵᠤᠷᠢᠭᠲᠠᠢ ᠪᠠᠷ ᠲᠦᠪᠡᠭᠲᠡᠢ ᠠᠰᠠᠭᠤᠳᠠᠯ ᠢ ᠰᠢᠢᠳᠪᠥᠷᠢᠯᠡᠵᠥ᠂ ᠵᠤᠷᠢᠭᠲᠠᠢ ᠪᠠᠷ ᠪᠠᠷᠲᠠᠭᠠᠲᠦ ᠭᠠᠵᠠᠷ ᠢ ᠲᠤᠭᠤᠯᠤᠨ᠂ ᠳᠦᠷᠢᠮ ᠤᠨ ᠪᠠᠶᠢᠭᠤᠯᠤᠯᠲᠠ ᠶᠢ ᠳᠣᠪᠤᠶᠢᠯᠭᠠᠨ᠂ ᠥᠭᠡᠷᠡᠴᠢᠯᠡᠯᠲᠡ ᠶᠢᠨ ᠬᠤᠯᠪᠣᠯᠳᠤᠬᠤ ᠴᠢᠨᠠᠷ ᠪᠣᠯᠤᠨ ᠡᠪᠴᠡᠯᠳᠥᠬᠦ ᠴᠢᠨᠠᠷ ᠢ ᠴᠢᠬᠤᠯᠠᠴᠢᠯᠠᠵᠤ᠂ ᠥᠭᠡᠷᠡᠴᠢᠯᠡᠯᠲᠡ ᠶᠢ ᠦᠨᠡᠨ ᠭᠦ ᠪᠤᠲᠠᠲᠠᠢ ᠪᠠᠷ ᠠᠬᠢᠭᠤᠯᠤᠨ᠂ ᠡᠯ᠎ᠡ ᠲᠠᠯ᠎ᠠ ᠶᠢᠨ ᠪᠠᠶᠢᠭᠤᠯᠤᠯ ᠲᠣᠭᠲᠡᠴᠡ ᠶᠢᠨ ᠬᠡᠮ ᠰᠣᠭᠤᠭ ᠢ ᠪᠦᠲᠦᠮᠵᠢᠲᠡᠶ ᠠᠷᠢᠯᠭᠠᠬᠤ ᠬᠡᠷᠡᠭᠳᠡᠢ ᠭᠡᠳᠡᠭ ᠢ ᠨᠠᠮ ᠤᠨ ᠲᠥᠪ ᠬᠤᠷᠢᠶ᠎ᠠ ᠬᠥᠨᠵᠡᠭᠡᠢ ᠲᠠᠨᠢᠵᠥ ᠤᠯᠪᠠ᠃      ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠠᠵᠤ ᠠᠬᠤᠶ ᠶᠢᠨ ᠪᠠᠶᠢᠭᠤᠯᠤᠯ᠂ ᠤᠯᠤᠰ ᠲᠦᠷᠦ ᠶᠢᠨ ᠪᠠᠶᠢᠭᠤᠯᠤᠯ᠂ ᠰᠣᠶᠣᠯ ᠤᠨ ᠪᠠᠶᠢᠭᠤᠯᠤᠯ᠂ ᠨᠡᠶᠢᠭᠡᠮ ᠤᠨ ᠪᠠᠶᠢᠭᠤᠯᠤᠯ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠥᠭᠡᠷᠡᠴᠢᠯᠡᠯᠲᠡ ᠪᠤᠯᠤᠨ ᠨᠠᠮ ᠤᠨ ᠪᠠᠶᠢᠭᠤᠯᠤᠯᠲᠠ ᠶᠢᠨ ᠲᠦᠷᠢᠮ ᠤᠨ ᠥᠭᠡᠷᠡᠴᠢᠯᠡᠯᠲᠡ ᠶᠢᠨ ᠲᠤᠬᠠᠶ ᠪᠠᠶᠢᠷᠢᠯᠠᠭᠤᠯᠤᠯᠲᠠ ᠬᠢᠵᠥ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠶ ᠬᠠᠷᠠᠯᠲᠠ᠂ ᠪᠠᠶᠢᠯᠳᠤᠬᠤ ᠪᠤᠳᠤᠯᠭ᠎ᠠ ᠶᠢᠨ ᠭᠤᠤᠯᠳᠠᠯᠭ᠎ᠠ᠂ ᠣᠷᠢᠳᠯᠠᠬᠤ ᠳᠠᠷᠠᠭᠠᠯᠠᠯ᠂ ᠭᠤᠤᠯ ᠰᠢᠪᠲᠤᠯᠤᠯᠳᠠ ᠶᠢᠨ ᠴᠢᠭᠯᠡᠯ᠂ ᠠᠵᠢᠯ ᠤᠨ ᠲᠣᠭᠲᠡᠴᠡ᠂ ᠠᠬᠢᠭᠤᠯᠬᠤ ᠠᠷᠭ᠎ᠠ ᠮᠠᠶ᠋ᠢᠭ ᠪᠠ ᠴᠠᠭ ᠤᠨ ᠬᠦᠰᠦᠨᠦᠭᠲᠦ᠂ ᠵᠠᠮ ᠤᠨ ᠵᠢᠷᠤᠭ ᠢ ᠲᠣᠭᠲᠠᠭᠠᠪᠠ᠃ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠣᠯ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠤᠭᠳᠠᠯ ᠲᠠᠢ ᠶᠤᠮ᠂ ᠲᠡᠷᠡ ᠨᠢ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠦᠶ᠎ᠡ ᠶᠢ ᠨᠡᠭᠡᠭᠡᠪᠡ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠤᠯ ᠮᠦᠨ ᠴᠤ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠤᠭᠳᠠᠯ ᠲᠠᠢ ᠶᠤᠮ᠂ ᠲᠡᠷᠡ ᠨᠢ ᠥᠭᠡᠷᠡᠴᠢᠯᠡᠯᠲᠡ ᠶᠢᠨ ᠬᠡᠰᠡᠭ ᠲᠠᠯ᠎ᠠ ᠪᠠᠷ ᠬᠠᠶᠢᠨ ᠰᠦᠪᠡᠭᠴᠢᠯᠡᠬᠦ᠂ ᠮᠥᠰᠥ ᠬᠠᠭᠠᠯᠵᠥ ᠪᠦᠰᠡᠯᠡᠯᠲᠡ ᠰᠢᠪᠲᠤᠯᠬᠤ ᠠᠴᠠ ᠪᠠᠨ ᠰᠢᠰᠲ᠋ᠧᠮᠵᠢᠨ ᠬᠤᠷᠠᠬᠤ᠂ ᠪᠦᠬᠦ ᠲᠠᠯ᠎ᠠ ᠪᠠᠷ ᠭᠦᠨᠵᠡᠭᠡᠶᠢᠷᠡᠭᠦ ᠲᠡᠶᠢᠰᠢ ᠰᠢᠯᠵᠢᠬᠦ ᠶᠢ ᠪᠡᠶᠡᠯᠡᠭᠦᠯᠦᠬᠡᠳ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠪᠠᠶᠢᠳᠠᠯ ᠢ ᠨᠡᠭᠡᠭᠡᠪᠡ᠃      ᠨᠠᠮ ᠠᠴᠠ ᠥᠭᠡᠷᠡᠴᠢᠯᠡᠯᠲᠡ ᠶᠢᠨ ᠵᠥᠪ ᠴᠢᠭᠯᠡᠯ ᠢ ᠪᠠᠷᠢᠮᠲᠠᠯᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠥᠮᠡᠨ ᠤ ᠬᠡᠰᠢᠭ ᠪᠤᠶᠠᠨ ᠢ ᠨᠡᠮᠡᠭᠳᠡᠬᠦᠯᠬᠦ ᠪᠠᠷ ᠡᠭᠦᠰᠥᠯᠲᠠ ᠪᠠ ᠥᠷ᠎ᠠ ᠳ᠋ᠥᠩ ᠪᠣᠯᠭᠠᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠨ᠂ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠴᠢᠯᠥᠭᠡᠯᠡᠬᠦ ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ ᠬᠥᠭᠵᠢᠭᠦᠯᠬᠦ᠂ ᠨᠡᠶᠢᠭᠡᠮ ᠤᠨ ᠠᠮᠢᠳᠤᠯᠢᠭ ᠬᠦᠴᠦᠨ ᠢ ᠴᠢᠯᠥᠭᠡᠯᠡᠨ ᠨᠡᠮᠡᠭᠳᠡᠬᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠣᠷᠣᠢ ᠶᠢᠨ ᠲᠠᠪᠬᠤᠷᠭ᠎ᠠ ᠶᠢᠨ ᠵᠢᠷᠤᠭ ᠲᠥᠯᠥᠪᠯᠡᠭᠡ ᠬᠢᠬᠦ ᠪᠠ ᠪᠦᠬᠦᠯᠢ ᠴᠣᠭᠴᠠ ᠪᠠᠷ ᠨᠢ ᠤᠬᠠᠭᠠᠯᠠᠨ ᠲᠥᠯᠥᠪᠯᠡᠬᠦ ᠶᠢ ᠴᠢᠩᠭᠠᠳᠬᠠᠨ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠨᠡᠮᠡᠭᠳᠡᠭᠦᠯᠵᠦ᠂ ᠠᠷᠠᠳ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠥᠭᠵᠢᠭᠡᠵᠦ᠂ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠪᠣᠳᠠᠲᠠᠶᠢᠵᠢᠭᠤᠯᠤᠨ ᠭᠦᠨᠵᠡᠭᠡᠶᠢᠷᠡᠭᠦᠯᠬᠦ ᠶᠢ ᠠᠬᠢᠭᠤᠯᠪᠠ᠃ ᠨᠠᠮ ᠠᠴᠠ ᠥᠭᠡᠷᠡᠴᠢᠯᠡᠯᠲᠡ ᠳᠤ ᠪᠦᠬᠦ ᠲᠠᠯ᠎ᠠ ᠪᠠᠷ ᠬᠦᠴᠦᠯᠡᠬᠦ᠂ ᠣᠯᠠᠨ ᠲᠠᠯ᠎ᠠ ᠪᠠᠷ ᠰᠢᠪᠲᠤᠯᠤᠯᠲᠠ ᠭᠠᠷᠭᠠᠬᠤ᠂ ᠰᠢᠭᠤᠷᠬᠠᠢ ᠪᠥᠭᠡᠳ ᠯᠠᠪᠳᠠᠭᠤᠨ ᠬᠢᠬᠦ᠂ ᠭᠦᠨᠵᠡᠭᠡᠶᠢᠷᠡᠬᠦᠯᠦᠨ ᠤᠷᠤᠭᠰᠢᠯᠠᠭᠤᠯᠬᠤ ᠶᠢ ᠠᠬᠢᠭᠤᠯᠵᠤ᠂ ᠰᠠᠭᠤᠷᠢ ᠶᠢ ᠪᠠᠲᠤᠳᠬᠠᠨ ᠲᠠᠪᠴᠠᠩ ᠢ ᠪᠠᠬᠢᠯᠡᠵᠦ᠂ ᠲᠤᠯᠭᠠᠭᠤᠷ ᠪᠣᠰᠬᠠᠨ ᠨᠢᠷᠤᠭᠤ ᠲᠠᠯᠪᠢᠬᠤ ᠠᠴᠠ ᠪᠦᠬᠦ ᠲᠠᠯ᠎ᠠ ᠪᠠᠷ ᠠᠬᠢᠭᠤᠯᠬᠤ᠂ ᠰᠠᠭᠤᠷᠢ ᠪᠠᠨ ᠪᠠᠬᠢᠵᠢᠭᠦᠯᠦᠨ ᠬᠦᠭᠵᠢᠯᠲᠡ ᠶᠢᠨ ᠬᠠᠨᠳᠥᠰᠢ ᠶᠢ ᠪᠤᠢ ᠪᠣᠯᠭᠠᠬᠤ ᠬᠥᠷᠳᠡᠯ᠎ᠠ᠂ ᠳᠠᠬᠢᠭᠠᠳ ᠰᠢᠰᠲ᠋ᠧᠮᠵᠢᠬᠦᠯᠦᠨ ᠬᠤᠷᠠᠭᠤᠯᠬᠤ᠂ ᠬᠠᠮᠵᠢᠯᠴᠠᠭᠤᠯᠤᠨ ᠥᠨᠳᠥᠷ ᠪᠦᠲᠦᠮᠵᠢᠲᠡᠶ ᠪᠤᠯᠭᠠᠬᠤ ᠬᠥᠷᠳᠡᠯ᠎ᠠ ᠡᠯ᠎ᠡ ᠬᠦᠷᠢᠶᠡᠨ ᠤ ᠰᠠᠭᠤᠷᠢᠯᠠᠬᠤ ᠴᠢᠨᠠᠷᠲᠠᠶ ᠲᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠲᠣᠭᠲᠠᠭᠠᠵᠤ᠂ ᠮᠠᠰᠢ ᠤᠯᠠᠨ ᠬᠦᠷᠢᠶᠡᠨ ᠳᠤ ᠲᠡᠤᠬᠡᠲᠦ ᠴᠢᠨᠠᠷᠲᠠᠶ ᠬᠤᠪᠢᠰᠤᠯᠲᠠ᠂ ᠰᠢᠰᠲ᠋ᠧᠮᠲᠦ ᠴᠢᠨᠠᠷᠲᠠᠶ ᠲᠠᠬᠢᠨ ᠱᠤᠭᠤᠯᠳᠠ᠂ ᠪᠦᠬᠦᠯᠢ ᠴᠣᠭᠴᠠᠲᠦ ᠴᠢᠨᠠᠷᠲᠠᠶ ᠲᠠᠬᠢᠨ ᠪᠠᠶᠢᠭᠤᠯᠥᠯᠳᠡ ᠶᠢ ᠪᠡᠶᠡᠯᠡᠭᠦᠯᠪᠡ᠃      ᠨᠡᠭᠡᠭᠡᠯᠳᠡ ᠬᠢᠪᠡᠯ ᠲᠠᠪᠰᠢᠵᠥ᠂ ᠲᠦᠭᠵᠢᠵᠦ ᠪᠢᠲᠡᠭᠦᠮᠵᠢᠯᠡᠪᠡᠯ ᠵᠠᠶᠢᠯᠠᠰᠢ ᠦᠭᠡᠢ ᠬᠤᠴᠣᠷᠤᠨ᠎ᠠ︔ ᠮᠠᠨ ᠤ ᠤᠯᠤᠰ ᠤᠨ ᠬᠥᠭᠵᠢᠯᠲᠡ ᠳᠠᠪᠠᠭᠤᠯᠢᠭ ᠪᠠᠶᠢᠷᠢ ᠶᠢ ᠡᠵᠡᠯᠡᠵᠦ᠂ ᠰᠠᠨᠠᠭᠠᠴᠢᠯᠠᠭᠠᠲᠤ ᠡᠷᠭᠡ ᠶᠢ ᠣᠯᠵᠤ᠂ ᠢᠷᠡᠭᠡᠳᠦᠶ ᠳᠤ ᠢᠯᠡᠯᠳᠠ ᠤᠯᠤᠶ᠎ᠠ ᠭᠡᠪᠡᠯ ᠡᠷᠬᠡᠪᠰᠢ ᠠᠵᠤ ᠠᠬᠤᠢ ᠶᠢᠨ ᠳᠠᠯᠡᠬᠡᠶᠢᠴᠢᠯᠡᠯᠳᠠ ᠳᠤ ᠵᠣᠬᠢᠴᠠᠵᠤ᠂ ᠮᠠᠨ ᠤ ᠤᠯᠤᠰ ᠤᠨ ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠠᠭᠠᠨ ᠲᠦᠰᠢᠭᠯᠡᠵᠦ᠂ ᠨᠡᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠬᠡᠷᠡᠭᠲᠡᠢ ᠭᠡᠳᠡᠭ ᠢ ᠨᠠᠮ ᠤᠨ ᠲᠥᠪ ᠬᠤᠷᠢᠶ᠎ᠠ ᠬᠥᠨᠵᠡᠭᠡᠢ ᠲᠠᠨᠢᠵᠥ ᠤᠯᠪᠠ᠃ ᠮᠠᠨ ᠤ ᠤᠯᠤᠰ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ︽ᠨᠢᠭᠡ ᠪᠦᠰᠡ ᠨᠢᠭᠡ ᠵᠠᠮ︾᠎ ᠢ ᠬᠠᠮᠳᠥ ᠪᠠᠷ ᠪᠠᠶᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠵᠠᠮ ᠳᠠᠭᠠᠤ ᠤᠯᠤᠰ ᠤᠨ ᠠᠵᠤ ᠠᠬᠤᠶ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠬᠤᠯᠪᠣᠭᠳᠠᠬᠤ ᠥᠯᠡᠮᠵᠢᠭᠡᠨ ᠨᠢᠭᠡ ᠪᠦᠯᠦᠭ ᠬᠠᠮᠳᠤᠷᠠᠯᠴᠠᠭᠠᠨ ᠤ ᠲᠥᠰᠥᠯ ᠢ ᠠᠬᠢᠭᠤᠯᠵᠤ᠂ ᠡᠩᠬᠡ ᠲᠠᠶᠢᠪᠤᠩ ᠤᠨ ᠵᠠᠮ᠂ ᠴᠡᠴᠡᠭᠯᠡᠯ ᠬᠥᠭᠵᠢᠯ ᠤᠨ ᠵᠠᠮ᠂ ᠨᠡᠭᠡᠭᠡᠯᠲᠡ ᠶᠢᠨ ᠵᠠᠮ᠂ ᠨᠤᠭᠤᠭᠠᠨ ᠵᠠᠮ᠂ ᠰᠢᠨ᠎ᠡ ᠶᠢ ᠡᠬᠦᠳᠬᠦ ᠵᠠᠮ᠂ ᠪᠣᠯᠪᠠᠰᠤᠨ ᠤ ᠵᠠᠮ ᠢ ᠪᠠᠶᠢᠭᠤᠯᠵᠥ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠠᠶᠢᠭᠤᠯᠬᠤ ᠶᠢ ᠣᠳᠣᠬᠠᠨ ᠤ ᠳᠡᠯᠡᠬᠡᠢ ᠶᠢᠷᠲᠢᠨᠴᠦ ᠳᠤ ᠶᠡᠭᠡ ᠪᠠᠷ ᠬᠦᠷᠢᠶᠡᠯᠡᠭᠳᠡᠭᠰᠡᠨ ᠲᠡᠯᠡᠬᠡᠢ ᠶᠢᠨ ᠤᠯᠠᠨ ᠨᠡᠶᠢᠳᠡ ᠶᠢᠨ ᠪᠦᠲᠦᠭᠡᠭᠳᠡᠬᠦᠨ ᠪᠠ ᠤᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠪᠣᠯᠭᠠᠪᠠ᠃ ᠮᠠᠨ ᠤ ᠤᠯᠤᠰ ᠳᠣᠲᠣᠭᠠᠳᠤ ᠭᠠᠳᠠᠭᠠᠳᠤ ᠨᠡᠭᠡᠭᠡᠯᠲᠡ ᠶᠢ ᠬᠠᠷᠢᠯᠴᠠᠨ ᠠᠬᠢᠭᠤᠯᠬᠤ᠂ ︽ᠣᠷᠣᠭᠤᠯᠵᠤ ᠠᠪᠴᠢᠷᠠᠬᠤ︾ ᠪᠠ ︽ᠭᠠᠳᠠᠭᠰᠢ ᠭᠠᠷᠬᠤ︾᠎ ᠶᠢ ᠨᠠᠩ ᠰᠠᠶᠢᠨ ᠤᠶᠠᠯᠳᠤᠭᠤᠯᠬᠤ ᠶᠢ ᠪᠠᠷᠢᠮᠳᠠᠯᠠᠵᠤ᠂ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠴᠢᠯᠥᠭᠡᠵᠢᠯᠲᠡ ᠲᠦᠳᠡᠴᠢᠯᠡᠯᠳᠠ ᠶᠢ ᠠᠬᠢᠭᠤᠯᠵᠤ᠂ ᠪᠦᠬᠦ ᠳᠡᠯᠡᠬᠡᠢ ᠳᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠣᠷᠣᠨ ᠤ ᠲᠣᠣᠷ ᠢ ᠪᠠᠶᠢᠭᠤᠯᠤᠨ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠪᠠ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠢ ᠪᠦᠲᠦᠭᠡᠨ ᠪᠠᠶᠢᠭᠤᠯᠵᠤ᠂ ᠳᠦᠷᠢᠮ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠬᠡᠯᠪᠡᠷᠢ ᠶᠢᠨ ᠨᠡᠭᠡᠭᠡᠯᠲᠡ ᠶᠢ ᠠᠬᠢᠭᠤᠯᠤᠨ᠂ ᠨᠡᠩ ᠶᠡᠭᠡ ᠬᠡᠪᠴᠢᠶᠡᠨ ᠤ᠂ ᠨᠡᠩ ᠥᠷᠭᠡᠨ ᠬᠦᠷᠢᠶᠡᠨ ᠤ᠂ ᠨᠡᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠲᠡᠬᠦ᠂ ᠣᠯᠠᠨ ᠡᠰᠢᠵᠢᠭᠦᠯᠦᠨ ᠲᠡᠩᠴᠡᠭᠦᠷᠢᠰᠢᠭᠦᠯᠬᠦ᠂ ᠠᠮᠤᠷ ᠲᠦᠪᠰᠢᠨ ᠥᠨᠳᠥᠷ ᠪᠦᠲᠦᠮᠵᠢᠲᠡᠶ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠰᠢᠰᠲ᠋ᠧᠮ ᠢ ᠪᠠᠶᠢᠭᠤᠯᠵᠥ᠂ ᠮᠠᠨ ᠤ ᠤᠯᠤᠰ ᠤᠨ ᠣᠯᠠᠨ ᠤᠯᠤᠰ ᠯᠤᠭ᠎ᠠ ᠶᠢᠨ ᠠᠵᠤ ᠠᠬᠤᠶ ᠶᠢᠨ ᠬᠠᠮᠳᠤᠷᠠᠯᠴᠠᠭ᠎ᠠ ᠪᠣᠯᠤᠨ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠲᠠᠰᠤᠷᠠᠯᠲᠠ ᠤᠢᠭᠡᠢ ᠨᠡᠮᠡᠭᠳᠡᠭᠦᠯᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠥᠢᠯᠡᠰ ᠤᠨ ᠥᠷᠭᠡᠵᠢᠨ ᠬᠥᠨᠵᠡᠭᠡᠶᠢᠷᠡᠬᠦ ᠶᠢ ᠲᠠᠰᠤᠷᠠᠯᠳᠠ ᠥᠭᠡᠢ ᠠᠬᠢᠭᠤᠯᠤᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠨᠡᠩ ᠪᠣᠯᠪᠠᠰᠤᠷᠠᠩᠭᠤᠶ ᠨᠡᠩ ᠲᠤᠭᠳᠠᠪᠤᠷᠢᠵᠢᠵᠤ᠂ ᠲᠥᠷᠥ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠨᠠᠮ ᠪᠠ ᠤᠯᠤᠰ ᠤᠨ ᠠᠵᠢᠯ ᠦᠢᠯᠡᠰ ᠰᠢᠨ᠎ᠡ ᠠᠮᠢᠵᠢᠷᠠᠯ ᠤᠨ ᠬᠦᠴᠦᠨ ᠪᠠ ᠠᠮᠢᠳᠥᠯᠢᠬ ᠬᠥᠴᠥᠨ ᠢᠶᠠᠨ ᠪᠠᠳᠠᠷᠠᠭᠤᠯᠪᠠ᠃      ︵ᠲᠠᠪᠤ︶ ᠤᠯᠤᠰ ᠲᠦᠷᠦ ᠶᠢᠨ ᠪᠠᠶᠢᠭᠤᠯᠤᠯᠲᠠ ᠶᠢᠨ ᠲᠠᠯ᠎ᠠ ᠪᠠᠷ      ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠠᠴᠠ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢ ᠪᠠᠷᠢᠮᠲᠠᠯᠠᠡ᠂ ᠨᠡᠶᠢᠭᠡᠮ ᠵᠢᠷᠤᠮ ᠤᠨ ᠠᠷᠠᠳᠴᠢᠯᠠᠯ ᠢ ᠬᠥᠭᠵᠢᠭᠦᠯᠥᠭᠡᠳ ᠴᠢᠬᠤᠯᠠ ᠶᠡᠭᠡ ᠠᠬᠢᠯᠳᠠ ᠲᠠᠢ ᠪᠣᠯᠪᠠ᠃ ᠨᠠᠮ ᠠᠴᠠ ᠤᠯᠤᠰ ᠤᠨ ᠳᠣᠲᠣᠭᠠᠳᠤ ᠭᠠᠳᠠᠭᠠᠳᠤ ᠶᠢᠨ ᠤᠯᠤᠰ ᠲᠥᠷᠥ ᠶᠢᠨ ᠬᠥᠭᠵᠢᠯᠲᠡ ᠶᠢᠨ ᠢᠯᠠᠯᠳᠠ ᠢᠯᠠᠭᠳᠠᠯ ᠤᠨᠤᠬ ᠠᠯᠳᠠᠭ ᠠᠴᠠ ᠭᠦᠨᠵᠡᠭᠡᠶ ᠲᠠᠨᠢᠵᠤ ᠣᠯᠤᠭᠰᠠᠨ ᠨᠢ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠢᠲᠡᠭᠡᠯ ᠢ ᠪᠠᠲᠤᠳᠬᠠᠬᠤ ᠳᠤ ᠡᠩ ᠲᠡᠷᠢᠭᠦᠨ ᠳᠤ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠪᠠᠶᠢᠭᠤᠯᠤᠯ ᠤᠨ ᠢᠲᠡᠭᠡᠯ ᠢ ᠪᠠᠲᠤᠳᠬᠠᠨ᠂ ᠨᠡᠶᠢᠭᠡᠮ ᠵᠢᠷᠤᠮᠲᠤ ᠠᠷᠠᠳᠴᠢᠯᠠᠭᠰᠠᠨ ᠤᠯᠤᠰ ᠲᠥᠷᠥ ᠶᠢ ᠪᠠᠶᠢᠭᠤᠯᠵᠥ᠂ ᠨᠡᠶᠢᠭᠡᠮ ᠵᠢᠷᠤᠮ ᠤᠨ ᠤᠯᠤᠰ ᠲᠥᠷᠥ ᠶᠢᠨ ᠪᠣᠯᠪᠠᠰᠤᠨ ᠢ ᠬᠥᠭᠵᠢᠭᠦᠯᠬᠦ ᠬᠡᠷᠡᠭᠳᠡᠢ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠪᠠᠶᠢᠭᠤᠯᠤᠯ ᠢ ᠳᠤᠮᠳᠠᠳᠤ ᠤᠯᠤᠰ ᠤᠨ ᠨᠡᠶᠢᠭᠡᠮ ᠤᠨ ᠬᠥᠷᠥᠰᠥ ᠰᠢᠷᠣᠶ ᠳᠤ ᠭᠦᠨ ᠦᠨᠳᠦᠰᠦᠯᠡᠭᠦᠯᠬᠦ ᠬᠡᠷᠡᠭᠲᠡᠢ᠂ ᠪᠤᠰᠤᠳ ᠤᠯᠤᠰ ᠤᠨ ᠤᠯᠤᠰ ᠲᠥᠷᠥ ᠶᠢᠨ ᠪᠠᠶᠢᠭᠤᠯᠤᠯ ᠢ ᠲᠡᠷᠡ ᠴᠢᠭ ᠢᠶᠠᠷ ᠨᠢ ᠨᠡᠭᠦᠯᠭᠡᠨ ᠬᠡᠷᠡᠭᠯᠡᠬᠦ ᠨᠢ ᠶᠠᠪᠤᠭᠳᠠᠵᠥ ᠴᠢᠳᠠᠰᠢ ᠦᠭᠡᠶ ᠶᠤᠮ᠂ ᠴᠢᠨᠠᠭᠰᠢᠯᠠᠪᠠᠯ ᠤᠯᠤᠰ ᠣᠷᠣᠨ ᠤ ᠢᠷᠡᠭᠡᠳᠦᠶ ᠬᠤᠪᠢ ᠵᠠᠶᠠᠭ᠎ᠠ ᠶᠢ ᠪᠤᠯᠠᠰᠢᠯᠠᠵᠥ ᠮᠡᠳᠡᠨ᠎ᠡ᠃ ᠡᠷᠬᠡᠪᠰᠢ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠥ ᠡᠷᠬᠡ ᠮᠡᠳᠡᠬᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠤᠭᠦᠯᠬᠦ ᠶᠢ ᠪᠠᠷᠢᠮᠲᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠶ ᠬᠥᠭᠵᠢᠭᠦᠯᠣᠨ᠂ ᠪᠦᠬᠦ ᠲᠠᠯ᠎ᠠ ᠶᠢᠨ᠂ ᠥᠷᠭᠡᠨ ᠳᠡᠯᠭᠡᠷ᠂ ᠣᠷᠭᠠᠨᠢᠭ ᠢᠶᠠᠷ ᠵᠣᠯᠭᠠᠯᠳᠤᠭᠰᠠᠨ ᠠᠷᠠᠳ ᠲᠦᠮᠡᠨ ᠤ ᠡᠵᠡᠨ ᠰᠠᠭᠤᠵᠦ ᠡᠷᠬᠡ ᠮᠡᠳᠡᠬᠦ ᠪᠠᠶᠢᠭᠤᠯᠤᠯ ᠤᠨ ᠰᠢᠰᠲ᠋ᠧᠮ ᠢ ᠪᠦᠷᠢᠨᠰᠢᠭᠦᠯᠵᠥ᠂ ᠣᠯᠠᠨ ᠶᠠᠩᠵᠤ ᠶᠢᠨ᠂ ᠰᠠᠭᠠᠳ ᠦᠭᠡᠢ ᠨᠡᠪᠳᠡᠷᠡᠬᠦ᠂ ᠡᠮᠬᠢ ᠵᠢᠷᠤᠮ ᠲᠠᠢ ᠠᠷᠠᠳᠴᠢᠯᠠᠯ ᠤᠨ ᠠᠷᠭ᠎ᠠ ᠵᠠᠮ ᠢ ᠪᠤᠢ ᠪᠤᠯᠭᠠᠵᠥ᠂ ᠠᠷᠠᠳᠴᠢᠯᠠᠯ ᠤᠨ ᠬᠡᠯᠪᠡᠷᠢ ᠶᠢ ᠪᠠᠶᠠᠯᠢᠬᠵᠢᠭᠤᠯᠤᠨ᠂ ᠡᠯ᠎ᠡ ᠲᠡᠰ ᠳᠠᠪᠬᠤᠷᠭ᠎ᠠ ᠡᠯ᠎ᠡ ᠬᠦᠷᠢᠶᠡᠨ ᠠᠴᠠ ᠠᠷᠠᠳ ᠲᠦᠮᠡᠨ ᠤ ᠡᠮᠬᠢ ᠵᠢᠷᠤᠮ ᠲᠠᠢ ᠪᠠᠷ ᠤᠯᠤᠰ ᠲᠦᠷᠦ ᠳᠤ ᠣᠷᠣᠯᠴᠠᠬᠤ ᠶᠢ ᠥᠷᠭᠡᠳᠭᠡᠵᠦ᠂ ᠡᠯ᠎ᠡ ᠲᠠᠯ᠎ᠠ ᠶᠢᠨ ᠪᠠᠶᠢᠭᠤᠯᠤᠯ ᠪᠣᠯᠤᠨ ᠲᠥᠷᠥ ᠶᠢᠨ ᠵᠠᠰᠠᠯᠲᠠ ᠶᠢ ᠠᠷᠠᠳ ᠲᠦᠮᠡᠨ ᠤ ᠬᠦᠰᠡᠯ ᠵᠣᠷᠢᠭ ᠢ ᠨᠡᠩ ᠰᠠᠶᠢᠨ ᠢᠯᠡᠷᠡᠭᠦᠯᠬᠦ᠂ ᠠᠷᠠᠳ ᠲᠦᠮᠡᠨ ᠤ ᠡᠷᠬᠡ ᠠᠰᠢᠭ ᠢ ᠨᠡᠩ ᠰᠠᠶᠢᠨ ᠪᠠᠲᠤᠯᠠᠬᠤ᠂ ᠠᠷᠠᠳ ᠲᠦᠮᠡᠨ ᠤ ᠡᠭᠦᠳᠦᠨ ᠪᠦᠲᠦᠭᠡᠯᠲᠡ ᠶᠢ ᠨᠡᠩ ᠰᠠᠶᠢᠨ ᠬᠥᠭᠵᠢᠭᠡᠬᠦ ᠪᠣᠯᠭᠠᠬᠤ ᠬᠡᠷᠡᠭᠳᠡᠢ᠃ ᠥᠷᠥᠨᠡᠳᠠᠬᠢᠨ ᠤ ︽ᠦᠨᠳᠦᠰᠦᠨ ᠬᠠᠤᠯᠢᠲᠤ ᠵᠠᠰᠠᠭ︾᠂ ᠤᠯᠡᠠ ᠨᠠᠮ ᠡᠭᠡᠯᠵᠢᠯᠡᠨ ᠲᠦᠷᠦ ᠪᠠᠷᠢᠬᠤ᠂ ︽ᠭᠤᠷᠪᠠᠨ ᠡᠷᠬᠡ ᠶᠢ ᠲᠤᠰᠠᠭᠠᠷᠯᠠᠭᠤᠯᠬᠤ︾ ᠭᠡᠬᠦ ᠮᠡᠲᠦ ᠶᠢᠨ ᠤᠯᠤᠰ ᠲᠦᠷᠦ ᠶᠢᠨ ᠦᠵᠡᠯ ᠰᠠᠨᠠᠭᠠᠨ ᠤ ᠤᠷᠤᠰᠬᠠᠯ ᠤᠨ ᠨᠡᠷᠪᠡᠯᠲᠡ ᠨᠥᠯᠥᠭᠡ ᠶᠢ ᠡᠷᠬᠡᠪᠰᠢ ᠰᠡᠷᠡᠮᠵᠢᠯᠡᠨ ᠰᠡᠷᠭᠡᠶᠢᠯᠡᠬᠦ ᠬᠡᠷᠡᠭᠲᠡᠶ᠃      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ ᠪᠠ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠣᠳᠣᠯᠬᠢᠯᠠᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠳᠥ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠂ ᠲᠥᠷᠥ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠶᠡᠷᠦᠩᠬᠡᠶ ᠵᠢᠷᠤᠭ ᠲᠥᠯᠥᠪᠯᠡᠭᠡ ᠬᠢᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠳᠥ ᠪᠠᠶᠢᠭᠤᠯᠤᠯ ᠢ ᠲᠤᠯᠭᠠᠭᠤᠷᠢᠯᠠᠬᠤ ᠦᠨᠳᠦᠰᠦᠨ ᠪᠠᠶᠢᠭᠤᠯᠤᠯ᠂ ᠭᠤᠤᠯ ᠪᠠᠶᠢᠭᠤᠯᠤᠯ᠂ ᠴᠢᠬᠤᠯᠠ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠭᠤᠤᠯᠳᠠᠯᠭ᠎ᠠ ᠲᠠᠢ ᠪᠠᠶᠢᠷᠢᠯᠠᠭᠤᠯᠪᠠ᠃ ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠭᠰᠠᠨ ᠨᠢ᠂ ᠡᠷᠬᠡᠪᠰᠢ ᠠᠷᠠᠳ ᠲᠦᠮᠡᠨ ᠤ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠠᠷᠠᠳ ᠲᠦᠮᠡᠨ ᠤ ᠠᠷᠠᠳᠴᠢᠯᠠᠯ ᠢᠶᠠᠷ ᠰᠣᠩᠭᠤᠭᠤᠯᠢ ᠬᠢᠬᠦ᠂ ᠠᠷᠠᠳᠴᠢᠯᠠᠯ ᠢᠶᠠᠷ ᠵᠥᠪᠳᠡᠯᠴᠡᠬᠦ᠂ ᠠᠷᠠᠳᠴᠢᠯᠠᠯ ᠢᠶᠠᠷ ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠶ᠃ ᠨᠠᠮ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳ ᠲᠦᠮᠡᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠠᠮᠵᠢᠭᠤᠯᠤᠨ ᠲᠥᠷᠥ ᠶᠢᠨ ᠡᠷᠬᠡ ᠶᠢ ᠬᠡᠷᠡᠭᠵᠢᠭᠦᠯᠬᠦ ᠶᠢ ᠳᠡᠮᠵᠢᠬᠦ ᠪᠠ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠬᠤ ᠪᠠ ᠪᠠᠭᠤᠯᠭᠠᠬᠤ ᠡᠷᠬᠡ ᠪᠠᠨ ᠬᠠᠤᠯᠢ ᠶᠤᠰᠤᠭᠠᠷ ᠬᠡᠷᠡᠭᠵᠢᠬᠦᠯᠬᠦ ᠶᠢ ᠲᠡᠮᠵᠢᠬᠦ ᠪᠠ ᠪᠠᠳᠤᠯᠠᠵᠥ᠂ ᠰᠤᠩᠭᠤᠭᠤᠯᠢ ᠶᠢᠨ ᠪᠢᠯᠧᠲ ᠲᠠᠲᠠᠵᠤ ᠬᠠᠭ᠋ᠤᠤᠯᠢᠳᠤ ᠰᠤᠩᠭᠤᠭᠤᠯᠢ ᠬᠢᠭᠰᠡᠨ ᠬᠡᠷᠡᠭ ᠢ ᠡᠷᠡᠰ ᠪᠠᠶᠢᠴᠠᠭᠠᠨ ᠰᠢᠢᠳᠪᠦᠷᠢᠯᠡᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠡᠷᠬᠡ ᠰᠦᠷ ᠪᠠ ᠨᠡᠷ᠎ᠡ ᠬᠥᠨᠳᠥ ᠶᠢ ᠬᠠᠮᠠᠭᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠤᠨ ᠥᠢᠯᠡᠳᠦᠯ ᠢ ᠪᠠᠳᠠᠷᠠᠭᠤᠯᠪᠠ᠃ ᠨᠠᠮ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠠᠴᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ ᠪᠠᠶᠢᠭ᠎ᠠ ᠪᠠᠶᠢᠳᠠᠯ ᠳᠤ ᠲᠤᠰᠬᠠᠶ ᠬᠢᠨᠠᠯᠲᠠ ᠲᠠᠯᠪᠢᠬᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠳᠤ ᠰᠢᠭᠤᠳ ᠰᠠᠨᠠᠭᠤᠯᠭ᠎ᠠ ᠳᠤᠷᠠᠳᠬᠤ ᠵᠡᠷᠭᠡ ᠳᠦᠷᠢᠮ ᠢ ᠲᠡᠭᠦᠯᠳᠡᠷᠵᠢᠭᠦᠯᠵᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠤᠰᠬᠠᠶ ᠵᠥᠪᠯᠡᠬᠦ ᠪᠠᠶᠢᠭᠤᠯᠤᠮᠵᠢ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠥᠷᠭᠡᠨ ᠳᠡᠯᠭᠡᠷᠡᠩᠭᠦᠢ ᠤᠯᠠᠨ ᠲᠡᠰ ᠳᠠᠪᠬᠤᠷᠭᠠᠲᠤ ᠳᠦᠷᠢᠮᠵᠢᠭᠰᠡᠨ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠵᠥᠪᠯᠡᠬᠦ ᠠᠷᠠᠳᠴᠢᠯᠠᠯ ᠤᠨ ᠰᠢᠰᠲ᠋ᠧᠮ ᠢ ᠪᠦᠷᠢᠯᠳᠦᠭᠦᠯᠪᠠ᠃ ᠨᠠᠮ ᠠᠴᠠ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠪᠠᠬᠢᠵᠢᠭᠦᠯᠬᠦ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠠᠷᠠᠳᠴᠢᠯᠠᠯ ᠤᠨ ᠳᠦᠷᠢᠮ ᠢ ᠲᠡᠭᠦᠯᠳᠡᠷᠵᠢᠭᠦᠯᠤᠨ᠂ ᠠᠯᠪᠠᠨ ᠶᠠᠪᠤᠳᠠᠯ ᠢ ᠢᠯᠡ ᠪᠠᠷ ᠶᠠᠪᠤᠭᠳᠠᠭᠤᠯᠬᠤ ᠲᠦᠷᠢᠮ ᠢ ᠲᠡᠭᠦᠯᠳᠡᠷᠵᠢᠭᠦᠯᠵᠦ᠂ ᠠᠷᠠᠳ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠭᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠪᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠬᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠵᠠᠷᠴᠢᠮ ᠶᠣᠰᠣᠭᠠᠷ᠂ ᠨᠠᠮ ᠪᠠ ᠲᠥᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ᠂ ᠨᠠᠮ ᠪᠠ ᠲᠥᠷᠦ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠥᠷᠢ ᠶᠢ ᠰᠢᠰᠲ᠋ᠧᠮᠳᠥ ᠴᠢᠨᠠᠷᠲᠠᠢ ᠪᠠᠷ᠂ ᠪᠦᠬᠦᠯᠢ ᠴᠣᠭᠴᠠᠲᠤ ᠴᠢᠨᠠᠷᠳᠡᠢ ᠪᠠᠷ ᠳᠠᠬᠢᠨ ᠪᠤᠢ ᠪᠤᠯᠭᠠᠬᠤ ᠶᠢ ᠪᠡᠶᠡᠯᠡᠭᠦᠯᠪᠠ᠃ ᠨᠠᠮ ᠠᠴᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠥ᠂ ᠳᠤᠮᠳᠠᠳᠤ ᠤᠯᠤᠰ ᠤᠨ ᠣᠨᠴᠠᠯᠢᠭ ᠪᠥᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠶ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠪᠠᠷ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠥ᠂ ᠰᠢᠨ᠎ᠡ ᠴᠠᠭ ᠦᠶ᠎ᠡ ᠶᠢᠨ ᠨᠠᠮ ᠤᠨ ᠲᠥᠪᠡᠳ ᠢ ᠵᠠᠰᠠᠬᠤ ᠠᠷᠭ᠎ᠠ ᠪᠣᠳᠣᠯᠭ᠎ᠠ᠂ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠲᠣᠭᠲᠠᠭᠠᠵᠥ᠂ ᠡᠷᠬᠡ ᠲᠡᠭᠰᠢ ᠪᠦᠯᠬᠦᠮᠳᠡᠭᠰᠡᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠪᠠ᠃ ᠨᠠᠮ ᠠᠴᠠ ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠪᠠ᠃ ᠨᠠᠮ ᠠᠴᠠ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠤᠨ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠶᠢ ᠴᠢᠷᠮᠠᠶᠢᠨ ᠡᠷᠢᠯᠬᠢᠯᠡᠵᠦ᠂ ᠬᠠᠮᠤᠭ ᠤᠨ ᠶᠡᠭᠡ ᠪᠥᠯᠬᠦᠮᠳᠡᠯ ᠬᠤᠯᠪᠤᠭᠠᠯᠠᠯ ᠢ ᠴᠢᠷᠮᠠᠶᠢᠨ ᠵᠢᠷᠤᠭᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠥᠷ ᠲᠠᠯᠠᠶᠢᠴᠡᠳᠡᠢ ᠬᠦᠴᠦᠨ ᠢ ᠨᠢᠭᠲᠠᠷᠠᠭᠤᠯᠪᠠ᠃ ᠨᠠᠮ ᠠᠴᠠ ᠤᠯᠤᠰ ᠲᠥᠷᠥ ᠶᠢᠨ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ ᠢ ᠴᠢᠩᠭᠠᠷᠠᠭᠤᠯᠬᠤ ᠲᠠᠢ ᠤᠶᠠᠯᠳᠤᠭᠤᠯᠤᠨ᠂ ᠤᠯᠠᠨ ᠲᠦᠮᠡᠨ ᠤ ᠪᠦᠯᠬᠦᠮ ᠤᠨ ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠦ ᠬᠤᠷᠠᠯ ᠵᠡᠷᠭᠡ ᠠᠷᠠᠳ ᠤᠨ ᠪᠦᠯᠬᠦᠮ ᠪᠠ ᠤᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢᠨ ᠥᠢᠯᠡᠳᠦᠯ ᠢ ᠨᠡᠩ ᠰᠠᠶᠢᠨ ᠪᠠᠳᠠᠷᠠᠭᠤᠯᠪᠠ᠃ ᠪᠢᠳᠡ ᠠᠷᠠᠳ ᠲᠦᠮᠡᠨ ᠤ ᠣᠷᠣᠰᠢᠨ ᠲᠣᠭᠲᠠᠨᠢᠬᠤ ᠡᠷᠬᠡ᠂ ᠬᠥᠭᠵᠢᠯᠲᠡ ᠶᠢᠨ ᠡᠷᠬᠡ ᠶᠢ ᠪᠠᠲᠤᠯᠠᠬᠤ ᠪᠠᠷ ᠲᠡᠷᠢᠬᠦᠨ ᠴᠢᠬᠤᠯᠠ ᠵᠥᠢᠯ ᠪᠤᠯᠭᠠᠵᠦ ᠪᠠᠶᠢᠭᠠᠳ ᠬᠥᠮᠦᠨ ᠤ ᠡᠷᠬᠡ ᠶᠢᠨ ᠥᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢᠨ ᠳᠦᠷᠢᠮᠵᠢᠬᠦᠯᠥᠯᠳᠡ᠂ ᠵᠢᠷᠤᠮᠵᠢᠭᠤᠯᠤᠯᠲᠠ᠂ ᠲᠡᠰ ᠲᠠᠷᠠᠭᠠᠵᠢᠭᠤᠯᠤᠯᠳᠠ ᠪᠦᠬᠦ ᠲᠠᠯ᠎ᠠ ᠪᠠᠷ ᠠᠬᠢᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠪᠠᠶᠢᠭᠤᠯᠤᠯ ᠤᠨ ᠳᠠᠪᠠᠭᠤᠯᠢᠭ ᠴᠢᠨᠠᠷ ᠨᠡᠩ ᠰᠠᠶᠢᠨ ᠪᠠᠳᠠᠷᠠᠵᠤ᠂ ᠠᠮᠢᠳᠤ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠪᠠᠬᠢᠵᠢᠨ ᠬᠥᠭᠵᠢᠪᠡ᠃      ︵ᠵᠢᠷᠭᠤᠭ᠎ᠠ︶ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠠᠯ᠎ᠠ ᠪᠠᠷ      ᠥᠭᠡᠷᠡᠴᠢᠯᠡᠯᠲᠡ ᠨᠡᠭᠡᠭᠡᠯᠳᠡ ᠬᠢᠭᠰᠡᠨ ᠤ ᠲᠠᠷᠠᠭ᠎ᠠ᠂ ᠨᠠᠮ ᠠᠴᠠ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠠᠰᠤᠷᠠᠯᠳᠠ ᠦᠭᠡᠢ ᠠᠬᠢᠭᠤᠯᠪᠠ᠃ ᠡᠭᠦᠨ ᠤ ᠬᠠᠮᠲᠦ᠂ ᠬᠠᠤᠯᠢ ᠪᠠᠶᠢᠪᠠᠴᠥ ᠵᠢᠷᠤᠮᠯᠠᠬᠤ ᠦᠭᠡᠢ᠂ ᠬᠠᠤᠯᠢ ᠬᠡᠷᠡᠭᠵᠢᠭᠦᠯᠬᠦ ᠳᠡᠭᠡᠨ ᠴᠢᠩᠭ᠎ᠠ ᠪᠢᠰᠢ᠂ ᠬᠠᠤᠯᠢ ᠪᠠᠷᠢᠬᠤ ᠳᠠᠭᠠᠨ ᠭᠤᠣᠯᠴᠢ ᠪᠤᠰᠤ᠂ ᠬᠠᠤᠯᠢ ᠠᠴᠠ ᠵᠥᠷᠢᠴᠡᠭᠰᠡᠨ ᠴᠦ ᠨᠡᠬᠡᠮᠵᠢᠯᠡᠬᠦ ᠦᠭᠡᠢ ᠵᠡᠷᠭᠡ ᠠᠰᠠᠭᠤᠳᠠᠯ ᠬᠦᠨᠳᠦ ᠨᠣᠴᠢᠲᠠᠢ ᠣᠷᠣᠰᠢᠵᠤ ᠂ ᠬᠠᠤᠯᠢ ᠪᠠᠷᠢᠯᠳᠠ ᠶᠢᠨ ᠢᠯᠵᠢᠷᠠᠯ ᠪᠠᠶᠢᠨ ᠲᠠᠬᠢᠨ ᠭᠠᠷᠴᠤ᠂ ᠵᠠᠷᠢᠮ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯᠲᠠᠨ ᠬᠤᠪᠢ ᠶᠢᠨ ᠨᠠᠶᠢᠷ ᠢᠶᠠᠷ ᠬᠠᠤᠯᠢ ᠶᠢ ᠭᠠᠵᠢᠭᠤᠳᠠᠭᠤᠯᠤᠨ᠂ ᠴᠢᠨᠠᠭᠰᠢᠯᠠᠪᠠᠯ ᠶᠠᠯᠠᠲᠤ ᠡᠲᠡᠭᠡᠳ ᠤᠨ ᠬᠠᠮᠠᠭᠠᠯᠠᠭᠴᠢ ᠪᠣᠯᠵᠤ᠂ ᠬᠠᠤᠯᠢ ᠪᠠᠷ ᠵᠠᠰᠠᠬᠤ ᠡᠷᠬᠡ ᠰᠦᠷ ᠢ ᠬᠦᠨᠳᠦ ᠨᠣᠴᠢᠲᠠᠶ ᠬᠤᠬᠢᠷᠠᠭᠤᠯᠣᠨ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠦᠨᠳᠦ ᠨᠣᠴᠢᠲᠠᠶ ᠨᠥᠯᠥᠭᠡᠯᠡᠪᠡ᠃ ᠡᠷᠬᠡ ᠪᠣᠯ ︽ᠬᠤᠣᠰ ᠢᠷᠲᠦ ᠰᠡᠯᠡᠮ᠎ᠡ︾ ᠮᠥᠨ᠂ ᠲᠡᠭᠦᠨ ᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠪᠡᠯ ᠠᠷᠠᠳ ᠲᠦᠮᠡᠨ ᠳᠤ ᠪᠤᠶᠠᠨ ᠥᠢᠯᠡᠳᠴᠦ ᠪᠣᠯᠤᠨ᠎ᠠ᠂ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠵᠢᠭᠦᠯᠪᠡᠯ ᠵᠠᠶᠢᠯᠠᠰᠢ ᠥᠬᠡᠶ ᠤᠯᠤᠰ ᠣᠷᠣᠨ ᠪᠠ ᠠᠷᠠᠳ ᠲᠦᠮᠡᠨ ᠳᠤ ᠬᠤᠤᠷ ᠬᠥᠨᠥᠭᠡᠯ ᠤᠴᠠᠷᠠᠭᠤᠯᠬᠤ ᠪᠤᠯᠤᠨ᠎ᠠ ᠭᠡᠳᠡᠭ ᠢ ᠨᠡᠮ ᠬᠥᠨᠵᠡᠭᠡᠢ ᠲᠠᠨᠢᠵᠥ ᠤᠯᠪᠠ᠃ ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠬᠠᠤᠯᠢ ᠪᠠᠷ ᠵᠠᠰᠠᠬᠤ ᠨᠢ ᠴᠢᠩᠭᠠᠷᠠᠪᠠᠰᠤ ᠤᠯᠤᠰ ᠣᠷᠣᠨ ᠮᠠᠨᠳᠤᠮᠤᠢ᠂ ᠬᠠᠤᠯᠢ ᠪᠠᠷ ᠵᠠᠰᠠᠬᠤ ᠨᠢ ᠰᠤᠯᠠᠷᠠᠪᠠᠰᠤ ᠤᠯᠤᠰ ᠣᠷᠣᠨ ᠰᠠᠮᠠᠭᠤᠷᠠᠮᠤᠢ︔ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢᠶᠠᠨ ᠵᠠᠰᠠᠬᠤ ᠪᠣᠯ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠪᠠᠲᠤᠯᠠᠭ᠎ᠠ ᠮᠥᠨ᠂ ᠲᠥᠷᠥ ᠶᠢᠨ ᠵᠠᠰᠠᠯᠲᠠ ᠶᠢᠨ ᠨᠢᠭᠡ ᠤᠳᠠᠭᠠᠨ ᠤ ᠭᠦᠨᠵᠡᠭᠡᠢ ᠬᠤᠪᠢᠰᠬᠠᠯ ᠮᠥᠨ︔ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠳᠤ ᠡᠩ ᠲᠡᠷᠢᠭᠦᠨ ᠳᠤ ᠦᠨᠳᠦᠰᠦᠨ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠬᠡᠷᠡᠭᠲᠡᠶ᠂ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠬᠤ ᠳᠤ ᠡᠩ ᠲᠡᠷᠢᠭᠦᠨ ᠳᠤ ᠦᠨᠳᠦᠰᠦᠨ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠬᠤ ᠬᠡᠷᠡᠭᠲᠡᠶ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠣᠨᠣᠯ ᠢ ᠲᠤᠭᠤᠰᠢᠯᠠᠭᠤᠯᠤᠨ᠂ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠬᠠᠤᠯᠢ ᠶᠣᠰᠣᠭᠠᠷ ᠲᠥᠷᠥ ᠪᠠᠷᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠥ᠂ ᠬᠠᠤᠯᠢ ᠪᠠᠷ ᠵᠠᠰᠠᠬᠤ ᠤᠯᠤᠰ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠢ ᠨᠢᠭᠡ ᠴᠤᠬᠴᠠᠵᠢᠭᠤᠯᠤᠨ ᠪᠠᠶᠢᠭᠤᠯᠬᠤ ᠶᠢ ᠪᠠᠷᠢᠮᠲᠠᠯᠠᠨ᠂ ᠨᠡᠶᠢᠭᠡᠮ ᠳᠠᠶᠠᠭᠠᠷ ᠤᠨ ᠬᠠᠤᠯᠢ ᠶᠢ ᠬᠦᠨᠳᠦᠳᠭᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠪᠠ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠷᠠᠭᠤᠯᠬᠤ ᠭᠡᠷᠡᠭᠳᠡᠢ᠃      ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠪᠣᠯᠤᠨ ᠲᠥᠪ ᠤᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯᠳᠤᠭᠠᠨ ᠠᠴᠠ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠰᠠᠭᠤᠳᠠᠯ ᠢ ᠲᠤᠰᠬᠠᠶ ᠰᠡᠳᠦᠪ ᠢᠶᠠᠷ ᠰᠤᠳᠤᠯᠤᠭᠠᠳ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠦᠪ ᠭᠤᠤᠯᠴᠢ ᠪᠠᠷ ᠬᠠᠤᠯᠢ ᠪᠠᠷᠢᠬᠤ᠂ ᠠᠷᠠᠳ ᠨᠡᠶᠢᠲᠡ ᠪᠠᠷ ᠢᠶᠠᠨ ᠬᠠᠤᠯᠢ ᠶᠢ ᠰᠠᠬᠢᠬᠤ ᠲᠤᠬᠠᠶ ᠤᠷᠤᠢ ᠶᠢᠨ ᠲᠠᠪᠬᠤᠷᠭ᠎ᠠ ᠶᠢᠨ ᠵᠢᠷᠤᠭ ᠲᠥᠯᠥᠪᠯᠡᠭᠡ ᠪᠣᠯᠤᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ᠂ ᠬᠠᠤᠯᠢ ᠪᠠᠷ ᠵᠠᠰᠠᠬᠤ ᠶᠢ ᠬᠡᠷᠡᠭᠵᠢᠭᠦᠯᠬᠦ ᠰᠢᠰᠲ᠋ᠧᠮ᠂ ᠬᠠᠤᠯᠢ ᠪᠠᠷ ᠵᠠᠰᠠᠬᠤ ᠳᠤ ᠬᠢᠨᠠᠯᠲᠠ ᠲᠠᠯᠪᠢᠬᠤ ᠰᠢᠰᠲ᠋ᠧᠮ᠂ ᠬᠠᠤᠯᠢ ᠪᠠᠷ ᠵᠠᠰᠠᠬᠤ ᠶᠢ ᠪᠠᠲᠤᠯᠠᠬᠤ ᠰᠢᠰᠲ᠋ᠧᠮ ᠪᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠪᠠ᠃      ᠨᠠᠮ ᠠᠴᠠ ᠴᠢᠬᠤᠯᠠᠴᠢᠯᠠᠬᠰᠠᠨ ᠨᠢ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠬᠠᠮᠤᠭ ᠤᠨ ᠥᠷᠭᠡᠨ ᠳᠡᠯᠭᠡᠷ᠂ ᠬᠠᠮᠤᠭ ᠤᠨ ᠭᠦᠨ ᠵᠤᠵᠠᠭᠠᠨ ᠰᠠᠭᠤᠷᠢ ᠪᠣᠯ ᠠᠷᠠᠳ ᠲᠦᠮᠡᠨ ᠮᠦᠨ᠂ ᠡᠷᠬᠡᠪᠰᠢ ᠠᠷᠠᠳ ᠲᠦᠮᠡᠨ ᠤ ᠠᠰᠢᠭ ᠲᠤᠰᠠ ᠶᠢ ᠢᠯᠡᠷᠡᠭᠦᠯᠬᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠬᠤ᠂ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ᠂ ᠠᠷᠠᠳ ᠲᠦᠮᠡᠨ ᠤ ᠬᠡᠰᠢᠭ ᠪᠤᠶᠠᠨ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢᠶᠠᠨ ᠵᠠᠰᠠᠬᠤ ᠶᠢᠨ ᠡᠯ᠎ᠡ ᠬᠦᠷᠢᠶ᠎ᠡ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠪᠠᠲᠤᠯᠠᠨ ᠠᠬᠢᠭᠤᠯᠵᠦ᠂ ᠬᠠᠤᠯᠢ ᠴᠠᠭᠠᠵᠠ ᠶᠢᠨ ᠪᠠᠶᠢᠭᠤᠯᠤᠯ ᠨᠢᠭᠡᠪᠦᠷᠢ ᠠᠴᠠ᠂ ᠬᠠᠤᠯᠢ ᠬᠡᠷᠡᠭᠵᠢᠭᠦᠯᠬᠦ ᠲᠣᠭᠲᠠᠭᠠᠯ ᠨᠢᠭᠡᠪᠦᠷᠢ ᠠᠴᠠ᠂ ᠬᠠᠤᠯᠢ ᠪᠠᠷᠢᠵᠤ ᠰᠢᠢᠳᠪᠦᠷᠢᠯᠡᠭᠰᠡᠨ ᠬᠡᠷᠡᠭ ᠨᠢᠭᠡᠪᠦᠷᠢ ᠠᠴᠠ ᠴᠦᠮ ᠲᠦᠪ ᠭᠤᠤᠯᠴᠢ ᠰᠢᠳᠤᠷᠭᠤ ᠶᠤᠰᠤ ᠶᠢ ᠠᠷᠠᠳ ᠤᠯᠠᠨ ᠳᠤ ᠮᠡᠳᠡᠷᠡᠭᠦᠯᠬᠦ ᠪᠠᠷ ᠴᠢᠷᠮᠠᠶᠢᠬᠤ ᠭᠡᠷᠡᠭᠳᠡᠢ᠃ ᠨᠠᠮ ᠤᠳᠤᠷᠢᠳᠴᠤ ᠪᠠᠶᠢᠭᠠᠳ ᠦᠨᠳᠦᠰᠦᠨ ᠬᠠᠤᠯᠢ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠪᠠᠲᠤᠯᠠᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ ᠬᠠᠤᠯᠢ ᠳᠤ ᠲᠠᠩᠭᠠᠷᠢᠭᠯᠠᠬᠤ ᠳᠦᠷᠢᠮ ᠢ ᠲᠣᠭᠲᠠᠭᠠᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠥᠷᠥ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠬᠠᠤᠯᠢ ᠪᠠᠷ ᠵᠠᠰᠠᠬᠤ ᠰᠡᠳᠭᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠤᠨ ᠬᠠᠤᠯᠢ ᠪᠠᠷ ᠵᠠᠰᠠᠬᠤ ᠤᠬᠠᠮᠰᠠᠷ ᠢ ᠨᠠᠮᠡᠭᠳᠡᠭᠦᠯᠪᠡ᠃ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ ᠪᠠᠲᠤᠯᠠᠵᠤ᠂ ᠢᠷᠭᠡᠨ ᠤ ᠬᠠᠤᠯᠢ ᠶᠢᠨ ᠪᠢᠴᠢᠭ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠤᠯᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ᠂ ᠬᠢᠨᠠᠨ ᠪᠠᠶᠢᠴᠠᠭᠠᠬᠤ ᠬᠠᠤᠯᠢ ᠵᠡᠷᠭᠡ ᠬᠠᠤᠯᠢ ᠴᠠᠭᠠᠵᠠ ᠶᠢ ᠲᠣᠭᠲᠠᠭᠠᠵᠤ᠂ ᠬᠠᠤᠯᠢ ᠲᠣᠭᠲᠠᠭᠠᠬᠤ ᠬᠠᠤᠯᠢ᠂ ᠤᠯᠦᠰ ᠤᠨ ᠪᠡᠳᠦᠯᠡᠠ ᠬᠠᠮᠡᠭᠠᠯᠡᠯᠳᠠ ᠶᠢᠨ ᠬᠠᠤᠯᠢ᠂ ᠣᠷᠴᠢᠨ ᠠᠬᠤᠶ ᠶᠢ ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠳᠤ ᠵᠠᠰᠠᠪᠤᠷᠢ ᠣᠷᠣᠭᠤᠯᠵᠦ ᠂ ᠭᠤᠤᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠤ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠦᠨᠳᠦᠰᠦᠨ ᠬᠠᠤᠯᠢ ᠪᠠᠷ ᠭᠤᠤᠯᠯᠠᠭᠤᠯᠤᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠦᠷᠭᠡᠯᠡᠨ ᠲᠡᠭᠦᠯᠳᠡᠷᠵᠢᠭᠦᠯᠪᠠ᠃ ᠨᠠᠮ ᠤᠳᠤᠷᠢᠳᠴᠤ ᠪᠠᠶᠢᠭᠠᠳ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠢᠶᠠᠷ ᠭᠤᠣᠯᠳᠠᠯᠭ᠎ᠠ ᠪᠣᠯᠭᠠᠭᠰᠠᠨ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯᠯᠠᠭ᠎ᠠ ᠶᠢᠨ ᠬᠢᠨᠠᠯᠲᠠ ᠬᠢᠵᠠᠭᠠᠷᠯᠠᠯ ᠢ ᠴᠢᠩᠭᠠᠳᠬᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠪᠠ ᠴᠡᠭᠴᠡᠯᠡᠯᠲᠡ ᠶᠢ ᠥᠷᠨᠢᠭᠦᠯᠵᠦ᠂ ᠬᠢᠯᠢᠰ ᠪᠤᠷᠤᠭᠤ ᠬᠡᠷᠡᠭ ᠢ ᠬᠠᠤᠯᠢ ᠶᠣᠰᠣᠭᠠᠷ ᠵᠠᠯᠠᠷᠠᠭᠤᠯᠵᠤ᠂ ᠬᠠᠤᠯᠢ ᠬᠡᠷᠡᠭᠵᠢᠭᠦᠯᠦᠯᠳᠡ ᠬᠠᠤᠯᠢ ᠪᠠᠷᠢᠯᠳᠠ ᠶᠢᠨ ᠢᠯᠵᠢᠷᠠᠯ ᠢ ᠴᠢᠩᠭ᠎ᠠ ᠵᠠᠯᠬᠠᠭᠠᠨ ᠰᠢᠢᠳᠭᠡᠵᠦ᠂ ᠬᠠᠤᠯᠢ ᠬᠡᠷᠡᠭᠵᠢᠭᠦᠯᠦᠯᠳᠡ ᠬᠠᠤᠯᠢ ᠪᠠᠷᠢᠯᠳᠠ ᠶᠢᠨ ᠲᠥᠪ ᠭᠤᠤᠯᠴᠢ ᠠᠷᠢᠭᠤᠨ ᠴᠢᠬᠡᠴᠢ ᠥᠨᠳᠥᠷ ᠪᠦᠲᠦᠮᠵᠢᠲᠡᠶ ᠡᠷᠬᠡ ᠰᠦᠷ ᠲᠠᠢ ᠪᠠᠶᠢᠬᠤ ᠶᠢ ᠦᠨᠡᠨ ᠬᠦ ᠪᠠᠲᠤᠯᠠᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠲᠠᠰᠤᠷᠠᠯᠲᠠ ᠦᠭᠡᠢ ᠪᠦᠷᠢᠨᠰᠢᠵᠤ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠠᠶᠢᠭᠤᠯᠤᠯᠲᠠ ᠢᠳᠡᠷᠡᠭᠦᠨ ᠠᠯᠬᠤᠭ᠎ᠠ ᠶᠢ ᠠᠯᠬᠤᠵᠤ᠂ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠶ ᠪᠠᠶᠢᠬᠤ ᠪᠠᠳᠤᠯᠠᠭ᠎ᠠ ᠶᠢᠨ ᠦᠢᠯᠡᠳᠦᠯ ᠤᠯᠠᠮ ᠨᠢᠭᠡ ᠠᠯᠬᠤᠮ ᠪᠠᠳᠠᠷᠠᠵᠦ᠂ ᠨᠠᠮ ᠤᠨ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠲᠦᠷᠦ ᠶᠢ ᠤᠳᠤᠷᠢᠳᠬᠤ ᠪᠠ ᠵᠠᠰᠠᠬᠤ ᠴᠢᠳᠠᠪᠦᠷᠢ ᠢᠯᠡᠳᠳᠡ ᠴᠢᠩᠭᠠᠷᠠᠪᠠ᠃      ︵ᠲᠤᠯᠤᠭ᠎ᠠ︶ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ      ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠠᠴᠠ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ ᠢ ᠵᠡᠷᠭᠡ ᠪᠠᠷ ᠠᠳᠬᠤᠬᠤ ᠪᠠ ᠵᠡᠷᠭᠡ ᠪᠠᠷ ᠴᠢᠩᠭ᠎ᠠ ᠠᠳᠬᠤᠬᠤ ᠶᠢ ᠪᠠᠷᠢᠮᠳᠠᠯᠠᠵᠦ᠂ ᠨᠡᠶᠢᠭᠡᠮ ᠵᠢᠷᠤᠮ ᠤᠨ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠵᠦ᠂ ᠦᠨᠳᠦᠰᠦᠲᠡᠨ ᠤ ᠵᠣᠷᠢᠭ ᠰᠠᠨᠠᠭ᠎ᠠ ᠶᠢ ᠬᠥᠭᠵᠢᠭᠡᠵᠦ᠂ ᠦᠨᠳᠦᠰᠦᠲᠡᠨ ᠤ ᠬᠦᠴᠦᠨ ᠴᠢᠳᠠᠯ ᠢ ᠨᠢᠭᠲᠠᠷᠠᠭᠤᠯᠪᠠ᠃ ᠡᠭᠦᠨ ᠤ ᠬᠠᠮᠲᠤ᠂ ᠵᠣᠭᠤᠰ ᠮᠥᠩᠭᠦᠨ ᠳᠤ ᠰᠢᠨᠤᠬᠠᠶᠢᠷᠠᠬᠤ ᠦᠵᠡᠯ᠂ ᠵᠢᠷᠭᠠᠨ ᠴᠡᠩᠭᠡᠬᠦ ᠦᠵᠡᠯ᠂ ᠭᠡᠳᠦ ᠬᠤᠪᠢᠨᠴᠢᠷ ᠦᠵᠡᠯ ᠪᠣᠯᠤᠨ ᠲᠡᠦᠬᠡ ᠶᠢᠨ ᠦᠭᠡᠶᠢᠰᠭᠡᠬᠦ ᠦᠵᠡᠯ ᠵᠡᠷᠭᠡ ᠪᠤᠷᠤᠭᠤ ᠦᠵᠡᠯ ᠰᠠᠨᠠᠭᠠᠨ ᠤ ᠤᠷᠤᠰᠬᠠᠯ ᠪᠠᠶᠢᠨ ᠲᠠᠭᠢᠨ ᠭᠠᠷᠴᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠳᠤ ᠡᠮᠬᠢ ᠵᠠᠮᠪᠠᠷᠠᠭ᠎ᠠ ᠤᠢᠭᠡᠢ ᠪᠠᠶᠢᠳᠠᠯ ᠢᠯᠡᠷᠡᠵᠦ᠂ ᠵᠠᠷᠢᠮ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠵᠣᠭᠰᠣᠯᠲᠠ ᠪᠠᠯᠠᠷᠬᠠᠶ᠂ ᠲᠡᠮᠡᠴᠡᠯ ᠤᠨ ᠵᠣᠷᠢᠭ ᠰᠠᠨᠠᠭ᠎ᠠ ᠳᠤᠲᠠᠮᠠᠭ ᠪᠠᠶᠢᠵᠤ᠂ ᠬᠥᠮᠦᠰ ᠤᠨ ᠦᠵᠡᠯ ᠰᠠᠨᠠᠭ᠎ᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠣᠷᠴᠢᠨ ᠠᠬᠤᠢ ᠶᠢ ᠬᠦᠨᠳᠦ ᠨᠣᠴᠢᠲᠠᠶ ᠨᠥᠯᠥᠭᠡᠯᠡᠪᠠ᠃ ᠨᠠᠮ ᠠᠴᠠ ᠳᠡᠯᠡᠬᠡᠶ ᠶᠢᠨ ᠬᠡᠪᠴᠢᠶᠡᠨ ᠳᠤ ᠦᠵᠡᠯ ᠰᠠᠨᠠᠭ᠎ᠠ ᠰᠣᠶᠣᠯ ᠬᠠᠷᠢᠯᠴᠠᠨ ᠳᠣᠯᠭᠢᠰᠤᠯᠳᠠ ᠡᠬᠦᠰᠭᠡᠵᠦ᠂ ᠮᠠᠨ ᠤ ᠤᠯᠤᠰ ᠤᠨ ᠨᠡᠶᠢᠭᠡᠮ ᠤᠨ ᠦᠵᠡᠯ ᠰᠠᠨᠠᠭ᠎ᠠ ᠦᠵᠡᠯᠲᠡ ᠳᠤ ᠭᠦᠨᠵᠡᠭᠡᠶ ᠬᠤᠪᠢᠷᠠᠯᠳᠡ ᠭᠠᠷᠴᠦ ᠪᠠᠶᠢᠭ᠎ᠠ ᠬᠠᠨᠳᠤᠰᠢ ᠶᠢ ᠣᠨᠣᠪᠴᠢᠲᠠᠶ ᠡᠵᠡᠮᠰᠢᠭᠡᠳ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠤᠯᠤᠰ ᠤᠨ ᠵᠤᠷᠢᠭ ᠰᠠᠨᠠᠭ᠎ᠠ᠂ ᠦᠨᠳᠦᠰᠦᠲᠡᠨ ᠤ ᠰᠦᠭ ᠰᠦᠨᠡᠰᠦ ᠶᠢ ᠪᠤᠢ ᠪᠤᠯᠭᠠᠬᠤ ᠠᠵᠢᠯ ᠮᠥᠨ᠂ ᠰᠣᠶᠣᠯ ᠤᠨ ᠢᠲᠡᠭᠡᠯ ᠪᠣᠯ ᠨᠠᠩ ᠰᠠᠭᠤᠷᠢ ᠪᠤᠯᠬᠤ᠂ ᠨᠠᠩ ᠥᠷᠭᠡᠨ ᠳᠡᠯᠭᠡᠷ᠂ ᠨᠠᠩ ᠭᠦᠨ ᠵᠤᠵᠠᠭᠠᠨ ᠢᠲᠡᠭᠡᠯ ᠮᠥᠨ᠂ ᠨᠢᠭᠡ ᠤᠯᠤᠰ ᠨᠢᠭᠡ ᠦᠨᠳᠦᠰᠦᠲᠡᠨ ᠤ ᠬᠥᠭᠵᠢᠯᠲᠡ ᠶᠢᠨ ᠳᠤᠮᠳᠠᠬᠢ ᠬᠠᠮᠤᠭ ᠤᠨ ᠦᠨᠳᠦᠰᠦᠨ᠂ ᠬᠠᠮᠤᠭ ᠤᠨ ᠭᠦᠨ ᠴᠢᠬᠢᠮᠡᠢ᠂ ᠬᠠᠮᠤᠭ ᠤᠨ ᠤᠳᠠᠭᠠᠨ ᠳᠠᠭᠠᠭᠠᠮᠠᠭᠠᠢ ᠬᠦᠴᠦᠨ ᠴᠢᠳᠠᠯ ᠮᠥᠨ᠂ ᠳᠡᠭᠡᠳᠦ ᠬᠡᠮᠵᠢᠶᠡᠨ ᠤ ᠰᠣᠶᠣᠯ ᠤᠨ ᠢᠲᠡᠭᠡᠯ ᠪᠠᠶᠢᠬᠤ ᠦᠭᠡᠢ᠂ ᠰᠣᠶᠣᠯ ᠤᠨ ᠬᠥᠭᠵᠢᠯ ᠴᠡᠴᠡᠭᠯᠡᠯ ᠪᠠᠶᠢᠬᠤ ᠦᠭᠡᠢ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠠᠶᠢᠵᠤ ᠴᠢᠳᠠᠬᠤ ᠦᠭᠡᠢ ᠶᠤᠮ ᠭᠡᠵᠦ ᠴᠢᠬᠤᠯᠠᠴᠢᠯᠠᠪᠠ᠃ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠲᠤᠭ ᠢᠶᠠᠨ ᠮᠠᠨᠳᠤᠭᠤᠯᠤᠨ᠂ ᠠᠷᠠᠳ ᠤᠨ ᠰᠡᠳᠭᠢᠯ ᠢ ᠨᠢᠬᠳᠠᠷᠠᠭᠤᠯᠵᠥ᠂ ᠰᠢᠨ᠎ᠡ ᠬᠦᠮᠥᠨ ᠢ ᠬᠦᠮᠥᠵᠢᠬᠦᠯᠦᠨ᠂ ᠰᠤᠶᠤᠯ ᠢᠶᠠᠨ ᠬᠦᠭᠵᠢᠭᠦᠯᠵᠤ᠂ ᠲᠦᠷᠢ ᠲᠦᠷᠬᠦ ᠪᠠᠨ ᠢᠯᠡᠷᠡᠭᠦᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠰᠢᠵᠦ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠪᠦᠬᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠬᠥᠭᠵᠢᠭᠡᠵᠦ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠦᠷᠳᠡᠭ᠂ ᠳᠤᠮᠳᠠᠳᠤ ᠤᠯᠤᠰ ᠤᠨ ᠬᠦᠴᠦᠨ ᠴᠢᠳᠠᠯ ᠢ ᠨᠡᠩ ᠰᠠᠶᠢᠨ ᠪᠤᠢ ᠪᠤᠯᠭᠠᠵᠦ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠭᠡᠷᠡᠭᠳᠡᠢ᠃      ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠨᠠᠮ ᠤᠨ ᠤᠳᠤᠷᠢᠳᠤᠯᠭ᠎ᠠ ᠰᠤᠯᠠᠷᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠠᠶᠢᠭᠤᠯᠬᠤ ᠪᠠ ᠡᠪᠳᠡᠬᠦ ᠶᠢ ᠵᠡᠷᠭᠡ ᠪᠠᠷ ᠴᠢᠬᠤᠯᠠᠴᠢᠯᠠᠨ᠂ ᠮᠠᠭᠤ ᠶᠢ ᠦᠯᠳᠡᠨ ᠰᠠᠶᠢᠨ ᠢ ᠨᠢ ᠪᠠᠳᠠᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠴᠢᠭᠯᠡᠯ ᠤᠨ ᠴᠢᠨᠠᠷᠲᠡᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠡᠢ ᠮᠠᠰᠢ ᠤᠯᠠᠨ ᠠᠰᠠᠭᠤᠳᠠᠯ ᠤᠨ ᠲᠤᠬᠠᠶ ᠪᠠᠶᠢᠷᠢᠯᠠᠭᠤᠯᠤᠯᠲᠠ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠤ ᠮᠠᠷᠺᠰ ᠤᠨ ᠦᠵᠡᠯ ᠵᠢᠯᠣᠭᠤᠳᠬᠤ ᠪᠠᠶᠢᠷᠢ ᠰᠠᠭᠤᠷᠢ ᠶᠢ ᠡᠵᠡᠯᠡᠬᠦ ᠦᠨᠳᠦᠰᠦᠨ ᠳᠦᠷᠢᠮ ᠢ ᠲᠣᠭᠲᠠᠭᠠᠨ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠵᠦ᠂ ᠪᠦᠬᠦ ᠨᠠᠮ ᠢᠶᠠᠷ ᠢᠶᠠᠨ ᠭᠦᠳᠡᠯᠦᠯᠴᠡᠨ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠠᠳᠬᠤᠬᠤ ᠶᠢ ᠠᠭᠢᠭᠤᠯᠵᠤ᠂ ᠵᠢᠭᠰᠠᠭᠠᠯ ᠤᠨ ᠭᠠᠵᠠᠷ ᠢᠶᠠᠨ ᠬᠠᠮᠠᠭᠠᠯᠠᠬᠤ ᠬᠠᠷᠢᠭᠤᠴᠠᠯᠭ᠎ᠠ ᠲᠠᠢ ᠪᠠᠶᠢᠵᠤ᠂ ᠵᠢᠭᠰᠠᠭᠠᠯ ᠤᠨ ᠭᠠᠵᠠᠷ ᠢᠶᠠᠨ ᠬᠠᠮᠠᠭᠠᠯᠠᠬᠤ ᠬᠠᠷᠢᠭᠤᠴᠠᠯᠭ᠎ᠠ ᠪᠠᠨ ᠡᠬᠦᠷᠭᠡᠯᠡᠵᠦ᠂ ᠵᠢᠭᠰᠠᠭᠠᠯ ᠤᠨ ᠭᠠᠵᠠᠷ ᠢᠶᠠᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠭᠡᠵᠦ᠂ ᠵᠤᠷᠢᠭᠳᠠᠢ ᠠᠳᠬᠤᠨ ᠵᠤᠷᠢᠭᠳᠠᠢ ᠬᠠᠮᠢᠶᠠᠷᠴᠦ᠂ ᠵᠤᠷᠢᠭᠳᠠᠢ ᠲᠡᠮᠡᠴᠡᠵᠦ᠂ ᠡᠯ᠎ᠡ ᠵᠦᠢᠯ ᠤᠨ ᠪᠤᠷᠤᠭᠤ ᠦᠵᠡᠯᠲᠡ ᠶᠢ ᠲᠤᠭ ᠲᠡᠮᠳᠡᠭ ᠲᠣᠳᠣᠷᠬᠠᠶ ᠪᠠᠷ ᠡᠰᠡᠷᠭᠦᠴᠡᠨ ᠬᠤᠷᠢᠭᠯᠠᠪᠠ᠃ ᠨᠠᠮ ᠦᠨᠳᠦᠰᠦᠨ ᠠᠴᠠ ᠨᠢ ᠴᠡᠭᠴᠡᠯᠡᠨ ᠵᠠᠰᠠᠬᠤ ᠠᠵᠢᠯ ᠠᠴᠠ ᠭᠠᠷᠳᠠᠨ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠴᠢᠩᠭᠠᠳᠬᠠᠵᠤ᠂ ᠪᠦᠬᠦ ᠤᠯᠤᠰ ᠤᠨ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠢ ᠬᠤᠷᠠᠯᠳᠤᠭᠤᠯᠵᠤ᠂ ᠤᠳᠭ᠋᠎ᠠ ᠤᠷᠠᠯᠢᠭ ᠤᠨ ᠠᠵᠢᠯ᠂ ᠨᠠᠮ ᠤᠨ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠤᠨ ᠶᠠᠷᠢᠯᠴᠠᠬᠤ ᠬᠤᠷᠠᠯ ᠪᠣᠯᠤᠨ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠬᠤᠷᠠᠯ ᠢ ᠲᠤᠰ ᠲᠤᠰ ᠬᠤᠷᠠᠯᠳᠤᠭᠤᠯᠵᠤ᠂ ᠠᠯᠢ ᠣᠯᠠᠨ ᠦᠨᠳᠦᠰᠦᠨ ᠴᠢᠨᠠᠷᠲᠠᠶ ᠠᠰᠠᠭᠤᠳᠠᠯ ᠤᠨ ᠲᠤᠬᠠᠶ ᠵᠠᠷᠴᠢᠮ ᠵᠣᠭᠰᠣᠯᠲᠠ ᠪᠠᠨ ᠲᠣᠳᠣᠷᠬᠠᠶᠢᠯᠠᠨ ᠥᠭᠦᠯᠡᠵᠦ᠂ ᠣᠨᠣᠯ ᠤᠨ ᠵᠥᠪ ᠪᠤᠷᠤᠭᠤ ᠶᠢ ᠢᠯᠭᠠᠨ ᠲᠤᠳᠤᠷᠠᠭᠤᠯᠵᠦ᠂ ᠠᠵᠢᠯ ᠤᠨ ᠤᠳᠤᠷᠢᠳᠤᠮᠵᠢ ᠶᠢ ᠵᠠᠯᠠᠷᠠᠭᠤᠯᠤᠭᠰᠠᠨ ᠢᠶᠠᠷ᠂ ᠦᠵᠡᠯ ᠰᠠᠨᠠᠭ᠎ᠠ ᠰᠣᠶᠣᠯ ᠤᠨ ᠬᠦᠷᠢᠶᠡᠨ ᠳᠠᠬᠢ ᠥᠭᠡᠳᠡᠯᠡᠨ ᠰᠠᠶᠢᠵᠢᠷᠠᠬᠤ ᠬᠠᠨᠳᠤᠰᠢ ᠲᠠᠰᠤᠷᠠᠯᠲᠠ ᠦᠭᠡᠢ ᠬᠥᠭᠵᠢᠪᠡ᠃ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠪᠦᠬᠦ ᠨᠠᠮ ᠢ ᠵᠡᠪᠰᠡᠭᠯᠡᠵᠦ᠂ ᠠᠷᠠᠳ ᠲᠦᠮᠡᠨ ᠢ ᠬᠥᠮᠦᠵᠢᠭᠦᠯᠦᠨ᠂ ᠦᠢᠯᠡᠳᠦᠯᠭᠡ ᠪᠠᠨ ᠵᠢᠯᠣᠭᠤᠳᠤᠭᠤᠯᠬᠤ ᠶᠢ ᠠᠬᠢᠭᠤᠯᠵᠤ᠂ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨᠵᠢᠯᠡᠭᠡᠨ ᠤ ᠰᠠᠯᠠᠭᠠᠨ ᠤ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ ᠶᠠᠷᠢᠶᠠᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ ᠤᠯᠠᠮᠵᠢᠯᠠᠨ ᠲᠠᠷᠬᠠᠭᠠᠬᠤ ᠠᠷᠭ᠎ᠠ ᠪᠠᠷᠢᠯ ᠤᠨ ᠪᠠᠶᠢᠭᠤᠯᠤᠯᠲᠠ ᠪᠠ ᠰᠢᠨ᠎ᠡ ᠡᠬᠦᠳᠦᠯᠳᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠤᠯᠠᠮᠵᠢᠯᠠᠨ ᠲᠠᠷᠬᠠᠭᠠᠬᠤ ᠬᠦᠴᠦᠨ᠂ ᠬᠥᠲᠥᠯᠥᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠪᠠ᠃ ᠨᠠᠮ ᠤᠨ ᠲᠥᠪ ᠬᠤᠷᠢᠶ᠎ᠠ ᠠᠴᠠ ᠳᠤᠳᠤᠷᠬᠠᠢ ᠳᠤᠷᠠᠳᠤᠭᠰᠠᠨ ᠨᠢ᠂ ᠢᠨᠲ᠋ᠧᠷ ᠰᠦᠯᠵᠢᠶ᠎ᠡ ᠭᠡᠬᠦ ᠡᠨᠡ ᠬᠦ ᠪᠣᠭᠤᠮᠲᠠ ᠶᠢ ᠳᠠᠪᠠᠵᠤ ᠳᠡᠶᠢᠯᠬᠦ ᠦᠭᠡᠢ ᠪᠣᠯ ᠤᠷᠲᠤ ᠬᠤᠭᠤᠴᠠᠭ᠎ᠠ ᠪᠠᠷ ᠲᠦᠷᠦ ᠪᠠᠷᠢᠬᠤ ᠡᠨᠡ ᠬᠦ ᠪᠣᠭᠤᠮᠲᠠ ᠶᠢ ᠳᠠᠪᠠᠵᠤ ᠳᠡᠶᠢᠯᠬᠦ ᠦᠭᠡᠢ ᠶᠤᠮ᠃ ᠨᠠᠮ ᠎ ᠠᠴᠠ ᠢᠨᠲ᠋ᠧᠷ ᠰᠦᠯᠵᠢᠶ᠎ᠡ ᠭᠡᠬᠦ ᠡᠨᠡ ᠬᠦ ᠦᠵᠡᠯ ᠤᠬᠠᠮᠰᠠᠷ ᠤᠨ ᠬᠡᠯᠪᠡᠷᠢ ᠶᠢᠨ ᠲᠡᠮᠡᠴᠡᠯ ᠤᠨ ᠭᠤᠤᠯ ᠵᠢᠭᠰᠠᠭᠠᠯ ᠤᠨ ᠭᠠᠵᠠᠷ ᠂ ᠭᠤᠤᠯ ᠳᠠᠶᠢᠨ ᠤ ᠲᠠᠯᠠᠪᠤᠷ᠂ ᠬᠠᠮᠤᠭ ᠤᠨ ᠡᠮᠦᠨ᠎ᠡ ᠵᠠᠬ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠨᠲ᠋ᠧᠷ ᠰᠦᠯᠵᠢᠶᠡᠨ ᠤ ᠤᠳᠤᠷᠢᠳᠬᠤ ᠪᠠ ᠬᠠᠮᠢᠶᠠᠷᠬᠤ ᠪᠠᠶᠢᠭᠤᠯᠤᠯ ᠢ ᠪᠦᠷᠢᠨᠰᠢᠭᠦᠯᠵᠦ᠂ ᠬᠠᠤᠯᠢ ᠶᠣᠰᠣᠭᠠᠷ ᠰᠦᠯᠵᠢᠶ᠎ᠡ ᠶᠢ ᠬᠠᠮᠢᠶᠠᠷᠤᠨ ᠰᠦᠯᠵᠢᠶ᠎ᠡ ᠶᠢ ᠵᠠᠰᠠᠬᠤ ᠶᠢ ᠪᠠᠷᠢᠮᠲᠠᠯᠠᠵᠤ᠂ ᠴᠡᠪᠡᠷ ᠲᠤᠩᠭᠠᠯᠠᠭ ᠰᠦᠯᠵᠢᠶᠡᠨ ᠤ ᠤᠷᠤᠨ ᠵᠠᠢ ᠶᠢ ᠪᠤᠢ ᠪᠤᠯᠭᠠᠪᠠ᠃      ᠨᠠᠮ ᠠᠴᠠ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠪᠠᠷ ᠰᠣᠶᠣᠯ ᠤᠨ ᠪᠠᠶᠢᠭᠤᠯᠤᠯᠲᠠ ᠶᠢ ᠬᠥᠲᠥᠯᠥᠨ ᠲᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ᠂ ᠬᠤᠪᠢᠰᠬᠠᠯᠲᠤ ᠰᠣᠶᠣᠯ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠷ ᠦᠨᠳᠦᠰᠦ ᠰᠠᠭᠤᠷᠢ ᠶᠢ ᠪᠤᠶᠢᠵᠢᠭᠤᠯᠤᠨ ᠰᠦᠭ ᠰᠦᠯᠳᠡ ᠶᠢ ᠪᠤᠰᠬᠠᠬᠤ ᠶᠢ ᠴᠢᠬᠤᠯᠠᠴᠢᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠠ ᠳᠤᠮᠳᠠᠳᠤ ᠤᠯᠤᠰ ᠤᠨ ᠵᠡᠭᠦᠳᠦ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠬᠦᠰᠡᠯᠡᠩ ᠢᠲᠡᠭᠡᠯ ᠵᠤᠷᠢᠭ ᠤᠨ ᠬᠥᠮᠦᠵᠢᠯ ᠢ ᠪᠠᠶᠢᠩᠭᠤᠵᠢᠭᠤᠯᠬᠤ ᠪᠠ ᠳᠦᠷᠢᠮᠵᠢᠭᠦᠯᠬᠦ ᠶᠢ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠪᠠ ᠲᠦᠷᠦ ᠶᠢᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠭᠠᠷᠭᠠᠵᠦ᠂ ᠤᠯᠠᠨ ᠲᠦᠮᠡᠨᠴᠢ ᠴᠢᠨᠠᠷᠲᠠᠶ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠪᠠᠶᠢᠭᠤᠯᠵᠤ᠂ ᠰᠤᠷᠤᠯᠴᠠᠬᠤ ᠲᠤᠮᠤ ᠤᠯᠤᠰ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠪᠠ᠃ ᠨᠠᠮ ᠠᠴᠠ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢ ᠰᠤᠷᠤᠯᠴᠠᠬᠤ ᠶᠢ ᠠᠬᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠭᠦᠯᠡᠩ ᠤᠨ ᠣᠷᠳᠣᠨ ᠢ ᠪᠠᠶᠢᠭᠤᠯᠤᠨ ᠪᠦᠲᠦᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠳᠠᠯᠠᠨ ᠵᠢᠯ ᠤᠨ ᠣᠶ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ ᠶᠡᠷᠡᠨ ᠵᠢᠯ ᠤᠨ ᠣᠶ᠂ ᠥᠭᠡᠷᠡᠴᠢᠯᠡᠯᠲᠡ ᠨᠡᠭᠡᠭᠡᠯᠲᠡ ᠬᠢᠭᠰᠡᠨ ᠳᠥᠴᠢᠨ ᠵᠢᠯ ᠤᠨ ᠣᠶ ᠶᠢ ᠪᠡᠯᠭᠡᠯᠡᠬᠦ ᠪᠠ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠭᠰᠡᠨ ᠳᠠᠶᠢᠨ ᠢᠯᠠᠯᠲᠠ ᠤᠯᠤᠭᠰᠠᠨ ᠳᠠᠯᠠᠨ ᠵᠢᠯ ᠤᠨ ᠣᠶ᠂ ᠳᠤᠮᠳᠠᠳᠤ ᠤᠯᠤᠰ ᠤᠨ ᠠᠷᠠᠳ ᠤᠨ ᠰᠠᠶᠢᠨ ᠲᠤᠷ᠎ᠠ ᠶᠢᠨ ᠴᠡᠷᠢᠭ ᠠᠮᠧᠷᠢᠺᠠ ᠶᠢ ᠡᠰᠡᠷᠬᠦᠴᠡᠨ ᠰᠤᠯᠤᠩᠭᠤᠰ ᠢ ᠲᠤᠰᠠᠯᠠᠬᠤ ᠪᠠᠷ ᠤᠯᠤᠰ ᠠᠴᠠ ᠭᠠᠷᠴᠤ ᠲᠠᠶᠢᠨ ᠬᠢᠭᠰᠡᠨ ᠳᠠᠯᠠᠨ ᠵᠢᠯ ᠤᠨ ᠣᠶ ᠶᠢ ᠲᠤᠷᠠᠰᠬᠠᠬᠤ ᠵᠡᠷᠭᠡ ᠠᠵᠢᠯᠯᠠᠭ᠎ᠠ ᠶᠢ ᠥᠷᠨᠢᠭᠦᠯᠦᠨ᠂ ᠨᠠᠮ ᠤᠨ ᠰᠡᠳᠭᠢᠯ ᠠᠷᠠᠳ ᠤᠨ ᠰᠡᠳᠭᠢᠯ᠂ ᠤᠯᠤᠰ ᠤᠨ ᠰᠦᠷ ᠴᠡᠷᠢᠭ ᠤᠨ ᠰᠦᠷ ᠢ ᠬᠦᠴᠦᠲᠡᠶ ᠢᠯᠡᠷᠡᠭᠦᠯᠦᠨ᠂ ᠨᠡᠶᠢᠭᠡᠮ ᠳᠠᠶᠠᠭᠠᠷ ᠲᠤ ᠭᠤᠣᠯ ᠬᠦᠭ ᠠᠶᠠᠰ ᠢ ᠴᠤᠤᠷᠢᠶᠠᠳᠤᠭᠤᠯᠤᠨ᠂ ᠢᠳᠡᠪᠬᠢ ᠬᠦᠴᠦᠨ ᠢ ᠪᠠᠳᠠᠷᠠᠭᠤᠯᠪᠠ᠃ ᠨᠠᠮ ᠠᠴᠠ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠭᠡᠬᠦ ᠶᠢ ᠪᠠᠷᠢᠮᠳᠠᠯᠠᠵᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠤᠳᠭ᠋᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ ᠬᠥᠭᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠲᠦᠮᠡᠨ ᠳᠤ ᠨᠡᠩ ᠤᠯᠠᠨ ᠨᠡᠩ ᠰᠠᠶᠢᠨ ᠤᠶᠤᠨ ᠤ ᠲᠡᠵᠢᠭᠡᠯ ᠬᠠᠩᠭᠠᠪᠠ᠃      ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠲᠣᠪᠤᠶᠢᠮ᠎ᠠ ᠳᠠᠪᠠᠭᠤᠯᠢᠭ ᠮᠥᠨ᠂ ᠪᠢᠳᠡᠨ ᠤ ᠳᠡᠯᠡᠬᠡᠢ ᠶᠢᠨ ᠰᠣᠶᠣᠯ ᠤᠨ ᠳᠣᠯᠭᠢᠰᠤᠯᠳᠠ ᠳᠤᠮᠳᠠ ᠯᠠᠪᠳᠠᠭᠤᠨ ᠵᠣᠭᠰᠣᠵᠦ ᠴᠢᠳᠠᠬᠤ ᠶᠢᠨ ᠦᠨᠳᠦᠰᠦ ᠰᠠᠭᠤᠷᠢ ᠮᠥᠨ᠂ ᠡᠷᠬᠡᠪᠰᠢ ᠰᠢᠨ᠎ᠡ ᠴᠠᠭ ᠦᠶ᠎ᠡ ᠶᠢᠨ ᠨᠥᠬᠦᠴᠡᠯ ᠲᠠᠢ ᠤᠶᠠᠯᠳᠤᠭᠤᠯᠤᠨ ᠰᠠᠶᠢᠲᠤᠷ ᠤᠯᠠᠮᠵᠢᠯᠠᠨ ᠪᠠᠳᠠᠷᠠᠭᠤᠯᠬᠤ ᠬᠡᠷᠡᠭᠲᠡᠢ᠃ ᠪᠢᠳᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠂ ᠰᠢᠨ᠎ᠡ ᠡᠭᠦᠳᠦᠯᠲᠡ ᠶᠢᠨ ᠴᠢᠨᠠᠷᠲᠠᠶ ᠬᠥᠭᠵᠢᠯᠲᠡ ᠶᠢ ᠠᠬᠢᠭᠤᠯᠵᠤ᠂ ᠨᠡᠶᠢᠭᠡᠮ ᠳᠠᠶᠠᠭᠠᠷ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠮᠰᠠᠷ ᠢ ᠴᠢᠩᠭᠠᠳᠬᠠᠵᠦ᠂ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠴᠢᠩᠭᠠᠷᠠᠭᠤᠯᠪᠠ᠃ ᠳᠡᠯᠡᠬᠡᠢ ᠳᠤ ᠤᠯᠠᠮᠵᠢᠯᠠᠨ ᠲᠠᠷᠬᠠᠭᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠲᠦᠷᠭᠡᠳᠭᠡᠵᠦ᠂ ᠳᠡᠯᠡᠬᠡᠶ ᠳ᠋ᠠᠬᠢᠨ ᠳᠤ ᠳᠤᠮᠳᠠᠳᠤ ᠤᠯᠤᠰ ᠤᠨ ᠦᠯᠢᠭᠡᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ ᠢ ᠰᠠᠶᠢᠬᠠᠨ ᠶᠠᠷᠢᠵᠤ᠂ ᠳᠤᠮᠳᠠᠳᠤ ᠤᠯᠤᠰ ᠤᠨ ᠳᠠᠭᠤᠨ ᠢ ᠰᠠᠶᠢᠳᠦᠷ ᠤᠯᠠᠮᠵᠢᠯᠠᠨ ᠳᠠᠭᠤᠷᠢᠰᠬᠠᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠰᠤᠯᠢᠯᠴᠠᠭ᠎ᠠ ᠪᠠ ᠲᠤᠯᠢᠳᠠᠯᠭ᠎ᠠ ᠶᠢ ᠠᠬᠢᠭᠤᠯᠤᠬᠰᠠᠨ ᠢᠶᠠᠷ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢᠯᠡᠳᠲᠡ ᠳᠡᠭᠡᠭᠰᠢᠯᠡᠪᠡ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠪᠠᠶᠢᠳᠠᠯ ᠳᠤ ᠪᠦᠬᠦ ᠲᠠᠯ᠎ᠠ ᠶᠢᠨ ᠴᠢᠨᠠᠷᠲᠠᠶ᠂ ᠦᠨᠳᠦᠰᠦᠨ ᠴᠢᠨᠠᠷᠲᠠᠶ ᠬᠤᠪᠢᠷᠠᠯᠲᠠ ᠭᠠᠷᠴᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠮᠡᠳᠡᠭᠳᠡᠭᠦ᠋ᠢᠴᠡ ᠴᠢᠩᠭᠠᠷᠠᠡ᠂ ᠨᠡᠶᠢᠭᠡᠮ ᠲᠠᠶᠠᠭᠠᠷ ᠤᠨ ᠨᠢᠭᠲᠠᠷᠠᠯ ᠤᠨ ᠬᠦᠴᠦᠨ ᠪᠠ ᠲᠦᠪᠯᠡᠩᠭᠦᠢ ᠬᠦᠴᠦᠨ ᠲᠦᠢᠯ ᠤᠨ ᠶᠡᠭᠡ ᠪᠠᠷ ᠳᠡᠭᠡᠭᠰᠢᠯᠡᠭᠡᠳ᠂ ᠰᠢᠨ᠎ᠡ ᠴᠠᠭ ᠦᠶ᠎ᠡ ᠳᠤ ᠨᠠᠮ ᠪᠠ ᠤᠯᠤᠰ ᠤᠨ ᠠᠵᠢᠯ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠬᠠᠩᠭᠠᠪᠠ᠃      ︵ᠨᠠᠢᠮᠠ︶ ᠨᠡᠶᠢᠭᠡᠮ ᠤᠨ ᠪᠠᠶᠢᠭᠤᠯᠤᠯᠲᠠ ᠶᠢᠨ ᠲᠠᠯ᠎ᠠ ᠪᠠᠷ      ᠥᠭᠡᠷᠡᠴᠢᠯᠡᠯᠲᠡ ᠨᠡᠭᠡᠭᠡᠯᠳᠡ ᠬᠢᠭᠰᠡᠨ ᠤ ᠲᠠᠷᠠᠭ᠎ᠠ᠂ ᠮᠠᠨ ᠤ ᠤᠯᠤᠰ ᠤᠨ ᠠᠷᠠᠳ ᠤᠨ ᠠᠮᠢᠳᠤᠷᠠᠯ ᠢᠯᠡᠳᠳᠠ ᠰᠠᠶᠢᠵᠢᠷᠠᠵᠤ᠂ ᠨᠡᠶᠢᠭᠡᠮ ᠤᠨ ᠵᠠᠰᠠᠯᠲᠠ ᠮᠡᠳᠡᠭᠳᠡᠬᠦ᠋ᠢᠴᠡ ᠰᠠᠶᠢᠵᠢᠷᠠᠪᠠ᠃ ᠡᠭᠦᠨ ᠤ ᠬᠠᠮᠲᠤ᠂ ᠴᠠᠭ ᠦᠶ᠎ᠡ ᠶᠢᠨ ᠬᠥᠭᠵᠢᠯᠲᠡ ᠪᠠ ᠨᠡᠶᠢᠭᠡᠮ ᠤᠨ ᠳᠠᠪᠰᠢᠯᠲᠠ ᠶᠢ ᠳᠠᠭᠠᠯᠳᠤᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠨᠡᠩ ᠴᠢᠩᠭ᠎ᠠ ᠪᠤᠯᠵᠤ᠂ ᠠᠷᠠᠳᠴᠢᠯᠠᠯ᠂ ᠬᠠᠤᠯᠢ ᠪᠠᠷ ᠵᠠᠰᠠᠬᠤ᠂ ᠲᠥᠪ ᠭᠤᠤᠯᠴᠢ᠂ ᠰᠢᠳᠤᠷᠭᠤ ᠶᠣᠰᠣ᠂ ᠠᠮᠤᠷ ᠲᠦᠪᠰᠢᠨ᠂ ᠣᠷᠴᠢᠨ ᠠᠬᠤᠶ ᠵᠡᠷᠭᠡ ᠲᠠᠯ᠎ᠠ ᠪᠠᠷ ᠬᠢ ᠱᠠᠭᠠᠷᠳᠠᠯᠭ᠎ᠠ ᠡᠳᠦᠷ ᠢᠷᠡᠬᠦᠶ᠎ᠡ ᠨᠡᠮᠡᠭᠳᠡᠪᠠ᠃ ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠣᠯ ᠮᠠᠨ ᠤ ᠲᠡᠮᠡᠴᠡᠯ ᠤᠨ ᠬᠠᠷᠠᠯᠲᠠ ᠮᠦᠨ᠂ ᠠᠷᠠᠳ ᠤᠨ ᠠᠮᠢᠳᠤᠷᠠᠯ ᠤᠨ ᠬᠡᠰᠢᠭ ᠪᠤᠶᠠᠨ ᠢ ᠨᠡᠮᠡᠭᠳᠡᠭᠦᠯᠬᠦ ᠪᠣᠯ ᠮᠠᠨ ᠤ ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠲᠦᠷᠦ ᠪᠠᠷᠢᠬᠤ ᠶᠢ ᠪᠠᠷᠢᠮᠲᠠᠯᠠᠬᠤ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠂ ᠠᠷᠠᠳ ᠣᠯᠠᠨ ᠢ ᠰᠠᠶᠢᠨ ᠰᠠᠶᠢᠬᠠᠨ ᠠᠮᠢᠳᠤᠷᠠᠭᠤᠯᠬᠤ ᠪᠣᠯ ᠮᠠᠨ ᠤ ᠠᠯᠢᠪᠠ ᠠᠵᠢᠯ ᠤᠨ ᠡᠭᠦᠰᠦᠯᠳᠡ ᠪᠠ ᠦᠷ᠎ᠡ ᠳ᠋ᠦᠩ ᠮᠥᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠤᠲᠠᠭᠤᠳᠠᠯ ᠢ ᠨᠥᠬᠦᠪᠥᠷᠢᠯᠡᠵᠦ᠂ ᠠᠷᠠᠳ ᠤᠯᠠᠨ ᠤ ᠪᠠᠴᠢᠮᠳᠠᠵᠦ ᠭᠦᠴᠢᠷᠳᠡᠵᠦ ᠵᠤᠪᠠᠵᠦ ᠭᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ ᠨᠡᠶᠢᠭᠡᠮ ᠤᠨ ᠪᠠᠶᠢᠭᠤᠯᠤᠯᠲᠠ ᠶᠢᠨ ᠲᠤᠯᠭᠠᠮ ᠡᠭᠦᠷᠭᠡ ᠮᠥᠨ᠃ ᠡᠷᠬᠡᠪᠰᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠵᠦ ᠪᠠᠶᠢᠭᠠᠳ ᠨᠡᠶᠢᠭᠡᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠦᠴᠦ ᠪᠠᠷ ᠢᠶᠠᠨ ᠴᠢᠷᠮᠠᠶᠢᠬᠤ ᠮᠦᠷᠲᠡᠭᠡᠨ ᠴᠢᠳᠠᠯ ᠤᠨ ᠢᠶᠠᠨ ᠬᠢᠷᠢ ᠪᠠᠷ ᠬᠢᠵᠤ᠂ ᠨᠢᠭᠡ ᠨᠢᠭᠡ ᠶᠠᠪᠤᠳᠠᠯ ᠢᠶᠠᠷ ᠵᠠᠯᠭᠠᠨ ᠰᠢᠢᠳᠪᠦᠷᠢᠯᠡᠵᠦ᠂ ᠨᠢᠭᠡ ᠨᠢᠭᠡ ᠵᠢᠯ ᠢᠶᠠᠷ ᠵᠠᠯᠭᠠᠨ ᠠᠵᠢᠯᠯᠠᠵᠤ᠂ ᠪᠠᠯᠴᠢᠷ ᠲᠤᠨᠢ ᠪᠤᠶᠢᠵᠢᠭᠤᠯᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠦᠮᠦᠵᠢᠯ ᠲᠠᠢ᠂ ᠬᠦᠳᠡᠯᠮᠦᠷᠢᠯᠡᠪᠡᠯ ᠤᠯᠬᠤ ᠤᠷᠤᠯᠭ᠎ᠠ ᠲᠠᠢ᠂ ᠡᠪᠡᠳᠴᠢᠯᠡᠪᠡᠯ ᠦᠵᠡᠬᠦᠯᠬᠦ ᠡᠮᠨᠡᠯᠭᠡ ᠲᠠᠢ᠂ ᠦᠳᠡᠯᠪᠡᠯ ᠬᠦᠷᠳᠡᠬᠦ ᠠᠰᠠᠷᠠᠮᠵᠢ ᠲᠠᠢ᠂ ᠰᠠᠭᠤᠬᠤ ᠠᠴᠠ ᠤᠷᠤᠨ ᠰᠠᠭᠤᠴᠠ ᠲᠠᠢ᠂ ᠪᠠᠭᠤᠷᠠᠶᠢᠴᠤᠤᠯ ᠨᠢ ᠬᠦᠷᠳᠡᠬᠦ ᠲᠤᠰᠠᠯᠠᠮᠵᠢ ᠲᠠᠢ ᠪᠠᠶᠢᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠴᠦ᠂ ᠠᠷᠠᠳ ᠲᠦᠮᠡᠨ ᠤ ᠠᠰᠢᠭ ᠬᠦᠷᠲᠡᠭᠰᠡᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ᠋ᠢᠴᠡ ᠪᠣᠯᠭᠠᠬᠤ ᠭᠡᠷᠡᠭᠳᠡᠢ᠃      ᠴᠢᠨᠡᠭᠡᠯᠢᠭᠵᠢᠭᠰᠡᠨ ᠡᠰᠡᠬᠦ ᠶᠢᠨ ᠵᠠᠩᠭᠢᠯᠠᠭ᠎ᠠ ᠨᠢ ᠠᠷᠠᠳ ᠤᠨ ᠠᠮᠢᠳᠤᠷᠠᠯ ᠢ ᠦᠵᠡᠨ᠎ᠡ︔ ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠦᠷᠢᠯᠡᠭᠦ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠭᠦ ᠶᠢᠨ ᠨᠠᠭᠠᠳᠦ ᠵᠠᠬ᠎ᠠ ᠶᠢᠨ ᠡᠭᠦᠷᠭᠡ ᠪᠣᠯᠤᠨ᠎ᠠ᠂ ᠭᠠᠭᠴᠠ ᠭᠦ ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠦᠷᠢᠯᠡᠭᠦ ᠳᠠᠶᠢᠨ ᠳᠤ ᠢᠯᠠᠯᠲᠠ ᠣᠯᠪᠠᠯ ᠰᠠᠶ᠋ᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠶᠢ ᠦᠨᠡᠨ ᠭᠦ ᠪᠠᠲᠤᠯᠠᠵᠤ ᠴᠢᠳᠠᠨ᠎ᠠ︔ ᠡᠷᠬᠡᠪᠰᠢ ᠨᠠᠩ ᠶᠡᠭᠡ ᠡᠷᠡᠰ ᠵᠣᠷᠢᠭ᠂ ᠨᠠᠩ ᠨᠠᠷᠢᠯᠢᠬ ᠣᠨᠣᠴᠠᠲᠠᠶ ᠰᠡᠳᠭᠢᠮᠵᠢ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ᠂ ᠬᠡᠪ ᠠᠴᠠ ᠬᠡᠲᠦᠶᠢᠳᠦᠭᠰᠡᠨ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠢᠨᠵᠧᠨᠧᠷᠢᠩ ᠢ ᠬᠡᠷᠡᠭᠵᠢᠭᠦᠯᠬᠦ ᠭᠡᠷᠡᠭᠳᠡᠢ ᠭᠡᠳᠡᠭ ᠢ ᠨᠠᠮ ᠬᠥᠨᠵᠡᠭᠡᠢ ᠲᠠᠨᠢᠵᠥ ᠣᠯᠪᠠ᠃ ᠨᠠᠮ ᠠᠴᠠ ᠨᠠᠷᠢᠯᠢᠬ ᠣᠨᠣᠴᠠᠲᠠᠶ ᠪᠠᠷ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠢᠳᠡᠬᠦ ᠶᠢᠨ ᠲᠦᠯᠦᠭᠡ ᠵᠤᠪᠠᠭ᠋ᠤ ᠦᠭᠡᠢ᠂ ᠡᠮᠦᠰᠭᠦ ᠶᠢᠨ ᠲᠦᠯᠦᠭᠡ ᠵᠤᠪᠠᠭ᠋ᠤ ᠦᠭᠡᠢ ᠪᠠᠶᠢᠬᠤ ᠪᠠ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠭ᠎ᠠ ᠲᠠᠢ ᠪᠠᠶᠢᠯᠭᠠᠬᠤ ᠠᠵᠢᠯ ᠤᠨ ᠬᠠᠷᠠᠯᠲᠠ ᠶᠢ ᠲᠣᠭᠲᠠᠭᠠᠵᠤ᠂ ︽ᠠᠨᠳᠠᠭᠠᠶᠢᠯᠠᠭᠰᠠᠨ ᠪᠠᠲᠤᠯᠠᠭ᠎ᠠ ᠶᠢᠨ ᠪᠢᠴᠢᠭ︾ ᠮᠠᠶ᠋ᠢᠭ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠪᠦᠬᠦ ᠨᠠᠮ ᠪᠦᠭᠦ ᠤᠯᠤᠰ ᠪᠦᠬᠦ ᠨᠡᠶᠢᠭᠡᠮ ᠤᠨ ᠬᠦᠴᠦᠨ ᠢ ᠳᠠᠶᠢᠴᠢᠯᠠᠵᠦ᠂ ᠤᠯᠤᠰ ᠳᠠᠶᠠᠭᠠᠷ ᠢᠶᠠᠨ ᠰᠡᠳᠭᠢᠯ ᠰᠠᠨᠠᠭ᠎ᠠ ᠪᠠᠨ ᠨᠢᠭᠡᠳᠭᠡᠨ᠂ ᠪᠦᠬᠦ ᠬᠦᠴᠦᠨ ᠢᠶᠠᠷ ᠢᠶᠠᠨ ᠭᠠᠪᠰᠢᠭᠠᠶᠢᠯᠠᠨ ᠪᠠᠶᠢᠯᠳᠤᠵᠤ᠂ ᠪᠡᠷᠭᠡ ᠠᠴᠠ ᠪᠡᠷᠭᠡ ᠰᠡᠳᠦᠪ ᠢ ᠰᠢᠢᠳᠪᠦᠷᠢᠯᠡᠵᠦ᠂ ᠬᠦᠴᠢᠷ ᠠᠴᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠮᠦᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ᠂ ᠡᠷᠴᠢᠮ ᠢᠶᠠᠷ ᠬᠠᠮᠤᠭ ᠤᠨ ᠴᠢᠩᠭ᠎ᠠ ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠦᠷᠢᠯᠡᠭᠦ ᠳᠠᠶᠢᠨ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠦᠷᠢᠯᠡᠭᠦ ᠠᠭᠤᠤ ᠶᠡᠭᠡ ᠵᠣᠷᠢᠭ ᠰᠠᠨᠠᠭ᠎ᠠ ᠶᠢ ᠪᠤᠢ ᠪᠤᠯᠭᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠤᠯᠤᠰ ᠤᠨ 832 ᠶᠠᠳᠠᠭᠤ ᠬᠦᠴᠢᠷᠳᠡᠯ ᠲᠠᠢ ᠰᠢᠶᠠᠨ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠦ᠂ 12.8 ᠲᠦᠮᠡᠨ ᠶᠠᠳᠠᠭᠤ ᠬᠦᠴᠢᠷᠳᠡᠯ ᠲᠠᠢ ᠲᠣᠰᠬᠤᠨ ᠪᠦᠭᠦᠨ ᠢᠶᠠᠷ ᠢᠶᠠᠨ ᠶᠠᠳᠠᠭᠤ ᠭᠦᠴᠢᠷᠳᠡᠯ ᠲᠠᠢ ᠲᠤᠰᠬᠤᠨ ᠤ ᠡᠩᠨᠡᠭᠡ ᠠᠴᠠ ᠭᠠᠷᠴᠦ᠂ ᠬᠥᠳᠡᠭᠡ ᠲᠣᠰᠬᠤᠨ ᠤ ᠳ᠋ᠦᠩᠰᠢᠭᠤᠷ ᠰᠢᠬᠠᠮ ᠶᠠᠳᠠᠭᠤ ᠬᠦᠴᠢᠷᠳᠡᠯ ᠲᠠᠢ ᠬᠥᠮᠦᠨ ᠠᠮᠠ ᠶᠠᠳᠠᠭᠤ ᠠᠴᠠ ᠠᠩᠭᠢᠵᠢᠷᠠᠵᠦ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠭᠦ ᠬᠥᠭᠵᠢᠯᠲᠡ ᠶᠢᠨ ᠵᠥᠪᠯᠡᠬᠦ ᠵᠦᠢᠯ ᠳᠠᠬᠢ ᠶᠠᠳᠠᠭᠤᠷᠠᠯ ᠢ ᠴᠦᠭᠡᠳᠭᠡᠭᠦ ᠬᠠᠷᠠᠯᠲᠠ ᠶᠢ ᠠᠷᠪᠠᠨ ᠵᠢᠯ ᠤᠷᠢᠳᠴᠢᠯᠠᠨ ᠪᠡᠶᠡᠯᠡᠭᠦᠯᠦᠭᠡᠳ᠂ ᠲᠦᠢᠯ ᠤᠨ ᠶᠠᠳᠠᠭᠤ ᠬᠦᠴᠢᠷᠳᠡᠯ ᠎ ᠲᠠᠢ ᠪᠠᠶᠢᠬᠤ ᠠᠰᠠᠭᠤᠳᠠᠯ ᠢ ᠲᠡᠤᠬᠡᠲᠦ ᠴᠢᠨᠠᠷᠲᠠᠶ ᠪᠠᠷ ᠰᠢᠢᠳᠪᠦᠷᠢᠯᠡᠵᠦ᠂ ᠬᠥᠮᠦᠨ ᠲᠥᠷᠥᠯᠬᠢᠲᠡᠨ ᠤ ᠶᠠᠳᠠᠭᠤᠷᠠᠯ ᠢ ᠴᠦᠭᠡᠳᠭᠡᠭᠦ ᠲᠡᠦᠬᠡᠨ ᠳᠠᠬᠢ ᠭᠠᠶᠢᠬᠠᠮᠰᠢᠭ ᠢ ᠡᠭᠦᠳᠴᠡᠢ᠃      2020 ᠣᠨ ᠳᠤ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠨᠠᠮ ᠤᠨ ᠲᠥᠪ ᠬᠤᠷᠢᠶ᠎ᠠ ᠡᠷᠡᠰ ᠰᠢᠭᠤᠷᠬᠠᠶ ᠪᠠᠷ ᠪᠣᠳᠣᠯᠭ᠎ᠠ ᠲᠣᠭᠲᠠᠭᠠᠨ᠂ ᠯᠠᠪᠳᠠᠭᠤᠨ ᠲᠣᠭᠲᠠᠭᠤᠨ ᠢᠶᠠᠷ ᠠᠷᠭᠠᠴᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠪᠠᠲᠤᠳᠬᠠᠬᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠨᠠᠷᠢᠯᠢᠬ ᠣᠨᠣᠴᠠᠲᠠᠶ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠶᠡᠷᠦᠩᠬᠡᠶ ᠱᠠᠭᠠᠷᠳᠠᠯᠭ᠎ᠠ ᠶᠢ ᠳᠤᠷᠠᠳᠴᠤ᠂ ᠬᠢᠵᠢᠭ ᠲᠠᠢ ᠲᠡᠮᠡᠴᠡᠬᠦ ᠠᠷᠠᠳ ᠤᠨ ᠳᠠᠶᠢᠨ᠂ ᠪᠦᠬᠦ ᠲᠠᠯ᠎ᠠ ᠶᠢᠨ ᠳᠠᠶᠢᠨ᠂ ᠬᠤᠷᠢᠭᠯᠠᠨ ᠳᠠᠷᠤᠬᠤ ᠳᠠᠶᠢᠨ ᠢ ᠦᠷᠨᠢᠭᠦᠯᠦᠨ᠂ ᠦᠬᠠᠨ ᠢ ᠬᠠᠮᠠᠭᠠᠯᠠᠬᠤ ᠳᠠᠶᠢᠨ᠂ ᠬᠤᠪᠧᠢ ᠶᠢ ᠬᠠᠮᠠᠭᠠᠯᠠᠬᠤ ᠳᠠᠶᠢᠨ ᠢ ᠨᠠᠷᠢᠨ ᠨᠢᠮᠪᠠᠶ ᠪᠠᠶᠢᠷᠢᠯᠠᠭᠤᠯᠵᠤ᠂ ᠤᠯᠤᠰ ᠲᠠᠶᠠᠭᠠᠷ ᠤᠨ ᠬᠦᠴᠦᠨ ᠢ ᠲᠠᠶᠢᠴᠢᠯᠡᠨ ᠤᠷᠢᠳ ᠡᠮᠦᠨ᠎ᠡ ᠭᠠᠷᠤᠭ᠎ᠠ ᠦᠭᠡᠢ ᠠᠮᠢ ᠨᠠᠰᠤᠨ ᠤ ᠶᠡᠭᠡ ᠠᠪᠤᠷᠠᠨ ᠲᠤᠰᠠᠯᠠᠯᠲᠠ ᠶᠢ ᠬᠡᠷᠡᠭᠵᠢᠭᠦᠯᠵᠦ᠂ ︽ᠭᠠᠳᠠᠭᠠᠳᠤ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠭᠦ᠂ ᠳᠣᠲᠣᠭᠠᠳᠤ ᠳᠠᠭᠠᠨ ᠳᠠᠬᠢᠨ ᠬᠠᠯᠳᠠᠪᠣᠷᠢᠯᠠᠬᠤ ᠶᠢ ᠰᠡᠷᠭᠡᠶᠢᠯᠡᠬᠦ︾ ᠠᠵᠢᠯ ᠢ ᠢᠮᠠᠭᠲᠠ ᠪᠤᠯᠭᠤᠮᠵᠢᠲᠡᠢ ᠰᠠᠶᠢᠲᠤᠷ ᠠᠳᠬᠤᠵᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠭᠰᠠᠨ ᠢᠶᠠᠷ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠦ᠂ ᠳᠡᠯᠡᠬᠡᠢ ᠨᠡᠶᠢᠲᠡ ᠶᠢᠨ ᠬᠡᠪᠴᠢᠶᠡᠨ ᠳᠤ ᠬᠠᠮᠤᠭ ᠤᠨ ᠲᠡᠷᠢᠬᠦᠨ ᠳᠤ ᠬᠢᠵᠢᠭ ᠢ ᠬᠢᠵᠠᠭᠠᠷᠯᠠᠵᠤ᠂ ᠬᠠᠮᠤᠭ ᠤᠨ ᠲᠡᠷᠢᠭᠦᠨ ᠳᠤ ᠠᠵᠢᠯ ᠦᠢᠯᠡᠳᠪᠦᠷᠢᠯᠡᠯ ᠢᠶᠠᠨ ᠰᠡᠷᠭᠦᠭᠡᠵᠦ᠂ ᠬᠠᠮᠤᠭ ᠤᠨ ᠲᠡᠷᠢᠭᠦᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠡᠷᠭᠦᠭᠡᠭᠡᠳ᠂ ᠬᠢᠵᠢᠭ ᠢ ᠡᠰᠡᠷᠭᠦᠴᠡᠭᠦ ᠲᠡᠮᠡᠴᠡᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠵᠤ᠂ ᠬᠢᠵᠢᠭ ᠢ ᠡᠰᠡᠷᠭᠦᠴᠡᠬᠦ ᠠᠭᠤᠦ ᠶᠡᠭᠡ ᠵᠣᠷᠢᠭ ᠰᠠᠨᠠᠭ᠎ᠠ ᠶᠢ ᠪᠤᠢ ᠪᠣᠯᠭᠠᠪᠠ᠃      ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠲᠥᠯᠥᠭᠡ᠂ ᠨᠠᠮ ᠠᠴᠠ ᠬᠢᠵᠠᠭᠠᠷ ᠱᠤᠭᠤᠮ ᠢ ᠪᠠᠳᠤ ᠰᠠᠭᠢᠬᠤ᠂ ᠭᠤᠤᠯᠳᠠᠯᠭ᠎ᠠ ᠶᠢ ᠲᠤᠪᠤᠶᠢᠯᠭᠠᠬᠤ᠂ ᠲᠦᠷᠢᠮ ᠢ ᠲᠡᠬᠦᠯᠳᠡᠷᠵᠢᠬᠦᠯᠬᠦ᠂ ᠵᠢᠱᠢᠯᠳᠠ ᠶᠢ ᠬᠦᠳᠤᠯᠤᠨ ᠵᠢᠯᠤᠭᠤᠳᠬᠤ ᠰᠡᠳᠭᠢᠮᠵᠢ ᠶᠢᠨ ᠶᠣᠰᠣᠭᠠᠷ᠂ ᠣᠷᠣᠯᠭ᠎ᠠ ᠶᠢᠨ ᠬᠤᠪᠢᠶᠠᠷᠢᠯᠠᠯᠲᠠ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮᠨᠡᠯᠭᠡ ᠡᠷᠡᠭᠦᠯ ᠬᠠᠮᠠᠭᠠᠯᠠᠯ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠠᠯᠢ ᠣᠯᠠᠨ ᠴᠢᠬᠤᠯᠠ ᠶᠡᠭᠡ ᠠᠷᠭ᠎ᠠ ᠬᠡᠮᠵᠢᠶ᠎ᠡ ᠨᠡᠶᠢᠳᠡᠯᠡᠵᠦ᠂ ᠲᠦᠭᠡᠮᠡᠯ ᠬᠠᠷᠠᠭᠠᠯᠵᠠᠯᠳᠦ ᠴᠢᠨᠠᠷᠲᠡᠢ᠂ ᠰᠠᠭᠤᠷᠢ ᠴᠢᠨᠠᠷᠲᠡᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠨ ᠴᠢᠩᠭᠠᠳᠬᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠪᠠ᠃ ᠪᠢᠳᠡ ᠦᠷ᠎ᠡ ᠪᠦᠲᠦᠮᠵᠢ ᠶᠢ ᠢᠯᠡᠷᠡᠭᠦᠯᠬᠦ᠂ ᠲᠥᠪ ᠭᠤᠣᠯᠴᠢ ᠶᠢ ᠠᠭᠢᠭᠤᠯᠬᠤ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠬᠡᠲᠦ ᠥᠨᠳᠥᠷ ᠣᠷᠣᠯᠭ᠎ᠠ ᠳᠤ ᠲᠣᠬᠢᠷᠠᠭᠤᠯᠤᠯᠲᠠ ᠬᠢᠵᠦ᠂ ᠬᠠᠤᠯᠢ ᠪᠤᠰᠤ ᠣᠷᠣᠯᠭ᠎ᠠ ᠶᠢ ᠴᠠᠭᠠᠵᠠᠯᠠᠵᠤ᠂ ᠣᠷᠣᠯᠭ᠎ᠠ ᠪᠠᠭᠠᠲᠠᠶ ᠬᠥᠮᠦᠰ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠠᠮᠲᠤᠯᠢᠭ ᠢ ᠲᠣᠭᠲᠠᠭᠤᠨ ᠢᠶᠠᠷ ᠥᠷᠭᠡᠳᠭᠡᠵᠦ᠂ ᠵᠤᠤᠪᠠᠩ ᠬᠡᠯᠪᠡᠷᠢ ᠶᠢᠨ ᠬᠤᠪᠢᠶᠠᠷᠢᠯᠠᠯᠲᠠ ᠶᠢᠨ ᠪᠠᠶᠢᠷᠢᠰᠢᠯ ᠢ ᠪᠤᠢ ᠪᠤᠯᠭᠠᠬᠤ ᠶᠢ ᠠᠬᠢᠭᠤᠯᠤᠨ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠭᠢᠭᠡᠳ ᠠᠵᠤ ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠵᠢᠭᠳᠡ ᠪᠠᠶᠢᠯᠭᠠᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠢ ᠠᠴᠠ ᠲᠦᠷᠭᠡᠨ ᠪᠠᠶᠢᠯᠭᠠᠪᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠨᠡᠩ ᠭᠦᠢᠴᠡᠳ᠂ ᠨᠡᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠪᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠤᠷᠭᠠᠨ ᠬᠥᠮᠦᠵᠢᠯ ᠤᠨ ᠦᠢᠯᠡᠰ ᠢ ᠤᠷᠢᠳ ᠢᠶᠠᠷ ᠬᠥᠭᠵᠢᠭᠦᠯᠵᠦ᠂ ᠰᠤᠷᠭᠠᠨ ᠬᠥᠮᠦᠵᠢᠯ ᠤᠨ ᠦᠨᠳᠦᠰᠦᠨ ᠡᠭᠦᠷᠭᠡ ᠪᠣᠯ ᠶᠤᠰᠤ ᠰᠤᠷᠲᠠᠬᠤᠨ ᠢ ᠪᠤᠢ ᠪᠤᠯᠭᠠᠵᠤ ᠬᠦᠮᠦᠨ ᠢ ᠬᠦᠮᠦᠵᠢᠭᠦᠯᠦᠨ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠶᠠᠪᠤᠳᠠᠯ ᠮᠦᠨ ᠭᠡᠳᠡᠭ ᠢ ᠲᠤᠳᠤᠷᠬᠠᠶᠢᠯᠠᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ ᠰᠢᠨ᠎ᠡ ᠡᠭᠦᠳᠦᠯᠳᠡ ᠶᠢ ᠭᠦᠨᠵᠡᠭᠡᠶᠢᠷᠡᠭᠦᠯᠵᠦ᠂ ᠭᠤᠤᠯᠴᠢ ᠪᠠᠶᠢᠬᠤ ᠶᠢ ᠠᠭᠢᠭᠤᠯᠬᠤ ᠪᠠ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠬᠦᠯᠭᠦ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠢᠳᠡᠪᠬᠢᠲᠡᠢ ᠬᠦᠭᠵᠢᠭᠦᠯᠵᠦ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠠᠭᠤᠯᠤᠭᠳᠠᠬᠤᠨ ᠤ ᠬᠡᠯᠪᠡᠷᠢᠲᠦ ᠬᠦᠭᠵᠢᠯᠲᠡ ᠶᠢ ᠠᠭᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠵᠦ᠂ ᠠᠷᠠᠳ ᠲᠦᠮᠡᠨ ᠤ ᠰᠡᠳᠭᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠪᠠ᠃ ᠮᠠᠨ ᠤ ᠤᠯᠤᠰ ᠳᠡᠯᠡᠬᠡᠶ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠲᠦᠭᠡᠵᠦ᠂ 10 ᠳ᠋ᠦᠡᠭᠰᠢᠭᠤᠷ 2000 ᠲᠦᠮᠡᠨ ᠬᠥᠮᠦᠨ ᠠᠮᠠ ᠳᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠣᠯᠭᠤᠵᠦ᠂ 13 ᠳ᠋ᠦᠩᠰᠢᠭᠤᠷ 6000 ᠲᠦᠮᠡᠨ ᠬᠥᠮᠦᠨ ᠠᠮᠠ ᠳᠤ ᠡᠮᠨᠡᠯᠭᠡ ᠶᠢᠨ ᠦᠨᠳᠦᠰᠦᠨ ᠳᠠᠭᠠᠳᠬᠠᠯ ᠤᠯᠭᠤᠪᠠ᠃ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠤᠨ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠬᠦᠳᠦᠯᠦᠨ ᠵᠢᠯᠤᠭᠤᠳᠴᠦ᠂ ᠬᠦᠨᠳᠦ ᠶᠡᠭᠡ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ᠂ ᠤᠯᠤᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠭᠦ ᠶᠢ ᠴᠠᠭ ᠲᠤᠬᠠᠶ ᠳᠤᠨᠢ ᠠᠬᠢᠭᠤᠯᠵᠤ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ ᠂ ᠬᠤᠳᠠ ᠬᠥᠳᠡᠭᠡ ᠶᠢ ᠨᠠᠶᠢᠳᠡᠮ ᠪᠦᠷᠭᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠪᠠ᠃ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠪᠠ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠬᠥᠮᠦᠨ ᠠᠮᠠ ᠶᠢᠨ ᠨᠠᠰᠤᠵᠢᠯᠳᠡ ᠶᠢ ᠢᠳᠡᠪᠬᠢᠲᠡᠢ ᠠᠷᠭᠠᠴᠠᠵᠤ᠂ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠯᠡᠨ ᠪᠠᠶᠢᠭᠤᠯᠵᠤ᠂ ᠦᠷᠡᠵᠢᠯ ᠤᠨ ᠲᠦᠷᠦ ᠶᠢᠨ ᠪᠤᠳᠤᠯᠭ᠎ᠠ ᠳᠤ ᠲᠣᠬᠢᠷᠠᠭᠤᠯᠤᠯᠳᠠ ᠬᠢᠵᠦ ᠰᠢᠯᠢᠳᠡᠭᠵᠢᠭᠦᠯᠦᠨ᠂ ᠬᠥᠮᠦᠨ ᠠᠮᠠ ᠶᠢᠨ ᠤᠷᠳᠤ ᠬᠤᠭᠤᠴᠠᠭ᠎ᠠ ᠪᠠᠷ ᠲᠡᠩᠴᠡᠭᠦᠷᠢᠲᠡᠶ ᠬᠥᠭᠵᠢᠬᠦ ᠶᠢ ᠠᠬᠢᠭᠤᠯᠪᠠ᠃ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠨ᠂ ᠡᠮᠡᠭᠲᠡᠶᠢᠴᠤᠳ ᠬᠡᠦᠬᠡᠳ ᠤᠨ ᠡᠷᠬᠡ ᠠᠰᠢᠭ ᠢ ᠪᠠᠲᠤᠯᠠᠪᠠ᠃ ᠵᠡᠮᠳᠡᠭᠴᠤᠳ ᠤᠨ ᠦᠢᠯᠡᠰ ᠢ ᠲᠦᠷᠭᠡᠯᠡᠨ ᠬᠦᠭᠵᠢᠭᠦᠯᠪᠡ᠃ ᠭᠡᠷ ᠪᠠᠶᠢᠰᠢᠩ ᠢ ᠰᠠᠭᠤᠬᠤ ᠶᠢᠨ ᠲᠦᠯᠦᠭᠡ ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠦᠯᠦᠭᠡ ᠪᠠᠷᠢᠬᠰᠠᠨ ᠪᠢᠰᠢ ᠭᠡᠬᠦ ᠪᠠᠶᠢᠷᠢ ᠲᠤᠬᠳᠠᠭᠠᠯᠳᠠ ᠶᠢ ᠪᠠᠷᠢᠮᠳᠠᠯᠠᠵᠤ᠂ ᠤᠯᠠᠨ ᠪᠡᠶᠡᠴᠢ ᠴᠤᠬᠴᠠ ᠠᠴᠠ ᠬᠠᠨᠭ᠍ᠭᠠᠬᠤ᠂ ᠤᠯᠠᠨ ᠠᠷᠭ᠎ᠠ ᠵᠠᠮ ᠢᠶᠠᠷ ᠪᠠᠳᠤᠯᠠᠬᠤ᠂ ᠲᠦᠷᠢᠶᠡᠰᠤᠯᠡᠬᠦ ᠪᠤᠯᠤᠨ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠤᠷᠤᠨ ᠰᠠᠭᠤᠴᠠ ᠶᠢᠨ ᠲᠦᠷᠢᠮ ᠢ ᠲᠦᠷᠭᠡᠯᠡᠨ ᠪᠠᠶᠢᠭᠤᠯᠵᠤ᠂ ᠪᠠᠲᠤᠯᠠᠭ᠎ᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠭᠰᠠᠨ ᠢᠶᠠᠷ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢᠯᠡᠳᠲᠡ ᠰᠠᠶᠢᠵᠢᠷᠠᠪᠠ᠃      ᠨᠠᠮ ᠠᠴᠠ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ᠂ ᠠᠷᠠᠳ ᠲᠦᠮᠡᠨ ᠠᠮᠤᠷ ᠲᠠᠶᠢᠪᠤᠩ ᠠᠵᠤ ᠲᠦᠷᠦᠭᠦ ᠶᠢ ᠪᠣᠳᠣᠯᠬᠢᠯᠠᠨ᠂ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠦ ᠤᠯᠤᠰ ᠢ ᠪᠦᠳᠦᠭᠡᠨ ᠪᠠᠶᠢᠭᠤᠯᠵᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠳᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠨᠡᠶᠢᠭᠡᠮ ᠤᠨ ᠵᠠᠰᠠᠯᠲᠠ ᠶᠢᠨ ᠭᠤᠤᠯᠳᠠᠯᠭ᠎ᠠ ᠶᠢ ᠦᠨᠳᠦᠰᠦᠨ ᠱᠠᠲᠤ ᠲᠡᠶᠢᠰᠢ ᠰᠢᠯᠵᠢᠭᠦᠯᠬᠦ ᠶᠢ ᠠᠬᠢᠭᠤᠯᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠳᠦᠷᠢᠮ ᠢ ᠪᠠᠶᠢᠭᠤᠯᠵᠤ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠭᠡᠬᠦ᠂ ᠬᠥᠮᠦᠨ ᠪᠦᠬᠦᠨ ᠳᠤ ᠡᠳ᠋ᠯᠡᠬᠦᠯᠭᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠪᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠰᠢᠰᠲ᠋ᠧᠮ ᠲᠠᠢ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠡᠶᠡᠳᠡᠭᠦᠯᠦᠨ ᠰᠢᠢᠳᠪᠦᠷᠢᠯᠡᠬᠦ ᠠᠷᠢᠯᠭᠠᠬᠤ ᠣᠯᠠᠨ ᠡᠰᠢᠳᠦ ᠶᠡᠷᠦᠩᠬᠡᠶᠢᠯᠡᠭᠰᠡᠨ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠠᠷ᠎ᠠ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠭᠦᠯᠦᠨ᠂ ᠬᠠᠷ᠎ᠠ ᠬᠠᠷᠭᠢᠰ ᠬᠦᠴᠦᠨ ᠢ ᠳᠤᠷ᠎ᠠ ᠪᠠᠷ ᠨᠢ ᠲᠠᠯᠪᠢᠭᠰᠠᠨ᠂ ᠥᠮᠥᠭᠯᠡᠭᠰᠡᠨ ᠴᠢᠨᠠᠭᠰᠢᠯᠠᠪᠠᠯ ᠲᠡᠭᠦᠨ ᠤ ᠬᠠᠮᠠᠭᠠᠯᠠᠭᠴᠢ ᠪᠣᠯᠤᠭᠰᠠᠨ ᠨᠠᠮ ᠤᠨ ᠭᠡᠰᠢᠭᠦᠨ ᠺᠠᠳ᠋ᠷ ᠢ ᠡᠷᠡᠰ ᠵᠠᠯᠬᠠᠭᠠᠨ ᠰᠢᠢᠳᠭᠡᠵᠦ᠂ ᠬᠦᠴᠦᠷᠬᠡᠭᠯᠡᠯ ᠰᠦᠷᠳᠡᠭᠦᠯᠦᠯ᠂ ᠰᠢᠨ᠎ᠡ ᠬᠡᠯᠪᠡᠷᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ᠂ ᠤᠯᠤᠰ ᠠᠯᠤᠰᠯᠠᠭᠰᠠᠨ ᠶᠠᠯᠠᠲᠤ ᠠᠵᠢᠯᠯᠠᠭ᠎ᠠ ᠶᠢ ᠰᠡᠷᠭᠡᠶᠢᠯᠡᠭᠰᠡᠨ ᠪᠠ ᠲᠡᠭᠦᠨ ᠳᠤ ᠴᠣᠬᠢᠯᠲᠠ ᠥᠭᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠨᠡᠶᠢᠭᠡᠮ ᠤᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠵᠤ᠂ ᠠᠷᠠᠳ ᠤᠨ ᠠᠮᠢᠳᠤᠷᠠᠯ ᠪᠦᠬᠦ ᠲᠠᠯ᠎ᠠ ᠪᠠᠷ ᠰᠠᠶᠢᠵᠢᠷᠠᠨ᠂ ᠨᠡᠶᠢᠭᠡᠮ ᠤᠨ ᠵᠠᠰᠠᠯᠲᠠ ᠶᠢᠨ ᠨᠡᠶᠢᠭᠡᠮᠴᠢᠯᠡᠭᠰᠡᠨ᠂ ᠬᠠᠤᠯᠢ ᠪᠠᠷ ᠵᠠᠰᠠᠭᠰᠠᠨ᠂ ᠤᠶᠤᠨᠴᠢᠯᠠᠭᠰᠠᠨ᠂ ᠲᠤᠰᠬᠠᠶᠢᠵᠢᠭᠰᠠᠨ ᠬᠢᠷᠢ ᠬᠡᠮᠵᠢᠶ᠎ᠡ ᠶᠡᠭᠡ ᠪᠠᠷ ᠳᠡᠭᠡᠭᠰᠢᠯᠡᠵᠤ᠂ ᠠᠷᠠᠳ ᠲᠦᠮᠡᠨ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠨᠡᠶᠢᠳᠡ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠰᠠᠶᠢᠨ ᠰᠠᠶᠢᠬᠠᠨ ᠪᠠᠶᠢᠳᠠᠯ ᠢ ᠬᠥᠭᠵᠢᠭᠦᠯᠵᠦ᠂ ᠨᠡᠶᠢᠭᠡᠮ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠬᠤ ᠭᠠᠶᠢᠬᠠᠮᠰᠢᠭ ᠢ ᠦᠷᠭᠦᠯᠵᠢᠯᠡᠨ ᠪᠢᠴᠢᠭᠯᠡᠪᠡ᠃      ︵ᠶᠢᠰᠦ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ      ᠥᠭᠡᠷᠡᠴᠢᠯᠡᠯᠲᠡ ᠨᠡᠭᠡᠭᠡᠯᠳᠡ ᠬᠢᠭᠰᠡᠨ ᠤ ᠲᠠᠷᠠᠭ᠎ᠠ᠂ ᠨᠠᠮ ᠠᠴᠠ ᠠᠮᠢ ᠠᠬᠤᠶ ᠶᠢᠨ ᠣᠷᠴᠢᠨ ᠨᠦᠭᠦᠴᠡᠯ ᠤᠨ ᠬᠠᠮᠠᠭᠠᠯᠠᠯᠲᠠ ᠶᠢ ᠶᠠᠪᠤᠬᠤ ᠲᠤᠲᠤᠮ ᠴᠢᠬᠤᠯᠠᠴᠢᠯᠠᠭᠰᠠᠭᠠᠷ ᠢᠷᠡᠪᠡ᠃ ᠡᠭᠦᠨ ᠤ ᠬᠠᠮᠲᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠮᠥᠨ ᠬᠦ ᠨᠢᠭᠡᠨ ᠢᠯᠡᠷᠬᠡᠶ ᠳᠤᠲᠠᠭᠤᠳᠠᠯ ᠪᠣᠯᠵᠤ ᠪᠠᠶᠢᠭ᠎ᠠ ᠪᠦᠭᠡᠳ ᠡᠬᠢ ᠪᠠᠶᠠᠯᠢᠭ ᠤᠷᠴᠢᠨ ᠨᠦᠬᠦᠴᠡᠯ ᠤᠨ ᠬᠢᠵᠠᠭᠠᠷᠯᠠᠯ ᠴᠢᠩᠭᠠᠷᠠᠵᠦ᠂ ᠠᠮᠢ ᠠᠬᠤᠶ ᠶᠢᠨ ᠰᠢᠰᠲ᠋ᠧᠮ ᠮᠠᠭᠤᠳᠠᠵᠤ ᠪᠠᠶᠢᠭ᠎ᠠ ᠵᠡᠷᠭᠡ ᠠᠰᠠᠭᠤᠳᠠᠯ ᠶᠠᠪᠤᠬᠤ ᠲᠤᠲᠤᠮ ᠳᠣᠪᠤᠶᠢᠮ᠎ᠠ ᠪᠣᠯᠪᠠ᠂ ᠢᠯᠠᠩᠭᠤᠶ᠎ᠡ ᠡᠯ᠎ᠡ ᠲᠥᠷᠥᠯ ᠤᠨ ᠣᠷᠴᠢᠨ ᠠᠬᠤᠢ ᠶᠢᠨ ᠪᠣᠬᠢᠷᠲᠤᠯ᠂ ᠠᠮᠢ ᠠᠬᠤᠶ ᠶᠢᠨ ᠡᠪᠳᠡᠭᠳᠡᠯ ᠣᠯᠠᠨ ᠡᠭᠦᠰᠭᠦ ᠪᠠᠶᠢᠳᠠᠯ ᠢᠯᠡᠷᠡᠵᠦ᠂ ᠨᠤᠲᠤᠭ ᠳᠡᠪᠢᠰᠭᠡᠷ ᠤᠨ ᠰᠢᠷᠬᠠᠯᠠᠯ᠂ ᠠᠷᠠᠳ ᠤᠨ ᠠᠮᠢᠳᠤᠷᠠᠯ ᠤᠨ ᠡᠪᠡᠷᠰᠢᠶᠠᠯ ᠪᠣᠯᠤᠭᠠᠳ ᠪᠠᠶᠢᠨ᠎ᠠ᠃ ᠬᠡᠷᠪᠡ ᠠᠮᠢ ᠠᠬᠤᠢ ᠶᠢᠨ ᠤᠷᠴᠢᠨ ᠨᠦᠭᠦᠴᠡᠯ ᠤᠨ ᠮᠠᠭᠤᠳᠠᠬᠤ ᠬᠠᠨᠳᠤᠰᠢ ᠶᠢ ᠱᠠᠯᠠᠪᠳᠠᠨ ᠬᠤᠪᠢᠷᠠᠭᠤᠯᠬᠤ ᠦᠭᠡᠢ ᠪᠣᠯ ᠲᠦᠢᠯ ᠤᠨ ᠬᠦᠨᠳᠦ ᠨᠣᠴᠢᠲᠠᠢ ᠦᠨ᠎ᠡ ᠲᠥᠯᠥᠪᠦᠷᠢ ᠭᠠᠷᠭᠠᠬᠤ ᠨᠢ ᠯᠠᠪᠳᠠᠢ ᠶᠤᠮ᠃ ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠭᠰᠠᠨ ᠨᠢ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠬᠤᠯᠪᠣᠭᠳᠠᠬᠤ ᠦᠨᠳᠦᠰᠦᠨ ᠶᠡᠭᠡ ᠪᠤᠳᠤᠯᠭ᠎ᠠ ᠮᠥᠨ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠪᠣᠯ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ ᠪᠠᠶᠢᠭ᠎ᠠ ᠶᠠᠪᠤᠳᠠᠯ ᠮᠥᠨ᠂ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠪᠣᠯ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠪᠠᠶᠢᠭ᠎ᠠ ᠶᠠᠪᠤᠳᠠᠯ ᠮᠥᠨ᠂ ᠤᠷᠴᠢᠨ ᠠᠬᠤᠢ ᠪᠠᠷ ᠦᠷᠡᠭᠳᠡᠯ ᠪᠤᠯᠭᠠᠵᠤ ᠪᠠᠶᠢᠭᠠᠳ ᠨᠢᠭᠡ ᠴᠠᠭ ᠤᠨ ᠠᠵᠤ ᠠᠬᠤᠢ ᠶᠢᠨ ᠨᠡᠮᠡᠭᠳᠡᠯ ᠢ ᠬᠦᠭᠡᠭᠡᠴᠡᠯᠳᠦᠵᠤ ᠶᠠᠭᠠᠭᠢᠭᠰᠠᠨ ᠴᠤ ᠪᠤᠯᠬᠤ ᠦᠭᠡᠢ᠃ ᠡᠷᠬᠡᠪᠰᠢ ᠬᠦᠬᠡ ᠠᠭᠤᠯᠠ ᠬᠦᠭᠡᠮᠳᠦᠭ ᠤᠰᠤ ᠪᠣᠯ ᠠᠯᠳᠠᠨ ᠠᠭᠤᠯᠠ ᠮᠦᠩᠭᠦᠨ ᠬᠠᠶᠢᠷᠬᠠᠨ ᠮᠦᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠦᠬᠦᠷᠦᠮ ᠡᠪᠡᠰᠦ ᠪᠡᠯᠴᠢᠬᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠦ᠂ ᠠᠯᠠᠭ ᠨᠢᠳᠦ ᠪᠠᠨ ᠬᠠᠮᠠᠭᠠᠯᠠᠬᠤ ᠰᠢᠬ ᠢᠶᠠᠷ ᠠᠮᠢ ᠠᠬᠤᠢ ᠶᠢᠨ ᠣᠷᠴᠢᠨ ᠨᠦᠭᠦᠴᠡᠯ ᠢ ᠬᠠᠮᠠᠭᠠᠯᠠᠵᠦ᠂ ᠠᠮᠢ ᠨᠠᠰᠦ ᠪᠠᠨ ᠬᠠᠶᠢᠷᠠᠯᠠᠬᠤ ᠰᠢᠬ ᠢᠶᠠᠷ ᠠᠮᠢ ᠠᠬᠤᠢ ᠶᠢᠨ ᠣᠷᠴᠢᠨ ᠨᠦᠭᠦᠴᠡᠯ ᠢ ᠬᠠᠶᠢᠷᠠᠯᠠᠵᠦ᠂ ᠨᠤᠭᠤᠭᠠᠨ ᠬᠥᠭᠵᠢᠯᠲᠡ᠂ ᠣᠷᠴᠢᠯ ᠬᠥᠭᠵᠢᠯᠲᠡ᠂ ᠨᠡᠭᠦᠷᠡᠰᠦᠲᠥ᠋ᠷᠥᠭᠴᠢ ᠪᠠᠭᠠᠳᠠᠢ ᠬᠥᠭᠵᠢᠯᠲᠡ ᠶᠢ ᠨᠡᠩ ᠤᠬᠠᠮᠰᠠᠷ ᠠᠴᠠ ᠪᠠᠨ ᠠᠬᠢᠭᠤᠯᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠶ ᠰᠠᠶᠢᠵᠢᠷᠠᠭᠰᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠭᠡᠷᠡᠭᠳᠡᠢ᠃      ᠨᠠᠮ ᠠᠴᠠ ᠦᠵᠡᠯ ᠰᠠᠨᠠᠭ᠎ᠠ᠂ ᠬᠠᠤᠯᠢ ᠴᠠᠭᠠᠵᠠ᠂ ᠪᠠᠶᠢᠭᠤᠯᠤᠯ᠂ ᠵᠣᠬᠢᠶᠠᠨ ᠪᠠᠶᠢᠭᠤᠯᠤᠯᠲᠠ᠂ ᠰᠤᠷᠲᠠᠯ ᠤᠨ ᠲᠠᠯ᠎ᠠ ᠠᠴᠠ ᠪᠦᠬᠦ ᠲᠠᠯ᠎ᠠ ᠪᠠᠷ ᠬᠦᠴᠦᠯᠡᠵᠦ᠂ ᠪᠦᠬᠦ ᠲᠠᠯ᠎ᠠ ᠪᠠᠷ᠂ ᠪᠦᠬᠦ ᠭᠠᠵᠠᠷ ᠣᠷᠣᠨ ᠳᠤ᠂ ᠪᠦᠬᠦ ᠶᠠᠪᠤᠴᠠ ᠳᠤ ᠠᠮᠢ ᠠᠬᠤᠶ ᠶᠢᠨ ᠣᠷᠴᠢᠨ ᠨᠦᠭᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠠᠬᠤᠢ ᠶᠢᠨ ᠴᠢᠨᠠᠷ ᠴᠢᠨᠰᠠᠭ᠎ᠠ ᠶᠢᠨ ᠲᠤᠤᠷᠠᠳᠦ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠲᠡᠭᠡᠳᠦ ᠬᠢᠵᠠᠭᠠᠷ ᠱᠤᠭᠤᠮ ᠢ ᠲᠣᠭᠲᠠᠭᠠᠬᠤ ᠶᠢ ᠠᠬᠢᠭᠤᠯᠵᠦ᠂ ᠦᠨᠳᠦᠰᠦᠨ ᠴᠢᠨᠠᠷᠲᠠᠶ᠂ ᠡᠭᠦᠳᠦᠯᠲᠡ ᠶᠢᠨ ᠴᠢᠨᠠᠷᠲᠠᠶ᠂ ᠠᠯᠤᠰ ᠬᠡᠳᠦ ᠶᠢᠨ ᠴᠢᠨᠠᠷᠲᠠᠶ ᠠᠯᠢ ᠤᠯᠠᠨ ᠠᠵᠢᠯ ᠢ ᠥᠷᠨᠢᠭᠦᠯᠪᠡ᠃ ᠨᠠᠮ ᠠᠴᠠ ᠭᠤᠤᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠵᠤᠭᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠳᠦᠷᠢᠮ᠂ ᠤᠯᠤᠰ ᠤᠨ ᠨᠤᠳᠤᠭ ᠲᠡᠪᠢᠰᠭᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠳᠦᠷᠢᠮ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢ ᠦᠨᠡᠯᠡᠵᠦ ᠬᠢᠨᠠᠨ ᠰᠢᠯᠭᠠᠬᠤ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ᠂ ᠠᠮᠢ ᠠᠬᠤᠢ ᠶᠢᠨ ᠨᠥᠬᠦᠪᠥᠷᠢ ᠶᠢᠨ ᠳᠦᠷᠢᠮ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠣᠢ ᠰᠢᠭᠤᠶ ᠶᠢᠨ ᠳᠠᠷᠤᠭ᠎ᠠ ᠶᠢᠨ ᠳᠦᠷᠢᠮ᠂ ᠣᠷᠴᠢᠨ ᠠᠬᠤᠢ ᠶᠢᠨ ᠬᠠᠮᠠᠭᠠᠯᠠᠯᠲᠠ ᠳᠤ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ᠪᠠ ︽ᠨᠢᠬᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠭᠡᠯᠡᠬᠦ︾ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠲᠠᠭᠠᠭᠰᠠᠨ ᠪᠠ ᠵᠠᠰᠠᠵᠦ ᠲᠤᠭᠲᠠᠭᠠᠪᠠ ᠃ ᠤᠯᠤᠰ ᠤᠨ ᠨᠤᠳᠤᠭ ᠲᠡᠪᠢᠰᠭᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠪᠠᠶᠢᠭᠤᠯᠵᠤ᠂ ᠶᠡᠭᠡ ᠬᠡᠪᠴᠢᠶᠡᠨ ᠤ ᠤᠯᠤᠰ ᠤᠨ ᠨᠤᠳᠤᠭ ᠲᠡᠪᠢᠰᠭᠡᠷ ᠢ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠶᠡᠭᠡ ᠭᠤᠤᠯ ᠮᠥᠷᠡᠨ ᠪᠠ ᠴᠢᠬᠤᠯᠠ ᠨᠠᠭᠤᠷ ᠴᠥᠭᠦᠷᠥᠮ ᠨᠤᠭᠤ ᠭᠠᠵᠠᠷ ᠵᠢᠴᠢ ᠳᠠᠯᠠᠢ ᠶᠢᠨ ᠡᠷᠭᠢ ᠶᠢᠨ ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠪᠠ ᠰᠢᠰᠲ᠋ᠧᠮᠳᠦ ᠵᠠᠰᠠᠯᠲᠠ ᠶᠢ ᠴᠢᠩᠭᠠᠳᠬᠠᠵᠤ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠶᠢ ᠴᠢᠩᠭᠠᠳᠬᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠶ ᠶᠢ ᠬᠠᠮᠠᠭᠠᠯᠠᠬᠤ ᠶᠢᠨ ᠣᠷᠣᠨ ᠵᠠᠶ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠶᠢ ᠠᠬᠢᠭᠤᠯᠪᠠ᠃ ᠨᠠᠮ ᠤᠳᠤᠷᠢᠳᠴᠤ ᠪᠠᠶᠢᠭᠠᠳ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠭᠡ ᠰᠡᠳᠦᠪ ᠢ ᠰᠢᠢᠳᠪᠦᠷᠢᠯᠡᠭᠦ ᠲᠠᠶᠢᠨ ᠤ ᠢᠯᠠᠯᠲᠠ ᠶᠢ ᠬᠦᠴᠦᠯᠡᠨ ᠣᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠨ ᠢ ᠰᠠᠶᠢᠲᠤᠷ ᠬᠢᠵᠦ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠂ ︽ᠬᠠᠷᠢ ᠶᠢᠨ ᠬᠤᠭ ᠨᠣᠪᠰᠢ︾᠎ ᠶᠢ ᠭᠠᠳᠠᠭᠠᠳᠤ ᠠᠴᠠ ᠣᠷᠣᠭᠤᠯᠬᠤ ᠶᠢ ᠪᠦᠬᠦ ᠲᠠᠯ᠎ᠠ ᠪᠠᠷ ᠴᠠᠭᠠᠵᠠᠯᠠᠪᠠ᠃ ᠲᠥᠪ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠬᠢᠨᠡᠨ ᠪᠠᠶᠢᠴᠠᠭᠠᠯᠲᠠ ᠶᠢ ᠥᠷᠨᠢᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠭᠰᠡᠨ ᠨᠢᠭᠡ ᠪᠦᠯᠦᠭ ᠬᠦᠨᠳᠦ ᠶᠡᠭᠡ ᠨᠡᠶᠢᠲᠡᠯᠢᠭ ᠬᠡᠷᠡᠭ ᠢ ᠡᠷᠡᠰ ᠪᠠᠶᠢᠴᠠᠭᠠᠨ ᠰᠢᠢᠳᠪᠦᠷᠢᠯᠡᠵᠦ᠂ ᠠᠷᠠᠳ ᠤᠯᠠᠨ ᠤ ᠲᠤᠰᠬᠠᠯ ᠶᠡᠭᠡ ᠲᠠᠢ ᠨᠢᠭᠡ ᠪᠦᠯᠦᠭ ᠣᠷᠴᠢᠨ ᠠᠬᠤᠶ ᠶᠢᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠪᠠ᠃ ᠮᠠᠨ ᠤ ᠤᠯᠤᠰ ᠪᠦᠬᠦ ᠪᠥᠮᠪᠥᠷᠴᠡᠭ ᠤᠨ ᠣᠷᠴᠢᠨ ᠠᠬᠤᠢ ᠭᠢᠭᠡᠳ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ 2030 ᠣᠨ ᠠᠴᠠ ᠡᠮᠦᠨ᠎ᠡ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠶᠢ ᠣᠷᠭᠢᠯ ᠭᠡᠮᠵᠢᠭᠳᠡᠯ ᠳᠤᠨᠢ ᠭᠦᠷᠭᠡᠭᠦ ᠪᠠ 2060 ᠣᠨ ᠠᠴᠠ ᠡᠮᠦᠨ᠎ᠡ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠬᠤ ᠲᠥᠪ ᠴᠢᠩᠭ᠎ᠠ ᠠᠮᠠᠯᠠᠯᠲᠠ ᠬᠢᠵᠦ᠂ ᠬᠠᠷᠢᠭᠤᠴᠠᠯᠭ᠎ᠠ ᠲᠠᠢ ᠲᠤᠮᠦ ᠤᠯᠤᠰ ᠤᠨ ᠡᠭᠦᠷᠭᠡᠯᠡᠯ ᠢ ᠢᠯᠡᠷᠡᠭᠦᠯᠵᠡᠶ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠤᠷᠢᠳ ᠡᠮᠦᠨ᠎ᠡ ᠪᠠᠶᠢᠭ᠎ᠠ ᠦᠭᠡᠶ ᠡᠷᠴᠢᠮ ᠢᠶᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠳᠬᠤᠬᠰᠠᠨ ᠢᠶᠠᠷ᠂ ᠪᠦᠬᠦ ᠨᠠᠮ ᠪᠦᠬᠦ ᠤᠯᠤᠰ ᠤᠨ ᠨᠤᠭᠤᠭᠠᠨ ᠬᠥᠭᠵᠢᠯᠲᠡ ᠶᠢ ᠠᠬᠢᠭᠤᠯᠬᠤ ᠤᠬᠠᠮᠰᠠᠷᠲᠤ ᠴᠢᠨᠠᠷ ᠪᠣᠯᠤᠨ ᠰᠠᠨᠠᠭᠠᠴᠢᠯᠠᠭᠠᠲᠤ ᠴᠢᠨᠠᠷ ᠢᠯᠡᠳᠲᠡ ᠴᠢᠩᠭᠠᠷᠠᠵᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠵᠤ᠂ ᠮᠠᠨ ᠤ ᠤᠯᠤᠰ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠳᠤ ᠲᠡᠤᠬᠡᠲᠦ ᠴᠢᠨᠠᠷᠲᠠᠶ᠂ ᠡᠷᠭᠢᠯᠲᠡ ᠶᠢᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ ᠬᠤᠪᠢᠷᠠᠯᠲᠠ ᠭᠠᠷᠪᠠ᠃      ︵ᠠᠷᠪᠠ︶ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ      ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠠᠷᠠᠳ ᠤᠨ ᠴᠡᠷᠢᠭ ᠠᠩᠭᠢ ᠶᠢᠨ ᠬᠤᠪᠢᠰᠬᠠᠯᠵᠢᠯᠲᠠ ᠤᠲᠤᠬᠢᠴᠢᠯᠠᠯᠲᠠ ᠵᠢᠩᠭᠢᠨᠢᠴᠢᠯᠠᠯᠲᠡ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠣᠳᠠᠲᠤ ᠬᠦᠴᠦᠨ ᠡᠳᠦᠷ ᠢᠷᠡᠬᠦᠶ᠎ᠡ ᠴᠢᠩᠭᠠᠷᠠᠭᠠᠳ᠂ ᠤᠯᠤᠰ ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠳᠤ ᠨᠠᠶᠢᠳᠠᠪᠤᠷᠢᠲᠠᠶ ᠠᠮᠤᠷ ᠲᠦᠪᠰᠢᠨ ᠤ ᠪᠠᠲᠤᠯᠠᠭ᠎ᠠ ᠬᠠᠩᠭᠠᠪᠠ᠃ ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠤᠯᠤᠰ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠴᠡᠷᠢᠭ ᠢᠶᠠᠨ ᠬᠦᠴᠦᠷᠬᠡᠭᠵᠢᠭᠦᠯᠬᠦ ᠬᠡᠷᠡᠭᠲᠡᠢ᠂ ᠴᠡᠷᠢᠭ ᠬᠦᠴᠦᠷᠬᠡᠭ ᠪᠤᠯ ᠰᠠᠶ᠋ᠢ ᠤᠯᠤᠰ ᠤᠨ ᠠᠮᠤᠷ ᠲᠠᠶᠢᠪᠤᠩ ᠢ ᠪᠠᠲᠤᠯᠠᠵᠤ ᠴᠢᠳᠠᠨ᠎ᠠ᠂ ᠡᠷᠬᠡᠪᠰᠢ ᠮᠠᠨ ᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠲᠠᠢ ᠵᠤᠬᠢᠴᠠᠯᠳᠤᠭᠰᠠᠨ᠂ ᠤᠯᠤᠰ ᠤᠷᠤᠨ ᠤ ᠠᠮᠤᠷ ᠲᠦᠪᠰᠢᠨ ᠪᠠ ᠬᠦᠭᠵᠢᠯᠲᠡ ᠶᠢᠨ ᠠᠰᠢᠭ ᠲᠤᠰᠠ ᠲᠠᠢ ᠳᠤᠬᠢᠷᠠᠯᠴᠠᠭᠰᠠᠨ ᠪᠠᠲᠤ ᠪᠠᠬᠢ ᠤᠯᠤᠰ ᠤᠨ ᠪᠠᠲᠤᠯᠠᠨ ᠬᠠᠮᠠᠭᠠᠯᠠᠯᠲᠠ ᠪᠠ ᠬᠦᠴᠦᠷᠬᠡᠭ ᠶᠡᠭᠡ ᠠᠷᠠᠳ ᠤᠨ ᠴᠡᠷᠢᠭ ᠠᠩᠬᠢ ᠶᠢ ᠪᠠᠶᠢᠭᠤᠯᠬᠤ ᠬᠡᠷᠡᠭᠲᠡᠶ᠃      ᠨᠠᠮ ᠠᠴᠠ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠳᠤᠷᠠᠳᠴᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠣᠭᠲᠠᠭᠠᠵᠤ᠂ 2027 ᠣᠨ ᠪᠣᠯᠬᠤ ᠳᠤ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ 2035 ᠣᠨ ᠪᠣᠯᠬᠤ ᠳᠤ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ᠂ ᠲᠤᠰ ᠵᠠᠭᠤᠨ ᠤ ᠳᠤᠮᠳᠠᠴᠢ ᠦᠶ᠎ᠡ ᠪᠣᠯᠬᠤ ᠳᠤ ᠳᠡᠯᠡᠬᠡᠶ ᠶᠢᠨ ᠲᠡᠷᠢᠭᠦᠨ ᠵᠡᠷᠭᠡ ᠶᠢᠨ ᠴᠡᠷᠢᠭ ᠠᠩᠬᠢ ᠶᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢᠨ ᠰᠢᠨ᠎ᠡ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠶᠢ ᠲᠣᠭᠲᠠᠭᠠᠵᠤ᠂ ᠤᠯᠤᠰ ᠲᠦᠷᠦ ᠪᠠᠷ ᠴᠡᠷᠢᠭ ᠢ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ ᠢ ᠵᠠᠰᠠᠬᠤ ᠶᠢ ᠠᠬᠢᠭᠤᠯᠵᠦ᠂ ᠴᠡᠷᠢᠭ ᠤᠨ ᠶᠠᠪᠤᠳᠠᠯ ᠤᠨ ᠣᠨᠣᠯ ᠤᠨ ᠣᠳᠣᠬᠢᠴᠢᠯᠠᠯᠲᠠ᠂ ᠴᠡᠷᠢᠭ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠣᠳᠣᠬᠢᠴᠢᠯᠠᠯᠲᠠ᠂ ᠴᠡᠷᠢᠭ ᠤᠨ ᠶᠠᠪᠤᠳᠠᠯ ᠤᠨ ᠠᠵᠢᠯᠲᠠᠨ ᠤ ᠣᠳᠣᠬᠢᠴᠢᠯᠠᠯᠲᠠ᠂ ᠵᠡᠪᠰᠡᠭ ᠲᠣᠨᠣᠭᠯᠠᠯ ᠤᠨ ᠣᠳᠣᠬᠢᠴᠢᠯᠠᠯᠲᠠ ᠶᠢ ᠲᠦᠷᠭᠡᠳᠭᠡᠵᠦ᠂ ᠮᠧᠬᠠᠨᠢᠬᠴᠢᠯᠠᠯᠲᠠ ᠮᠡᠳᠡᠭᠡ ᠵᠠᠩᠭᠢᠵᠢᠯᠲᠠ ᠤᠶᠤᠨᠴᠢᠯᠠᠯᠲᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠭᠡᠵᠦ᠂ ᠴᠡᠷᠢᠭ ᠪᠤᠯᠪᠠᠰᠤᠷᠠᠭᠤᠯᠤᠨ ᠲᠠᠶᠢᠨ ᠳᠤ ᠪᠡᠯᠡᠳᠭᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠴᠡᠷᠢᠭ ᠢ ᠬᠦᠴᠦᠷᠬᠡᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠪᠠ᠃      ᠬᠦᠴᠦᠷᠬᠡᠭ ᠶᠡᠭᠡ ᠠᠷᠠᠳ ᠤᠨ ᠴᠡᠷᠢᠭ ᠠᠩᠭᠢ ᠶᠢ ᠪᠦᠲᠦᠭᠡᠨ ᠪᠠᠶᠢᠭᠤᠯᠬᠤ ᠳᠤ᠂ ᠲᠡᠷᠢᠭᠦᠨ ᠴᠢᠬᠤᠯᠠ ᠶᠠᠪᠤᠳᠠᠯ ᠪᠤᠯ ᠠᠷᠠᠳ ᠤᠨ ᠴᠡᠷᠢᠭ ᠠᠩᠭᠢ ᠶᠢ ᠨᠠᠮ ᠬᠠᠷᠢᠴᠠᠯᠠᠰᠢ ᠦᠭᠡᠢ ᠤᠳᠤᠷᠢᠳᠬᠤ ᠦᠨᠳᠦᠰᠦᠨ ᠵᠠᠷᠴᠢᠮ ᠪᠠ ᠳᠦᠷᠢᠮ ᠢ ᠭᠤᠶᠢᠪᠢᠰᠢ ᠦᠭᠡᠢ ᠪᠠᠷᠢᠮᠲᠠᠯᠠᠵᠤ᠂ ᠠᠷᠠᠳ ᠤᠨ ᠴᠡᠷᠢᠭ ᠠᠩᠭᠢ ᠶᠢᠨ ᠬᠠᠮᠤᠭ ᠤᠨ ᠳᠡᠭᠡᠳᠦ ᠤᠳᠤᠷᠢᠳᠬᠤ ᠡᠷᠬᠡ ᠪᠠ ᠵᠢᠯᠣᠭᠤᠳᠬᠤ ᠡᠷᠬᠡ ᠨᠢ ᠨᠠᠮ ᠤᠨ ᠲᠥᠪ ᠬᠤᠷᠢᠶ᠎ᠠ ᠪᠠ ᠲᠥᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠳᠤ ᠪᠠᠶᠢᠬᠤ ᠶᠢ ᠪᠠᠷᠢᠮᠳᠠᠯᠠᠵᠦ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠲᠦᠷᠢᠮ ᠢ ᠪᠦᠬᠦ ᠲᠠᠯ᠎ᠠ ᠪᠠᠷ ᠭᠦᠨᠵᠡᠭᠡᠶ ᠲᠤᠭᠤᠰᠢᠯᠠᠭᠤᠯᠬᠤ ᠳᠤ ᠤᠷᠤᠰᠢᠨ᠎ᠠ᠃ ᠨᠢᠭᠡ ᠦᠶ᠎ᠡ ᠳᠤ᠂ ᠠᠷᠠᠳ ᠤᠨ ᠴᠡᠷᠢᠭ ᠠᠩᠭᠢ ᠳᠠᠬᠢ ᠨᠠᠮ ᠤᠨ ᠤᠳᠤᠷᠢᠳᠤᠯᠭ᠎ᠠ ᠰᠤᠯᠠᠷᠠᠬᠤ ᠠᠰᠠᠭᠤᠳᠠᠯ ᠲᠣᠪᠤᠶᠢᠮ᠎ᠠ ᠪᠠᠶᠢᠪᠠ᠂ ᠬᠡᠷᠪᠡ ᠲᠦᠢᠯᠪᠤᠷᠢᠲᠠᠶ ᠰᠢᠢᠳᠪᠦᠷᠢᠯᠡᠬᠦ ᠦᠭᠡᠢ ᠪᠣᠯ ᠳᠠᠶᠢᠴᠢᠨ ᠬᠦᠴᠦᠨ ᠢ ᠨᠥᠯᠥᠭᠡᠯᠡᠬᠦ ᠪᠠᠷ ᠪᠠᠷᠠᠬᠤ ᠦᠭᠡᠢ ᠪᠠᠰᠠ ᠵᠡᠪᠰᠡᠭ ᠢ ᠨᠠᠮ ᠵᠠᠭᠢᠷᠬᠤ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠵᠠᠷᠴᠢᠮ ᠳᠤ ᠬᠤᠯᠪᠣᠭᠳᠠᠬᠤ ᠶᠤᠮ᠃ ᠨᠠᠮ ᠤᠨ ᠲᠥᠪ ᠬᠤᠷᠢᠶ᠎ᠠ ᠪᠣᠯᠤᠨ ᠲᠥᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶ᠎ᠠ ᠴᠡᠷᠢᠭ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠴᠢᠩᠭ᠎ᠠ ᠠᠳᠬᠤᠵᠤ᠂ ᠡᠷᠡᠰ ᠰᠢᠭᠤᠷᠬᠠᠶ ᠪᠠᠷ ᠪᠣᠳᠣᠯᠭ᠎ᠠ ᠲᠣᠭᠲᠠᠭᠠᠨ ᠠᠷᠠᠳ ᠤᠨ ᠴᠡᠷᠢᠭ ᠠᠩᠭᠢ ᠶᠢᠨ ᠤᠯᠤᠰ ᠲᠥᠷᠥ ᠶᠢᠨ ᠳᠦᠷᠢᠮ ᠰᠠᠬᠢᠯᠭ᠎ᠠ ᠶᠢ ᠴᠡᠭᠴᠡᠯᠡᠵᠦ᠂ ᠭᠦᠲ᠋ᠢᠶᠠᠨ ᠳᠤ ᠪᠦᠬᠦ ᠴᠡᠷᠢᠭ ᠤᠨ ᠤᠯᠤᠰ ᠲᠥᠷᠥ ᠶᠢᠨ ᠠᠵᠢᠯ ᠤᠨ ᠬᠤᠷᠠᠯ ᠢ ᠬᠤᠷᠠᠯᠳᠤᠭᠤᠯᠦᠨ᠂ ᠰᠢᠨ᠎ᠡ ᠴᠠᠭ ᠦᠶ᠎ᠡ ᠳᠤ ᠤᠯᠤᠰ ᠲᠥᠷᠥ ᠪᠠᠷ ᠴᠡᠷᠢᠭ ᠪᠠᠶᠢᠭᠤᠯᠬᠤ ᠲᠤᠬᠠᠶ ᠪᠠᠶᠢᠷᠢᠯᠠᠭᠤᠯᠤᠯᠲᠠ ᠬᠢᠵᠦ᠂ ᠮᠠᠨ ᠤ ᠨᠠᠮ ᠮᠠᠨ ᠤ ᠴᠡᠷᠢᠭ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠰᠡᠷᠭᠦᠭᠡᠨ ᠪᠠᠳᠠᠷᠠᠭᠤᠯᠵᠤ᠂ ᠰᠤᠷᠲᠠᠯ ᠴᠡᠭᠴᠡᠯᠡᠬᠦ ᠵᠣᠷᠢᠭ ᠰᠠᠨᠠᠭ᠎ᠠ ᠪᠠᠷ ᠤᠯᠤᠰ ᠲᠥᠷᠥ ᠶᠢᠨ ᠴᠡᠭᠴᠡᠯᠡᠯᠲᠡ ᠪᠣᠯᠪᠠᠰᠤᠷᠠᠭᠤᠯᠤᠯ ᠢ ᠠᠬᠢᠭᠤᠯᠵᠤ᠂ ᠴᠡᠷᠢᠭ ᠠᠩᠭᠢ ᠳᠠᠬᠢ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠡᠷᠢᠭ ᠠᠩᠭᠢ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠤᠯᠤᠨ ᠢᠯᠵᠢᠷᠠᠯ ᠢ ᠡᠰᠡᠷᠬᠦᠴᠡᠬᠦ ᠳᠡᠮᠡᠴᠡᠯ ᠢ ᠬᠦᠨᠵᠡᠭᠡᠢ ᠠᠬᠢᠭᠤᠯᠵᠤ᠂ ᠭᠦᠸᠧ ᠪᠥᠸᠧ ᠰᠢᠶᠦ᠋ᠩ᠂ ᠰᠢᠦ᠋ᠶ ᠼᠠᠶ ᠾᠧᠦ᠂ ᠹᠠᠩ ᠹᠧᠩ ᠾᠦᠢ᠂ ᠵᠠᠩ ᠶᠠᠩ ᠵᠡᠷᠭᠡ ᠶᠢᠨ ᠰᠠᠭᠢᠯᠭ᠎ᠠ ᠪᠠᠳᠦ ᠬᠠᠤᠯᠢ ᠴᠠᠭᠠᠵᠠ ᠠᠴᠠ ᠬᠦᠨᠳᠦ ᠨᠣᠴᠢᠲᠠᠶ ᠵᠥᠷᠢᠴᠡᠭᠰᠡᠨ ᠬᠡᠷᠡᠭ ᠢ ᠡᠷᠡᠰ ᠪᠠᠶᠢᠴᠠᠭᠠᠨ ᠰᠢᠢᠳᠪᠦᠷᠢᠯᠡᠭᠰᠡᠨ ᠪᠦᠭᠡᠳ ᠲᠠᠷᠬᠠᠭᠠᠬᠰᠠᠨ ᠬᠤᠤᠷ ᠬᠦᠨᠤᠭᠡᠯ ᠤᠨ ᠨᠦᠯᠦᠭᠡ ᠶᠢ ᠨᠢ ᠲᠦᠢᠯᠪᠤᠷᠢᠲᠠᠶ ᠴᠡᠪᠡᠷᠯᠡᠨ ᠠᠷᠢᠯᠭᠠᠵᠦ᠂ ᠠᠷᠠᠳ ᠤᠨ ᠴᠡᠷᠢᠭ ᠠᠩᠭᠢ ᠶᠢᠨ ᠤᠯᠤᠰ ᠲᠥᠷᠥ ᠶᠢᠨ ᠠᠮᠢ ᠠᠬᠤᠢ ᠶᠢᠨ ᠦᠨᠳᠦᠰᠦᠨ ᠠᠴᠠ ᠪᠠᠨ ᠰᠠᠶᠢᠵᠢᠷᠠᠬᠤ ᠶᠢ ᠠᠬᠢᠭᠤᠯᠪᠠ᠃      ᠨᠠᠮ ᠠᠴᠠ ᠥᠭᠡᠷᠡᠴᠢᠯᠡᠯᠲᠡ ᠪᠠᠷ ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠳᠤᠷᠠᠳᠦᠨ ᠭᠠᠷᠭᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠬᠠᠮᠤᠭ ᠤᠨ ᠥᠷᠭᠡᠨ ᠳᠡᠯᠭᠡᠷ᠂ ᠬᠠᠮᠤᠭ ᠤᠨ ᠭᠦᠨ ᠭᠦᠨᠵᠡᠭᠡᠶ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠥᠭᠡᠷᠡᠴᠢᠯᠡᠯᠲᠡ ᠶᠢ ᠦᠷᠨᠢᠭᠦᠯᠬᠦ ᠶᠢ ᠤᠳᠤᠷᠢᠳᠴᠤ᠂ ᠠᠷᠠᠳ ᠤᠨ ᠴᠡᠷᠢᠭ ᠠᠩᠬᠢ ᠶᠢᠨ ᠤᠳᠤᠷᠢᠳᠤᠨ ᠵᠢᠯᠣᠭᠤᠳᠬᠤ ᠪᠠᠶᠢᠭᠤᠯᠤᠯ᠂ ᠤᠳᠤ ᠦᠶ᠎ᠡ ᠶᠢᠨ ᠴᠡᠷᠢᠭ ᠤᠨ ᠶᠠᠪᠤᠳᠠᠯ ᠤᠨ ᠬᠦᠴᠦᠨ ᠤ ᠰᠢᠰᠲ᠋ᠧᠮ᠂ ᠴᠡᠷᠢᠭ ᠤᠨ ᠶᠠᠪᠤᠳᠠᠯ ᠤᠨ ᠲᠦᠷᠦ ᠶᠢᠨ ᠪᠤᠳᠤᠯᠭ᠎ᠠ ᠪᠠ ᠲᠦᠷᠢᠮ ᠢ ᠲᠠᠬᠢᠨ ᠪᠠᠶᠢᠭᠤᠯᠵᠦ᠂ ᠵᠢᠩᠬᠢᠨᠢ ᠠᠯᠪᠠ ᠶᠢᠨ ᠬᠥᠮᠦᠨ ᠤ ᠲᠤᠭ᠎ᠠ ᠶᠢ ᠭᠤᠴᠢᠨ ᠲᠦᠮᠡ ᠬᠠᠰᠤᠵᠤ ᠴᠦᠭᠡᠳᠭᠡᠭᠡᠳ᠂ ᠴᠡᠷᠢᠭ ᠤᠨ ᠶᠠᠪᠤᠳᠠᠯ ᠤᠨ ᠬᠤᠷᠢᠶ᠎ᠠ ᠶᠡᠷᠦᠩᠭᠡᠢ ᠳᠤᠨᠢ ᠬᠠᠮᠢᠶᠡᠷᠬᠤ᠂ ᠪᠠᠶᠢᠯᠳᠤᠭᠠᠨ ᠤ ᠲᠤᠭᠤᠷᠢᠭ ᠪᠠᠶᠢᠯᠳᠤᠭᠠᠨ ᠬᠢᠬᠦ ᠶᠢ ᠭᠤᠤᠯᠯᠠᠨ ᠬᠠᠷᠢᠭᠤᠴᠠᠬᠤ᠂ ᠴᠡᠷᠢᠭ ᠤᠨ ᠲᠦᠷᠦᠯ ᠴᠡᠷᠢᠭ ᠤᠨ ᠪᠠᠶᠢᠭᠤᠯᠤᠯᠳᠠ ᠶᠢ ᠭᠤᠤᠯᠯᠠᠨ ᠬᠠᠷᠢᠭᠤᠴᠠᠬᠤ ᠰᠢᠨ᠎ᠡ ᠪᠠᠶᠢᠷᠢᠰᠢᠯ ᠢ ᠪᠤᠢ ᠪᠤᠯᠭᠠᠪᠠ᠃ ᠳᠡᠯᠡᠬᠡᠶ ᠶᠢᠨ ᠰᠢᠨ᠎ᠡ ᠴᠡᠷᠢᠭ ᠤᠨ ᠶᠠᠪᠤᠳᠠᠯ ᠤᠨ ᠬᠤᠪᠢᠰᠬᠠᠯ ᠤᠨ ᠡᠮᠦᠨ᠎ᠡ᠂ ᠪᠢᠳᠡ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ ᠠᠷᠠᠳ ᠤᠨ ᠴᠡᠷᠢᠭ ᠠᠩᠭᠢ ᠶᠢ ᠪᠦᠲᠦᠭᠡᠨ ᠪᠠᠶᠢᠭᠤᠯᠵᠤ᠂ ᠬᠦᠴᠦᠷᠬᠡᠭ ᠶᠡᠭᠡ ᠣᠳᠣᠬᠢᠴᠢᠯᠠᠭᠰᠠᠨ ᠠᠷᠤ ᠲᠠᠯ᠎ᠠ ᠶᠢᠨ ᠦᠢᠯᠡᠴᠢᠯᠡᠭᠡ ᠶᠢ ᠪᠦᠲᠦᠭᠡᠨ ᠪᠠᠶᠢᠭᠤᠯᠤᠭᠰᠠᠨ ᠢᠶᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠤᠯᠤᠨ ᠵᠡᠪᠰᠡᠭ ᠲᠣᠨᠣᠭᠯᠠᠯ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠬᠢᠯᠲᠠ ᠲᠠᠢ ᠪᠣᠯᠪᠠ᠃ ᠴᠢᠳᠠᠪᠤᠷᠢᠲᠠᠨ ᠢᠶᠠᠷ ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠣᠭᠲᠠᠭᠠᠵᠤ ᠂ ᠴᠡᠷᠢᠭ ᠠᠩᠭᠢ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠲᠣᠳᠣᠷᠬᠠᠶᠢᠯᠠᠵᠤ᠂ ᠭᠤᠷᠪᠠ ᠶᠢ ᠨᠢᠭᠡ ᠴᠣᠭᠴᠠᠵᠢᠭᠤᠯᠤᠭᠰᠠᠨ ᠰᠢᠨ᠎ᠡ ᠮᠠᠶ᠋ᠢᠭ ᠤᠨ ᠴᠡᠷᠢᠭ ᠤᠨ ᠶᠠᠪᠤᠳᠠᠯ ᠤᠨ ᠴᠢᠳᠠᠪᠤᠷᠢᠲᠠᠨ ᠬᠥᠮᠦᠵᠢᠭᠦᠯᠬᠦ ᠰᠢᠰᠲ᠋ᠧᠮ ᠢ ᠪᠠᠶᠢᠭᠤᠯᠬᠤ ᠶᠢ ᠠᠬᠢᠭᠤᠯᠵᠦ᠂ ᠰᠦᠭ ᠰᠦᠨᠡᠰᠦ ᠲᠠᠢ᠂ ᠡᠷᠳᠡᠮ ᠴᠢᠳᠠᠪᠤᠷᠢ ᠲᠠᠢ᠂ ᠣᠮᠤᠭ ᠵᠣᠷᠢᠭ ᠲᠠᠢ᠂ ᠶᠣᠰᠣ ᠮᠣᠷᠠᠯ ᠲᠠᠢ ᠰᠢᠨ᠎ᠡ ᠴᠠᠭ ᠦᠶ᠎ᠡ ᠶᠢᠨ ᠬᠤᠪᠢᠰᠬᠠᠯᠲᠤ ᠴᠡᠷᠢᠭ ᠢ ᠬᠥᠮᠦᠵᠢᠭᠦᠯᠵᠦ᠂ ᠲᠡᠮᠦᠷ ᠮᠡᠲᠦ ᠢᠲᠡᠭᠡᠯ ᠪᠢᠰᠢᠷᠡᠯ ᠲᠠᠢ᠂ ᠲᠡᠮᠦᠷ ᠮᠡᠲᠦ ᠢᠲᠡᠭᠡᠯ ᠵᠤᠷᠢᠭ ᠲᠠᠢ᠂ ᠲᠡᠮᠦᠷ ᠮᠡᠲᠦ ᠰᠠᠬᠢᠯᠭ᠎ᠠ ᠪᠠᠲᠤ ᠲᠠᠢ᠂ ᠲᠡᠮᠦᠷ ᠮᠡᠲᠦ ᠡᠭᠦᠷᠭᠡᠯᠡᠯ ᠲᠠᠢ ᠴᠠᠭᠠᠷᠠᠭᠰᠠᠨ ᠴᠡᠷᠢᠭ ᠠᠩᠬᠢ ᠶᠢ ᠳᠠᠪᠲᠠᠨ ᠪᠣᠯᠪᠠᠰᠤᠷᠠᠭᠤᠯᠪᠠ᠃ ᠬᠠᠤᠯᠢ ᠶᠣᠰᠣᠭᠠᠷ ᠴᠡᠷᠢᠭ ᠢ ᠵᠠᠰᠠᠬᠤ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠴᠡᠷᠢᠭ ᠤᠨ ᠶᠠᠪᠤᠳᠠᠯ ᠤᠨ ᠬᠠᠤᠯᠢ ᠪᠠᠷ ᠵᠠᠰᠠᠬᠤ ᠰᠢᠰᠲ᠋ᠧᠮ ᠢ ᠪᠠᠶᠢᠭᠤᠯᠵᠤ᠂ ᠴᠡᠷᠢᠭ ᠢ ᠵᠠᠰᠠᠬᠤ ᠠᠷᠭ᠎ᠠ ᠮᠠᠶ᠋ᠢᠭ ᠤᠨ ᠦᠨᠳᠦᠰᠦᠨ ᠴᠢᠨᠠᠷᠲᠠᠶ ᠬᠤᠪᠢᠷᠠᠯᠲᠠ ᠶᠢ ᠲᠦᠷᠭᠡᠳᠭᠡᠪᠡ᠃ ᠴᠡᠷᠢᠭ ᠤᠨ ᠬᠦᠮᠦᠨ ᠤ ᠢᠷᠠᠭᠤ ᠠᠯᠳᠠᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃      ᠨᠠᠮ ᠠᠴᠠ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠳᠤᠷᠠᠳᠴᠤ᠂ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠶᠢᠨ ᠰᠢᠨ᠎ᠡ ᠶᠢ ᠡᠭᠦᠳᠴᠦ᠂ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠷᠠᠳ ᠤᠨ ᠴᠡᠷᠢᠭ ᠠᠩᠬᠢ ᠶᠢᠨ ᠪᠠᠶᠢᠳᠠᠯ ᠲᠥᠯᠥᠪ ᠢ ᠪᠤᠢ ᠪᠣᠯᠭᠠᠬᠤ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠲᠠᠶᠢᠨ ᠢ ᠬᠤᠷᠢᠭᠯᠠᠬᠤ᠂ ᠲᠠᠶᠢᠨ ᠳᠤ ᠢᠯᠠᠯᠲᠠ ᠤᠯᠬᠤ ᠪᠠᠶᠢᠯᠳᠤᠬᠤ ᠪᠤᠳᠤᠯᠭ᠎ᠠ ᠶᠢᠨ ᠴᠢᠳᠠᠮᠵᠢ ᠶᠢ ᠴᠢᠩᠭᠠᠳᠬᠠᠪᠠ᠃ ᠠᠷᠠᠳ ᠤᠨ ᠴᠡᠷᠢᠭ ᠠᠩᠭᠢ ᠳᠠᠶᠢᠴᠢᠨ ᠬᠦᠴᠦᠨ ᠭᠡᠬᠦ ᠡᠨᠡ ᠬᠦ ᠴᠣᠷᠢ ᠶᠢᠨ ᠭᠠᠭᠴᠠ ᠦᠨᠳᠦᠰᠦᠨ ᠪᠠᠷᠢᠮᠵᠢᠶ᠎ᠠ ᠶᠢ ᠴᠢᠩᠭ᠎ᠠ ᠠᠳᠬᠤᠵᠤ᠂ ᠳᠠᠶᠢᠨ ᠬᠢᠵᠦ ᠴᠢᠳᠠᠬᠤ᠂ ᠢᠯᠠᠭᠤᠭᠰᠠᠨ ᠳᠠᠶᠢᠨ ᠬᠢᠵᠦ ᠴᠢᠳᠠᠬᠤ ᠡᠨᠡ ᠬᠦ ᠦᠨᠳᠦᠰᠦᠨ ᠴᠢᠭᠯᠡᠯ ᠢ ᠠᠳᠬᠤᠵᠤ᠂ ᠪᠠᠶᠢᠯᠳᠤᠬᠤ ᠪᠣᠳᠣᠯᠭ᠎ᠠ ᠶᠢᠨ ᠬᠦᠴᠦᠨ ᠪᠣᠯᠤᠨ ᠰᠢᠨ᠎ᠡ ᠬᠦᠷᠢᠶ᠎ᠡ ᠰᠢᠨ᠎ᠡ ᠴᠢᠨᠠᠷ ᠤᠨ ᠪᠠᠶᠢᠯᠳᠤᠭᠠᠨ ᠬᠢᠬᠦ ᠬᠦᠴᠦᠨ ᠢ ᠪᠤᠵᠠᠭᠠᠶᠢᠷᠠᠭᠤᠯᠵᠤ᠂ ᠬᠠᠮᠳᠤᠷᠠᠬᠰᠠᠨ ᠪᠠᠶᠢᠯᠳᠤᠭᠠᠨ ᠬᠢᠬᠦ ᠵᠢᠯᠣᠭᠤᠳᠬᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠡᠩᠬᠡ ᠲᠠᠶᠢᠪᠤᠩ ᠤᠨ ᠬᠤᠷᠠᠮᠠᠯ ᠭᠡᠮ︾᠎ ᠢ ᠶᠡᠭᠡ ᠪᠠᠷ ᠵᠠᠯᠠᠷᠠᠭᠤᠯᠤᠨ ᠵᠠᠰᠠᠵᠤ᠂ ᠪᠤᠳᠠᠲᠤ ᠳᠠᠶᠢᠨ ᠤ ᠮᠠᠶ᠋ᠢᠭ ᠤᠨ ᠴᠡᠷᠢᠭ ᠤᠨ ᠰᠤᠷᠭᠠᠭᠤᠯᠢᠯᠠᠯ ᠢ ᠶᠡᠭᠡ ᠪᠠᠷ ᠠᠳᠬᠤᠵᠤ᠂ ᠬᠦᠴᠦᠷᠬᠡᠭ ᠶᠡᠭᠡ ᠪᠦᠭᠡᠳ ᠪᠠᠳᠤ ᠪᠠᠬᠢ ᠣᠳᠣ ᠦᠶ᠎ᠡ ᠶᠢᠨ ᠬᠢᠯᠢ ᠳᠠᠯᠠᠢ ᠠᠭᠠᠷ ᠤᠨ ᠰᠡᠷᠭᠡᠶᠢᠯᠡᠯᠲᠡ ᠶᠢ ᠪᠦᠲᠦᠭᠡᠨ ᠪᠠᠶᠢᠭᠤᠯᠵᠤ᠂ ᠴᠡᠷᠢᠭ ᠳᠠᠶᠢᠨ ᠤ ᠲᠡᠮᠡᠴᠡᠯ ᠢ ᠡᠷᠡᠰ ᠰᠢᠭᠤᠷᠬᠠᠶ ᠪᠥᠭᠡᠳ ᠠᠮᠢᠳᠤᠯᠢᠭ ᠢᠶᠠᠷ ᠥᠷᠨᠢᠭᠦᠯᠵᠦ᠂ ᠭᠠᠳᠠᠭᠠᠳᠤ ᠶᠢᠨ ᠴᠡᠷᠢᠭ ᠳᠠᠶᠢᠨ ᠤ ᠥᠳᠥᠭᠡᠯᠭᠡ ᠶᠢ ᠪᠦᠲᠦᠮᠵᠢᠲᠡᠶ ᠠᠷᠭᠠᠴᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠳᠤ ᠰᠦᠷᠳᠡᠭᠦᠯᠤᠯ ᠦᠵᠡᠬᠦᠯᠵᠦ᠂ ᠬᠢᠯᠢ ᠶᠢᠨ ᠬᠠᠮᠠᠭᠠᠯᠠᠯᠲᠠ ᠶᠢᠨ ᠲᠡᠮᠡᠴᠡᠯ ᠬᠢᠬᠦ᠂ ᠳᠠᠯᠠᠢ ᠳᠡᠭᠡᠷᠡᠬᠢ ᠡᠷᠬᠡ ᠪᠠᠨ ᠬᠠᠮᠠᠭᠠᠯᠠᠬᠤ᠂ ᠰᠦᠷᠳᠡᠭᠦᠯᠦᠯ ᠢ ᠡᠰᠡᠷᠭᠦᠴᠡᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯ ᠭᠠᠮᠰᠢᠭ ᠠᠴᠠ ᠠᠪᠤᠷᠠᠬᠤ᠂ ᠬᠢᠵᠢᠭ ᠢ ᠡᠰᠡᠷᠭᠦᠴᠡᠬᠦ᠂ ᠡᠩᠬᠡ ᠲᠠᠶᠢᠪᠤᠩ ᠢ ᠬᠠᠮᠠᠭᠠᠯᠠᠵᠦ ᠠᠶᠠᠯᠠᠯ ᠢ ᠬᠠᠮᠠᠭᠠᠯᠠᠬᠤ᠂ ᠬᠥᠮᠦᠯᠢᠭ ᠦᠵᠡᠯ ᠤᠨ ᠠᠪᠤᠷᠠᠨ ᠲᠤᠰᠠᠯᠠᠯᠳᠡ ᠬᠢᠬᠦ ᠪᠠ ᠤᠯᠠᠨ ᠤᠯᠤᠰ ᠤᠨ ᠴᠡᠷᠢᠭ ᠤᠨ ᠶᠠᠪᠤᠳᠠᠯ ᠤᠨ ᠬᠠᠮᠲᠤᠷᠠᠯᠴᠠᠭ᠎ᠠ ᠬᠢᠬᠦ ᠵᠡᠷᠭᠡ ᠴᠢᠬᠤᠯᠠ ᠶᠡᠭᠡ ᠡᠭᠦᠷᠭᠡ ᠶᠢ ᠭᠦᠢᠴᠡᠳᠭᠡᠪᠡ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ ᠴᠡᠷᠢᠭ ᠠᠩᠭᠢ ᠪᠦᠬᠦᠯᠢ ᠴᠣᠭᠴᠠᠳᠤ ᠴᠢᠨᠠᠷᠲᠠᠶ ᠬᠤᠪᠢᠰᠬᠠᠯᠳᠤ ᠴᠢᠨᠠᠷᠲᠠᠶ ᠳᠠᠬᠢᠨ ᠴᠤᠬᠴᠠᠯᠠᠯᠳᠡ ᠶᠢ ᠪᠡᠶᠡᠯᠡᠬᠦᠯᠵᠦ᠂ ᠲᠦᠷᠦᠭᠡ ᠴᠢᠩᠭᠠᠯᠠᠨ ᠲᠠᠬᠢᠨᠲᠠ ᠮᠤᠷᠳᠠᠵᠦ᠂ ᠤᠯᠤᠰ ᠤᠨ ᠪᠠᠳᠤᠯᠠᠨ ᠬᠠᠮᠠᠭᠠᠯᠠᠯᠳᠡ ᠶᠢᠨ ᠪᠣᠳᠠᠲᠤ ᠬᠦᠴᠦᠨ ᠪᠣᠯᠤᠨ ᠠᠵᠤ ᠠᠬᠤᠶ ᠶᠢᠨ ᠪᠣᠳᠠᠲᠤ ᠬᠦᠴᠦᠨ ᠵᠡᠷᠭᠡ ᠪᠠᠷ ᠳᠡᠭᠡᠭᠰᠢᠯᠡᠵᠦ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠲᠦᠷᠬᠡᠯᠡᠨ ᠪᠠᠶᠢᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠮᠢᠶᠠᠷᠤᠯᠲᠠ ᠪᠠᠲᠤᠯᠠᠭ᠎ᠠ ᠶᠢᠨ ᠪᠠᠶᠢᠭᠤᠯᠤᠯ ᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠪᠠᠳᠤᠯᠠᠨ ᠬᠠᠮᠠᠭᠠᠯᠠᠯᠳᠡ ᠶᠢᠨ ᠳᠠᠶᠢᠴᠢᠯᠠᠯᠳᠡ ᠨᠡᠩ ᠥᠨᠳᠥᠷ ᠪᠦᠲᠦᠮᠵᠢᠲᠡᠶ ᠪᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠨᠡᠩ ᠢᠯᠡᠬᠦᠦ ᠪᠠᠬᠢᠵᠢᠪᠡ᠃ ᠠᠷᠠᠳ ᠤᠨ ᠴᠡᠷᠢᠭ ᠠᠩᠬᠢ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠡᠷᠡᠰ ᠭᠦᠢᠴᠡᠳᠭᠡᠵᠦ᠂ ᠡᠷᠡᠰ ᠬᠠᠲᠠᠭᠤ ᠲᠡᠮᠡᠴᠡᠯ ᠤᠨ ᠵᠣᠷᠢᠭ ᠰᠠᠨᠠᠭ᠎ᠠ ᠪᠤᠯᠤᠨ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠪᠠ᠃      ︵ᠠᠷᠪᠠᠨ ᠨᠢᠭᠡ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ      ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠠᠴᠠ ᠥᠭᠡᠷᠡᠴᠢᠯᠡᠯᠲᠡ ᠬᠢᠬᠦ ᠬᠥᠭᠵᠢᠬᠦᠯᠬᠦ ᠲᠣᠭᠲᠠᠭᠤᠨ ᠪᠠᠶᠢᠯᠭᠠᠬᠤ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠤᠬᠳᠠᠭᠤᠨ ᠢ ᠬᠠᠮᠠᠭᠠᠯᠠᠬᠤ ᠶᠢ ᠨᠠᠮ ᠪᠠ ᠤᠯᠤᠰ ᠤᠨ ᠨᠢᠭᠡᠨ ᠰᠠᠭᠤᠷᠢ ᠴᠢᠨᠠᠷᠲᠠᠶ ᠠᠵᠢᠯ ᠪᠣᠯᠭᠠᠨ ᠠᠳᠬᠤᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠨᠥᠬᠦᠴᠡᠯ ᠢ ᠪᠤᠢ ᠪᠣᠯᠭᠠᠵᠠᠢ᠃ ᠰᠢᠨ᠎ᠡ ᠴᠠᠭ ᠦᠶ᠎ᠡ ᠳᠤ ᠣᠷᠣᠭᠠᠳ᠂ ᠮᠠᠨ ᠤ ᠤᠯᠤᠰ ᠨᠠᠩ ᠬᠦᠨᠳᠦ ᠨᠣᠴᠢᠲᠠᠶ ᠤᠯᠤᠰ ᠤᠨ ᠠᠮᠤᠷ ᠲᠦᠪᠰᠢᠨ ᠤ ᠪᠠᠶᠢᠳᠠᠯ ᠳᠤ ᠲᠤᠯᠭᠠᠷᠠᠵᠤ᠂ ᠭᠠᠳᠠᠭᠠᠳᠤ ᠳᠠᠷᠤᠯᠲᠠ ᠤᠷᠢᠳ ᠡᠮᠦᠨ᠎ᠡ ᠪᠠᠶᠢᠭ᠎ᠠ ᠦᠭᠡᠢ ᠬᠦᠨᠳᠦ ᠪᠤᠯᠵᠤ᠂ ᠤᠯᠠᠮᠵᠢᠯᠠᠯᠲᠤ ᠠᠮᠤᠷ ᠲᠦᠪᠰᠢᠨ ᠤ ᠰᠦᠷᠳᠡᠭᠦᠯᠦᠯ ᠪᠠ ᠤᠯᠠᠮᠵᠢᠯᠠᠯᠲᠤ ᠪᠤᠰᠤ ᠠᠮᠤᠷ ᠲᠦᠪᠰᠢᠨ ᠤ ᠰᠦᠷᠳᠡᠭᠦᠯᠦᠯ ᠬᠠᠷᠢᠯᠴᠠᠨ ᠰᠣᠯᠪᠢᠴᠠᠵᠤ᠂ ︽ᠬᠠᠷ᠎ᠠ ᠬᠤᠨ︾᠂ ︽ᠰᠠᠭᠠᠷᠠᠯ ᠬᠡᠷᠢᠰ︾᠎ ᠤᠨ ᠬᠡᠷᠡᠭ ᠪᠠᠶᠢᠨ ᠲᠠᠬᠢᠨ ᠭᠠᠷᠴᠤ ᠪᠠᠶᠢᠨ᠎ᠠ᠃ ᠪᠠᠶᠢᠳᠠᠯ ᠡᠭᠦᠷᠭᠡ ᠶᠢᠨ ᠱᠠᠭᠠᠷᠳᠠᠯᠭ᠎ᠠ ᠲᠠᠢ ᠬᠠᠷᠢᠴᠠᠭᠤᠯᠪᠠᠯ᠂ ᠮᠠᠨ ᠤ ᠤᠯᠤᠰ ᠤᠨ ᠤᠯᠤᠰ ᠤᠷᠤᠨ ᠤ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠬᠦᠷᠦᠯᠴᠡᠬᠦ ᠦᠭᠡᠢ᠂ ᠡᠯ᠎ᠡ ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠠᠷᠭᠠᠴᠠᠬᠤ ᠴᠢᠳᠠᠪᠤᠷᠢ ᠴᠢᠩᠭ᠎ᠠ ᠪᠢᠰᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠲᠡᠭᠦᠯᠳᠡᠷ ᠪᠤᠰᠤ ᠪᠠᠶᠢᠨ᠎ᠠ᠃ ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ ᠪᠣᠯ ᠠᠷᠠᠳ ᠤᠯᠠᠨ ᠤ ᠬᠠᠮᠤᠭ ᠤᠨ ᠦᠨᠳᠦᠰᠦᠨ᠂ ᠬᠠᠮᠤᠭ ᠤᠨ ᠲᠦᠭᠡᠮᠡᠯ ᠬᠦᠰᠡᠯ ᠡᠷᠡᠮᠡᠯᠵᠡᠯ ᠮᠥᠨ᠃ ᠡᠷᠬᠡᠪᠰᠢ ᠬᠢᠵᠠᠭᠠᠷ ᠱᠤᠭᠤᠮ ᠤᠨ ᠰᠡᠳᠭᠢᠬᠦᠶ ᠶᠢ ᠪᠠᠷᠢᠮᠳᠠᠯᠠᠨ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠨ ᠂ ᠪᠡᠯᠡᠳᠭᠡᠯ ᠠᠵᠢᠯ ᠢ ᠤᠷᠢᠳᠴᠢᠯᠠᠨ ᠬᠢᠵᠦ᠂ ᠤᠯᠤᠰ ᠣᠷᠣᠨ ᠤ ᠠᠰᠢᠭ ᠲᠤᠰᠠ ᠶᠢ ᠡᠷᠬᠢᠮᠯᠡᠨ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠵᠤ᠂ ᠤᠯᠤᠰ ᠲᠥᠷᠥ ᠶᠢᠨ ᠠᠮᠤᠷ ᠲᠦᠪᠰᠢᠨ ᠢᠶᠠᠷ ᠦᠨᠳᠦᠰᠦ ᠪᠣᠯᠭᠠᠵᠤ᠂ ᠠᠵᠤ ᠠᠬᠤᠢ ᠶᠢᠨ ᠠᠮᠤᠷ ᠲᠦᠪᠰᠢᠨ ᠢᠶᠠᠷ ᠰᠠᠭᠤᠷᠢ ᠪᠣᠯᠭᠠᠵᠤ᠂ ᠴᠡᠷᠢᠭ ᠤᠨ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠨᠡᠶᠢᠭᠡᠮ ᠤᠨ ᠠᠮᠤᠷ ᠲᠦᠪᠰᠢᠨ ᠢᠶᠠᠷ ᠪᠠᠲᠤᠯᠠᠭ᠎ᠠ ᠪᠣᠯᠭᠠᠵᠤ᠂ ᠣᠯᠠᠨ ᠤᠯᠤᠰ ᠤᠨ ᠠᠮᠤᠷ ᠲᠦᠪᠰᠢᠨ ᠢ ᠠᠬᠢᠭᠤᠯᠬᠤ ᠪᠠᠷ ᠲᠦᠰᠢᠭ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠨᠡᠭᠡᠭᠡᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠲᠤᠰ ᠪᠡᠶ᠎ᠡ ᠶᠢᠨ ᠠᠮᠤᠷ ᠲᠦᠪᠰᠢᠨ ᠪᠠ ᠬᠠᠮᠲᠤ ᠶᠢᠨ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠ ᠤᠯᠤᠰ ᠤᠨ ᠠᠮᠤᠷ ᠲᠦᠪᠰᠢᠨ ᠢ ᠴᠤᠭᠴᠠᠯᠠᠬᠤ ᠶᠢ ᠨᠢᠭᠡᠳᠦᠯᠲᠡᠶ ᠲᠥᠯᠥᠪᠯᠡᠬᠦ ᠬᠡᠷᠡᠭᠳᠠᠢ᠃      ᠰᠢ ᠶᠢᠨ ᠫᠢᠩ ᠨᠥᠬᠦᠷ ᠤᠯᠤᠰ ᠤᠨ ᠠᠮᠤᠷ ᠲᠦᠪᠰᠢᠨ ᠢ ᠪᠠᠲᠤᠯᠠᠬᠤ ᠪᠣᠯ ᠲᠡᠷᠢᠭᠦᠨ ᠴᠢᠬᠤᠯᠠ ᠶᠡᠭᠡ ᠶᠠᠪᠤᠳᠠᠯ ᠮᠥᠨ ᠬᠡᠵᠦ ᠴᠢᠬᠤᠯᠠᠴᠢᠯᠠᠬᠰᠠᠨ ᠪᠦᠭᠡᠳ ᠤᠯᠤᠰ ᠤᠨ ᠶᠡᠷᠦᠩᠬᠡᠶ ᠴᠤᠬᠴᠠ ᠶᠢᠨ ᠠᠮᠤᠷ ᠲᠦᠪᠰᠢᠨ ᠤ ᠦᠵᠡᠯᠲᠡ ᠶᠢ ᠳᠤᠷᠠᠳᠤᠨ ᠭᠠᠷᠭᠠᠬᠰᠠᠨ ᠨᠢ ᠤᠯᠤᠰ ᠲᠦᠷᠦ᠂ ᠴᠡᠷᠢᠭ ᠤᠨ ᠶᠠᠪᠤᠳᠠᠯ᠂ ᠤᠯᠤᠰ ᠤᠨ ᠨᠤᠲᠤᠭ ᠳᠡᠪᠢᠰᠭᠡᠷ᠂ ᠠᠵᠤ ᠠᠬᠤᠶ᠂ ᠰᠣᠶᠣᠯ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ᠂ ᠰᠦᠯᠵᠢᠶ᠎ᠡ᠂ ᠠᠮᠢ ᠠᠬᠤᠶ᠂ ᠡᠬᠢ ᠪᠠᠶᠠᠯᠢᠭ᠂ ᠴᠥᠮ᠎ᠡ᠂ ᠭᠠᠳᠠᠭᠠᠳᠤ ᠳᠠᠬᠢ ᠠᠰᠢᠭ ᠲᠤᠰᠠ᠂ ᠰᠠᠨᠰᠠᠷ᠂ ᠭᠦᠨ ᠳᠠᠯᠠᠢ᠂ ᠲᠦᠢᠯ ᠤᠨ ᠣᠷᠣᠨ᠂ ᠠᠮᠢᠳᠤ ᠪᠣᠳᠠᠰ ᠵᠡᠷᠭᠡ ᠠᠯᠢ ᠤᠯᠠᠨ ᠬᠦᠷᠢᠶ᠎ᠡ ᠶᠢ ᠬᠠᠮᠤᠷᠤᠨ᠂ ᠪᠦᠬᠦ ᠨᠠᠮ ᠢ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠳᠤᠷᠢᠳᠬᠤ ᠬᠠᠷᠢᠭᠤᠴᠠᠯᠭ᠎ᠠ ᠪᠠ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠭᠠᠳᠠᠨ᠎ᠠ ᠠᠴᠠ ᠢᠷᠡᠭᠰᠡᠨ ᠡᠯ᠎ᠡ ᠵᠦᠢᠯ ᠤᠨ ᠪᠦᠰᠡᠯᠡᠯᠲᠡ᠂ ᠳᠠᠷᠤᠯᠲᠠ᠂ ᠲᠦᠢᠪᠡᠭᠡᠯᠭᠡ᠂ ᠨᠤᠷᠠᠭᠠᠯᠲᠠ ᠶᠢᠨ ᠠᠵᠢᠯᠯᠠᠭ᠎ᠠ ᠳᠤ ᠬᠠᠨᠳᠤᠬᠤ ᠳᠠᠭᠠᠨ ᠡᠷᠬᠡᠪᠰᠢ ᠭᠠᠵᠢᠭᠤ ᠶᠢ ᠢᠲᠡᠭᠡᠬᠦ ᠦᠭᠡᠢ᠂ ᠴᠢᠳᠬᠦᠷ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠪᠠᠳᠠᠷᠠᠭᠤᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠢ ᠨᠤᠷᠠᠭᠠᠬᠤ ᠪᠠᠷ ᠭᠤᠷᠢᠳᠠᠭᠰᠠᠨ᠂ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠶᠢᠨ ᠠᠬᠢᠴᠠ ᠶᠢ ᠤᠳᠠᠭᠠᠰᠢᠷᠠᠭᠤᠯᠬᠤ ᠴᠢᠨᠠᠭᠰᠢᠯᠠᠪᠠᠯ ᠬᠤᠷᠢᠭᠯᠠᠨ ᠵᠣᠭᠰᠣᠭᠠᠬᠤ ᠪᠠᠷ ᠭᠤᠷᠢᠳᠠᠭᠰᠠᠨ ᠠᠯᠢᠪᠠ ᠬᠦᠴᠦᠨ ᠲᠠᠢ ᠡᠴᠦᠰ ᠲᠤᠨᠢ ᠲᠤᠯᠲᠠᠯ᠎ᠠ ᠲᠡᠮᠡᠴᠡᠬᠦ ᠬᠡᠷᠡᠭᠳᠠᠢ᠂ ᠨᠢᠭᠡ ᠯᠡ ᠬᠥᠭ ᠢᠶᠠᠷ ᠨᠠᠶᠢᠷ ᠲᠠᠯᠪᠢᠬᠤ ᠨᠢ ᠵᠦᠪᠭᠡᠨ ᠶᠠᠪᠤᠬᠤ ᠲᠤᠲᠤᠮ ᠬᠡᠴᠡᠭᠦᠳᠡᠨ ᠳᠠᠪᠰᠢᠭᠤᠷᠠᠬᠤ ᠲᠠᠷᠤᠯᠠᠯ ᠲᠤᠷᠤᠮᠵᠢᠯᠠᠯ ᠢ ᠠᠪᠴᠢᠷᠠᠬᠤ ᠪᠤᠯᠤᠨ᠎ᠠ᠂ ᠬᠡᠷᠡᠭ ᠶᠠᠪᠤᠳᠠᠯ ᠢ ᠪᠦᠳᠦᠭᠡᠬᠦ ᠶᠢᠨ ᠲᠦᠯᠦᠭᠡ ᠬᠦᠯᠢᠴᠡᠨ ᠳᠡᠰᠪᠤᠷᠢᠯᠡᠬᠦ ᠨᠢ ᠵᠦᠪᠭᠡᠨ ᠨᠡᠩ ᠭᠤᠲᠤᠮᠰᠢᠭᠲᠤ ᠪᠠᠶᠢᠳᠡᠯ ᠳᠤ ᠬᠦᠷᠬᠦ ᠪᠤᠯᠤᠨ᠎ᠠ ᠬᠡᠳᠡᠭ ᠢ ᠨᠠᠮ ᠤᠨ ᠲᠦᠪ ᠬᠤᠷᠢᠶ᠎ᠠ ᠬᠦᠨᠵᠠᠭᠡᠢ ᠲᠠᠨᠢᠵᠦ ᠤᠯᠵᠠᠢ᠃      ᠨᠠᠮ ᠠᠴᠠ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠲᠥᠪ ᠤᠨ ᠤᠯᠤᠰ ᠤᠨ ᠠᠮᠤᠷ ᠲᠦᠪᠰᠢᠨ ᠤ ᠵᠥᠪᠯᠡᠯ ᠢ ᠪᠠᠶᠢᠭᠤᠯᠵᠤ᠂ ᠲᠥᠪᠯᠡᠷᠡᠩᠭᠦᠶ ᠨᠢᠭᠡᠳᠦᠯᠲᠡᠶ᠂ ᠥᠨᠳᠥᠷ ᠪᠦᠲᠦᠮᠵᠢᠲᠡᠶ ᠡᠷᠬᠡ ᠰᠦᠷ ᠲᠠᠢ ᠤᠯᠤᠰ ᠤᠨ ᠠᠮᠤᠷ ᠲᠦᠪᠰᠢᠨ ᠤ ᠤᠳᠤᠷᠢᠳᠬᠤ ᠪᠠᠶᠢᠭᠤᠯᠤᠯ ᠢ ᠲᠡᠭᠦᠯᠳᠡᠷᠵᠢᠭᠦᠯᠵᠦ᠂ ᠤᠯᠤᠰ ᠤᠨ ᠠᠮᠤᠷ ᠲᠦᠪᠰᠢᠨ ᠤ ᠬᠠᠤᠯᠢ ᠪᠠᠷ ᠵᠠᠰᠠᠬᠤ ᠰᠢᠰᠲ᠋ᠧᠮ᠂ ᠪᠠᠶᠢᠯᠳᠤᠬᠤ ᠪᠤᠳᠤᠯᠭ᠎ᠠ ᠶᠢᠨ ᠰᠢᠰᠲ᠋ᠧᠮ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠪᠠ᠃ ᠨᠠᠮ ᠠᠴᠠ ᠠᠮᠤᠷ ᠲᠦᠪᠰᠢᠨ ᠢᠶᠠᠷ ᠬᠥᠭᠵᠢᠬᠦᠯᠬᠦ ᠶᠢ ᠤᠯᠤᠰ ᠤᠨ ᠬᠥᠭᠵᠢᠯᠲᠡ ᠶᠢᠨ ᠡᠯ᠎ᠡ ᠬᠦᠷᠢᠶ᠎ᠠ ᠪᠦᠬᠦ ᠶᠠᠪᠤᠴᠠ ᠳᠤ ᠲᠤᠭᠤᠰᠢᠯᠠᠭᠤᠯᠵᠦ᠂ ᠮᠠᠨ ᠤ ᠤᠯᠤᠰ ᠤᠨ ᠣᠳᠣᠬᠢᠴᠢᠯᠠᠯᠲᠠ ᠶᠢᠨ ᠠᠬᠢᠴᠠ ᠶᠢ ᠨᠥᠯᠥᠭᠡᠯᠡᠬᠦ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠬᠤᠯᠠᠴᠢᠯᠠᠵᠤ᠂ ᠤᠯᠤᠰ ᠤᠨ ᠲᠥᠷᠥ ᠶᠢᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠵᠦ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠪᠠ ᠠᠷᠠᠳ ᠨᠡᠶᠢᠲᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠤᠯᠤᠰ ᠤᠷᠤᠨ ᠢ ᠠᠮᠤᠷ ᠲᠦᠪᠰᠢᠨ ᠪᠠᠶᠢᠯᠭᠠᠬᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠣᠷᠣᠨ ᠢ ᠪᠠᠬᠢᠵᠢᠭᠦᠯᠬᠦ ᠶᠢ ᠠᠬᠢᠭᠤᠯᠵᠤ᠂ ᠳᠠᠶᠢᠰᠤᠩᠨᠠᠭᠴᠢ ᠬᠦᠴᠦᠨ ᠤ ᠨᠡᠪᠴᠢᠯᠲᠡ ᠬᠢᠬᠦ᠂ ᠡᠪᠳᠡᠬᠦ᠂ ᠨᠤᠷᠠᠭᠠᠬᠤ᠂ ᠬᠠᠭᠠᠴᠠᠭᠤᠯᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠭᠰᠡᠨ ᠪᠠ ᠲᠡᠳᠡᠭᠡᠷ ᠲᠤ ᠴᠢᠩᠭ᠎ᠠ ᠴᠣᠬᠢᠯᠲᠠ ᠥᠭᠴᠦ᠂ ᠭᠠᠳᠠᠭᠠᠳᠤ ᠶᠢᠨ ᠬᠡᠳᠦᠷᠡᠮᠡᠬᠡᠢ ᠲᠠᠷᠤᠯᠳᠡ ᠬᠤᠷᠢᠬᠯᠡᠯᠳᠡ ᠶᠢ ᠡᠰᠡᠷᠭᠦᠴᠡᠨ ᠲᠤᠯᠤᠬᠰᠠᠨ ᠪᠠ ᠲᠡᠬᠦᠨ ᠳᠤ ᠬᠡᠳᠡᠷᠬᠦ ᠴᠤᠬᠢᠯᠳᠠ ᠥᠭᠴᠦ᠂ ᠰᠢᠶᠠᠩᠭᠠᠩ᠂ ᠲᠠᠶᠢᠸᠠᠨ᠂ ᠰᠢᠨᠵᠢᠶᠠᠩ᠂ ᠲᠥᠪᠡᠳ᠂ ᠳᠠᠯᠠᠶ ᠲᠠᠩᠭᠢᠰ ᠵᠡᠷᠭᠡ ᠳᠤ ᠬᠤᠯᠪᠣᠭᠳᠠᠭᠰᠠᠨ ᠲᠡᠮᠡᠴᠡᠯ ᠢ ᠥᠷᠨᠢᠭᠦᠯᠵᠦ᠂ ᠳᠠᠯᠠᠶ ᠲᠠᠩᠭᠢᠰ ᠤᠨ ᠬᠦᠴᠦᠷᠬᠡᠭ ᠤᠯᠤᠰ ᠢ ᠲᠦᠷᠭᠡᠯᠡᠨ ᠪᠦᠳᠦᠭᠡᠨ ᠪᠠᠶᠢᠭᠤᠯᠵᠦ᠂ ᠤᠯᠤᠰ ᠤᠷᠤᠨ ᠤ ᠠᠮᠤᠷ ᠲᠦᠪᠰᠢᠨ ᠢ ᠪᠦᠲᠦᠮᠵᠢᠲᠡᠢ ᠬᠠᠮᠠᠭᠠᠯᠠᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ ᠣᠷᠣᠨ ᠤ ᠠᠮᠤᠷ ᠲᠦᠪᠰᠢᠨ ᠢ ᠪᠦᠬᠦ ᠲᠠᠯ᠎ᠠ ᠪᠠᠷ ᠴᠢᠩᠭᠠᠳᠬᠠᠵᠦ᠂ ᠤᠯᠤᠰ ᠲᠦᠷᠦ᠂ ᠠᠵᠤ ᠠᠬᠤᠶ᠂ ᠦᠵᠡᠯ ᠤᠬᠠᠮᠰᠠᠷ ᠤᠨ ᠬᠡᠯᠪᠡᠷᠢ᠂ ᠪᠠᠶᠢᠭᠠᠯᠢ ᠶᠢᠷᠲᠢᠨᠴᠦ ᠵᠡᠷᠭᠡ ᠲᠠᠯ᠎ᠠ ᠶᠢᠨ ᠲᠦᠭᠰᠢᠭᠦᠷᠢ ᠦᠷᠢᠰᠤᠯᠳᠤᠭᠡᠨ ᠤ ᠰᠢᠯᠭᠠᠯᠲᠠ ᠶᠢ ᠳᠠᠭᠠᠭᠠᠵᠤ᠂ ᠨᠠᠮ ᠪᠠ ᠤᠯᠤᠰ ᠤᠨ ᠪᠠᠳᠠᠷᠠᠨ ᠬᠥᠭᠵᠢᠬᠦ ᠂ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠬᠦᠴᠦᠲᠡᠶ ᠪᠠᠲᠤᠯᠠᠭ᠎ᠠ ᠬᠠᠩᠭᠠᠪᠠ᠃      ︵ᠠᠷᠪᠠᠨ ᠬᠤᠶᠠᠷ︶ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠎ ᠶᠢ ᠪᠠᠷᠢᠮᠳᠠᠯᠠᠬᠤ ᠪᠠ ᠡᠭᠡ ᠣᠷᠣᠨ ᠤ ᠨᠢᠭᠡᠳᠦᠯ ᠢ ᠠᠬᠢᠭᠤᠯᠬᠤ ᠲᠠᠯ᠎ᠠ ᠪᠠᠷ      ᠰᠢᠶᠠᠩᠭᠠᠩ᠂ ᠣᠣᠮᠧᠨ ᠡᠬᠡ ᠤᠷᠤᠨ ᠳᠠᠭᠠᠨ ᠪᠤᠴᠠᠵᠤ ᠢᠷᠡᠭᠰᠡᠨ ᠤ ᠳᠠᠷᠠᠭ᠎ᠠ᠂ ᠤᠯᠤᠰ ᠤᠨ ᠵᠠᠰᠠᠯᠲᠠ ᠶᠢᠨ ᠰᠢᠰᠲ᠋ᠧᠮ ᠳᠤ ᠰᠢᠨ᠎ᠠ ᠪᠠᠷ ᠤᠷᠤᠵᠦ᠂ ᠡᠬᠡ ᠤᠷᠤᠨ ᠤ ᠳᠣᠲᠣᠷ᠎ᠠ ᠭᠠᠵᠠᠷ ᠲᠠᠢ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠮᠲᠤ ᠪᠠᠷ ᠬᠥᠭᠵᠢᠬᠦ ᠥᠷᠭᠡᠨ ᠳᠠᠷᠳᠠᠩ ᠵᠠᠮ ᠢᠶᠠᠷ ᠵᠠᠮᠨᠠᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠳᠡᠯᠡᠬᠡᠶ ᠨᠡᠶᠢᠲᠡ ᠳᠤ ᠨᠡᠶᠢᠳᠠᠮ ᠮᠡᠳᠡᠷᠡᠭᠳᠡᠭᠰᠡᠨ ᠠᠮᠵᠢᠯᠲᠠ ᠶᠢ ᠤᠯᠪᠠ᠃ ᠡᠭᠦᠨ ᠤ ᠬᠠᠮᠲᠤ᠂ ᠨᠢᠭᠡ ᠦᠶ᠎ᠡ ᠳᠤ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠤᠨ ᠪᠤᠳᠤᠯᠢᠶᠠᠨᠲᠠᠶ ᠬᠦᠴᠦᠨ ᠵᠦᠢᠯ ᠤᠨ ᠨᠥᠯᠥᠭᠡ ᠶᠢ ᠬᠦᠷᠲᠡᠨ᠂ ︽ᠲᠦᠪ ᠵᠠᠰᠠᠭ ᠢ ᠡᠰᠡᠷᠭᠦᠴᠡᠵᠦ ᠰᠢᠶᠠᠩᠭᠠᠩ ᠢ ᠰᠠᠮᠠᠭᠤᠷᠠᠭᠤᠯᠬᠤ︾ ᠠᠵᠢᠯᠯᠠᠭ᠎ᠠ ᠤᠯᠠᠶᠢᠷᠠᠨ ᠰᠢᠷᠦᠭᠦᠰᠴᠦ᠂ ᠰᠢᠶᠠᠩᠭᠠᠩ ᠤᠨ ᠪᠠᠶᠢᠳᠠᠯ ᠳᠤ ᠨᠢᠭᠡᠨ ᠦᠶ᠎ᠡ ᠬᠦᠨᠳᠦ ᠬᠡᠴᠡᠬᠦᠦ ᠪᠠᠶᠢᠳᠠᠯ ᠭᠠᠷᠴᠠᠶ᠃ ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠡᠷᠬᠡᠪᠰᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠤᠯᠢ ᠶᠣᠰᠣᠭᠠᠷ ᠰᠢᠶᠠᠩᠭᠠᠩ ᠢ ᠵᠠᠰᠠᠵᠤ ᠣᠣᠮᠧᠨ ᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠭᠤᠤᠯ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠢ ᠣᠷᠣᠨ ᠤ ᠦᠨᠳᠦᠰᠦᠨ ᠬᠠᠤᠯᠢᠳᠦ ᠡᠮᠬᠢ ᠵᠢᠷᠤᠮ ᠢ ᠬᠠᠮᠠᠭᠠᠯᠠᠵᠤ᠂ ᠲᠥᠪ ᠠᠴᠠ ᠵᠠᠰᠠᠭ ᠵᠠᠬᠢᠷᠭᠠᠨ ᠤ ᠣᠨᠴᠠᠭᠠᠶ ᠣᠷᠣᠨ ᠳᠤ ᠶᠠᠪᠤᠭᠤᠯᠬᠤ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ︽ᠡᠭᠡ ᠣᠷᠣᠨᠴᠢ ᠬᠥᠮᠦᠰ ᠢᠶᠠᠷ ᠰᠢᠶᠠᠩᠭᠠᠩ ᠢ ᠵᠠᠰᠠᠭᠤᠯᠬᠤ︾᠂ ︽ᠡᠭᠡ ᠣᠷᠣᠨᠴᠢ ᠬᠥᠮᠦᠰ ᠢᠶᠠᠷ ᠣᠣᠮᠧᠨ ᠢ ᠵᠠᠰᠠᠭᠤᠯᠬᠤ︾᠎ ᠶᠢ ᠡᠷᠡᠰ ᠨᠠᠶᠢᠳᠠᠪᠤᠷᠢᠵᠢᠭᠤᠯᠬᠤ ᠬᠡᠷᠡᠭᠳᠠᠢ᠃      ᠨᠠᠮ ᠤᠨ ᠲᠥᠪ ᠬᠤᠷᠢᠶ᠎ᠠ ᠴᠠᠭ ᠢ ᠦᠵᠡᠨ ᠪᠠᠶᠢᠳᠠᠯ ᠢ ᠰᠢᠨᠵᠢᠯᠡᠵᠦ᠂ ᠲᠥᠪ ᠠᠴᠠ ᠦᠨᠳᠦᠰᠦᠨ ᠬᠠᠤᠯᠢ ᠪᠠ ᠭᠤᠤᠯ ᠬᠠᠤᠯᠢ ᠶᠣᠰᠣᠭᠠᠷ ᠵᠠᠰᠠᠭ ᠵᠠᠬᠢᠷᠭᠠᠨ ᠤ ᠣᠨᠴᠠᠭᠠᠶ ᠣᠷᠣᠨ ᠳᠤ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠠᠨ ᠬᠡᠷᠡᠭᠵᠢᠭᠦᠯᠬᠦ ᠶᠢ ᠪᠦᠷᠢᠨᠰᠢᠭᠦᠯᠬᠦ᠂ ᠵᠠᠰᠠᠭ ᠵᠠᠬᠢᠷᠭᠠᠨ ᠤ ᠤᠨᠴᠠᠭᠠᠢ ᠣᠷᠣᠨ ᠤ ᠦᠨᠳᠤᠰᠤᠨ ᠬᠠᠤᠯᠢ ᠪᠠ ᠭᠤᠣᠯ ᠬᠠᠤᠯᠢ ᠶᠢ ᠬᠡᠷᠡᠭᠵᠢᠭᠦᠯᠬᠦ ᠳᠤ ᠬᠤᠯᠪᠣᠭᠳᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠵᠤ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠪᠠᠶᠢᠭᠤᠯᠤᠯ ᠪᠣᠯᠤᠨ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ︾᠎ ᠶᠢ ᠲᠣᠭᠲᠠᠭᠠᠬᠤ᠂ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠰᠤᠩᠭᠤᠭᠤᠯᠢ ᠶᠢᠨ ᠳᠦᠷᠢᠮ ᠢ ᠲᠡᠭᠦᠯᠳᠡᠷᠵᠢᠭᠦᠯᠬᠦ ᠶᠢ ᠠᠬᠢᠭᠤᠯᠵᠦ᠂ ︽ᠡᠭᠡ ᠣᠷᠣᠨᠴᠢ ᠬᠥᠮᠦᠰ ᠢᠶᠠᠷ ᠰᠢᠶᠠᠩᠭᠠᠩ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠯᠪᠠᠨ ᠲᠤᠰᠢᠶᠠᠯᠲᠠᠨ ᠤ ᠲᠠᠩᠭᠠᠷᠢᠭᠯᠠᠬᠤ ᠲᠦᠷᠢᠮ ᠢ ᠲᠡᠭᠦᠯᠳᠡᠷᠵᠢᠭᠦᠯᠬᠦ ᠶᠢ ᠲᠡᠮᠵᠢᠪᠡ᠃ ᠠᠷᠠᠳ ᠤᠨ ᠲᠥᠪ ᠵᠠᠰᠠᠭ ᠤᠨ ᠣᠷᠳᠣᠨ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠳᠤ ᠰᠠᠭᠤᠭ᠎ᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠵᠠᠬᠢᠷᠭ᠎ᠠ ᠶᠢ ᠬᠠᠤᠯᠢ ᠶᠣᠰᠣᠭᠠᠷ ᠪᠠᠶᠢᠭᠤᠯᠵᠤ᠂ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠵᠥᠪᠯᠡᠯ ᠢ ᠬᠠᠤᠯᠢ ᠶᠣᠰᠣᠭᠠᠷ ᠪᠠᠶᠢᠭᠤᠯᠪᠠ᠃ ᠲᠥᠪ ᠠᠴᠠ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠢ ᠣᠷᠣᠨ ᠤ ᠬᠠᠤᠯᠢ ᠶᠣᠰᠣᠭᠠᠷ ᠬᠦᠴᠦᠷᠬᠡᠭᠯᠡᠯ ᠢ ᠵᠣᠭᠰᠣᠭᠠᠵᠤ ᠰᠠᠮᠠᠭᠤᠷᠠᠯ ᠢ ᠬᠤᠷᠢᠭᠯᠠᠨ᠂ ᠡᠮᠬᠢ ᠵᠢᠷᠤᠮ ᠢᠶᠠᠨ ᠰᠡᠷᠭᠦᠭᠡᠬᠦ ᠶᠢ ᠡᠷᠡᠰ ᠳᠠᠮᠵᠢᠵᠤ᠂ ᠵᠠᠰᠠᠭ ᠵᠠᠬᠢᠷᠭᠠᠨ ᠤ ᠳᠠᠷᠤᠭ᠎ᠠ ᠪᠣᠯᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠳᠡᠮᠵᠢᠵᠦ᠂ ᠭᠠᠳᠠᠭᠠᠳᠤ ᠬᠦᠴᠦᠨ ᠤ ᠰᠢᠶᠠᠩᠭᠠᠩ ᠣᠣᠮᠧᠨ ᠤ ᠬᠡᠷᠡᠭ ᠶᠠᠪᠤᠳᠠᠯ ᠳᠤ ᠭᠠᠷ ᠲᠦᠷᠦᠭᠦ ᠶᠢ ᠡᠷᠡᠰ ᠰᠡᠷᠭᠡᠶᠢᠯᠡᠨ ᠬᠤᠷᠢᠭᠯᠠᠵᠤ᠂ ᠬᠠᠭᠠᠴᠠᠭᠤᠯᠬᠤ᠂ ᠨᠤᠷᠠᠭᠠᠬᠤ᠂ ᠨᠡᠪᠴᠢᠯᠲᠡ ᠬᠢᠬᠦ᠂ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠰᠢᠶᠠᠩᠭᠠᠩ᠂ ᠣᠣᠮᠧᠨ ᠤ ᠤᠯᠤᠰ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠨ ᠠᠭᠤᠰᠤᠨ ᠤᠷᠤᠬᠤ ᠶᠢ ᠪᠦᠬᠦ ᠲᠠᠯ᠎ᠠ ᠪᠠᠷ ᠳᠠᠮᠵᠢᠵᠤ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠢ ᠴᠢᠨᠠᠷ ᠰᠠᠶᠢᠲᠠᠶ ᠪᠦᠲᠦᠭᠡᠨ ᠪᠠᠶᠢᠭᠤᠯᠵᠤ᠂ ᠰᠢᠶᠠᠩᠭᠠᠩ ᠣᠣᠮᠧᠨ ᠤ ᠠᠵᠤ ᠠᠬᠤᠶ ᠪᠠᠨ ᠬᠥᠭᠵᠢᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠳᠠᠮᠵᠢᠵᠤ᠂ ᠰᠢᠶᠠᠩᠭᠠᠩ ᠣᠣᠮᠧᠨ ᠤ ᠠᠬ᠎ᠠ ᠳᠡᠭᠦᠦ ᠨᠡᠷ ᠤᠨ ᠤᠯᠤᠰ ᠣᠷᠣᠨ ᠤ ᠤᠬᠠᠮᠰᠠᠷ ᠪᠠ ᠡᠭᠡ ᠣᠷᠣᠨᠴᠢ ᠵᠣᠷᠢᠭ ᠰᠠᠨᠠᠭ᠎ᠠ ᠶᠢ ᠴᠢᠩᠭᠠᠳᠬᠠᠪᠠ᠃ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠡᠳᠡᠭᠡᠷ ᠠᠯᠢ ᠣᠯᠠᠨ ᠠᠷᠭ᠎ᠠ ᠬᠡᠮᠵᠢᠶ᠎ᠡ ᠨᠢ ᠰᠢᠶᠠᠩᠭᠠᠩ ᠤᠨ ᠪᠠᠶᠢᠳᠠᠯ ᠤᠨ ᠰᠠᠮᠠᠭᠤᠷᠠᠯ ᠠᠴᠠ ᠵᠠᠰᠠᠯᠲᠠ ᠳᠤ ᠬᠦᠷᠬᠦ ᠴᠢᠬᠤᠯᠠ ᠶᠡᠭᠡ ᠡᠷᠭᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠬᠠᠤᠯᠢ ᠶᠣᠰᠣᠭᠠᠷ ᠰᠢᠶᠠᠩᠭᠠᠩ ᠢ ᠵᠠᠰᠠᠵᠤ ᠣᠣᠮᠧᠨ ᠢ ᠵᠠᠰᠠᠬᠤ ᠶᠢ ᠠᠬᠢᠭᠤᠯᠬᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ ᠦᠢᠯᠡᠳᠦᠯᠭᠡ ᠶᠢᠨ ᠯᠠᠪᠳᠠᠭᠤᠨ ᠪᠦᠭᠡᠳ ᠤᠳᠠᠭᠠᠨ ᠶᠠᠪᠤᠬᠳᠠᠬᠤ ᠶᠢ ᠠᠬᠢᠭᠤᠯᠬᠤ ᠳᠤ ᠪᠠᠲᠤ ᠰᠠᠭᠤᠷᠢ ᠶᠢ ᠲᠠᠯᠪᠢᠵᠦ ᠦᠭᠭᠦᠭᠰᠡᠨ ᠪᠠᠶᠢᠨ᠎ᠠ᠃      ᠲᠠᠶᠢᠸᠠᠨ ᠤ ᠠᠰᠠᠭᠤᠳᠠᠯ ᠢ ᠰᠢᠢᠳᠪᠦᠷᠢᠯᠡᠵᠦ᠂ ᠡᠬᠡ ᠤᠷᠤᠨ ᠤ ᠪᠦᠷᠢᠨ ᠨᠢᠭᠡᠳᠦᠯ ᠢ ᠪᠡᠶᠡᠯᠡᠭᠦᠯᠬᠦ ᠪᠤᠯ ᠨᠠᠮ ᠤᠨ ᠰᠢᠨᠳᠠᠷᠠᠰᠢ ᠦᠬᠡᠢ ᠴᠢᠷᠮᠠᠶᠢᠨ ᠳᠡᠮᠡᠴᠡᠬᠦ ᠲᠡᠦᠬᠡᠲᠦ ᠡᠭᠦᠷᠭᠡ ᠮᠥᠨ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠨᠠᠮ ᠠᠴᠠ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭᠠᠨ ᠤ ᠴᠠᠭ ᠦᠶ᠎ᠡ ᠶᠢᠨ ᠬᠤᠪᠢᠷᠠᠯᠲᠠ ᠶᠢ ᠡᠵᠡᠮᠰᠢᠵᠦ᠂ ᠤᠯᠤᠰ ᠣᠷᠣᠨ ᠤ ᠨᠢᠭᠡᠳᠦᠯ ᠤᠨ ᠤᠨᠤᠯ ᠪᠠ ᠲᠠᠶᠢᠸᠠᠨ ᠤ ᠲᠤᠬᠠᠶ ᠴᠢᠭᠯᠡᠯᠲᠡ ᠲᠦᠷᠦ ᠶᠢᠨ ᠪᠤᠳᠤᠯᠭ᠎ᠠ ᠶᠢ ᠪᠠᠶᠠᠯᠢᠬᠵᠢᠭᠤᠯᠤᠨ ᠬᠥᠭᠵᠢᠭᠦᠯᠵᠦ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠵᠥᠪ ᠴᠢᠭᠯᠡᠯ ᠢᠶᠠᠷ ᠬᠥᠭᠵᠢᠬᠦ ᠶᠢ ᠠᠬᠢᠭᠤᠯᠪᠠ᠃ ᠰᠢ ᠶᠢᠨ ᠫᠢᠩ ᠨᠥᠬᠦᠷ ᠲᠠᠶᠢᠸᠠᠨ ᠤ ᠠᠵᠢᠯ ᠤᠨ ᠲᠤᠬᠠᠢ ᠠᠯᠢ ᠤᠯᠠᠨ ᠴᠢᠬᠤᠯᠠ ᠣᠶᠢᠯᠠᠭᠠᠭᠳᠠᠬᠤᠨ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠵᠣᠷᠢᠯᠲᠠ ᠶᠢ ᠳᠤᠷᠠᠳᠴᠤ᠂ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠤᠳᠤᠯᠭ᠎ᠠ ᠶᠢ ᠪᠤᠢ ᠪᠤᠯᠭᠠᠪᠠ᠃ ᠪᠢᠳᠡ 1949 ᠣᠨ ᠠᠴᠠ ᠨᠠᠭᠠᠰᠢᠬᠢ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠤᠳᠤᠷᠢᠳᠬᠤ ᠬᠥᠮᠦᠰ ᠤᠨ ᠠᠩᠬ᠎ᠠ ᠤᠳᠠᠭᠠᠨ ᠤ ᠠᠭᠤᠯᠵᠠᠯᠲᠠ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠤᠳᠤᠷᠢᠳᠬᠤ ᠬᠥᠮᠦᠰ ᠤᠨ ᠰᠢᠭᠤᠳ ᠶᠠᠷᠢᠯᠴᠠᠭ᠎ᠠ ᠨᠡᠪᠲᠡᠷᠡᠯᠴᠡᠭᠡ ᠶᠢ ᠠᠬᠢᠭᠤᠯᠤᠨ ᠪᠡᠶᠡᠯᠡᠭᠦᠯᠪᠡ᠃ ᠨᠠᠮ ᠠᠴᠠ ︽ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠡᠷ ᠪᠣᠯ ᠨᠢᠭᠡ ᠭᠡᠷ ᠤᠨ ᠬᠥᠮᠥᠨ ᠶᠤᠮ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠵᠤ᠂ ᠲᠠᠶᠢᠸᠠᠨ ᠤ ᠥᠷᠭᠡᠨ ᠤᠯᠠᠨ ᠠᠬ᠎ᠠ ᠳᠡᠭᠦᠦ ᠨᠡᠷ ᠲᠤ ᠠᠰᠢᠭ ᠬᠦᠷᠲᠡᠭᠡᠬᠦ ᠠᠯᠢ ᠤᠯᠠᠨ ᠲᠦᠷᠦ ᠶᠢᠨ ᠪᠤᠳᠤᠯᠭ᠎ᠠ ᠶᠢ ᠨᠡᠶᠢᠲᠡᠯᠡᠨ ᠬᠡᠷᠡᠭᠵᠢᠬᠦᠯᠵᠦ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠠᠵᠤ ᠠᠬᠤᠶ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠪᠠ᠃ 2016 ᠣᠨ ᠠᠴᠠ ᠨᠠᠭᠠᠰᠢ᠂ ᠲᠠᠶᠢᠸᠠᠨ ᠤ ᠡᠷᠬᠡ ᠪᠠᠷᠢᠬᠴᠢᠳ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠱᠠᠯᠠᠪᠳᠠᠨ ᠶᠠᠪᠤᠭᠤᠯᠤᠬᠰᠠᠨ ᠠᠴᠠ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠬᠠᠨᠳᠤᠰᠢ ᠳᠤ ᠬᠦᠨᠳᠦ ᠨᠣᠴᠢᠲᠠᠶ ᠲᠠᠭᠠᠷᠢᠯᠳᠠ ᠤᠴᠠᠷᠠᠭᠤᠯᠪᠠ᠃ ᠪᠢᠳᠡ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾᠎ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ ᠭᠠᠳᠠᠭᠠᠳᠤ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠭᠤᠤᠯᠯᠠᠨ ᠤᠳᠤᠷᠢᠳᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠪᠡ᠃ ᠡᠬᠡ ᠤᠷᠤᠨ ᠤ ᠪᠦᠷᠢᠨ ᠨᠢᠭᠡᠳᠦᠯ ᠤᠨ ᠴᠠᠭ ᠪᠠ ᠪᠠᠶᠢᠳᠠᠯ ᠢᠮᠠᠭᠲᠠ ᠮᠠᠨ ᠤ ᠲᠠᠯ᠎ᠠ ᠳᠤ ᠪᠠᠶᠢᠨ᠎ᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠡᠰ ᠴᠢᠩᠬ᠎ᠠ ᠤᠳᠤᠷᠢᠳᠤᠯᠭ᠎ᠠ᠂ ᠠᠭᠤᠦ ᠶᠡᠭᠡ ᠡᠬᠡ ᠤᠷᠤᠨ ᠤ ᠪᠠᠲᠤ ᠴᠢᠩᠭ᠎ᠠ ᠲᠦᠰᠢᠭ᠂ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ ᠪᠣᠯᠤᠨ ᠲᠠᠶᠢᠸᠠᠨ ᠤ ᠠᠬ᠎ᠠ ᠳᠡᠭᠦᠦ ᠨᠡᠷ ᠢ ᠪᠠᠭᠲᠠᠭᠠᠭᠰᠠᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠡ ᠰᠡᠳᠭᠢᠯ ᠬᠠᠮᠳᠦ ᠶᠢᠨ ᠬᠦᠴᠦᠨ ᠪᠠᠶᠢᠬᠤ ᠶᠤᠮ ᠴᠢᠨᠢ᠂ ᠰᠢᠶᠠᠩᠭᠠᠩ᠂ ᠣᠣᠮᠧᠨ ᠯᠠᠪᠳᠠᠢ ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ ᠲᠣᠭᠲᠠᠭᠤᠨ ᠪᠠᠶᠢᠵᠦ ᠴᠢᠳᠠᠨ᠎ᠠ᠂ ᠡᠬᠡ ᠤᠷᠤᠨ ᠤ ᠪᠦᠷᠢᠨ ᠨᠢᠭᠡᠳᠦᠯ ᠯᠠᠪᠲᠠᠶ ᠪᠡᠶᠡᠯᠡᠭᠳᠡᠵᠦ ᠴᠢᠳᠠᠨ᠎ᠠ ᠬᠡᠳᠡᠭ ᠢ ᠦᠢᠯᠡᠳᠦᠯᠭᠡ ᠭᠡᠷᠡᠴᠢᠯᠡᠵᠦ ᠪᠠᠶᠢᠨ᠎ᠠ᠃      ︵ᠠᠷᠪᠠᠨ ᠭᠤᠷᠪᠠ︶ ᠭᠠᠳᠠᠭᠠᠳᠤ ᠬᠠᠷᠢᠯᠴᠠᠭᠠᠨ ᠤ ᠠᠵᠢᠯ ᠤᠨ ᠲᠠᠯ᠎ᠠ ᠪᠠᠷ      ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠠᠴᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠮᠠᠨ ᠤ ᠤᠯᠤᠰ ᠤᠨ ᠬᠥᠭᠵᠢᠯᠲᠡ ᠳᠤ ᠰᠠᠶᠢᠨ ᠰᠠᠶᠢᠬᠠᠨ ᠭᠠᠳᠠᠭᠠᠳᠤ ᠣᠷᠴᠢᠨ ᠨᠥᠬᠦᠴᠡᠯ ᠢ ᠪᠤᠢ ᠪᠣᠯᠭᠠᠵᠤ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠰᠢᠨ᠎ᠡ ᠴᠠᠭ ᠦᠶ᠎ᠠ ᠳᠤ ᠣᠷᠣᠭᠠᠳ᠂ ᠣᠯᠠᠨ ᠤᠯᠤᠰ ᠤᠨ ᠬᠦᠴᠦᠨ ᠤ ᠬᠠᠷᠢᠴᠠᠯ ᠳᠤ ᠭᠦᠨᠵᠡᠭᠡᠶ ᠲᠣᠬᠢᠷᠠᠭᠤᠯᠤᠯᠲᠠ ᠭᠠᠷᠴᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠡᠵᠡᠷᠬᠡᠬᠦ ᠦᠵᠡᠯ᠂ ᠬᠦᠴᠦᠷᠬᠡᠭᠯᠡᠯ ᠤᠨ ᠤᠯᠤᠰ ᠲᠥᠷᠥ ᠶᠢᠨ ᠳᠡᠯᠡᠬᠡᠶ ᠶᠢᠨ ᠡᠩᠬᠡ ᠲᠠᠶᠢᠪᠤᠩ ᠬᠢᠭᠡᠳ ᠬᠥᠭᠵᠢᠯᠲᠡ ᠳᠤ ᠦᠵᠡᠭᠦᠯᠬᠦ ᠰᠦᠷᠳᠡᠭᠦᠯᠦᠯ ᠬᠡᠴᠡᠬᠦᠳᠡᠵᠦ᠂ ᠳᠡᠯᠡᠬᠡᠶᠢᠴᠢᠯᠡᠯᠲᠡ ᠶᠢ ᠰᠥᠷᠬᠦ ᠦᠵᠡᠯ ᠰᠠᠨᠠᠭᠠᠨ ᠤ ᠤᠷᠤᠰᠬᠠᠯ ᠳᠡᠭᠡᠭᠰᠢᠯᠡᠵᠦ᠂ ᠳᠡᠯᠡᠬᠡᠶ ᠶᠢᠷᠲᠢᠨᠴᠦ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠨᠠᠷᠢᠨ ᠪᠤᠳᠤᠯᠢᠶᠠᠨᠲᠠᠶ ᠪᠦᠭᠡᠳ ᠬᠦᠨᠳᠦ ᠬᠡᠴᠡᠭᠦᠦ ᠳᠡᠯᠡᠬᠡᠶ ᠶᠢᠨ ᠪᠠᠶᠢᠳᠠᠯ ᠪᠠ ᠤᠷᠢᠳ ᠡᠮᠦᠨ᠎ᠡ ᠪᠠᠶᠢᠭ᠎ᠠ ᠦᠭᠡᠢ ᠭᠠᠳᠠᠭᠠᠳᠤ ᠲᠦᠭᠰᠢᠭᠦᠷᠢ ᠪᠠ ᠰᠢᠯᠭᠠᠯᠳᠡ ᠶᠢᠨ ᠡᠮᠦᠨ᠎ᠡ᠂ ᠡᠷᠬᠡᠪᠰᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠶ ᠲᠥᠯᠥᠪᠯᠡᠵᠦ᠂ ᠨᠠᠮ ᠠᠴᠠ ᠭᠠᠳᠠᠭᠠᠳᠤ ᠶᠠᠪᠤᠳᠠᠯ ᠤᠨ ᠠᠵᠢᠯ ᠢ ᠤᠳᠤᠷᠢᠳᠬᠤ ᠪᠠᠶᠢᠭᠤᠯᠤᠯ ᠲᠣᠭᠲᠠᠴᠠ ᠶᠢ ᠪᠦᠷᠢᠨᠰᠢᠬᠦᠯᠵᠦ᠂ ᠭᠠᠳᠠᠭᠠᠳᠤ ᠬᠠᠷᠢᠯᠴᠠᠭᠠᠨ ᠤ ᠠᠵᠢᠯ ᠤᠨ ᠤᠷᠤᠢ ᠶᠢᠨ ᠲᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠲᠤᠮᠳᠠᠳᠦ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠳᠤ ᠪᠠᠶᠢᠯᠳᠤᠬᠤ ᠪᠣᠳᠣᠯᠭ᠎ᠠ ᠶᠢᠨ ᠤᠬᠠᠭᠠᠯᠠᠯ ᠲᠥᠰᠥᠪᠯᠡᠯ ᠬᠢᠵᠦ᠂ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠤᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠲᠠᠢ ᠪᠥᠬᠦ ᠬᠥᠮᠦᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠬᠥᠮᠦᠨ ᠲᠥᠷᠥᠯᠬᠢᠲᠡᠨ ᠤ ᠳᠠᠪᠰᠢᠯᠲᠠ ᠶᠢᠨ ᠤᠷᠤᠰᠬᠠᠯ ᠢ ᠬᠥᠲᠥᠯᠥᠨ ᠳᠠᠭᠠᠭᠤᠯᠬᠤ ᠬᠡᠷᠡᠭᠳᠠᠢ᠃      ᠨᠠᠮ ᠠᠴᠠ ᠰᠢᠨ᠎ᠡ ᠴᠠᠭ ᠦᠶ᠎ᠡ ᠶᠢᠨ ᠭᠠᠳᠠᠭᠠᠳᠤ ᠬᠠᠷᠢᠯᠴᠠᠭᠠᠨ ᠤ ᠠᠵᠢᠯ ᠤᠨ ᠶᠡᠭᠡ ᠲᠠᠯ᠎ᠠ ᠶᠢ ᠡᠵᠡᠮᠳᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠦᠢᠯᠡᠴᠢᠯᠡᠬᠦ᠂ ᠬᠥᠮᠦᠨ ᠲᠥᠷᠥᠯᠬᠢᠲᠡᠨ ᠤ ᠳᠠᠪᠰᠢᠯᠲᠠ ᠶᠢ ᠠᠬᠢᠭᠤᠯᠬᠤ ᠡᠨᠡ ᠬᠦ ᠭᠤᠤᠯ ᠰᠢᠵᠢᠮ ᠲᠠᠢ ᠨᠢᠬᠳᠠ ᠤᠶᠠᠯᠳᠤᠭᠤᠯᠤᠨ᠂ ᠡᠩᠬᠡ ᠲᠠᠶᠢᠪᠤᠩ ᠪᠠᠶᠢᠬᠤ᠂ ᠬᠥᠭᠵᠢᠬᠦᠯᠬᠦ᠂ ᠬᠠᠮᠲᠤᠷᠠᠨ ᠠᠵᠢᠯᠯᠠᠬᠤ᠂ ᠬᠠᠮᠲᠤ ᠪᠠᠷ ᠠᠰᠢᠭ ᠬᠦᠷᠲᠡᠬᠦ ᠲᠤᠭ ᠢ ᠥᠨᠳᠥᠷ ᠮᠠᠨᠳᠤᠭᠤᠯᠵᠦ᠂ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ᠂ ᠪᠡᠶᠡᠲᠦᠴᠢᠯᠡᠭᠰᠡᠨ ᠭᠠᠳᠠᠭᠠᠳᠤ ᠬᠠᠷᠢᠯᠴᠠᠭᠠᠨ ᠤ ᠪᠠᠶᠢᠷᠢᠯᠠᠭᠤᠯᠤᠯᠲᠠ ᠶᠢ ᠠᠬᠢᠭᠤᠯᠤᠨ ᠲᠡᠭᠦᠯᠳᠡᠷᠵᠢᠭᠦᠯᠵᠦ᠂ ᠪᠦᠬᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠢᠳᠡᠪᠬᠢᠲᠡᠶ ᠬᠥᠭᠵᠢᠭᠦᠯᠪᠡ᠃ ᠪᠢᠳᠡ ᠲᠤᠮᠤ ᠤᠯᠤᠰ ᠤᠨ ᠬᠠᠷᠢᠴᠠᠭ᠎ᠠ ᠶᠢ ᠲᠥᠰᠥᠪᠯᠡᠵᠦ᠂ ᠲᠤᠮᠤ ᠤᠯᠤᠰ ᠤᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠶᠢ ᠠᠬᠢᠭᠤᠯᠪᠠ᠃ ᠳᠣᠲᠣᠨᠣ ᠦᠨᠡᠨᠴᠢ ᠠᠰᠢᠭᠲᠠᠶ ᠪᠠᠭᠲᠠᠭᠠᠮᠵᠢᠲᠠᠶ ᠪᠠᠶᠢᠬᠤ ᠣᠶᠢᠯᠠᠭᠠᠭᠳᠠᠬᠤᠨ ᠪᠣᠯᠤᠨ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠠᠶᠢᠵᠠᠯᠠᠬᠤ ᠬᠦᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠴᠢᠭᠯᠡᠯᠲᠡ ᠶᠣᠰᠣᠭᠠᠷ ᠡᠷᠭᠢᠨ ᠲᠣᠭᠤᠷᠢᠨ ᠤ ᠤᠯᠤᠰ ᠯᠤᠭ᠎ᠠ ᠶᠢᠨ ᠬᠠᠷᠢᠴᠠᠭ᠎ᠠ ᠪᠠᠨ ᠭᠦᠨᠵᠡᠭᠡᠶᠢᠷᠡᠭᠦᠯᠵᠦ᠂ ᠬᠦᠷᠰᠢ ᠵᠡᠷᠭᠡᠯᠡᠳᠡᠭᠡ ᠶᠢᠨ ᠪᠠᠶᠢᠯᠳᠤᠬᠤ ᠪᠤᠳᠤᠯᠭ᠎ᠠ ᠶᠢᠨ ᠲᠦᠰᠢᠭ ᠲᠤᠯᠭᠠᠭᠤᠷᠢ ᠶᠢ ᠲᠣᠭᠲᠠᠪᠤᠷᠢᠵᠢᠭᠤᠯᠵᠤ᠂ ᠬᠦᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠪᠠ᠃ ᠵᠥᠪ ᠵᠢᠷᠤᠮ ᠠᠰᠢᠭ ᠤᠨ ᠦᠵᠡᠯᠲᠡ ᠪᠣᠯᠤᠨ ᠦᠨᠡᠨ ᠪᠣᠳᠠᠲᠠᠶ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠯᠤᠭ᠎ᠠ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦᠯᠢ ᠴᠣᠭᠴᠠ ᠶᠢᠨ ᠬᠠᠮᠲᠤᠷᠠᠯᠴᠠᠭᠠᠨ ᠤ ᠲᠣᠭᠲᠠᠴᠠ ᠶᠢ ᠨᠠᠶᠢᠳᠡᠮ ᠳᠤᠨᠢ ᠬᠠᠮᠤᠷᠤᠭᠤᠯᠬᠤ ᠶᠢ ᠪᠡᠶᠡᠯᠡᠭᠦᠯᠪᠡ᠃ ᠨᠠᠮ ᠠᠴᠠ ᠳᠡᠯᠡᠬᠡᠶ ᠳᠡᠭᠡᠷᠡᠬᠢ ᠲᠠᠪᠤᠨ ᠵᠠᠭᠤ ᠭᠠᠷᠤᠶ ᠲᠦᠷᠦ ᠶᠢᠨ ᠨᠠᠮ ᠪᠣᠯᠤᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠯᠤᠭ᠎ᠠ ᠪᠠᠶᠢᠩᠭᠤ ᠶᠢᠨ ᠴᠢᠨᠠᠷᠲᠠᠶ ᠬᠠᠷᠢᠯᠴᠠᠭ᠎ᠠ ᠪᠠᠨ ᠪᠠᠲᠤᠯᠠᠵᠤ᠂ ᠲᠦᠷᠦ ᠶᠢᠨ ᠨᠠᠮ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ ︽ᠭᠠᠳᠠᠭᠰᠢ ᠭᠠᠷᠬᠤ︾ ᠶᠠᠪᠤᠳᠠᠯ ᠡᠳᠦᠷ ᠢᠷᠡᠬᠦᠶ᠎ᠡ ᠥᠷᠭᠡᠵᠢᠵᠦ ᠪᠠᠶᠢᠭ᠎ᠠ ᠰᠢᠨ᠎ᠡ ᠪᠠᠶᠢᠳᠠᠯ ᠳᠤ ᠵᠣᠬᠢᠴᠠᠭᠤᠯᠤᠨ᠂ ᠭᠠᠳᠠᠭᠠᠳᠤ ᠳᠠᠬᠢ ᠠᠰᠢᠭ ᠲᠤᠰᠠ ᠪᠠᠨ ᠬᠠᠮᠠᠭᠠᠯᠠᠬᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠠᠳᠠᠭᠠᠳᠤ ᠳᠠᠬᠢ ᠠᠰᠢᠭ ᠲᠤᠰᠠ ᠶᠢᠨ ᠢᠶᠠᠨ ᠠᠯᠢ ᠣᠯᠠᠨ ᠲᠦᠭᠰᠢᠭᠦᠷᠢ ᠪᠠ ᠰᠢᠯᠭᠠᠯᠳᠡ ᠶᠢ ᠬᠦᠴᠦᠲᠡᠶ ᠠᠷᠭᠠᠴᠠᠪᠠ᠃      ᠮᠠᠨ ᠤ ᠤᠯᠤᠰ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠤᠯ ᠪᠣᠯᠭᠠᠭᠰᠠᠨ ᠣᠯᠠᠨ ᠤᠯᠤᠰ ᠤᠨ ᠰᠢᠰᠲ᠋ᠧᠮ᠂ ᠣᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠣᠯᠠᠨ ᠤᠯᠤᠰ ᠤᠨ ᠡᠮᠬᠢ ᠵᠢᠷᠤᠮ ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠣᠯᠤᠨ ᠵᠠᠷᠴᠢᠮ ᠢᠶᠠᠷ ᠰᠠᠭᠤᠷᠢ ᠪᠣᠯᠭᠠᠭᠰᠠᠨ ᠣᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠵᠤ᠂ ᠵᠢᠩᠬᠢᠨᠢ ᠣᠯᠠᠨ ᠲᠠᠯᠠᠲᠤ ᠦᠵᠡᠯ ᠢ ᠬᠠᠮᠠᠭᠠᠯᠠᠨ ᠦᠢᠯᠡᠳᠦᠯᠭᠡᠵᠢᠭᠦᠯᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠡᠵᠡᠷᠬᠡᠬᠦ ᠦᠵᠡᠯ᠂ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠠᠵᠤ ᠠᠬᠤᠶ ᠶᠢᠨ ᠳᠡᠯᠡᠬᠡᠶᠢᠴᠢᠯᠡᠯᠲᠡ ᠶᠢᠨ ᠨᠡᠩ ᠨᠡᠭᠡᠭᠡᠯᠲᠡᠲᠡᠶ᠂ ᠪᠠᠭᠲᠠᠭᠠᠮᠵᠢᠲᠠᠶ᠂ ᠲᠦᠭᠡᠮᠡᠯ ᠬᠠᠷᠠᠭᠠᠯᠵᠠᠯ ᠲᠠᠢ᠂ ᠲᠡᠩᠴᠡᠭᠦᠷᠢᠲᠡᠶ᠂ ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠥᠭᠵᠢᠬᠦ ᠶᠢ ᠢᠳᠡᠪᠬᠢᠲᠡᠶ ᠠᠬᠢᠭᠤᠯᠪᠠ᠃ ᠮᠠᠨ ᠤ ᠤᠯᠤᠰ ᠳᠡᠯᠡᠬᠡᠶ ᠶᠢᠨ ᠪᠠ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠢ ᠤᠯᠤᠰ ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠶ ᠪᠠᠷ ᠣᠷᠣᠯᠴᠠᠵᠤ᠂ ᠠᠭᠤᠷ ᠠᠮᠢᠰᠬᠤᠯ ᠤᠨ ᠬᠤᠪᠢᠷᠠᠯᠲᠠ᠂ ᠶᠠᠳᠠᠭᠤᠷᠠᠯ ᠢ ᠪᠠᠭᠠᠰᠬᠠᠬᠤ᠂ ᠰᠦᠷᠳᠡᠭᠦᠯᠦᠯ ᠢ ᠡᠰᠡᠷᠭᠦᠴᠡᠬᠦ᠂ ᠰᠦᠯᠵᠢᠶᠡᠨ ᠤ ᠠᠮᠤᠷ ᠲᠦᠪᠰᠢᠨ ᠪᠠ ᠭᠠᠵᠠᠷ ᠣᠷᠣᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠬᠦᠷᠢᠶᠡᠨ ᠳᠤ ᠢᠳᠡᠪᠬᠢᠲᠡᠶ ᠦᠢᠯᠡᠳᠦᠯ ᠢᠶᠠᠨ ᠪᠠᠳᠠᠷᠠᠭᠤᠯᠪᠠ᠃ ᠮᠠᠨ ᠤ ᠤᠯᠤᠰ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠢ ᠡᠰᠡᠷᠭᠦᠴᠡᠬᠦ ᠣᠯᠠᠨ ᠤᠯᠤᠰ ᠤᠨ ᠬᠠᠮᠲᠤᠷᠠᠯᠴᠠᠭ᠎ᠠ ᠥᠷᠨᠢᠭᠦᠯᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠬᠠᠮᠤᠭ ᠤᠨ ᠶᠡᠭᠡ ᠬᠡᠪᠴᠢᠶᠡᠨ ᠤ ᠪᠦᠬᠦ ᠪᠥᠮᠪᠥᠷᠴᠡᠭ ᠤᠨ ᠬᠥᠮᠦᠯᠢᠭ ᠦᠵᠡᠯ ᠤᠨ ᠪᠠᠴᠢᠮ ᠠᠵᠢᠯᠯᠠᠭ᠎ᠠ ᠶᠢ ᠡᠭᠦᠰᠭᠡᠨ᠂ ᠦᠢ ᠣᠯᠠᠨ ᠤᠯᠤᠰ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠳ ᠲᠤ ᠡᠳ᠋ ᠪᠣᠳᠠᠰ ᠤᠨ ᠲᠤᠰᠠᠯᠠᠮᠵᠢ᠂ ᠡᠮᠨᠡᠯᠭᠡ ᠶᠢᠨ ᠳᠡᠮᠵᠢᠯᠭᠡ᠂ ᠸᠠᠺᠼᠢᠨ ᠤ ᠲᠤᠰᠠᠯᠠᠮᠵᠢ ᠪᠠ ᠬᠠᠮᠲᠤᠷᠠᠯᠴᠠᠭ᠎ᠠ ᠬᠠᠩᠭᠠᠵᠤ᠂ ᠬᠠᠷᠢᠭᠤᠴᠠᠯᠭ᠎ᠠ ᠲᠠᠢ ᠲᠤᠮᠤ ᠤᠯᠤᠰ ᠤᠨ ᠳᠦᠷᠢ ᠲᠥᠷᠬᠦ ᠶᠢ ᠢᠯᠡᠷᠡᠭᠦᠯᠪᠡ᠃      ᠲᠠᠰᠤᠷᠠᠯᠲᠠ ᠦᠭᠡᠢ ᠴᠢᠷᠮᠠᠶᠢᠬᠤ ᠪᠠᠷ ᠲᠠᠮᠵᠢᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠴᠠᠭ ᠦᠶ᠎ᠡ ᠶᠢᠨ ᠤᠷᠤᠰᠬᠠᠯ ᠪᠠ ᠬᠥᠮᠦᠨ ᠲᠥᠷᠥᠯᠬᠢᠲᠡᠨ ᠤ ᠤᠷᠤᠭᠰᠢᠯᠠᠯᠲᠠ ᠶᠢᠨ ᠴᠢᠭᠯᠡᠯ ᠢ ᠬᠥᠲᠥᠯᠥᠨ ᠳᠠᠭᠠᠭᠤᠯᠬᠤ ᠢᠯᠡ ᠲᠣᠳᠣ ᠲᠤᠭ ᠲᠡᠮᠳᠡᠭ ᠪᠤᠯᠵᠤ᠂ ᠮᠠᠨ ᠤ ᠤᠯᠤᠰ ᠤᠨ ᠭᠠᠳᠠᠭᠠᠳᠤ ᠬᠠᠷᠢᠯᠴᠠᠭ᠎ᠠ ᠳᠡᠯᠡᠬᠡᠶ ᠶᠢᠨ ᠶᠡᠭᠡ ᠬᠤᠪᠢᠰᠤᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠵᠦ᠂ ᠳᠡᠯᠡᠬᠡᠶ ᠶᠢᠨ ᠰᠠᠮᠠᠭᠤᠨ ᠪᠠᠶᠢᠳᠠᠯ ᠤᠨ ᠲᠤᠮᠳᠠ ᠲᠦᠭᠰᠢᠭᠦᠷᠢ ᠶᠢ ᠲᠣᠬᠢᠶᠠᠯ ᠪᠣᠯᠭᠠᠨ ᠬᠤᠪᠢᠷᠠᠭᠤᠯᠵᠦ᠂ ᠮᠠᠨ ᠤ ᠤᠯᠤᠰ ᠤᠨ ᠲᠡᠯᠡᠭᠡᠢ ᠲᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂ ᠴᠤᠭᠴᠠᠯᠠᠨ ᠪᠠᠶᠢᠭᠤᠯᠬᠤ ᠬᠦᠴᠦᠨ ᠢᠯᠡᠳᠲᠡ ᠳᠡᠭᠡᠭᠰᠢᠯᠡᠪᠡ᠃      ᠪᠠᠭᠴᠠᠯᠠᠭᠠᠳ ᠬᠡᠯᠡᠪᠡᠯ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠪᠥᠬᠦ ᠨᠠᠮ ᠪᠥᠬᠦ ᠴᠡᠷᠢᠭ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠡᠷᠡᠮᠡᠬᠡᠶᠢᠯᠡᠨ ᠤᠷᠤᠭᠰᠢᠯᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠪᠠᠨ ᠬᠤᠭᠤᠴᠠᠭ᠎ᠠ ᠶᠤᠰᠤᠭᠠᠷ ᠪᠡᠶᠡᠯᠡᠭᠦᠯᠵᠦ᠂ ᠨᠠᠮ ᠪᠠ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠶ ᠠᠮᠵᠢᠯᠲᠠ ᠪᠦᠳᠦᠮᠵᠢ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠴᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠨᠠᠮ ᠤᠨ ᠰᠡᠳᠭᠢᠯ ᠴᠡᠷᠢᠭ ᠤᠨ ᠰᠡᠳᠭᠢᠯ ᠠᠷᠠᠳ ᠤᠨ ᠰᠡᠳᠭᠢᠯ ᠢ ᠤᠷᠢᠳ ᠭᠠᠷᠤᠭ᠎ᠠ ᠦᠭᠡᠶ ᠨᠢᠭᠲᠠᠷᠠᠭᠤᠯᠤᠨ ᠬᠦᠭᠵᠢᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ ᠰᠠᠨᠠᠭᠠᠴᠢᠯᠠᠭᠠᠲᠤ ᠤᠶᠤᠨ ᠰᠠᠨᠠᠭᠠᠨ ᠤ ᠬᠦᠴᠦᠨ ᠢ ᠬᠠᠩᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠳᠠᠭᠤᠵᠢᠯᠳᠠᠢ ᠲᠡᠮᠡᠴᠡᠯ ᠢᠶᠠᠷ ᠢᠶᠠᠨ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠦ ᠶᠡᠭᠡ ᠦᠰᠦᠷᠦᠯᠲᠡ ᠶᠢ ᠤᠭᠲᠤᠨ ᠠᠪᠴᠢᠷᠠᠬᠰᠠᠡ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃      ᠲᠠᠪᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ      ᠵᠠᠭᠤᠨ ᠵᠢᠯ ᠤᠨ ᠲᠤᠷᠰᠢ᠂ ᠨᠠᠮ ᠢᠮᠠᠭᠲᠠ ᠲᠤᠯᠭᠤᠷ ᠵᠤᠷᠢᠯᠳᠡ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠥᠮᠦᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠠᠬᠢ ᠰᠦᠷᠯᠢᠭ ᠰᠠᠶᠢᠬᠠᠨ ᠵᠢᠷᠤᠭ ᠢ ᠵᠢᠷᠤᠭᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠤᠷᠢᠳ ᠡᠮᠦᠨ᠎ᠡ ᠪᠠᠶᠢᠭ᠎ᠠ ᠦᠭᠡᠢ ᠭᠡᠭᠡᠨ ᠰᠠᠷᠠᠭᠤᠯ ᠢᠷᠡᠭᠡᠳᠦᠢ ᠪᠠᠨ ᠲᠡᠯᠭᠡᠨ ᠦᠵᠡᠬᠦᠯᠦᠭᠰᠡᠨ ᠪᠠᠶᠢᠨ᠎ᠠ᠃      ︵ᠨᠢᠭᠡ︶ ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠢᠷᠡᠭᠡᠳᠦᠶ ᠬᠤᠪᠢ ᠵᠠᠶᠠᠭ᠎ᠠ ᠶᠢ ᠦᠨᠳᠦᠰᠦᠨ ᠠᠴᠠ ᠨᠢ ᠬᠤᠪᠢᠷᠠᠭᠤᠯᠪᠠ᠃ ᠤᠢᠢᠷ᠎ᠠ ᠦᠶ᠎ᠡ ᠠᠴᠠ ᠬᠤᠶᠢᠰᠢ᠂ ᠳᠤᠮᠳᠠᠳᠤ ᠤᠯᠤᠰ ᠤᠨ ᠠᠷᠠᠳ ᠲᠦᠮᠡᠨ ᠭᠤᠷᠪᠠᠨ ᠶᠡᠭᠡ ᠠᠭᠤᠯᠠ ᠶᠢᠨ ᠳᠠᠷᠤᠯᠠᠯ ᠢ ᠭᠦᠨ ᠠᠮᠰᠠᠵᠤ᠂ ᠥᠷᠥᠨᠡᠳᠠᠬᠢᠨ ᠤ ᠬᠦᠴᠦᠷᠬᠡᠭ ᠤᠯᠤᠰ ᠤᠳ ᠲᠤ ︽ᠳᠤᠷᠤᠨᠠᠲᠤ ᠠᠽᠢᠶ᠎ᠠ ᠶᠢᠨ ᠡᠪᠡᠳᠴᠢᠲᠡᠨ︾ ᠭᠡᠵᠦ ᠳᠣᠷᠣᠮᠵᠢᠯᠠᠭᠳᠠᠵᠠᠢ᠃ ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ ᠤᠳᠤᠷᠢᠳᠤᠨ ᠰᠦᠷ ᠳᠠᠯᠠᠶᠢᠴᠠᠲᠠᠢ ᠠᠭᠤᠤ ᠶᠡᠭᠡ ᠲᠡᠮᠡᠴᠡᠯ ᠬᠢᠬᠦ ᠪᠠᠷ ᠲᠠᠮᠵᠢᠭᠠᠳ᠂ ᠳᠤᠮᠳᠠᠳᠤ ᠤᠯᠤᠰ ᠤᠨ ᠠᠷᠠᠳ ᠲᠦᠮᠡᠨ ᠲᠤᠷᠤᠮᠵᠢᠯᠠᠭᠳᠠᠵᠤ ᠳᠠᠷᠤᠯᠠᠭᠳᠠᠵᠤ ᠪᠣᠭᠤᠯᠴᠢᠯᠠᠭᠳᠠᠵᠤ ᠪᠠᠶᠢᠭᠰᠠᠨ ᠬᠤᠪᠢ ᠵᠠᠶᠠᠭ᠎ᠠ ᠠᠴᠠ ᠪᠠᠨ ᠲᠦᠢᠯᠪᠤᠷᠢᠲᠠᠶ ᠠᠩᠭᠢᠵᠢᠷᠠᠵᠤ᠂ ᠤᠯᠤᠰ᠂ ᠨᠡᠶᠢᠭᠡᠮ ᠪᠠ ᠬᠤᠪᠢ ᠵᠠᠶᠠᠭᠠᠨ ᠤ ᠪᠠᠨ ᠡᠵᠡᠨ ᠨᠢ ᠪᠣᠯᠵᠦ᠂ ᠠᠷᠠᠳ ᠤᠨ ᠠᠷᠠᠳᠴᠢᠯᠠᠯ ᠲᠠᠰᠤᠷᠠᠯᠳᠠ ᠦᠭᠡᠢ ᠬᠥᠭᠵᠢᠵᠦ᠂ 14 ᠳ᠋ᠦᠩᠰᠢᠭᠤᠷ ᠭᠠᠷᠤᠶ ᠬᠥᠮᠦᠨ ᠠᠮᠠ ᠪᠦᠬᠦ ᠲᠠᠯ᠎ᠠ ᠪᠠᠷ ᠴᠢᠨᠡᠭᠡᠯᠢᠭᠵᠢᠵᠦ᠂ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠲᠠᠰᠤᠷᠠᠯᠳᠠ ᠦᠭᠡᠢ ᠪᠣᠳᠠᠲᠤ ᠠᠬᠤᠶ ᠪᠤᠯᠵᠤ ᠬᠤᠪᠢᠷᠠᠵᠦ ᠪᠠᠶᠢᠨ᠎ᠠ᠃ ᠥᠨᠥᠳᠦᠷ᠂ ᠳᠤᠮᠳᠠᠳᠤ ᠤᠯᠤᠰ ᠤᠨ ᠠᠷᠠᠳ ᠲᠦᠮᠡᠨ ᠨᠠᠩ ᠢᠯᠡᠭᠦᠦ ᠪᠡᠶ᠎ᠡ ᠪᠠᠨ ᠢᠳᠡᠭᠡᠵᠦ᠂ ᠪᠡᠶ᠎ᠡ ᠪᠠᠨ ᠲᠠᠭᠠᠭᠠᠵᠦ᠂ ᠪᠡᠶ᠎ᠡ ᠪᠠᠨ ᠬᠦᠴᠦᠷᠭᠡᠭᠵᠢᠬᠦᠯᠵᠦ᠂ ᠬᠦᠰᠡᠯ ᠵᠣᠷᠢᠭ᠂ ᠰᠥᠰᠥ ᠵᠣᠷᠢᠭ᠂ ᠢᠳᠡᠭᠡᠯ ᠵᠤᠷᠢᠭ ᠢᠶᠠᠨ ᠲᠦᠢᠯ ᠤᠨ ᠶᠡᠭᠡ ᠪᠠᠷ ᠬᠦᠪᠴᠢᠯᠡᠨ᠂ ᠲᠡᠦᠬᠡᠨ ᠠᠬᠢᠴᠠ ᠳᠤ ᠬᠤᠷᠠᠮᠳᠤᠭᠤᠯᠤᠭᠰᠠᠨ ᠬᠦᠴᠦᠷᠬᠡᠭ ᠶᠡᠭᠡ ᠡᠨᠧᠷᠭᠢ ᠶᠢ ᠭᠦᠢᠴᠡᠳ ᠪᠠᠳᠠᠷᠠᠭᠤᠯᠵᠤ᠂ ᠤᠷᠢᠳ ᠡᠮᠦᠨ᠎ᠡ ᠪᠠᠶᠢᠭ᠎ᠠ ᠦᠭᠡᠢ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠲᠡᠦᠬᠡ ᠶᠢᠨ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠠᠭᠤᠤ ᠶᠡᠭᠡ ᠲᠡᠦᠬᠡ ᠶᠢ ᠶᠠᠬ ᠢᠳᠡᠭᠡᠯ ᠳᠡᠬᠦᠯᠳᠡᠷ ᠪᠢᠴᠢᠭᠯᠡᠵᠦ ᠪᠠᠶᠢᠨ᠎ᠠ᠃      ︵ᠬᠤᠶᠠᠷ︶ ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠨᠡᠭᠡᠭᠡᠪᠡ᠃ ᠤᠢᠢᠷ᠎ᠠ ᠦᠶ᠎ᠡ ᠠᠴᠠ ᠬᠤᠶᠢᠰᠢ᠂ ᠭᠡᠷᠡᠯ ᠰᠠᠴᠤᠷᠠᠩᠭᠤᠶ ᠪᠣᠯᠪᠠᠰᠤᠨ ᠢ ᠡᠭᠦᠳᠦᠨ ᠪᠦᠲᠦᠭᠡᠭᠰᠡᠨ ᠳᠤᠮᠳᠠᠳᠤ ᠶᠢᠨ ᠦᠨᠳᠦᠰᠦᠲᠡᠨ ᠪᠣᠯᠪᠠᠰᠤᠨ ᠢᠶᠠᠨ ᠦᠷᠭᠦᠯᠵᠢᠯᠡᠬᠦᠶ᠎ᠡ ᠪᠡᠷᠬᠡ ᠪᠤᠯᠤᠭᠰᠠᠨ ᠬᠦᠨᠳᠦ ᠨᠣᠴᠢᠲᠠᠶ ᠲᠦᠭᠰᠢᠭᠦᠷᠢ ᠳᠤ ᠤᠴᠠᠷᠠᠵᠦ᠂ ᠤᠷᠤᠭᠤᠳᠠᠨ ᠲᠤᠷᠦ᠋ᠢᠳᠠᠭᠰᠠᠨ ᠪᠠᠶᠢᠳᠠᠯ ᠢᠶᠠᠷ ᠳᠡᠯᠡᠬᠡᠶ ᠳ᠋ᠠᠬᠢᠨ ᠤ ᠡᠮᠦᠨ᠎ᠡ ᠢᠯᠡᠷᠡᠭᠰᠡᠨ ᠪᠠᠶᠢᠪᠠ᠃ ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ ᠤᠳᠤᠷᠢᠳᠤᠨ ᠴᠥᠬᠦᠷᠡᠰᠢ ᠦᠭᠡᠢ ᠲᠡᠮᠡᠴᠡᠵᠦ᠂ ᠲᠠᠰᠤᠷᠠᠯᠲᠠ ᠦᠭᠡᠢ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠠᠮᠵᠢᠯᠲᠠ ᠲᠠᠢ ᠨᠡᠭᠡᠭᠡᠵᠠᠢ᠃ ᠳᠤᠮᠳᠠᠳᠤ ᠤᠯᠤᠰ ᠵᠦᠭ ᠵᠦᠭ ᠲᠡᠭᠡᠨ ᠬᠠᠭᠠᠴᠠᠨ ᠵᠠᠳᠠᠷᠠᠵᠤ᠂ ᠲᠠᠷᠠᠬᠠᠶ ᠪᠤᠲᠠᠷᠬᠠᠶ ᠪᠠᠶᠢᠭᠰᠠᠨ ᠠᠴᠠ ᠪᠠᠨ ᠳᠡᠭᠡᠳᠦ ᠬᠡᠮᠵᠢᠶ᠎ᠡ ᠪᠠᠷ ᠨᠢᠭᠡᠳᠴᠤ᠂ ᠦᠨᠳᠦᠰᠦᠲᠡᠨ ᠨᠦᠭᠦᠳ ᠪᠦᠯᠬᠦᠮᠳᠡᠭᠰᠡᠨ ᠬᠦᠷᠳᠡᠯ᠎ᠠ᠂ ᠶᠠᠳᠠᠭᠤ ᠪᠠᠭᠤᠷᠠᠢ᠂ ᠶᠠᠳᠠᠭᠤ ᠬᠤᠭᠤᠰᠣᠨ ᠪᠠᠶᠢᠭᠰᠠᠨ ᠠᠴᠠ ᠪᠠᠨ ᠪᠦᠬᠦ ᠲᠠᠯ᠎ᠠ ᠪᠠᠷ ᠴᠢᠨᠡᠭᠡᠯᠢᠭᠵᠢᠵᠦ᠂ ᠴᠡᠴᠡᠭᠯᠡᠨ ᠬᠦᠭᠵᠢᠵᠦ ᠪᠠᠶᠠᠵᠢᠨ ᠬᠦᠴᠦᠷᠬᠡᠭᠵᠢᠭᠰᠡᠨ ᠬᠦᠷᠳᠡᠯ᠎ᠠ᠂ ᠰᠠᠨᠠᠭᠠᠴᠢᠯᠠᠭᠠᠲᠤ ᠪᠤᠰᠤ ᠪᠠᠷ ᠴᠤᠬᠢᠬᠳᠠᠵᠦ᠂ ᠲᠠᠷᠤᠯᠡᠯ ᠳᠣᠷᠣᠮᠵᠢᠯᠠᠯ ᠢ ᠬᠠᠰᠢᠷᠠᠲᠠᠯ᠎ᠠ ᠠᠮᠰᠠᠵᠤ ᠪᠠᠶᠢᠭᠰᠠᠨ ᠠᠴᠠ ᠪᠠᠨ ᠪᠡᠶ᠎ᠡ ᠪᠠᠨ ᠳᠠᠭᠠᠭᠠᠨ ᠡᠵᠡᠨ ᠮᠡᠳᠡᠵᠦ᠂ ᠢᠳᠡᠭᠡᠯ ᠢᠶᠠᠨ ᠪᠠᠳᠤᠳᠬᠠᠬᠰᠠᠨ ᠬᠦᠷᠳᠡᠯ᠎ᠠ᠂ ᠬᠡᠳᠦᠨ ᠠᠷᠪᠠᠭ᠋ᠠᠨ ᠵᠢᠯ ᠤᠨ ᠬᠤᠭᠤᠴᠠᠭᠠᠨ ᠳᠤ ᠬᠥᠭᠵᠢᠭᠰᠡᠨ ᠤᠯᠤᠰ ᠤᠨ ᠬᠡᠳᠦᠨ ᠵᠠᠭᠤᠨ ᠵᠢᠯ ᠶᠠᠪᠤᠵᠦ ᠢᠷᠡᠭᠰᠡᠨ ᠠᠵᠤ ᠦᠢᠯᠡᠳᠪᠦᠷᠢᠵᠢᠯᠲᠡ ᠶᠢᠨ ᠶᠠᠪᠤᠴᠠ ᠶᠢ ᠶᠠᠪᠤᠵᠦ ᠲᠠᠭᠤᠰᠬᠠᠭᠠᠳ᠂ ᠠᠵᠤ ᠠᠬᠤᠶ ᠲᠦᠷᠭᠡᠨ ᠬᠥᠭᠵᠢᠭᠰᠡᠨ ᠪᠠ ᠨᠡᠶᠢᠭᠡᠮ ᠤᠷᠲᠤ ᠬᠤᠭᠤᠴᠠᠭ᠎ᠠ ᠪᠠᠷ ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ ᠡᠭᠦᠳᠴᠡᠶ᠃ ᠥᠨᠥᠳᠦᠷ᠂ ᠳᠤᠮᠳᠠᠳᠤ ᠶᠢᠨ ᠦᠨᠳᠦᠰᠦᠲᠡᠨ ᠳᠡᠯᠡᠬᠡᠶ ᠳ᠋ᠠᠬᠢᠨ ᠳᠤ ᠴᠡᠴᠡᠭᠯᠡᠨ ᠬᠥᠭᠵᠢᠭᠰᠡᠨ ᠲᠦᠷᠰᠦ ᠪᠠᠶᠢᠳᠡᠯ ᠢᠶᠠᠨ ᠳᠡᠯᠭᠡᠨ ᠦᠵᠡᠭᠦᠯᠵᠦ᠂ ᠳᠡᠯᠡᠬᠡᠶ ᠶᠢᠨ ᠳᠣᠷᠣᠨᠠᠳᠠᠬᠢᠨ ᠳᠤ ᠰᠡᠬᠦ᠋ᠢᠨ ᠰᠦᠨᠳᠡᠷᠯᠡᠵᠦ ᠪᠠᠶᠢᠨ᠎ᠠ᠃      ︵ᠭᠤᠷᠪᠠ︶ ᠨᠠᠮ ᠤᠨ ᠵᠠᠭᠤᠨ ᠵᠢᠯ ᠤᠨ ᠲᠡᠮᠡᠴᠡᠯ ᠨᠢ ᠮᠠᠷᠺᠰ ᠤᠨ ᠦᠵᠡᠯ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠢᠯᠡᠷᠡᠭᠦᠯᠪᠡ᠃ ᠮᠠᠷᠺᠰ ᠤᠨ ᠦᠵᠡᠯ ᠪᠤᠯ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣ ᠶᠢ ᠢᠯᠡᠷᠡᠭᠦᠯᠦᠭᠰᠡᠨ᠂ ᠶᠢᠷᠲᠢᠨᠴᠦ ᠶᠢ ᠲᠠᠨᠢᠵᠦ᠂ ᠶᠢᠷᠲᠢᠨᠴᠦ ᠶᠢ ᠥᠭᠡᠷᠡᠴᠢᠯᠡᠬᠦ ᠶᠢᠨ ᠰᠢᠨᠵᠢᠯᠡᠬᠦ ᠤᠬᠠᠭᠠᠨᠴᠢ ᠦᠨᠡᠨ ᠶᠣᠰᠣ ᠮᠥᠨ᠃ ᠡᠭᠦᠨ ᠤ ᠬᠠᠮᠲᠤ᠂ ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠬᠦ ᠳᠤ᠂ ᠤᠨᠤᠯ ᠠᠴᠠ ᠦᠢᠯᠡᠳᠦᠯᠭᠡ ᠬᠦᠷᠲᠡᠯ᠎ᠡ ᠴᠦᠮ ᠪᠦᠬᠦ ᠳᠡᠯᠡᠬᠡᠶ ᠶᠢᠨ ᠮᠠᠷᠺᠰ ᠤᠨ ᠦᠵᠡᠯᠳᠡᠳ ᠤᠨ ᠲᠦᠢᠯ ᠤᠨ ᠬᠠᠲᠠᠭᠤ ᠪᠡᠷᠬᠡᠰᠢᠶᠡᠯᠲᠡᠶ᠂ ᠲᠦᠢᠯ ᠤᠨ ᠶᠡᠭᠡ ᠦᠷᠢᠰᠤᠯᠳᠤᠬᠦ ᠴᠢᠨᠠᠷ ᠪᠦᠬᠦᠢ ᠴᠢᠷᠮᠠᠶᠢᠯᠭ᠎ᠠ ᠱᠠᠭᠠᠷᠳᠠᠬᠳᠠᠨ᠎ᠡ᠃ ᠵᠠᠭᠤᠨ ᠵᠢᠯ ᠤᠨ ᠲᠤᠷᠰᠢ᠂ ᠨᠠᠮ ᠠᠴᠠ ᠮᠠᠷᠺᠰ ᠤᠨ ᠦᠵᠡᠯ ᠢ ᠥᠪᠡᠷ ᠤᠨ ᠲᠤᠭ ᠳᠡᠭᠡᠷ᠎ᠡ ᠪᠠᠨ ᠪᠢᠴᠢᠬᠦ ᠶᠢ ᠪᠠᠷᠢᠮᠳᠠᠯᠠᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠲᠠ ᠤᠢᠭᠡᠢ ᠠᠬᠢᠭᠤᠯᠵᠤ᠂ ᠬᠥᠮᠦᠨ ᠲᠥᠷᠥᠯᠬᠢᠲᠡᠨ ᠤ ᠡᠭᠦᠳᠦᠨ ᠪᠦᠲᠦᠭᠡᠭᠰᠡᠨ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠠᠭᠤᠳᠠᠮᠴᠢ ᠪᠠᠭᠲᠠᠭᠠᠮᠵᠢᠲᠠᠢ ᠪᠠᠷ ᠰᠢᠩᠭᠡᠭᠡᠨ ᠠᠪᠴᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠰᠢᠨᠵᠢᠯᠡᠬᠦ ᠤᠬᠠᠭᠠᠨᠴᠢ ᠣᠨᠣᠯ ᠢᠶᠠᠷ ᠠᠭᠤᠤ ᠶᠡᠭᠡ ᠦᠢᠯᠡᠳᠦᠯᠭᠡ ᠶᠢ ᠬᠥᠲᠥᠯᠥᠨ ᠳᠠᠭᠠᠭᠤᠯᠵᠠᠢ ᠃ ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠴᠢᠨᠠᠷ ᠪᠤᠯᠤᠨ ᠦᠨᠡᠨ ᠶᠣᠰᠣᠴᠢ ᠴᠢᠨᠠᠷ ᠨᠢ ᠳᠤᠮᠳᠠᠳᠤ ᠤᠯᠤᠰ ᠲᠤ ᠬᠦᠢᠴᠡᠳ ᠰᠢᠯᠭᠠᠬᠳᠠᠵᠦ᠂ ᠮᠠᠷᠺᠰ ᠤᠨ ᠦᠵᠡᠯ ᠤᠨ ᠠᠷᠠᠳᠴᠢ ᠴᠢᠨᠠᠷ ᠪᠤᠯᠤᠨ ᠦᠢᠯᠡᠳᠦᠯᠭᠡᠳᠦ ᠴᠢᠨᠠᠷ ᠨᠢ ᠳᠤᠮᠳᠠᠳᠤ ᠤᠯᠤᠰ ᠲᠤ ᠭᠦᠢᠴᠡᠳ ᠲᠤᠭᠤᠰᠢᠯᠠᠭᠳᠠᠵᠤ᠂ ᠮᠠᠷᠺᠰ ᠤᠨ ᠦᠵᠡᠯ ᠤᠨ ᠨᠡᠭᠡᠭᠡᠯᠲᠡᠲᠦ ᠴᠢᠨᠠᠷ ᠪᠤᠯᠤᠨ ᠴᠠᠭ ᠦᠶᠡᠴᠢ ᠴᠢᠨᠠᠷ ᠨᠢ ᠳᠤᠮᠳᠠᠳᠤ ᠤᠯᠤᠰ ᠲᠤ ᠭᠦᠢᠴᠡᠳ ᠢᠯᠡᠷᠡᠪᠡ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠨᠢ ᠲᠠᠰᠤᠷᠠᠯᠲᠠ ᠦᠭᠡᠢ ᠠᠮᠵᠢᠯᠲᠠ ᠣᠯᠵᠤ᠂ ᠮᠠᠷᠺᠰ ᠤᠨ ᠦᠵᠡᠯ ᠢ ᠴᠣ᠋ ᠰᠢᠨ᠎ᠡ ᠲᠦᠷᠢ ᠲᠥᠷᠬᠦ ᠪᠠᠷ ᠳᠡᠯᠡᠬᠡᠶ ᠳ᠋ᠠᠬᠢᠨ ᠳᠤ ᠢᠯᠡᠷᠡᠭᠦᠯᠵᠦ᠂ ᠳᠡᠯᠡᠬᠡᠶ ᠶᠢᠨ ᠬᠡᠪᠴᠢᠶᠡᠨ ᠳᠠᠬᠢ ᠨᠡᠶᠢᠭᠡᠮ ᠵᠢᠷᠤᠮ ᠪᠠ ᠬᠥᠷᠥᠩᠭᠡᠲᠦ ᠶᠣᠰᠣ ᠬᠡᠬᠦ ᠬᠤᠶᠠᠷ ᠵᠦᠢᠯ ᠤᠨ ᠦᠵᠡᠯ ᠤᠬᠠᠮᠰᠠᠷ ᠤᠨ ᠬᠡᠯᠪᠡᠷᠢ᠂ ᠬᠤᠶᠠᠷ ᠵᠦᠢᠯ ᠤᠨ ᠨᠡᠶᠢᠭᠡᠮ ᠤᠨ ᠪᠠᠶᠢᠭᠤᠯᠤᠯ ᠤᠨ ᠲᠡᠦᠬᠡᠨ ᠤᠯᠠᠷᠢᠯ ᠬᠤᠪᠢᠰᠤᠯ ᠵᠢᠴᠢ ᠲᠡᠭᠦᠨ ᠤ ᠦᠵᠡᠯᠴᠡᠭᠡᠨ ᠳᠤ ᠨᠡᠶᠢᠭᠡᠮ ᠵᠢᠷᠤᠮ ᠳᠤ ᠠᠰᠢᠭᠲᠠᠶ ᠴᠢᠬᠤᠯᠠ ᠶᠡᠭᠡ ᠬᠤᠪᠢᠷᠠᠯᠲᠠ ᠶᠢ ᠭᠠᠷᠭᠠᠭᠰᠠᠨ ᠪᠠᠶᠢᠨ᠎ᠠ᠃      ︵ᠲᠦᠷᠪᠡ︶ ᠨᠠᠮ ᠤᠨ ᠵᠠᠭᠤᠨ ᠵᠢᠯ ᠤᠨ ᠲᠡᠮᠡᠴᠡᠯ ᠨᠢ ᠳᠡᠯᠡᠬᠡᠶ ᠶᠢᠨ ᠲᠡᠦᠬᠡ ᠶᠢᠨ ᠠᠬᠢᠴᠠ ᠶᠢ ᠭᠦᠨᠵᠡᠭᠡᠶ ᠨᠥᠯᠥᠭᠡᠯᠡᠪᠡ᠃ ᠨᠠᠮ ᠪᠠ ᠠᠷᠠᠳ ᠲᠦᠮᠡᠨ ᠤ ᠦᠢᠯᠡᠰ ᠪᠣᠯ ᠬᠥᠮᠦᠨ ᠲᠥᠷᠥᠯᠬᠢᠲᠡᠨ ᠤ ᠳᠠᠪᠰᠢᠯᠲᠠ ᠶᠢᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠵᠠᠭᠤᠨ ᠵᠢᠯ ᠤᠨ ᠲᠤᠷᠰᠢ᠂ ᠨᠠᠮ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠬᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠴᠢᠷᠮᠠᠶᠢᠬᠰᠠᠨ ᠮᠥᠷᠲᠡᠭᠡᠨ ᠪᠠᠰᠠ ᠬᠥᠮᠦᠨ ᠲᠥᠷᠥᠯᠬᠢᠲᠡᠨ ᠤ ᠳᠠᠪᠰᠢᠯᠲᠠ ᠶᠢ ᠡᠷᠢᠯᠬᠢᠯᠡᠬᠦ᠂ ᠳᠡᠯᠡᠬᠡᠶ ᠶᠢᠨ ᠶᠡᠭᠡ ᠨᠢᠭᠡᠳᠦᠯ ᠢ ᠪᠡᠶᠡᠯᠡᠬᠦᠯᠬᠦ ᠪᠠᠷ ᠴᠢᠷᠮᠠᠶᠢᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠲᠡᠮᠡᠴᠡᠯ ᠢᠶᠠᠷ ᠢᠶᠠᠨ ᠳᠡᠯᠡᠬᠡᠶ ᠶᠢᠨ ᠬᠥᠭᠵᠢᠯᠲᠡ ᠶᠢᠨ ᠬᠠᠨᠳᠤᠰᠢ ᠪᠠ ᠪᠠᠶᠢᠷᠢᠰᠢᠯ ᠢ ᠭᠦᠨᠵᠡᠭᠡᠶ ᠬᠤᠪᠢᠷᠠᠭᠤᠯᠵᠠᠶ᠃ ᠨᠠᠮ ᠠᠴᠠ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢ ᠠᠮᠵᠢᠯᠲᠠ ᠲᠠᠢ ᠨᠡᠭᠡᠭᠡᠵᠦ᠂ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ ᠪᠠᠶᠢᠳᠡᠯ ᠢ ᠡᠭᠦᠳᠴᠦ᠂ ᠬᠥᠭᠵᠢᠵᠦ ᠪᠠᠶᠢᠭ᠎ᠠ ᠤᠯᠤᠰ ᠤᠨ ᠤᠳᠤᠬᠢᠴᠢᠯᠡᠯᠳᠡ ᠲᠡᠶᠢᠰᠢ ᠤᠷᠤᠬᠰᠢᠯᠠᠬᠤ ᠠᠷᠭ᠎ᠠ ᠵᠠᠮ ᠢ ᠥᠷᠭᠡᠳᠭᠡᠵᠦ᠂ ᠳᠡᠯᠡᠬᠡᠶ ᠳᠡᠭᠡᠷᠡᠬᠢ ᠬᠥᠭᠵᠢᠯᠲᠡ ᠪᠠᠨ ᠲᠦᠷᠭᠡᠳᠭᠡᠬᠦ ᠶᠢ ᠬᠦᠰᠡᠵᠦ ᠪᠠᠶᠢᠭ᠎ᠠ ᠮᠥᠷᠲᠡᠭᠡᠨ ᠪᠠᠰᠠ ᠲᠤᠰ ᠪᠡᠶ᠎ᠡ ᠶᠢᠨ ᠪᠡᠶ᠎ᠡ ᠪᠠᠨ ᠳᠠᠭᠠᠭᠠᠬᠤ ᠴᠢᠨᠠᠷ ᠢᠶᠠᠨ ᠬᠠᠳᠠᠭᠠᠯᠠᠬᠤ ᠶᠢ ᠬᠦᠰᠡᠵᠦ ᠪᠠᠶᠢᠭ᠎ᠠ ᠲᠡᠳᠡᠭᠡᠷ ᠤᠯᠤᠰ ᠪᠠ ᠦᠨᠳᠦᠰᠦᠲᠡᠨ ᠳᠤ ᠴᠣ᠋ ᠰᠢᠨ᠎ᠡ ᠰᠣᠩᠭᠤᠯᠲᠠ ᠬᠠᠩᠭᠠᠭᠰᠠᠨ ᠪᠠᠶᠢᠨ᠎ᠠ᠃ ᠨᠠᠮ ᠠᠴᠠ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ᠂ ᠥᠨᠢ ᠤᠳᠠᠭᠠᠨ ᠡᠩᠭᠡ ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠶ ᠪᠠᠭᠲᠠᠭᠠᠮᠵᠢᠲᠠᠶ᠂ ᠠᠷᠢᠭᠤᠨ ᠴᠡᠪᠡᠷ ᠦᠵᠡᠰᠭᠦᠯᠡᠩᠲᠦ ᠰᠠᠶᠢᠬᠠᠨ ᠳᠡᠯᠡᠬᠡᠶ ᠶᠢᠷᠲᠢᠨᠴᠦ ᠶᠢ ᠪᠦᠳᠦᠭᠡᠨ ᠪᠠᠶᠢᠭᠤᠯᠬᠤ ᠳᠤ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠦᠯ᠂ ᠳᠤᠮᠳᠠᠳᠤ ᠤᠯᠤᠰ ᠤᠨ ᠬᠦᠴᠦᠨ ᠴᠢᠳᠠᠯ ᠢ ᠨᠡᠮᠡᠷᠢᠯᠡᠬᠡᠳ᠂ ᠬᠥᠮᠦᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠶᠢ ᠠᠬᠢᠭᠤᠯᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃      ︵ᠲᠠᠪᠤ︶ ᠨᠠᠮ ᠤᠨ ᠵᠠᠭᠤᠨ ᠵᠢᠯ ᠤᠨ ᠲᠡᠮᠡᠴᠡᠯ ᠨᠢ ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠴᠢᠯᠠᠵᠤ ᠪᠠᠶᠢᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠢ ᠳᠠᠪᠲᠠᠨ ᠪᠣᠯᠪᠠᠰᠤᠷᠠᠭᠤᠯᠪᠠ᠃ ᠨᠠᠮ ᠪᠠᠶᠢᠭᠤᠯᠤᠭᠳᠠᠬᠤ ᠦᠶ᠎ᠡ ᠳᠡᠭᠡᠨ ᠲᠡᠪᠢ ᠭᠠᠷᠦ᠋ᠢᠬᠠᠨ ᠨᠠᠮ ᠤᠨ ᠭᠡᠰᠢᠭᠦᠨ ᠲᠠᠢ ᠪᠠᠶᠢᠪᠠ᠂ ᠥᠨᠥᠳᠦᠷ ᠨᠢᠭᠡᠨᠲᠡ 9500 ᠭᠠᠷᠤᠶ ᠲᠦᠮᠡᠨ ᠨᠠᠮ ᠤᠨ ᠭᠡᠰᠢᠭᠦᠨ ᠲᠠᠢ᠂ 14 ᠳ᠋ᠦᠩᠰᠢᠭᠤᠷ ᠭᠠᠷᠤᠶ ᠬᠥᠮᠦᠨ ᠠᠮᠠ ᠲᠠᠢ ᠲᠤᠮᠤ ᠤᠯᠤᠰ ᠢ ᠤᠳᠤᠷᠢᠳᠤᠭᠰᠠᠨ᠂ ᠳᠡᠯᠡᠬᠡᠢ ᠳᠡᠭᠡᠷ᠎ᠡ ᠴᠢᠬᠤᠯᠠ ᠶᠡᠭᠡ ᠨᠥᠯᠥᠭᠡᠯᠡᠬᠦ ᠬᠦᠴᠦᠨ ᠪᠦᠬᠦᠢ ᠳᠡᠯᠡᠬᠡᠶ ᠶᠢᠨ ᠨᠢᠭᠡᠳᠦᠭᠡᠷ ᠲᠤᠮᠤ ᠲᠦᠷᠦ ᠪᠠᠷᠢᠬᠴᠢ ᠨᠠᠮ ᠪᠣᠯᠵᠠᠶ᠃ ᠵᠠᠭᠤᠨ ᠵᠢᠯ ᠤᠨ ᠲᠤᠷᠰᠢ᠂ ᠨᠠᠮ ᠰᠢᠨᠵᠢ ᠴᠢᠨᠠᠷ ᠵᠣᠷᠢᠯᠲᠠ ᠪᠠᠨ ᠪᠠᠷᠢᠮᠲᠠᠯᠠᠵᠤ᠂ ᠬᠦᠰᠡᠯᠡᠩ ᠢᠲᠡᠭᠡᠯ ᠵᠣᠷᠢᠭ ᠢᠶᠠᠨ ᠪᠠᠷᠢᠮᠲᠠᠯᠠᠵᠤ᠂ ᠲᠤᠯᠭᠤᠷ ᠵᠤᠷᠢᠯᠳᠡ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠵᠣᠷᠢᠭᠲᠠᠶ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠦᠬᠦᠵᠦ ᠰᠡᠭᠡᠬᠦ ᠶᠢᠨ ᠲᠡᠮᠡᠴᠡᠯ ᠪᠠ ᠲᠡᠰᠪᠦᠷᠢ ᠬᠠᠲᠠᠭᠤᠵᠢᠯᠲᠠᠶ ᠲᠡᠮᠡᠴᠡᠯ ᠳᠤᠮᠳᠠ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠰᠢᠯᠭᠠᠯᠲᠠ ᠶᠢ ᠳᠠᠭᠠᠭᠠᠵᠤ᠂ ᠯᠤᠲᠤ ᠶᠡᠭᠡ ᠦᠷᠡᠭᠳᠡᠯ ᠰᠦᠢᠳᠦᠯ ᠭᠠᠷᠭᠠᠵᠤ᠂ ᠤᠯᠤᠰ ᠲᠥᠷᠥ ᠶᠢᠨ ᠢᠯᠡ ᠲᠣᠳᠣ ᠵᠠᠩ ᠴᠢᠨᠠᠷ ᠢ ᠳᠠᠪᠲᠠᠨ ᠪᠣᠯᠪᠠᠰᠤᠷᠠᠭᠤᠯᠤᠭᠠᠳ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠣᠯᠭᠠᠭᠰᠠᠨ ᠵᠣᠷᠢᠭ ᠰᠠᠨᠠᠭᠠᠨ ᠤ ᠲᠤᠬᠳᠠᠯᠴᠠᠭ᠎ᠠ ᠶᠢ ᠪᠦᠷᠢᠯᠳᠦᠭᠦᠯᠵᠦ᠂ ᠨᠠᠮ ᠤᠨ ᠲᠡᠷᠢᠭᠦᠨ ᠤ ᠴᠢᠨᠠᠷ ᠪᠣᠯᠤᠨ ᠴᠡᠪᠡᠷ ᠴᠢᠨᠠᠷ ᠢ ᠪᠠᠲᠤᠯᠠᠵᠤ᠂ ᠨᠠᠮ ᠤᠨ ᠲᠥᠷᠥ ᠪᠠᠷᠢᠬᠤ ᠴᠢᠳᠠᠪᠤᠷᠢ ᠪᠣᠯᠤᠨ ᠤᠳᠤᠷᠢᠳᠬᠤ ᠬᠢᠷᠢ ᠭᠡᠮᠵᠢᠶ᠎ᠠ ᠶᠢ ᠲᠠᠰᠤᠷᠠᠯᠲᠠ ᠤᠢᠭᠡᠢ ᠳᠡᠭᠡᠭᠰᠢᠯᠡᠬᠦᠯᠵᠤ᠂ ᠤᠳᠤ ᠶᠠᠭ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠳᠡᠭᠡᠷ᠎ᠡ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠲᠡᠶᠢᠰᠢ ᠪᠤᠴᠠᠰᠢ ᠦᠭᠡᠢ ᠤᠷᠤᠭᠰᠢᠯᠠᠵᠤ ᠪᠠᠶᠢᠨ᠎ᠠ᠂ ᠮᠠᠨ ᠤ ᠨᠠᠮ ᠪᠤᠯ ᠨᠡᠷ᠎ᠡ ᠨᠢᠳᠡᠷ ᠲᠡᠭᠡᠨ ᠨᠡᠶᠢᠴᠡᠭᠰᠡᠨ ᠠᠭᠤᠦ ᠶᠡᠭᠡ ᠢᠷᠠᠭᠤ ᠠᠯᠳᠠᠷᠲᠠᠢ ᠵᠥᠪ ᠤᠨᠤᠪᠴᠢᠳᠠᠢ ᠨᠠᠮ ᠮᠥᠨ᠃      ᠵᠢᠷᠭᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ      ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ ᠤᠳᠤᠷᠢᠳᠤᠨ ᠠᠭᠤᠤ ᠶᠡᠭᠡ ᠲᠡᠮᠡᠴᠡᠯ ᠬᠢᠵᠦ᠂ ᠤᠷᠤᠭᠰᠢᠯᠠᠨ ᠳᠠᠪᠰᠢᠬᠤ ᠳᠤᠮᠳᠠ ᠰᠢᠪᠲᠤᠯᠤᠯᠲᠠ ᠭᠠᠷᠭᠠᠵᠤ᠂ ᠨᠤᠭᠤᠷᠠᠯ ᠪᠦᠳᠦᠷᠢᠯ ᠤᠨ ᠳᠤᠮᠳᠠ ᠡᠷᠡᠯᠬᠡᠭᠯᠡᠨ ᠪᠣᠰᠴᠤ᠂ ᠳ᠋ᠦᠩᠨᠡᠯᠲᠡ ᠬᠢᠬᠦ ᠳᠤᠮᠳᠠ ᠳᠡᠭᠡᠭᠰᠢᠯᠡᠭᠡᠳ᠂ ᠡᠷᠬᠢᠮ ᠨᠠᠨᠳᠢᠨ ᠲᠡᠦᠬᠡᠨ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃      ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠮᠠᠨ ᠤ ᠦᠢᠯᠡᠰ ᠢ ᠤᠳᠤᠷᠢᠳᠬᠤ ᠭᠤᠤᠯᠯᠠᠬᠤ ᠬᠦᠴᠦᠨ ᠮᠥᠨ᠃ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤᠢᠢᠷ᠎ᠠ ᠦᠶ᠎ᠡ ᠠᠴᠠ ᠬᠤᠶᠢᠰᠢᠬᠢ ᠲᠡᠦᠬᠡᠨ ᠬᠤᠪᠢ ᠵᠠᠶᠠᠭ᠎ᠠ ᠪᠠᠨ ᠬᠤᠪᠢᠷᠠᠭᠤᠯᠵᠤ᠂ ᠥᠨᠥᠳᠥᠷ ᠤᠨ ᠠᠭᠤᠦ ᠶᠡᠭᠡ ᠠᠮᠵᠢᠯᠲᠠ ᠪᠦᠲᠦᠮᠵᠢ ᠶᠢ ᠣᠯᠵᠤ ᠴᠢᠳᠠᠭᠰᠠᠨ ᠤ ᠬᠠᠮᠤᠭ ᠤᠨ ᠦᠨᠳᠦᠰᠦᠨ ᠰᠢᠯᠲᠠᠭᠠᠨ ᠬᠡᠪᠡᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠡᠰ ᠴᠢᠩᠭ᠎ᠠ ᠤᠳᠤᠷᠢᠳᠤᠯᠭ᠎ᠠ ᠪᠠᠶᠢᠭᠰᠠᠨ ᠳᠤ ᠤᠷᠤᠰᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ᠂ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠪᠠᠶᠢᠵᠤ ᠴᠢᠳᠠᠬᠤ ᠦᠭᠡᠢ ᠭᠡᠳᠡᠭ ᠢ ᠲᠡᠦᠬᠡ ᠪᠠ ᠪᠣᠳᠠᠲᠤ ᠪᠠᠶᠢᠳᠠᠯ ᠴᠥᠮ ᠭᠡᠷᠡᠴᠢᠯᠡᠵᠦ ᠪᠠᠶᠢᠨ᠎ᠠ᠃ ᠮᠠᠨ ᠤ ᠡᠨᠡ ᠬᠦ ᠳᠡᠯᠡᠬᠡᠶ ᠳᠡᠭᠡᠷᠡᠬᠢ ᠬᠠᠮᠤᠭ ᠤᠨ ᠲᠣᠮᠣ ᠲᠥᠷᠥ ᠶᠢᠨ ᠨᠠᠮ ᠪᠠ ᠬᠥᠮᠦᠨ ᠠᠮᠠ ᠪᠠᠷ ᠬᠠᠮᠤᠭ ᠤᠨ ᠣᠯᠠᠨ ᠤᠯᠤᠰ ᠢ ᠰᠠᠶᠢᠲᠤᠷ ᠵᠠᠰᠠᠬᠤ ᠳᠤ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠢᠯᠠᠩᠭᠤᠶ᠎ᠠ ᠨᠠᠮ ᠤᠨ ᠲᠥᠪ ᠬᠤᠷᠢᠶᠠᠨ ᠤ ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳᠴᠢᠯᠠᠯ ᠲᠦᠪᠯᠡᠷᠡᠯ ᠤᠨ ᠶᠣᠰᠣ ᠶᠢ ᠪᠠᠷᠢᠮᠲᠠᠯᠠᠵᠤ᠂ ᠨᠠᠮ ᠤᠨ ᠢᠮᠠᠭᠲᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠳᠠᠢ᠃ ᠪᠢᠳᠡ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠦ᠂ ᠨᠠᠮ ᠤᠨ ᠭᠤᠤᠯᠯᠠᠭᠴᠢ ᠪᠣᠯᠤᠨ ᠨᠠᠮ ᠤᠨ ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢᠨ ᠤᠯᠤᠰ ᠲᠥᠷᠥ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠦ᠂ ᠨᠠᠮ ᠤᠨ ᠤᠳᠤᠷᠢᠳᠤᠯᠭ᠎ᠠ ᠶᠢ ᠨᠠᠮ ᠪᠠ ᠤᠯᠤᠰ ᠣᠷᠣᠨ ᠤ ᠠᠵᠢᠯ ᠦᠢᠯᠡᠰ ᠤᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠳᠠᠭ ᠯᠠ ᠶᠤᠮ ᠪᠣᠯ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠨᠢᠭᠡᠳᠴᠦ ᠤᠷᠤᠭᠰᠢᠯᠠᠨ ᠲᠠᠪᠰᠢᠬᠤ ᠶᠢ ᠦᠨᠡᠨ ᠬᠦ ᠪᠠᠲᠤᠯᠠᠵᠤ ᠴᠢᠳᠠᠬᠤ ᠨᠢ ᠯᠠᠪᠲᠠᠢ ᠶᠤᠮ᠃      ︵ᠬᠤᠶᠠᠷ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠎ᠠ᠃ ᠨᠠᠮ ᠤᠨ ᠦᠨᠳᠦᠰᠦ ᠰᠠᠭᠤᠷᠢ ᠨᠢ ᠠᠷᠠᠳ ᠲᠦᠮᠡᠨ ᠳᠤ ᠪᠤᠢ᠂ ᠠᠮᠢᠨ ᠰᠤᠳᠠᠰᠤ ᠨᠢ ᠠᠷᠠᠳ ᠲᠦᠮᠡᠨ ᠳᠤ ᠪᠤᠢ᠂ ᠬᠦᠴᠦᠨ ᠴᠢᠳᠠᠯ ᠨᠢ ᠠᠷᠠᠳ ᠲᠦᠮᠡᠨ ᠳᠤ ᠪᠤᠢ᠂ ᠠᠷᠠᠳ ᠲᠦᠮᠡᠨ ᠪᠣᠯ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠬᠠᠮᠤᠭ ᠤᠨ ᠶᠡᠭᠡ ᠢᠲᠡᠭᠡᠯ ᠬᠦᠴᠦᠨ ᠮᠥᠨ᠃ ᠠᠷᠠᠳ ᠤᠨ ᠰᠡᠳᠭᠢᠯ ᠪᠣᠯ ᠬᠠᠮᠤᠭ ᠤᠨ ᠶᠡᠭᠡ ᠤᠯᠤᠰ ᠲᠦᠷᠦ ᠮᠦᠨ᠂ ᠰᠢᠳᠤᠷᠭᠤ ᠶᠣᠰᠣ ᠪᠣᠯ ᠬᠠᠮᠤᠭ ᠤᠨ ᠬᠦᠴᠦᠷᠬᠡᠭ ᠬᠦᠴᠦᠨ ᠴᠢᠳᠠᠯ ᠮᠥᠨ᠃ ᠨᠠᠮ ᠤᠨ ᠬᠠᠮᠤᠭ ᠤᠨ ᠶᠡᠭᠡ ᠤᠯᠤᠰ ᠲᠦᠷᠦ ᠶᠢᠨ ᠳᠠᠪᠠᠭᠤᠯᠢᠭ ᠪᠣᠯ ᠤᠯᠠᠨ ᠲᠦᠮᠡᠨ ᠲᠠᠢ ᠨᠢᠭᠲᠠ ᠬᠠᠷᠢᠯᠴᠠᠬᠤ ᠶᠠᠪᠤᠳᠠᠯ ᠪᠣᠯᠤᠨ᠎ᠠ᠂ ᠨᠠᠮ ᠤᠨ ᠲᠦᠷᠦ ᠪᠠᠷᠢᠭᠰᠠᠨ ᠤ ᠳᠠᠷᠠᠭᠠᠬᠢ ᠬᠠᠮᠤᠭ ᠤᠨ ᠶᠡᠭᠡ ᠠᠶᠤᠯ ᠪᠣᠯ ᠤᠯᠠᠨ ᠲᠦᠮᠡᠨ ᠠᠴᠠ ᠬᠥᠨᠳᠡᠶᠢᠷᠡᠬᠦ ᠶᠠᠪᠤᠳᠠᠯ ᠪᠣᠯᠤᠨ᠎ᠠ᠃ ᠨᠠᠮ ᠳᠤᠮᠳᠠᠳᠤ ᠤᠯᠤᠰ ᠤᠨ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠵᠦ ᠪᠠᠶᠢᠳᠠᠭ᠂ ᠶᠠᠮᠠᠷ ᠴᠤ ᠥᠪᠡᠷ ᠤᠨ ᠣᠨᠴᠠᠭᠠᠶ ᠠᠰᠢᠭ ᠲᠤᠰᠠ ᠭᠡᠵᠦ ᠪᠠᠶᠢᠬᠤ ᠦᠭᠡᠶ᠂ ᠶᠡᠷᠦ ᠠᠴᠠ ᠶᠠᠮᠠᠷᠪᠠ ᠠᠰᠢᠭ ᠲᠤᠰᠠ ᠶᠢᠨ ᠪᠦᠯᠦᠭ᠂ ᠶᠠᠮᠠᠷᠪᠠ ᠡᠷᠬᠡ ᠰᠦᠷ ᠤᠨ ᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠶᠢᠨ ᠠᠰᠢᠭ ᠲᠤᠰᠠ ᠶᠢ ᠲᠥᠯᠥᠭᠡᠯᠡᠳᠡᠭ ᠦᠭᠡᠢ᠂ ᠡᠨᠡ ᠪᠣᠯ ᠨᠠᠮ ᠤᠨ ᠢᠯᠠᠭᠳᠠᠰᠢ ᠦᠭᠡᠢ ᠪᠠᠶᠢᠷᠢᠨ ᠳᠤ ᠪᠠᠶᠢᠬᠤ ᠶᠢᠨ ᠦᠨᠳᠦᠰᠦᠨ ᠵᠦᠢᠯ ᠮᠥᠨ᠃ ᠪᠢᠳᠡ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠢᠮᠠᠭᠲᠠ ᠪᠠᠷᠢᠮᠲᠠᠯᠠᠨ᠂ ᠨᠠᠮ ᠤᠨ ᠣᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠲᠥᠷᠥ ᠭᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠥᠷᠥ ᠭᠦᠷᠦᠨ ᠮᠥᠨ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠠᠯᠢᠪᠠ ᠪᠦᠬᠦᠨ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ ᠳᠤ ᠠᠷᠠᠳ ᠲᠦᠮᠡᠨ ᠳᠤ ᠲᠦᠰᠢᠭᠯᠡᠬᠦ ᠶᠢ ᠪᠠᠷᠢᠮᠲᠠᠯᠠᠨ᠂ ᠠᠷᠠᠳ ᠲᠦᠮᠡᠨ ᠤ ᠲᠥᠯᠥᠭᠡ ᠲᠥᠷᠥ ᠪᠠᠷᠢᠬᠤ᠂ ᠠᠷᠠᠳ ᠲᠦᠮᠡᠨ ᠳᠤ ᠲᠦᠰᠢᠭᠯᠡᠨ ᠲᠥᠷᠥ ᠪᠠᠷᠢᠬᠤ ᠶᠢ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠳᠤ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠬᠦ ᠶᠢ ᠪᠠᠷᠢᠮᠲᠠᠯᠠᠵᠤ᠂ ᠪᠦᠬᠦ ᠠᠷᠠᠳ ᠲᠦᠮᠡᠨ ᠢ ᠬᠠᠮᠲᠤ ᠪᠠᠷ ᠪᠠᠶᠠᠵᠢᠭᠤᠯᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠳᠠᠭ ᠯᠠ ᠶᠤᠮ ᠪᠣᠯ᠂ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠨᠡᠩ ᠶᠡᠭᠡ ᠰᠢᠨ᠎ᠡ ᠢᠯᠠᠯᠲᠠ ᠶᠢ ᠲᠡᠮᠡᠴᠡᠨ ᠣᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠢ ᠳᠤᠮᠳᠠᠳᠤ ᠤᠯᠤᠰ ᠤᠨ ᠠᠷᠠᠳ ᠲᠦᠮᠡᠨ ᠠᠴᠠ ᠰᠠᠯᠭᠠᠬᠤ᠂ ᠠᠷᠠᠳ ᠲᠦᠮᠡᠨ ᠯᠦᠭᠡ ᠡᠰᠡᠷᠭᠦᠴᠡᠯᠳᠦᠭᠦᠯᠬᠦ ᠪᠠᠷ ᠰᠠᠨᠠᠭᠠᠷᠬᠠᠬᠤ ᠶᠠᠮᠠᠷᠪᠠ ᠭᠤᠷᠢᠳᠠᠯᠭ᠎ᠠ ᠶᠢ ᠬᠡᠵᠢᠶᠡᠳᠡ ᠪᠡᠶᠡᠯᠡᠭᠳᠡᠵᠦ ᠴᠢᠳᠠᠰᠢ ᠦᠭᠡᠢ ᠪᠤᠯᠭᠠᠬᠤ ᠨᠢ ᠯᠠᠪᠲᠠᠢ ᠶᠤᠮ᠃      ︵ᠭᠤᠷᠪᠠ︶ ᠤᠨᠤᠯ ᠤᠨ ᠰᠢᠨ᠎ᠡ ᠡᠭᠦᠳᠤᠯᠳᠡ ᠶᠢ ᠪᠠᠷᠢᠮᠲᠠᠯᠠᠨ᠎ᠠ᠃ ᠮᠠᠷᠺᠰ ᠤᠨ ᠦᠵᠡᠯ ᠪᠣᠯ ᠮᠠᠨ ᠤ ᠨᠠᠮ ᠪᠠᠶᠢᠭᠤᠯᠬᠤ ᠤᠯᠤᠰ ᠪᠠᠶᠢᠭᠤᠯᠬᠤ᠂ ᠨᠠᠮ ᠢᠶᠠᠨ ᠬᠥᠭᠵᠢᠭᠦᠯᠬᠦ ᠤᠯᠤᠰ ᠢᠶᠠᠨ ᠬᠦᠴᠦᠷᠬᠡᠭᠵᠢᠭᠦᠯᠬᠦ ᠶᠢᠨ ᠦᠨᠳᠦᠰᠦᠨ ᠵᠢᠯᠣᠭᠤᠳᠬᠤ ᠦᠵᠡᠯ ᠰᠠᠨᠠᠭ᠎ᠠ ᠮᠥᠨ᠃ ᠮᠠᠷᠺᠰ ᠤᠨ ᠦᠵᠡᠯ ᠤᠨ ᠤᠨᠤᠯ ᠪᠣᠯ ᠨᠣᠮᠯᠠᠯ ᠪᠢᠰᠢ ᠬᠠᠷᠢᠨ ᠠᠵᠢᠯᠯᠠᠭᠠᠨ ᠤ ᠵᠦᠭᠯᠡᠭᠦᠷ ᠮᠥᠨ᠂ ᠡᠷᠬᠡᠪᠰᠢ ᠦᠢᠯᠡᠳᠦᠯᠭᠡ ᠶᠢᠨ ᠬᠥᠭᠵᠢᠯᠲᠡ ᠶᠢ ᠲᠠᠭᠠᠯᠳᠤᠨ ᠬᠥᠭᠵᠢᠬᠦ ᠬᠡᠷᠡᠭᠲᠡᠢ᠂ ᠡᠷᠬᠡᠪᠰᠢ ᠳᠤᠮᠳᠠᠳᠤ ᠤᠯᠤᠰᠴᠢᠯᠠᠪᠠᠯ ᠰᠠᠶ᠋ᠢ ᠪᠠᠲᠤᠲᠠᠢ ᠦᠨᠳᠦᠰᠦᠯᠡᠵᠦ᠂ ᠣᠷᠣᠨ ᠨᠤᠲᠤᠭᠴᠢᠯᠠᠪᠠᠯ ᠰᠠᠶ᠋ᠢ ᠬᠥᠮᠦᠰ ᠤᠨ ᠰᠡᠳᠭᠢᠯ ᠳᠤ ᠭᠦᠨ ᠰᠠᠭᠤᠭᠳᠠᠵᠤ ᠴᠢᠳᠠᠬᠤ ᠶᠤᠮ᠃ ᠨᠠᠮ ᠠᠴᠠ ᠠᠷᠠᠳ ᠲᠦᠮᠡᠨ ᠢ ᠤᠳᠤᠷᠢᠳᠤᠨ ᠤᠳᠠᠭ᠎ᠠ ᠪᠦᠷᠢ ᠶᠢᠨ ᠬᠠᠶᠢᠨ ᠰᠦᠪᠡᠭᠴᠢᠯᠡᠯᠲᠡ᠂ ᠤᠳᠠᠭ᠎ᠠ ᠪᠦᠷᠢ ᠶᠢᠨ ᠨᠤᠭᠤᠷᠠᠯ ᠪᠦᠳᠦᠷᠢᠯ᠂ ᠤᠳᠠᠭ᠎ᠠ ᠪᠦᠷᠢ ᠶᠢᠨ ᠨᠡᠭᠡᠭᠡᠯᠲᠡ ᠶᠢᠨ ᠳᠤᠮᠳᠠ ᠳᠤᠮᠳᠠᠲᠤ ᠤᠯᠤᠰ ᠤᠨ ᠪᠤᠰᠤᠳ ᠡᠯ᠎ᠡ ᠵᠦᠢᠯ ᠤᠨ ᠤᠯᠤᠰ ᠲᠥᠷᠥ ᠶᠢᠨ ᠬᠦᠴᠦᠨ ᠤ ᠪᠡᠶᠡᠯᠡᠭᠦᠯᠵᠦ ᠴᠢᠳᠠᠰᠢ ᠦᠭᠡᠢ ᠪᠡᠷᠬᠡ ᠬᠠᠲᠠᠭᠤᠵᠢᠯᠲᠠᠶ ᠡᠭᠦᠷᠭᠡ ᠶᠢ ᠪᠡᠶᠡᠯᠡᠭᠦᠯᠵᠦ ᠴᠢᠳᠠᠭᠰᠠᠨ ᠤ ᠦᠨᠳᠦᠰᠦᠨ ᠰᠢᠯᠲᠠᠭᠠᠨ ᠨᠢ ᠦᠵᠡᠯ ᠰᠠᠨᠠᠭ᠎ᠠ ᠪᠠᠨ ᠴᠢᠯᠥᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠨᠳᠦᠰᠦᠨ ᠤᠭ ᠶᠤᠰᠤ ᠶᠢ ᠳᠤᠮᠳᠠᠲᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠨ᠂ ᠦᠢᠯᠡᠳᠦᠯᠭᠡ ᠪᠣᠯ ᠦᠨᠡᠨ ᠶᠣᠰᠣ ᠶᠢ ᠰᠢᠯᠭᠠᠬᠤ ᠴᠤᠷᠢ ᠶᠢᠨ ᠭᠠᠭᠴᠠ ᠪᠠᠷᠢᠮᠵᠢᠶ᠎ᠠ ᠪᠣᠯᠬᠤ ᠶᠢ ᠪᠠᠷᠢᠮᠲᠠᠯᠠᠵᠤ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠭᠦ ᠶᠢ ᠪᠠᠷᠢᠮᠲᠠᠯᠠᠨ᠂ ᠴᠠᠭ ᠦᠶ᠎ᠡ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠲᠠ ᠦᠭᠡᠢ ᠠᠬᠢᠭᠤᠯᠤᠭᠰᠠᠨ ᠳᠤ ᠤᠷᠤᠰᠢᠨ᠎ᠠ᠃ ᠣᠳᠣ ᠦᠶ᠎ᠡ ᠶᠢᠨ ᠳᠤᠮᠳᠠᠲᠤ ᠤᠯᠤᠰ ᠤᠨ ᠠᠭᠤᠤ ᠶᠡᠭᠡ ᠨᠡᠶᠢᠭᠡᠮ ᠤᠨ ᠬᠤᠪᠢᠰᠤᠯᠲᠠ ᠨᠢ ᠮᠠᠨ ᠤ ᠤᠯᠤᠰ ᠤᠨ ᠲᠡᠦᠬᠡ ᠰᠣᠶᠣᠯ ᠤᠨ ᠡᠬᠡ ᠬᠡᠪᠯᠡᠯ ᠢ ᠳᠥᠭᠦᠮᠬᠡᠨ ᠢᠶᠠᠷ ᠦᠷᠭᠦᠯᠵᠢᠯᠡᠭᠦᠯᠦᠭᠰᠡᠨ ᠶᠠᠪᠤᠳᠠᠯ ᠪᠢᠰᠢ᠂ ᠮᠠᠷᠺᠰ ᠤᠨ ᠦᠵᠡᠯ ᠤᠨ ᠰᠣᠩᠭᠤᠳᠠᠭ ᠵᠣᠬᠢᠶᠠᠯᠴᠢᠳ ᠤᠨ ᠲᠥᠰᠥᠪᠯᠡᠨ ᠪᠤᠳᠤᠭᠰᠠᠨ ᠦᠯᠢᠭᠡᠷ ᠬᠡᠪᠯᠡᠯ ᠢ ᠳᠥᠭᠦᠮᠬᠡᠨ ᠢᠶᠠᠷ ᠲᠤᠬᠤᠵᠤ ᠬᠡᠷᠡᠭᠯᠡᠭᠰᠡᠨ ᠶᠠᠪᠤᠳᠠᠯ ᠪᠢᠰᠢ᠂ ᠪᠤᠰᠤᠳ ᠤᠯᠤᠰ ᠤᠨ ᠨᠡᠶᠢᠭᠡᠮ ᠵᠢᠷᠤᠮ ᠤᠨ ᠦᠢᠯᠡᠳᠦᠯᠭᠡ ᠶᠢᠨ ᠲᠠᠬᠢᠨ ᠬᠡᠪᠯᠡᠯ ᠪᠢᠰᠢ᠂ ᠭᠠᠳᠠᠭᠠᠳᠤ ᠶᠢᠨ ᠣᠳᠣᠬᠢᠴᠢᠯᠠᠯᠲᠠ ᠶᠢᠨ ᠬᠥᠭᠵᠢᠯᠲᠡ ᠶᠢᠨ ᠬᠠᠭᠤᠯᠤᠮᠠᠯ ᠬᠡᠪᠯᠡᠯ ᠴᠦ ᠪᠢᠰᠢ ᠭᠡᠵᠦ ᠰᠢ ᠶᠢᠨ ᠫᠢᠩ ᠨᠦᠬᠦᠷ ᠵᠢᠭᠠᠵᠤ ᠭᠠᠷᠭᠠᠭᠰᠠᠨ ᠶᠤᠮ᠃ ᠪᠢᠳᠡ ᠵᠣᠷᠢᠭᠲᠠᠶ ᠪᠠᠷ ᠰᠢᠨ᠎ᠡ ᠦᠢᠯᠡᠳᠦᠯᠭᠡ ᠲᠠᠢ ᠤᠶᠠᠯᠳᠤᠭᠤᠯᠤᠨ ᠤᠨᠤᠯ ᠤᠨ ᠰᠢᠨ᠎ᠡ ᠡᠭᠦᠳᠦᠯᠲᠡ ᠶᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠤᠨᠤᠯ ᠢᠶᠠᠷ ᠰᠢᠨ᠎ᠡ ᠦᠢᠯᠡᠳᠦᠯᠭᠡ ᠶᠢ ᠵᠢᠯᠣᠭᠤᠳᠬᠤ ᠳᠠᠭᠠᠨ ᠴᠢᠳᠠᠮᠠᠭᠠᠶ ᠪᠠᠶᠢᠳᠠᠭ ᠯᠠ ᠶᠤᠮ ᠪᠣᠯ᠂ ᠮᠠᠷᠺᠰ ᠤᠨ ᠦᠵᠡᠯ ᠢ ᠳᠤᠮᠳᠠᠳᠤ ᠤᠯᠤᠰ ᠤᠨ ᠡᠬᠡ ᠭᠠᠵᠠᠷ ᠳᠡᠭᠡᠷ᠎ᠡ ᠨᠡᠩ ᠬᠦᠴᠦᠷᠬᠡᠭ ᠶᠡᠭᠡ᠂ ᠨᠡᠩ ᠢᠲᠡᠭᠡᠭᠦᠯᠬᠦ ᠬᠦᠴᠦᠨ ᠪᠦᠬᠦᠢ ᠦᠨᠡᠨ ᠶᠣᠰᠣᠨ ᠤ ᠬᠦᠴᠦᠨ ᠴᠢᠳᠠᠯ ᠢ ᠢᠯᠡᠷᠡᠬᠦᠯᠦᠬᠦᠯᠵᠦ ᠴᠢᠳᠠᠬᠤ ᠨᠢ ᠯᠠᠪᠲᠠᠢ ᠶᠤᠮ᠃      ︵ᠳᠥᠷᠪᠡ︶ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠨ᠎ᠠ᠃ ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠣᠯ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠠᠮᠢᠨ ᠰᠦᠨᠡᠰᠦ ᠮᠥᠨ᠂ ᠮᠠᠨ ᠤ ᠨᠠᠮ ᠪᠠᠶᠢᠭᠤᠯᠬᠤ ᠤᠯᠤᠰ ᠪᠠᠶᠢᠭᠤᠯᠬᠤ ᠶᠢᠨ ᠴᠢᠬᠤᠯᠠ ᠵᠠᠷᠴᠢᠮ ᠮᠥᠨ᠃ ᠥᠪᠡᠷ ᠤᠨ ᠢᠶᠠᠨ ᠵᠠᠮ ᠢᠶᠠᠷ ᠵᠠᠮᠨᠠᠬᠤ ᠪᠣᠯ ᠨᠠᠮ ᠤᠨ ᠵᠠᠭᠤᠨ ᠵᠢᠯ ᠤᠨ ᠲᠡᠮᠡᠴᠡᠯ ᠢᠶᠠᠷ ᠣᠯᠤᠭᠰᠠᠨ ᠲᠡᠦᠬᠡᠨ ᠳ᠋ᠦᠩ ᠮᠥᠨ᠃ ᠨᠠᠮ ᠶᠡᠷᠦ ᠠᠴᠠ ᠪᠡᠶ᠎ᠡ ᠪᠠᠨ ᠳᠠᠭᠠᠭᠠᠨ ᠡᠵᠡᠨ ᠮᠡᠳᠡᠵᠤ ᠤᠷᠤᠭᠰᠢᠯᠠᠯᠲᠠ ᠶᠢᠨ ᠵᠠᠮ ᠢᠶᠠᠨ ᠡᠭᠦᠳᠦᠨ ᠨᠡᠭᠡᠭᠡᠬᠦ ᠶᠢ ᠪᠠᠷᠢᠮᠲᠠᠯᠠᠨ᠂ ᠤᠯᠤᠰ ᠪᠠ ᠦᠨᠳᠦᠰᠦᠲᠡᠨ ᠤ ᠪᠠᠨ ᠬᠥᠭᠵᠢᠯᠲᠡ ᠶᠢ ᠥᠪᠡᠷ ᠤᠨ ᠬᠦᠴᠦᠨ ᠳᠡᠭᠡᠨ ᠰᠠᠭᠤᠷᠢᠯᠠᠭᠤᠯᠬᠤ ᠶᠢ ᠪᠠᠷᠢᠮᠲᠠᠯᠠᠵᠤ᠂ ᠲᠤᠮᠳᠠᠳᠤ ᠤᠯᠤᠰ ᠤᠨ ᠬᠡᠷᠡᠭ ᠶᠠᠪᠤᠳᠠᠯ ᠢ ᠡᠷᠭᠡᠪᠰᠢ ᠲᠤᠮᠳᠠᠳᠤ ᠤᠯᠤᠰ ᠤᠨ ᠠᠷᠠᠳ ᠲᠦᠮᠡᠨ ᠦᠪᠡᠰᠦᠪᠡᠨ ᠰᠠᠨᠠᠭᠠᠴᠢᠯᠠᠨ ᠵᠤᠷᠢᠵᠦ᠂ ᠦᠪᠡᠰᠦᠪᠡᠨ ᠰᠢᠢᠳᠪᠦᠷᠢᠯᠡᠬᠦ ᠶᠢ ᠪᠠᠷᠢᠮᠲᠠᠯᠠᠭᠰᠠᠭᠠᠷ ᠢᠷᠡᠵᠡᠢ᠃ ᠬᠥᠮᠦᠨ ᠲᠥᠷᠥᠯᠬᠢᠲᠡᠨ ᠤ ᠲᠡᠦᠬᠡᠨ ᠳᠡᠭᠡᠷ᠎ᠡ ᠭᠠᠳᠠᠭᠠᠳᠤ ᠶᠢᠨ ᠬᠦᠴᠦᠨ ᠳᠤ ᠲᠦᠰᠢᠭᠯᠡᠨ᠂ ᠭᠠᠳᠠᠭᠠᠳᠤ ᠶᠢᠨ ᠬᠡᠪ ᠵᠠᠭᠪᠤᠷ ᠢ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ᠂ ᠪᠤᠰᠤᠳ ᠤᠨ ᠪᠤᠷᠤ ᠮᠦᠷ ᠢᠶᠠᠷ ᠪᠤᠷᠪᠢᠳᠠᠨ ᠳᠠᠭᠠᠭᠠᠳ ᠬᠦᠴᠦᠷᠬᠡᠭᠵᠢᠨ ᠮᠠᠨᠳᠤᠵᠤ ᠴᠢᠳᠠᠭᠰᠠᠨ ᠶᠠᠮᠠᠷ ᠨᠢᠭᠡᠨ ᠦᠨᠳᠦᠰᠦᠲᠡᠨ᠂ ᠶᠠᠮᠠᠷ ᠨᠢᠭᠡᠨ ᠤᠯᠤᠰ ᠭᠡᠵᠦ ᠦᠭᠡᠢ ᠶᠤᠮ᠃ ᠲᠡᠭᠡᠵᠦ ᠬᠢᠬᠦ ᠶᠢᠨ ᠦᠷ᠎ᠡ ᠳ᠋ᠦᠩ ᠳᠤ ᠢᠯᠠᠭᠳᠠᠯ ᠳᠤ ᠤᠴᠠᠷᠠᠬᠤ ᠪᠤᠶᠤ ᠪᠤᠰᠤᠳ ᠤᠨ ᠲᠠᠭᠠᠯᠳᠠ ᠪᠤᠯᠬᠤ ᠨᠢ ᠭᠠᠷᠴᠠᠭ᠎ᠠ ᠦᠭᠡᠢ᠃ ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠪᠠᠷᠢᠮᠲᠠᠯᠠᠵᠤ᠂ ᠭᠠᠳᠠᠭᠠᠳᠤ ᠶᠢᠨ ᠠᠰᠢᠭᠲᠠᠢ ᠲᠤᠷᠰᠢᠯᠭ᠎ᠠ ᠶᠢ ᠳᠠᠷᠤᠤ ᠬᠢᠴᠢᠶᠡᠩᠭᠦᠶ ᠪᠠᠷ ᠰᠤᠷᠤᠯᠴᠠᠨ ᠲᠣᠯᠢᠳᠠᠬᠤ ᠮᠥᠷᠲᠡᠭᠡᠨ ᠪᠠᠰᠠ ᠦᠨᠳᠦᠰᠦᠲᠡᠨ ᠤ ᠥᠪᠡᠷ ᠢ ᠪᠠᠨ ᠬᠦᠨᠳᠦᠳᠭᠡᠬᠦ ᠰᠡᠳᠭᠢᠯᠭᠡ ᠪᠠ ᠢᠲᠡᠭᠡᠯ ᠵᠣᠷᠢᠭ ᠢᠶᠠᠨ ᠪᠠᠲᠤᠳᠬᠠᠵᠤ᠂ ᠭᠠᠵᠢᠭᠤ ᠶᠢ ᠢᠲᠡᠭᠡᠬᠦ ᠦᠭᠡᠢ᠂ ᠳᠠᠷᠤᠯᠲᠠ ᠠᠴᠠ ᠠᠶᠤᠬᠤ ᠦᠭᠡᠢ ᠪᠠᠶᠢᠳᠠᠭ ᠯᠠ ᠶᠤᠮ ᠪᠣᠯ᠂ ᠳᠤᠮᠳᠠᠳᠤ ᠤᠯᠤᠰ ᠤᠨ ᠬᠥᠭᠵᠢᠯᠲᠡ ᠳᠠᠪᠰᠢᠯᠳᠠ ᠶᠢᠨ ᠬᠤᠪᠢ ᠵᠠᠶᠠᠭ᠎ᠠ ᠶᠢ ᠢᠮᠠᠭᠲᠠ ᠥᠪᠡᠷ ᠤᠨ ᠭᠠᠷ ᠲᠠᠭᠠᠨ ᠪᠠᠲᠤ ᠡᠵᠡᠮᠳᠡᠵᠦ ᠴᠢᠳᠠᠬᠤ ᠨᠢ ᠯᠠᠪᠲᠠᠢ ᠶᠤᠮ᠃      ︵ᠲᠠᠪᠤ︶ ᠳᠤᠮᠳᠠᠳᠤ ᠤᠯᠤᠰ ᠤᠨ ᠵᠠᠮ ᠢ ᠪᠠᠷᠢᠮᠲᠠᠯᠠᠨ᠎ᠠ᠃ ᠴᠢᠭᠯᠡᠯ ᠨᠢ ᠵᠠᠮ ᠢ ᠲᠣᠭᠲᠠᠭᠠᠵᠤ᠂ ᠵᠠᠮ ᠨᠢ ᠬᠤᠪᠢ ᠵᠠᠶᠠᠭ᠎ᠠ ᠶᠢ ᠲᠣᠭᠲᠠᠭᠠᠳᠠᠭ᠃ ᠨᠠᠮ ᠵᠠᠭᠤᠨ ᠵᠢᠯ ᠤᠨ ᠲᠡᠮᠡᠴᠡᠯ ᠳᠤᠮᠳᠠ ᠢᠮᠠᠭᠲᠠ ᠮᠠᠨ ᠤ ᠤᠯᠤᠰ ᠤᠨ ᠤᠯᠤᠰ ᠤᠨ ᠪᠠᠶᠢᠳᠠᠯ ᠠᠴᠠ ᠡᠭᠦᠰᠭᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠨᠡᠶᠢᠴᠡᠭᠰᠡᠨ ᠵᠥᠪ ᠵᠠᠮ ᠢ ᠬᠠᠶᠢᠨ ᠰᠦᠪᠡᠭᠴᠢᠯᠡᠵᠦ ᠪᠤᠢ ᠪᠤᠯᠭᠠᠪᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠪᠣᠯ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠡᠭᠦᠳᠦᠨ ᠪᠦᠲᠦᠭᠡᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠠᠷᠠᠭᠤᠯ ᠳᠠᠷᠳᠠᠩ ᠵᠠᠮ ᠮᠥᠨ᠃ ᠳᠤᠮᠳᠠᠳᠤ ᠶᠢᠨ ᠡᠬᠡ ᠭᠠᠵᠠᠷ ᠳᠡᠭᠡᠷ᠎ᠡ ᠪᠠᠲᠤ ᠵᠤᠭᠰᠤᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ ᠵᠥᠪ ᠵᠠᠮ ᠢᠶᠠᠷ ᠵᠠᠮᠨᠠᠬᠤ ᠳᠤ᠂ ᠨᠠᠮ ᠪᠠ ᠠᠷᠠᠳ ᠲᠦᠮᠡᠨ ᠬᠢᠵᠠᠭᠠᠯᠠᠰᠢ ᠦᠭᠡᠢ ᠦᠷᠭᠡᠨ ᠠᠭᠤᠳᠠᠮ ᠲᠠᠪᠴᠠᠩ᠂ ᠬᠢᠵᠠᠭᠠᠯᠠᠰᠢ ᠦᠭᠡᠢ ᠬᠦᠨ ᠵᠤᠵᠠᠭᠠᠨ ᠲᠡᠤᠬᠡ ᠶᠢᠨ ᠪᠤᠯᠪᠠᠰᠤᠨ ᠤ ᠬᠤᠷᠠᠮᠳᠤᠭᠤᠯᠤᠯ᠂ ᠬᠢᠵᠠᠭᠠᠯᠠᠰᠢ ᠦᠭᠡᠢ ᠬᠦᠴᠦᠷᠭᠡᠭ ᠶᠡᠭᠡ ᠤᠷᠤᠭᠰᠢᠯᠠᠯᠳᠠ ᠶᠢᠨ ᠪᠠᠳᠤ ᠬᠦᠴᠦᠨ ᠲᠠᠢ ᠶᠤᠮ᠃ ᠪᠢᠳᠡ ᠪᠢᠳᠡᠬᠦᠮᠵᠢᠯᠡᠭᠰᠡᠨ ᠬᠦᠰᠢᠬᠦᠷᠡᠭᠰᠡᠨ ᠬᠠᠭᠤᠴᠢᠨ ᠵᠠᠮ ᠢᠶᠠᠷ ᠵᠠᠮᠨᠠᠬᠤ ᠦᠭᠡᠢ ᠮᠦᠷᠳᠡᠭᠡᠨ ᠲᠤᠭ ᠲᠡᠮᠳᠡᠭ ᠢᠶᠠᠨ ᠰᠤᠯᠢᠬᠤ ᠭᠠᠵᠢᠭᠤ ᠵᠠᠮ ᠢᠶᠠᠷ ᠴᠤ ᠵᠠᠮᠨᠠᠬᠤ ᠦᠭᠡᠢ ᠪᠠᠶᠢᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠳᠠᠭ ᠯᠠ ᠶᠤᠮ ᠪᠤᠯ᠂ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ ᠲᠠᠢ ᠦᠵᠡᠰᠭᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠵᠤ ᠴᠢᠳᠠᠬᠤ ᠨᠢ ᠯᠠᠪᠲᠠᠢ ᠶᠤᠮ᠃      ︵ᠵᠢᠷᠭᠤᠭ᠎ᠠ︶ ᠬᠡᠬᠦᠳᠡᠭ ᠴᠡᠭᠡᠵᠢᠨ ᠳᠡᠭᠡᠨ ᠳᠡᠯᠡᠬᠡᠶ ᠳ᠋ᠠᠬᠢᠨ ᠢ ᠪᠤᠳᠤᠯᠬᠢᠯᠠᠬᠤ ᠶᠢ ᠪᠠᠷᠢᠮᠲᠠᠯᠠᠨ᠎ᠠ᠃ ᠲᠦᠷᠦ ᠶᠢᠨ ᠡᠷᠬᠡ ᠶᠢ ᠲᠦᠮᠡᠨ ᠤ ᠪᠤᠯᠭᠠᠬᠤ ᠠᠨᠤ ᠲᠡᠭᠷᠢ ᠶᠢᠨ ᠶᠤᠰᠤᠨ ᠪᠤᠯᠠᠢ᠃ ᠨᠠᠮ ᠢᠮᠠᠭᠲᠠ ᠳᠡᠯᠡᠬᠡᠶ ᠶᠢᠨ ᠬᠠᠷᠠᠭ᠎ᠠ ᠪᠠᠷ ᠬᠥᠮᠦᠨ ᠲᠥᠷᠥᠯᠬᠢᠲᠡᠨ ᠤ ᠢᠷᠡᠭᠡᠳᠦᠶ ᠬᠤᠪᠢ ᠵᠠᠶᠠᠭ᠎ᠠ ᠶᠢ ᠠᠩᠬᠠᠷᠴᠤ᠂ ᠬᠥᠮᠦᠨ ᠲᠥᠷᠥᠯᠬᠢᠲᠡᠨ ᠤ ᠬᠥᠭᠵᠢᠯᠲᠡ ᠶᠢᠨ ᠶᠡᠭᠡ ᠤᠷᠤᠰᠬᠠᠯ᠂ ᠳᠡᠯᠡᠬᠡᠢ ᠶᠢᠨ ᠬᠤᠪᠢᠷᠠᠯᠲᠠ ᠶᠢᠨ ᠶᠡᠭᠡ ᠪᠠᠶᠢᠷᠢᠰᠢᠯ᠂ ᠳᠤᠮᠳᠠᠳᠤ ᠤᠯᠤᠰ ᠤᠨ ᠬᠥᠭᠵᠢᠯᠲᠡ ᠶᠢᠨ ᠶᠡᠭᠡ ᠲᠡᠦᠬᠡ ᠠᠴᠠ ᠭᠠᠳᠠᠭᠠᠳᠤ ᠶᠢᠷᠲᠢᠨᠴᠦ ᠯᠦᠭᠡ ᠶᠢᠨ ᠬᠠᠷᠢᠴᠠᠭ᠎ᠠ ᠶᠢ ᠵᠥᠪ ᠲᠠᠨᠢᠨ ᠰᠢᠢᠳᠪᠦᠷᠢᠯᠡᠵᠦ᠂ ᠨᠡᠭᠡᠭᠡᠯᠲᠡ ᠬᠢᠬᠦ ᠶᠢ ᠪᠠᠷᠢᠮᠲᠠᠯᠠᠨ᠂ ᠲᠦᠭᠵᠢᠵᠤ ᠪᠢᠲᠡᠭᠦᠮᠵᠢᠯᠡᠬᠦ ᠶᠢ ᠲᠡᠪᠴᠢᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠠᠷᠢᠮᠳᠠᠯᠠᠨ᠂ ᠳᠡᠭ ᠨᠡᠶᠢᠯᠡᠪᠦᠷᠢ ᠶᠢᠨ ᠦᠵᠡᠯᠴᠡᠭᠡᠨ ᠬᠢᠬᠦ ᠦᠭᠡᠢ ᠪᠠᠶᠢᠵᠤ᠂ ᠭᠤᠣᠯᠴᠢ ᠶᠤᠰᠦ ᠶᠢ ᠵᠤᠷᠢᠬᠤ᠂ ᠲᠦᠪ ᠶᠤᠰᠤ ᠶᠢ ᠮᠠᠨᠳᠤᠭᠤᠯᠬᠤ ᠶᠢ ᠪᠠᠷᠢᠮᠲᠠᠯᠠᠵᠤ᠂ ᠲᠡᠦᠬᠡ ᠶᠢᠨ ᠵᠥᠪ ᠲᠠᠯ᠎ᠠ ᠳᠤ ᠵᠣᠭᠰᠣᠨ᠂ ᠬᠥᠮᠦᠨ ᠲᠥᠷᠥᠯᠬᠢᠲᠡᠨ ᠤ ᠳᠠᠪᠰᠢᠯᠲᠠ ᠶᠢᠨ ᠲᠠᠯ᠎ᠠ ᠳᠤ ᠵᠣᠭᠰᠣᠪᠠ᠃ ᠪᠢᠳᠡ ᠡᠩᠬᠡ ᠲᠠᠶᠢᠪᠤᠩ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠬᠤ ᠪᠠᠷ ᠳᠠᠮᠵᠢᠨ ᠥᠪᠡᠷ ᠢ ᠪᠠᠨ ᠬᠥᠭᠵᠢᠭᠦᠯᠬᠦ ᠮᠦᠷᠲᠡᠭᠡᠨ ᠲᠤᠰ ᠪᠡᠶ᠎ᠡ ᠶᠢᠨ ᠬᠥᠭᠵᠢᠯᠲᠡ ᠪᠠᠷ ᠳᠠᠮᠵᠢᠨ ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠵᠤ᠂ ᠳᠡᠯᠡᠬᠡᠶ ᠳᠡᠭᠡᠷᠡᠬᠢ ᠠᠯᠢᠪᠠ ᠳᠠᠪᠰᠢᠩᠭᠤᠢ ᠬᠦᠴᠦᠨ ᠲᠠᠢ ᠭᠠᠷ ᠬᠤᠯᠪᠣᠨ ᠤᠷᠤᠭᠰᠢᠯᠠᠵᠤ᠂ ᠪᠤᠰᠤᠳ ᠲᠤ ᠲᠦᠰᠢᠭᠯᠡᠬᠦ ᠦᠭᠡᠢ᠂ ᠪᠤᠰᠤᠳ ᠢ ᠪᠤᠯᠢᠶᠠᠨ ᠳᠡᠭᠡᠷᠡᠮᠳᠡᠬᠦ ᠦᠭᠡᠢ᠂ ᠬᠡᠵᠢᠶᠡᠳᠡ ᠡᠵᠡᠷᠬᠡᠬᠦ ᠦᠭᠡᠢ ᠪᠠᠶᠢᠳᠠᠭ ᠯᠠ ᠶᠤᠮ ᠪᠤᠯ᠂ ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠳᠤ ᠲᠠᠰᠤᠷᠠᠯᠲᠠ ᠦᠭᠡᠢ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠦ᠂ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠲᠠᠢ ᠴᠤᠭᠭᠠᠷ ᠲᠡᠦᠬᠡ ᠶᠢᠨ ᠬᠦᠷᠳᠦ ᠶᠢ ᠭᠡᠭᠡᠨ ᠰᠠᠷᠠᠭᠤᠯ ᠢᠷᠡᠭᠡᠳᠦᠶ ᠵᠦᠭ ᠲᠦᠯᠬᠢᠨ ᠤᠷᠤᠭᠰᠢᠯᠠᠭᠤᠯᠵᠤ ᠴᠢᠳᠠᠬᠤ ᠨᠢ ᠯᠠᠪᠲᠠᠢ ᠶᠤᠮ᠃      ︵ᠳᠣᠯᠤᠭ᠎ᠠ︶ ᠵᠠᠮ ᠨᠡᠭᠡᠭᠡᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠰᠢᠨ᠎ᠡ ᠶᠢ ᠡᠭᠦᠳᠬᠦ ᠪᠣᠯ ᠨᠢᠭᠡ ᠤᠯᠤᠰ᠂ ᠨᠢᠭᠡ ᠦᠨᠳᠦᠰᠦᠲᠡᠨ ᠤ ᠬᠥᠭᠵᠢᠯᠲᠡ ᠳᠠᠪᠰᠢᠯᠲᠠ ᠶᠢᠨ ᠲᠠᠭᠤᠰᠤᠰᠢ ᠦᠭᠡᠢ ᠬᠥᠳᠡᠯᠭᠡᠭᠴᠢ ᠬᠦᠴᠦᠨ ᠮᠥᠨ᠃ ᠬᠡᠳᠦᠢ ᠠᠭᠤᠤ ᠶᠡᠭᠡ ᠦᠢᠯᠡᠰ ᠪᠤᠯᠬᠤ ᠲᠤᠳᠤᠮ ᠬᠦᠴᠢᠷ ᠪᠡᠷᠭᠡᠰᠢᠶᠡᠯ ᠪᠡᠷᠭᠡ ᠪᠠᠷᠳᠠᠭ᠎ᠠ ᠲᠡᠳᠦᠢ ᠶᠡᠭᠡ ᠲᠤᠯᠭᠠᠷᠠᠵᠦ᠂ ᠲᠡᠰᠪᠤᠷᠢ ᠬᠠᠲᠠᠭᠤᠵᠢᠯᠲᠠᠢ ᠲᠡᠮᠡᠴᠡᠬᠦ ᠶᠢ ᠲᠡᠳᠦᠢ ᠶᠡᠭᠡ ᠱᠠᠭᠠᠷᠳᠠᠵᠤ᠂ ᠵᠠᠮ ᠨᠡᠭᠡᠭᠡᠨ ᠰᠢᠨ᠎ᠠ ᠶᠢ ᠡᠬᠦᠳᠬᠦ ᠶᠢ ᠲᠡᠳᠤᠢ ᠶᠡᠭᠡ ᠱᠠᠭᠠᠷᠳᠠᠳᠠᠭ ᠶᠤᠮ᠃ ᠨᠠᠮ ᠠᠴᠠ ᠠᠷᠠᠳ ᠲᠦᠮᠡᠨ ᠢ ᠤᠳᠤᠷᠢᠳᠤᠨ ᠬᠠᠷᠰᠢ ᠰᠠᠭᠠᠳ ᠢ ᠢᠯᠠᠨ ᠳᠠᠪᠠᠵᠤ᠂ ᠴᠦᠬᠦᠷᠡᠯ ᠦᠭᠡᠢ ᠬᠠᠶᠢᠨ ᠰᠦᠪᠡᠭᠴᠢᠯᠡᠵᠦ᠂ ᠬᠦᠴᠦᠯᠡᠨ ᠵᠠᠮ ᠨᠡᠭᠡᠭᠡᠵᠦ᠂ ᠢᠷᠮᠡᠬᠦᠨ ᠵᠤᠷᠢᠬᠳᠠᠢ ᠪᠠᠷ ᠤᠷᠤᠭᠰᠢᠯᠠᠨ ᠳᠠᠪᠰᠢᠵᠤ᠂ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠪᠠᠶᠢᠭᠤᠯᠤᠯ ᠤᠨ ᠰᠢᠨ᠎ᠡ ᠡᠭᠦᠳᠦᠯᠲᠡ᠂ ᠰᠣᠶᠣᠯ ᠤᠨ ᠰᠢᠨ᠎ᠡ ᠡᠭᠦᠳᠦᠯᠲᠡ ᠵᠢᠴᠢ ᠪᠤᠰᠤᠳ ᠡᠯ᠎ᠡ ᠲᠠᠯ᠎ᠠ ᠶᠢᠨ ᠰᠢᠨ᠎ᠡ ᠡᠭᠦᠳᠦᠯᠲᠡ ᠶᠢ ᠲᠠᠰᠤᠷᠠᠯᠲᠠ ᠦᠭᠡᠢ ᠠᠬᠢᠭᠤᠯᠤᠨ᠂ ᠵᠣᠷᠢᠭᠲᠠᠶ ᠪᠠᠷ ᠳᠡᠯᠡᠭᠡᠢ ᠳ᠋ᠡᠬᠢᠨ ᠳᠤ ᠲᠦᠷᠦᠭᠦᠯᠡᠨ ᠬᠢᠵᠦ᠂ ᠤᠷᠢᠳᠤᠬᠢ ᠬᠥᠮᠦᠰ ᠤᠨ ᠶᠠᠪᠤᠵᠤ ᠦᠩᠭᠡᠷᠡᠭᠡ ᠦᠭᠡᠢ ᠵᠠᠮ ᠢ ᠨᠡᠭᠡᠭᠡᠭᠰᠡᠨ ᠶᠤᠮ᠂ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠴᠥᠮ ᠨᠠᠮ ᠪᠠ ᠠᠷᠠᠳ ᠲᠦᠮᠡᠨ ᠤ ᠤᠷᠤᠭᠰᠢᠯᠠᠯᠲᠠ ᠶᠢᠨ ᠠᠯᠬᠤᠭ᠎ᠠ ᠶᠢ ᠬᠤᠷᠢᠭᠯᠠᠵᠤ ᠴᠢᠳᠠᠭᠰᠠᠨ ᠦᠭᠡᠢ ᠶᠤᠮ᠃ ᠪᠢᠳᠡ ᠴᠠᠭ ᠦᠶ᠎ᠡ ᠶᠢᠨ ᠤᠷᠤᠰᠬᠠᠯ ᠢ ᠳᠠᠭᠠᠵᠤ᠂ ᠠᠷᠠᠳ ᠲᠦᠮᠡᠨ ᠤ ᠱᠠᠭᠠᠷᠳᠠᠯᠭ᠎ᠠ ᠳᠤ ᠵᠤᠬᠢᠴᠠᠭᠤᠯᠵᠤ᠂ ᠥᠭᠡᠷᠡᠴᠢᠯᠡᠯᠲᠡ ᠶᠢ ᠵᠣᠷᠢᠭᠲᠠᠶ ᠪᠠᠷ ᠠᠬᠢᠭᠤᠯᠤᠨ᠂ ᠬᠤᠪᠢᠷᠠᠯᠲᠠ ᠶᠢ ᠵᠥᠪ ᠣᠨᠣᠪᠴᠢᠲᠠᠶ ᠲᠠᠨᠢᠵᠤ ᠰᠢᠨᠵᠢᠯᠡᠬᠦ ᠤᠬᠠᠭᠠᠨᠴᠢ ᠪᠠᠷ ᠠᠷᠭᠠᠴᠠᠨ᠂ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠬᠤ ᠶᠢ ᠪᠤᠳᠤᠯᠬᠢᠯᠠᠵᠤ᠂ ᠬᠡᠵᠢᠶᠡᠳᠡ ᠬᠥᠰᠢᠭᠦᠷᠡᠬᠦ ᠦᠭᠡᠶ᠂ ᠬᠡᠵᠢᠶᠡᠳᠡ ᠵᠣᠭᠰᠣᠩᠭᠤᠶᠢᠷᠠᠬᠤ ᠦᠭᠡᠶ ᠪᠠᠶᠢᠳᠠᠭ ᠯᠠ ᠶᠤᠮ ᠪᠤᠯ᠂ ᠬᠦᠮᠦᠰ ᠢ ᠭᠠᠶᠢᠬᠠᠭᠤᠯᠤᠨ ᠪᠢᠰᠢᠷᠡᠭᠦᠯᠦᠮ᠎ᠡ ᠬᠥᠮᠦᠨ ᠤ ᠶᠢᠷᠲᠢᠨᠴᠦ ᠶᠢᠨ ᠭᠠᠶᠢᠬᠠᠮᠰᠢᠭ ᠢ ᠨᠡᠩ ᠤᠯᠠᠨ ᠡᠭᠦᠳᠦᠨ ᠪᠦᠲᠦᠭᠡᠵᠦ ᠴᠢᠳᠠᠬᠤ ᠨᠢ ᠯᠠᠪᠲᠠᠢ ᠶᠤᠮ᠃      ︵ᠨᠠᠢᠮᠠ︶ ᠵᠣᠷᠢᠭᠲᠠᠶ ᠪᠠᠷ ᠲᠡᠮᠡᠴᠡᠯ ᠬᠢᠬᠦ ᠶᠢ ᠪᠠᠷᠢᠮᠲᠠᠯᠠᠨ᠎ᠠ᠃ ᠵᠣᠷᠢᠭᠲᠠᠶ ᠪᠠᠷ ᠲᠡᠮᠡᠴᠡᠯ ᠬᠢᠵᠦ᠂ ᠵᠣᠷᠢᠭᠲᠠᠶ ᠪᠠᠷ ᠢᠯᠠᠯᠲᠠ ᠤᠯᠬᠤ ᠪᠣᠯ ᠨᠠᠮ ᠪᠠ ᠠᠷᠠᠳ ᠲᠦᠮᠡᠨ ᠤ ᠢᠯᠠᠭᠳᠠᠰᠢ ᠦᠭᠡᠢ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠮᠥᠨ᠃ ᠨᠠᠮ ᠪᠠ ᠠᠷᠠᠳ ᠲᠦᠮᠡᠨ ᠤ ᠣᠯᠤᠭᠰᠠᠨ ᠠᠯᠢᠪᠠ ᠠᠮᠵᠢᠯᠲᠠ ᠪᠦᠲᠦᠮᠵᠢ ᠨᠢ ᠲᠩᠷᠢ ᠠᠴᠠ ᠤᠨᠠᠵᠤ ᠢᠷᠡᠭᠰᠡᠨ ᠪᠢᠰᠢ᠂ ᠪᠤᠰᠤᠳ ᠠᠴᠠ ᠢᠪᠡᠬᠡᠨ ᠰᠣᠶᠣᠷᠬᠠᠭᠰᠠᠨ ᠪᠢᠰᠢ᠂ ᠬᠠᠷᠢᠨ ᠲᠠᠰᠤᠷᠠᠯᠲᠠ ᠦᠭᠡᠢ ᠲᠡᠮᠡᠴᠡᠯ ᠬᠢᠬᠦ ᠪᠠᠷ ᠳᠠᠮᠵᠢᠨ ᠣᠯᠤᠭᠰᠠᠨ ᠶᠤᠮ᠃ ᠨᠠᠮ ᠳᠣᠲᠣᠭᠠᠳᠤ ᠶᠢᠨ ᠵᠤᠪᠠᠯᠠᠩ ᠭᠠᠳᠠᠭᠠᠳᠤ ᠶᠢᠨ ᠠᠶᠤᠯ ᠤᠨ ᠳᠤᠮᠳᠠ ᠮᠡᠨᠳᠦᠯᠡᠵᠦ᠂ ᠬᠠᠯᠠ ᠵᠣᠪᠠᠯᠠᠩ ᠢ ᠣᠯᠠᠨᠲᠠ ᠲᠤᠭᠤᠯᠬᠤ ᠳᠤᠮᠳᠠ ᠦᠰᠦᠨ ᠪᠤᠶᠢᠵᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠪᠤᠵᠠᠭᠠᠶᠢᠷᠠᠭᠰᠠᠨ ᠶᠤᠮ᠂ ᠠᠷᠠᠳ ᠲᠦᠮᠡᠨ᠂ ᠤᠯᠤᠰ ᠤᠷᠤᠨ᠂ ᠦᠨᠳᠦᠰᠦᠲᠡᠨ ᠤ ᠪᠠᠨ ᠲᠥᠯᠥᠭᠡ᠂ ᠬᠦᠰᠡᠯᠡᠩ ᠢᠲᠡᠭᠡᠯ ᠵᠣᠷᠢᠭ ᠤᠨ ᠢᠶᠠᠨ ᠲᠥᠯᠥᠭᠡ᠂ ᠳᠠᠶᠢᠰᠤᠨ ᠬᠡᠴᠢᠨᠠᠬᠡᠨ ᠬᠦᠴᠦᠷᠬᠡᠭ ᠶᠡᠭᠡ᠂ ᠵᠠᠮ ᠬᠡᠴᠢᠨᠠᠬᠡᠨ ᠪᠡᠷᠬᠡ ᠪᠠᠷᠲᠠᠭ᠎ᠠ ᠲᠠᠢ᠂ ᠰᠢᠯᠭᠠᠯᠲᠠ ᠬᠡᠴᠢᠨᠠᠬᠡᠨ ᠬᠦᠨᠳᠦ ᠬᠡᠴᠡᠭᠦᠦ ᠪᠠᠶᠢᠭᠰᠠᠨ ᠴᠤ᠂ ᠨᠠᠮ ᠶᠡᠷᠦ ᠨᠢ ᠤᠬᠳᠤ ᠵᠢᠷᠦᠬᠡᠰᠢᠶᠡᠯ ᠦᠬᠡᠢ ᠪᠠᠷ᠂ ᠤᠬᠳᠤ ᠤᠬᠤᠷᠢᠯ ᠦᠭᠡᠢ ᠪᠠᠷ᠂ ᠦᠷᠡᠭᠳᠡᠯ ᠰᠦᠢᠳᠦᠯ ᠠᠴᠠ ᠠᠶᠤᠬᠤ ᠦᠬᠡᠢ ᠪᠠᠷ ᠨᠤᠭᠤᠷᠠᠰᠢ ᠦᠭᠡᠢ ᠲᠡᠮᠡᠴᠡᠪᠡ᠃ ᠪᠢᠳᠡ ᠰᠢᠨ᠎ᠡ ᠠᠭᠤᠤ ᠶᠡᠭᠡ ᠲᠡᠮᠡᠴᠡᠯ ᠤᠨ ᠲᠡᠦᠬᠡᠨ ᠣᠨᠴᠠᠯᠢᠭ ᠢ ᠡᠵᠡᠮᠰᠢᠵᠦ᠂ ᠲᠡᠦᠬᠡᠨ ᠲᠣᠬᠢᠶᠠᠯ ᠢ ᠠᠮᠵᠢᠨ ᠰᠠᠶᠢᠲᠤᠷ ᠠᠰᠢᠭᠯᠠᠵᠤ᠂ ᠰᠢᠳᠡᠷ᠎ᠠ ᠶᠢᠨ ᠳᠦᠷᠤᠬᠦᠦ ᠨᠠᠬᠦᠳᠠᠯ ᠢᠶᠠᠨ ᠰᠠᠶᠢᠳᠤᠷ ᠶᠠᠪᠤᠭᠤᠯᠤᠨ᠂ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠡᠮᠡᠴᠡᠯ ᠤᠨ ᠴᠢᠳᠠᠪᠤᠷᠢ ᠪᠠᠨ ᠨᠡᠮᠡᠭᠳᠡᠭᠦᠯᠵᠦ᠂ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠵᠣᠷᠢᠭ ᠰᠠᠨᠠᠭ᠎ᠠ ᠪᠠ ᠬᠦᠴᠦᠨ ᠴᠢᠳᠠᠯ ᠢ ᠨᠢᠭᠲᠠᠷᠠᠭᠤᠯᠳᠠᠭ ᠯᠠ ᠶᠤᠮ ᠪᠤᠯ᠂ ᠠᠯᠢᠪᠠ ᠤᠷᠢᠳᠴᠢᠯᠠᠨ ᠮᠡᠳᠡᠵᠦ ᠪᠣᠯᠬᠤ ᠪᠠ ᠤᠷᠢᠳᠴᠢᠯᠠᠨ ᠮᠡᠳᠡᠬᠦᠶ᠎ᠡ ᠪᠡᠷᠬᠡ ᠲᠦᠭᠰᠢᠭᠦᠷᠢ ᠪᠠ ᠰᠢᠯᠭᠠᠯᠲᠠ ᠶᠢ ᠢᠯᠠᠵᠤ ᠴᠢᠳᠠᠬᠤ ᠨᠢ ᠯᠠᠪᠲᠠᠶ ᠶᠤᠮ᠃      ︵ᠶᠢᠰᠦ︶ ᠨᠢᠭᠡᠳᠦᠮᠡᠯ ᠹᠷᠣᠨᠲ ᠢ ᠪᠠᠷᠢᠮᠲᠠᠯᠠᠨ᠎ᠠ᠃ ᠪᠦᠯᠬᠦᠮᠳᠡᠯ ᠪᠣᠯ ᠬᠦᠴᠦᠨ ᠮᠥᠨ᠃ ᠬᠠᠮᠤᠭ ᠤᠨ ᠥᠷᠭᠡᠨ ᠳᠡᠯᠭᠡᠷ ᠨᠢᠭᠡᠳᠦᠮᠡᠯ ᠹᠷᠣᠨᠲ ᠢ ᠪᠠᠶᠢᠭᠤᠯᠬᠤ ᠪᠤᠯ ᠨᠠᠮ ᠤᠨ ᠳᠠᠶᠢᠰᠤᠨ ᠢ ᠳᠠᠷᠤᠵᠤ ᠳᠠᠷᠬᠠᠨ ᠢᠯᠠᠯᠲᠠ ᠤᠯᠬᠤ ᠶᠢᠨ ᠴᠢᠬᠤᠯᠠ ᠡᠷᠳᠡᠨᠢ ᠮᠥᠨ᠂ ᠪᠠᠰᠠ ᠴᠤ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠴᠢᠬᠤᠯᠠ ᠡᠷᠳᠡᠨᠢ ᠮᠥᠨ᠃ ᠨᠠᠮ ᠢᠮᠠᠭᠲᠠ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠨ᠂ ᠳᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠵᠤ᠂ ᠲᠥᠷᠥ ᠶᠢᠨ ᠨᠠᠮ ᠤᠨ ᠬᠠᠷᠢᠴᠠᠭ᠎ᠠ᠂ ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ᠂ ᠳᠠᠪᠬᠤᠷᠭ᠎ᠠ ᠶᠢᠨ ᠬᠠᠷᠢᠴᠠᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠠᠷ ᠤᠨ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠪᠠᠶᠢᠬᠤ ᠶᠢ ᠠᠬᠢᠭᠤᠯᠵᠤ᠂ ᠬᠠᠮᠲᠤ ᠪᠠᠷ ᠲᠡᠮᠡᠴᠡᠬᠦ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠪᠠ᠃ ᠪᠢᠳᠡ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ᠂ ᠪᠦᠬᠦ ᠤᠯᠤᠰ ᠤᠨ ᠠᠷᠠᠳ ᠲᠦᠮᠡᠨ ᠤ ᠶᠡᠭᠡ ᠪᠦᠯᠬᠦᠮᠳᠡᠯ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠰᠡᠳᠭᠢᠯ ᠢᠶᠠᠨ ᠨᠢᠭᠡᠳᠭᠡᠵᠦ ᠬᠦᠴᠦ ᠪᠠᠨ ᠬᠠᠮᠲᠤᠳᠬᠠᠬᠤ ᠠᠮᠢᠳᠤᠯᠢᠭ ᠪᠠᠶᠢᠳᠠᠯ ᠢ ᠪᠤᠢ ᠪᠤᠯᠭᠠᠳᠠᠭ ᠯᠡ ᠶᠤᠮ ᠪᠤᠯ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠵᠤ ᠴᠢᠳᠠᠬᠤ ᠨᠢ ᠯᠠᠪᠲᠠᠢ ᠶᠤᠮ᠃      ︵ᠠᠷᠪᠠ︶ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠨ᠎ᠠ᠃ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠰᠤᠳ ᠲᠦᠷᠦ ᠶᠢᠨ ᠨᠠᠮ ᠠᠴᠠ ᠢᠯᠭᠠᠭᠳᠠᠬᠤ ᠢᠯᠡ ᠲᠣᠳᠣ ᠪᠡᠯᠭᠡ ᠲᠡᠮᠳᠡᠭ ᠮᠥᠨ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠣᠯ ᠨᠠᠮ ᠤᠨ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠨ ᠡᠭᠦᠷᠢᠳᠡ ᠬᠠᠳᠠᠭᠠᠯᠠᠬᠤ ᠶᠢᠨ ᠬᠦᠴᠦᠷᠬᠡᠭ ᠶᠡᠭᠡ ᠲᠤᠯᠭᠠᠭᠤᠷᠢᠯᠠᠯ ᠮᠥᠨ᠃ ᠲᠡᠷᠢᠭᠦᠨ ᠤ ᠮᠠᠷᠺᠰ ᠤᠨ ᠦᠵᠡᠯ ᠤᠨ ᠲᠦᠷᠦ ᠶᠢᠨ ᠨᠠᠮ ᠪᠣᠯ ᠲᠥᠷᠥᠯᠬᠢ ᠶᠢᠨ ᠪᠢᠰᠢ᠂ ᠬᠠᠷᠢᠨ ᠲᠠᠰᠤᠷᠠᠯᠲᠠ ᠦᠭᠡᠢ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠠᠪᠤᠴᠠ ᠳᠤ ᠬᠠᠲᠠᠭᠤᠵᠢᠨ ᠪᠣᠯᠪᠠᠰᠤᠷᠠᠭᠰᠠᠨ ᠶᠤᠮ᠃ ᠨᠠᠮ ᠵᠠᠭᠤᠨ ᠵᠢᠯ ᠤᠨ ᠬᠤᠪᠢᠰᠤᠯᠲᠠ ᠶᠢ ᠥᠩᠭᠡᠷᠡᠭᠡᠭᠡᠳ ᠠᠮᠢᠵᠢᠷᠠᠯ ᠤᠨ ᠬᠦᠴᠦᠨ ᠢᠶᠠᠷ ᠨᠡᠩ ᠪᠢᠯᠬᠠᠮ᠎ᠠ ᠪᠤᠯᠤᠭᠰᠠᠨ ᠤ ᠨᠢᠭᠤᠴᠠ ᠨᠢ ᠢᠮᠠᠭᠲᠠ ᠦᠨᠡᠨ ᠶᠣᠰᠣ ᠶᠢ ᠪᠠᠷᠢᠮᠲᠠᠯᠠᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠤᠭᠰᠠᠨ ᠳᠤ ᠤᠷᠤᠰᠢᠨ᠎ᠠ᠃ ᠨᠠᠮ ᠤᠨ ᠠᠭᠤᠤ ᠶᠡᠭᠡ ᠨᠢ ᠠᠯᠳᠠᠭ᠎ᠠ ᠭᠠᠷᠭᠠᠬᠤ ᠦᠭᠡᠢ ᠳᠤ ᠪᠠᠶᠢᠬᠤ ᠪᠢᠰᠢ᠂ ᠬᠠᠷᠢᠨ ᠶᠡᠷᠦ ᠠᠴᠠ ᠡᠪᠡᠳᠴᠢᠨ ᠢᠶᠠᠨ ᠨᠢᠭᠤᠬᠤ ᠦᠬᠡᠢ ᠡᠮᠨᠡᠭᠦᠯᠬᠦ ᠠᠴᠠ ᠲᠠᠲᠠᠭᠠᠯᠵᠠᠬᠤ ᠦᠭᠡᠢ ᠪᠠᠶᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠢᠳᠡᠪᠬᠢᠲᠡᠢ ᠥᠷᠨᠢᠭᠦᠯᠵᠦ᠂ ᠵᠣᠷᠢᠭᠲᠠᠶ ᠪᠠᠷ ᠠᠰᠠᠭᠤᠳᠠᠯ ᠳᠤ ᠰᠢᠭᠤᠳ ᠬᠠᠨᠳᠤᠨ᠂ ᠵᠣᠷᠢᠭᠲᠠᠶ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠭᠰᠡᠨ ᠳᠤ ᠤᠷᠤᠰᠢᠨ᠎ᠠ᠃ ᠪᠢᠳᠡ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠬᠤᠬᠢᠷᠠᠭᠤᠯᠬᠤ ᠠᠯᠢᠪᠠ ᠬᠦᠴᠦᠨ ᠵᠦᠢᠯ ᠢ ᠲᠠᠰᠤᠷᠠᠯᠲᠠ ᠦᠭᠡᠢ ᠠᠷᠢᠯᠭᠠᠵᠤ᠂ ᠨᠠᠮ ᠤᠨ ᠡᠷᠡᠭᠦᠯ ᠴᠣᠭᠴᠠᠰ ᠢ ᠬᠥᠨᠥᠭᠡᠬᠦ ᠠᠯᠢᠪᠠ ᠸᠢᠷᠦ᠋ᠰ ᠢ ᠲᠠᠰᠤᠷᠠᠯᠲᠠ ᠦᠭᠡᠢ ᠠᠷᠢᠯᠭᠠᠳᠠᠭ ᠯᠠ ᠶᠤᠮ ᠪᠤᠯ᠂ ᠨᠠᠮ ᠤᠨ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠶ᠂ ᠦᠨᠦᠷ ᠬᠤᠪᠢᠷᠠᠬᠤ ᠦᠭᠡᠶ ᠪᠠᠶᠢᠬᠤ ᠶᠢ ᠦᠨᠡᠨ ᠬᠦ ᠪᠠᠲᠤᠯᠠᠵᠤ᠂ ᠨᠠᠮ ᠤᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠠᠬᠢᠴᠠ ᠳᠤᠮᠳᠠ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠦᠨᠡᠨ ᠬᠦ ᠪᠠᠲᠤᠯᠠᠵᠤ ᠴᠢᠳᠠᠬᠤ ᠨᠢ ᠯᠠᠪᠲᠠᠢ ᠶᠤᠮ᠃      ᠳᠡᠭᠡᠷᠡᠬᠢ ᠠᠷᠪᠠᠨ ᠲᠠᠯ᠎ᠠ ᠪᠣᠯ ᠤᠷᠲᠤ ᠬᠤᠭᠤᠴᠠᠭᠠᠨ ᠤ ᠦᠢᠯᠡᠳᠦᠯᠭᠡ ᠪᠠᠷ ᠳᠠᠮᠵᠢᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠮᠦᠨ᠂ ᠨᠠᠮ ᠪᠣᠯᠤᠨ ᠠᠷᠠᠳ ᠲᠦᠮᠡᠨ ᠤ ᠬᠠᠮᠲᠤ ᠪᠠᠷ ᠡᠭᠦᠳᠦᠨ ᠪᠦᠲᠦᠭᠡᠭᠰᠡᠨ ᠣᠶᠤᠨ ᠰᠠᠨᠠᠭᠠᠨ ᠤ ᠥᠪ ᠬᠥᠷᠥᠩᠭᠡ ᠮᠦᠨ᠂ ᠡᠷᠬᠡᠪᠰᠢ ᠬᠤᠪᠢ ᠳᠠᠬᠢᠨ ᠨᠠᠨᠳᠢᠩᠨᠠᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠰᠢᠨ᠎ᠡ ᠴᠠᠭ ᠦᠶ᠎ᠡ ᠶᠢᠨ ᠦᠢᠯᠡᠳᠦᠯᠭᠡ ᠳᠤᠮᠳᠠ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ᠃      ᠲᠤᠯᠤᠭ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ      ᠲᠤᠯᠭᠤᠷ ᠵᠤᠷᠢᠯᠲᠠ ᠪᠠᠨ ᠮᠠᠷᠲᠠᠬᠤ ᠦᠭᠡᠢ ᠪᠤᠯ ᠰᠠᠶ᠋ᠢ ᠲᠤᠭᠤᠰᠢᠲᠠᠢ ᠪᠠᠷᠢᠮᠲᠠᠯᠠᠵᠤ ᠴᠢᠳᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠤᠨ ᠲᠦᠯᠦᠭᠡ ᠵᠣᠷᠢᠭ ᠰᠢᠭᠤᠳᠤᠨ ᠠᠵᠢᠯᠯᠠᠵᠤ ᠪᠤᠢ᠂ ᠵᠠᠭᠤᠨ ᠵᠢᠯ ᠪᠣᠯ ᠶᠠᠬ ᠴᠤᠬ ᠪᠠᠳᠠᠷᠠᠩᠭᠤᠢ ᠦᠶ᠎ᠡ ᠮᠦᠨ᠃ ᠥᠩᠭᠡᠷᠡᠭᠰᠡᠨ ᠵᠠᠭᠤᠨ ᠵᠢᠯ ᠳᠤ ᠂ ᠨᠠᠮ ᠠᠴᠠ ᠠᠷᠠᠳ ᠲᠦᠮᠡᠨ ᠪᠠ ᠲᠡᠦᠬᠡ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ ᠤᠳᠤ᠂ ᠨᠠᠮ ᠠᠴᠠ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠠᠶᠠᠨ ᠳᠠᠭᠠᠨ ᠮᠤᠷᠳᠠᠯ᠎ᠠ᠃ ᠴᠠᠭ ᠦᠶ᠎ᠡ ᠪᠣᠯ ᠰᠢᠯᠭᠠᠯᠲᠠ ᠭᠠᠷᠭᠠᠭᠴᠢ᠂ ᠪᠢᠳᠡ ᠪᠣᠯ ᠰᠢᠯᠭᠠᠯᠲᠠ ᠬᠠᠷᠢᠭᠤᠯᠤᠭᠴᠢ᠂ ᠠᠷᠠᠳ ᠲᠦᠮᠡᠨ ᠪᠣᠯ ᠰᠢᠯᠭᠠᠯᠲᠠ ᠬᠢᠨᠠᠭᠴᠢ ᠮᠥᠨ᠃ ᠪᠢᠳᠡ ᠵᠠᠪᠠᠯ ᠦᠷᠭᠦᠯᠵᠢᠯᠡᠨ ᠰᠢᠯᠭᠠᠯᠳᠠ ᠶᠢᠨ ᠰᠠᠶᠢᠨ ᠬᠢᠷᠢ ᠪᠦᠲᠦᠮᠵᠢ ᠣᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠰᠢᠨ᠎ᠡ ᠳᠦᠷᠰᠦ ᠪᠠᠶᠢᠳᠠᠯ ᠰᠢᠨ᠎ᠡ ᠠᠮᠵᠢᠯᠲᠠ ᠪᠦᠲᠦᠮᠵᠢ ᠪᠠᠨ ᠢᠯᠡᠷᠡᠭᠦᠯᠬᠦ ᠬᠡᠷᠡᠭᠲᠡᠢ᠃      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠬᠤᠶᠠᠷ ᠱᠠᠳᠤ ᠬᠤᠪᠢᠶᠠᠨ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠬᠢᠪᠡ᠃ 2020 ᠤᠨ ᠠᠴᠠ 2035 ᠤᠨ ᠪᠤᠯᠳᠠᠯ᠎ᠠ᠂ ᠨᠡᠶᠢᠭᠡᠮ ᠵᠢᠷᠤᠮ ᠤᠨ ᠤᠳᠤᠬᠢᠴᠢᠯᠡᠯᠳᠡ ᠶᠢ ᠦᠨᠳᠦᠰᠦᠨ ᠳᠡᠭᠡᠨ ᠪᠡᠶᠡᠯᠡᠬᠦᠯᠦᠨ᠎ᠡ᠂ 2035 ᠤᠨ ᠠᠴᠠ ᠲᠤᠰ ᠵᠠᠭᠤᠨ ᠤ ᠲᠤᠮᠳᠠᠴᠢ ᠦᠶ᠎ᠡ ᠪᠤᠯᠳᠠᠯ᠎ᠠ᠂ ᠮᠠᠨ ᠤ ᠤᠯᠤᠰ ᠢᠶᠠᠨ ᠨᠡᠶᠢᠭᠡᠮ ᠵᠢᠷᠤᠮᠳᠤ ᠤᠳᠤᠬᠢᠴᠢᠯᠠᠬᠰᠠᠨ ᠬᠦᠴᠦᠷᠭᠡᠭ ᠤᠯᠤᠰ ᠪᠤᠯᠭᠠᠨ ᠪᠠᠶᠢᠭᠤᠯᠤᠨ ᠪᠦᠳᠦᠭᠡᠨ᠎ᠡ᠃ ᠲᠡᠷᠡ ᠦᠶ᠎ᠡ ᠪᠤᠯᠬᠤ ᠳᠤ᠂ ᠮᠠᠨ ᠤ ᠤᠯᠤᠰ ᠤᠨ ᠪᠤᠳᠠᠰ ᠤᠨ ᠪᠤᠯᠪᠠᠰᠤᠨ᠂ ᠤᠯᠤᠰ ᠲᠦᠷᠦ ᠶᠢᠨ ᠪᠤᠯᠪᠠᠰᠤᠨ᠂ ᠤᠶᠤᠨ ᠤ ᠪᠤᠯᠪᠠᠰᠤᠨ᠂ ᠨᠡᠶᠢᠭᠡᠮ ᠤᠨ ᠪᠤᠯᠪᠠᠰᠤᠨ᠂ ᠠᠮᠢ ᠠᠬᠤᠢ ᠶᠢᠨ ᠪᠤᠯᠪᠠᠰᠤᠨ ᠪᠦᠬᠦ ᠲᠠᠯ᠎ᠠ ᠪᠠᠷ ᠲᠡᠭᠡᠭᠰᠢᠯᠡᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠦᠷᠢ ᠶᠢᠨ ᠤᠳᠤᠬᠢᠴᠢᠯᠠᠯᠳᠠ ᠶᠢ ᠪᠡᠶᠡᠯᠡᠬᠦᠯᠵᠦ᠂ ᠤᠯᠤᠰ ᠤᠨ ᠶᠡᠷᠦᠩᠬᠡᠢ ᠬᠦᠴᠦᠨ ᠪᠠ ᠲᠡᠯᠡᠬᠡᠢ ᠲᠡᠭᠡᠷᠡᠬᠢ ᠨᠦᠯᠦᠭᠡᠯᠡᠬᠦ ᠬᠦᠴᠦᠨ ᠢᠶᠠᠷ ᠲᠡᠷᠢᠬᠦᠯᠡᠭᠰᠡᠨ ᠤᠯᠤᠰ ᠪᠤᠯᠵᠦ᠂ ᠪᠦᠬᠦ ᠠᠷᠠᠳ ᠲᠦᠮᠡᠨ ᠤ ᠬᠠᠮᠳᠤ ᠪᠠᠷ ᠴᠢᠨᠡᠭᠡᠯᠢᠭᠵᠢᠬᠦ ᠶᠢ ᠦᠨᠳᠦᠰᠦᠨ ᠳᠡᠭᠡᠨ ᠪᠡᠶᠡᠯᠡᠬᠦᠯᠵᠦ᠂ ᠮᠠᠨ ᠤ ᠤᠯᠤᠰ ᠤᠨ ᠠᠷᠠᠳ ᠲᠦᠮᠡᠨ ᠨᠡᠩ ᠵᠤᠯ ᠵᠢᠷᠭᠠᠯ ᠲᠠᠢ ᠠᠮᠤᠷ ᠠᠮᠤᠭᠤᠯᠠᠩ ᠠᠮᠢᠳᠤᠷᠠᠯ ᠢ ᠡᠳ᠋ᠯᠡᠵᠦ᠂ ᠲᠤᠮᠳᠠᠳᠤ ᠶᠢᠨ ᠦᠨᠳᠦᠰᠦᠳᠡᠨ ᠨᠡᠩ ᠴᠤᠭ ᠪᠠᠳᠠᠷᠠᠩᠭᠤᠢ ᠲᠦᠷᠢ ᠪᠠᠶᠢᠳᠠᠯ ᠢᠶᠠᠷ ᠲᠡᠯᠡᠬᠡᠢ ᠶᠢᠨ ᠦᠨᠳᠦᠰᠦᠳᠡᠨ ᠤ ᠡᠩᠨᠡᠭᠡᠨ ᠳᠤ ᠰᠦᠨᠳᠡᠷᠯᠡᠬᠦ ᠪᠤᠯᠤᠨ᠎ᠠ᠃      ᠥᠨᠥᠳᠥᠷ᠂ ᠪᠢᠳᠡ ᠲᠣᠮᠳᠠᠳᠣ ᠶᠢᠨ ᠥᠨᠳᠥᠰᠥᠳᠡᠨ ᠤ ᠠᠭᠤᠣ ᠶᠡᠭᠡ ᠰᠡᠷᠭᠦᠨ ᠮᠠᠨᠳᠣᠯᠳᠠ ᠶᠢ ᠪᠡᠶᠡᠯᠡᠬᠦᠯᠬᠦ ᠬᠠᠷᠠᠯᠳᠠ ᠳᠤ ᠲᠡᠣᠬᠡ ᠶᠢᠨ ᠠᠯᠢ ᠴᠤ ᠥᠶ᠎ᠠ ᠠᠴᠠ ᠢᠯᠡᠬᠦᠥ ᠣᠶᠢᠷᠠᠳᠣᠵᠤ᠂ ᠡᠨᠡ ᠬᠦ ᠬᠠᠷᠠᠯᠳᠠ ᠶᠢ ᠪᠡᠶᠡᠯᠡᠬᠦᠯᠬᠦ ᠢᠳᠡᠬᠡᠯ ᠪᠠ ᠴᠢᠳᠠᠪᠣᠷᠢ ᠮᠠᠨᠢ ᠲᠡᠣᠬᠡ ᠶᠢᠨ ᠠᠯᠢ ᠴᠤ ᠥᠶ᠎ᠠ ᠠᠴᠠ ᠢᠯᠡᠬᠦᠥ ᠴᠢᠩᠭᠠᠷᠠᠵᠠᠢ᠃ ᠡᠭᠦᠨ ᠤ ᠬᠠᠮᠲᠤ᠂ ᠪᠦᠬᠦ ᠨᠠᠮ ᠢᠶᠠᠷ ᠢᠶᠠᠨ ᠲᠣᠮᠳᠠᠳᠣ ᠶᠢᠨ ᠥᠨᠳᠥᠰᠥᠳᠡᠨ ᠤ ᠠᠭᠤᠣ ᠶᠡᠭᠡ ᠰᠡᠷᠭᠦᠨ ᠮᠠᠨᠳᠣᠯᠳᠠ ᠪᠣᠯ ᠶᠠᠭᠠᠬᠢᠭᠰᠠᠨ ᠴᠤ ᠲᠡᠶᠢᠮᠥ ᠬᠢᠯᠪᠠᠷᠬᠠᠨ ᠢᠶᠠᠷ᠂ ᠬᠠᠷᠠᠩᠭ᠎ᠠ ᠴᠤᠬᠢᠵᠤ ᠬᠡᠩᠭᠡᠷᠭᠡ ᠳᠡᠯᠡᠳᠪᠡᠯ ᠪᠡᠶᠡᠯᠡᠭᠳᠡᠴᠢᠭᠡᠬᠦ ᠶᠠᠪᠣᠳᠠᠯ ᠪᠢᠰᠢ᠂ ᠤᠷᠤᠭᠰᠢᠯᠠᠯᠲᠠ ᠶᠢᠨ ᠵᠠᠮ ᠳᠡᠭᠡᠷ᠎ᠡ ᠮᠥᠨ ᠯᠡ ᠲᠥᠰᠦᠭᠡᠯᠡᠵᠦ ᠪᠣᠯᠬᠤ ᠪᠠ ᠲᠥᠰᠦᠭᠡᠯᠡᠬᠦᠶ᠎ᠡ ᠪᠡᠷᠬᠡ ᠡᠯ᠎ᠡ ᠵᠦᠢᠯ ᠤᠨ ᠲᠦᠭᠰᠢᠭᠦᠷᠢ ᠪᠠ ᠰᠢᠯᠭᠠᠯᠲᠠ ᠤᠷᠤᠰᠢᠵᠤ ᠪᠠᠶᠢᠨ᠎ᠠ ᠭᠡᠳᠡᠭ ᠢ ᠡᠷᠬᠡᠪᠰᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠶ︔ ᠮᠠᠨ ᠤ ᠣᠯᠣᠰ ᠮᠥᠨ ᠯᠡ ᠨᠡᠶᠢᠭᠡᠮ ᠵᠢᠷᠣᠮ ᠤᠨ ᠠᠩᠬᠠᠨ ᠤ ᠱᠠᠳᠣᠨ ᠳᠤ ᠣᠷᠣᠰᠢᠵᠥ ᠪᠠᠶᠢᠭ᠎ᠠ ᠪᠥᠭᠡᠳ ᠣᠷᠳᠣ ᠬᠤᠭᠤᠴᠠᠭ᠎ᠠ ᠪᠠᠷ ᠣᠷᠣᠰᠢᠬᠤ ᠪᠤᠯᠤᠨ᠎ᠠ᠂ ᠮᠠᠨ ᠤ ᠤᠯᠤᠰ ᠪᠤᠯ ᠮᠥᠨ ᠯᠡ ᠳᠡᠯᠡᠬᠡᠶ ᠶᠢᠨ ᠬᠠᠮᠤᠭ ᠤᠨ ᠲᠣᠮᠣ ᠬᠥᠭᠵᠢᠵᠦ ᠪᠠᠶᠢᠭ᠎ᠠ ᠤᠯᠤᠰ ᠪᠣᠯᠤᠨ᠎ᠠ᠂ ᠨᠡᠶᠢᠭᠡᠮ ᠤᠨ ᠭᠤᠤᠯ ᠵᠥᠷᠢᠴᠡᠯ ᠪᠣᠯ ᠠᠷᠠᠳ ᠲᠥᠮᠡᠨ ᠤ ᠡᠳᠥᠷ ᠢᠷᠡᠬᠦᠶ᠎ᠠ ᠨᠡᠮᠡᠭᠳᠡᠵᠥ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠬᠡᠷᠡᠭᠴᠡᠭᠡ ᠪᠤᠯᠤᠨ ᠲᠡᠩᠴᠡᠭᠦᠷᠢ ᠥᠭᠡᠢ ᠬᠥᠢᠴᠡᠳ ᠥᠭᠡᠢ ᠬᠥᠭᠵᠢᠯᠳᠡ ᠶᠢᠨ ᠬᠤᠭᠤᠷᠣᠨᠳᠣᠬᠢ ᠵᠥᠷᠢᠴᠡᠯ ᠪᠤᠯᠤᠨ᠎ᠠ ᠭᠡᠳᠡᠭ ᠢ ᠡᠷᠬᠡᠪᠰᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠶ᠃ ᠪᠦᠬᠦ ᠨᠠᠮ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ᠶᠠᠭᠤ ᠪᠤᠢ᠂ ᠶᠠᠭᠤ ᠬᠢᠬᠦ ᠶᠤᠰᠤᠲᠠᠢ ᠪᠤᠢ ᠭᠡᠬᠦ ᠡᠨᠡ ᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠲᠡᠦᠬᠡ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠨ᠂ ᠬᠦᠰᠡᠯᠡᠩ ᠢᠲᠡᠭᠡᠯ ᠵᠤᠷᠢᠭ ᠢᠶᠠᠨ ᠪᠠᠲᠤᠳᠬᠠᠵᠤ᠂ ᠲᠤᠯᠭᠤᠷ ᠵᠤᠷᠢᠯᠲᠠ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠢᠮᠠᠬᠳᠠ ᠲᠠᠷᠤᠤ ᠬᠢᠴᠢᠶᠡᠩᠭᠦᠢ ᠬᠢᠨᠠᠭᠤᠷ ᠪᠤᠯᠭᠤᠮᠵᠢᠳᠠᠢ ᠪᠠᠶᠢᠵᠤ᠂ ᠪᠠᠷᠳᠠᠮᠨᠠᠬᠤ ᠦᠭᠡᠢ ᠪᠠᠴᠢᠮᠳᠠᠬᠤ ᠦᠭᠡᠢ ᠪᠠᠷ ᠲᠡᠰᠪᠦᠷᠢ ᠬᠠᠲᠠᠭᠤᠵᠢᠯᠲᠠᠶ ᠲᠡᠮᠡᠴᠡᠵᠦ᠂ ᠠᠭᠤᠤ ᠶᠡᠭᠡ ᠢᠯᠠᠯᠲᠠ ᠳᠤᠮᠳᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠬᠥᠭᠵᠢᠭᠡᠵᠦ᠂ ᠮᠤᠷᠤᠶ ᠵᠠᠮ ᠨᠤᠭᠤᠷᠠᠯ ᠪᠦᠳᠦᠷᠢᠯ ᠳᠤᠮᠳᠠ ᠠᠴᠠ ᠲᠡᠦᠬᠡᠨ ᠰᠤᠷᠭᠠᠮᠵᠢ ᠬᠦᠯᠢᠶᠡᠨ ᠠᠪᠴᠤ᠂ ᠶᠠᠮᠠᠷᠪᠠ ᠠᠶᠤᠯ ᠲᠦᠭᠰᠢᠭᠦᠷᠢ ᠠᠴᠠ ᠡᠮᠢᠶᠡᠬᠦ ᠦᠭᠡᠢ᠂ ᠶᠠᠮᠠᠷᠪᠠ ᠰᠠᠭᠠᠳ ᠬᠠᠷᠰᠢᠯᠠᠯ ᠳᠤ ᠨᠦᠯᠦᠭᠡᠯᠡᠭᠳᠡᠬᠦ ᠦᠭᠡᠢ᠂ ᠦᠨᠳᠦᠰᠦᠨ ᠴᠢᠨᠠᠷᠲᠠᠶ ᠠᠰᠠᠭᠤᠳᠠᠯ ᠳᠡᠭᠡᠷ᠎ᠡ ᠨᠤᠷᠠᠭᠠᠯᠲᠠ ᠶᠢᠨ ᠴᠢᠨᠠᠷᠲᠠᠶ ᠠᠯᠳᠠᠭ᠎ᠠ ᠶᠠᠭᠠᠬᠢᠭᠰᠠᠨ ᠴᠤ ᠭᠠᠷᠭᠠᠬᠤ ᠦᠭᠡᠢ ᠪᠠᠶᠢᠵᠤ᠂ ᠰᠠᠨᠠᠭᠰᠠᠨ ᠳᠠᠭᠠᠨ ᠬᠦᠷᠬᠦ ᠪᠠᠷ ᠰᠢᠨᠲᠠᠷᠠᠰᠢ ᠦᠭᠡᠢ ᠲᠡᠮᠡᠴᠡᠬᠦ ᠵᠤᠷᠢᠬ ᠢᠶᠠᠷ ᠲᠣᠭᠲᠠᠭᠰᠠᠨ ᠬᠠᠷᠠᠯᠲᠠ ᠪᠠᠨ ᠴᠢᠷᠮᠠᠶᠢᠨ ᠪᠡᠶᠡᠯᠡᠭᠦᠯᠵᠦ᠂ ᠵᠠᠭᠤᠨ ᠭᠠᠵᠠᠷ ᠠᠶᠠᠯᠠᠬᠤᠢ ᠳᠤᠷ ᠶᠡᠷᠡᠨ ᠭᠠᠵᠠᠷ ᠳᠤᠭᠤᠯᠤᠭᠰᠠᠨ ᠠᠨᠤ ᠬᠠᠭᠠᠰ ᠵᠠᠮᠨᠠᠭᠰᠠᠨ ᠳᠡᠳᠤᠢ ᠪᠤᠯᠠᠢ ᠭᠡᠬᠦ ᠰᠡᠷᠬᠡᠭ ᠲᠠᠨᠢᠯᠳᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ᠃      ᠪᠦᠬᠦ ᠨᠠᠮ ᠢᠶᠠᠷ ᠢᠶᠠᠨ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ  ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠪᠠᠷ ᠴᠠᠭ ᠦᠶ᠎ᠡ ᠶᠢ ᠠᠵᠢᠭᠯᠠᠵᠤ᠂ ᠴᠠᠭ ᠦᠶ᠎ᠡ ᠶᠢ ᠡᠵᠡᠮᠳᠡᠨ᠂ ᠴᠠᠭ ᠦᠶ᠎ᠡ ᠶᠢ ᠬᠥᠲᠥᠯᠥᠨ ᠳᠠᠭᠠᠭᠤᠯᠵᠤ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠶ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠶ᠃ ᠡᠷᠬᠡᠪᠰᠢ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠠᠬᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠵᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠨ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠰᠢᠰᠲ᠋ᠧᠮ ᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢ ᠲᠦᠷᠭᠡᠳᠭᠡᠵᠦ᠂ ᠠᠷᠠᠳ ᠲᠦᠮᠡᠨ ᠪᠠᠶᠠᠵᠢᠨ ᠴᠢᠨᠡᠭᠡᠯᠢᠭᠵᠢᠭᠦ᠂ ᠤᠯᠤᠰ ᠤᠷᠤᠨ ᠬᠦᠴᠦᠷᠭᠡᠭᠵᠢᠨ ᠪᠠᠳᠠᠷᠠᠬᠤ᠂ ᠳᠤᠮᠳᠠᠳᠤ ᠤᠯᠤᠰ ᠦᠵᠡᠰᠭᠦᠯᠡᠩᠳᠤ ᠰᠠᠶᠢᠬᠠᠨ ᠪᠤᠯᠬᠤ ᠶᠢ ᠬᠠᠮᠵᠢᠯᠴᠠᠭᠤᠯᠤᠨ ᠠᠬᠢᠭᠤᠯᠬᠤ ᠭᠡᠷᠡᠭᠲᠡᠢ᠃      ᠪᠦᠬᠦ ᠨᠠᠮ ᠢᠶᠠᠷ ᠢᠶᠠᠨ ᠡᠷᠬᠡᠪᠰᠢ ᠠᠷᠠᠳ ᠤᠯᠠᠨ ᠯᠤᠭ᠎ᠠ ᠶᠢᠨ ᠰᠠᠯᠵᠤ ᠪᠤᠯᠤᠰᠢ ᠦᠭᠡᠢ ᠬᠠᠷᠢᠴᠠᠭ᠎ᠠ ᠪᠠᠨ ᠡᠭᠦᠷᠢᠳᠡ ᠪᠠᠲᠤᠯᠠᠵᠤ᠂ ᠠᠷᠠᠳ ᠲᠦᠮᠡᠨ ᠤ ᠵᠣᠭᠰᠣᠯᠲᠠ ᠪᠠᠨ ᠪᠠᠲᠤᠳᠬᠠᠨ᠂ ᠠᠷᠠᠳ ᠲᠦᠮᠡᠨ ᠤ ᠪᠡᠶᠡᠴᠢ ᠴᠤᠭᠴᠠ ᠶᠢᠨ ᠪᠠᠶᠢᠷᠢ ᠰᠠᠭᠤᠷᠢ ᠶᠢ ᠪᠡᠷᠢᠮᠳᠠᠯᠠᠵᠤ᠂ ᠠᠷᠠᠳ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠭᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠂ ᠬᠥᠭᠵᠢᠯᠲᠡ ᠶᠢᠨ ᠲᠡᠩᠴᠡᠭᠦᠷᠢ ᠦᠭᠡᠶ ᠭᠦᠢᠴᠡᠳ ᠦᠭᠡᠶ ᠪᠠᠶᠢᠬᠤ ᠠᠰᠠᠭᠤᠳᠠᠯ ᠪᠣᠯᠤᠨ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠤᠪᠠᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠠᠰᠤᠷᠠᠯᠲᠠ ᠤᠢᠭᠡᠢ ᠰᠠᠶᠢᠲᠤᠷ ᠪᠡᠶᠡᠯᠡᠭᠦᠯᠵᠤ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠲᠠᠰᠤᠷᠠᠯᠲᠠ ᠦᠭᠡᠢ ᠲᠡᠮᠡᠴᠡᠬᠦ ᠬᠡᠷᠡᠭᠲᠡᠶ᠃      ᠪᠦᠬᠦ ᠨᠠᠮ ᠢᠶᠠᠷ ᠢᠶᠠᠨ ᠡᠷᠬᠡᠪᠰᠢ ᠵᠤᠪᠡᠵᠦ ᠵᠦᠳᠡᠬᠦᠢ ᠳᠤᠷ ᠲᠤᠬᠳᠠᠨᠢᠵᠤ᠂ ᠵᠢᠷᠭᠠᠵᠤ ᠴᠡᠩᠭᠡᠬᠦᠢ ᠳᠤᠷ ᠰᠦᠨᠤᠮᠤᠢ ᠭᠡᠳᠡᠭ ᠢ ᠪᠠᠲᠤ ᠴᠡᠭᠡᠵᠢᠯᠡᠨ᠂ ᠴᠠᠭ ᠢᠮᠠᠭᠲᠠ ᠠᠯᠤᠰ ᠤᠨ ᠪᠣᠳᠣᠯᠭ᠎ᠠ ᠲᠠᠢ ᠪᠠᠶᠢᠵᠤ᠂ ᠠᠮᠤᠷ ᠲᠦᠪᠰᠢᠨ ᠪᠠᠶᠢᠬᠤ ᠦᠶ᠎ᠠ ᠳᠡᠭᠡᠨ ᠠᠶᠤᠯ ᠲᠦᠭᠰᠢᠬᠦᠷᠢ ᠶᠢ ᠪᠤᠳᠤᠯᠬᠢᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠬ ᠶᠠᠪᠤᠭᠤᠯᠬᠤ ᠪᠠᠶᠢᠭᠤᠯᠤᠯᠲᠠ ᠵᠢᠴᠢ ᠢᠯᠵᠢᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠳᠤ ᠲᠤᠯᠭᠠᠷᠠᠵᠤ ᠪᠠᠶᠢᠭ᠎ᠠ ᠤᠷᠳᠤ ᠬᠤᠭᠤᠴᠠᠭ᠎ᠠ ᠪᠠᠷ ᠲᠦᠷᠦ ᠪᠠᠷᠢᠬᠤ ᠰᠢᠯᠭᠠᠯᠲᠠ᠂ ᠥᠭᠡᠷᠡᠴᠢᠯᠡᠯᠲᠡ ᠨᠡᠭᠡᠭᠡᠯᠲᠡ ᠶᠢᠨ ᠰᠢᠯᠭᠠᠯᠲᠠ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠢᠯᠭᠠᠯᠲᠠ ᠂ ᠭᠠᠳᠠᠭᠠᠳᠤ ᠣᠷᠴᠢᠨ ᠨᠥᠬᠦᠴᠡᠯ ᠤᠨ ᠰᠢᠯᠭᠠᠯᠲᠠ ᠳᠤ ᠵᠣᠷᠢᠭᠲᠠᠶ ᠪᠠᠷ ᠬᠠᠨᠳᠤᠵᠤ᠂ ᠤᠶᠤᠨ ᠰᠠᠨᠠᠭ᠎ᠠ ᠴᠠᠯᠠᠭᠠᠶᠢᠷᠠᠬᠤ ᠠᠶᠤᠯ᠂ ᠴᠢᠳᠠᠪᠤᠷᠢ ᠮᠡᠬᠦᠰᠳᠡᠬᠦ ᠠᠶᠤᠯ᠂ ᠤᠯᠠᠨ ᠲᠦᠮᠡᠨ ᠠᠴᠠ ᠬᠥᠨᠳᠡᠶᠢᠷᠡᠬᠦ ᠠᠶᠤᠯ᠂ ᠨᠠᠵᠠᠭᠠᠶᠢᠷᠠᠵᠤ ᠢᠯᠵᠢᠷᠠᠨ ᠲᠤᠷᠦ᠋ᠢᠳᠠᠬᠤ ᠠᠶᠤᠯ ᠢ ᠡᠷᠡᠰ ᠢᠯᠠᠨ ᠳᠠᠪᠠᠭ᠋ᠤ ᠬᠡᠷᠡᠭᠲᠡᠶ᠃ ᠡᠷᠬᠡᠪᠰᠢ ᠬᠡᠳᠦᠶ ᠰᠠᠭᠠᠳ ᠪᠡᠷᠬᠡ ᠲᠠᠢ ᠪᠤᠯᠬᠤ ᠲᠤᠳᠤᠮ ᠲᠡᠳᠦᠶ ᠤᠷᠤᠭᠰᠢᠯᠠᠨ ᠳᠠᠪᠰᠢᠬᠤ ᠪᠠᠭᠠᠲᠤᠷᠯᠢᠭ ᠴᠤᠭ ᠰᠦᠯᠳᠡ ᠪᠠᠨ ᠪᠠᠷᠢᠮᠲᠠᠯᠠᠨ᠂ ᠵᠣᠷᠢᠭᠲᠠᠶ ᠪᠠᠷ ᠲᠡᠮᠡᠴᠡᠯ ᠬᠢᠵᠦ᠂ ᠴᠢᠳᠠᠮᠠᠭᠠᠶ ᠪᠠᠷ ᠲᠡᠮᠡᠴᠡᠯ ᠬᠢᠵᠦ᠂ ᠠᠭᠤᠯᠠ ᠳᠤᠬᠢᠶᠠᠯᠳᠤᠪᠠᠯ ᠵᠠᠮ ᠨᠡᠭᠡᠭᠡᠵᠤ᠂ ᠤᠰᠤ ᠳᠠᠭᠠᠷᠠᠪᠠᠯ ᠬᠦᠬᠦᠷᠭᠡ ᠳᠠᠯᠪᠢᠵᠤ᠂ ᠪᠡᠷᠭᠡ ᠠᠴᠠ ᠪᠡᠷᠭᠡᠰᠢᠶᠡᠬᠦ ᠦᠭᠡᠢ᠂ ᠲᠠᠷᠤᠯᠳᠠ ᠳᠤ ᠳᠠᠷᠤᠭᠳᠠᠬᠤ ᠦᠭᠡᠢ ᠪᠠᠶᠢᠬᠤ ᠶᠢ ᠪᠡᠶᠡᠯᠡᠬᠦᠯᠦᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠠᠶᠠᠯᠠᠯ ᠤᠨ ᠣᠩᠭᠤᠴᠠ ᠶᠢᠨ ᠳᠠᠪᠠᠯᠭᠠᠨ ᠢ ᠵᠦᠰᠦᠨ ᠳᠣᠯᠭᠢᠶᠠᠨ ᠢ ᠰᠢᠪᠳᠤᠯᠵᠤ᠂ ᠪᠤᠴᠠᠯᠲᠠ ᠦᠭᠡᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃      ᠨᠠᠮ ᠪᠠ ᠠᠷᠠᠳ ᠲᠦᠮᠡᠨ ᠤ ᠠᠵᠢᠯ ᠦᠢᠯᠡᠰ ᠤᠨ ᠬᠥᠭᠵᠢᠯᠲᠡ ᠳᠤ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠵᠠᠯᠭᠠᠭ᠎ᠠ ᠪᠠᠷ ᠦᠷᠭᠦᠯᠵᠢᠯᠡᠨ ᠲᠡᠮᠡᠴᠡᠬᠦ ᠴᠢᠬᠤᠯᠠᠲᠠᠢ ᠶᠤᠮ᠂ ᠵᠠᠯᠭᠠᠮᠵᠢᠯᠠᠭᠴᠢ ᠲᠠᠢ ᠪᠠᠶᠢᠬᠤ ᠡᠨᠡ ᠬᠦ ᠦᠨᠳᠦᠰᠦᠨ ᠶᠡᠭᠡ ᠪᠤᠳᠤᠯᠭ᠎ᠠ ᠶᠢ ᠡᠷᠬᠡᠪᠰᠢ ᠰᠠᠶᠢᠲᠤᠷ ᠠᠳᠬᠤᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠬᠥᠮᠦᠨ ᠢ ᠬᠥᠮᠦᠵᠢᠭᠦᠯᠬᠦ ᠂ ᠨᠠᠮ ᠤᠨ ᠬᠦᠰᠡᠯᠡᠩ ᠢᠲᠡᠭᠡᠯ ᠵᠤᠷᠢᠭ ᠢᠶᠠᠷ ᠬᠥᠮᠦᠰ ᠢ ᠨᠢᠭᠲᠠᠷᠠᠭᠤᠯᠬᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠪᠠᠷ ᠬᠥᠮᠦᠨ ᠢ ᠪᠤᠶᠢᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠲᠦ ᠡᠭᠦᠷᠭᠡ ᠪᠠᠷ ᠬᠥᠮᠦᠰ ᠢ ᠵᠣᠷᠢᠭᠵᠢᠭᠤᠯᠬᠤ ᠶᠢ ᠪᠠᠷᠢᠮᠲᠠᠯᠠᠵᠤ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠦᠯᠡᠮᠵᠢ ᠤᠯᠠᠨ ᠵᠠᠯᠭᠠᠮᠵᠢᠯᠠᠭᠴᠢ ᠶᠢ ᠬᠥᠮᠦᠵᠢᠭᠦᠯᠦᠨ ᠪᠤᠢ ᠪᠣᠯᠭᠠᠬᠤ ᠬᠡᠷᠡᠭᠲᠡᠶ᠃ ᠮᠣᠷᠠᠯ ᠴᠢᠳᠠᠪᠤᠷᠢ ᠬᠤᠤᠰᠯᠠᠭᠰᠠᠨ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳ᠋ᠷ ᠢᠯᠠᠩᠭᠤᠶ᠎ᠠ ᠰᠢᠯᠢᠳᠡᠭ ᠵᠠᠯᠠᠭᠤ ᠺᠠᠳ᠋ᠷ ᠢ ᠲᠠᠰᠤᠷᠠᠯᠲᠠ ᠦᠭᠡᠢ ᠬᠥᠮᠦᠵᠢᠭᠦᠯᠦᠨ ᠰᠣᠩᠭᠤᠨ ᠳᠡᠪᠰᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠤᠨ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠠᠲᠤ ᠴᠢᠩᠭ᠎ᠠ ᠰᠢᠲᠦᠨ ᠪᠢᠰᠢᠷᠡᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠵᠤ᠂ ᠦᠡᠭᠭᠡᠪᠴᠢ ᠬᠤᠭᠤᠰᠤᠨ ᠶᠠᠷᠢᠭᠠᠳ ᠰᠠᠭᠤᠪᠠᠯ ᠳᠦᠷᠤ ᠬᠦᠷᠤᠨ ᠮᠦᠬᠦᠵᠤ᠂ ᠦᠨᠠᠨ ᠪᠤᠳᠠᠳᠠᠢ ᠠᠵᠢᠯᠯᠠᠪᠠᠯ ᠤᠯᠤᠰ ᠤᠷᠤᠨ ᠮᠠᠨᠳᠤᠬᠤ ᠶᠣᠰᠣ ᠤᠴᠢᠷ ᠢ ᠪᠠᠲᠤ ᠴᠡᠭᠡᠵᠢᠯᠡᠵᠦ᠂ ᠠᠷᠠᠳ ᠲᠦᠮᠡᠨ ᠢ ᠦᠯᠦ ᠬᠥᠰᠡᠷᠳᠡᠭᠦᠯᠬᠦ ᠤᠯᠤᠰ ᠭᠡᠷ ᠤᠨ ᠬᠠᠶᠢᠷ᠎ᠠ ᠰᠡᠳᠭᠢᠯᠭᠡ ᠶᠢ ᠪᠤᠢ ᠪᠤᠯᠭᠠᠵᠤ᠂ ᠡᠷᠬᠢᠮ ᠳᠡᠭᠡᠳᠦ ᠦᠵᠡᠯ ᠰᠠᠨᠠᠭᠠᠨ ᠤ ᠠᠬᠤᠶ ᠪᠠᠶᠢᠳᠠᠯ ᠢ ᠬᠥᠭᠡᠭᠡᠴᠡᠯᠳᠦᠵᠦ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠪᠠᠨ ᠨᠡᠮᠡᠭᠳᠡᠭᠦᠯᠬᠦ ᠶᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠬᠡᠷᠡᠭᠲᠡᠶ᠃ ᠡᠯ᠎ᠡ ᠲᠠᠯ᠎ᠠ ᠶᠢᠨ ᠲᠡᠷᠢᠭᠦᠨ ᠤ ᠬᠥᠮᠦᠰ ᠢᠯᠠᠩᠭᠤᠶ᠎ᠠ ᠰᠢᠯᠢᠳᠡᠭ ᠵᠠᠯᠠᠭᠤᠴᠤᠳ ᠢ ᠲᠠᠰᠤᠷᠠᠯᠲᠠ ᠦᠭᠡᠢ ᠨᠠᠮ ᠳᠤ ᠡᠯᠰᠡᠨ ᠠᠪᠴᠤ᠂ ᠵᠠᠯᠠᠭᠤ ᠨᠠᠮ ᠤᠨ ᠭᠡᠰᠢᠭᠦᠨ ᠤ ᠡᠭᠦᠷᠢᠳᠡ ᠨᠠᠮ ᠤᠨ ᠲᠤᠭ ᠲᠡᠮᠳᠡᠭ ᠢᠶᠠᠷ ᠲᠤᠭ ᠲᠡᠮᠳᠡᠭ ᠢᠶᠠᠨ ᠪᠣᠯᠭᠠᠵᠤ᠂ ᠨᠠᠮ ᠤᠨ ᠴᠢᠭᠯᠡᠯ ᠢᠶᠠᠷ ᠴᠢᠭᠯᠡᠯ ᠢᠶᠠᠨ ᠪᠣᠯᠭᠠᠵᠤ᠂ ᠨᠠᠮ ᠤᠨ ᠵᠣᠷᠢᠭ ᠰᠠᠨᠠᠭ᠎ᠠ ᠪᠠᠷ ᠵᠣᠷᠢᠭ ᠰᠠᠨᠠᠭ᠎ᠠ ᠪᠠᠨ ᠪᠣᠯᠭᠠᠵᠤ᠂ ᠨᠠᠮ ᠤᠨ ᠬᠤᠪᠢᠰᠬᠠᠯᠲᠤ ᠤᠳᠤᠮᠰᠢᠯ ᠢ ᠦᠷᠭᠦᠯᠵᠢᠯᠡᠨ ᠵᠠᠯᠭᠠᠮᠵᠢᠯᠠᠵᠤ᠂ ᠨᠠᠮ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠲᠡᠮᠡᠴᠡᠯ ᠤᠨ ᠳᠤᠮᠳᠠ ᠰᠠᠯᠬᠢ ᠪᠤᠷᠤᠭᠠᠨ ᠢ ᠦᠩᠭᠡᠷᠡᠭᠦᠯᠵᠦ᠂ ᠨᠡᠶᠢᠭᠡᠮ ᠶᠢᠷᠳᠢᠨᠴᠤ ᠲᠠᠢ ᠲᠠᠨᠢᠯᠴᠠᠵᠤ᠂ ᠶᠠᠰᠤ ᠰᠢᠷᠪᠥᠰᠥ ᠪᠠᠨ ᠴᠢᠩᠭᠠᠷᠠᠭᠤᠯᠤᠨ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ ᠶᠢ ᠰᠤᠷᠭᠠᠨ ᠬᠥᠮᠦᠵᠢᠭᠦᠯᠵᠦ ᠬᠦᠲᠦᠯᠦᠨ ᠵᠢᠯᠣᠭᠤᠳᠬᠤ ᠬᠡᠷᠡᠭᠲᠡᠢ᠃ ᠤᠯᠤᠰ ᠢᠶᠠᠨ ᠬᠠᠶᠢᠷᠠᠯᠠᠵᠤ ᠬᠠᠷᠠᠮ ᠦᠭᠡᠢ ᠵᠤᠷᠢᠭᠤᠯᠬᠤ᠂ ᠵᠣᠷᠢᠭᠲᠠᠶ ᠪᠠᠷ ᠰᠢᠨ᠎ᠡ ᠶᠢ ᠡᠭᠦᠳᠬᠦ ᠰᠢᠯᠢᠳᠡᠭ ᠴᠢᠳᠠᠪᠤᠷᠢᠲᠠᠨ ᠢ ᠲᠠᠰᠤᠷᠠᠯᠲᠠ ᠦᠭᠡᠢ ᠬᠥᠮᠦᠵᠢᠭᠦᠯᠦᠨ ᠪᠤᠶᠢᠵᠢᠭᠤᠯᠵᠤ᠂ ᠦᠨᠡᠨ ᠰᠡᠳᠭᠢᠯ ᠠᠴᠠ ᠪᠠᠨ ᠴᠢᠳᠠᠪᠤᠷᠢᠲᠠᠨ ᠢ ᠬᠠᠶᠢᠷᠠᠯᠠᠨ᠂ ᠪᠦᠬᠦ ᠰᠡᠳᠭᠢᠯ ᠢᠶᠠᠷ ᠴᠢᠳᠠᠪᠤᠷᠢᠲᠠᠨ ᠢ ᠬᠥᠮᠦᠵᠢᠭᠦᠯᠵᠦ᠂ ᠨᠢᠮᠪᠠᠢ ᠰᠡᠳᠭᠢᠯ ᠢᠶᠠᠷ ᠴᠢᠳᠠᠪᠤᠷᠢᠲᠠᠨ ᠢ ᠬᠡᠷᠡᠭᠯᠡᠵᠦ᠂ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠨᠠᠮ ᠪᠠ ᠠᠷᠠᠳ ᠲᠦᠮᠡᠨ ᠤ ᠠᠭᠤᠤ ᠶᠡᠭᠡ ᠲᠡᠮᠡᠴᠡᠯ ᠤᠨ ᠳᠤᠮᠳᠠ ᠴᠤᠭᠯᠠᠷᠠᠭᠤᠯᠬᠤ ᠬᠡᠷᠡᠭᠲᠡᠶ᠃      ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠦᠨ᠂ ᠥᠴᠥᠭᠡᠳᠦᠷ ᠤᠨ ᠭᠠᠰᠠᠯᠠᠩ ᠵᠣᠪᠠᠯᠠᠩ ᠪᠠ ᠭᠡᠷᠡᠯ ᠭᠢᠯᠪᠠᠭ᠎ᠠ ᠪᠠᠨ ᠤᠮᠠᠷᠳᠠᠬᠤ ᠦᠭᠡᠢ᠂ ᠥᠨᠥᠳᠦᠷ ᠤᠨ ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠬᠤ ᠦᠭᠡᠢ᠂ ᠮᠠᠷᠭᠠᠰᠢ ᠶᠢᠨ ᠠᠭᠤᠤ ᠶᠡᠭᠡ ᠬᠦᠰᠡᠯ ᠡᠷᠡᠮᠡᠯᠵᠠᠯ ᠢᠶᠠᠨ ᠬᠥᠰᠡᠷᠳᠡᠭᠦᠯᠬᠦ ᠦᠭᠡᠢ ᠪᠠᠶᠢᠵᠤ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠪᠠᠨ ᠡᠭᠦᠳᠦᠨ ᠨᠡᠭᠡᠭᠡᠵᠦ᠂ ᠰᠢᠷᠭᠠᠭᠤ ᠬᠠᠲᠠᠭᠤᠵᠢᠯᠲᠠᠶ ᠠᠵᠢᠯᠯᠠᠨ᠂ ᠡᠷᠡᠯᠬᠡᠭ ᠰᠢᠭᠤᠷᠬᠠᠢ ᠪᠠᠷ ᠤᠷᠤᠭᠰᠢᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠬᠦᠳᠤ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠰᠦᠭᠡᠢ ᠭᠡᠵᠦ ᠨᠠᠮ ᠤᠨ ᠲᠦᠪ ᠬᠤᠷᠢᠶ᠎ᠠ ᠠᠴᠠ ᠤᠷᠢᠶᠠᠯᠠᠵᠦ ᠪᠠᠶᠢᠨ᠎ᠠ᠃ ᠥᠩᠭᠡᠷᠡᠭᠰᠡᠨ ᠵᠠᠭᠤᠨ ᠵᠢᠯ ᠳᠤ ᠠᠭᠤᠤ ᠶᠡᠭᠡ ᠢᠯᠠᠯᠲᠠ ᠪᠠ ᠦᠡᠭᠭᠡ ᠭᠡᠷᠡᠯ ᠢ ᠣᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠡᠩ ᠠᠭᠤᠤ ᠶᠡᠭᠡ ᠢᠯᠠᠯᠲᠠ ᠪᠠ ᠦᠡᠭᠭᠡ ᠬᠡᠷᠡᠯ ᠢ ᠤᠯᠬᠤ ᠨᠢ ᠯᠠᠪᠲᠠᠢ ᠶᠤᠮ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕ ︵ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 16᠎ ᠤ ᠴᠠᠬᠢᠯᠭᠠᠨ ᠮᠡᠳᠡᠭᠡ᠂ ᠳᠣᠮᠳᠠᠳᠣ ᠣᠯᠣᠰ ᠤᠨ ᠦᠨᠳᠦᠰᠦᠳᠡᠨ ᠤ ᠬᠡᠯᠡᠨ ᠤ ᠣᠷᠴᠢᠭᠤᠯᠭ᠎ᠠ ᠶᠢᠨ ᠳᠣᠪᠴᠢᠶ᠎ᠠ ᠣᠷᠴᠢᠭᠤᠯᠪᠠ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3